ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠠᠭᠤᠤ ᠶᠡᠬᠡ ᠬᠤᠪᠢᠰᠤᠯᠲᠠ

2022-04-11 10:55:05

ᠵᠣᠬᠢᠶᠠᠭ᠍ᠴᠢ᠄ ᠺᠠᠩ ᠯᠢ ᠨᠠ ᠣᠩᠱᠢᠭ᠍ᠰᠠᠨ ᠣᠳᠠᠭ᠎ᠠ᠄ 3

ᠵᠢᠯ᠎ᠤᠨ ᠠᠵᠢᠯ ᠬᠠᠪᠤᠷ ᠲᠠᠭᠠᠨ ᠭᠡᠳᠡᠭᠴᠢᠯᠡᠨ᠂ ᠤᠳᠤ ᠪᠤᠯ ᠶᠠᠭ ᠰᠠᠶᠢᠬᠠᠨ ᠡᠷᠡᠮᠡᠬᠡᠢᠯᠡᠨ ᠤᠷᠤᠭᠰᠢᠯᠠᠬᠤ ᠴᠠᠭ ᠪᠢᠯᠡ᠃

4 ᠰᠠᠷ᠎ᠠ᠎ᠶ᠋ᠢᠨ ᠡᠬᠢ᠎ᠪᠡᠷ᠂ ᠣᠷᠳᠣᠰ ᠬᠣᠲᠠ᠎ᠳᠤ ᠪᠠᠢᠭ᠎ᠠ ᠱᠠᠩ ᠳ᠋ᠸ ᠠᠶ ᠺᠠᠩ ᠡᠮ᠎ᠦᠨ ᠦᠶ᠋ᠯᠡᠰ᠎ᠦᠨ ᠥᠮᠡᠨ ᠡᠪᠡᠳᠴᠢᠨ᠎ᠢ ᠡᠰᠡᠷᠭᠦᠴᠡᠬᠦ ᠡᠮ᠎ᠦᠨ ᠵᠦᠶ᠋ᠯᠡᠰ᠎ᠢ ᠰᠤᠳᠤᠯᠤᠨ ᠨᠡᠭᠡᠭᠡᠬᠦ᠌ ᠪᠠ ᠦᠶ᠋ᠯᠡᠳᠪᠦᠷᠢᠯᠡᠬᠦ᠌ ᠰᠠᠭᠤᠷᠢᠨ᠎ᠳᠤ ᠬᠦᠷᠬᠦ ᠳ᠋ᠤ᠂ ᠭᠠᠵᠠᠷ ᠪᠣᠯᠭᠠᠨ᠎ᠳᠤ ᠬᠦᠷ ᠬᠦᠭᠵᠢᠶᠡᠨ ᠲᠠᠢ ᠶᠠᠪᠤᠭᠳᠠᠵᠤ ᠪᠠᠢᠭ᠎ᠠ 《ᠱᠢᠨ᠎ᠡ᠎ᠶ᠋ᠢ ᠡᠭᠦᠳᠬᠦ᠌ ᠬᠠᠯᠠᠭᠤᠨ ᠦᠷᠨᠢᠯᠲᠡ》 ᠎ᠨᠢ ᠰᠤᠷᠪᠤᠯᠵᠢᠯᠠᠭ᠍ᠴᠢ᠎ᠶ᠋ᠢ ᠶᠡᠬᠡᠳᠡ ᠭᠠᠢᠬᠠᠰᠢ ᠠᠯᠳᠠᠭᠤᠯᠪᠠ᠃

ᠱᠢᠨ᠎ᠡ ᠬᠡᠯᠪᠡᠷᠢ᠎ᠶ᠋ᠢᠨ ᠳᠡᠭᠡᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠡᠮ ᠡᠮᠨᠡᠯᠭᠡ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠲᠣᠰ ᠺᠣᠮᠫᠠᠨᠢ᠎ᠶ᠋ᠢᠨ ᠰᠤᠳᠤᠯᠤᠨ ᠨᠡᠭᠡᠭᠡᠭ᠌ᠰᠡᠨ ᠲᠠᠷᠢᠬᠢᠨ᠎ᠤ ᠴᠠᠪᠠᠸ᠋ᠯᠢᠭ ᠡᠳ᠋᠎ᠦᠨ ᠬᠠᠪᠤᠳᠠᠷ᠎ᠢ ᠡᠰᠡᠷᠭᠦᠴᠡᠬᠦ᠌ ᠱᠢᠨ᠎ᠡ ᠡᠮ ACT001 ᠨᠢ ᠡᠮᠴᠢᠯᠡᠭᠡᠨ᠎ᠦ ᠲᠤᠷᠱᠢᠯᠲᠠ᠎ᠳᠤ᠂ ᠮᠡᠰᠡ ᠵᠠᠰᠠᠯ᠎ᠤᠨ ᠳᠠᠷᠠᠭ᠎ᠠ ᠲᠠᠬᠢᠨᠲᠠ ᠡᠪᠡᠳᠴᠢᠯᠡᠭᠰᠡᠨ ᠮᠦᠷᠲᠡᠭᠡᠨ ᠳᠠᠬᠢᠨ ᠮᠡᠰᠡ ᠵᠠᠰᠠᠯ ᠬᠢᠬᠦ᠌᠎ᠶ᠋ᠢᠨ ᠠᠷᠭ᠎ᠠ ᠥᠬᠡᠶ ᠪᠣᠯᠤᠭ᠍ᠰᠠᠨ ᠲᠠᠷᠢᠬᠢᠨ᠎ᠤ ᠴᠠᠪᠠᠸ᠋ᠯᠢᠭ ᠡᠳ᠋᠎ᠦᠨ ᠬᠠᠪᠤᠳᠠᠷᠲᠤ ᠡᠪᠡᠳᠴᠢᠲᠡᠨ᠎ᠢ ᠠᠨᠠᠭᠠᠬᠤ ᠤᠬᠠᠭᠠᠨ᠎ᠤ ᠲᠠᠯ᠎ᠠ᠎ᠪᠠᠷ ᠡᠳᠡᠭᠡᠷᠡᠭᠦᠯᠵᠦ᠍᠂ ᠳᠡᠯᠡᠬᠡᠶ᠎ᠶ᠋ᠢᠨ ᠴᠢᠨᠠᠷᠲᠠᠶ ᠠᠨᠠᠭᠠᠬᠤ ᠤᠬᠠᠭᠠᠨ᠎ᠤ ᠪᠡᠷᠬᠡ ᠰᠡᠳᠦᠪ᠎ᠢ ᠱᠢᠶ᠋ᠳᠪᠦᠷᠢᠯᠡᠭ᠌ᠰᠡᠨ ᠪᠠᠢᠨ᠎ᠠ᠃

《ACT001 ᠪᠣᠯ ᠳᠡᠯᠡᠬᠡᠶ ᠵᠢᠨ ᠲᠡᠷᠢᠭᠦᠨ᠎ᠤ ᠠᠩᠬᠠᠨ᠎ᠤ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ ᠮᠥᠨ᠂ 2017 ᠣᠨ᠂ 2018 ᠣᠨ᠎ᠳᠤ ᠤᠷᠢᠳ ᠬᠣᠵᠢᠳ ᠴᠠᠪᠠᠸ᠋ᠯᠢᠭ ᠡᠬᠡ ᠡᠰ᠎ᠦᠨ ᠬᠠᠪᠤᠳᠠᠷ᠎ᠲᠤ ᠴᠢᠭ᠌ᠯᠡᠭᠦᠯᠦᠭ᠌ᠰᠡᠨ ᠠᠮᠧᠷᠢᠺᠠ᠎ᠶ᠋ᠢᠨ ᠥᠨᠥᠴᠢᠨ ᠬᠡᠦᠬᠡᠳ᠎ᠦᠨ ᠡᠮ᠎ᠦᠨ ᠬᠢᠷᠢ ᠬᠡᠮ ᠪᠠ ᠧᠦ᠋ᠷᠣᠫᠠ᠎ᠲᠢᠪ᠎ᠤᠨ ᠤᠯᠤᠰ᠎ᠤᠳ᠎ᠤᠨ ᠬᠣᠯᠪᠣᠭᠠᠨ᠎ᠤ ᠥᠨᠥᠴᠢᠨ ᠬᠡᠦᠬᠡᠳ᠎ᠦᠨ ᠡᠮ᠎ᠦᠨ ᠬᠢᠷᠢ ᠬᠡᠮ᠎ᠦᠨ ᠭᠡᠷᠡᠴᠢᠯᠡᠯ᠎ᠢ ᠣᠯᠵᠠᠶ ᠃ 2021 ᠣᠨ᠎ᠳᠤ ᠂ ᠲᠣᠰ ᠡᠮ᠎ᠨᠢ ᠠᠮᠧᠷᠢᠺᠠ᠎ᠶ᠋ᠢᠨ ᠢᠳᠡᠭᠡᠨ ᠪᠠ ᠡᠮ᠎ᠦᠨ ᠵᠦᠶ᠋ᠯᠡᠰ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠡᠴᠡ ᠵᠥᠪᠱᠢᠶᠡᠷᠡᠭ᠌ᠰᠡᠨ ᠬᠡᠦᠬᠡᠳ᠎ᠦᠨ ᠬᠣᠪᠣᠷ ᠲᠣᠬᠢᠶᠠᠯᠳᠤᠬᠤ ᠡᠪᠡᠳᠴᠢᠨ᠎ᠦ ᠬᠢᠷᠢ ᠬᠡᠮ᠎ᠦᠨ ᠭᠡᠷᠡᠴᠢᠯᠡᠯ᠎ᠢ ᠣᠯᠵᠤ᠂ ᠮᠠᠨ᠎ᠤ ᠤᠯᠤᠰ᠎ᠤᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠠᠮᠧᠷᠢᠺᠠ᠎ᠶ᠋ᠢᠨ ᠬᠡᠦᠬᠡᠳ᠎ᠦᠨ ᠬᠣᠪᠣᠷ ᠲᠣᠬᠢᠶᠠᠯᠳᠤᠬᠤ ᠡᠪᠡᠳᠴᠢᠨ᠎ᠦ ᠬᠢᠷᠢ ᠬᠡᠮ᠎ᠦᠨ ᠭᠡᠷᠡᠴᠢᠯᠡᠯ᠎ᠢ ᠣᠯᠤᠭ᠍ᠰᠠᠨ ᠠᠩᠬᠠᠳᠠᠭ᠍ᠴᠢ ᠡᠮ᠎ᠦᠨ ᠲᠥᠷᠥᠯ ᠵᠦᠶ᠋ᠯ ᠪᠣᠯᠵᠠᠶ᠃ ᠲᠤᠰ ᠡᠮ᠎ᠢ ᠡᠨᠡ ᠵᠢᠯ᠎ᠦᠨ 4 ᠰᠠᠷ᠎ᠠ᠎ᠠᠴᠠ ᠡᠬᠢᠯᠡᠨ ᠲᠤᠷᠱᠢᠨ ᠦᠢᠯᠡᠳᠪᠦᠷᠢᠯᠡᠵᠦ᠍᠂ ᠵᠢᠯ᠎ᠳᠦ 1 ᠲᠣᠨ ACT001 ᠲᠦᠭᠦᠬᠡᠶ ᠮᠠᠲ᠋ᠧᠷᠢᠶᠠᠯ᠎ᠤᠨ ᠡᠮ᠂ 500 ᠲᠦᠮᠡᠨ ᠬᠠᠪᠲᠠᠭᠠᠢ ACT001 ᠬᠠᠪᠲᠠᠭᠠᠢ ᠡᠮ᠂ 1000 ᠲᠦᠮᠡᠨ ᠦᠷᠢᠯ ACT001 ᠬᠤᠮᠵᠢᠶ᠎ᠠ ᠡᠮ ᠦᠢᠯᠡᠳᠪᠦᠷᠢᠯᠡᠬᠦ᠌᠎ᠪᠡᠷ ᠲᠥᠯᠥᠪᠯᠡᠵᠦ᠍ ᠪᠠᠢᠨ᠎ᠠ》ᠭᠡᠵᠦ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠲᠠᠨᠢᠯᠴᠠᠭᠤᠯᠪᠠ᠃

ᠱᠢᠨ᠎ᠡ᠎ᠶ᠋ᠢ ᠡᠭᠦᠳᠪᠡᠯ ᠳᠠᠪᠱᠢᠵᠤ᠂ ᠬᠦᠴᠦᠷᠬᠡᠭ᠌ᠵᠢᠵᠦ᠍᠂ ᠢᠯᠠᠯᠲᠠ ᠤᠯᠵᠤ ᠴᠢᠳᠠᠨ᠎ᠠ᠃

ᠥᠪᠥᠷ ᠮᠣᠩᠭᠣᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠦᠶ᠋ᠯᠡᠳᠬᠦ᠌ ᠦᠶ᠋ᠯᠡᠰ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠬᠤ᠂ ᠠᠵᠤ ᠦᠶ᠋ᠯᠡᠰ᠎ᠦᠨ ᠤᠶᠤᠨᠴᠢᠯᠠᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ᠂ ᠠᠵᠤ ᠦᠶ᠋ᠯᠡᠰ᠎ᠦᠨ ᠪᠣᠬᠢᠷᠲᠤᠯ ᠥᠬᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠠᠯᠢ ᠣᠯᠠᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠲᠣᠭ᠍ᠲᠠᠭᠠᠵᠤ᠂ ᠦᠶ᠋ᠯᠡᠳᠬᠦ᠌ ᠦᠶ᠋ᠯᠡᠰ᠎ᠦᠨ ᠳᠡᠭᠡᠳᠦ ᠲᠠᠰᠵᠢᠭ᠌ᠰᠡᠨ᠂ ᠤᠶᠤᠨᠴᠢᠯᠠᠭᠰᠠᠨ᠂ ᠪᠣᠬᠢᠷᠲᠤᠯ ᠥᠬᠡᠢ ᠲᠡᠢᠰᠢ ᠬᠥᠭ᠌ᠵᠢᠬᠦ᠌᠎ᠶ᠋ᠢ ᠦᠷᠭᠦᠯᠵᠢᠯᠡᠨ ᠠᠬᠢᠭᠤᠯᠪᠠ᠃

ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠪᠠ — 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ᠂ ᠲᠡᠰ ᠲᠡᠪᠰᠢᠬᠦᠯᠬᠦ ᠱᠢᠯᠢᠳᠡᠭ᠎ᠢ᠎ᠠᠬᠢᠭᠤᠯᠬᠤ ᠳᠠᠬᠢᠨ᠎ᠢᠶᠠᠷ ᠨᠡᠮᠡᠭ᠌ᠳᠡᠭᠦᠯᠬᠦ᠌ ᠲᠥᠯᠥᠪᠯᠡᠭᠡ᠎ᠶ᠋ᠢ ᠬᠡᠷᠡᠭ᠌ᠵᠢᠭᠦᠯᠦᠨ᠂ ᠡᠯ᠎ᠡ ᠲᠥᠷᠥᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠡᠯᠧᠮᠧᠨ᠋ᠲ᠎ᠦᠨ ᠠᠵᠤ ᠠᠬᠤᠢᠯᠠᠯ ᠳᠠᠢᠰᠢ ᠲᠥᠪᠯᠡᠷᠡᠬᠦ᠌᠎ᠶ᠋ᠢ ᠠᠬᠢᠭᠤᠯᠤᠨ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠪᠣᠢᠵᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ ᠵᠢ ᠪᠠᠢᠷᠢᠰᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠡᠬᠢᠨ ᠳᠤᠮᠳᠠ ᠡᠴᠦᠰ᠎ᠤᠨ ᠬᠡᠯᠬᠢᠶ᠎ᠡ᠂ ᠲᠣᠮᠣ ᠳᠤᠮᠳᠠ ᠪᠠᠭ᠎ᠠ ᠠᠵᠤ ᠠᠬᠤᠢᠯᠠᠯ᠎ᠤᠨ ᠠᠭᠤᠰᠤᠯᠴᠠᠨ ᠨᠡᠪᠲᠡᠷᠡᠯᠴᠡᠵᠦ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠪᠠ᠃

ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠭᠦᠯᠪᠡ — ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠲᠡᠷᠢᠭᠦᠨ᠎ᠦ ᠦᠢᠯᠡᠳᠬᠦ᠌ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠵᠤ ᠬᠡᠯᠬᠢᠶ᠎ᠡ᠎ᠶ᠋ᠢ ᠨᠥᠬᠥᠪᠥᠷᠢᠯᠡᠨ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠲᠡᠮᠵᠢᠵᠤ ᠂ ᠡᠨᠧᠷᠭᠢ ᠡᠬᠢ ᠪᠠᠶᠠᠯᠢᠭ᠎ᠢ ᠡᠳ᠋ᠱᠢᠭᠦᠯᠦᠨ ᠣᠨᠳᠣᠣᠱᠢᠭᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠠᠵᠤ ᠦᠢᠯᠡᠰ᠎ᠦᠨ ᠬᠡᠯᠬᠢᠶ᠎ᠡ᠎ᠶ᠋ᠢ ᠡᠴᠦᠰ᠎ᠦᠨ ᠬᠡᠯᠬᠢᠶ᠎ᠡ ᠲᠡᠢᠰᠢ ᠤᠷᠲᠤᠳᠭᠠᠬᠤ ᠂ ᠦᠷᠳᠡᠭ᠎ᠦᠨ ᠬᠡᠯᠬᠢᠶ᠎ᠡ᠎ᠶ᠋ᠢ ᠳᠤᠮᠳᠠ ᠳᠡᠭᠡᠳᠦ ᠲᠡᠰ ᠲᠡᠢᠰᠢ ᠳᠡᠭᠡᠭ᠌ᠰᠢᠯᠡᠭᠦᠯᠬᠦ᠌᠎ᠶ᠋ᠢ ᠠᠬᠢᠭᠤᠯᠪᠠ᠃

ᠪᠣᠬᠢᠷᠲᠤᠯ ᠥᠬᠡᠶ ᠬᠥᠭ᠌ᠵᠢᠭᠦᠯᠪᠡ — ᠎ᠤᠯᠤᠰ᠎ᠤᠨ ᠲᠡᠷᠢᠭᠦᠨ᠎ᠦ ᠪᠠᠷᠢᠮᠵᠢᠶ᠎ᠠ ᠪᠤᠶᠤ ᠠᠳᠠᠯᠢ ᠠᠵᠢᠯ ᠲᠥᠷᠥᠯ᠎ᠦᠨ ᠲᠡᠷᠢᠭᠦᠨ᠎ᠦ ᠪᠠᠷᠢᠮᠵᠢᠶ᠎ᠠ᠎ᠲᠠᠶ ᠬᠠᠷᠢᠴᠠᠭᠤᠯᠵᠤ᠂ ᠭᠤᠤᠯᠳᠠᠯᠭ᠎ᠠ᠎ᠲᠠᠶ ᠠᠵᠢᠯ ᠲᠥᠷᠥᠯ᠂ ᠴᠢᠬᠤᠯᠠ ᠶᠡᠬᠡ ᠬᠦᠷᠢᠶᠡᠨ᠎ᠳᠡᠬᠢ ᠪᠣᠬᠢᠷᠲᠤᠯ ᠥᠬᠡᠶ ᠥᠭᠡᠷᠡᠴᠢᠯᠡᠯᠲᠡ᠎ᠶ᠋ᠢᠨ ᠡᠷᠴᠢᠮ᠎ᠢ ᠴᠢᠩᠭᠠᠷᠠᠭᠤᠯᠵᠦ᠂ ᠦᠶ᠋ᠯᠡᠳᠬᠦ᠌ ᠦᠶ᠋ᠯᠡᠰ᠎ᠦᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠲᠦᠪᠰᠢᠨ᠎ᠢ ᠴᠢᠷᠮᠠᠢᠨ ᠳᠡᠭᠡᠭ᠌ᠰᠢᠯᠡᠭᠦᠯᠪᠡ᠃

ᠲᠤᠭᠠᠴᠢᠯᠠᠯᠳᠠ ᠪᠡᠷ ᠴᠢᠳᠠᠪᠦᠷᠢ ᠤᠯᠭᠤᠪᠠ — 《 ᠢᠨᠲ᠋ᠧᠷ ᠰᠦᠯᠵᠢᠶ᠎ᠡ + ᠲᠡᠷᠢᠭᠦᠨ᠎ᠦ ᠦᠶ᠋ᠯᠡᠳᠬᠦ᠌ ᠦᠶ᠋ᠯᠡᠰ 》 ᠢ᠋ ᠶᠡᠬᠡ ᠪᠡᠷ ᠬᠥᠭ᠌ᠵᠢᠭᠦᠯᠵᠦ᠍ ᠂ ᠣᠶᠤᠨᠴᠢ ᠦᠶ᠋ᠯᠡᠳᠬᠦ᠌ ᠦᠶ᠋ᠯᠡᠰ᠎ᠢ ᠶᠡᠬᠡ ᠪᠡᠷ ᠳᠡᠮᠵᠢᠨ᠂ ᠣᠶᠤᠨᠴᠢᠯᠠᠭ᠍ᠰᠠᠨ ᠦᠶ᠋ᠯᠡᠳᠪᠦᠷᠢ᠂ ᠲᠤᠭᠠᠴᠢᠯᠠᠭᠰᠠᠨ ᠦᠶ᠋ᠯᠡᠳᠪᠦᠷᠢ᠎ᠶ᠋ᠢᠨ ᠲᠠᠰᠤᠭ᠂ ᠣᠶᠤᠨᠴᠢ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠠᠬᠢᠭᠤᠯᠵᠤ ᠂ ᠦᠶ᠋ᠯᠡᠳᠬᠦ᠌ ᠦᠶ᠋ᠯᠡᠰ᠎ᠦᠨ ᠲᠤᠭᠠᠴᠢᠯᠠᠭᠰᠠᠨ᠂ ᠰᠦᠯᠵᠢᠶᠡᠵᠢᠭ᠌ᠰᠡᠨ᠂ ᠤᠶᠤᠨᠴᠢᠯᠠᠭ᠍ᠰᠠᠨ ᠳᠠᠢᠰᠢ ᠲᠦᠷᠭᠡᠨ ᠬᠥᠭ᠌ᠵᠢᠬᠦ᠌᠎ᠶ᠋ᠢ ᠠᠬᠢᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠭᠠᠷᠭᠠᠭ᠍ᠰᠠᠨ ᠠᠯᠢ ᠤᠯᠠᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠶᠣᠰᠣᠭᠠᠷ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠨ ᠦᠷᠭᠦᠯᠵᠢᠯᠡᠨ ᠴᠢᠩᠭᠠᠳᠭᠠᠵᠤ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ ᠬᠢᠭᠡᠳ ᠦᠶ᠋ᠯᠡᠳᠬᠦ᠌ ᠦᠶ᠋ᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠭᠦᠨᠵᠡᠭᠡᠢᠷᠡᠭᠦᠯᠵᠦ᠍᠂ ᠦᠶ᠋ᠯᠡᠳᠬᠦ᠌ ᠦᠶ᠋ᠯᠡᠰ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠪᠠ ᠁ ᠡᠷᠡᠯᠬᠡᠭ᠌ᠯᠡᠨ ᠤᠷᠤᠭ᠍ᠰᠢᠯᠠᠬᠤ ᠪᠦᠷᠢᠶ᠎ᠡ ᠬᠠᠩᠬᠢᠨᠠᠵᠦ᠂ ᠥᠪᠥᠷ ᠮᠣᠩᠭᠣᠯ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠮᠤᠭ᠎ᠤᠨ ᠬᠦᠴᠦᠷᠬᠡᠭ ᠨᠠᠢᠷᠠᠯ ᠬᠦᠭᠵᠢᠮ᠎ᠢ ᠴᠢᠪᠬᠠᠳᠠᠵᠦ ᠪᠠᠢᠨ᠎ᠠ᠃

ᠣᠳᠣᠬᠠᠨ᠎ᠳᠤ᠂ ᠶᠠᠭ ᠪᠥᠲᠥᠭᠡᠨ ᠪᠠᠢᠭᠤᠯᠵᠤ ᠪᠠᠢᠭ᠎ᠠ ᠢᠯᠢ ᠣᠲᠣ ᠦᠶ᠎ᠡ᠎ᠶ᠋ᠢᠨ ᠤᠶᠤᠨᠳᠤ ᠡᠷᠡᠭᠦᠯ ᠮᠡᠨᠳᠦ᠍᠎ᠶ᠋ᠢᠨ ᠬᠥᠨᠳᠡᠶ᠎ᠶ᠋ᠢᠨ ᠱᠢᠩᠭᠡᠨᠵᠢᠬᠦᠯᠦᠭᠰᠡᠨ(ᠲᠦᠭᠦᠬᠡᠢ) ᠰᠦ ᠶ᠋ᠢᠨ ᠦᠶ᠋ᠯᠡᠳᠪᠦᠷᠢ᠎ᠶ᠋ᠢᠨ ᠰᠠᠪᠠᠯᠠᠬᠤ ᠦᠶ᠋ᠯᠡᠳᠪᠦᠷᠢᠯᠡᠯ᠎ᠦᠨ ᠱᠤᠭᠤᠮ ᠨᠢ ᠲᠥᠬᠥᠭᠡᠷᠦᠮᠵᠢ ᠤᠭ᠍ᠰᠠᠷᠠᠬᠤ ᠰᠡᠭᠦᠯᠴᠢ᠎ᠶ᠋ᠢᠨ ᠱᠠᠲᠤᠨ᠎ᠳᠤ ᠣᠷᠣᠪᠠ᠃ ᠦᠶ᠋ᠯᠡᠳᠪᠦᠷᠢ᠎ᠶ᠋ᠢ 5ᠰᠠᠷ᠎ᠠ᠎ᠶ᠋ᠢᠨ ᠰᠡᠭᠦᠯᠴᠢ᠎ᠪᠡᠷ ᠠᠱᠢᠭ᠍ᠯᠠᠯᠲᠠ᠎ᠳᠤ ᠣᠷᠣᠭᠤᠯᠬᠤ᠎ᠪᠠᠷ ᠲᠥᠯᠥᠪᠯᠡᠵᠦ᠍᠂ ᠪᠦᠲᠦᠬᠡᠨ ᠪᠠᠢᠭᠤᠯᠵᠤ ᠳᠠᠭᠤᠰᠭᠠᠭᠠᠳ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ᠂ ᠡᠳᠦᠷ᠎ᠲᠦ 6500 ᠲᠣᠨ ᠱᠢᠨ᠎ᠡ ᠰᠤᠷᠭᠤᠭ ᠰᠦ ᠡᠳ᠋ᠰᠢᠭᠦᠯᠦᠨ ᠪᠤᠯᠪᠠᠰᠤᠷᠠᠭᠤᠯᠵᠤ ᠲᠡᠢᠯᠬᠦ᠂ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠲᠠᠩ ᠴᠣᠭ᠍ᠴᠠᠲᠤ ᠦᠶ᠋ᠯᠡᠳᠪᠦᠷᠢ ᠪᠤᠯᠬᠤ ᠪᠣᠯᠤᠨ᠎ᠠ᠃

《 ᠪᠥᠬᠥ᠌ ᠳᠡᠯᠡᠬᠡᠶ᠎ᠶ᠋ᠢᠨ ᠬᠠᠮᠤᠭ᠎ᠤᠨ ᠲᠡᠷᠢᠭᠦᠨ᠎ᠦ ᠯᠢ ᠯᠸ E3 ᠬᠡᠲᠦ ᠳᠡᠭᠡᠳᠦ ᠬᠤᠷᠳᠤᠴᠠᠲᠤ ᠰᠠᠪᠠᠯᠠᠬᠤ ᠮᠠᠱᠢᠨ᠎ᠢ ᠣᠷᠣᠭᠤᠯᠤᠨ ᠠᠪᠴᠢᠷᠠᠵᠤ ᠂ ᠰᠠᠪᠠᠯᠠᠬᠤ ᠬᠤᠷᠳᠤᠴᠠ᠎ᠨᠢ ᠴᠠᠭ ᠪᠦᠷᠢ 40000 ᠪᠠᠭ᠍ᠯᠠᠭ᠎ᠠ᠎ᠳᠤ ᠬᠦᠷᠴᠦ᠍ ᠂ ᠦᠷ᠎ᠡ ᠪᠦᠲᠦᠮᠵᠢ᠎ᠨᠢ 1.67 ᠳᠠᠬᠢᠨ ᠳᠡᠭᠡᠭ᠌ᠰᠢᠯᠡᠵᠦ᠍᠂ᠣᠳᠣᠬᠠᠨ᠎ᠤ ᠪᠥᠬᠥ᠌ ᠳᠡᠯᠡᠬᠡᠶ᠎ᠶ᠋ᠢᠨ ᠬᠠᠮᠤᠭ᠎ᠤᠨ ᠲᠦᠷᠭᠡᠨ᠂ ᠠᠦ᠋ᠲ᠋ᠣᠴᠢᠯᠠᠭ᠍ᠰᠠᠨ ᠲᠦᠪᠰᠢᠨ᠎ᠢᠶᠡᠷ ᠬᠠᠮᠤᠭ᠎ᠤᠨ ᠥᠨᠳᠥᠷ ᠰᠠᠪᠠᠯᠠᠬᠤ ᠦᠶ᠋ᠯᠡᠳᠪᠦᠷᠢᠯᠡᠯ᠎ᠦᠨ ᠱᠤᠭᠤᠮ ᠪᠣᠯᠵᠠᠶ》 ᠭᠡᠵᠦ᠍ ᠲᠦᠷᠦᠯ ᠵᠦᠢᠯ᠎ᠦᠨ ᠢᠨᠵᠧᠨᠧᠷ ᠪᠠᠶᠠᠰᠭᠤᠯᠠᠩ ᠬᠡᠯᠡᠪᠡ᠃

ᠪᠥᠬᠥ᠌ ᠪᠥᠮᠪᠥᠷᠴᠡᠭ᠎ᠦᠨ ᠴᠣᠷ᠎ᠤᠨ ᠭᠠᠭ᠍ᠴᠠ ᠳᠡᠯᠡᠬᠡᠶ᠎ᠶ᠋ᠢᠨ ᠲᠠᠰ᠎ᠤᠨ ᠬᠤᠶᠠᠷ ᠰᠦ ᠶ᠋ᠢᠨ ᠠᠵᠤ ᠠᠬᠤᠢᠯᠠᠯ᠎ᠢ ᠲᠥᠪᠯᠡᠷᠡᠭᠦᠯᠦᠭ᠌ᠰᠡᠨ ᠬᠣᠲᠠ ᠪᠣᠯᠤᠭ᠍ᠰᠠᠨ᠎ᠤ ᠬᠤᠪᠢ᠎ᠳᠤ᠂ ᠬᠥᠬᠡᠬᠣᠲᠠ 《ᠮᠢᠩᠭᠠᠨ ᠳ᠋ᠦᠩᠱᠢᠭᠤᠷ ᠲᠠᠰ᠎ᠤᠨ ᠰᠦ ᠶ᠋ᠢᠨ ᠠᠵᠤ ᠦᠶ᠋ᠯᠡᠰ᠎ᠦᠨ ᠰᠦᠷᠦᠭᠵᠢᠯ》 ᠢ᠋ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ᠂ 《ᠳᠡᠯᠡᠬᠡᠶ᠎ᠶ᠋ᠢᠨ ᠰᠦ ᠶ᠋ᠢᠨ ᠬᠣᠲᠠ》 ᠳᠠᠢᠰᠢ ᠡᠷᠡᠯᠬᠡᠭᠯᠡᠨ ᠤᠷᠤᠭ᠍ᠰᠢᠯᠠᠵᠤ ᠪᠠᠢᠨ᠎ᠠ᠃

ᠪᠤᠭᠤᠲᠤ᠎ᠶ᠋ᠢᠨ ᠬᠣᠪᠣᠷ ᠱᠢᠷᠣᠢ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠬᠡᠬᠡᠯᠳᠡ᠎ᠶ᠋ᠢᠨ ᠲᠣᠭᠣᠷᠢᠭ᠎ᠲᠤ ᠪᠠᠢᠷᠢᠯᠠᠵᠤ ᠪᠠᠢᠭ᠎ᠠ ᠪᠤᠭᠤᠲᠤ᠎ᠶ᠋ᠢᠨ ᠴᠠᠩ ᠠᠨ ᠶᠦᠩ ᠼᠢ ᠴᠠᠬᠢᠯᠭᠠᠨ ᠮᠠᠱᠢᠨ᠎ᠤ ᠬᠢᠵᠠᠭᠠᠷᠲᠤ ᠺᠣᠮᠫᠠᠨᠢ᠎ᠳᠤ ᠬᠦᠷᠬᠦ᠌᠎ᠳᠦ᠂ ᠡᠨᠳᠡᠬᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠡᠴᠡ ᠤᠷᠬᠢᠯᠤᠨ ᠪᠠᠳᠠᠷᠠᠭ᠍ᠰᠠᠨ ᠠᠮᠢᠵᠢᠷᠠᠯ᠎ᠤᠨ ᠬᠦᠴᠦᠨ ᠬᠦᠮᠦᠰ᠎ᠤᠨ ᠠᠩᠬᠠᠷᠤᠯ᠎ᠢ ᠲᠠᠲᠠᠨ᠎ᠠ᠃

ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠵᠠᠩ ᠵᠢᠶ ᠫᠸᠩ 《ᠠᠵᠤ ᠠᠬᠤᠢᠯᠠᠯ᠎ᠤᠨ ᠦᠶ᠋ᠯᠡᠳᠪᠦᠷᠢᠯᠡᠭ᠌ᠰᠡᠨ ᠣᠨᠴᠠ ᠲᠥᠷᠥᠯ᠎ᠦᠨ ᠴᠠᠬᠢᠯᠭᠠᠨ ᠮᠠᠱᠢᠨ᠎ᠢ ᠳᠤᠤᠷ᠎ᠠ ᠬᠤᠷᠳᠤᠴᠠ᠎ᠪᠠᠷ ᠠᠵᠢᠯᠯᠠᠭᠤᠯᠬᠤ ᠦᠶ᠎ᠡ᠎ᠳᠦ ᠴᠠᠬᠢᠯᠭᠠᠨ ᠮᠠᠱᠢᠨ᠎ᠢᠶᠠᠷ ᠨᠢᠭᠡ ᠲᠣᠭᠣᠷᠢᠭ ᠠᠵᠢᠯᠯᠠᠭᠤᠯᠪᠠᠯ 42 ᠱᠢᠬᠠᠮ ᠡᠳᠦᠷ ᠰᠥᠨᠢ ᠬᠡᠷᠡᠭ᠌ᠯᠡᠵᠦ᠍᠂ ᠲᠦᠷᠭᠡᠨ ᠬᠤᠷᠳᠤᠴᠠ᠎ᠪᠠᠷ ᠠᠵᠢᠯᠯᠠᠭᠤᠯᠬᠤ ᠦᠶ᠎ᠡ᠎ᠳᠦ ᠮᠢᠨᠦ᠋ᠲ ᠪᠦᠷᠢ 50000 ᠎ᠡᠷᠬᠢᠯᠳᠦᠵᠦ᠍᠂ ᠲᠡᠭ᠎ᠡᠴᠡ ᠳᠣᠷᠣᠭ᠍ᠰᠢ 196°C ᠎ᠤ᠋ᠨ ᠬᠡᠲᠦ ᠳᠤᠤᠷ᠎ᠠ ᠳᠤᠯᠠᠭᠠᠨ᠂ ᠥᠨᠳᠥᠷ ᠬᠣᠭᠣᠰᠣᠨ ᠣᠷᠴᠢᠨ ᠎ᠳᠤ ᠠᠵᠢᠯᠯᠠᠵᠤ ᠪᠣᠯᠬᠤ ᠮᠥᠷᠲᠡᠭᠡᠨ ᠲᠡᠭ᠎ᠡᠴᠡ ᠳᠡᠭᠡᠭ᠌ᠰᠢ 150°C ᠎ᠤ᠋ᠨ ᠥᠨᠳᠥᠷ ᠳᠤᠯᠠᠭᠠᠨ ᠤᠷᠴᠢᠨ᠎ᠳᠤ ᠠᠵᠢᠯᠯᠠᠵᠤ ᠪᠣᠯᠤᠨ᠎ᠠ᠃ ᠡᠭᠦᠨ᠎ᠡᠴᠡ ᠭᠠᠳᠠᠨ᠎ᠠ᠂ ᠠᠵᠤ ᠠᠬᠤᠢᠯᠠᠯ᠎ᠤᠨ ᠰᠤᠳᠤᠯᠤᠨ ᠨᠡᠭᠡᠭᠡᠭ᠌ᠰᠡᠨ ᠥᠨᠳᠥᠷ ᠪᠦᠲᠦᠮᠵᠢᠲᠡᠶ᠂ ᠳᠤᠤᠷ᠎ᠠ ᠱᠤᠤᠬᠢᠶᠠᠨ᠎ᠲᠠᠶ ᠤᠰᠤ ᠪᠢᠳᠡᠭᠦᠮᠵᠢᠯᠡᠬᠦ ᠴᠠᠬᠢᠯᠭᠠᠨ ᠮᠠᠱᠢᠨ᠎ᠨᠢ ᠣᠯᠠᠨ ᠵᠦᠶ᠋ᠯ᠎ᠦᠨ ᠠᠵᠢᠯ ᠲᠥᠷᠥᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠂ 11000 ᠮᠧᠲ᠋ᠷ᠎ᠦᠨ ᠪᠥᠬᠥ᠌ ᠲᠡᠯᠡᠶ᠎ᠶ᠋ᠢᠨ ᠭᠦᠨ ᠳ᠋ᠤ ᠠᠵᠢᠯᠯᠠᠵᠦ ᠲᠡᠢᠯᠬᠦ ᠪᠤᠯᠵᠠᠢ 》 ᠭᠡᠵᠦ ᠲᠠᠨᠢᠯᠴᠠᠭᠤᠯᠪᠠ᠃

ᠨᠡᠩ ᠭᠠᠢᠬᠠᠯᠲᠠᠢ ᠨᠢ᠄ ᠰᠤᠳᠤᠯᠤᠨ ᠨᠡᠭᠡᠭᠡᠬᠦ᠌᠎ᠪᠡᠷ ᠭᠣᠣᠯ ᠪᠣᠯᠭᠠᠭ᠍ᠰᠠᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ ᠤᠯᠤᠰ᠎ᠤᠨ ᠲᠡᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠤᠯᠤᠭᠰᠠᠨ᠎ᠤ ᠬᠤᠪᠢ᠎ᠳᠤ᠂ ᠴᠠᠩ ᠠᠨ ᠶᠦᠩ ᠼᠢ ᠵᠢᠨ ᠤᠯᠠᠨ ᠲᠦᠷᠦᠯ᠎ᠦᠨ ᠮᠡᠷᠭᠡᠵᠢᠯ ᠨᠢᠭᠡᠨᠲᠡ ᠤᠯᠤᠰ᠎ᠤᠨ ᠳᠣᠲᠣᠭᠠᠳᠤ᠎ᠳᠤ ᠲᠡᠷᠢᠭᠦᠯᠡᠭᠰᠡᠨ᠂ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠡᠢ᠃

ᠮᠦᠨ ᠲᠤᠰ ᠬᠦᠷᠢᠶᠡᠯᠡᠩ ᠲᠣᠭᠣᠷᠢᠭ᠎ᠲᠤ ᠪᠠᠢᠭ᠎ᠠ᠂ ᠴᠠᠩ ᠠᠨ ᠶᠦᠩ ᠼᠢ᠎ᠠᠴᠠ ᠬᠤᠯᠠ ᠦᠭᠡᠢ ᠭᠠᠵᠠᠷ᠎ᠲᠤ ᠥᠪᠥᠷ ᠮᠣᠩᠭᠣᠯ᠎ᠤᠨ ᠱᠢᠨ ᠢᠦᠢ ᠬᠣᠪᠣᠷ ᠱᠢᠷᠣᠢ᠎ᠶ᠋ᠢᠨ ᠴᠢᠳᠠᠮᠵᠢ᠎ᠶ᠋ᠢᠨ ᠮᠠᠲᠧᠷᠢᠶᠠᠯ᠎ᠤᠨ ᠬᠢᠵᠠᠭᠠᠷᠲᠤ ᠺᠣᠮᠫᠠᠨᠢ᠎ᠶ᠋ᠢᠨ ᠮᠢᠩᠭ᠎ᠠ ᠭᠠᠷᠤᠢ ᠲᠡᠭ᠌ᠰᠢ ᠳᠥᠷᠪᠡᠯᠵᠢᠨ ᠮᠸᠲᠷ᠎ᠤᠨ ᠪᠦᠷᠢᠨ ᠠᠦ᠋ᠲ᠋ᠣᠴᠢᠯᠠᠭ᠍ᠰᠠᠨ ᠴᠤᠯ ᠴᠡᠪᠡᠷ ᠬᠣᠪᠣᠷ ᠱᠢᠷᠣᠢ᠎ᠴᠡᠪᠡᠷᠰᠢᠭᠦᠯᠬᠦ ᠦᠢᠯᠡᠳᠪᠦᠷᠢ᠎ᠶ᠋ᠢᠨ ᠲᠠᠰᠤᠭ᠎ᠲᠤ᠂ ᠵᠥᠪᠬᠡᠨ 1 ᠮᠡᠷᠭᠡᠵᠢᠯ᠎ᠦᠨ ᠠᠵᠢᠯᠳᠠᠨ ᠵᠤᠷᠱᠢᠯ ᠶᠣᠰᠣᠭᠠᠷ ᠲᠣᠭᠣᠷᠢᠨ ᠪᠠᠢᠴᠠᠭᠠᠵᠤ ᠪᠤᠢ᠂ ᠡᠢᠮᠦᠷᠬᠦ᠌ 《ᠳ᠋ᠧᠩ᠎ᠤᠨᠲᠠᠷᠠᠭᠠᠨ ᠦᠢᠯᠡᠳᠪᠦᠷᠢᠯᠡᠬᠦ᠌ 》 ᠪᠠᠢᠳᠠᠯ ᠨᠢ ᠨᠢᠭᠡᠨᠲᠡ ᠡᠨᠳᠡᠬᠢ ᠬᠡᠪ᠎ᠦᠨ ᠪᠠᠢᠳᠠᠯ ᠪᠣᠯᠪᠠ᠃

《ᠠᠵᠤ ᠠᠬᠤᠢᠯᠠᠯ᠎ᠡᠴᠡ ᠳ᠋ᠦᠩᠱᠢᠭᠤᠷ ᠱᠢᠬᠠᠮ ᠲᠥᠭᠥᠷᠢᠭ ᠤ᠋ᠨ᠎ᠪᠠᠯᠠ ᠣᠷᠣᠭᠤᠯᠤᠯᠲᠠ ᠬᠢᠵᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠡᠷᠴᠢᠮ᠎ᠢᠶᠡᠨ ᠴᠢᠩᠭᠠᠷᠠᠭᠤᠯᠵᠤ᠂ ᠴᠤᠯ ᠴᠡᠪᠡᠷ ᠬᠣᠪᠣᠷ ᠱᠢᠷᠣᠶ ᠪᠠ ᠬᠣᠪᠣᠷ ᠱᠢᠷᠣᠶ᠎ᠪᠡᠷ ᠭᠢᠯᠠᠢᠯᠭᠠᠬᠤ ᠬᠦᠷᠢᠶᠡᠨ᠎ᠳᠦ ᠱᠢᠪᠲᠤᠯᠤᠯᠲᠠ᠎ᠶ᠋ᠢᠨ ᠴᠢᠨᠠᠷᠲᠠᠶ ᠠᠬᠢᠯᠲᠠ᠎ᠲᠠᠶ ᠪᠣᠯᠵᠣ᠂ ᠦᠶ᠋ᠯᠡᠳᠬᠦᠨ᠎ᠦ ᠮᠡᠷᠭᠡᠵᠢᠯ᠎ᠦᠨ ᠲᠦᠪᠱᠢᠨ᠎ᠨᠢ ᠳᠡᠯᠡᠬᠡᠶ ᠳᠡᠭᠡᠷ᠎ᠡ ᠨᠡᠯᠢᠶᠡᠳ ᠦᠷᠢᠰᠦᠯᠳᠦᠬᠦ ᠬᠦᠴᠦᠨ ᠲᠠᠢ ᠪᠤᠯᠵᠠᠢ》 ᠭᠡᠵᠦ᠍ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠵᠶ᠋ᠢ ᠳ᠋ᠠᠢ ᠢᠦᠢ ᠢᠲᠡᠭᠡᠯ ᠲᠡᠭᠦᠯᠳᠡᠷ ᠬᠡᠯᠡᠪᠡ᠃

ᠣᠢᠷ᠎ᠠ᠎ᠶ᠋ᠢᠨ ᠬᠤᠭᠤᠴᠠᠭᠠᠨ᠎ᠳᠤ᠂ ᠦᠬᠠᠶ᠎ᠶ᠋ᠢᠨ ᠠᠵᠤ ᠠᠬᠤᠶ᠎ᠶ᠋ᠢᠨ ᠨᠡᠭᠡᠭᠡᠯᠲᠡ᠎ᠶ᠋ᠢᠨ ᠲᠣᠭᠣᠷᠢᠭ᠎ᠲᠤ ᠪᠠᠢᠷᠢᠯᠠᠵᠤ ᠪᠠᠢᠭ᠎ᠠ ᠥᠪᠥᠷ ᠮᠣᠩᠭᠣᠯ᠎ᠤᠨ ᠷᠦᠩ ᠱᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠨᠢᠭᠡᠳᠦᠭᠡᠷ ᠬᠤᠭᠤᠴᠠᠭᠠᠨ᠎ᠤ ᠶᠡᠷᠦᠩᠬᠡᠶ ᠪᠠᠯᠠ ᠣᠷᠣᠭᠤᠯᠤᠯᠲᠠ᠎ᠨᠢ 12 ᠳ᠋ᠦᠩᠱᠢᠭᠤᠷ ᠲᠥᠭᠥᠷᠢᠭ᠎ᠲᠦ ᠬᠦᠷᠦᠭ᠌ᠰᠡᠨ ᠨᠡᠭᠦᠷᠡᠰᠦ ᠪᠡᠷ ᠬᠢᠮᠢ᠎ᠶ᠋ᠢᠨ ᠦᠢᠯᠡᠳᠭᠦᠨ ᠦᠢᠯᠡᠳᠪᠦᠷᠢᠯᠡᠬᠦ ᠠᠵᠤ ᠦᠶ᠋ᠯᠡᠳᠪᠦᠷᠢ᠎ᠶ᠋ᠢᠨ ᠡᠷᠬᠢᠯᠳᠡᠳᠤ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠥᠷᠥᠯ ᠵᠦᠶ᠋ᠯ᠎ᠢ ᠶᠠᠭ ᠲᠦᠷᠭᠡᠨ᠎ᠢᠶᠡᠷ ᠪᠥᠲᠥᠭᠡᠨ ᠪᠠᠢᠭᠤᠯᠵᠤ ᠪᠠᠢᠨ᠎ᠠ᠃ ᠣᠳᠣᠬᠠᠨ᠎ᠳᠤ ᠂ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠦᠨ ᠵᠢᠯ᠎ᠳᠦ 15 ᠲᠦᠮᠡᠨ ᠲᠣᠨ᠎ᠤ ᠦᠢᠯᠡᠳᠪᠦᠷᠢᠯᠡᠯ᠎ᠤᠨ ᠴᠢᠳᠠᠪᠤᠷᠢ ᠲᠠᠶ ᠪᠦᠳᠦᠭᠦᠯᠢᠭ ᠪᠸᠨ᠋ᠽᠸᠨ᠋ᠳᠤ ᠤᠰᠤᠲᠥ᠋ᠷᠥᠭ᠌ᠴᠢ ᠨᠠᠷᠢᠯᠢᠭ ᠦᠢᠯᠡᠳᠬᠦ᠌ ᠲᠥᠷᠥᠯ ᠵᠦᠢᠯ ᠨᠢ ᠨᠢᠭᠡᠨᠲᠡ ᠲᠤᠷᠱᠢᠨ ᠦᠢᠯᠡᠳᠪᠦᠷᠢᠯᠡᠬᠦ᠌ ᠱᠠᠲᠤᠨ᠎ᠳᠤ ᠣᠷᠣᠵᠤ᠂ ᠵᠢᠯ᠎ᠳᠦ 30 ᠲᠦᠮᠡᠨ ᠲᠣᠨ᠎ᠤ ᠦᠢᠯᠡᠳᠪᠦᠷᠢᠯᠡᠯ᠎ᠤᠨ ᠴᠢᠳᠠᠪᠤᠷᠢ᠎ᠲᠠᠶ ᠨᠡᠭᠦᠷᠡᠰᠦᠨ ᠬᠡᠦᠳᠡᠰᠦ ᠪᠣᠯᠪᠠᠰᠤᠷᠠᠭᠤᠯᠬᠤ ᠲᠥᠷᠥᠯ ᠵᠦᠢᠯ᠎ᠢ ᠨᠢᠭᠡᠨᠲᠡ ᠦᠨᠳᠦᠰᠦᠨ ᠳ᠋ᠡᠭᠡᠨ ᠪᠦᠲᠦᠭᠡᠨ ᠪᠠᠢᠭᠤᠯᠵᠤ ᠳᠠᠭᠤᠰᠭᠠᠭᠠᠳ ᠂ ᠲᠤᠷᠱᠢᠨ ᠦᠢᠯᠡᠳᠪᠦᠷᠢᠯᠡᠬᠦ᠌᠎ᠡᠴᠡ ᠡᠮᠦᠨᠡᠬᠢ ᠪᠡᠯᠡᠳᠭᠡᠯ ᠠᠵᠢᠯ᠎ᠢ ᠶᠠᠭ ᠬᠢᠵᠦ᠍ ᠪᠠᠢᠨ᠎ᠠ᠃

《ᠪᠦᠳᠦᠭᠦᠯᠢᠭ ᠪᠸᠨ᠋ᠽᠸᠨ᠋ᠳᠤ ᠤᠰᠤᠲᠥ᠋ᠷᠥᠭ᠌ᠴᠢ᠎ᠶ᠋ᠢᠨ ᠦᠢᠯᠡᠳᠬᠦᠨ ᠪᠣᠯ ᠱᠢᠨ᠎ᠡ ᠮᠠᠲ᠋ᠧᠷᠢᠶᠠᠯ᠎ᠤᠨ ᠠᠵᠤ ᠦᠢᠯᠡᠰ᠂ ᠨᠠᠷᠢᠯᠢᠭ ᠬᠢᠮᠢ᠎ᠶ᠋ᠢᠨ ᠠᠵᠤ ᠦᠢᠯᠡᠳᠪᠦᠷᠢ ᠵᠡᠷᠭᠡ ᠬᠦᠷᠢᠶᠡᠨ᠎ᠳᠡᠬᠢ ᠴᠢᠬᠤᠯᠠ ᠲᠦᠭᠦᠬᠡᠢ ᠡᠳ᠋ ᠪᠣᠯᠤᠨ᠎ᠠ᠃ ᠲᠣᠰ ᠲᠥᠷᠥᠯ ᠵᠦᠶ᠋ᠯ ᠠᠱᠢᠭ᠍ᠯᠠᠯᠲᠠ᠎ᠳᠤ ᠣᠷᠣᠬᠤ ᠨᠢ ᠦᠬᠠᠶ ᠬᠣᠲᠠ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠣᠷᠭᠠᠨᠢᠭ ᠬᠢᠮᠢ᠎ᠶ᠋ᠢᠨ ᠠᠵᠤ ᠦᠶ᠋ᠯᠡᠳᠪᠦᠷᠢ ᠪᠠ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠠᠵᠤ ᠦᠶ᠋ᠯᠡᠰ᠎ᠦᠨ ᠬᠣᠯᠪᠣᠭ᠍ᠳᠠᠬᠤ ᠬᠡᠮᠵᠢᠶ᠎ᠡ᠎ᠶ᠋ᠢ ᠤᠯᠠᠮ ᠴᠢᠨᠠᠭᠰᠢᠳᠠ ᠴᠢᠩᠭᠠᠳᠭᠠᠵᠤ᠂ ᠦᠬᠠᠶ ᠬᠣᠲᠠ᠎ᠶ᠋ᠢᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠳᠦ ᠢᠳᠡᠪᠬᠢᠲᠡᠶ ᠠᠴᠢ ᠬᠣᠯᠪᠣᠭ᠍ᠳᠠᠯ᠎ᠲᠠᠶ ᠶᠤᠮ》 ᠭᠡᠵᠦ᠍ ᠺᠣᠮᠫᠠᠨᠢ᠎ᠶ᠋ᠢᠨ ᠠᠮᠤᠷ ᠲᠦᠪᠱᠢᠨ᠎ᠦ ᠶᠡᠷᠦᠩᠬᠡᠢ ᠪᠠᠢᠴᠠᠭᠠᠭ᠍ᠴᠢ ᠶᠧ ᠹᠸᠢ ᠲᠠᠨᠢᠯᠴᠠᠭᠤᠯᠪᠠ᠃ ᠁

ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠠᠮᠢᠵᠢᠷᠠᠯ᠎ᠤᠨ ᠬᠦᠴᠦᠨ ᠤᠷᠬᠢᠯᠤᠨ ᠪᠠᠳᠠᠷᠠᠵᠤ ᠂ ᠦᠢᠯᠡᠳᠬᠦ᠌ ᠦᠢᠯᠡᠰ ᠳᠡᠭᠡᠳᠦ ᠲᠡᠰᠵᠢᠭᠰᠡᠨ᠂ ᠤᠶᠤᠨᠴᠢᠯᠠᠭᠰᠠᠨ ᠂ ᠪᠣᠬᠢᠷᠲᠤᠯ ᠦᠭᠡᠢ ᠲᠡᠢᠰᠢ ᠲᠦᠷᠭᠡᠨ ᠤᠷᠤᠭ᠍ᠰᠢᠯᠠᠪᠠ ᠁ ᠪᠦᠬᠦ᠌ ᠣᠷᠣᠨ᠎ᠳᠤ᠂ ᠭᠠᠵᠠᠷ ᠪᠣᠯᠭᠠᠨ᠎ᠳᠤ ᠴᠢᠨᠠᠷ ᠰᠠᠢᠲᠠᠢ ᠬᠥᠭ᠌ᠵᠢᠯᠲᠡ᠎ᠶ᠋ᠢᠨ ᠬᠠᠯᠠᠭᠤᠨ ᠥᠷᠨᠢᠯᠲᠡ ᠭᠠᠷᠴᠤ᠌ ᠪᠠᠢᠨ᠎ᠠ᠃

ᠲᠣᠭ᠎ᠠ ᠪᠠᠷᠢᠮᠲᠠ ᠡᠴᠡ ᠭᠢᠯᠠᠯᠵᠠᠮ᠎ᠠ ᠠᠮᠵᠢᠯᠲᠠ ᠪᠦᠲᠦᠮᠵᠢ ᠬᠠᠷᠠᠭᠳᠠᠨ᠎ᠠ᠃ 2021 ᠣᠨ᠎ᠳᠤ᠂ ᠪᠥᠬᠥ᠌ ᠣᠷᠣᠨ᠎ᠤ ᠬᠡᠪᠴᠢᠶᠡᠵᠢᠯ᠎ᠡᠴᠡ ᠳᠡᠭᠡᠭ᠌ᠰᠢᠬᠢ ᠦᠶ᠋ᠯᠡᠳᠬᠦ᠌ ᠦᠶ᠋ᠯᠡᠰ᠎ᠦᠨ ᠨᠡᠮᠡᠭ᠌ᠳᠡᠯ ᠥᠷᠲᠡᠭ 11.3% ᠎ᠪᠠᠷ ᠨᠡᠮᠡᠭ᠌ᠳᠡᠵᠦ᠍ ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭ᠌ᠳᠡᠯ ᠥᠷᠲᠡᠭ᠎ᠢ ᠵᠠᠭᠤᠨ᠎ᠤ ᠬᠠᠷᠢᠴᠠᠯ᠎ᠢᠶᠡᠷ 4.7 ᠬᠤᠪᠢ ᠲᠠᠢᠴᠢᠯᠠᠨ᠂ ᠬᠤᠪᠢ ᠨᠡᠮᠡᠷᠢ ᠦᠵᠡᠭᠦᠯᠦᠭ᠌ᠰᠡᠨ ᠨᠣᠷᠮ᠎ᠠ᠎ᠨᠢ 78.1% ᠎ᠳ᠋ᠤ ᠬᠥᠷᠪᠡ᠃ ᠡᠭᠦᠨ᠎ᠳᠦ᠂ ᠡᠮ ᠡᠮᠨᠡᠯᠭᠡ᠎ᠶ᠋ᠢᠨ ᠦᠶ᠋ᠯᠡᠳᠬᠦ᠌ ᠦᠶ᠋ᠯᠡᠰ 20% ᠎ᠪᠠᠷ ᠨᠡᠮᠡᠭ᠌ᠳᠡᠵᠦ᠍᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲ᠋ᠷᠣᠨ ᠲᠥᠬᠥᠭᠡᠷᠦᠮᠵᠢ ᠦᠶ᠋ᠯᠡᠳᠬᠦ᠌ ᠦᠶ᠋ᠯᠡᠰ 21.3% ᠪᠠᠷ ᠨᠡᠮᠡᠭ᠌ᠳᠡᠵᠦ᠍᠂ ᠬᠣᠪᠣᠷ ᠱᠢᠷᠣᠶ᠎ᠶ᠋ᠢᠨ ᠠᠵᠤ ᠦᠶ᠋ᠯᠡᠰ 26.5% ᠎ᠪᠠᠷ ᠨᠡᠮᠡᠭ᠌ᠳᠡᠪᠡ᠃ ᠠᠵᠤ ᠦᠶ᠋ᠯᠡᠳᠪᠦᠷᠢ᠎ᠶ᠋ᠢᠨ ᠱᠢᠨ᠎ᠡ ᠦᠶ᠋ᠯᠡᠳᠬᠦᠨ᠎ᠦ ᠳᠣᠲᠣᠷ᠎ᠠ᠂ ᠲᠠᠩ ᠲᠠᠯᠠᠰᠲᠤ ᠴᠠᠬᠢᠭᠤᠷ ᠠᠳᠠᠯᠢ ᠬᠤᠭᠤᠴᠠᠭᠠᠨ᠎ᠤ᠎ᠬᠢ᠎ᠡᠴᠡ 72.4% ᠎ᠪᠠᠷ ᠨᠡᠮᠡᠭ᠌ᠳᠡᠵᠦ᠍᠂ ᠬᠢᠮᠢ᠎ᠶ᠋ᠢᠨ ᠡᠮ᠎ᠦᠨ ᠵᠦᠶ᠋ᠯᠡᠰ᠎ᠦᠨ ᠲᠦᠭᠦᠬᠡᠢ ᠮᠠᠲ᠋ᠸᠷᠢᠶᠠᠯ 30.2% ᠵᠢᠡᠷ ᠨᠡᠮᠡᠭ᠌ᠳᠡᠵᠦ᠍᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ 120.2%᠎ᠵᠢᠡᠷ ᠨᠡᠮᠡᠭ᠌ᠳᠡᠪᠡ᠃ ᠳᠡᠭᠡᠳᠦ ᠮᠡᠷᠭᠡᠵᠢᠯ᠎ᠦᠨ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠳᠡᠭ 20.2% ᠎ᠵᠢᠡᠷ ᠨᠡᠮᠡᠭ᠌ᠳᠡᠵᠦ᠍ ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ 22.4% ᠪᠡᠷ ᠨᠡᠮᠡᠭ᠌ᠳᠡᠪᠡ᠃ 2021 ᠣᠨ᠎ᠳᠤ ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠠᠵᠤ ᠠᠬᠤᠢ᠎ᠶ᠋ᠢᠨ ᠪᠠᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭ᠌ᠵᠢᠯᠲᠡ ᠲᠣᠭ᠍ᠲᠠᠭᠤᠨ᠎ᠤ ᠡᠭᠦᠷᠭᠡ᠎ᠶ᠋ᠢᠨ ᠡᠮᠦᠨ᠎ᠡ᠂ ᠥᠪᠥᠷ ᠮᠣᠩᠭᠣᠯ᠎ᠤᠨ ᠦᠢᠯᠡᠳᠬᠦ᠌ ᠦᠢᠯᠡᠰ᠂ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ ᠬᠣᠣᠰ ᠬᠣᠶᠠᠷ ᠣᠷᠣᠨᠲᠤ ᠲᠣᠭ᠎ᠠ᠎ᠪᠡᠷ ᠨᠡᠮᠡᠭ᠌ᠳᠡᠭ᠌ᠰᠡᠨ ᠨᠢ ᠦᠨᠡᠬᠡᠷ ᠬᠢᠯᠪᠠᠷ ᠪᠤᠰᠤ ᠶᠤᠮ᠃

ᠲᠡᠷᠢᠭᠦᠨ᠎ᠦ ᠪᠠᠢᠷᠢ ᠰᠠᠭᠤᠷᠢ ᠪᠡᠨ ᠬᠡᠷᠬᠢᠨ ᠦᠷᠭᠦᠯᠵᠢᠯᠡᠨ ᠪᠠᠲᠤᠯᠠᠬᠤ ᠪᠤᠢ? ᠱᠢᠨ᠎ᠡ ᠨᠢᠭᠡ ᠵᠢᠯ᠎ᠳᠦ᠂ ᠥᠪᠥᠷ ᠮᠣᠩᠭᠣᠯ 《ᠡᠬᠢᠯᠡᠮᠡᠭᠴᠡ ᠪᠠᠨ ᠱᠢᠢᠳᠪᠦᠷᠢᠲᠦ ᠳᠠᠢᠯᠠᠯᠳᠤᠭᠠᠨ ᠬᠢᠵᠦ᠂ ᠡᠬᠢᠯᠡᠮᠡᠭᠴᠡ ᠪᠠᠨ ᠱᠢᠪᠲᠤᠯᠤᠯᠲᠠ ᠭᠠᠷᠭᠠᠬᠤ》 ᠭᠡᠬᠦ᠌ ᠲᠡᠮᠡᠴᠡᠯ᠎ᠦᠨ ᠳᠦᠷᠰᠦ ᠪᠠᠢᠳᠠᠯ᠎ᠢ ᠢᠯᠡᠷᠡᠭᠦᠯᠪᠡ᠃

2 ᠰᠠᠷ᠎ᠠ᠎ᠶ᠋ᠢᠨ 7 ᠤ᠋ ᠡᠳᠦᠷ᠂ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠨᠢᠬᠡᠳᠦᠬᠡᠷ ᠠᠵᠢᠯᠯᠠᠬᠤ ᠡᠳᠦᠷ᠂ ᠪᠥᠬᠥ᠌ ᠣᠷᠣᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠶᠡᠬᠡ ᠬᠤᠷᠠᠯ ᠬᠤᠷᠠᠯᠳᠤᠪᠠ᠃ ᠡᠨᠡ ᠤᠳᠠᠭ᠎ᠠ᠎ᠶ᠋ᠢᠨ ᠬᠤᠷᠠᠯ ᠨᠢ ᠳᠡᠯᠡᠬᠡᠶ ᠳ᠋ᠠᠬᠢᠨ᠎ᠳᠤ ᠴᠢᠩᠭ᠎ᠠ ᠳᠣᠬᠢᠶ᠎ᠠ ᠵᠢ ᠲᠠᠮᠵᠢᠭᠤᠯᠪᠠ᠄ ᠥᠪᠥᠷ ᠮᠣᠩᠭᠣᠯ ᠨᠠᠩ ᠶᠡᠬᠡ ᠡᠷᠴᠢᠮ᠂ ᠨᠠᠩ ᠬᠠᠲᠠᠭᠤ ᠠᠷᠭ᠎ᠠ ᠬᠡᠮᠵᠢᠶ᠎ᠡ᠎ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ!

ᠬᠣᠶᠠᠷᠬᠠᠨ ᠭᠠᠷᠠᠭ᠎ᠤᠨ ᠳᠠᠷᠠᠭᠠᠬᠢ 2 ᠰᠠᠷ᠎ᠠ᠎ᠶ᠋ᠢᠨ 21 ᠤ᠋ ᠡᠳᠦᠷ ᠂ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠶᠡᠬᠡ ᠬᠤᠷᠠᠯ ᠬᠤᠷᠠᠯᠳᠤᠪᠠ᠃ ᠡᠨᠡ ᠤᠳᠠᠭ᠎ᠠ᠎ᠶ᠋ᠢᠨ ᠬᠤᠷᠠᠯ ᠲᠡᠭᠡᠷ᠎ᠠ ᠪᠦᠬᠦ᠌ ᠣᠷᠣᠨ᠎ᠳᠤ 《ᠬᠡᠬᠦᠳᠡᠭ ᠴᠡᠭᠡᠵᠢᠨ᠎ᠳᠡᠭᠡᠨ ᠪᠦᠬᠦ᠌ ᠲᠠᠯ᠎ᠠ᠎ᠶ᠋ᠢ ᠪᠠᠭ᠍ᠲᠠᠭᠠᠵᠤ ᠠᠵᠤ ᠦᠢᠯᠡᠳᠪᠦᠷᠢ᠎ᠶ᠋ᠢ ᠠᠳᠭᠤᠵᠤ᠂ ᠪᠦᠬᠦ᠌ ᠬᠦᠴᠦ᠍᠎ᠪᠡᠷ᠎ᠢᠶᠡᠨ ᠠᠵᠤ ᠦᠢᠯᠡᠳᠪᠦᠷᠢ᠎ᠶ᠋ᠢ ᠠᠳᠭᠤᠵᠤ᠂ ᠠᠵᠤ ᠦᠢᠯᠡᠳᠪᠦᠷᠢ᠎ᠶ᠋ᠢᠨ ᠠᠵᠤ ᠠᠬᠤᠢ᠎ᠶ᠋ᠢᠨ ᠲᠣᠭ᠍ᠲᠠᠭᠤᠨ ᠡᠷᠭᠢᠯᠲᠡ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠪᠣᠳᠠᠲᠤ ᠴᠣᠭ᠍ᠴᠠ᠎ᠶ᠋ᠢᠨ ᠠᠵᠤ ᠠᠬᠤᠢ᠎ᠶ᠋ᠢ ᠲᠠᠰᠤᠷᠠᠯᠳᠠ ᠦᠭᠡᠢ ᠪᠣᠳᠠᠲᠠᠢᠵᠢᠭᠤᠯᠤᠨ ᠬᠦᠴᠦᠷᠬᠡᠭ᠌ᠵᠢᠭᠦᠯᠵᠦ᠍ ᠱᠢᠯᠢᠳᠡᠭ᠌ᠵᠢᠭᠦᠯᠦᠨ᠂ ᠪᠦᠬᠦ᠌ ᠣᠷᠣᠨ᠎ᠤ ᠠᠵᠤ ᠠᠬᠤᠢ᠎ᠶ᠋ᠢᠨ ᠲᠣᠭ᠍ᠲᠠᠭᠤᠨ᠎ᠢᠶᠠᠷ ᠬᠤᠯᠠ ᠠᠶᠠᠯᠠᠬᠤ᠎ᠳᠤ ᠪᠠᠲᠤ ᠪᠡᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠢ》 ᠭᠡᠰᠡᠨ ᠲᠠᠢ᠌ᠴᠢᠯᠠᠯᠳᠠ᠎ᠶ᠋ᠢᠨ ᠵᠠᠷᠯᠢᠭ ᠪᠠᠭᠤᠯᠭᠠᠪᠠ᠃

ᠡᠭᠦᠨ᠎ᠦ ᠵᠡᠷᠭᠡ᠎ᠪᠡᠷ᠂ ᠦᠢᠯᠡᠳᠬᠦ᠌ ᠦᠢᠯᠡᠰ᠎ᠦᠨ ᠳᠡᠭᠡᠳᠦ ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠠᠯᠢ ᠤᠯᠠᠨ ᠲᠦᠷᠦ᠍᠎ᠶ᠋ᠢᠨ ᠪᠤᠳᠤᠯᠭ᠎ᠠ ᠠᠷᠭ᠎ᠠ ᠬᠡᠮᠵᠢᠢ᠎ᠡ ᠰᠦᠷ ᠳᠠᠯᠠᠢᠴᠠᠲᠠᠢ ᠶᠠᠪᠤᠭ᠍ᠳᠠᠵᠤ᠂ ᠦᠢᠯᠡᠳᠬᠦ᠌ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠵᠢᠷᠤᠭ ᠲᠥᠰᠦᠪ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠦᠳᠲᠡᠷ ᠲᠦᠷᠭᠡᠨ ᠳᠡᠯᠭᠡᠭ᠌ᠳᠡᠯ᠎ᠠ᠃

4 ᠰᠠᠷ᠎ᠠ᠎ᠶ᠋ᠢᠨ 8 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ 2022 ᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠳᠠᠢᠴᠢᠯᠠᠯᠲᠠ᠎ᠶ᠋ᠢᠨ ᠶᠡᠬᠡ ᠬᠤᠷᠠᠯ ᠬᠤᠷᠠᠯᠳᠤᠵᠤ᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ 《ᠲᠠᠭᠠᠷᠢᠯᠲᠠ᠎ᠶ᠋ᠢᠨ ᠪᠦᠷᠢᠶ᠎ᠡ》 ᠎ᠶ᠋ᠢ ᠪᠥᠬᠥ᠌ ᠲᠠᠯ᠎ᠠ᠎ᠪᠠᠷ ᠬᠠᠩᠭᠢᠨᠠᠭᠤᠯᠪᠠ᠃ ᠴᠢᠬᠤᠯᠠ ᠶᠡᠬᠡ ᠲᠦᠷᠦᠯ ᠵᠦᠢᠯ᠎ᠢᠶᠡᠷ ᠠᠴᠢᠶᠠᠯᠠᠪᠤᠷᠢ ᠪᠣᠯᠭᠠᠵᠤ᠂ ᠥᠪᠥᠷ ᠮᠣᠩᠭᠣᠯ᠎ᠤᠨ ᠦᠢᠯᠡᠳᠬᠦ᠌ ᠦᠢᠯᠡᠰ᠎ᠢ ᠬᠥᠭ᠌ᠵᠢᠭᠦᠯᠦᠨ ᠪᠤᠵᠠᠭᠠᠢᠷᠠᠭᠤᠯᠬᠤ ᠬᠠᠷᠠᠯᠲᠠ ᠡᠷᠡᠰ ᠪᠠᠲᠤ᠂ ᠠᠯᠬᠤᠭ᠎ᠠ᠎ᠢᠳᠡᠷᠡᠭᠦᠨ ᠪᠠᠢᠨ᠎ᠠ᠃

ᠵᠠᠭᠤᠨ ᠮᠢᠩᠭᠠᠨ ᠣᠩᠭᠣᠴᠠ ᠤᠷᠤᠰᠬᠠᠯ ᠰᠦᠷᠦᠨ ᠦᠷᠢᠰᠦᠯᠳᠦᠵᠦ᠂ ᠲᠠᠷᠪᠠᠭᠤᠯ ᠬᠡᠢᠰᠭᠡᠨ ᠤᠮᠤᠭ ᠲᠡᠭᠦᠯᠳᠡᠷ ᠤᠷᠤᠭᠰᠢᠯᠠᠨᠠᠮ᠃ ᠬᠠᠪᠤᠷ᠎ᠤᠨ ᠤᠷᠢᠨ ᠳ᠋ᠦ᠂ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍ ᠪᠠᠢᠭ᠎ᠠ ᠥᠪᠥᠷ ᠮᠣᠩᠭᠣᠯ ᠶᠠᠭ ᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠵᠤ ᠪᠠᠢᠨᠠᠮ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面