2022-04-24 08:57:22
4 ᠰᠠᠷ᠎ᠠ ᠵᠢᠨ 8 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠳᠠᠢᠴᠢᠯᠠᠯᠲᠠ ᠵᠢᠨ ᠶᠡᠬᠡ ᠬᠤᠷᠠᠯ ᠣᠷᠳᠣᠰ ᠬᠤᠳᠠ ᠳ᠋ᠤ ᠬᠤᠷᠠᠯᠳᠤᠪᠠ᠃ ᠲᠤᠰ ᠡᠳᠦᠷ ᠤ᠋ᠨ ᠦᠳᠡ ᠵᠢᠨ ᠡᠮᠦᠨ᠎ᠡ᠂ ᠭᠤᠤᠯ ᠬᠤᠷᠠᠯ ᠤ᠋ᠨ ᠲᠠᠯᠠᠪᠠᠢ ᠪᠤᠯᠬᠤ ᠡᠵᠡᠨ ᠬᠣᠷᠣᠭ᠎ᠠ ᠬᠣᠱᠢᠭᠤᠨ ᠤ᠋ ᠮᠸᠩ ᠰᠦ᠍ ᠠᠵᠤ ᠠᠬᠤᠶ ᠵᠢᠨ ᠨᠡᠭᠡᠭᠡᠯᠲᠡ ᠵᠢᠨ ᠲᠤᠭᠤᠷᠢᠭ ᠤ᠋ᠨ ᠪᠠᠷᠢᠯᠭ᠎ᠠ ᠵᠢᠨ ᠠᠬᠤᠢ ᠲᠠᠯᠠᠪᠠᠶ ᠳ᠋ᠦ ᠬᠡᠳᠦᠨ ᠠᠷᠪᠠᠨ ᠲᠣᠮᠣ ᠮᠠᠯᠲᠠᠭᠤᠷ ᠮᠠᠱᠢᠨ᠂ ᠱᠢᠷᠣᠶ ᠲᠦᠯᠬᠢᠬᠦ᠌ ᠮᠠᠱᠢᠨ ᠢ᠋ ᠡᠩᠨᠡᠷᠡᠭᠦᠯᠦᠨ ᠵᠤᠬᠰᠤᠭᠠᠵᠦ᠂ ᠠᠷᠪᠠᠨ ᠬᠡᠳᠦᠨ ᠲᠣᠮᠣ ᠳᠡᠯᠭᠡᠨ ᠦᠵᠡᠭᠦᠯᠬᠦ᠌ ᠬᠠᠪᠲᠠᠰᠤ ᠲᠡᠷᠢ ᠲᠡᠭ᠌ᠰᠢ ᠰᠡᠬᠦᠢᠨ ᠰᠦᠨᠳᠡᠷᠯᠡᠵᠦ᠍᠂ ᠪᠥᠬᠥ᠌ ᠣᠷᠣᠨ ᠤ᠋ 12 ᠠᠢᠮᠠᠭ ᠬᠣᠲᠠ ᠵᠢᠨ ᠴᠢᠬᠤᠯᠠ ᠶᠡᠬᠡ ᠲᠥᠷᠥᠯ ᠵᠦᠶ᠋ᠯ ᠤ᠋ᠨ ᠪᠠᠷᠢᠯᠭ᠎ᠠ ᠵᠢᠨ ᠠᠬᠤᠢ ᠲᠠᠯᠠᠪᠠᠶ ᠵᠢᠨ ᠵᠢᠷᠤᠭ ᠳᠦᠷᠰᠦ ᠲᠣᠮᠣ ᠳᠡᠯᠭᠡᠴᠡ ᠳᠡᠭᠡᠷ᠎ᠡ ᠰᠣᠯᠪᠢᠴᠠᠨ ᠢᠯᠡᠷᠡᠨ᠎ᠡ᠃
ᠥᠪᠥᠷ ᠮᠣᠩᠭᠣᠯ ᠠᠯᠤᠰ ᠬᠡᠳᠦ ᠵᠢ ᠪᠣᠳᠣᠯᠬᠢᠯᠠᠨ᠂ ᠡᠷᠡᠮᠡᠬᠡᠢᠯᠡᠨ ᠤᠷᠤᠭ᠍ᠰᠢᠯᠠᠵᠤ᠂ ᠰᠠᠢ᠌ᠨ ᠲᠦᠷᠦ ᠵᠢᠨ ᠪᠤᠳᠤᠯᠭ᠎ᠠ ᠨᠤᠭᠤᠳ ᠢ᠋ ᠬᠣᠢᠨ᠎ᠠ ᠬᠣᠢᠨ᠎ᠠ ᠡᠴᠡ ᠨᠢ ᠲᠣᠭ᠍ᠲᠠᠭᠠᠨ ᠬᠡᠷᠡᠭᠵᠢᠬᠦᠯᠵᠤ᠂ ᠲᠤᠮᠤ ᠲᠦᠷᠦᠯ ᠵᠦᠢᠯ ᠤ᠋ᠳ ᠢ᠋ ᠠᠯᠬᠤᠮ ᠠᠯᠬᠤᠮ ᠵᠢᠡᠷ ᠠᠬᠢᠭᠤᠯᠤᠨ᠂ ᠠᠵᠤ ᠦᠢᠯᠡᠳᠪᠦᠷᠢ ᠵᠢᠨ ᠬᠡᠯᠪᠡᠷᠢ ᠵᠢ ᠬᠤᠪᠢᠷᠠᠭᠤᠯᠤᠨ ᠲᠡᠰ ᠳᠡᠪᠱᠢᠭᠦᠯᠬᠦ ᠵᠢ ᠲᠦᠷᠭᠡᠳᠭᠡᠨ ᠠᠬᠢᠭᠤᠯᠵᠤ᠂ ᠠᠵᠤ ᠦᠢᠯᠡᠳᠪᠦᠷᠢ ᠵᠢᠨ ᠠᠵᠤ ᠠᠬᠤᠢ ᠵᠢᠨ ᠶᠡᠷᠦᠩᠬᠡᠢ ᠬᠡᠮᠵᠢᠢ᠎ᠡ ᠤᠳᠠᠭ᠎ᠠ ᠳᠠᠷᠠᠭᠠᠯᠠᠨ ᠨᠡᠮᠡᠭᠳᠡᠵᠦ᠍᠂ ᠴᠢᠨᠠᠷ ᠰᠠᠢᠲᠠᠢ ᠬᠥᠭ᠌ᠵᠢᠯᠲᠡ ᠭᠦᠨᠵᠡᠭᠡᠢ ᠱᠢᠪᠲᠤᠯᠤᠯᠲᠠᠲᠠᠶ ᠪᠣᠯᠵᠠᠢ᠃
2021 ᠣᠨ ᠳ᠋ᠦ᠂ ᠮᠠᠨ ᠤ᠋ ᠣᠷᠣᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠪᠠ᠄ ᠪᠥᠬᠥ᠌ ᠣᠷᠣᠨ ᠤ᠋ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠵᠢᠨ ᠠᠱᠢᠭ ᠤᠯᠵᠠᠪᠤᠷᠢ ᠵᠢᠨ ᠶᠡᠷᠦᠩᠬᠡᠶ ᠬᠡᠮᠵᠢᠶ᠎ᠡ 3000 ᠳ᠋ᠦᠩᠱᠢᠭᠤᠷ ᠲᠥᠭᠥᠷᠢᠭ ᠤ᠋ᠨ ᠪᠤᠭᠤᠮᠳᠠ ᠵᠢ ᠲᠠᠪᠠᠭᠠᠳ 3380.8 ᠳ᠋ᠦᠩᠱᠢᠭᠤᠷ ᠲᠥᠭᠥᠷᠢᠭ ᠲᠦ᠍ ᠬᠦᠷᠴᠦ᠍᠂ ᠤᠷᠵᠢᠨᠤᠨ ᠤ᠋ᠬᠢᠡᠴᠡ 148.8% ᠪᠠᠷ ᠨᠡᠮᠡᠭ᠌ᠳᠡᠵᠦ᠍᠂ ᠲᠡᠦᠬᠡ ᠵᠢᠨ ᠱᠢᠨ᠎ᠡ ᠲᠡᠮᠳᠡᠭ᠌ᠯᠡᠯ ᠢ᠋ ᠡᠭᠦᠳᠦᠭᠰᠡᠨ ᠪᠠᠢᠨ᠎ᠠ᠃
ᠣᠷᠳᠣᠰ ᠤ᠋ᠨ ᠤᠯᠤᠰ ᠤ᠋ᠨ ᠳᠡᠭᠡᠳᠦ ᠱᠢᠨ᠎ᠡ ᠮᠡᠷᠭᠡᠵᠢᠯ ᠤ᠋ᠨ ᠨᠡᠭᠡᠭᠡᠯᠲᠡ ᠵᠢᠨ ᠣᠷᠣᠨ ᠤ᠋ ᠱᠠᠩ ᠳ᠋ᠧ ᠠᠶ ᠺᠠᠩ ᠡᠮ ᠤ᠋ᠨ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠨ ᠥᠮᠡᠨᠢ ᠳᠠᠷᠤᠬᠤ ᠡᠮ ᠰᠤᠳᠤᠯᠤᠨ ᠨᠡᠭᠡᠭᠡᠬᠦ᠌ ᠵᠢᠴᠢ ᠲᠤᠷᠱᠢᠯᠲᠠ ᠵᠢᠨ ᠰᠠᠭᠤᠷᠢᠨ ᠳ᠋ᠤ ᠦᠶ᠋ᠯᠡᠳᠪᠦᠷᠢᠯᠡᠯ ᠤ᠋ᠨ ᠬᠣᠭᠣᠯᠠᠶ ᠡᠴᠡ ᠭᠠᠷᠴᠦ ᠢᠷᠡᠭᠰᠡᠨ ᠵᠢᠵᠢᠭ ᠬᠤᠮᠵᠢᠶ᠎ᠠ ᠨᠤᠭᠤᠳ ᠢ᠋ ᠯᠣᠩᠬᠣᠨ ᠳ᠋ᠦ ᠰᠠᠪᠠᠯᠠᠨ᠎ᠠ᠃ 《ᠺᠣᠮᠫᠠᠨᠢ ᠵᠢᠨ ᠭᠤᠤᠯᠯᠠᠬᠤ ᠦᠶ᠋ᠯᠡᠳᠬᠦᠨ ACT001 ᠤᠤᠯ ᠨᠢ ᠤᠯᠤᠰ ᠤ᠋ᠨ 〈ᠠᠷᠪᠠᠨ ᠬᠣᠶᠠᠳᠤᠭᠠᠷ ᠲᠠᠪᠤᠨ ᠵᠢᠯ〉᠂ 〈ᠠᠷᠪᠠᠨ ᠭᠤᠷᠪᠠᠳᠤᠭᠠᠷ ᠲᠠᠪᠤᠨ ᠵᠢᠯ〉 ᠤ᠋ᠨ ᠱᠢᠨ᠎ᠡ ᠡᠮ ᠡᠭᠦᠳᠦᠨ ᠦᠶ᠋ᠯᠡᠳᠬᠦ᠌ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠴᠢᠬᠤᠯᠠ ᠶᠡᠬᠡ ᠲᠤᠰᠭᠠᠶ ᠲᠦᠷᠦᠯ ᠤ᠋ᠨ ᠳᠡᠮᠵᠢᠯᠭᠡ ᠵᠢ ᠣᠯᠵᠤ᠂ ᠠᠭᠤᠰᠭᠢ ᠱᠢᠷᠬᠡᠭ᠌ᠵᠢᠬᠦ ᠵᠢ ᠵᠠᠰᠠᠬᠤ ᠵᠢᠴᠢ ᠬᠠᠮ ᠰᠠᠴᠤᠷᠠᠭ ᠵᠠᠰᠠᠯ ᠵᠢᠡᠷ ᠲᠠᠷᠢᠬᠢᠨ ᠤ᠋ ᠬᠠᠪᠤᠳᠠᠷ ᠢ᠋ ᠵᠠᠰᠠᠬᠤ ᠲᠠᠯ᠎ᠠ ᠪᠠᠷ ᠶᠠᠭ ᠡᠮᠴᠢᠯᠡᠭᠡᠨ ᠤ᠋ ᠬᠣᠶᠠᠳᠤᠭᠠᠷ ᠬᠤᠭᠤᠴᠠᠭᠠᠨ ᠤ᠋ ᠲᠤᠷᠱᠢᠯᠲᠠ ᠬᠢᠵᠦ᠍᠂ ᠨᠢᠭᠡᠨᠲᠡ ᠨᠡᠯᠢᠶᠡᠳ ᠰᠠᠢᠨ ᠲᠤᠷᠱᠢᠯᠲᠠ ᠵᠢᠨ ᠲᠣᠭ᠎ᠠ ᠪᠠᠷᠢᠮᠲᠠ ᠵᠢ ᠣᠯᠤᠭ᠍ᠰᠠᠨ ᠪᠠᠢᠨ᠎ᠠ》 ᠭᠡᠵᠦ᠍ ᠱᠠᠩ ᠳ᠋ᠧ ᠠᠶ ᠺᠠᠩ ᠡᠮ ᠤ᠋ᠨ ᠦᠶ᠋ᠯᠡᠰ ᠤ᠋ᠨ ᠺᠤᠮᠫᠠᠨᠢ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠬᠡᠯᠡᠨ᠎ᠠ᠃
ᠠᠵᠤ ᠠᠬᠤᠢ ᠵᠢᠨ ᠬᠥᠭ᠌ᠵᠢᠯᠲᠡ ᠵᠢᠨ ᠠᠷᠭ᠎ᠠ ᠬᠡᠯᠪᠡᠷᠢ ᠵᠢ ᠬᠦᠴᠦᠯᠡᠨ ᠬᠤᠪᠢᠷᠠᠭᠤᠯᠵᠤ᠂ ᠪᠦᠬᠦ᠌ ᠬᠦᠴᠦᠨ ᠵᠢᠡᠷ ᠵᠢᠡᠨ ᠪᠦᠲᠦᠴᠡ ᠵᠢ ᠲᠤᠬᠢᠷᠠᠭᠤᠯᠤᠨ ᠶᠠᠰᠤ ᠴᠢᠨᠠᠷ ᠢ᠋ ᠳᠡᠭᠡᠭ᠌ᠰᠢᠯᠡᠭᠦᠯᠤᠨᠠ᠃ ᠠᠮᠢ ᠠᠬᠤᠶ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ ᠵᠢᠡᠷ ᠵᠠᠮᠨᠠᠬᠤ ᠬᠤᠰᠢᠭᠤᠴᠢ ᠤᠷᠤᠨ ᠢ᠋ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ ᠵᠢᠨ ᠪᠠᠢᠷᠢ ᠲᠣᠭ᠍ᠲᠠᠭᠠᠯᠲᠠ ᠵᠢᠨ ᠲᠣᠭᠣᠷᠢᠨ ᠳ᠋ᠦ᠂ ᠣᠷᠳᠣᠰ ᠬᠣᠲᠠ ᠲᠣᠮᠣ ᠬᠡᠯᠪᠡᠷᠢ ᠵᠢᠨ ᠰᠠᠯᠬᠢᠨ ᠬᠦᠴᠦᠨ ᠤ᠋ ᠴᠠᠬᠢᠯᠭᠠᠨ ᠤ᠋ ᠬᠡᠷᠡᠯᠴᠢ ᠴᠡᠨᠡᠭ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠪᠠᠷ ᠲᠤᠯᠭᠠᠭᠤᠷᠢᠯᠠᠯ ᠪᠣᠯᠭᠠᠨ᠂ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ ᠤ᠋ ᠱᠢᠰᠲ᠋ᠧᠮ ᠤ᠋ᠨ ᠪᠦᠲᠦᠬᠡᠨ ᠪᠠᠢᠭᠤᠯᠤᠯᠲᠠ ᠪᠠᠷ ᠪᠠᠲᠤᠯᠠᠭ᠎ᠠ ᠪᠣᠯᠭᠠᠵᠤ᠂ ᠡᠨᠧᠷᠭᠢ ᠵᠢᠨ ᠦᠶ᠋ᠯᠡᠳᠪᠦᠷᠢᠯᠡᠯ ᠬᠠᠩᠭᠠᠯᠭ᠎ᠠ᠂ ᠡᠨᠧᠷᠭᠢ ᠵᠢᠨ ᠬᠡᠯᠪᠡᠷᠢ ᠵᠢ ᠬᠤᠪᠢᠷᠠᠭᠤᠯᠤᠨ ᠱᠢᠨ᠎ᠡ ᠵᠢ ᠡᠭᠦᠳᠬᠦ᠌᠂ ᠡᠨᠧᠷᠭᠢ ᠵᠢᠨ ᠮᠠᠰᠢᠨ ᠲᠣᠨᠣᠭ᠍ᠯᠠᠯ ᠦᠶ᠋ᠯᠡᠳᠬᠦ᠌᠂ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ᠂ ᠣᠲᠣ ᠦᠶ᠎ᠡ ᠵᠢᠨ ᠡᠨᠧᠷᠭᠢ ᠵᠢᠨ ᠬᠠᠮᠵᠢᠯᠴᠠᠨ ᠵᠢᠱ᠌ᠢᠶ᠎ᠡ ᠦᠵᠡᠭᠦᠯᠬᠦ᠌ 《ᠲᠠᠪᠤᠨ ᠥᠯᠢᠭᠡᠷ ᠬᠡᠪ》 ᠢ᠋ ᠪᠣᠶ ᠪᠣᠯᠭᠠᠵᠤ᠂ ᠤᠯᠤᠰ ᠤ᠋ᠨ ᠣᠲᠣ ᠦᠶ᠎ᠡ ᠵᠢᠨ ᠡᠨᠧᠷᠭᠢ ᠵᠢᠨ ᠠᠵᠤ ᠦᠶ᠋ᠯᠡᠰ ᠤ᠋ᠨ ᠰᠠᠭᠤᠷᠢᠨ ᠢ᠋ ᠴᠢᠨᠠᠷ ᠰᠠᠢᠲᠠᠶ ᠴᠣᠭ᠍ᠴᠠᠯᠠᠵᠤ ᠪᠠᠢᠨ᠎ᠠ᠃
ᠪᠦᠲᠦᠴᠡ ᠵᠢ ᠲᠣᠬᠢᠷᠠᠭᠤᠯᠬᠤ᠂ ᠬᠥᠳᠡᠯᠭᠡᠬᠦ᠌ ᠴᠢᠳᠠᠪᠤᠷᠢ ᠵᠢ ᠪᠣᠢᠵᠢᠭᠤᠯᠬᠤ ᠨᠢ 2021 ᠣᠨ ᠤ᠋ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠬᠠᠯᠠᠮᠱᠢᠯ ᠦᠭᠡ ᠪᠣᠯᠪᠠ ᠃ ᠠᠵᠤ ᠦᠢᠯᠡᠳᠪᠦᠷᠢ ᠵᠢᠨ ᠬᠠᠩᠭᠠᠯᠭ᠎ᠠ ᠵᠢᠨ ᠪᠦᠲᠦᠴᠡ ᠵᠢ ᠱᠢᠯᠢᠳᠡᠭ᠌ᠵᠢᠭᠦᠯᠵᠦ᠍᠂ ᠠᠵᠤ ᠦᠢᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠪᠠᠢᠷᠢᠯᠠᠭᠤᠯᠤᠯᠳᠠ ᠢ᠋ᠢ ᠡᠮᠬᠢᠯᠡᠨ ᠨᠡᠢᠯᠡᠭᠦᠯᠵᠦ᠍ ᠱᠢᠯᠢᠳᠡᠭ᠌ᠵᠢᠭᠦᠯᠦᠨ᠂ ᠪᠦᠬᠦ᠌ ᠣᠷᠣᠨ ᠤ᠋ ᠬᠦᠷᠢᠶᠡᠯᠡᠩ ᠲᠣᠭᠣᠷᠢᠭ ᠤ᠋ᠨ ᠲᠣᠭ᠎ᠠ ᠵᠢ 112 ᠪᠠᠢᠭᠰᠠᠨ ᠡᠴᠡ 56 ᠪᠣᠯᠭᠠᠨ ᠲᠣᠬᠢᠷᠠᠭᠤᠯᠵᠤ᠂ ᠮᠦ᠍ ᠳᠤᠮᠳᠠᠴᠢ ᠵᠢᠨ ᠦᠢᠯᠡᠳᠬᠦᠨ ᠤ᠋ ᠥᠷᠲᠡᠭ ᠢ᠋ 52 ᠲᠦᠮᠡᠨ ᠲᠥᠭᠥᠷᠢᠭ ᠪᠠᠢᠭᠰᠠᠨ ᠡᠴᠡ 55 ᠲᠦᠮᠡᠨ ᠲᠥᠭᠥᠷᠢᠭ ᠪᠣᠯᠭᠠᠨ ᠳᠡᠭᠡᠭ᠌ᠰᠢᠯᠡᠭᠦᠯᠪᠡ᠃
ᠠᠵᠤ ᠦᠶ᠋ᠯᠡᠰ ᠤ᠋ᠨ ᠬᠠᠭᠤᠴᠢᠨ ᠢ᠋ ᠥᠭᠡᠷᠡᠴᠢᠯᠡᠨ ᠱᠢᠨ᠎ᠡ ᠵᠢ ᠪᠣᠢᠵᠢᠭᠤᠯᠬᠤ ᠠᠯᠬᠤᠴᠠ ᠵᠢ ᠲᠦᠷᠭᠡᠳᠭᠡᠵᠦ᠍᠂ ᠶᠤᠸᠠᠨ ᠵᠢᠩ ᠵᠡᠷᠭᠡ 15 ᠳᠠᠭᠠᠭᠤᠯᠤᠭᠴᠢ ᠠᠵᠤ ᠠᠬᠤᠢᠯᠠᠯ ᠢ᠋ ᠣᠷᠣᠭᠤᠯᠤᠨ ᠠᠪᠴᠢᠷᠠᠵᠠᠢ ᠃ 2021 ᠣᠨ ᠳ᠋ᠦ᠂ ᠪᠥᠬᠥ᠌ ᠤᠷᠤᠨ ᠵᠢᠡᠷ ᠵᠢᠡᠨ ᠳᠡᠭᠡᠳᠦ ᠱᠢᠨ᠎ᠡ ᠮᠡᠷᠭᠡᠵᠢᠯ ᠤ᠋ᠨ 24 ᠲᠥᠷᠥᠯ ᠵᠦᠶ᠋ᠯ ᠢ᠋ ᠪᠠᠷᠢᠯᠭ᠎ᠠ ᠳᠠᠭᠤᠰᠭᠠᠵᠤ᠂ ᠦᠶ᠋ᠯᠡᠳᠪᠦᠷᠢᠯᠡᠬᠦ᠌ ᠴᠢᠳᠠᠪᠤᠷᠢ ᠵᠢ 85.5 ᠲᠦᠮᠡᠨ ᠲᠣᠨ ᠱᠢᠨ᠎ᠡ ᠪᠡᠷ ᠨᠡᠮᠡᠭ᠌ᠳᠡᠭᠦᠯᠵᠦ᠍᠂ ᠦᠶ᠋ᠯᠡᠳᠬᠦ᠌ ᠦᠶ᠋ᠯᠡᠰ᠂ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠲᠣᠰ ᠲᠣᠰ 11.3% ᠪᠠ 22.4% ᠪᠠᠷ ᠨᠡᠮᠡᠭ᠌ᠳᠡᠪᠡ᠃
ᠦᠢᠯᠡᠳᠬᠦ᠌ᠦᠢᠯᠡᠰ ᠢ᠋ ᠳᠡᠭᠡᠳᠦ ᠲᠡᠰᠵᠢᠬᠦᠯᠬᠦ᠌᠂ ᠤᠶᠤᠨᠴᠢᠯᠠᠬᠤ᠂ ᠪᠣᠬᠢᠷᠲᠤᠯ ᠦᠬᠡᠢ ᠪᠤᠯᠭᠠᠨ ᠬᠦᠭᠵᠢᠬᠦᠯᠬᠦ ᠥᠭᠡᠷᠡᠴᠢᠯᠡᠯᠲᠡ ᠵᠢ ᠲᠦᠷᠭᠡᠳᠭᠡᠵᠦ᠍᠂ ᠱᠢᠨ᠎ᠡ ᠡᠨᠧᠷᠭᠢ ᠵᠢ ᠬᠥᠭ᠌ᠵᠢᠭᠦᠯᠬᠦ᠌ ᠪᠡᠷ ᠠᠵᠠ ᠲᠣᠬᠢᠶᠠᠯ ᠪᠣᠯᠭᠠᠨ ᠮᠠᠰᠢᠨ ᠲᠣᠨᠣᠭ᠍ᠯᠠᠯ ᠦᠢᠯᠡᠳᠬᠦ᠌ ᠦᠢᠯᠡᠰ ᠢ᠋ ᠪᠤᠵᠠᠭᠠᠢᠷᠠᠭᠤᠯᠤᠨ ᠬᠦᠴᠦᠷᠬᠡᠭ᠌ᠵᠢᠭᠦᠯᠪᠡ᠃ 2021 ᠣᠨ ᠳ᠋ᠦ ᠮᠠᠰᠢᠨ ᠲᠣᠨᠣᠭ᠍ᠯᠠᠯ ᠦᠶ᠋ᠯᠡᠳᠬᠦ᠌ 15 ᠲᠥᠷᠥᠯ ᠵᠦᠶ᠋ᠯ ᠢ᠋ ᠱᠢᠨ᠎ᠡ ᠪᠡᠷ ᠪᠠᠷᠢᠯᠭ᠎ᠠ ᠡᠬᠢᠯᠡᠭᠦᠯᠵᠦ᠍᠂ ᠪᠥᠬᠥ᠌ ᠵᠢᠯ ᠳ᠋ᠤ ᠮᠠᠰᠢᠨ ᠲᠣᠨᠣᠭ᠍ᠯᠠᠯ ᠦᠶ᠋ᠯᠡᠳᠬᠦ᠌ 7 ᠲᠥᠷᠥᠯ ᠵᠦᠶ᠋ᠯ ᠢ᠋ ᠪᠠᠷᠢᠯᠭ᠎ᠠ ᠳᠠᠭᠤᠰᠭᠠᠨ᠂ 7 ᠲᠦᠮᠡᠨ ᠰᠠᠭᠤᠷᠢ ᠢᠵᠢ ᠵᠢᠨ ᠦᠶ᠋ᠯᠡᠳᠪᠦᠷᠢᠯᠡᠬᠦ᠌ ᠴᠢᠳᠠᠪᠤᠷᠢ ᠵᠢ ᠱᠢᠨ᠎ᠡ ᠪᠡᠷ ᠨᠡᠮᠡᠭ᠌ᠳᠡᠭᠦᠯᠪᠡ; ᠪᠥᠬᠥ᠌ ᠵᠢᠯ ᠳ᠋ᠤ ᠳᠡᠭᠡᠳᠦ ᠱᠢᠨ᠎ᠡ ᠮᠡᠷᠭᠡᠵᠢᠯ ᠤ᠋ᠨ ᠲᠥᠷᠥᠯ ᠵᠦᠶ᠋ᠯ ᠢ᠋ 24 ᠪᠦᠲᠦᠬᠡᠨ ᠪᠠᠢᠭᠤᠯᠵᠤ ᠳᠠᠭᠤᠰᠬᠠᠨ᠂ ᠦᠶ᠋ᠯᠡᠳᠪᠦᠷᠢᠯᠡᠬᠦ᠌ ᠴᠢᠳᠠᠪᠤᠷᠢ ᠵᠢ 85.5 ᠲᠦᠮᠡᠨ ᠲᠣᠨ ᠱᠢᠨ᠎ᠡ ᠪᠡᠷ ᠨᠡᠮᠡᠭ᠌ᠳᠡᠭᠦᠯᠪᠡ᠃
ᠠᠮᠢ ᠠᠬᠤᠶ ᠵᠢ ᠤᠷᠢᠳ ᠵᠢᠡᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠡᠨᠡ ᠬᠦ᠌ ᠢᠯᠡ ᠲᠣᠳᠣ ᠤᠳᠤᠷᠢᠳᠤᠮᠵᠢ ᠵᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢ ᠪᠠᠭᠠᠰᠭᠠᠨ᠂ ᠪᠣᠬᠢᠷᠲᠤᠯ ᠢ᠋ ᠪᠠᠭᠠᠰᠭᠠᠵᠦ᠂ ᠨᠣᠭᠣᠭᠠᠷᠠᠭᠤᠯᠤᠯᠲᠠ ᠵᠢ ᠥᠷᠭᠡᠳᠭᠡᠨ᠂ ᠨᠡᠮᠡᠭ᠌ᠳᠡᠯ ᠢ᠋ ᠬᠠᠮᠵᠢᠯᠴᠠᠨ ᠠᠬᠢᠭᠤᠯᠵᠠᠢ ᠃ 2021 ᠣᠨ ᠡᠴᠡ ᠡᠬᠢᠯᠡᠨ᠂ ᠮᠠᠨ ᠤ᠋ ᠣᠷᠣᠨ ᠥᠪᠥᠷ ᠮᠣᠩᠭᠣᠯ ᠤ᠋ᠨ ᠪᠠᠷᠠᠭᠤᠨ ᠬᠡᠰᠡᠭ ᠤ᠋ᠨ ᠭᠠᠵᠠᠷ ᠣᠷᠣᠨ ᠤ᠋ ᠡᠨᠧᠷᠭᠢ ᠵᠢᠨ ᠬᠣᠷᠣᠭ᠍ᠳᠠᠭᠤᠯᠤᠯ ᠶᠡᠬᠡᠲᠡᠶ ᠠᠵᠢᠯ ᠲᠥᠷᠥᠯ ᠤ᠋ᠨ ᠬᠠᠷᠠᠭᠠᠯᠵᠠᠯᠲᠤ ᠴᠠᠬᠢᠯᠭᠠᠨ ᠤ᠋ ᠦᠨ᠎ᠡ ᠬᠠᠩᠰᠢ ᠵᠢ ᠬᠦᠴᠦᠨ ᠥᠬᠡᠶ ᠪᠣᠯᠭᠠᠵᠤ᠂ ᠥᠪᠡᠷ ᠵᠢᠡᠨ ᠪᠠᠢᠭᠤᠯᠤᠬᠰᠠᠨ ᠴᠠᠬᠢᠯᠭᠠᠨ ᠤ᠋ ᠦᠶ᠋ᠯᠡᠳᠪᠦᠷᠢ ᠡᠴᠡ ᠲᠥᠷᠥ ᠵᠢᠨ ᠪᠣᠳᠣᠯᠭ᠎ᠠ ᠵᠢᠨ ᠴᠢᠨᠠᠷᠲᠠᠶ ᠰᠣᠯᠪᠢᠴᠠᠯ ᠨᠥᠬᠥᠪᠥᠷᠢ ᠵᠢ ᠡᠬᠢᠯᠡᠨ ᠲᠠᠲᠠᠪᠤᠷᠢᠯᠠᠵᠤ᠂ ᠡᠨᠧᠷᠭᠢ ᠵᠢᠨ ᠬᠣᠷᠣᠭ᠍ᠳᠠᠭᠤᠯᠤᠯ ᠶᠡᠬᠡᠲᠡᠶ ᠠᠵᠢᠯ ᠲᠥᠷᠥᠯ ᠤ᠋ᠨ ᠭᠡᠳᠡᠷᠭᠦ᠌ ᠱᠠᠲᠤᠯᠢᠭ ᠬᠡᠯᠪᠡᠷᠢ ᠪᠡᠷ ᠳᠠᠮᠵᠢᠭᠤᠯᠤᠨ ᠬᠦᠷᠭᠡᠬᠦ᠌ ᠴᠠᠬᠢᠯᠭᠠᠨ ᠤ᠋ ᠦᠨ᠎ᠡ ᠬᠠᠩᠰᠢ ᠵᠢ ᠬᠦᠴᠦᠨ ᠥᠬᠡᠶ ᠪᠣᠯᠭᠠᠵᠤ᠂ ᠴᠠᠬᠢᠯᠭᠠᠨ ᠤ᠋ ᠱᠠᠲᠤᠯᠢᠭ ᠦᠨ᠎ᠡ ᠬᠠᠩᠰᠢ ᠪᠠ ᠴᠠᠬᠢᠯᠭᠠᠨ ᠤ᠋ ᠵᠥᠷᠢᠶᠡᠲᠦ ᠦᠨ᠎ᠡ ᠬᠠᠩᠰᠢ ᠵᠢ ᠬᠡᠷᠡᠭ᠌ᠵᠢᠭᠦᠯᠬᠦ᠌ ᠬᠡᠪᠴᠢᠶ᠎ᠡ ᠵᠢ ᠥᠷᠭᠡᠳᠭᠡᠬᠦ ᠵᠢᠨ ᠬᠠᠮᠲᠤ ᠡᠨᠧᠷᠭᠢ ᠵᠢᠨ ᠬᠣᠷᠣᠭ᠍ᠳᠠᠭᠤᠯᠤᠯ ᠶᠡᠬᠡᠲᠡᠶ ᠠᠵᠢᠯ ᠲᠥᠷᠥᠯ ᠤ᠋ᠨ ᠴᠠᠬᠢᠯᠭᠠᠨ ᠤ᠋ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢ ᠴᠢᠩᠭᠠᠳᠭᠠᠵᠤ᠂ ᠦᠨ᠎ᠡ ᠬᠠᠩᠰᠢ ᠵᠢᠨ ᠬᠥᠱᠢᠭᠦᠷᠭᠡ ᠵᠢᠨ ᠦᠶ᠋ᠯᠡᠳᠦᠯ ᠢ᠋ ᠪᠠᠳᠠᠷᠠᠭᠤᠯᠤᠨ᠂ ᠡᠨᠧᠷᠭᠢ ᠵᠢᠨ ᠬᠣᠷᠣᠭ᠍ᠳᠠᠭᠤᠯᠤᠯ ᠶᠡᠬᠡᠲᠡᠶ ᠲᠥᠷᠥᠯ ᠵᠦᠶ᠋ᠯ ᠤ᠋ᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ ᠵᠢ ᠭᠡᠳᠡᠷᠭᠦ᠌ ᠱᠢᠬᠠᠮᠳᠠᠭᠤᠯᠪᠠ ᠃
᠁
ᠤᠰᠤᠲᠥ᠋ᠷᠥᠭ᠌ᠴᠢ ᠵᠢᠨ ᠡᠨᠧᠷᠭᠢ ᠪᠣᠯ ᠴᠡᠪᠡᠷ ᠡᠨᠧᠷᠭᠢ ᠪᠠᠢᠵᠤ᠂ ᠢᠷᠡᠯᠲᠡ ᠥᠷᠭᠡᠨ᠂ ᠨᠡᠭᠦᠷᠡᠰᠦᠲᠥ᠋ᠷᠥᠭ᠌ᠴᠢ ᠪᠠᠭ᠎ᠠ᠂ ᠣᠷᠴᠢᠨ ᠲᠣᠭᠣᠷᠢᠨ ᠳ᠋ᠤ ᠪᠤᠬᠢᠷᠳᠤᠯ ᠦᠬᠡᠢ᠂ ᠠᠮᠤᠷ ᠲᠦᠪᠱᠢᠨ ᠢ᠋ ᠡᠵᠡᠮᠳᠡᠵᠦ᠍ ᠪᠣᠯᠬᠤ ᠵᠡᠷᠭᠡ ᠣᠯᠠᠨ ᠳᠠᠪᠠᠭᠤᠯᠢᠭ ᠲᠠᠶ ᠶᠤᠮ᠃ ᠦᠬᠠᠶ ᠬᠣᠲᠠ ᠵᠢᠨ ᠬᠢᠮᠢ ᠵᠢᠨ ᠠᠵᠤ ᠦᠶ᠋ᠯᠡᠳᠪᠦᠷᠢ ᠵᠢᠨ ᠠᠵᠤ ᠦᠶ᠋ᠯᠡᠰ ᠪᠦᠷᠢᠨ ᠲᠡᠭᠦᠯᠳᠡᠷ ᠪᠠᠢᠵᠤ᠂ ᠵᠢᠯ ᠪᠦᠷᠢ ᠵᠢᠨ ᠠᠵᠤ ᠦᠶ᠋ᠯᠡᠳᠪᠦᠷᠢ ᠵᠢᠨ ᠤᠰᠤᠲᠥ᠋ᠷᠥᠭ᠌ᠴᠢ ᠵᠢᠨ ᠭᠠᠷᠭᠠᠯᠳᠠ ᠪᠠᠷᠤᠭ 80 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠᠢᠵᠤ᠂ ᠨᠡᠷ᠎ᠡ ᠨᠢᠳᠡᠷ ᠲᠡᠬᠡᠨ ᠨᠡᠢᠴᠡᠭ᠌ᠰᠡᠨ ᠤᠰᠤᠲᠥ᠋ᠷᠥᠭ᠌ᠴᠢ ᠡᠯᠪᠡᠭ ᠬᠣᠲᠠ ᠪᠣᠯᠤᠨ᠎ᠠ ᠃ ᠱᠢᠨ᠎ᠡ ᠠᠵᠤ ᠦᠶ᠋ᠯᠡᠰ᠂ ᠱᠢᠨ᠎ᠡ ᠬᠥᠳᠡᠯᠭᠡᠬᠦ᠌ ᠴᠢᠳᠠᠪᠤᠷᠢ ᠳ᠋ᠤ ᠴᠢᠭ᠌ᠯᠡᠭᠦᠯᠦᠨ᠂ ᠦᠬᠠᠶ ᠬᠣᠲᠠ ᠤᠰᠤᠲᠥ᠋ᠷᠥᠭ᠌ᠴᠢ ᠵᠢᠨ ᠡᠨᠧᠷᠭᠢ ᠵᠢᠨ ᠠᠵᠤ ᠦᠶ᠋ᠯᠡᠰ ᠤ᠋ᠨ ᠬᠥᠭ᠌ᠵᠢᠯᠲᠡ ᠵᠢ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ᠂ ᠤᠰᠤᠲᠥ᠋ᠷᠥᠭ᠌ᠴᠢ ᠵᠢᠨ ᠡᠨᠧᠷᠭᠢ ᠵᠢᠨ ᠲᠥᠷᠥᠯ ᠵᠦᠶ᠋ᠯ ᠤ᠋ᠳ ᠢ᠋ ᠵᠠᠯᠭᠠᠭ᠎ᠠ ᠪᠠᠷ ᠨᠠᠢᠳᠠᠪᠤᠷᠢᠵᠢᠭᠤᠯᠪᠠ᠃
ᠤᠯᠤᠰ ᠤ᠋ᠨ ᠳᠣᠲᠣᠭᠠᠳᠤ ᠵᠢᠨ ᠠᠩᠬᠠᠳᠠᠭ᠍ᠴᠢ ᠤᠰᠤᠲᠥ᠋ᠷᠥᠭ᠌ᠴᠢᠳᠦ ᠬᠠᠢᠯᠤᠮᠠᠯ ᠤ᠋ᠨ ᠥᠨᠳᠥᠷ ᠴᠡᠪᠡᠷᠴᠡ ᠲᠠᠢ ᠱᠢᠷᠡᠮᠦ ᠵᠢᠨ ᠦᠢᠯᠡᠳᠪᠦᠷᠢᠯᠡᠯ ᠤ᠋ᠨ ᠱᠤᠭᠤᠮ ᠢ᠋ ᠦᠬᠠᠢ ᠬᠤᠳᠠ ᠳ᠋ᠦ ᠪᠦᠲᠦᠬᠡᠨ ᠪᠠᠢᠭᠤᠯᠵᠤ᠂ ᠤᠯᠤᠰ ᠤ᠋ᠨ ᠳᠣᠲᠣᠭᠠᠳᠤ ᠵᠢᠨ ᠠᠩᠬᠠᠳᠠᠭ᠍ᠴᠢ ᠠᠷᠠᠳ ᠤ᠋ᠨ ᠬᠡᠷᠡᠭ᠌ᠯᠡᠭᠡᠨ ᠤ᠋ ᠱᠢᠩᠭᠡᠨ ᠤᠰᠤᠲᠥ᠋ᠷᠥᠭ᠌ᠴᠢ ᠵᠢᠨ ᠦᠢᠯᠡᠳᠪᠦᠷᠢ ᠠᠱᠢᠭ᠍ᠯᠠᠯᠲᠠ ᠳ᠋ᠦ ᠣᠷᠣᠵᠤ᠂ ᠶᠢᠨ ᠯᠦᠩ ᠱᠢᠨ᠎ᠡ ᠡᠨᠧᠷᠭᠢ ᠵᠢᠨ ᠤᠰᠤᠲᠥ᠋ᠷᠥᠭ᠌ᠴᠢ ᠲᠦᠯᠡᠰᠢᠨ ᠴᠡᠨᠡᠭ ᠪᠤᠯᠤᠨ ᠬᠥᠳᠡᠯᠭᠡᠭᠦᠷ ᠤ᠋ᠨ ᠲᠦᠷᠦᠯ ᠵᠦᠢᠯ ᠢ᠋ ᠨᠠᠢᠳᠠᠪᠤᠷᠢᠵᠢᠭᠤᠯᠵᠤ᠂ ᠤᠰᠤᠲᠥ᠋ᠷᠥᠭ᠌ᠴᠢ ᠵᠢᠨ ᠡᠨᠧᠷᠭᠢ ᠵᠢᠨ ᠨᠡᠢᠲᠡ ᠵᠢᠨ ᠮᠠᠱᠢᠨ ᠲᠡᠷᠭᠡ ᠵᠢ ᠲᠤᠱᠢᠶᠠᠨ ᠥᠭ᠌ᠴᠦ ᠬᠡᠷᠡᠭ᠌ᠯᠡᠭᠦᠯᠪᠡ ᠁ 《ᠡᠬᠢ ᠪᠠᠶᠠᠯᠢᠭ ᠲᠦ᠍ ᠲᠦᠱᠢᠭ᠌ᠯᠡᠵᠤ》 ᠪᠠᠢᠭᠰᠠᠨ ᠡᠴᠡ 《ᠡᠬᠢ ᠪᠠᠶᠠᠯᠢᠭ ᠲᠦ᠍ ᠨᠠᠢᠳᠠᠬᠤ》 ᠬᠦᠷᠲᠡᠯ᠎ᠡ᠂ ᠲᠠᠬᠢᠭᠠᠳ《ᠡᠬᠢ ᠪᠠᠶᠠᠯᠢᠭ ᠡᠴᠡ ᠳᠠᠪᠠᠬᠤ》 ᠬᠦᠷᠲᠡᠯ᠎ᠡ᠂ ᠦᠬᠠᠢ ᠬᠤᠳᠠ ᠱᠢᠨ᠎ᠡ ᠳᠠᠪᠠᠯᠲᠠ ᠵᠢ ᠪᠡᠶᠡᠯᠡᠭᠦᠯᠪᠡ᠃
ᠪᠦᠬᠦ᠌ ᠣᠷᠣᠨ ᠢ᠋ ᠪᠠᠷᠠᠯᠠᠬᠤᠶ᠎ᠠ᠂ ᠡᠯ᠎ᠡ ᠭᠠᠵᠠᠷ ᠤ᠋ᠨ ᠬᠢᠨ ᠬᠡᠯᠬᠢᠶ᠎ᠡ ᠵᠢ ᠤᠷᠲᠤᠳᠭᠠᠨ ᠬᠡᠯᠬᠢᠶ᠎ᠡ ᠵᠢ ᠨᠥᠬᠥᠪᠥᠷᠢᠯᠡᠵᠦ᠍ ᠬᠡᠯᠬᠢᠶ᠎ᠡ ᠵᠢ ᠬᠦᠴᠦᠷᠬᠡᠭ᠌ᠵᠢᠭᠦᠯᠬᠦ ᠵᠢ ᠴᠢᠬᠤᠯᠠ ᠡᠴᠡ ᠴᠢᠬᠤᠯᠠ ᠠᠵᠢᠯ ᠪᠤᠯᠭᠠᠨ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠥ᠌ ᠣᠷᠣᠭᠤᠯᠤᠨ ᠠᠪᠴᠢᠷᠠᠬᠤ ᠠᠵᠢᠯ ᠢ᠋ ᠣᠨᠣᠴᠠᠲᠠᠢ ᠮᠦᠷᠳᠡᠬᠡᠨ ᠪᠦᠲᠦᠮᠵᠢᠲᠡᠢ ᠥᠷᠨᠢᠭᠦᠯᠵᠦ᠍᠂ ᠠᠵᠤ ᠦᠢᠯᠡᠰ ᠤ᠋ᠨ ᠬᠡᠯᠬᠢᠶ᠎ᠡ᠂ ᠦᠷᠳᠡᠭ ᠤ᠋ᠨ ᠬᠡᠯᠬᠢᠶ᠎ᠡ᠂ ᠱᠢᠨ᠎ᠡ ᠵᠢ ᠡᠭᠦᠳᠬᠦ᠌ ᠬᠡᠯᠬᠢᠶ᠎ᠡ᠂ ᠬᠠᠩᠭᠠᠯᠭ᠎ᠠ ᠵᠢᠨ ᠬᠡᠯᠬᠢᠶ᠎ᠡ ᠪᠡᠷ ᠲᠤᠮᠤ ᠲᠦᠷᠦᠯ ᠵᠦᠢᠯ ᠢ᠋ ᠤᠷᠢᠵᠤ᠂ ᠰᠠᠢᠨ ᠲᠦᠷᠦᠯ ᠵᠦᠢᠯ ᠢ᠋ ᠣᠷᠣᠭᠤᠯᠤᠨ ᠠᠪᠴᠢᠷᠠᠵᠤ᠂ ᠠᠷᠠᠯᠵᠢᠶᠠᠴᠢᠨ ᠵᠢᠡᠷ ᠲᠠᠮᠵᠢᠨ ᠠᠷᠠᠯᠵᠢᠶᠠᠴᠢᠨ ᠤᠷᠢᠬᠤ᠂ ᠠᠵᠤ ᠠᠬᠤᠢᠯᠠᠯ ᠵᠢᠡᠷ ᠲᠠᠮᠵᠢᠨ ᠠᠵᠤ ᠠᠬᠤᠢᠯᠠᠯ ᠢ᠋ ᠲᠠᠲᠠᠬᠤ ᠵᠢ ᠨᠡᠩ ᠴᠢᠬᠤᠯᠠᠴᠢᠯᠠᠵᠤ᠂ ᠡᠬᠢᠨ ᠤ᠋ ᠪᠠ ᠡᠴᠦᠰ ᠤ᠋ᠨ ᠦᠢᠯᠡᠳᠬᠦᠨ ᠤ᠋ ᠠᠵᠤ ᠠᠬᠤᠢᠯᠠᠯ ᠤ᠋ᠳ ᠤ᠋ᠨ ᠪᠦᠯᠬᠦᠮ ᠪᠠᠢᠭᠤᠯᠬᠤ ᠬᠡᠯᠪᠡᠷᠢ ᠪᠡᠷ ᠪᠡᠯᠡ ᠤᠷᠤᠭᠤᠯᠵᠤ᠂ ᠪᠦᠯᠦᠭᠵᠢᠯ ᠤ᠋ᠨ ᠬᠡᠯᠪᠡᠷᠢ ᠪᠡᠷ ᠬᠥᠭ᠌ᠵᠢᠬᠦ ᠵᠢ ᠲᠠᠢᠴᠢᠯᠠᠭᠰᠠᠨ ᠪᠠᠢᠨ᠎ᠠ᠃
ᠡᠬᠢᠯᠡᠯᠲᠡ ᠪᠣᠯ ᠳᠠᠷᠤᠢ ᠱᠢᠪᠲᠤᠯᠤᠯᠲᠠ ᠮᠥᠨ᠂ ᠡᠬᠢᠯᠡᠮᠡᠭᠴᠡ ᠪᠠᠨ ᠭᠠᠪᠰᠢᠭᠠᠢᠯᠠᠬᠤ ᠴᠢᠬᠤᠯᠠᠳᠠᠢ᠃ 2 ᠰᠠᠷ᠎ᠠ ᠵᠢᠨ 21 ᠤ᠋ ᠡᠳᠦᠷ᠂ ᠪᠥᠬᠥ᠌ ᠣᠷᠣᠨ ᠤ᠋ ᠠᠵᠤ ᠦᠶ᠋ᠯᠡᠳᠪᠦᠷᠢ ᠵᠢᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠶᠡᠬᠡ ᠬᠤᠷᠠᠯ ᠬᠥᠬᠡᠬᠣᠲᠠ ᠳ᠋ᠦ ᠬᠤᠷᠠᠯᠳᠤᠪᠠ᠃ ᠬᠤᠷᠠᠯ ᠡᠴᠡ ᠥᠪᠡᠷᠲᠡᠭᠡᠨ ᠵᠠᠰᠠᠬᠤ ᠣᠷᠣᠨ ᠤ᠋ ᠡᠨᠧᠷᠭᠢ ᠵᠢᠨ ᠠᠵᠤ ᠦᠶ᠋ᠯᠡᠳᠪᠦᠷᠢ᠂ ᠦᠶ᠋ᠯᠡᠳᠬᠦ᠌ ᠦᠶ᠋ᠯᠡᠰ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠭᠤᠤᠯᠳᠠᠯᠭ᠎ᠠ ᠲᠠᠶ ᠡᠭᠦᠷᠭᠡ ᠪᠣᠯᠤᠨ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢ ᠵᠠᠷᠯᠠᠨ ᠮᠡᠳᠡᠭ᠌ᠳᠡᠵᠦ᠍᠂ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠠᠵᠤ ᠦᠶ᠋ᠯᠡᠳᠪᠦᠷᠢ ᠵᠢᠨ ᠠᠵᠤ ᠠᠬᠤᠢᠯᠠᠯ ᠪᠣᠯᠤᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠴᠢᠨᠠᠷ ᠰᠠᠢᠲᠠᠶ ᠬᠥᠭ᠌ᠵᠢᠯᠲᠡ ᠵᠢ ᠳᠡᠮᠵᠢᠬᠦ᠌ ᠲᠤᠬᠠᠶ ᠲᠣᠭ᠍ᠲᠠᠭᠠᠯ ᠢ᠋ ᠤᠩᠱᠢᠨ ᠨᠡᠢᠲᠡᠯᠡᠵᠦ᠍᠂ ᠱᠢᠯᠢᠳᠡᠭ ᠠᠵᠤ ᠠᠬᠤᠢᠯᠠᠯ ᠪᠣᠯᠤᠨ ᠬᠦᠷᠢᠶᠡᠯᠡᠩ ᠲᠣᠭᠣᠷᠢᠭ ᠢ᠋ ᠬᠥᠬᠢᠭᠦᠯᠦᠨ ᠰᠠᠢᠱᠢᠶᠠᠵᠤ᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠳ᠋ᠤ ᠡᠷᠴᠢ ᠨᠡᠮᠡᠬᠦ ᠵᠢᠨ ᠵᠡᠷᠬᠡ ᠪᠡᠷ 《ᠲᠠᠭᠠᠷᠢᠯᠲᠠ ᠵᠢᠨ ᠪᠦᠷᠢᠶ᠎ᠡ》 ᠵᠢ ᠬᠠᠩᠬᠢᠨᠠᠭᠤᠯᠤᠯᠠ᠃
《ᠪᠢᠳᠡ ᠶᠠᠭ ᠪᠥᠬᠥ᠌ ᠬᠦᠴᠦᠨ ᠵᠢᠡᠷ ᠵᠢᠡᠨ ᠪᠥᠲᠥᠭᠡᠨ ᠪᠠᠢᠭᠤᠯᠵᠤ ᠪᠠᠢᠨ᠎ᠠ᠂ ᠳᠠᠷᠠᠭᠠᠴᠢ ᠵᠢᠨ ᠬᠤᠭᠤᠴᠠᠭᠠᠨ ᠳ᠋ᠦ ᠰᠤᠷᠤᠭ᠍ᠴᠢᠳ ᠢ᠋ ᠱᠢᠨ᠎ᠡ〈ᠬᠡᠷ〉ᠲᠦ᠍ ᠨᠡᠭᠦᠯᠬᠡᠬᠦ ᠪᠠᠷ ᠴᠢᠷᠮᠠᠢᠨ᠎ᠠ》 ᠬᠡᠵᠤ ᠬᠠᠪᠤᠷ ᠤᠷᠤᠮᠠᠭᠴᠠ ᠤᠯᠠᠭᠠᠨᠬᠠᠳᠠ ᠵᠢᠨ ᠵᠧᠩ ᠱᠢᠶᠠᠩ ᠪᠠᠷᠢᠯᠭ᠎ᠠ ᠵᠢᠨ ᠢᠨᠵᠧᠨᠧᠷᠢᠩ ᠤ᠋ᠨ ᠬᠢᠵᠠᠭᠠᠷᠲᠤ ᠺᠣᠮᠫᠠᠨᠢ ᠵᠢᠨ ᠶᠡᠷᠦᠩᠬᠡᠢ ᠳᠠᠭᠠᠭᠠᠮᠠᠯ ᠸᠠᠩ ᠵᠢᠶᠦ᠋ᠨ ᠱᠢᠶᠠᠩ ᠲᠠᠷᠤᠢ ᠶᠠᠭᠠᠷᠠᠵᠦ ᠡᠬᠢᠯᠡᠭᠰᠡᠨ ᠪᠠᠢᠪᠠ᠃ ᠨᠢᠳᠤᠨᠤᠨ ᠲᠣᠰ ᠺᠣᠮᠫᠠᠨᠢ ᠵᠢᠨ ᠳᠠᠭᠠᠭᠠᠴᠢᠯᠠᠵᠦ ᠪᠦᠲᠦᠬᠡᠨ ᠪᠠᠢᠭᠤᠯᠤᠭ᠍ᠰᠠᠨ《ᠬᠠᠯᠳᠠᠪᠤᠷᠢᠲᠤ ᠡᠪᠡᠳᠴᠢᠨ ᠤ᠋ ᠡᠮᠨᠡᠯᠭᠡ ᠵᠢᠨ ᠬᠣᠷᠢᠶ᠎ᠠ ᠵᠢ ᠰᠡᠯᠪᠢᠨ ᠵᠠᠰᠠᠵᠤ ᠥᠭᠡᠷᠡᠴᠢᠯᠡᠬᠦ᠌》 ᠪᠠ 《ᠲᠠᠷᠢᠶᠠᠯᠠᠩ ᠮᠠᠯ ᠠᠵᠤ ᠠᠬᠤᠶ ᠵᠢᠨ ᠳᠡᠭᠡᠳᠦ ᠰᠤᠷᠭᠠᠭᠤᠯᠢ ᠵᠢᠨ ᠳᠠᠳᠤᠯᠭ᠎ᠠ ᠪᠣᠯᠪᠠᠰᠤᠷᠠᠯ ᠤ᠋ᠨ ᠠᠰᠠᠷ ᠤ᠋ᠨ ᠪᠥᠲᠥᠭᠡᠨ ᠪᠠᠢᠭᠤᠯᠤᠯᠲᠠ》 ᠵᠢᠨ ᠲᠥᠷᠥᠯ ᠵᠦᠶ᠋ᠯ ᠤ᠋ᠨ ᠥᠪᠡᠷ ᠤ᠋ᠨ ᠥᠷᠲᠡᠭ ᠨᠢ ᠨᠡᠮᠡᠭ᠌ᠳᠡᠭ᠌ᠰᠡᠨ ᠡᠴᠡ ᠪᠠᠷᠢᠯᠭ᠎ᠠ ᠵᠢᠨ ᠠᠬᠢᠴᠠ ᠨᠢ ᠨᠡᠯᠢᠶᠡᠳ ᠤᠳᠠᠭᠠᠨ ᠪᠣᠯᠵᠠᠶ ᠃ ᠪᠠᠢᠳᠠᠯ ᠢ᠋ ᠣᠢᠯᠠᠭᠠᠭ᠍ᠰᠠᠨ ᠤ᠋ ᠳᠠᠷᠠᠭ᠎ᠠ᠂ ᠤᠯᠤᠰ ᠤ᠋ᠨ ᠭᠠᠢᠯᠢ ᠵᠢᠨ ᠶᠠᠪᠤᠳᠠᠯ ᠤ᠋ᠨ ᠶᠡᠷᠦᠩᠬᠡᠶ ᠲᠤᠪᠴᠢᠶᠠᠨ ᠤ᠋ ᠤᠯᠠᠭᠠᠨᠬᠠᠳᠠ ᠬᠣᠲᠠ ᠵᠢᠨ ᠭᠠᠢᠯᠢ ᠵᠢᠨ ᠶᠠᠪᠤᠳᠠᠯ ᠤ᠋ᠨ ᠲᠣᠪᠴᠢᠶ᠎ᠠ ᠵᠢᠨ ᠬᠢᠨ ᠠᠵᠤ ᠠᠬᠤᠢᠯᠠᠯ ᠤ᠋ᠨ ᠬᠡᠷᠡᠭ᠌ᠴᠡᠭᠡ ᠱᠠᠭᠠᠷᠳᠠᠯᠭ᠎ᠠ ᠲᠠᠶ ᠰᠠᠨᠠᠭᠠᠴᠢᠯᠠᠭ᠎ᠠ ᠡᠴᠡ ᠪᠠᠨ ᠵᠣᠯᠭᠠᠯᠴᠠᠵᠤ᠂ ᠭᠠᠢᠯᠢ ᠰᠦᠶ᠋ᠳᠭᠡᠯ ᠤ᠋ᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠵᠢ ᠦᠨᠳᠦᠰᠦᠯᠡᠨ᠂ ᠠᠵᠤ ᠠᠬᠤᠢᠯᠠᠯ ᠤ᠋ᠨ 2021 ᠣᠨ ᠤ᠋ ᠨᠡᠢᠭᠡᠮ ᠤ᠋ᠨ ᠳᠠᠭᠠᠳᠭᠠᠯ ᠤ᠋ᠨ ᠰᠦᠶ᠋ᠳᠭᠡᠯ ᠢ᠋ 18 ᠲᠦᠮᠡ ᠭᠠᠷᠤᠶ ᠲᠥᠭᠥᠷᠢᠭ ᠬᠠᠰᠤᠵᠤ ᠭᠡᠯᠳᠦᠷᠢᠭᠦᠯᠦᠨ᠂ ᠠᠵᠤ ᠠᠬᠤᠢᠯᠠᠯ ᠤ᠋ᠨ ᠬᠥᠭ᠌ᠵᠢᠯᠲᠡ ᠵᠢᠨ ᠵᠢᠱ᠌ᠢᠯᠲᠡ ᠵᠢ ᠲᠣᠭ᠍ᠲᠠᠪᠤᠷᠢᠵᠢᠭᠤᠯᠵᠤ᠂ ᠠᠵᠤ ᠠᠬᠤᠢᠯᠠᠯ ᠤ᠋ᠨ ᠬᠥᠭ᠌ᠵᠢᠯᠲᠡ ᠵᠢᠨ ᠢᠲᠡᠭᠡᠯ ᠵᠣᠷᠢᠭ ᠢ᠋ ᠬᠥᠪᠴᠢᠯᠡᠭᠰᠡᠨ ᠠᠵᠢ᠃
ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠤ᠋ᠨ 《ᠱᠢᠯᠢᠳᠡᠭ》 ᠵᠢᠡᠷ ᠵᠠᠬ᠎ᠠ ᠳᠡᠯᠭᠡᠭᠦᠷ ᠤ᠋ᠨ ᠭᠤᠤᠯ ᠴᠣᠭ᠍ᠴᠠ ᠵᠢᠨ 《ᠠᠮᠢᠵᠢᠷᠡᠯ ᠤ᠋ᠨ ᠬᠦᠴᠦᠨ》 ᠢ᠋ ᠬᠦᠭᠵᠢᠬᠡᠵᠤ᠂ ᠪᠠᠯᠠ ᠣᠷᠣᠭᠤᠯᠤᠯᠲᠠ ᠵᠢᠨ ᠲᠦᠷᠦᠯ ᠵᠦᠢᠯ ᠤ᠋ᠨ 《ᠨᠡᠮᠡᠭ᠌ᠳᠡᠯ》 ᠢ᠋ ᠬᠦᠴᠦᠯᠡᠨ ᠳᠠᠢᠴᠢᠯᠠᠨ᠎ᠠ ᠃ 2021 ᠣᠨ ᠳ᠋ᠦ᠂ ᠪᠥᠬᠥ᠌ ᠣᠷᠣᠨ ᠤ᠋ ᠭᠠᠢᠯᠢ ᠵᠢᠨ ᠶᠠᠪᠤᠳᠠᠯ ᠤ᠋ᠨ ᠱᠢᠰᠲ᠋ᠧᠮ ᠲᠣᠮᠣ ᠳ᠋ᠠᠢᠲ᠋ᠠ ᠵᠢ ᠠᠰᠢᠬᠯᠠᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠵᠢᠨ ᠮᠡᠳᠡᠭᠡ ᠵᠠᠩᠭᠢ ᠵᠢ ᠲᠤᠢᠯ ᠤ᠋ᠨ ᠣᠨᠣᠴᠠᠳᠠᠢ ᠪᠠᠷ ᠲᠠᠨᠢᠯᠴᠠᠭᠤᠯᠤᠨ ᠬᠦᠷᠭᠡᠵᠦ᠍᠂ ᠭᠠᠢᠯᠢ ᠰᠤᠢᠳᠬᠡᠯ ᠲᠤᠱᠢᠶᠠᠭ᠍ᠰᠠᠳ ᠲᠦ᠍ ᠥᠷᠭᠡᠨ ᠬᠡᠪᠴᠢᠶ᠎ᠠ ᠲᠠᠢ᠂ ᠬᠠᠨᠳᠤᠯᠭᠠᠲᠤ ᠮᠠᠶᠢᠭ ᠤ᠋ᠨ ᠤᠬᠠᠭᠤᠯᠭ᠎ᠠ ᠵᠢᠯᠣᠭᠣᠳᠣᠯᠭ᠎ᠠ ᠬᠠᠩᠭᠠᠵᠤ᠂ ᠲᠥᠷᠥ ᠵᠢᠨ ᠪᠣᠳᠣᠯᠭ᠎ᠠ ᠵᠢᠨ ᠠᠱᠢᠭ ᠢ᠋ ᠭᠦᠶ᠋ᠴᠡᠳ ᠭᠥᠷᠳᠡᠬᠦ ᠵᠢ ᠠᠬᠢᠭᠤᠯᠪᠠ ; ᠡᠯ᠎ᠡ ᠵᠦᠶ᠋ᠯ ᠤ᠋ᠨ ᠭᠠᠢᠯᠢ ᠰᠦᠶ᠋ᠳᠭᠡᠯ ᠤ᠋ᠨ ᠬᠠᠷᠠᠭᠠᠯᠵᠠᠯ ᠤ᠋ᠨ ᠲᠥᠷᠥ ᠵᠢᠨ ᠪᠣᠳᠣᠯᠭ᠎ᠠ ᠵᠢ ᠨᠠᠢᠳᠠᠪᠤᠷᠢᠵᠢᠭᠤᠯᠤᠭ᠍ᠰᠠᠨ ᠦᠷ᠎ᠡ ᠪᠦᠲᠦᠮᠵᠢ ᠵᠢ ᠦᠨᠡᠯᠡᠨ ᠵᠢᠱ᠌ᠢᠵᠦ᠍ ᠵᠠᠳᠠᠯᠬᠤ ᠵᠢ ᠴᠢᠩᠭᠠᠳᠭᠠᠨ᠂ ᠲᠥᠷᠥ ᠵᠢᠨ ᠪᠣᠳᠣᠯᠭ᠎ᠠ ᠵᠢ ᠬᠡᠷᠡᠭ᠌ᠵᠢᠭᠦᠯᠬᠦ᠌ ᠶᠠᠪᠤᠴᠠ ᠳ᠋ᠠᠬᠢ ᠠᠰᠠᠭᠤᠳᠠᠯ ᠢ᠋ ᠴᠠᠭ ᠲᠤᠬᠠᠶ ᠳ᠋ᠤᠨᠢ ᠰᠤᠳᠤᠯᠬᠤ ᠵᠢᠨ ᠬᠠᠮᠲᠤ ᠬᠠᠮᠢᠶ᠎ᠠ ᠪᠥᠬᠥᠶ ᠰᠠᠨᠠᠭᠤᠯᠭ᠎ᠠ ᠳᠤᠷᠠᠳᠴᠤ᠌᠂ ᠭᠠᠢᠯᠢ ᠵᠢ ᠬᠠᠰᠤᠵᠦ ᠰᠦᠶ᠋ᠳᠭᠡᠯᠢ ᠪᠠᠭᠤᠷᠠᠭᠤᠯᠬᠤ ᠶᠡᠷᠦᠩᠬᠡᠢᠯᠡᠭ᠌ᠰᠡᠨᠦᠶ᠋ᠯᠡᠳᠦᠯ ᠢ᠋ ᠦᠨᠡᠨᠬᠦ᠌ᠳᠡᠭᠡᠭ᠌ᠰᠢᠯᠡᠭᠦᠯᠦᠨ᠂ᠠᠵᠤᠠᠬᠤᠢᠯᠠᠯᠤ᠋ᠨᠳᠠᠷᠤᠭᠠᠰᠤᠵᠢᠪᠦᠲᠦᠮᠵᠢᠲᠡᠶ ᠬᠥᠩᠭᠡᠷᠡᠭᠦᠯᠵᠠᠢ᠃
ᠭᠠᠢᠯᠢ ᠵᠢ ᠬᠠᠰᠤᠵᠦ ᠰᠦᠢᠳᠭᠡᠯ ᠢ᠋ ᠪᠠᠭᠤᠷᠠᠭᠤᠯᠤᠭᠰᠠᠨ ᠨᠢ ᠵᠦᠪᠬᠡᠨ ᠪᠦᠬᠦ᠌ ᠣᠷᠣᠨ ᠤ᠋ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠤ ᠪᠠᠢᠭ᠎ᠠ ᠵᠢᠨ ᠨᠢᠬᠡᠨ ᠬᠤᠷᠢᠶᠠᠩᠭᠤᠢ ᠳᠦᠷᠰᠦ ᠪᠤᠯᠬᠤ ᠶᠤᠮ ᠃ 2021 ᠣᠨ ᠳ᠋ᠦ᠂ ᠮᠠᠨ ᠤ᠋ ᠣᠷᠣᠨ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ ᠵᠢ ᠭᠦᠨᠵᠡᠭᠡᠶ ᠠᠬᠢᠭᠤᠯᠤᠨ᠂ 22 ᠵᠦᠶ᠋ᠯ ᠤ᠋ᠨ ᠵᠠᠰᠠᠭ ᠵᠠᠬᠢᠷᠭᠠᠨ ᠤ᠋ ᠵᠥᠪᠱᠢᠶᠡᠷᠡᠯ ᠤ᠋ᠨ ᠵᠦᠶ᠋ᠯᠡᠰ ᠢ᠋ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠢᠩᠬᠢᠮ ᠳ᠋ᠤ ᠣᠷᠣᠭᠤᠯᠵᠤ᠂ 《ᠨᠢᠭᠡ ᠴᠣᠩᠬᠤᠪᠴᠢ ᠪᠠᠷ ᠭᠥᠯᠢᠶᠡᠨ ᠠᠪᠴᠤ᠌ ᠱᠢᠶ᠋ᠳᠪᠦᠷᠢᠯᠡᠵᠦ》 ᠲᠡᠢᠯᠬᠦ ᠪᠤᠯᠪᠠ; ᠥᠷᠢ ᠱᠢᠷᠢ ᠵᠢ ᠰᠢᠢᠳᠪᠤᠷᠢᠯᠡᠬᠦ ᠠᠵᠢᠯ ᠢ᠋ ᠶᠡᠬᠡ ᠪᠡᠷ ᠠᠬᠢᠭᠤᠯᠵᠤ᠂ ᠵᠠᠭᠤᠷᠠᠯᠳᠤᠭᠠᠨ ᠦᠭᠡᠢ ᠳᠠᠩᠰᠠᠨ ᠳ᠋ᠡᠬᠢ ᠵᠣᠭᠣᠰ ᠢ᠋ ᠪᠦᠬᠦᠨ ᠢ᠋ ᠪᠤᠴᠠᠭᠠᠬᠤ ᠲᠥᠯᠥᠪᠯᠡᠭᠡ ᠲᠣᠭ᠍ᠲᠠᠭᠠᠨ᠂ ᠵᠠᠭᠤᠷᠠᠯᠳᠤᠭᠠᠨ ᠲᠡᠶ ᠳᠠᠩᠰᠠᠨ ᠳ᠋ᠡᠬᠢ ᠵᠣᠭᠣᠰ ᠢ᠋ ᠲᠦᠷᠭᠡᠨ ᠬᠢᠨᠠᠨ ᠪᠣᠳᠣᠵᠤ᠂ 2021 ᠣᠨ ᠳ᠋ᠦ ᠨᠡᠢᠲᠡ 82.4 ᠳ᠋ᠦᠩᠱᠢᠭᠤᠷ ᠲᠥᠭᠥᠷᠢᠭ ᠤ᠋ᠨ ᠦᠭᠴᠡᠬᠡ ᠠᠪᠴᠠᠭ᠎ᠠ ᠵᠢ ᠰᠢᠢᠳᠪᠤᠷᠢᠯᠡᠭᠰᠡᠨ ᠪᠠᠢᠨ᠎ᠠ ; ᠠᠵᠤ ᠠᠬᠤᠢᠯᠠᠯ ᠤ᠋ᠨ ᠴᠠᠬᠢᠯᠭᠠᠨ ᠬᠡᠷᠡᠭ᠌ᠯᠡᠬᠦ᠌ ᠥᠪᠡᠷ ᠤ᠋ᠨ ᠥᠷᠲᠡᠭ ᠢ᠋ 59 ᠳ᠋ᠦᠩᠱᠢᠭᠤᠷ ᠲᠥᠭᠥᠷᠢᠭ ᠪᠠᠭᠤᠷᠠᠭᠤᠯᠵᠤ᠂ ᠠᠵᠤ ᠠᠬᠤᠢᠯᠠᠯ ᠤ᠋ᠨ ᠲᠦᠭ᠌ᠰᠢᠭᠦᠷᠢ ᠵᠢ ᠰᠡᠷᠭᠡᠢᠯᠡᠨ ᠡᠵᠡᠮᠳᠡᠬᠦ᠌ ᠬᠦᠢᠯᠭᠡᠭᠡᠨ ᠤ᠋ ᠴᠢᠨᠠᠷᠲᠠᠶ ᠰᠠᠭᠤᠷᠢ ᠮᠥᠩᠭᠥ᠌ ᠪᠠ ᠬᠦᠴᠢᠷᠳᠡᠯ ᠢ᠋ ᠱᠢᠶ᠋ᠳᠪᠦᠷᠢᠯᠡᠵᠦ᠍ ᠬᠥᠭ᠌ᠵᠢᠭᠦᠯᠬᠦ᠌ ᠰᠠᠭᠤᠷᠢ ᠮᠥᠩᠭᠥ ᠵᠢ 38.4 ᠳ᠋ᠦᠩᠱᠢᠭᠤᠷ ᠲᠥᠭᠥᠷᠢᠭ ᠱᠢᠨ᠎ᠡ ᠪᠡᠷ ᠪᠠᠭᠤᠯᠭᠠᠵᠦ᠂ ᠱᠢᠨ᠎ᠡ ᠪᠡᠷ ᠨᠡᠮᠡᠭ᠌ᠳᠡᠭ᠌ᠰᠡᠨ ᠭᠠᠢᠯᠢ ᠵᠢ ᠬᠠᠰᠤᠵᠦ ᠰᠦᠢᠳᠭᠡᠯ ᠢ᠋ ᠪᠠᠭᠤᠷᠠᠭᠤᠯᠤᠭᠰᠠᠨ ᠬᠡᠮᠵᠢᠶ᠎ᠡ 250 ᠳ᠋ᠦᠩᠱᠢᠭᠤᠷ ᠲᠥᠭᠥᠷᠢᠭ ᠢ᠋ ᠳᠠᠪᠠᠪᠠ᠃ ᠲᠤᠰ ᠵᠢᠯ ᠳ᠋ᠤ ᠪᠦᠬᠦ᠌ ᠣᠷᠣᠨ ᠳ᠋ᠦ 38.6 ᠲᠦᠮᠡᠨ ᠵᠠᠬ᠎ᠠ ᠳᠡᠯᠭᠡᠭᠦᠷ ᠤ᠋ᠨ ᠭᠣᠣᠯ ᠴᠣᠭ᠍ᠴᠠ ᠵᠢ ᠱᠢᠨ᠎ᠡ ᠪᠡᠷ ᠪᠠᠢᠭᠤᠯᠤᠭᠰᠠᠨ ᠪᠠᠢᠨ᠎ᠠ᠃
ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠠᠯᠬᠤᠭ᠎ᠠ ᠢᠳᠡᠷᠬᠡᠭ ᠮᠦᠷᠳᠡᠬᠡᠨ ᠯᠠᠪᠳᠠᠭᠤᠨ᠃ ᠡᠨᠡ ᠵᠢᠯ ᠮᠠᠨ ᠤ᠋ ᠣᠷᠣᠨ 3289 ᠴᠢᠬᠤᠯᠠ ᠶᠡᠬᠡ ᠲᠦᠷᠦᠯ ᠵᠦᠢᠯ ᠢ᠋ ᠬᠡᠷᠡᠭ᠌ᠵᠢᠭᠦᠯᠬᠦ᠌ ᠪᠡᠷ ᠲᠥᠯᠥᠪᠯᠡᠵᠦ᠍᠂ ᠶᠡᠷᠦᠩᠬᠡᠢ ᠪᠡᠯᠡ ᠣᠷᠣᠭᠤᠯᠤᠯᠲᠠ ᠨᠢ 2.7 ᠲᠦᠮᠡᠨ ᠳ᠋ᠦᠩᠱᠢᠭᠤᠷ ᠲᠥᠭᠥᠷᠢᠭ ᠲᠦ᠍ ᠬᠦᠷᠴᠦ᠍᠂ ᠲᠤᠰ ᠵᠢᠯ ᠳ᠋ᠡᠬᠡᠨ 5854 ᠳ᠋ᠦᠩᠱᠢᠭᠤᠷ ᠲᠥᠭᠥᠷᠢᠭ ᠤ᠋ᠨ ᠪᠡᠯᠡ ᠤᠷᠤᠭᠤᠯᠬᠤ ᠪᠡᠷ ᠲᠥᠯᠥᠪᠯᠡᠵᠦ᠍ ᠪᠤᠢ᠃ ᠡᠳᠡᠬᠡᠷ ᠲᠦᠷᠦᠯ ᠵᠦᠢᠯ ᠨᠢ ᠡᠨᠧᠷᠭᠢ᠂ ᠲᠡᠷᠢᠭᠦᠨ ᠤ᠋ ᠦᠢᠯᠡᠳᠬᠦ᠌ ᠦᠢᠯᠡᠰ᠂ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠵᠡᠷᠭᠡ ᠤᠯᠠᠨ ᠬᠦᠷᠢᠶᠡᠨ ᠳ᠋ᠤ ᠬᠣᠯᠪᠣᠭ᠍ᠳᠠᠵᠤ᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠴᠢᠬᠤᠯᠠ ᠶᠡᠬᠡ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠵᠢᠨ ᠰᠦᠷᠯᠢᠭ ᠵᠢᠷᠤᠭ ᠡᠢᠨ ᠬᠦ᠌ ᠠᠭᠠᠵᠢᠮ ᠵᠢᠡᠷ ᠳᠡᠯᠭᠡᠭ᠌ᠳᠡᠯᠠ !
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃