2022-04-13 09:14:26
《ᠵᠡᠭᠦᠨ ᠱᠢᠪᠡᠭᠡᠨ ᠳ᠋ᠤ ᠤᠳᠪᠠᠯᠠ ᠳᠡᠬᠦᠵᠦ ᠬᠠᠷᠠᠭ᠎ᠠ ᠪᠡᠯᠴᠢᠭᠡᠳᠡᠯᠡ ᠨᠠᠨᠱᠠᠨ ᠠᠭᠤᠯᠠ ᠠᠨᠢᠰᠬ᠎ᠠ ᠰᠡᠬᠦᠨ ᠰᠠᠭᠠᠳᠠᠭᠰᠠᠨ》 ᠬᠥᠳᠡᠭᠡ ᠵᠢᠨ ᠠᠮᠢᠳᠤᠷᠠᠯ ᠶᠠᠪᠤᠬᠤ ᠲᠤᠳᠤᠮ ᠨᠡᠩ ᠤᠯᠠᠨ ᠬᠥᠮᠦᠨ ᠤ᠋ ᠬᠦᠰᠡᠨ ᠮᠦᠷᠦᠭᠡᠳᠦᠳᠡᠭᠭᠠᠵᠠᠷ ᠪᠤᠯᠵᠠᠢ᠃
ᠰᠦᠨᠢ ᠶ᠋ᠢᠨ ᠵᠠᠬ᠎ᠠ ᠵᠡᠭᠡᠯᠢ ᠪᠡᠷ ᠰᠡᠯᠡᠬᠦᠴᠡᠨ ᠠᠮᠲᠠᠳᠤ ᠢᠳᠡᠬᠡᠨ ᠢ᠋ ᠠᠮᠰᠠᠨ ᠵᠤᠭᠤᠭᠯᠠᠵᠤ᠂ ᠣᠩᠭᠣᠴᠠ ᠰᠡᠯᠢᠨ ᠰᠥᠨᠢ ᠶ᠋ᠢᠨ ᠦᠵᠡᠮᠵᠢ ᠶ᠋ᠢ ᠰᠣᠨᠢᠷᠬᠠᠬᠤ ᠨᠢ ᠶᠠᠪᠤᠬᠤ ᠲᠤᠳᠤᠮ ᠠᠷᠠᠳ ᠤᠯᠠᠨ ᠪᠠ ᠵᠢᠭᠤᠯᠴᠢᠯᠠᠭᠰᠠᠳ ᠤ᠋ᠨ ᠲᠠᠭᠠᠱᠢᠶᠠᠯ ᠢ᠋ ᠣᠯᠵᠤ᠂ ᠦᠳᠡᠰᠢ ᠶ᠋ᠢᠨ ᠲᠠᠩᠰᠤᠭ ᠠᠮᠢᠳᠤᠷᠠᠯ ᠢ᠋ ᠡᠳ᠋ᠯᠡᠬᠦ᠌ ᠨᠢ ᠨᠢᠬᠡᠨᠳᠡ ᠴᠠᠭ ᠤ᠋ᠨ ᠤᠷᠤᠰᠭᠠᠯ ᠪᠣᠯᠵᠠᠢ᠃
ᠣᠢᠷ᠎ᠠ ᠶ᠋ᠢᠨ ᠵᠢᠯ ᠤ᠋ᠳ ᠲᠦ᠍᠂ ᠮᠠᠨ ᠤ᠋ ᠣᠷᠣᠨ ᠤ᠋ ᠰᠦᠨᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠪᠠ ᠬᠥᠳᠡᠭᠡ ᠲᠣᠰᠭᠣᠨ ᠤ᠋ ᠵᠢᠭᠤᠯᠴᠢᠯᠠᠯ ᠥᠷᠨᠢᠬᠦᠨ ᠬᠥᠭ᠌ᠵᠢᠵᠦ᠍᠂ ᠨᠢᠬᠡᠨᠳᠡ ᠰᠣᠶᠣᠯ ᠵᠢᠭᠤᠯᠴᠢᠯᠠᠯ ᠤ᠋ᠨ ᠠᠵᠤ ᠦᠶ᠋ᠯᠡᠰ ᠤ᠋ᠨ ᠱᠢᠨ᠎ᠡ ᠬᠢᠯᠠᠰ ᠴᠡᠭ ᠪᠣᠯᠤᠭᠰᠠᠨ ᠠᠵᠢ᠃
ᠬᠥᠳᠡᠭᠡ ᠲᠣᠰᠭᠣᠨ ᠤ᠋ ᠵᠢᠭᠤᠯᠴᠢᠯᠠᠯ ᠬᠦᠭᠵᠢᠶᠡᠨ ᠲᠠᠢ ᠪᠤᠯᠤᠯ᠎ᠠ
ᠬᠠᠷᠠᠴᠢᠨ ᠬᠣᠱᠢᠭᠤᠨ ᠤ᠋ ᠰᠢ ᠴᠢᠶᠣᠤ ᠪᠠᠯᠭᠠᠰᠤ ᠵᠢᠨ ᠯᠧᠢ ᠵᠢᠶᠠ ᠶᠢᠩᠽᠢ ᠲᠣᠰᠭᠣᠨ 2015 ᠣᠨ ᠡᠴᠡ ᠨᠠᠭᠠᠰᠢ᠂ ᠲᠣᠰᠭᠣᠨ ᠤ᠋ ᠨᠠᠮ ᠤ᠋ᠨ ᠡᠭᠦᠷ ᠤ᠋ᠨ ᠵᠢᠡᠨ ᠲᠠᠢᠴᠢᠯᠠᠯ ᠲᠤᠤᠷ᠎ᠠ ᠵᠤᠭ᠎ᠠ ᠰᠡᠯᠡᠬᠦᠴᠡᠯ ᠤ᠋ᠨ ᠲᠠᠷᠢᠶᠠᠯᠠᠩ ᠤ᠋ᠨ ᠲᠤᠰᠬᠠᠢ ᠬᠣᠷᠱᠢᠶᠠ ᠪᠠᠢᠭᠤᠯᠵᠤ᠂ ᠪᠥᠬᠥ᠌ ᠲᠣᠰᠭᠣᠨ ᠤ᠋ 164 ᠡᠷᠦᠬᠡ ᠬᠤᠪᠢ ᠣᠷᠣᠭᠤᠯᠬᠤ ᠬᠡᠯᠪᠡᠷᠢ ᠪᠡᠷ ᠬᠣᠷᠱᠢᠶᠠ ᠳ᠋ᠤ ᠣᠷᠣᠵᠤ᠂ ᠦᠵᠡᠰᠭᠦᠯᠡᠩᠲᠦ ᠰᠠᠢᠬᠠᠨ ᠪᠠᠢᠭᠠᠯᠢ ᠶ᠋ᠢᠨ ᠥᠩᠭᠡ ᠦᠵᠡᠮᠵᠢ ᠪᠤᠯᠤᠨ ᠭᠦᠨ ᠵᠤᠵᠠᠭᠠᠨ ᠰᠣᠶᠣᠯ ᠢᠷᠭᠡᠨᠱᠢᠯ ᠲᠡᠦᠬᠡ ᠶ᠋ᠢᠨ ᠳᠠᠪᠠᠭᠤᠯᠢᠭ ᠵᠢᠡᠨ ᠭᠦᠶ᠋ᠴᠡᠳ ᠠᠱᠢᠭ᠍ᠯᠠᠨ᠂ ᠬᠥᠳᠡᠭᠡ ᠲᠣᠰᠭᠣᠨ ᠤ᠋ ᠵᠢᠭᠤᠯᠴᠢᠯᠠᠯ ᠢ᠋ ᠶᠡᠬᠡ ᠪᠡᠷ ᠬᠥᠭ᠌ᠵᠢᠭᠦᠯᠪᠡ᠃
ᠪᠦᠬᠦ ᠲᠣᠰᠭᠣᠨ ᠤ᠋ ᠪᠠᠨ 1200 ᠮᠥ᠍ ᠲᠠᠷᠢᠶᠠᠨ ᠭᠠᠵᠠᠷ ᠲᠦ᠍ ᠴᠥᠮ ᠵᠢᠮᠢᠰ ᠤ᠋ᠨ ᠮᠣᠳᠣ ᠳᠠᠷᠢᠵᠤ᠂ ᠣᠲᠣ ᠲᠣᠰᠭᠣᠨ ᠤ᠋ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠦᠶ᠋ᠯᠡᠰ ᠲᠦ᠍ ᠣᠷᠣᠯᠴᠠᠭ᠍ᠰᠠᠨ ᠲᠣᠰᠭᠣᠨ ᠤ᠋ ᠠᠷᠠᠳ 90% ᠳ᠋ᠤ ᠬᠦᠷᠴᠦ᠍᠂ ᠲᠠᠷᠢᠶᠠᠴᠢᠳ ᠤ᠋ᠨ ᠬᠥᠮᠦᠨ ᠳᠤᠮᠳᠠᠴᠢ ᠶ᠋ᠢᠨ ᠴᠡᠪᠡᠷ ᠣᠷᠣᠯᠭ᠎ᠠ ᠳᠠᠬᠢᠨ ᠵᠢᠡᠷ ᠨᠡᠮᠡᠭ᠌ᠳᠡᠨ᠂ 2020 ᠣᠨ ᠳ᠋ᠤ ᠲᠣᠰᠭᠣᠨ ᠤ᠋ ᠬᠠᠮᠲᠤ ᠶ᠋ᠢᠨ ᠠᠵᠤ ᠠᠬᠤᠶ ᠶ᠋ᠢᠨ ᠣᠷᠣᠯᠭ᠎ᠠ 129 ᠲᠦᠮᠡᠨ ᠲᠥᠭᠥᠷᠢᠭ ᠲᠦ᠍ ᠬᠦᠷᠴᠡᠶ᠃
2019 ᠣᠨ ᠳ᠋ᠤ᠂ ᠯᠸᠢ ᠵᠢᠶᠠ ᠶᠢᠩᠽᠢ ᠲᠣᠰᠭᠣᠨ ᠪᠣᠯᠤᠨ ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ ᠤ᠋ᠨ ᠯᠠᠩ ᠱᠠᠨ ᠪᠠᠯᠭᠠᠰᠤ ᠶ᠋ᠢᠨ ᠹᠦ᠋ ᠴᠢᠶᠠᠩ ᠲᠣᠰᠭᠣᠨ᠂ ᠡᠷᠭᠦᠨ᠎ᠡ ᠬᠣᠲᠠ ᠶ᠋ᠢᠨ ᠮᠣᠩᠭᠣᠯ ᠱᠢᠪᠡᠭᠡ ᠰᠤᠮᠤ ᠶ᠋ᠢᠨ ᠱᠢᠪᠡᠭᠡ ᠲᠣᠰᠭᠣᠨ ᠵᠡᠷᠭᠡ ᠮᠠᠨ ᠤ᠋ ᠤᠷᠤᠨ ᠤ᠋ 9 ᠭᠠᠴᠠᠭ᠎ᠠ ᠤᠯᠤᠰ ᠤ᠋ᠨ ᠲᠣᠰᠭᠣᠨ ᠰᠣᠶᠣᠯ ᠪᠠ ᠵᠢᠭᠤᠯᠴᠢᠯᠠᠯ ᠤ᠋ᠨ ᠶᠠᠮᠤᠨ᠂ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠲᠣᠭ᠍ᠲᠠᠭᠠᠭ᠍ᠰᠠᠨ ᠠᠩᠬᠠᠳᠠᠭ᠍ᠴᠢ ᠪᠦᠯᠦᠭ ᠤ᠋ᠨ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠲᠣᠰᠭᠣᠨ ᠤ᠋ ᠨᠡᠷᠡᠰ ᠲᠦ᠍ ᠰᠣᠩᠭᠣᠭ᠍ᠳᠠᠪᠠ᠃
ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠦᠷᠦ ᠵᠢᠨ ᠪᠤᠳᠤᠯᠭ᠎ᠠ ᠲᠤᠤᠷ᠎ᠠ ᠲᠣᠭ᠎ᠠ ᠲᠣᠮᠰᠢ ᠥᠬᠡᠶ ᠤᠯᠠᠨ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ ᠴᠣᠯᠭᠣᠷᠠᠨ ᠭᠠᠷᠴᠤ᠌᠂ ᠪᠥᠬᠥ᠌ ᠣᠷᠣᠨ ᠤ᠋ ᠡᠯ᠎ᠡ ᠭᠠᠵᠠᠷ ᠲᠦ᠍ ᠮᠠᠰᠢ ᠣᠯᠠᠨ 《ᠰᠦᠯᠵᠢᠶᠡᠨ ᠤ᠋ ᠨᠠᠷᠠᠲᠤ ᠲᠣᠰᠭᠣᠨ》 ᠲᠠᠢ ᠪᠤᠯᠤᠭᠰᠠᠨ ᠪᠢᠯᠡ᠃
2020 ᠣᠨ ᠪᠤᠯᠤᠨ 2021 ᠣᠨ ᠳ᠋ᠤ᠂ ᠡᠷᠭᠦᠨ᠎ᠡ ᠬᠣᠲᠠ ᠶ᠋ᠢᠨ ᠡᠧᠨ ᠾᠧ ᠣᠷᠣᠰ ᠦᠨᠳᠦᠰᠦᠲᠡᠨ ᠤ᠋ ᠱᠢᠶᠠᠩ ᠤ᠋ᠨ ᠡᠧᠨ ᠾᠧ ᠲᠣᠰᠭᠣᠨ᠂ ᠱᠢᠩ ᠾᠧ ᠱᠢᠶᠠᠨ ᠤ᠋ ᠳ᠋ᠢᠶᠠᠨ ᠽᠢ ᠪᠠᠯᠭᠠᠰᠤ ᠵᠢᠨ ᠯᠦ᠍ ᠵᠢᠶᠠ ᠶᠢᠩ ᠲᠣᠰᠭᠣᠨ ᠵᠡᠷᠭᠡ ᠮᠠᠨ ᠤ᠋ ᠤᠷᠤᠨ ᠤ᠋ 21 ᠭᠠᠴᠠᠭ᠎ᠠ ᠲᠣᠰᠭᠣᠨ ᠵᠠᠯᠭᠠᠭ᠎ᠠ ᠪᠠᠷ ᠬᠣᠶᠠᠳᠤᠭᠠᠷ ᠪᠦᠯᠦᠭ᠂ ᠭᠤᠷᠪᠠᠳᠤᠭᠠᠷ ᠪᠦᠯᠦᠭ ᠤ᠋ᠨ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠲᠣᠰᠭᠣᠨ ᠤ᠋ ᠨᠡᠷᠡᠰ ᠲᠦ᠍ ᠲᠤᠳᠤᠷᠠᠭᠰᠠᠨ ᠪᠠᠢᠨ᠎ᠠ᠃
2021 ᠣᠨ ᠳ᠋ᠤ᠂ ᠨᠠᠶ᠋ᠮᠠᠨ ᠬᠣᠱᠢᠭᠤᠨ ᠤ᠋ ᠪᠠᠶᠠᠨᠲᠠᠯ᠎ᠠ ᠰᠤᠮᠤ᠂ ᠳᠣᠯᠣᠨ ᠨᠤᠤᠷ ᠱᠢᠶᠠᠨ ᠤ᠋ ᠯᠤᠸᠠᠨ ᠶᠤᠸᠠᠨ ᠪᠠᠯᠭᠠᠰᠤ᠂ ᠡᠵᠡᠨ ᠬᠣᠷᠣᠭ᠎ᠠ ᠬᠣᠱᠢᠭᠤᠨ ᠤ᠋ ᠡᠵᠡᠨ ᠬᠣᠷᠣᠭ᠎ᠠ ᠪᠠᠯᠭᠠᠰᠤ ᠵᠡᠷᠭᠡ 3 ᠰᠤᠮᠤ ᠪᠠᠯᠭᠠᠰᠤ ᠠᠩᠬᠠᠳᠠᠭᠴᠢ ᠪᠦᠯᠦᠭ ᠤ᠋ᠨ ᠪᠥᠬᠥ᠌ ᠤᠯᠤᠰ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠪᠠᠯᠭᠠᠰᠤ (ᠱᠢᠶᠠᠩ) ᠶ᠋ᠢᠨ ᠨᠡᠷᠡᠰ ᠲᠦ᠍ ᠰᠣᠩᠭᠣᠭ᠍ᠳᠠᠪᠠ᠃
ᠮᠠᠨ ᠤ᠋ ᠣᠷᠣᠨ ᠬᠥᠳᠡᠭᠡ ᠲᠣᠰᠭᠣᠨ ᠤ᠋ ᠵᠢᠭᠤᠯᠴᠢᠯᠠᠯ ᠢ᠋ ᠬᠦᠭᠵᠢᠬᠦᠯᠬᠦ ᠠᠵᠠ ᠲᠣᠬᠢᠶᠠᠯ ᠢ᠋ ᠠᠳᠬᠤᠵᠦ᠂ 2021 ᠣᠨ ᠳ᠋ᠤ ᠬᠣᠷᠢᠨᠭᠡᠷ ᠱᠢᠶᠠᠨ ᠤ᠋ ᠱᠢᠨ ᠳ᠋ᠢᠶᠠᠨ ᠽᠢ ᠪᠠᠯᠭᠠᠰᠤ ᠵᠢᠨ ᠵᠢᠶᠤᠤ ᠨᠢ ᠸᠠᠨ ᠲᠣᠰᠭᠣᠨ ᠵᠡᠷᠭᠡ 34 ᠲᠣᠰᠭᠣᠨ ᠢ᠋ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠪᠦᠯᠦᠭ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠲᠣᠰᠭᠣᠨ ᠵᠢᠡᠷ ᠲᠣᠭ᠍ᠲᠠᠭᠠᠵᠤ᠂ ᠨᠠᠶ᠋ᠮᠠᠨ ᠬᠣᠱᠢᠭᠤᠨ ᠤ᠋ ᠪᠠᠶᠠᠨᠲᠠᠯ᠎ᠠ ᠰᠤᠮᠤ ᠵᠡᠷᠭᠡ 3 ᠱᠢᠶᠠᠩ ᠪᠠᠯᠭᠠᠰᠤ ᠶ᠋ᠢ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠪᠦᠯᠦᠭ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠤᠤᠯᠳᠠᠯᠭ᠎ᠠ ᠲᠠᠶ ᠪᠠᠯᠭᠠᠰᠤ ᠪᠠᠷ ᠲᠣᠭ᠍ᠲᠠᠭᠠᠪᠠ᠃
ᠬᠥᠳᠡᠭᠡ ᠲᠣᠰᠭᠣᠨ ᠤ᠋ ᠵᠢᠭᠤᠯᠴᠢᠯᠠᠯ ᠦᠷᠨᠢᠨ ᠬᠦᠭᠵᠢᠬᠦ᠌ ᠶ᠋ᠢ ᠳᠠᠭᠠᠯᠳᠤᠨ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠬᠡᠯᠪᠡᠷᠢ ᠴᠦ᠍ ᠡᠳᠦᠷ ᠢᠷᠡᠬᠦᠶ᠎ᠡ ᠣᠯᠠᠨ ᠶᠠᠩᠵᠤᠴᠢᠯᠠᠬᠰᠠᠨ ᠪᠠᠢᠨ᠎ᠠ᠃ 《ᠪᠡᠶᠡᠴᠢᠯᠡᠨ ᠣᠢᠯᠠᠭᠠᠬᠤ》 ᠪᠣᠯ ᠵᠠᠯᠠᠭᠤᠴᠤᠳ ᠤ᠋ᠨ ᠬᠥᠳᠡᠭᠡ ᠲᠣᠰᠭᠣᠨ ᠤ᠋ ᠵᠢᠭᠤᠯᠴᠢᠯᠠᠯ ᠢ᠋ ᠰᠣᠩᠭᠣᠵᠤ ᠪᠠᠢᠭ᠎ᠠ ᠵᠢᠨ ᠲᠡᠷᠢᠭᠦᠨ ᠵᠤᠷᠢᠯᠳᠠ ᠪᠤᠯᠬᠤ ᠶᠤᠮ᠃ ᠪᠡᠶᠡᠴᠢᠯᠡᠨ ᠣᠢᠯᠠᠭᠠᠬᠤ ᠵᠢᠭᠤᠯᠴᠢᠯᠠᠯ ᠤ᠋ᠨ ᠬᠡᠷᠡᠭᠴᠡᠭᠡ ᠪᠠᠷ ᠳᠡᠮᠵᠢᠨ ᠭᠠᠷᠴᠤ᠌ ᠢᠷᠡᠭ᠌ᠰᠡᠨ ᠬᠡᠷᠳᠤ ᠲᠡᠷᠭᠡ ᠪᠡᠷ ᠬᠡᠭᠡᠷ᠎ᠡ ᠪᠠᠭᠤᠳᠠᠯᠯᠠᠬᠤ᠂ ᠳᠤᠭᠤᠶ ᠤᠨᠤᠬᠤ᠂ ᠣᠳᠣᠨ ᠮᠡᠴᠢᠳ ᠰᠣᠨᠢᠷᠬᠠᠬᠤ᠂ ᠪᠠᠷᠲᠠᠭ᠎ᠠ ᠬᠠᠢᠬᠤ᠂ ᠶᠠᠪᠠᠭᠠᠨ ᠠᠶᠠᠯᠠᠬᠤ ᠵᠡᠷᠭᠡ ᠥᠪᠡᠷᠮᠢᠴᠡ ᠣᠨᠴᠠᠯᠢᠭ ᠲᠠᠶ ᠵᠢᠭᠤᠯᠴᠢᠯᠠᠯ ᠤ᠋ᠨ ᠠᠷᠭ᠎ᠠ ᠬᠡᠯᠪᠡᠷᠢ ᠨᠢ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠳᠣᠲᠣᠭᠠᠳᠤ ᠬᠥᠳᠡᠯᠭᠡᠬᠦ᠌ ᠬᠦᠴᠦᠨ ᠪᠣᠯᠵᠣ ᠪᠠᠢᠨ᠎ᠠ᠃
ᠡᠨᠡ ᠵᠢᠯ ᠤ᠋ᠨ ᠲᠥᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳ᠋ᠤ ᠬᠥᠳᠡᠭᠡ ᠲᠣᠰᠭᠣᠨ ᠤ᠋ ᠰᠡᠯᠡᠭᠦᠴᠡᠯ ᠵᠢᠭᠤᠯᠴᠢᠯᠠᠯ ᠢ᠋ ᠰᠠᠢᠵᠢᠷᠠᠭᠤᠯᠬᠤ ᠲᠥᠯᠥᠪᠯᠡᠭᠡ ᠶ᠋ᠢ ᠬᠡᠷᠡᠭ᠌ᠵᠢᠭᠦᠯᠦᠨᠡ ᠭᠡᠵᠦ᠍ ᠲᠤᠷᠠᠳᠴᠦ᠂ ᠲᠠᠷᠢᠶᠠᠴᠢᠳ ᠤ᠋ᠨ ᠱᠢᠭᠤᠳ ᠡᠵᠡᠩᠨᠡᠵᠦ᠍ ᠪᠠᠢᠭ᠎ᠠ ᠪᠤᠶᠤ ᠡᠵᠡᠩᠨᠡᠯᠲᠡ ᠳ᠋ᠤ ᠣᠷᠣᠯᠴᠠᠵᠤ ᠪᠠᠢᠭ᠎ᠠ ᠬᠥᠳᠡᠭᠡ ᠲᠣᠰᠭᠣᠨ ᠤ᠋ ᠠᠷᠠᠳ ᠤ᠋ᠨ ᠣᠷᠣᠨ ᠰᠠᠭᠤᠴᠠ᠂ ᠲᠠᠷᠢᠶᠠᠴᠢᠨ ᠠᠢᠯ ᠤ᠋ᠨ ᠵᠢᠭᠤᠯᠴᠢᠯᠠᠯ ᠤ᠋ᠨ ᠣᠨᠴᠠᠯᠢᠭ᠍ᠲᠤ ᠲᠣᠰᠭᠣᠨ(ᠴᠡᠭ) ᠤ᠋ ᠬᠥᠭ᠌ᠵᠢᠯᠲᠡ ᠶ᠋ᠢ ᠳᠡᠮᠵᠢᠵᠤ᠂ ᠱᠠᠭᠠᠷᠳᠠᠯᠭ᠎ᠠ ᠳ᠋ᠤ ᠨᠡᠢᠴᠡᠭ᠌ᠰᠡᠨ ᠬᠥᠳᠡᠭᠡ ᠲᠣᠰᠭᠣᠨ ᠤ᠋ ᠰᠡᠯᠡᠭᠦᠴᠡᠯ ᠵᠢᠭᠤᠯᠴᠢᠯᠠᠯ ᠤ᠋ᠨ ᠲᠥᠷᠥᠯ ᠵᠦᠶ᠋ᠯ ᠢ᠋ ᠱᠢᠨᠵᠢᠯᠡᠬᠦ᠌ ᠤᠬᠠᠭᠠᠨ ᠢ᠋ ᠲᠦᠭᠡᠮᠡᠯᠵᠢᠭᠦᠯᠬᠦ᠌ ᠰᠠᠭᠤᠷᠢᠨ ᠪᠠ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ ᠤ᠋ᠨ ᠬᠥᠳᠡᠯᠮᠦᠷᠢ ᠦᠶ᠋ᠯᠡᠳᠦᠯᠭᠡ ᠶ᠋ᠢᠨ ᠰᠠᠭᠤᠷᠢᠨ ᠤ᠋ ᠬᠡᠪᠴᠢᠶᠡᠨ ᠳ᠋ᠤ ᠣᠷᠣᠭᠤᠯᠤᠨ᠎ᠠ ᠭᠡᠵᠤ ᠲᠤᠳᠤᠷᠬᠠᠢᠯᠠᠭᠰᠠᠨ ᠪᠠᠢᠨ᠎ᠠ᠃ ᠲᠦᠪ ᠤ᠋ᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠬᠥᠳᠡᠭᠡ ᠲᠣᠰᠭᠣᠨ ᠤ᠋ ᠵᠢᠭᠤᠯᠴᠢᠯᠠᠯ ᠳ᠋ᠤ ᠨᠢᠭᠡᠨ ᠱᠢᠨ᠎ᠡ ᠵᠦᠭᠯᠡᠬᠦᠷ ᠬᠠᠩᠭᠠᠭ᠍ᠰᠠᠨ ᠨᠢ ᠵᠠᠢᠯᠠᠰᠢ ᠦᠬᠡᠢ᠃
ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠢᠩᠬᠢᠮ ᠤ᠋ᠨ ᠳᠠᠷᠤᠭ᠎ᠠ ᠬ᠍ᠦ ᠹᠸᠩ᠄ 《ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ ᠨᠢᠭᠡ ᠪᠦᠯᠦᠭ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠭᠣᠣᠯᠳᠠᠯᠭ᠎ᠠ ᠲᠠᠶ ᠲᠣᠰᠭᠣᠨ ᠪᠠ ᠰᠣᠳᠣᠨ ᠱᠤᠭᠤᠮ ᠢ᠋ ᠭᠠᠷᠭᠠᠵᠤ᠂ ᠥᠪᠡᠷ ᠵᠢᠡᠨ ᠮᠠᠰᠢᠨ ᠲᠡᠷᠭᠡ ᠵᠢᠯᠣᠭᠣᠳᠴᠤ᠌ ᠵᠢᠭᠤᠯᠴᠢᠯᠠᠬᠤ ᠦᠢᠯᠡᠴᠢᠯᠡᠭᠡᠨ ᠤ᠋ ᠱᠢᠰᠲᠸᠮ ᠢ᠋ ᠠᠯᠬᠤᠮ ᠠᠯᠬᠤᠮ ᠵᠢᠡᠷ ᠲᠡᠭᠦᠯᠳᠡᠷᠵᠢᠭᠦᠯᠵᠦ᠍᠂ ᠵᠢᠭᠤᠯᠴᠢᠯᠠᠯ ᠤ᠋ᠨ ᠦᠢᠯᠡᠰ ᠤ᠋ᠨ 〈ᠨᠢᠭᠡ ᠦᠢᠯᠡᠰ ᠬᠦᠭᠵᠢᠪᠡᠯ ᠵᠠᠭᠤᠨ ᠦᠢᠯᠡᠰ ᠮᠠᠨᠳᠤᠬᠤ᠌〉 ᠦᠷᠡᠵᠢᠭᠦᠯᠬᠦ᠌ ᠦᠢᠯᠡᠳᠦᠯ ᠢ᠋ ᠴᠢᠷᠮᠠᠢᠨ ᠪᠠᠳᠠᠷᠠᠭᠤᠯᠤᠨ᠎ᠠ》 ᠬᠡᠵᠤ ᠶᠠᠷᠢᠯ᠎ᠠ᠃
ᠰᠦᠨᠢ ᠵᠢᠨ ᠠᠵᠤ ᠠᠬᠤᠶ ᠬᠦᠭᠵᠢᠯ ᠲᠠᠢ ᠪᠤᠯᠤᠯ᠎ᠠ
ᠰᠦᠨᠢ ᠪᠣᠯᠵᠤ ᠥᠩᠭᠡᠲᠦ ᠳ᠋ᠧᠩ ᠲᠤᠧᠠᠯᠠᠵᠦ᠂ ᠰᠦᠨᠢ ᠶ᠋ᠢᠨ ᠠᠵᠤ ᠠᠬᠤᠢ ᠬᠥᠱᠢᠭᠡ ᠪᠡᠨ ᠰᠡᠬᠦᠯ᠎ᠠ᠂ ᠡᠨᠡ ᠪᠣᠯ ᠬᠥᠮᠦᠨ ᠤ᠋ ᠶᠢᠷᠲᠢᠨᠴᠦ᠍ ᠶ᠋ᠢᠨ ᠦᠭᠡᠷ᠎ᠡ ᠨᠢᠭᠡᠨ ᠤᠷᠤᠰᠢᠬᠤᠢ ᠪᠤᠯᠬᠤ ᠰᠠᠨ᠃ ᠰᠦᠨᠢ ᠶ᠋ᠢᠨ ᠠᠵᠤ ᠠᠬᠤᠶ ᠨᠢ ᠡᠩ ᠤ᠋ᠨ ᠤᠳᠭ᠎ᠠ ᠠᠭᠤᠯᠭ᠎ᠠ ᠳᠡᠭᠡᠷᠡᠬᠢ ᠰᠦᠨᠢ ᠶ᠋ᠢᠨ ᠵᠠᠬ᠎ᠠ ᠲᠠᠶ ᠠᠳᠠᠯᠢ ᠦᠭᠡᠶ᠂ ᠲᠡᠷᠡ ᠪᠤᠯ ᠶᠡᠷᠦ᠍ᠳᠡᠭᠡᠨ ᠦᠳᠡ ᠶ᠋ᠢᠨ ᠬᠣᠢᠨᠠᠬᠢ 6 ᠴᠠᠭ ᠡᠴᠡ ᠳᠠᠷᠠᠭ᠎ᠠ ᠡᠳᠦᠷ ᠤ᠋ᠨ 6 ᠴᠠᠭ ᠪᠣᠯᠲᠠᠯᠠᠬᠢ ᠬᠤᠭᠤᠴᠠᠭᠠᠨ ᠳ᠋ᠤ ᠡᠭᠦᠰᠦᠭ᠌ᠰᠡᠨ ᠦᠢᠯᠡᠴᠢᠯᠡᠭᠡᠨ ᠤ᠋ ᠦᠢᠯᠡᠰ ᠵᠢᠡᠷ ᠭᠣᠣᠯ ᠪᠣᠯᠭᠠᠭ᠍ᠰᠠᠨ ᠡᠵᠡᠩᠨᠡᠯᠲᠡ ᠶ᠋ᠢᠨ ᠠᠵᠢᠯᠯᠠᠭ᠎ᠠ ᠶ᠋ᠢᠨ ᠶᠡᠷᠦᠩᠬᠡᠶ ᠨᠡᠷᠡᠢᠳᠦᠯ ᠮᠦᠨ᠂ ᠪᠠᠰᠠ ᠴᠦ᠍ ᠬᠣᠲᠠ ᠶ᠋ᠢᠨ ᠠᠵᠤ ᠠᠬᠤᠶ ᠶ᠋ᠢᠨ ᠬᠣᠶᠠᠳᠤᠭᠠᠷ ᠴᠠᠭ ᠬᠤᠭᠤᠴᠠᠭ᠎ᠠ ᠪᠠ ᠣᠷᠣᠨ ᠵᠠᠶ ᠶ᠋ᠢᠨ ᠤᠷᠳᠤᠰᠤᠯ ᠪᠤᠯᠬᠤ ᠶᠤᠮ᠃
ᠤᠳᠤ᠂ ᠤᠯᠠᠮ ᠡᠴᠡ ᠤᠯᠠᠨ ᠬᠤᠳᠠ ᠪᠠᠯᠭᠠᠰᠤ ᠨᠢ ᠵᠤᠭ᠎ᠠ ᠰᠡᠯᠡᠭᠦᠴᠡᠯ ᠵᠢᠡᠷ ᠭᠣᠣᠯᠳᠠᠭᠤᠯᠤᠭᠰᠠᠨ ᠰᠦᠨᠢ ᠵᠢᠨ ᠠᠵᠤ ᠠᠬᠤᠢ ᠶ᠋ᠢ ᠬᠥᠭ᠌ᠵᠢᠭᠦᠯᠵᠦ᠍᠂《ᠴᠧᠩᠳᠦ᠋ ᠶ᠋ᠢᠨ ᠦᠳᠡᠰᠢ》᠂《ᠦᠳᠡᠰᠢ ᠶ᠋ᠢᠨ ᠬᠠᠩᠵᠧᠦ》᠂ ᠴᠦᠩᠴᠢᠩ ᠤ᠋ᠨ《ᠰᠥᠨᠢ ᠵᠢᠨ ᠨᠠᠷᠬᠢᠶᠠᠨᠳᠦ ᠬᠤᠳᠠ》 ᠬᠡᠬᠦᠴᠢᠯᠡᠨ ᠴᠥᠮ ᠥᠪᠡᠷᠮᠢᠴᠡ ᠤᠨᠴᠠᠯᠢᠭ ᠲᠠᠢ ᠰᠦᠨᠢ ᠵᠢᠨ ᠠᠵᠤ ᠠᠬᠤᠢ ᠲᠠᠶ ᠪᠤᠯᠵᠤ᠂ ᠥᠪᠥᠷ ᠮᠣᠩᠭᠣᠯ ᠤ᠋ᠨ ᠦᠪᠡᠷᠳᠡᠬᠡᠨ ᠵᠠᠰᠠᠬᠤ ᠤᠷᠤᠨ ᠤ᠋ ᠲᠥᠪ ᠬᠤᠳᠠ ᠪᠣᠯᠤᠭ᠍ᠰᠠᠨ ᠬᠥᠬᠡᠬᠣᠲᠠ ᠴᠤ᠌ ᠠᠳᠠᠯᠢᠬᠠᠨ ᠰᠦᠨᠢ ᠵᠢᠨ ᠠᠵᠤ ᠠᠬᠤᠢ ᠲᠠᠢ ᠪᠣᠯᠵᠠᠢ᠃
2021 ᠣᠨ ᠳ᠋ᠤ᠂ ᠬᠦᠬᠡᠬᠤᠳᠠ ᠵᠢᠨ ᠬᠢᠨ ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠢ᠋ ᠰᠠᠢᠲᠤᠷ ᠬᠢᠬᠦ᠌ᠶ᠋ᠢᠨ ᠵᠡᠷᠭᠡ ᠪᠡᠷ ᠰᠥᠨᠢ ᠶ᠋ᠢᠨ ᠢᠳᠡᠭᠡᠨ ᠤᠮᠳᠠᠭᠠᠨ᠂ ᠵᠢᠭᠤᠯᠴᠢᠯᠠᠯ᠂ ᠰᠣᠶᠣᠯ ᠵᠤᠭ᠎ᠠ ᠴᠡᠩᠭᠡᠯ ᠵᠡᠷᠭᠡ ᠬᠡᠷᠡᠭ᠌ᠯᠡᠭᠡᠨ ᠤ᠋ ᠠᠵᠢᠯᠯᠠᠭ᠎ᠠ ᠶ᠋ᠢ ᠢᠳᠡᠪᠬᠢᠲᠡᠢ ᠠᠬᠢᠭᠤᠯᠪᠠ᠃ ᠢᠦᠢᠴᠢᠤᠸᠠᠨ ᠲᠣᠭᠣᠷᠢᠭ ᠤ᠋ᠨ ᠲᠦᠩ ᠱᠦᠨ ᠶᠡᠬᠡ ᠭᠤᠳᠤᠮᠵᠢ ᠳ᠋ᠤ ᠤᠷᠠᠯᠢᠭ᠍ᠴᠢᠳ ᠭᠢᠲ᠋ᠠᠷ ᠬᠦᠭᠵᠢᠮᠳᠡᠵᠦ ᠤᠶᠠᠩᠭᠠᠳᠠᠢᠬᠠᠨ ᠳᠠᠭᠤᠯᠠᠵᠤ᠂ ᠵᠢᠭᠤᠯᠴᠢᠯᠠᠭᠰᠠᠳ ᠵᠠᠬᠢᠶᠠᠯᠠᠭᠰᠠᠨ ᠠᠮᠲᠠᠲᠤ ᠢᠳᠡᠭᠡᠨ ᠢᠳᠡᠬᠦ ᠪᠡᠷ ᠮᠦᠷᠯᠡᠨ ᠬᠦᠯᠢᠶᠡᠵᠦ᠍᠂ ᠠᠮᠢᠵᠢᠷᠠᠯ ᠤ᠋ᠨ ᠬᠦᠴᠦᠨ ᠪᠢᠯᠬᠠᠭᠰᠠᠨ ᠰᠦᠨᠢ ᠵᠢᠨ ᠵᠠᠬ᠎ᠠ ᠬᠦᠷ ᠨᠠᠷᠬᠢᠶᠠᠨ ᠵᠢᠡᠷ ᠪᠢᠯᠬᠠᠨ᠎ᠠ᠃ 《2020 ᠣᠨ ᠤ᠋ ᠳᠤᠮᠳᠠᠳᠤ ᠤᠯᠤᠰ ᠤ᠋ᠨ ᠰᠦᠨᠢ ᠶ᠋ᠢᠨ ᠠᠵᠤ ᠠᠬᠤᠶ ᠶ᠋ᠢᠨ ᠱᠢᠨ᠎ᠡ ᠶ᠋ᠢ ᠡᠭᠦᠳᠬᠦ᠌ ᠬᠣᠲᠠ》ᠶ᠋ᠢᠨ ᠨᠡᠷᠡᠰ ᠤ᠋ᠨ ᠵᠢᠭ᠍ᠰᠠᠭᠠᠯᠲᠠ ᠳ᠋ᠤ ᠬᠥᠬᠡᠬᠣᠲᠠ ᠪᠣᠯᠤᠨ ᠱ᠌ᠢ ᠵᠢᠶᠠ ᠵᠤᠸᠠᠩ᠂ ᠾᠸᠹᠸᠢ ᠵᠡᠷᠭᠡ ᠱᠢᠨ᠎ᠡ ᠪᠡᠷ ᠮᠠᠨᠳᠤᠭᠰᠠᠨ ᠬᠣᠲᠠ ᠨᠤᠭᠤᠳ ᠲᠣᠳᠣᠷᠠᠪᠠ᠃
ᠦᠨᠡᠨᠳᠡᠭᠡᠨ ᠣᠢᠷ᠎ᠠ ᠶ᠋ᠢᠨ ᠬᠡᠳᠦᠨ ᠵᠢᠯ ᠳ᠋ᠤ ᠥᠪᠥᠷ ᠮᠣᠩᠭᠣᠯ ᠤ᠋ᠨ ᠰᠦᠨᠢ ᠶ᠋ᠢᠨ ᠵᠢᠭᠤᠯᠴᠢᠯᠠᠯ ᠡᠳᠦᠷ ᠢᠷᠡᠬᠦᠶ᠎ᠡ ᠳᠦᠯᠦᠪᠰᠢᠵᠦ᠂ ᠵᠣᠨ ᠤ᠋ ᠤᠯᠠᠷᠢᠯ ᠤ᠋ᠨ ᠬᠢᠯᠢ ᠶ᠋ᠢᠨ ᠵᠢᠵᠢᠭ ᠪᠠᠯᠭᠠᠰᠤ ᠰᠢᠪᠡᠭᠡ ᠡᠴᠡ ᠠᠪᠤᠭᠠᠳ ᠰᠥᠨᠢ ᠶ᠋ᠢᠨ ᠬᠥᠱᠢᠭᠡᠨ ᠳ᠋ᠡᠬᠢ ᠲᠠᠯ᠎ᠠ ᠨᠤᠲᠤᠭ ᠤ᠋ᠨ ᠪᠣᠯᠣᠳ ᠤ᠋ᠨ ᠬᠣᠲᠠ ᠪᠤᠭᠤᠲᠤ᠂ ᠠᠯᠳᠠᠷ ᠴᠤᠤᠲᠠᠶ ᠬᠥᠬᠡᠬᠣᠲᠠ ᠶ᠋ᠢᠨ ᠣᠪᠣᠭ᠎ᠠ ᠲᠣᠰᠭᠣᠨ ᠬᠦᠷᠳᠡᠯ᠎ᠡ᠂ ᠡᠯ᠎ᠡ ᠭᠠᠵᠠᠷ ᠤ᠋ᠨ ᠬᠢᠨ ᠴᠥᠮ ᠦᠪᠡᠷ ᠦᠪᠡᠷ ᠤ᠋ᠨ ᠣᠨᠴᠠᠯᠢᠭ ᠲᠠᠭᠠᠨ ᠨᠡᠢᠴᠡᠭ᠌ᠰᠡᠨ ᠰᠦᠨᠢ ᠶ᠋ᠢᠨ ᠠᠵᠤ ᠠᠬᠤᠶ ᠶ᠋ᠢᠨ ᠵᠠᠭ᠍ᠪᠤᠷ ᠢ᠋ ᠪᠦᠷᠢᠯᠳᠦᠭᠦᠯᠵᠡᠶ᠃ ᠡᠯ᠎ᠡ ᠱᠠᠲᠤᠨ ᠤ᠋ ᠵᠠᠰᠠᠭ ᠤ᠋ᠨ ᠣᠷᠳᠣᠨ ᠡᠴᠡ ᠰᠦᠨᠢ ᠶ᠋ᠢᠨ ᠠᠵᠤ ᠠᠬᠤᠶ ᠶ᠋ᠢ ᠡᠳᠦᠷ ᠢᠷᠡᠬᠦᠶ᠎ᠡ ᠴᠢᠬᠤᠯᠠᠴᠢᠯᠠᠬᠤ ᠶ᠋ᠢ ᠳᠠᠭᠠᠯᠳᠤᠨ ᠮᠠᠨ ᠤ᠋ ᠣᠷᠣᠨ ᠤ᠋ ᠰᠦᠨᠢ ᠵᠢᠨ ᠵᠢᠭᠤᠯᠴᠢᠯᠠᠯ ᠤ᠋ᠨ ᠦᠶ᠋ᠯᠡᠳᠬᠦᠨ ᠴᠦ᠍ ᠤᠯᠠᠮ ᠡᠴᠡ ᠤᠯᠠᠮ ᠪᠠᠶᠠᠯᠢᠭ᠍ᠵᠢᠨ ᠣᠯᠠᠨ ᠡᠱᠢᠵᠢᠵᠦ᠍᠂ ᠵᠤᠰᠠᠭᠠᠯ ᠤ᠋ᠨ ᠴᠡᠴᠡᠷᠯᠢᠭ᠂ ᠤᠰᠤᠨ ᠳᠡᠭᠡᠷᠡᠬᠢ ᠵᠤᠭ᠎ᠠ ᠴᠡᠩᠭᠡᠯ ᠤ᠋ᠨ ᠲᠣᠭ᠍ᠯᠠᠯᠲᠠ᠂ ᠦᠩᠬᠡᠳᠦ ᠳ᠋ᠧᠩ ᠤ᠋ᠨ ᠦᠵᠡᠭᠦᠯᠭᠡ᠂ ᠦᠵᠡᠰᠭᠦᠯᠡᠩ ᠤ᠋ᠨ ᠣᠷᠳᠣᠨ ᠤ᠋ ᠭᠠᠢᠬᠠᠮᠱᠢᠭ᠍ᠲᠤ ᠰᠥᠨᠢ ᠵᠡᠷᠭᠡ ᠣᠯᠠᠨ ᠵᠦᠶ᠋ᠯ ᠤ᠋ᠨ ᠡᠵᠡᠩᠨᠡᠯᠲᠡ ᠶ᠋ᠢᠨ ᠬᠡᠯᠪᠡᠷᠢ ᠢᠯᠡᠷᠡᠨ ᠭᠠᠷᠤᠭᠰᠠᠨ ᠪᠠᠢᠨ᠎ᠠ᠃
ᠨᠢᠳᠤᠨᠤᠨ ᠬᠥᠬᠡᠬᠣᠲᠠ ᠶ᠋ᠢᠨ ᠰᠠᠶ ᠱᠠᠩ ᠬᠠᠭᠤᠴᠢᠨ ᠵᠡᠭᠡᠯᠢ᠂ ᠤᠷᠳᠤᠰ ᠬᠤᠳᠠ ᠶ᠋ᠢᠨ ᠬᠢᠶ᠎ᠠ ᠪᠠᠭ᠍ᠰᠢ ᠲᠣᠭᠣᠷᠢᠭ ᠤ᠋ᠨ ᠤᠯᠠᠭᠠᠨᠮᠦ᠋ᠷᠡᠨ ᠰᠣᠶᠣᠯ ᠵᠢᠭᠤᠯᠴᠢᠯᠠᠯ ᠤ᠋ᠨ ᠵᠡᠭᠡᠯᠢ᠂ ᠮᠠᠨᠵᠤᠤᠷ ᠬᠤᠳᠠ ᠳ᠋ᠡᠬᠢ ᠳᠤᠮᠳᠠᠳᠤ ᠤᠷᠤᠰ ᠤ᠋ᠨ ᠬᠢᠯᠢ ᠶ᠋ᠢᠨ ᠵᠢᠭᠤᠯᠴᠢᠯᠠᠯ ᠤ᠋ᠨ ᠣᠷᠣᠨ ᠤ᠋ ᠬᠡᠦᠬᠡᠯᠳᠡᠢ ᠶ᠋ᠢᠨ ᠦᠵᠡᠮᠵᠢ ᠶ᠋ᠢᠨ ᠣᠷᠣᠨ ᠵᠡᠷᠭᠡ 3 ᠲᠦᠷᠦᠯ ᠵᠦᠢᠯ ᠨᠢ ᠨᠢᠭᠡᠳᠦᠭᠡᠷ ᠪᠦᠯᠦᠭ ᠤ᠋ᠨ ᠤᠯᠤᠰ ᠤ᠋ᠨ ᠲᠡᠰ ᠤ᠋ᠨ ᠰᠥᠨᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠲᠥᠪᠯᠡᠷᠡᠭ᠌ᠰᠡᠨ ᠭᠠᠵᠠᠷ ᠤ᠋ᠨ ᠨᠡᠷᠡᠰ ᠲᠦ᠍ ᠰᠣᠩᠭᠣᠭ᠍ᠳᠠᠪᠠ᠃
ᠳ᠋ᠧᠩ ᠤ᠋ᠨ ᠭᠡᠷᠡᠯ ᠲᠤᠧᠠᠯᠠᠪᠠᠯ ᠵᠢᠭᠤᠯᠴᠢᠯᠠᠯ ᠤ᠋ᠨ ᠦᠷ᠎ᠠ ᠠᠰᠢᠭ ᠤᠨᠳᠤᠷᠤᠨ᠎ᠠ᠃ ᠰᠦᠨᠢ ᠵᠢᠨ ᠠᠵᠤ ᠠᠬᠤᠢ ᠵᠢ ᠬᠡᠷᠬᠢᠨ ᠨᠠᠩ ᠴᠢᠨᠠᠷ ᠰᠠᠢᠲᠠᠶ ᠬᠦᠭᠵᠢᠬᠦᠯᠬᠦ ᠪᠣᠶ? ᠥᠪᠡᠷᠲᠡᠭᠡᠨ ᠵᠠᠰᠠᠬᠤ ᠣᠷᠣᠨ ᠤ᠋ ᠬᠣᠷᠸ᠎ᠠ ᠠᠵᠤ ᠠᠬᠤᠶ ᠶ᠋ᠢᠨ ᠰᠤᠳᠤᠯᠭᠠᠨ ᠤ᠋ ᠲᠥᠪ ᠤ᠋ᠨ ᠳᠡᠭᠡᠳᠦ ᠵᠡᠷᠭᠡ ᠶ᠋ᠢᠨ ᠠᠵᠤ ᠠᠬᠤᠢᠴᠢ ᠼᠤᠤ ᠶᠦᠩ ᠫᠢᠩ᠄ 《ᠰᠦᠨᠢ ᠶ᠋ᠢᠨ ᠠᠵᠤ ᠠᠬᠤᠶ ᠶ᠋ᠢ ᠬᠥᠭ᠌ᠵᠢᠭᠦᠯᠬᠦ᠌ ᠳ᠋ᠤ ᠲᠣᠰ ᠭᠠᠵᠠᠷ ᠤ᠋ᠨ ᠣᠨᠴᠠᠯᠢᠭ᠍ᠲᠤ ᠡᠬᠢ ᠪᠠᠶᠠᠯᠢᠭ ᠢ᠋ ᠭᠦᠶ᠋ᠴᠡᠳ ᠠᠭᠤᠳᠠᠯᠵᠤ᠂ ᠲᠡᠭᠦᠨ ᠳ᠋ᠤ ᠨᠠᠩ ᠣᠯᠠᠨ ᠰᠣᠶᠣᠯ ᠤ᠋ᠨ ᠠᠭᠤᠯᠤᠭ᠍ᠳᠠᠬᠤᠨ ᠪᠠ ᠣᠲᠣ ᠦᠶ᠎ᠡ ᠶ᠋ᠢᠨ ᠡᠯᠧᠮᠧᠨ᠋ᠲ ᠤᠷᠤᠭᠤᠯᠵᠦ᠂ ᠨᠢᠭᠡ ᠪᠦᠯᠦᠭ ᠴᠢᠨᠠᠷ ᠰᠠᠢᠲᠠᠶ ᠵᠢᠭᠤᠯᠴᠢᠯᠠᠯ ᠤ᠋ᠨ ᠬᠠᠷᠠᠯᠳᠠᠳᠤ ᠤᠷᠤᠨ ᠢ᠋ ᠴᠢᠷᠮᠠᠢᠨ ᠪᠣᠶ ᠪᠣᠯᠭᠠᠬᠤ ᠬᠡᠷᠡᠭ᠌ᠲᠡᠶ》 ᠭᠡᠵᠤ ᠶᠠᠷᠢᠯ᠎ᠠ᠃ ᠼᠤᠤ ᠶᠦᠩ ᠫᠢᠩ ᠤ᠋ᠨ ᠦᠵᠡᠬᠦ᠌ ᠪᠡᠷ᠂ ᠰᠦᠨᠢ ᠶ᠋ᠢᠨ ᠠᠵᠤ ᠠᠬᠤᠶ ᠪᠣᠯ ᠨᠢᠭᠡ ᠵᠦᠶ᠋ᠯ ᠤ᠋ᠨ ᠨᠡᠢᠯᠡᠮᠡᠯ ᠠᠵᠤ ᠠᠬᠤᠶ ᠮᠥᠨ᠂ ᠲᠡᠭᠦᠨ ᠳ᠋ᠤ ᠠᠭᠤᠯᠤᠭ᠍ᠳᠠᠬᠤ ᠬᠡᠷᠡᠭ᠌ᠯᠡᠭᠡ ᠵᠢᠨ ᠡᠯᠧᠮᠧᠨ᠋ᠲ ᠮᠠᠰᠢ ᠣᠯᠠᠨ ᠪᠠᠢᠳᠠᠭ᠃ ᠡᠬᠦᠨ ᠳ᠋ᠤ ᠰᠣᠶᠣᠯ ᠤ᠋ᠨ ᠡᠯᠧᠮᠧᠨ᠋ᠲᠲᠤᠯᠭᠠᠭᠤᠷᠢ ᠪᠤᠯᠵᠤ ᠪᠠᠢᠳᠠᠭ᠂ ᠬᠡᠷᠪᠡ ᠲᠣᠰ ᠭᠠᠵᠠᠷ ᠣᠷᠣᠨ ᠤ᠋ ᠰᠣᠶᠣᠯ ᠤ᠋ᠨ ᠣᠨᠴᠠᠯᠢᠭ ᠵᠢᠡᠷ ᠳᠤᠲᠠᠮᠠᠭ ᠪᠣᠯᠪᠠᠯ ᠬᠦᠭᠵᠢᠯᠳᠡ ᠵᠢᠨ ᠠᠮᠢᠨ ᠰᠦᠨᠡᠰᠦ ᠪᠠᠨ ᠠᠯᠳᠠᠬᠤ ᠪᠣᠯᠤᠨ᠎ᠠ᠃
ᠡᠨᠡ ᠵᠢᠯ᠂ ᠮᠠᠨ ᠤ᠋ ᠣᠷᠣᠨ ᠰᠦᠨᠢ ᠶ᠋ᠢᠨ ᠠᠵᠤ ᠠᠬᠤᠶ ᠶ᠋ᠢ ᠬᠦᠭᠵᠢᠬᠦᠯᠬᠦ ᠶ᠋ᠢᠨ ᠬᠠᠮᠲᠤ ᠲᠡᠭᠦᠨ ᠳ᠋ᠤ ᠰᠣᠶᠣᠯ ᠤ᠋ᠨ ᠠᠭᠤᠯᠤᠭ᠍ᠳᠠᠬᠤᠨ ᠣᠷᠣᠭᠤᠯᠬᠤ ᠶ᠋ᠢ ᠨᠠᠩ ᠴᠢᠬᠤᠯᠠᠴᠢᠯᠠᠵᠤ᠂ ᠥᠪᠥᠷ ᠮᠣᠩᠭᠣᠯ ᠤ᠋ᠨ ᠰᠦᠨᠢ ᠶ᠋ᠢᠨ ᠵᠢᠭᠤᠯᠴᠢᠯᠠᠯ ᠢ᠋《ᠭᠤᠸᠠᠯᠢᠭᠵᠢᠭᠤᠯᠵᠤ》᠂ 《ᠭᠣᠶᠣᠵᠢᠭᠤᠯᠵᠤ》 ᠪᠠᠢᠭᠰᠠᠨ ᠡᠴᠡ ᠪᠠᠨ 《ᠰᠣᠶᠣᠯ ᠤ᠋ᠨ ᠠᠭᠤᠯᠤᠭᠳᠠᠬᠤᠨ ᠲᠠᠢ》 ᠪᠣᠯᠭᠠᠵᠤ᠂ ᠲᠠᠰ ᠳᠡᠪᠱᠢᠭᠦᠯᠬᠦ᠌ᠶ᠋ᠢ ᠪᠡᠶᠡᠯᠡᠭᠦᠯᠵᠤ ᠪᠠᠢᠨ᠎ᠠ᠃
1 ᠰᠠᠷ᠎ᠠ ᠶ᠋ᠢᠨ ᠰᠡᠭᠦᠯᠴᠢ ᠪᠡᠷ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠠᠩᠬᠠᠳᠠᠭ᠍ᠴᠢ ᠰᠦᠨᠢ ᠶ᠋ᠢᠨ ᠰᠣᠶᠣᠯ ᠪᠠ ᠵᠢᠭᠤᠯᠴᠢᠯᠠᠯ ᠤ᠋ᠨ ᠬᠡᠷᠡᠭ᠌ᠯᠡᠭᠡ ᠲᠥᠪᠯᠡᠷᠡᠭ᠌ᠰᠡᠨ ᠭᠠᠵᠠᠷ ᠢ᠋ ᠲᠣᠭ᠍ᠲᠠᠭᠠᠵᠤ᠂ ᠡᠨᠡ ᠬᠦ᠌ ᠨᠡᠷᠡᠰ ᠤ᠋ᠨ ᠵᠢᠭ᠍ᠰᠠᠭᠠᠯᠲᠠ ᠳ᠋ᠤ ᠬᠥᠬᠡᠬᠣᠲᠠ ᠶ᠋ᠢᠨ ᠣᠪᠣᠭ᠎ᠠ ᠲᠣᠰᠭᠣᠨ ᠤ᠋ ᠰᠦᠨᠢ ᠵᠢᠨ ᠰᠤᠶᠤᠯ ᠵᠢᠭᠤᠯᠴᠢᠯᠠᠯ ᠤ᠋ᠨ ᠬᠡᠷᠡᠭᠯᠡᠭᠡ ᠲᠦᠪᠯᠡᠷᠡᠭᠰᠡᠨ ᠭᠠᠵᠠᠷ᠂ ᠪᠤᠭᠤᠲᠤ ᠬᠣᠲᠠ ᠶ᠋ᠢᠨ ᠰᠠᠢᠬᠠᠨᠲᠠᠯᠠ ᠬᠣᠲᠠ ᠵᠢᠨ ᠳᠤᠮᠳᠠᠬᠢ ᠲᠠᠯ᠎ᠠ ᠨᠤᠲᠤᠭ ᠤ᠋ᠨ ᠰᠣᠶᠣᠯ ᠵᠢᠭᠤᠯᠴᠢᠯᠠᠯ ᠤ᠋ᠨ ᠲᠥᠪ᠂ ᠬᠢᠩᠭᠠᠨ ᠠᠢᠮᠠᠭ ᠤ᠋ᠨ ᠷᠠᠱᠢᠶᠠᠨ ᠬᠣᠲᠠ ᠶ᠋ᠢᠨ ᠬᠠᠯᠠᠭᠤᠨ ᠷᠠᠱᠢᠶᠠᠨ ᠵᠡᠭᠡᠯᠢ ᠶ᠋ᠢᠨ ᠰᠣᠶᠣᠯ ᠵᠢᠭᠤᠯᠴᠢᠯᠠᠯ ᠤ᠋ᠨ ᠵᠡᠭᠡᠯᠢ ᠲᠣᠭᠣᠷᠢᠭ᠂ ᠤᠯᠠᠭᠠᠨᠬᠠᠳᠠ ᠬᠣᠲᠠ ᠶ᠋ᠢᠨ ᠬᠤᠩᠱᠠᠨ ᠲᠣᠭᠣᠷᠢᠭ ᠤ᠋ᠨ ᠱᠢᠨᠬᠤᠸᠠ ᠶᠠᠪᠠᠭᠠᠨ ᠵᠡᠭᠡᠯᠢ ᠶ᠋ᠢᠨ ᠰᠣᠶᠣᠯ ᠵᠢᠭᠤᠯᠴᠢᠯᠠᠯ ᠤ᠋ᠨ ᠲᠥᠪᠯᠡᠷᠡᠭ᠌ᠰᠡᠨ ᠭᠠᠵᠠᠷ᠂ ᠣᠷᠳᠣᠰ ᠤ᠋ᠨ ᠲᠠᠯ᠎ᠠ ᠨᠤᠲᠤᠭ ᠤ᠋ᠨ ᠲᠣᠷᠭᠠᠨ ᠵᠠᠮ ᠤ᠋ᠨ ᠰᠣᠶᠣᠯ — ᠺᠠᠩ ᠵᠧᠨ ᠦᠵᠡᠮᠵᠢ ᠶ᠋ᠢᠨ ᠣᠷᠣᠨ᠂ ᠠᠯᠠᠱᠠ ᠠᠢᠮᠠᠭ ᠤ᠋ᠨ ᠳ᠋ᠢᠩ ᠶᠤᠸᠠᠨ ᠶᠢᠩ ᠡᠷᠲᠡᠨ ᠤ᠋ ᠬᠣᠲᠠ ᠶ᠋ᠢᠨ ᠦᠳᠡᠰᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢᠨ ᠲᠥᠪᠯᠡᠷᠡᠭ᠌ᠰᠡᠨ ᠭᠠᠵᠠᠷ ᠪᠠᠭ᠍ᠲᠠᠵᠠᠢ᠃ ᠡᠳᠡᠭᠡᠷ ᠰᠦᠨᠢ ᠶ᠋ᠢᠨ ᠬᠡᠷᠡᠭ᠌ᠯᠡᠭᠡ ᠵᠢᠨ ᠵᠢᠭᠤᠯᠴᠢᠯᠠᠯ ᠤ᠋ᠨ ᠣᠷᠣᠨ ᠨᠢ ᠡᠷᠬᠢᠨ ᠲᠣᠭᠣᠷᠢᠨ ᠤ᠋ ᠠᠢᠮᠠᠭ ᠬᠤᠳᠠ ᠶ᠋ᠢ ᠨᠥᠯᠥᠭᠡᠯᠡᠨ ᠲᠠᠢᠴᠢᠯᠠᠵᠤ᠂ ᠨᠡᠩ ᠤᠯᠠᠨ ᠭᠠᠵᠠᠷ ᠣᠷᠣᠨ ᠢ᠋ ᠰᠦᠨᠢ ᠶ᠋ᠢᠨ ᠠᠵᠤ ᠠᠬᠤᠢ ᠶ᠋ᠢᠨ ᠲᠣᠭᠣᠷᠢᠭ ᠲᠦ᠍ ᠣᠷᠣᠭᠤᠯᠵᠤ᠂ ᠰᠦᠨᠢ ᠶ᠋ᠢᠨ ᠠᠵᠤ ᠠᠬᠤᠢ ᠶ᠋ᠢ ᠬᠤᠳᠠ ᠡᠴᠡ ᠬᠥᠳᠡᠭᠡ ᠲᠣᠰᠭᠣᠨ ᠳ᠋ᠤ ᠬᠦᠷᠲᠡᠯ᠎ᠡ ᠪᠦᠬᠦ᠌ ᠲᠠᠯ᠎ᠠ ᠪᠠᠷ ᠬᠦᠭᠵᠢᠬᠦᠯᠵᠦ᠂ ᠨᠡᠩ ᠤᠯᠠᠨ ᠨᠡᠭᠡᠭᠡᠯᠲᠡᠲᠦ ᠠᠷᠭ᠎ᠠ ᠬᠡᠯᠪᠡᠷᠢ ᠲᠡᠶ ᠪᠣᠯᠭᠠᠬᠤ ᠨᠢ ᠯᠠᠪᠳᠠᠢ᠃
ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠦᠪᠡᠷᠳᠡᠬᠡᠨ ᠵᠠᠰᠠᠬᠤ ᠤᠷᠤᠨ ᠤ᠋《ᠵᠢᠭᠤᠯᠴᠢᠯᠠᠯ ᠤ᠋ᠨ ᠦᠶ᠋ᠯᠡᠰ ᠤ᠋ᠨ 2022 ᠣᠨ ᠤ᠋ ᠠᠵᠢᠯᠯᠠᠭᠠᠨ ᠤ᠋ ᠲᠥᠰᠦᠯ》ᠢ᠋ ᠨᠡᠢᠲᠡᠯᠡᠵᠦ᠍᠂ 4000 ᠲᠦᠮᠡᠨ ᠲᠥᠭᠥᠷᠢᠭ ᠤ᠋ᠨ ᠪᠠᠯᠠ ᠮᠥᠩᠭᠥ᠌ ᠲᠣᠬᠢᠷᠠᠭᠤᠯᠵᠤ᠂ ᠤᠯᠤᠰ ᠤ᠋ᠨ 5A ᠲᠠᠰ ᠤ᠋ᠨ ᠵᠢᠭᠤᠯᠴᠢᠯᠠᠯ ᠤ᠋ᠨ ᠦᠵᠡᠮᠵᠢ ᠶ᠋ᠢᠨ ᠣᠷᠣᠨ᠂ ᠤᠯᠤᠰ ᠤ᠋ᠨ ᠵᠤᠭ᠎ᠠ ᠰᠡᠯᠡᠬᠦᠴᠡᠯ ᠤ᠋ᠨ ᠠᠮᠠᠷᠠᠯᠲᠠ ᠶ᠋ᠢᠨ ᠣᠷᠣᠨ ᠪᠤᠶᠤ ᠪᠡᠯᠡᠳᠭᠡᠯ ᠨᠡᠷᠡᠰ ᠲᠦ᠍ ᠵᠢᠭ᠍ᠰᠠᠭᠠᠭ᠍ᠳᠠᠭ᠍ᠰᠠᠨ ᠭᠤᠤᠯᠳᠠᠯᠭ᠎ᠠ ᠲᠠᠶ ᠵᠢᠭᠤᠯᠴᠢᠯᠠᠯ ᠤ᠋ᠨ ᠲᠥᠷᠥᠯ ᠵᠦᠶ᠋ᠯ᠂ ᠤᠯᠤᠰ ᠤ᠋ᠨ ᠪᠥᠬᠥ᠌ ᠣᠷᠣᠨ ᠪᠦᠰᠡ ᠶ᠋ᠢᠨ ᠵᠢᠭᠤᠯᠴᠢᠯᠠᠯ ᠤ᠋ᠨ ᠵᠢᠱ᠌ᠢᠶ᠎ᠡ ᠦᠵᠡᠭᠦᠯᠬᠦ᠌ ᠣᠷᠣᠨ᠂ ᠤᠯᠤᠰ ᠤ᠋ᠨ ᠲᠠᠰ ᠤ᠋ᠨ ᠵᠢᠭᠤᠯᠴᠢᠯᠠᠨ ᠴᠠᠨᠠᠯᠠᠬᠤ ᠠᠮᠠᠷᠠᠯᠲᠠ ᠶ᠋ᠢᠨ ᠭᠠᠵᠠᠷ᠂ ᠤᠯᠤᠰ ᠤ᠋ᠨ ᠲᠠᠰ ᠤ᠋ᠨ ᠵᠤᠭ᠎ᠠ ᠰᠡᠯᠡᠭᠦᠴᠡᠯ ᠤ᠋ᠨ ᠵᠡᠭᠡᠯᠢ ᠲᠣᠭᠣᠷᠢᠭ᠂ ᠤᠯᠤᠰ ᠤ᠋ᠨ ᠰᠦᠨᠢ ᠶ᠋ᠢᠨ ᠰᠣᠶᠣᠯ ᠵᠢᠭᠤᠯᠴᠢᠯᠠᠯ ᠤ᠋ᠨ ᠬᠡᠷᠡᠭ᠌ᠯᠡᠭᠡ ᠵᠢᠨ ᠲᠥᠪᠯᠡᠷᠡᠭ᠌ᠰᠡᠨ ᠭᠠᠵᠠᠷ ᠢ᠋ ᠡᠭᠦᠳᠦᠨ ᠪᠠᠢᠭᠤᠯᠬᠤ ᠳ᠋ᠤ ᠨᠢᠭᠡ ᠯᠡ ᠤᠳᠠᠭᠠᠶ᠋ᠢᠨ ᠴᠢᠨᠠᠷᠲᠠᠶ ᠪᠠᠷ ᠱᠠᠩᠨᠠᠯ ᠤᠯᠭᠤᠬᠤ ᠪᠡᠷ ᠲᠤᠭᠳᠠᠭᠰᠠᠨ ᠠᠵᠢ᠃
ᠡᠢᠨ ᠬᠦ᠌ ᠠᠯᠢ ᠤᠯᠠᠨ ᠠᠰᠢᠭᠳᠠᠢ ᠲᠦᠷᠦ᠍ᠶ᠋ᠢᠨ ᠪᠤᠳᠤᠯᠭᠠᠶ᠋ᠢᠨ ᠲᠠᠢᠴᠢᠯᠠᠯ ᠲᠤᠤᠷ᠎ᠠ᠂ ᠮᠠᠨ ᠤ᠋ ᠣᠷᠣᠨ ᠤ᠋ ᠬᠥᠳᠡᠭᠡ ᠲᠣᠰᠭᠣᠨ ᠤ᠋ ᠵᠢᠭᠤᠯᠴᠢᠯᠠᠯ ᠤ᠋ᠨ ᠦᠢᠯᠡᠰ ᠶᠠᠪᠤᠬᠤ ᠲᠤᠳᠤᠮ ᠢᠷᠠᠭᠤ ᠪᠠᠶᠠᠯᠢᠭ ᠪᠤᠯᠵᠤ᠂ ᠰᠦᠨᠢ ᠵᠢᠨ ᠠᠵᠤ ᠠᠬᠤᠢ ᠶᠠᠪᠤᠬᠤ ᠲᠤᠳᠤᠮ ᠦᠷᠨᠢᠨ ᠬᠦᠭᠵᠢᠬᠦᠨᠢ ᠯᠠᠪᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃