ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠠᠭᠤᠤ ᠶᠡᠬᠡ ᠬᠤᠪᠢᠰᠤᠯᠲᠠ

2022-05-05 09:09:02

ᠵᠣᠬᠢᠶᠠᠭ᠍ᠴᠢ᠄ ᠯᠢ ᠭᠦᠸᠧ ᠫᠢᠩ ᠣᠩᠱᠢᠭ᠍ᠰᠠᠨ ᠣᠳᠠᠭ᠎ᠠ᠄ 3

— ᠪᠦᠬᠦ ᠤᠷᠤᠨ᠎ᠤ 《ᠲᠠᠯᠪᠢᠬᠤ ᠬᠠᠮᠢᠶᠡᠷᠬᠤ ᠦᠢᠯᠡᠴᠢᠯᠡᠬᠦ》 ᠦᠭᠡᠷᠡᠴᠢᠯᠡᠯᠳᠠ ᠰᠢᠨ᠎ᠠ ᠦᠷ᠎ᠠ ᠪᠦᠳᠦᠮᠵᠢ ᠤᠯᠪᠠ

4 ᠰᠠᠷ᠎ᠠ᠎ᠶ᠋ᠢᠨ ᠥᠪᠥᠷ ᠮᠣᠩᠭᠣᠯ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃

ᠪᠥᠬᠥ᠌ ᠣᠷᠣᠨ᠎ᠤ ᠡᠯ᠎ᠡ ᠭᠠᠵᠠᠷ᠎ᠤᠨ《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ ᠨᠢᠭᠡᠨᠲᠡ ᠲᠣᠭ᠍ᠲᠠᠭ᠍ᠰᠠᠨ ᠬᠠᠷᠠᠯᠲᠠ ᠲᠡᠢᠰᠢ ᠪᠠᠨ ᠢᠳᠡᠪᠬᠢᠲᠡᠶ ᠠᠭᠢᠵᠤ᠂ 《ᠨᠢᠭᠡ ᠰᠦᠯᠵᠢᠶ᠎ᠡ᠎ᠪᠡᠷ ᠪᠦᠬᠦᠨ᠎ᠢ ᠭᠦᠶ᠋ᠴᠡᠳᠭᠡᠬᠦ᠌》᠂《ᠨᠢᠭᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》᠂ 《ᠨᠢᠭᠡ ᠤᠳᠠᠰᠤ ᠪᠡᠷ ᠨᠡᠪᠲᠡᠷᠡᠭᠦᠯᠬᠦ᠌》 ᠁ ᠶᠠᠭ ᠠᠯᠤᠰ᠎ᠤᠨ ᠲᠦᠯᠦᠪ᠎ᠡᠴᠡ ᠠᠯᠬᠤᠮ ᠠᠯᠬᠤᠮ᠎ᠢᠶᠠᠷ ᠪᠣᠳᠠᠲᠤ ᠠᠬᠤᠶ ᠪᠣᠯᠤᠨ ᠬᠤᠪᠢᠷᠠᠵᠤ ᠪᠠᠢᠨ᠎ᠠ᠃

ᠴᠠᠭ ᠦᠶ᠎ᠡ᠎ᠶ᠋ᠢᠨ ᠬᠡᠷᠡᠭ᠌ᠴᠡᠭᠡ᠎ᠳᠦ ᠵᠣᠬᠢᠴᠠᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠡᠴᠡ ᠨᠠᠭᠠᠰᠢ ᠵᠠᠰᠠᠭ᠎ᠤᠨ ᠣᠷᠳᠣᠨ᠎ᠤ ᠥᠪᠡᠷ᠎ᠦᠨ ᠪᠡᠶ᠎ᠡ᠎ᠳᠡᠭᠡᠨ ᠬᠢᠭᠰᠡᠨ ᠨᠢᠭᠡ ᠤᠳᠠᠭ᠎ᠠ ᠵᠢᠨ 《ᠬᠢᠳᠤᠭᠠᠨ ᠢᠷ᠎ᠢ ᠳᠣᠲᠣᠭ᠍ᠰᠢ ᠬᠠᠨᠳᠤᠭᠤᠯᠬᠤ》 ᠬᠤᠪᠢᠰᠭᠠᠯ ᠬᠦᠰᠢᠭᠡ ᠪᠡᠨ ᠰᠡᠬᠦᠪᠠ — ᠠᠵᠤ ᠠᠬᠤᠢᠯᠠᠯ᠎ᠤᠨ ᠬᠦᠯᠢᠶᠡᠰᠦ᠎ᠶ᠋ᠢ ᠠᠯᠳᠠᠷᠠᠭᠠᠵᠤ᠂ ᠠᠷᠠᠳ ᠲᠦᠮᠡᠨ᠎ᠦ ᠬᠦᠴᠦ᠍᠎ᠶ᠋ᠢ ᠠᠷᠪᠢᠯᠠᠵᠤ᠂ ᠱᠢᠨ᠎ᠡ᠎ᠶ᠋ᠢ ᠡᠭᠦᠳᠬᠦ᠌ ᠎ᠳᠦ ᠬᠠᠷᠰᠢ ᠰᠠᠭᠠᠳ᠎ᠢ ᠠᠷᠢᠯᠭᠠᠵᠤ᠂ ᠲᠦᠪ ᠭᠤᠤᠯᠴᠢ ᠵᠢ ᠬᠠᠮᠠᠭᠠᠯᠠᠨ᠎ᠠ ᠁ ᠥᠨᠥᠳᠦᠷ᠂ ᠥᠪᠥᠷ ᠮᠣᠩᠭᠣᠯ᠎ᠤᠨ ᠡᠬᠡ ᠭᠠᠵᠠᠷ᠎ᠲᠤ《ᠲᠠᠯᠪᠢᠬᠤ ᠬᠠᠮᠢᠶᠠᠷᠬᠤ ᠦᠢᠯᠡᠴᠢᠯᠡᠬᠦ᠌》ᠥᠭᠡᠷᠡᠴᠢᠯᠡᠯᠲᠡ ᠨᠢ ᠨᠡᠢᠭᠡᠮ᠎ᠦᠨ ᠪᠦᠲᠦᠭᠡᠯᠴᠢ ᠬᠦᠴᠦᠨ᠎ᠢ ᠬᠥᠭ᠌ᠵᠢᠭᠡᠬᠦ᠌᠂ ᠵᠠᠬ᠎ᠠ ᠳᠡᠯᠭᠡᠭᠦᠷ᠎ᠦᠨ ᠡᠨᠧᠷᠭᠢ᠎ᠶ᠋ᠢ ᠰᠤᠯᠠᠯᠠᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠤᠯᠠᠨ ᠲᠠᠯ᠎ᠠ᠎ᠡᠴᠡ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠳᠤᠪᠤᠢ᠌ᠮ᠎ᠠ ᠦᠷ᠎ᠡ ᠪᠦᠲᠦᠮᠵᠢ ᠣᠯᠵᠤ᠂《ᠬᠠᠰᠤᠬᠤ》ᠡᠴᠡ ᠦᠷ᠎ᠡ ᠪᠦᠲᠦᠮᠵᠢ ᠤᠯᠵᠤ᠂ 《ᠲᠠᠯᠪᠢᠬᠤ》ᠡᠴᠡ ᠠᠮᠢᠵᠢᠷᠠᠯ᠎ᠤᠨ ᠬᠦᠴᠦᠨ᠎ᠢ ᠬᠦᠭᠵᠢᠭᠡᠬᠦ ᠵᠢ ᠦᠨᠡᠨ ᠬᠦ᠌ ᠪᠡᠶᠡᠯᠡᠭᠦᠯᠵᠦ᠍᠂ ᠠᠵᠤ ᠠᠬᠤᠢᠯᠠᠯ ᠪᠣᠯᠤᠨ ᠤᠯᠠᠨ ᠲᠦᠮᠡᠨ᠎ᠳᠦ ᠪᠤᠳᠠᠳᠠᠢ ᠬᠦᠷᠳᠡᠮᠵᠢ ᠵᠢᠨ ᠲᠦᠷᠦᠭᠳᠡᠯ ᠪᠠ ᠵᠢᠷᠭᠠᠯᠳᠤ ᠲᠦᠷᠦᠭᠳᠡᠯ᠎ᠢ ᠤᠯᠭᠤᠪᠠ᠃

4 ᠰᠠᠷ᠎ᠠ᠎ᠶ᠋ᠢᠨ 2 ᠎ᠤ᠋ᠨ ᠡᠳᠦᠷ᠂ ᠬᠥᠬᠡᠬᠣᠲᠠ᠎ᠶ᠋ᠢᠨ ᠱᠢᠨ ᠤᠣ ᠴᠢᠯᠠᠭᠤᠨ ᠲᠣᠰᠣᠨ᠎ᠤ ᠬᠢᠵᠠᠭᠠᠷᠲᠤ ᠺᠣᠮᠫᠠᠨᠢ᠎ᠶ᠋ᠢᠨ ᠳᠠᠭᠠᠭᠠᠮᠠᠯ ᠹᠠᠨ ᠵᠧᠨ ᠱᠢᠤᠸᠠᠨ ᠱᠢᠨ᠎ᠡ ᠬᠣᠲᠠ ᠲᠣᠭᠣᠷᠢᠭ᠎ᠤᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ ᠠᠵᠤ ᠠᠬᠤᠢᠯᠠᠯ ᠡᠷᠭᠢᠯᠡᠬᠦ᠌ ᠲᠤᠰᠭᠠᠶ ᠲᠣᠭᠣᠷᠢᠭ᠎ᠲᠤ ᠡᠷᠲᠡᠯᠠᠨ ᠬᠦᠷᠴᠦ᠍᠂ ᠡᠵᠡᠩᠨᠡᠯᠲᠡ᠎ᠶ᠋ᠢᠨ ᠦᠨᠡᠮᠯᠡᠯ ᠭᠦᠶ᠋ᠴᠡᠳᠭᠡᠬᠦ᠌᠎ᠪᠡᠷ ᠪᠡᠯᠡᠳᠭᠡᠪᠡ᠂ ᠴᠢᠯᠠᠭᠤᠨ ᠲᠣᠰᠣᠨ᠎ᠤ ᠠᠵᠢᠯ ᠲᠥᠷᠥᠯ᠎ᠨᠢ ᠤᠷᠢᠳᠠᠴᠢ ᠬᠢᠨᠠᠨ ᠵᠥᠪᠱᠢᠶᠡᠷᠡᠯ᠎ᠳᠦ ᠬᠠᠷᠢᠶᠠᠯᠠᠭ᠍ᠳᠠᠬᠤ ᠪᠣᠯᠬᠣᠷ ᠤᠷᠢᠳ ᠵᠢᠡᠷ ᠵᠥᠪᠱᠢᠶᠡᠷᠡᠯ᠎ᠦᠨ ᠦᠨᠡᠮᠯᠡᠯ ᠠᠪᠬᠤ ᠴᠢᠬᠤᠯᠠᠲᠠᠶ᠂ ᠶᠠᠪᠤᠴᠠ᠎ᠨᠢ ᠡᠩ᠎ᠦᠨ ᠡᠵᠡᠩᠨᠡᠯᠲᠡ᠎ᠶ᠋ᠢᠨ ᠦᠨᠡᠮᠯᠡᠯ᠎ᠲᠡᠶ ᠬᠠᠷᠢᠴᠠᠭᠤᠯᠪᠠᠯ ᠪᠤᠳᠤᠯᠢᠶᠠᠨᠲᠠᠶ ᠪᠠᠢᠳᠠᠭ᠃ ᠭᠡᠲᠡᠯ᠎ᠡ ᠬᠠᠭᠠᠰ ᠡᠳᠦᠷ᠎ᠦᠨ ᠳᠣᠲᠣᠷ᠎ᠠ ᠪᠦᠬᠦᠨ᠎ᠢ ᠱᠢᠶ᠋ᠳᠪᠦᠷᠢᠯᠡᠴᠢᠬᠡᠨ᠎ᠡ ᠭᠡᠳᠡᠭ᠎ᠢ ᠪᠤᠳᠤᠵᠤ ᠤᠯᠤᠬᠰᠡᠨ ᠦᠭᠡᠢ᠂ 《ᠦᠨᠡᠬᠡᠷ ᠥᠨᠳᠥᠷ ᠪᠦᠲᠦᠮᠵᠢ᠎ᠲᠡᠶ! ᠡᠨᠡ ᠨᠢ ᠤᠤᠯ ᠨᠢ ᠠᠳᠠᠭ᠎ᠲᠠᠭᠠᠨ ᠨᠢᠭᠡ ᠭᠠᠷᠠᠭ᠎ᠤᠨ ᠬᠤᠭᠤᠴᠠᠭ᠎ᠠ ᠭᠡᠷᠡᠭᠰᠡᠳᠡᠭ ᠪᠠᠢᠬᠰᠠᠨ》 ᠭᠡᠵᠦ᠍ ᠹᠠᠨ ᠵᠧᠨ ᠱᠢᠤᠸᠠᠨ ᠬᠡᠯᠡᠪᠡ᠃

《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠳᠦ ᠠᠯᠢ ᠪᠦᠯᠦᠭ ᠬᠦᠮᠦᠰ ᠬᠠᠮᠤᠭ᠎ᠤᠨ ᠭᠦᠨ᠂ ᠬᠠᠮᠤᠭ᠎ᠤᠨ ᠱᠢᠭᠤᠳ ᠲᠥᠷᠥᠭ᠌ᠳᠡᠯ᠎ᠲᠡᠶ ᠪᠣᠶ? ᠡᠭᠦᠨ᠎ᠳᠦ ᠠᠵᠤ ᠠᠬᠤᠢᠯᠠᠯ ᠪᠣᠯᠬᠤ ᠨᠢ ᠢᠯᠡᠷᠬᠡᠶ᠃ ᠢᠩᠭᠢᠭᠡᠳ《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠬᠦᠴᠦᠯᠡᠨ ᠠᠬᠢᠭᠤᠯᠤᠭ᠍ᠰᠠᠨ ᠡᠯ᠎ᠡ ᠱᠠᠲᠤᠨ᠎ᠤ ᠵᠠᠰᠠᠭ᠎ᠤᠨ ᠣᠷᠳᠣᠨ ᠪᠣᠯᠤᠨ ᠬᠤᠯᠪᠤᠬᠳᠠᠯ ᠪᠥᠬᠥᠶ ᠬᠡᠷᠡᠭ ᠡᠷᠭᠢᠯᠡᠬᠦ᠌ ᠪᠠᠢᠭᠤᠯᠤᠮᠵᠢ ᠬᠣᠢᠨ᠎ᠠ ᠬᠣᠢᠨ᠎ᠠ ᠎ᠡᠴᠡ᠎ᠪᠠᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠲᠦᠷᠭᠡᠨ᠎ᠦ ᠵᠠᠮ᠎ᠤᠨ 《ᠵᠠᠮ ᠬᠠᠮᠠᠭᠠᠯᠠᠭ᠍ᠴᠢ》 ᠪᠣᠯᠪᠠ᠃

2 ᠰᠠᠷ᠎ᠠ᠎ᠶ᠋ᠢᠨ 20᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠰᠣᠨᠢᠨ ᠮᠡᠳᠡᠭᠡ ᠨᠡᠢᠲᠡᠯᠡᠬᠦ᠌ ᠬᠤᠷᠠᠯ ᠬᠤᠷᠠᠯᠳᠤᠭᠤᠯᠪᠠ᠄ 《ᠨᠢᠭᠡ ᠰᠦᠯᠵᠢᠶ᠎ᠡ᠎ᠪᠡᠷ ᠪᠦᠬᠦᠨ᠎ᠢ ᠭᠦᠶ᠋ᠴᠡᠳᠭᠡᠬᠦ᠌》 ᠪᠠ 《ᠨᠢᠭᠡ ᠰᠦᠯᠵᠢᠶ᠎ᠡ ᠪᠡᠷ ᠨᠢᠭᠡᠳᠦᠯᠲᠡᠶ ᠬᠠᠮᠢᠶᠠᠷᠬᠤ》᠎ᠶ᠋ᠢᠨ ᠲᠣᠭᠣᠷᠢᠨ᠎ᠳᠤ᠂ ᠠᠰᠠᠭᠤᠳᠠᠯ᠎ᠡᠴᠡ ᠡᠭᠦᠰᠴᠦ᠍᠂ ᠪᠣᠳᠠᠲᠠᠶ᠎ᠡᠴᠡ ᠡᠭᠦᠰᠴᠦ᠍᠂ ᠠᠵᠤ ᠠᠬᠤᠢᠯᠠᠯ᠎ᠤᠨ ᠬᠦᠰᠡᠯ ᠡᠷᠡᠮᠡᠯᠵᠡᠯ᠎ᠡᠴᠡ ᠡᠭᠦᠰᠴᠦ᠍᠂ 90 ᠵᠦᠶ᠋ᠯ᠎ᠦᠨ ᠪᠣᠳᠠᠲᠠᠶ ᠠᠷᠭ᠎ᠠ ᠬᠡᠮᠵᠢᠶ᠎ᠡ ᠭᠠᠷᠭᠠᠵᠤ᠂ 《ᠠᠵᠤ ᠠᠬᠤᠢᠯᠠᠯ ᠨᠡᠭᠡᠭᠡᠨ᠎ᠡᠷᠭᠢᠯᠡᠬᠦ᠌ ᠎ᠦᠢᠯᠡᠴᠢᠯᠡᠭᠡ ᠶ᠋ᠢ ᠱᠢᠯᠢᠳᠡᠭ᠌ᠵᠢᠭᠦᠯᠦᠨ ᠰᠠᠢᠵᠢᠷᠠᠭᠤᠯᠬᠤ ᠠᠵᠢᠯᠯᠠᠭ᠎ᠠ》ᠪᠠ 《ᠵᠠᠬ᠎ᠠ ᠳᠡᠯᠭᠡᠭᠦᠷ᠎ᠢ ᠱᠢᠯᠤᠭᠤᠳᠭᠠᠵᠤ ᠠᠷᠠᠳ᠎ᠲᠤ ᠲᠥᠬᠥᠮ ᠦᠵᠡᠭᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠵᠢᠯᠯᠠᠭ᠎ᠠ》 ᠶ᠋ᠢ ᠪᠥᠬᠥ᠌ ᠬᠦᠴᠦᠨ᠎ᠢᠶᠡᠷ᠎ᠢᠶᠡᠨ ᠬᠡᠷᠡᠭ᠌ᠵᠢᠭᠦᠯᠪᠡ᠃

ᠡᠭᠦᠨ᠎ᠤ ᠲᠠᠷᠠᠭ᠎ᠠ ᠪᠡᠷ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠪᠣᠳᠠᠲᠠᠶ ᠬᠡᠷᠡᠭ᠌ᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ᠂᠎ᠡᠯ᠎ᠡ᠎ᠭᠠᠵᠠᠷ᠎ᠤᠨ᠎ᠵᠠᠬ᠎ᠠ᠎ᠳᠡᠯᠭᠡᠭᠦᠷ᠎ᠦᠨ᠎ᠬᠢᠨᠠᠯᠲᠠ᠎ᠬᠠᠮᠢᠶᠠᠷᠤᠯᠲᠠ᠎ᠶ᠋ᠢᠨ᠎ᠰᠠᠯᠠᠭ᠎ᠠ᠎ᠮᠥᠴᠢᠷ ᠬᠣᠢᠨ᠎ᠠ ᠬᠣᠢᠨ᠎ᠠ᠎ᠡᠴᠡ᠎ᠪᠠᠨ ᠬᠥᠳᠡᠯᠦᠯᠴᠡᠵᠦ᠍ ᠡᠬᠢᠯᠡᠪᠡ᠃

ᠨᠢᠭᠡ ᠰᠠᠷ᠎ᠠ᠎ᠶ᠋ᠢᠨ ᠬᠢᠨᠢ ᠳᠠᠷᠠᠭ᠎ᠠ᠂ 3 ᠰᠠᠷ᠎ᠠ᠎ᠶ᠋ᠢᠨ 31 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠴᠠᠭ ᠲᠤᠬᠠᠶ᠎ᠳᠤᠨᠢ ᠮᠥᠷᠳᠡᠨ ᠳᠠᠭᠠᠵᠤ ᠠᠵᠢᠯᠯᠠᠨ᠂ ᠠᠵᠤ ᠠᠬᠤᠢᠯᠠᠯ᠎ᠲᠠᠶ ᠨᠢᠭᠤᠷᠳᠠᠨ ᠶᠠᠷᠢᠯᠴᠠᠬᠤ ᠪᠠᠷ ᠳᠠᠮᠵᠢᠭᠤᠯᠤᠨ ᠳᠡᠩᠰᠡᠯᠡᠭᠤᠯᠬᠤ᠂ ᠮᠡᠳᠡᠯᠭᠡ᠎ᠶ᠋ᠢᠨ ᠦᠮᠴᠢᠯᠡᠯ᠎ᠤᠨ ᠡᠷᠬᠡ᠂ ᠬᠢᠨᠠᠯᠲᠠ ᠬᠠᠮᠢᠶᠠᠷᠤᠯᠲᠠ᠎ᠶ᠋ᠢᠨ ᠬᠠᠤᠯᠢ ᠬᠡᠷᠡᠭ᠌ᠵᠢᠭᠦᠯᠬᠦ᠌ ᠵᠡᠷᠭᠡ ᠲᠠᠯ᠎ᠠ᠎ᠪᠡᠷ ᠠᠵᠤ ᠠᠬᠤᠢᠯᠠᠯ᠎ᠤᠨ ᠲᠤᠷᠠᠳᠤᠬᠰᠠᠨ ᠠᠰᠠᠭᠤᠳᠠᠯ ᠪᠠ ᠰᠠᠨᠠᠭᠤᠯᠭ᠎ᠠ᠎ᠶ᠋ᠢ ᠰᠣᠨᠣᠰᠪᠠ᠃

4 ᠰᠠᠷ᠎ᠠ᠎ᠶ᠋ᠢᠨ 2᠎ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠡᠴᠡ ᠡᠯ᠎ᠡ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠢ 90 ᠵᠤᠷᠪᠤᠰ ᠪᠣᠳᠠᠲᠠᠶ ᠠᠷᠭ᠎ᠠ ᠬᠡᠮᠵᠢᠶ᠎ᠡ᠎ᠶ᠋ᠢᠨ ᠲᠣᠭᠣᠷᠢᠨ᠎ᠳᠤ ᠠᠵᠢᠯ᠎ᠤᠨ ᠨᠠᠷᠢᠨ ᠲᠠᠨᠭᠰᠠ᠎ᠶ᠋ᠢ ᠡᠮᠬᠢᠯᠡᠬᠦ᠌᠎ᠶ᠋ᠢᠨ ᠬᠠᠮᠲᠤ ᠱᠢᠯᠭᠠᠨ ᠦᠨᠡᠯᠡᠬᠦ᠌ ᠠᠷᠭ᠎ᠠ᠎ᠶ᠋ᠢ ᠲᠣᠭ᠍ᠲᠠᠭᠠᠵᠤ᠂ ᠲᠣᠭ᠍ᠲᠠᠮᠠᠯ ᠬᠤᠭᠤᠴᠠᠭ᠎ᠠ ᠲᠠᠶ᠎ᠪᠠᠷ ᠠᠵᠢᠯ᠎ᠤᠨ ᠦᠷ᠎ᠡ ᠪᠦᠳᠦᠮᠵᠢ ᠵᠢᠨ ᠨᠡᠷᠡᠰ᠎ᠦᠨ ᠵᠢᠭ᠍ᠰᠠᠭᠠᠯᠲᠠ᠎ᠶ᠋ᠢ ᠵᠠᠷᠯᠠᠨ ᠮᠡᠳᠡᠭ᠌ᠳᠡᠬᠦ᠌ ᠬᠡᠷᠡᠭ᠌ᠲᠡᠶ ᠭᠡᠵᠦ᠍ ᠳᠠᠬᠢᠨᠲᠠ ᠱᠠᠭᠠᠷᠳᠠᠪᠠ᠃

ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠦᠨ ᠡᠭᠦᠷᠭᠡ ᠴᠢᠳᠠᠪᠤᠷᠢ᠎ᠨᠢ ᠠᠵᠤ ᠠᠬᠤᠢᠯᠠᠯ᠎ᠤᠨ ᠵᠠᠬ᠎ᠠ ᠲᠡᠯᠭᠡᠭᠦᠷ ᠲᠤ᠌ ᠣᠷᠣᠬᠤ᠎ᠶ᠋ᠢ ᠵᠥᠪᠱᠢᠶᠡᠷᠡᠬᠦ᠌᠎ᠡᠴᠡ ᠠᠪᠤᠭᠠᠳ ᠬᠦᠴᠦᠨ ᠥᠬᠡᠶ ᠪᠣᠯᠭᠠᠬᠤ ᠬᠦᠷᠲᠡᠯᠡᠬᠢ ᠠᠮᠢ ᠨᠠᠰᠤᠨ᠎ᠤ ᠪᠥᠬᠥ᠌ ᠦᠶᠡᠯᠡᠯ᠎ᠦᠨ ᠬᠤᠭᠤᠴᠠᠭ᠎ᠠ᠎ᠲᠠᠢ ᠬᠣᠯᠪᠣᠭ᠍ᠳᠠᠵᠤ᠂《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ ᠶ᠋ᠢᠨ ᠡᠯ᠎ᠡ ᠭᠣᠭ᠍ᠴᠣᠭ᠎ᠠ᠎ᠳᠤ ᠲᠤᠭᠤᠰᠢᠯᠠᠬᠳᠠᠵᠤ ᠪᠠᠢᠳᠠᠭ᠂ ᠭᠠᠭ᠍ᠴᠠ ᠬᠦ᠌ ᠡᠯ᠎ᠡ ᠱᠠᠲᠤᠨ᠎ᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠡᠯ᠎ᠡ ᠵᠦᠶ᠋ᠯ᠎ᠦᠨ ᠡᠭᠦᠷᠭᠡ ᠴᠢᠳᠠᠪᠤᠷᠢ᠎ᠶ᠋ᠢ ᠶᠡᠷᠦᠩᠬᠡᠢᠯᠡᠨ ᠠᠱᠢᠭ᠍ᠯᠠᠪᠠᠯ ᠰᠠᠶᠢ ᠠᠵᠤ ᠠᠬᠤᠢᠯᠠᠯ᠎ᠢ ᠪᠤᠢ ᠪᠤᠯᠭᠠᠵᠤ᠂ ᠪᠤᠵᠠᠭᠠᠢᠷᠠᠭᠤᠯᠵᠤ᠂ ᠬᠦᠴᠦᠷᠭᠡᠭᠵᠢᠬᠦᠯᠵᠤ ᠴᠢᠳᠠᠨ᠎ᠠ!

2021 ᠣᠨ᠎ᠳᠤ᠂ ᠮᠠᠨ᠎ᠤ ᠣᠷᠣᠨ ᠱᠢᠨ᠎ᠡ᠎ᠪᠡᠷ ᠪᠠᠢᠭᠤᠯᠤᠭ᠍ᠰᠠᠨ ᠠᠵᠤ ᠠᠬᠤᠢᠯᠠᠯ ᠎ᠤᠨ ᠭᠠᠷ ᠭᠦᠢᠴᠡᠳᠭᠡᠯ᠎ᠤᠨ ᠴᠠᠭ᠎ᠢ 2020 ᠣᠨ᠎ᠤ ᠳᠤᠮᠳᠠᠴᠢ᠎ᠪᠠᠷ 3 ᠠᠵᠢᠯᠯᠠᠬᠤ ᠡᠳᠦᠷ ᠪᠠᠢᠭ᠍ᠰᠠᠨ᠎ᠢ 《ᠨᠢᠭᠡ ᠡᠳᠦᠷ᠎ᠲᠦ ᠭᠦᠶ᠋ᠴᠡᠳᠭᠡᠵᠦ᠍ ᠳᠠᠭᠤᠰᠭᠠᠬᠤ》 ᠪᠣᠯᠭᠠᠨ ᠪᠤᠭᠤᠨᠢᠰᠬᠠᠵᠦ᠂ 33 ᠲᠦᠮᠡ ᠱᠢᠬᠠᠮ ᠠᠵᠤ ᠠᠬᠤᠢᠯᠠᠯ᠎ᠳᠤ ᠠᠱᠢᠭ ᠬᠦᠷᠲᠡᠭᠡᠪᠡ; ᠪᠥᠬᠥ᠌ ᠣᠷᠣᠨ᠎ᠳᠤ ᠬᠦᠮᠦᠨ᠎ᠤ ᠬᠦᠴᠦᠨ ᠵᠢᠡᠷ ᠡᠰᠡ ᠭᠦᠢᠴᠡᠳᠭᠡᠬᠦ ᠣᠶᠤᠨᠴᠢ ᠬᠢᠨᠠᠨ ᠵᠥᠪᠱᠢᠶᠡᠷᠡᠬᠦ᠌ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠪᠠᠢᠭᠤᠯᠵᠤ᠂ ᠳᠤᠮᠳᠠᠴᠢ᠎ᠪᠠᠷ 40 ᠮᠢᠨᠦ᠋ᠲ᠎ᠲᠦ ᠭᠠᠷ ᠤᠲᠠᠰᠤ᠎ᠪᠠᠷ ᠠᠵᠤ ᠠᠬᠤᠢᠯᠠᠯ᠎ᠤᠨ ᠳᠡᠩᠰᠡᠯᠡᠯᠲᠡ᠎ᠶ᠋ᠢ ᠪᠡᠶᠡᠯᠡᠭᠦᠯᠵᠦ᠍᠂ ᠡᠯᠧᠺᠲ᠋ᠷᠣᠨ ᠡᠵᠡᠩᠨᠡᠯᠲᠡ᠎ᠶ᠋ᠢᠨ ᠦᠨᠡᠮᠯᠡᠯ ᠠᠪᠴᠤ᠌ ᠪᠣᠯᠬᠤ ᠪᠤᠯᠭᠠᠪᠠ ᠁

ᠠᠯᠢ ᠤᠯᠠᠨ ᠦᠨᠡᠨ ᠪᠣᠳᠠᠲᠠᠢ ᠠᠷᠭ᠎ᠠ ᠬᠡᠮᠵᠢᠶ᠎ᠡ ᠨᠢ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢᠨ ᠦᠢᠯᠡᠰ ᠪᠤᠰᠭᠠᠬᠤ ᠢᠲᠡᠭᠡᠯ᠎ᠢ ᠨᠡᠮᠡᠭ᠌ᠳᠡᠭᠦᠯᠵᠦ᠍᠂ ᠵᠠᠬ᠎ᠠ ᠳᠡᠯᠭᠡᠭᠦᠷ᠎ᠦᠨ ᠠᠮᠢᠵᠢᠷᠠᠯ ᠎ᠤᠨ ᠬᠦᠴᠦᠨ᠎ᠢ ᠬᠥᠭ᠌ᠵᠢᠭᠡᠪᠡ᠃ ᠣᠳᠣᠬᠠᠨ ᠪᠣᠯᠲᠠᠯ᠎ᠠ ᠥᠪᠥᠷ ᠮᠣᠩᠭᠣᠯ᠎ᠤᠨ ᠵᠠᠬ᠎ᠠ ᠳᠡᠯᠭᠡᠭᠦᠷ ᠎ᠦᠨ ᠭᠤᠤᠯ ᠴᠣᠭ᠍ᠴᠠ 241.59 ᠲᠦᠮᠡᠨ ᠡᠷᠦᠬᠡ ᠪᠣᠯᠤᠨ ᠬᠥᠭ᠌ᠵᠢᠪᠡ᠃ ᠡᠭᠦᠨ᠎ᠳᠦ 2021 ᠣᠨ᠎ᠳᠤ ᠱᠢᠨ᠎ᠡ᠎ᠪᠡᠷ ᠪᠤᠰᠤᠬᠰᠠᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ 39.6 ᠲᠦᠮᠡᠨ ᠡᠷᠦᠬᠡ ᠪᠠᠢᠵᠤ᠂ ᠡᠳᠦᠷ ᠳᠤᠮᠳᠠᠴᠢ᠎ᠪᠠᠷ 1057 ᠡᠷᠦᠬᠡ ᠱᠢᠨ᠎ᠡ᠎ᠪᠡᠷ ᠳᠡᠩᠰᠡᠯᠡᠭᠤᠯᠪᠡ᠃ ᠡᠨᠡ ᠵᠢᠯ᠎ᠦᠨ ᠲᠦᠷᠦᠬᠦᠤ ᠤᠯᠠᠷᠢᠯ᠎ᠳᠤ ᠪᠥᠬᠥ᠌ ᠣᠷᠣᠨ᠎ᠤ ᠱᠢᠨ᠎ᠡ᠎ᠪᠡᠷ ᠳᠠᠩᠰᠠᠯᠠᠭᠤᠯᠤᠭ᠍ᠰᠠᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ 8.61 ᠲᠦᠮᠡᠨ ᠡᠷᠦᠬᠡ ᠪᠠᠢᠵᠤ᠂ ᠠᠳᠠᠯᠢ ᠬᠤᠭᠤᠴᠠᠭᠠᠨ᠎ᠤ᠎ᠬᠢ᠎ᠡᠴᠡ 9.54% ᠎ᠪᠠᠷ ᠨᠡᠮᠡᠭ᠌ᠳᠡᠪᠡ᠃

《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠳᠦ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭᠠᠬᠤ᠎ᠳᠤ 《ᠬᠠᠰᠤᠬᠤ ᠠᠷᠭ᠎ᠠ》 ᠶ᠋ᠢ ᠰᠠᠢᠲᠤᠷ ᠬᠢᠬᠦ᠌ ᠬᠡᠷᠡᠭ᠌ᠲᠡᠶ ᠮᠥᠷᠲᠡᠭᠡᠨ ᠪᠠᠰᠠ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠳ᠋ᠤ《ᠨᠡᠮᠡᠬᠦ᠌ ᠠᠷᠭ᠎ᠠ》᠂ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌᠎ᠳᠤ《ᠦᠷᠡᠵᠢᠭᠦᠯᠬᠦ᠌ ᠠᠷᠭ᠎ᠠ》 ᠶ᠋ᠢ ᠰᠠᠢᠲᠤᠷ ᠬᠢᠬᠦ᠌ ᠬᠡᠷᠡᠭ᠌ᠲᠡᠶ᠃ ᠮᠠᠨ᠎ᠤ ᠣᠷᠣᠨ᠎ᠤ ᠡᠯ᠎ᠡ ᠭᠠᠵᠠᠷ᠎ᠤᠨ ᠬᠢᠨ《ᠳᠠᠷᠤᠭᠠᠳ ᠪᠠᠷᠠᠰᠢ ᠥᠬᠡᠶ ᠠᠯᠪᠠᠨ ᠲᠠᠮᠠᠭ᠎ᠠ》᠂《ᠶᠠᠪᠤᠭᠠᠳ ᠳᠠᠭᠤᠰᠤᠰᠢ ᠥᠬᠡᠶ ᠲᠡᠰ ᠲᠠᠷᠠᠭᠠᠯᠠᠯ》 ᠢ᠋ ᠨᠢᠭᠡᠨᠲᠡ ᠬᠤᠪᠢᠷᠠᠭᠤᠯᠵᠤ᠂ 《ᠢᠨᠲ᠋ᠧᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ》᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶ᠋ᠴᠡᠳᠭᠡᠬᠦ᠌ ᠲᠢᠩᠬᠢᠮ ᠵᠡᠷᠭᠡ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ ᠵᠢ ᠬᠡᠷᠡᠭᠵᠢᠭᠦᠯᠵᠤ ᠣᠯᠠᠨ ᠲᠦᠮᠡᠨ᠎ᠳᠦ ᠦᠨᠡᠨ ᠪᠣᠳᠠᠲᠠᠶ ᠲᠥᠬᠥᠮ ᠦᠵᠡᠭᠦᠯᠪᠡ᠃

《ᠥᠩᠭᠡᠷᠡᠭ᠌ᠰᠡᠨ᠎ᠳᠦ ᠪᠢᠳᠡ ᠪᠠᠢᠭᠤᠯᠭ᠎ᠠ᠎ᠳᠠᠭᠠᠨ ᠳᠠᠭᠠᠳᠭᠠᠯ᠎ᠳᠤ ᠣᠷᠣᠯᠴᠠᠭ᠍ᠤ ᠳᠡᠩᠰᠡᠯᠡᠯᠲᠡ ᠬᠢᠯᠭᠡᠬᠦ᠌ ᠪᠤᠶᠤ ᠠᠵᠢᠯᠲᠠᠨ ᠬᠠᠰᠤᠬᠤ ᠭᠠᠷ ᠭᠦᠶ᠋ᠴᠡᠳᠭᠡᠯ ᠬᠢᠬᠦ᠌᠎ᠳᠦ ᠬᠥᠳᠡᠯᠮᠦᠷᠢ ᠶ᠋ᠢᠨ ᠭᠡᠷ᠎ᠡ᠂ ᠬᠥᠳᠡᠯᠮᠦᠷᠢ᠎ᠶ᠋ᠢᠨ ᠭᠡᠷ᠎ᠡ᠎ᠶ᠋ᠢ ᠬᠦᠴᠦᠨ ᠥᠬᠡᠶ ᠪᠣᠯᠭᠠᠬᠤ ᠬᠡᠯᠡᠯᠴᠡᠭᠡᠷ᠎ᠦᠨ ᠪᠢᠴᠢᠭ ᠵᠡᠷᠭᠡ ᠮᠠᠲ᠋ᠧᠷᠢᠶᠠᠯ᠎ᠢ ᠬᠡᠷᠡᠯ ᠵᠢᠷᠤᠭ ᠪᠣᠯᠭᠠᠨ ᠰᠡᠭᠦᠳᠡᠷᠯᠡᠵᠦ᠍ ᠭᠤᠶᠤᠴᠢᠯᠠᠨ ᠮᠡᠳᠡᠭᠦᠯᠵᠦ᠍ ᠳᠡᠭᠡᠭ᠌ᠰᠢ ᠳᠠᠮᠵᠢᠭᠤᠯᠬᠤ ᠴᠢᠬᠤᠯᠠᠲᠠᠶ ᠪᠠᠢᠪᠠ᠂ ᠣᠲᠣ ᠡᠢᠮᠦᠷᠬᠦᠤ ᠲᠤᠬᠠᠢᠯᠠᠭ᠍ᠰᠠᠨ ᠠᠵᠢᠯ᠎ᠢ ᠭᠦᠶ᠋ᠴᠡᠳᠭᠡᠬᠦ᠌᠎ᠳᠦ᠂ ᠵᠥᠪᠬᠡᠨ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠰᠦᠯᠵᠢᠶᠡᠨ ᠳᠡᠭᠡᠷᠡᠬᠢ ᠠᠵᠢᠯ ᠶᠠᠪᠤᠳᠠᠯ ᠭᠦᠶ᠋ᠴᠡᠳᠭᠡᠬᠦ᠌ ᠲᠢᠩᠬᠢᠮ᠎ᠳᠦ ᠭᠠᠷᠴᠤ᠌᠂ ᠮᠡᠳᠡᠭᠡ ᠵᠠᠩᠭᠢ᠎ᠶ᠋ᠢ ᠱᠢᠩᠭᠡᠭᠡᠨ ᠣᠷᠣᠭᠤᠯᠵᠤ᠂ ᠭᠤᠶᠤᠴᠢᠯᠠᠨ ᠮᠡᠳᠡᠭᠦᠯᠬᠦ᠌ ᠲᠠᠷᠤᠪᠴᠢ᠎ᠶ᠋ᠢ ᠬᠥᠩᠭᠡᠨ ᠲᠣᠪᠴᠢᠳᠠᠪᠠᠯ ᠪᠣᠯᠴᠢᠬᠠᠨ᠎ᠠ᠂ ᠶᠠᠮᠠᠷ ᠴᠤ᠌ ᠮᠠᠲ᠋ᠧᠷᠢᠶᠠᠯ᠎ᠢ ᠳᠡᠭᠡᠭ᠌ᠰᠢ ᠳᠠᠮᠵᠢᠭᠤᠯᠬᠤ ᠴᠢᠬᠤᠯᠠ ᠥᠬᠡᠶ᠂ ᠲᠣᠰ ᠡᠳᠦᠷ᠎ᠲᠡᠬᠡᠨ ᠭᠦᠶ᠋ᠴᠡᠳᠭᠡᠨ ᠳᠠᠭᠤᠰᠭᠠᠵᠤ ᠪᠣᠯᠤᠨ᠎ᠠ》ᠭᠡᠵᠦ᠍ ᠨᠢᠭᠡᠨ ᠠᠵᠤ ᠠᠬᠤᠢᠯᠠᠯ᠎ᠤᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠬᠡᠯᠳᠡᠰ᠎ᠤᠨ ᠬᠠᠷᠢᠭᠤᠴᠠᠯᠭᠠᠲᠠᠨ ᠶᠠᠷᠢᠬᠤ᠎ᠳᠤ ᠶᠡᠷᠦᠨᠢ ᠨᠢᠭᠡ ᠵᠦᠶ᠋ᠯ᠎ᠦᠨ ᠲᠠᠭᠠᠯᠠᠮᠵᠢᠲᠠᠶ ᠲᠦᠷᠦᠭᠳᠡᠯ ᠪᠤᠯᠤᠨ ᠵᠢᠷᠭᠠᠯᠲᠤ ᠲᠥᠷᠥᠭ᠌ᠳᠡᠯ᠎ᠲᠡᠶ ᠪᠠᠢᠯ᠎ᠠ᠃

ᠡᠲᠡᠭᠡᠷ ᠠᠵᠤ ᠠᠬᠤᠢᠯᠠᠯ᠎ᠤᠨ ᠳᠠᠷᠤᠭᠠᠰᠤ᠎ᠶ᠋ᠢ ᠬᠥᠩᠭᠡᠷᠡᠭᠦᠯᠦᠭ᠌ᠰᠡᠨ ᠪᠣᠳᠠᠲᠤ ᠶᠠᠪᠤᠳᠠᠯ ᠨᠢ 2021 ᠣᠨ᠎ᠳᠤ ᠬᠥᠬᠡᠬᠣᠲᠠ ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠡᠴᠡ ᠭᠦᠨᠵᠡᠭᠡᠶ ᠠᠬᠢᠭᠤᠯᠤᠭ᠍ᠰᠠᠨ 《ᠴᠠᠭ᠎ᠤᠨ ᠬᠢᠵᠠᠭᠠᠷ᠎ᠢ ᠬᠠᠰᠤᠬᠤ᠂ ᠮᠠᠲ᠋ᠧᠷᠢᠶᠠᠯ᠎ᠢ ᠬᠠᠰᠤᠬᠤ᠂ ᠭᠣᠭ᠍ᠴᠣᠭ᠎ᠠ᠎ᠶ᠋ᠢ ᠬᠠᠰᠤᠬᠤ᠂ ᠢᠯᠡ ᠲᠣᠳᠣ᠎ᠶ᠋ᠢᠨ ᠬᠡᠮᠵᠢᠶ᠎ᠡ ᠶ᠋ᠢ ᠨᠡᠮᠡᠭ᠌ᠳᠡᠭᠦᠯᠬᠦ᠌》 ᠠᠵᠢᠯ᠎ᠡᠴᠡ ᠢᠷᠡᠯᠲᠡ᠎ᠲᠡᠶ ᠶᠤᠮ᠃

ᠬᠥᠬᠡᠬᠣᠲᠠ ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠳᠠᠭᠠᠳᠭᠠᠯ᠎ᠳᠤ ᠣᠷᠣᠯᠴᠠᠭ᠍ᠰᠠᠳ᠎ᠢ ᠳᠡᠩᠰᠡᠯᠡᠨ ᠲᠡᠮᠳᠡᠭ᠌ᠯᠡᠬᠦ᠌᠂ ᠠᠵᠢᠯ ᠣᠯᠤᠭ᠍ᠰᠠᠨ ᠪᠠ ᠠᠵᠢᠯ ᠠᠯᠳᠠᠭ᠍ᠰᠠᠨ᠎ᠢ ᠳᠡᠩᠰᠡᠯᠡᠨ ᠲᠡᠮᠳᠡᠭ᠌ᠯᠡᠬᠦ᠌᠂ ᠬᠥᠳᠡᠯᠮᠦᠷᠢ ᠠᠵᠢᠯᠴᠢᠨ ᠬᠡᠷᠡᠭ᠌ᠯᠡᠬᠦ᠌᠎ᠶ᠋ᠢ ᠳᠡᠩᠰᠡᠯᠡᠨ ᠲᠡᠮᠳᠡᠭ᠌ᠯᠡᠬᠦ᠌ 《ᠭᠤᠷᠪᠠᠨ ᠵᠦᠶ᠋ᠯ᠎ᠦᠨ ᠲᠤᠬᠠᠢᠯᠠᠭ᠍ᠰᠠᠨ ᠠᠵᠢᠯ》 ᠢ᠋ ᠬᠠᠮᠵᠢᠯᠴᠠᠨ ᠭᠦᠶ᠋ᠴᠡᠳᠭᠡᠭ᠌ᠰᠡᠨ ᠭᠠᠵᠠᠷ ᠣᠷᠣᠨ ᠪᠣᠯᠪᠠ᠃ 2019 ᠣᠨ᠎ᠤ 6 ᠰᠠᠷ᠎ᠠ᠎ᠳᠤ ᠠᠱᠢᠭ᠍ᠯᠠᠯᠲᠠ᠎ᠳᠤ ᠣᠷᠣᠭ᠍ᠰᠠᠨ᠎ᠡᠴᠡ ᠨᠠᠭᠠᠰᠢ᠂ ᠨᠡᠢᠲᠡ 46 ᠲᠦᠮᠡᠨ ᠬᠤᠪᠢ ᠲᠤᠬᠠᠢᠯᠠᠭ᠍ᠰᠠᠨ ᠠᠵᠢᠯ᠎ᠢ ᠬᠠᠮᠵᠢᠯᠴᠠᠨ ᠭᠦᠶ᠋ᠴᠡᠳᠭᠡᠵᠦ᠍᠂ ᠦᠶ᠋ᠯᠡᠴᠢᠯᠡᠬᠦ᠌ ᠡᠲᠡᠭᠡᠳ᠎ᠦᠨ ᠲᠤᠬᠠᠶ᠎ᠶ᠋ᠢᠨ ᠲᠠᠯᠠᠪᠤᠷ᠎ᠲᠤ ᠬᠦᠷᠴᠦ᠍ ᠭᠦᠶ᠋ᠴᠡᠳᠭᠡᠬᠦ᠌ ᠶ᠋ᠢ ᠪᠠᠷᠤᠭ 150 ᠲᠦᠮᠡᠨ ᠤᠳᠠᠭ᠎ᠠ ᠪᠠᠭᠠᠰᠭᠠᠪᠠ᠃

ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠨᠢ ᠠᠵᠤ ᠠᠬᠤᠢᠯᠠᠯ ᠣᠯᠠᠨ ᠲᠦᠮᠡᠨ᠎ᠦ《ᠪᠡᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ》 ᠪᠠᠢᠭ᠎ᠠ ᠠᠰᠠᠭᠤᠳᠠᠯ᠎ᠳ᠋ᠤ ᠠᠩᠬᠠᠷᠤᠯ᠎ᠢᠶᠠᠨ ᠲᠥᠪᠯᠡᠷᠡᠭᠦᠯᠦᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠵᠠᠰᠠᠭ ᠵᠠᠬᠢᠷᠭᠠᠨ᠎ᠤ ᠡᠷᠬᠡ᠎ᠶ᠋ᠢ ᠤᠤᠯ᠎ᠤᠨ 129 ᠵᠦᠶ᠋ᠯ ᠪᠠᠢᠭ᠍ᠰᠠᠨ᠎ᠡᠴᠡ᠎ᠨᠢ ᠬᠠᠰᠤᠭᠠᠳ ᠣᠲᠣ 10 ᠵᠦᠶ᠋ᠯ ᠪᠣᠯᠭᠠᠪᠠ᠃

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ᠎ᠬᠢᠨ ᠠᠱᠢᠭ ᠲᠤᠰᠠ᠎ᠶ᠋ᠢᠨ ᠬᠡᠪᠱᠢᠭ᠌ᠰᠡᠨ ᠬᠠᠯᠬᠠᠪᠴᠢ᠎ᠶ᠋ᠢ ᠬᠦᠴᠦᠯᠡᠨ ᠱᠢᠪᠲᠤᠯᠵᠤ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠦᠶ᠋ᠯᠡ ᠠᠵᠢᠯᠯᠠᠭ᠎ᠠ᠎ᠶ᠋ᠢᠨ ᠵᠢᠷᠤᠮᠵᠢᠯ ᠪᠠ ᠬᠢᠵᠠᠭᠠᠷᠯᠠᠯ᠎ᠢ ᠴᠢᠩᠭᠠᠳᠭᠠᠵᠤ᠂ ᠵᠠᠰᠠᠭ᠎ᠢ ᠴᠣᠮᠬᠠᠳᠭᠠᠨ ᠡᠷᠬᠡ᠎ᠶ᠋ᠢ ᠳᠣᠷᠣᠭ᠍ᠰᠢ ᠪᠠᠭᠤᠯᠭᠠᠬᠤ ᠶ᠋ᠢᠨ ᠬᠠᠨᠳᠤᠯᠭᠠᠲᠤ ᠴᠢᠨᠠᠷ ᠪᠠ ᠣᠨᠣᠪᠴᠢ᠎ᠶ᠋ᠢᠨ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌᠎ᠳᠦ ᠶᠡᠬᠡ ᠲᠥᠬᠥᠮ ᠨᠥᠬᠥᠴᠡᠯ ᠬᠠᠩᠭᠠᠪᠠ᠃

《ᠬᠣᠶᠠᠷ ᠭᠠᠵᠠᠷ᠎ᠢᠶᠠᠷ ᠨᠠᠭᠠᠰᠢ ᠴᠠᠭᠠᠰᠢ ᠭᠦᠶᠦᠬᠦ᠌ ᠬᠡᠷᠡᠭ ᠥᠬᠡᠶ᠂ ᠨᠢᠭᠡ ᠴᠣᠩᠬᠣᠪᠴᠢ᠎ᠳᠤ ᠨᠢᠭᠡ ᠤᠳᠠᠭ᠎ᠠ ᠮᠠᠲ᠋ᠧᠷᠢᠶᠠᠯ ᠲᠤᠱᠢᠶᠠᠪᠠᠯ ᠳᠠᠷᠤᠶ ᠺᠣᠮᠫᠠᠨᠢ᠎ᠶ᠋ᠢᠨ ᠳᠠᠩᠰᠠᠯᠠᠭᠤᠯᠤᠯᠲᠠ᠎ᠪᠠᠨ ᠬᠤᠪᠢᠷᠠᠭᠤᠯᠬᠤ ᠭᠤᠶᠤᠴᠢᠯᠠᠯ᠎ᠢ ᠪᠡᠶᠡᠯᠡᠭᠦᠯᠵᠦ᠍ ᠴᠢᠳᠠᠨ᠎ᠠ ᠭᠡᠵᠦ᠍ ᠪᠤᠳᠤᠵᠤ ᠣᠯᠤᠭ᠍ᠰᠠᠨ ᠥᠬᠡᠶ》ᠭᠡᠵᠤ ᠥᠪᠥᠷ ᠮᠣᠩᠭᠣᠯ᠎ᠤᠨ ᠤᠯᠤᠰ᠎ᠤᠨ ᠡᠨᠧᠷᠭᠢ᠎ᠶ᠋ᠢᠨ ᠪᠠᠢᠭᠠᠯᠢ᠎ᠶ᠋ᠢᠨ ᠱᠢᠲᠠᠮᠠᠬᠠᠶ ᠬᠡᠶ᠎ᠶ᠋ᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠱᠢᠶᠤᠤ ᠸᠠᠩ ᠶᠠᠷᠢᠨ᠎ᠠ᠃ ᠤᠤᠯ ᠨᠢ 3 ᠰᠠᠷ᠎ᠠ᠎ᠶ᠋ᠢᠨ ᠡᠬᠢ᠎ᠪᠡᠷ ᠲᠡᠳᠡᠨ᠎ᠤ ᠺᠣᠮᠫᠠᠨᠢ᠎ᠨᠢ ᠲᠤᠬᠠᠢᠯᠠᠭ᠍ᠰᠠᠨ ᠠᠵᠢᠯ᠎ᠤᠨ ᠬᠥᠭ᠌ᠵᠢᠯᠲᠡ᠎ᠡᠴᠡ ᠪᠣᠯᠵᠣ ᠳᠠᠩᠰᠠᠯᠠᠭᠤᠯᠤᠨᠰᠠᠨ ᠬᠥᠷᠥᠩᠭᠡ᠎ᠪᠡᠨ ᠬᠤᠪᠢᠷᠠᠭᠤᠯᠬᠤ ᠴᠢᠬᠤᠯᠠᠲᠠᠶ ᠪᠣᠯᠤᠬᠰᠠᠨ ᠪᠤᠯᠪᠠᠴᠤ ᠠᠯᠠᠱᠠ ᠠᠢᠮᠠᠭ᠎ᠤᠨ ᠬᠢᠵᠢᠭ᠎ᠦᠨ ᠪᠠᠢᠳᠠᠯ᠎ᠤᠨ ᠨᠥᠯᠥᠭᠡ᠎ᠡᠴᠡ ᠪᠣᠯᠵᠣ᠂ ᠪᠡᠭᠡᠵᠢᠩ ᠬᠣᠲᠠ᠎ᠳᠤ ᠪᠠᠢᠭ᠎ᠠ ᠺᠣᠮᠫᠠᠨᠢ᠎ᠶ᠋ᠢᠨ ᠬᠤᠪᠢᠴᠠᠭ᠎ᠠ ᠡᠵᠡᠮᠰᠢᠭᠴᠢ ᠲᠤᠬᠠᠶ᠎ᠶ᠋ᠢᠨ ᠲᠠᠯᠠᠪᠤᠷ᠎ᠲᠤ ᠬᠦᠷᠴᠦ᠍ ᠮᠠᠲ᠋ᠧᠷᠢᠶᠠᠯ᠎ᠢᠶᠠᠨ ᠲᠤᠱᠢᠶᠠᠬᠤ᠎ᠶ᠋ᠢᠨ ᠠᠷᠭ᠎ᠠ ᠥᠬᠡᠶ ᠪᠣᠯᠤᠭᠰᠡᠨ ᠳ᠋ᠤ᠂ ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠎ᠶ᠋ᠢᠨ ᠠᠵᠢᠯᠲᠠᠨ᠎ᠤ ᠵᠢᠯᠣᠭᠣᠳᠣᠯᠭ᠎ᠠ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠢᠯᠡᠭ᠌ᠰᠡᠨ᠎ᠦᠶ᠋ᠯᠡᠴᠢᠯᠡᠭᠡᠨ᠎ᠦ᠎ᠲᠠᠪᠴᠠᠩ᠎ᠢᠶᠠᠷ᠎ᠳᠠᠮᠵᠢᠭᠤᠯᠤᠨ ᠺᠣᠮᠫᠠᠨᠢ᠎ᠪᠠᠨ ᠬᠤᠪᠢᠷᠠᠭᠤᠯᠤᠨ᠎ᠳᠠᠩᠰᠠᠯᠠᠭᠤᠯᠬᠤ ᠭᠤᠶᠤᠴᠢᠯᠠᠯ᠎ᠢᠶᠠᠨ ᠲᠤᠱᠢᠶᠠᠭ᠍ᠰᠠᠨ ᠪᠥᠭᠡᠳ ᠴᠠᠭᠠᠰᠤᠨ ᠮᠠᠲ᠋ᠧᠷᠢᠶᠠᠯ᠎ᠵᠢᠡᠨ ᠲᠦᠷᠭᠡᠨ ᠬᠦᠷᠭᠡᠯᠲᠡ᠎ᠪᠡᠷ ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠲᠦ ᠰᠠᠭᠤᠭ᠎ᠠ ᠴᠤᠩᠬᠤᠪᠴᠢ ᠳ᠋ᠤ ᠢᠯᠡᠭᠡᠭᠰᠡᠨ᠎ᠳᠦ᠂ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠢ ᠤᠷᠤᠭ᠍ᠰᠢᠲᠠᠶ ᠪᠦᠳᠦᠪᠡ᠃

ᠠᠯᠠᠱᠠ ᠠᠢᠮᠠᠭ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢ ᠠᠵᠤ ᠠᠬᠤᠢᠯᠠᠯ ᠪᠠ ᠣᠯᠠᠨ ᠲᠦᠮᠡᠨ᠎ᠦ ᠠᠵᠢᠯ ᠶᠠᠪᠤᠳᠠᠯ ᠭᠦᠶ᠋ᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠳᠤ ᠰᠠᠭᠤᠷᠢᠯᠠᠨ᠂ ᠨᠢᠭᠡ ᠲᠠᠯ᠎ᠠ᠎ᠪᠠᠷ 《ᠮᠤᠵᠢ ᠠᠯᠤᠰᠯᠠᠨ ᠪᠦᠬᠦᠨ ᠢ᠋ ᠭᠦᠶ᠋ᠴᠡᠳᠭᠡᠬᠦ᠌》 ᠵᠦᠶ᠋ᠯᠡᠰ᠎ᠦᠨ ᠬᠡᠪᠴᠢᠶ᠎ᠡ᠎ᠶ᠋ᠢ ᠢᠳᠡᠭ ᠢᠳᠡᠭ᠎ᠢᠶᠡᠷ ᠥᠷᠭᠡᠳᠭᠡᠵᠦ᠂ ᠨᠥᠭᠥᠭᠡ ᠲᠠᠯ᠎ᠠ᠎ᠪᠠᠷ ᠣᠷᠣᠨ᠎ᠤ ᠳᠣᠲᠣᠷᠠᠬᠢ ᠪᠤᠰᠤᠳ ᠠᠢᠮᠠᠭ ᠬᠣᠲᠠ᠎ᠯᠤᠭ᠎ᠠ᠎ᠶ᠋ᠢᠨ ᠬᠠᠮᠲᠤᠷᠠᠯᠴᠠᠭ᠎ᠠ ᠪᠠ ᠰᠣᠯᠢᠯᠴᠠᠭ᠎ᠠ᠎ᠪᠠᠨ ᠴᠢᠩᠭᠠᠳᠭᠠᠵᠤ᠂ ᠪᠦᠬᠦᠨ ᠢ᠋ ᠭᠦᠶ᠋ᠴᠡᠳᠭᠡᠬᠦ᠌ ᠨᠠᠩ ᠣᠯᠠᠨ ᠠᠷᠭ᠎ᠠ ᠵᠠᠮ᠎ᠢ ᠥᠷᠭᠡᠳᠭᠡᠵᠡᠢ᠃ ᠣᠳᠣᠬᠠᠨ᠎ᠳᠤ᠂ ᠪᠥᠬᠥ᠌ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠦᠷᠢᠶᠡᠨ᠎ᠳᠦ ᠠᠵᠤ ᠠᠬᠤᠢᠯᠠᠯ᠎ᠢ ᠪᠠᠢᠭᠤᠯᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠳᠡᠩᠰᠡᠯᠡᠯᠲᠡ᠂ ᠡᠵᠡᠩᠨᠡᠯᠲᠡ᠎ᠶ᠋ᠢᠨ ᠦᠨᠡᠮᠯᠡᠯ᠎ᠢᠶᠡᠨ ᠭᠡᠭᠡᠭ᠌ᠰᠡᠨ᠎ᠢ ᠨᠥᠬᠥᠨ ᠠᠪᠬᠤ᠂ ᠰᠣᠯᠢᠵᠤ ᠣᠯᠭᠣᠬᠤ ᠵᠡᠷᠭᠡ 13 ᠵᠦᠶ᠋ᠯ᠎ᠦᠨ ᠲᠤᠬᠠᠢᠯᠠᠭ᠍ᠰᠠᠨ ᠠᠵᠢᠯ᠎ᠢ ᠡᠮᠬᠢᠯᠡᠨ ᠭᠠᠷᠭᠠᠵᠠᠶ᠃

ᠣᠷᠳᠣᠰ ᠬᠣᠲᠠ᠎ᠳᠤ᠂ 《ᠤᠨᠳᠤᠤ ᠭᠠᠵᠠᠷ᠎ᠲᠤ ᠭᠦᠶ᠋ᠴᠡᠳᠭᠡᠵᠦ᠍ ᠪᠣᠯᠬᠤ》᠂ 《ᠪᠥᠬᠥ᠌ ᠣᠷᠣᠨ ᠪᠦᠰᠡ᠎ᠪᠡᠷ ᠪᠦᠬᠦᠨ ᠢ᠋ ᠭᠦᠶ᠋ᠴᠡᠳᠭᠡᠬᠦ᠌》 ᠨᠢ ᠨᠢᠭᠡᠨᠲᠡ ᠬᠦᠴᠢᠷ ᠠᠰᠠᠭᠤᠳᠠᠯ ᠪᠢᠰᠢ ᠪᠣᠯᠵᠠᠶ᠃ ᠣᠳᠣᠬᠠᠨ᠎ᠳᠤ᠂ 99 ᠵᠦᠶ᠋ᠯᠡᠰ᠎ᠢ ᠬᠥᠬᠡᠬᠣᠲᠠ ᠪᠤᠭᠤᠲᠤ ᠣᠷᠳᠣᠰ ᠦᠬᠠᠶ 4 ᠬᠣᠲᠠ《ᠬᠠᠷᠢᠯᠴᠠᠨ ᠭᠦᠶ᠋ᠴᠡᠳᠭᠡᠵᠦ᠍ ᠬᠠᠷᠢᠯᠴᠠᠨ ᠮᠡᠳᠡᠷᠡᠬᠦ᠌》᠎ᠶ᠋ᠢ ᠪᠡᠶᠡᠯᠡᠭᠦᠯᠵᠦ᠍᠂ 274 ᠵᠦᠶ᠋ᠯᠡᠰ ᠨᠢ 54 ᠬᠣᠲᠠ 《ᠮᠤᠵᠢ ᠠᠯᠤᠰᠯᠠᠨ ᠪᠦᠬᠦᠨ ᠢ᠋ ᠭᠦᠶ᠋ᠴᠡᠳᠭᠡᠬᠦ᠌》 ᠎ᠶ᠋ᠢ ᠪᠡᠶᠡᠯᠡᠭᠦᠯᠪᠡ᠃

《ᠮᠤᠵᠢ ᠠᠯᠤᠰᠯᠠᠨ ᠪᠦᠬᠦᠨ ᠢ᠋ ᠭᠦᠶ᠋ᠴᠡᠳᠭᠡᠬᠦ᠌》 ᠨᠢ ᠵᠠᠰᠠᠭ᠎ᠤᠨ ᠶᠠᠪᠤᠳᠠᠯ᠎ᠤᠨ ᠦᠷ᠎ᠡ ᠪᠦᠳᠦᠮᠵᠢ ᠵᠢ ᠲᠦᠷᠭᠡᠳᠭᠡᠵᠦ᠍᠂ ᠦᠶ᠋ᠯᠡᠴᠢᠯᠡᠭᠡ᠎ᠶ᠋ᠢ ᠰᠠᠢᠵᠢᠷᠠᠭᠤᠯᠪᠠ᠃

ᠡᠨᠡ ᠵᠢᠯ᠎ᠦᠨ ᠮᠠᠨ᠎ᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠎ᠳ᠋ᠤ᠄ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠲᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠷᠬᠡ᠎ᠶ᠋ᠢᠨ ᠵᠦᠶ᠋ᠯᠡᠰ᠎ᠢ ᠪᠥᠬᠥ᠌ ᠲᠠᠯ᠎ᠠ᠎ᠪᠠᠷ ᠳᠣᠷᠣᠭ᠍ᠰᠢ ᠪᠠᠭᠤᠯᠭᠠᠬᠤ ᠲᠤᠷᠱᠢᠯᠲᠠ᠎ᠶ᠋ᠢ ᠥᠷᠨᠢᠭᠦᠯᠦᠨ᠎ᠡ᠃ 《ᠨᠢᠭᠡ ᠰᠦᠯᠵᠢᠶ᠎ᠡ᠎ᠪᠡᠷ ᠪᠦᠬᠦᠨ ᠢ᠋ ᠭᠦᠶ᠋ᠴᠡᠳᠭᠡᠬᠦ᠌》 ᠎ᠶ᠋ᠢ ᠱᠢᠯᠢᠳᠡᠭ᠌ᠵᠢᠭᠦᠯᠵᠦ᠍᠂ 《ᠨᠢᠭᠡ ᠯᠡ ᠰᠦᠯᠵᠢᠶ᠎ᠡ᠎ᠪᠡᠷ ᠨᠢᠭᠡᠳᠦᠯᠲᠡᠶ ᠬᠠᠮᠢᠶᠠᠷᠬᠤ》᠎ᠶ᠋ᠢ ᠡᠬᠢᠯᠡᠭᠦᠯᠵᠦ᠂《ᠮᠥᠩᠬᠡ ᠰᠤᠪᠠᠭ · ᠳᠥᠷᠪᠡ ᠵᠢ ᠭᠦᠶ᠋ᠴᠡᠳᠭᠡᠬᠦ᠌》ᠦᠶ᠋ᠯᠡᠴᠢᠯᠡᠭᠡ᠎ᠶ᠋ᠢ ᠭᠦᠨᠵᠡᠭᠡᠢᠷᠡᠭᠦᠯᠵᠦ᠍᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ᠂ ᠡᠮᠴᠢᠯᠡᠭᠡ ᠪᠠ ᠠᠵᠤ ᠠᠬᠤᠢᠯᠠᠯ ᠡᠷᠭᠢᠯᠡᠬᠦ᠌᠂ ᠡᠵᠡᠩᠨᠡᠯᠲᠡ᠎ᠶ᠋ᠢᠨ ᠵᠥᠪᠱᠢᠶᠡᠷᠡᠯ ᠵᠡᠷᠭᠡ ᠥᠨᠳᠥᠷ ᠳᠠᠪᠲᠠᠮᠵᠢᠲᠤ ᠵᠦᠶ᠋ᠯᠡᠰ᠎ᠢ 《ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》᠂ 《ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠌》᠂ 《ᠮᠤᠵᠢ ᠠᠯᠤᠰᠯᠠᠨ ᠪᠦᠬᠦᠨ ᠢ᠋ ᠭᠦᠶ᠋ᠴᠡᠳᠭᠡᠬᠦ᠌》᠎ᠶ᠋ᠢ ᠪᠡᠶᠡᠯᠡᠭᠦᠯᠵᠦ᠍᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ 《ᠨᠢᠭᠡ ᠤᠳᠠᠰᠤ ᠪᠡᠷ ᠨᠡᠪᠲᠡᠷᠡᠭᠦᠯᠬᠦ᠌》 ᠎ᠶ᠋ᠢ ᠠᠬᠢᠭᠤᠯᠤᠨ᠂ ᠣᠯᠠᠨ ᠲᠦᠮᠡᠨ᠎ᠦ ᠲᠤᠰᠭᠠᠭ᠍ᠰᠠᠨ ᠶᠠᠪᠤᠳᠠᠯ᠎ᠢ ᠬᠠᠷᠢᠭᠤᠴᠠᠬᠤ ᠬᠥᠮᠦᠨ᠎ᠲᠡᠶ᠂ ᠭᠦᠶ᠋ᠴᠡᠳᠭᠡᠬᠦ᠌ ᠬᠥᠮᠦᠨ᠎ᠲᠡᠶ ᠪᠣᠯᠭᠠᠨ᠎ᠠ ᠭᠡᠵᠠᠢ᠃

ᠬᠡᠷ᠎ᠡᠴᠡ ᠪᠠᠨ ᠪᠣᠯᠵᠣᠵᠤ ᠭᠦᠶ᠋ᠴᠡᠳᠭᠡᠵᠦ᠍ ᠪᠣᠯᠤᠨ᠎ᠠ᠂ ᠤᠴᠢᠷ ᠶᠠᠪᠤᠳᠠᠯ ᠭᠦᠶ᠋ᠴᠡᠳᠭᠡᠬᠦ᠌ ᠎ᠳᠦ ᠣᠷᠳᠣ ᠬᠤᠭᠤᠴᠠᠭ᠎ᠠ᠎ᠪᠠᠷ ᠮᠥᠷᠯᠡᠬᠦ᠌ ᠴᠢᠬᠤᠯᠠ ᠥᠬᠡᠶ᠂ ᠭᠡᠷᠡᠴᠢ ᠦᠨᠡᠮᠯᠡᠯ᠎ᠢ ᠭᠦᠶ᠋ᠴᠡᠳᠭᠡᠵᠦ᠍ ᠪᠠᠷᠠᠪᠠᠯ ᠣᠷᠣᠯᠠᠨ ᠢᠯᠡᠭᠡᠵᠦ᠍ ᠦᠭᠭᠦᠨ᠎ᠡ ᠁ ᠡᠨᠡ ᠪᠣᠯ ᠮᠠᠰᠢ ᠣᠯᠠᠨ ᠬᠥᠮᠦᠨ᠎ᠦ ᠡᠳᠦᠷ ᠲᠤᠲᠤᠮ᠎ᠤᠨ ᠭᠡᠷᠡᠴᠢ ᠦᠨᠡᠮᠯᠡᠯ᠎ᠢᠶᠡᠨ ᠭᠦᠶ᠋ᠴᠡᠳᠭᠡᠬᠦ᠌ ᠰᠠᠢᠨ ᠰᠠᠢᠬᠠᠨ ᠬᠦᠰᠡᠯ ᠡᠷᠡᠮᠡᠯᠵᠡᠯ ᠪᠣᠯᠤᠨ᠎ᠠ᠃ ᠡᠳᠦᠭᠡ᠂ ᠪᠥᠬᠥ᠌ ᠣᠷᠣᠨ᠎ᠤ ᠡᠯ᠎ᠡ ᠭᠠᠵᠠᠷ᠎ᠤᠨ ᠬᠢᠨ ᠥᠪᠡᠷᠲᠡᠭᠡᠨ ᠵᠠᠰᠠᠬᠤ ᠣᠷᠣᠨ᠎ᠤ《ᠮᠥᠩᠬᠡ ᠰᠤᠪᠠᠭ· ᠲᠦᠷᠪᠡ ᠵᠢ ᠭᠦᠢᠴᠡᠳᠭᠡᠬᠦ》᠂ ᠲᠤᠬᠠᠢᠯᠠᠪᠠᠯ《ᠨᠢᠭᠡ ᠰᠦᠯᠵᠢᠶ᠎ᠡ᠎ᠪᠡᠷ ᠭᠦᠢᠴᠡᠳᠭᠡᠬᠦ᠂ ᠠᠯᠠᠭᠠᠨ ᠳᠡᠭᠡᠷ᠎ᠡ᠎ᠪᠡᠨ ᠭᠦᠶ᠋ᠴᠡᠳᠭᠡᠬᠦ᠂ ᠲᠠᠨ᠎ᠳᠤ ᠬᠠᠪᠰᠤᠷᠤᠨ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌》᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢ ᠳᠠᠭᠠᠯᠳᠤᠨ᠂ ᠡᠨᠡ ᠬᠦ᠌ ᠬᠦᠰᠡᠯ ᠵᠡᠭᠦᠳᠦ ᠨᠢ ᠨᠢᠭᠡᠨᠲᠡ ᠴᠢᠮᠡᠭᠡ ᠠᠨᠢᠷ ᠦᠭᠡᠢ ᠪᠡᠷ ᠪᠡᠶᠡᠯᠡᠭ᠌ᠳᠡᠪᠡ᠃

ᠥᠩᠭᠡᠷᠡᠭ᠌ᠰᠡᠨ᠎ᠳᠦ ᠨᠢᠭᠡ ᠤᠴᠢᠷ᠎ᠢ ᠭᠦᠶ᠋ᠴᠡᠳᠭᠡᠬᠦ᠌᠎ᠳᠦ᠎ᠳᠤᠭᠠᠷ ᠠᠪᠴᠤ᠂ ᠎ᠳ᠋ᠤᠭᠠᠷ ᠳᠠᠭᠤᠳᠠᠵᠤ᠂ ᠬᠡᠷᠡᠭ ᠭᠦᠶ᠋ᠴᠡᠳᠭᠡᠬᠦ᠌ ᠭᠠᠷ ᠭᠦᠶ᠋ᠴᠡᠳᠭᠡᠯ ᠨᠢ ᠶᠠᠷᠱᠢᠭ ᠲᠦᠪᠡᠭ᠌ᠲᠡᠶ ᠪᠠᠢᠪᠠ᠂ ᠣᠲᠣ《ᠪᠥᠬᠥ᠌ ᠶᠠᠪᠤᠴᠠ᠎ᠵᠢ ᠰᠦᠯᠵᠢᠶ᠎ᠡ᠎ᠪᠡᠷ ᠭᠦᠶ᠋ᠴᠡᠳᠭᠡᠬᠦ᠌》 ᠪᠣᠯᠤᠭᠰᠠᠨ ᠨᠢ᠂ ᠭᠤᠶᠤᠴᠢᠯᠠᠭ᠍ᠴᠢ ᠵᠥᠪᠬᠡᠨ ᠪᠥᠬᠥ᠌ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ᠎ᠢᠶᠠᠷ ᠳᠠᠮᠵᠢᠭᠤᠯᠤᠨ ᠭᠤᠶᠤᠴᠢᠯᠠᠯ ᠭᠠᠷᠭᠠᠵᠤ᠂ ᠬᠡᠷᠡᠭ᠌ᠰᠡᠬᠦ᠌ ᠭᠤᠶᠤᠴᠢᠯᠠᠯ᠎ᠤᠨ ᠮᠠᠲ᠋ᠧᠷᠢᠶᠠᠯ᠎ᠢ ᠬᠢᠨᠠᠨ ᠵᠥᠪᠱᠢᠶᠡᠷᠡᠬᠦ᠌ ᠲᠠᠪᠴᠠᠩ᠎ᠳᠤ ᠭᠠᠷᠭᠠᠵᠤ᠂ ᠠᠵᠢᠯᠲᠠᠨ ᠰᠦᠯᠵᠢᠶᠡᠨ ᠳᠡᠭᠡᠷ᠎ᠡ ᠬᠢᠨᠠᠨ ᠵᠥᠪᠱᠢᠶᠡᠷᠡᠵᠦ᠍᠂ ᠡᠯᠧᠺᠲ᠋ᠷᠣᠨ ᠴᠣᠬᠣᠯᠠᠪᠤᠷᠢ ᠭᠠᠷᠭᠠᠬᠤ ᠪᠤᠯᠤᠬᠰᠠᠨ ᠪᠡᠷ᠂ ᠭᠤᠶᠤᠴᠢᠯᠠᠭ᠍ᠴᠢ ᠲᠤᠬᠠᠶ᠎ᠶ᠋ᠢᠨ ᠲᠠᠯᠠᠪᠤᠷ᠎ᠲᠤ ᠬᠦᠷᠴᠦ᠍ ᠭᠦᠶ᠋ᠴᠡᠳᠭᠡᠬᠦ᠌ ᠴᠢᠬᠤᠯᠠ ᠥᠬᠡᠶ ᠪᠠᠢᠵᠤ᠂ ᠰᠢᠯᠵᠢᠶ᠎ᠡ ᠪᠡᠷ ᠡᠯᠧᠺᠲ᠋ᠷᠣᠨ ᠴᠣᠬᠣᠯᠠᠪᠤᠷᠢ᠎ᠶ᠋ᠢ ᠱᠢᠭᠤᠳ ᠳᠠᠷᠤᠮᠠᠯᠯᠠᠵᠤ ᠪᠤᠯᠬᠤ ᠪᠤᠯᠤᠬᠰᠠᠨ ᠨᠢ《ᠴᠣᠩᠬᠣᠪᠴᠢ ᠳ᠋ᠤ ᠮᠥᠷᠯᠡᠵᠦ᠍》 ᠪᠠᠢᠭ᠍ᠰᠠᠨ᠎ᠢ《ᠨᠢᠭᠡ ᠯᠡ ᠳᠠᠷᠤᠪᠴᠢ᠎ᠪᠠᠷ ᠭᠤᠶᠤᠴᠢᠯᠠᠬᠤ》 ᠪᠣᠯᠭᠠᠨ ᠲᠠᠰ ᠳᠡᠪᠱᠢᠭᠦᠯᠵᠦ᠍᠂ 《ᠨᠢᠭᠡ ᠴᠦ᠍ ᠭᠦᠶᠦᠯᠭᠡᠬᠦ᠌ ᠥᠬᠡᠶ》 ᠪᠠᠢᠬᠤ᠎ᠶ᠋ᠢ ᠦᠨᠡᠨ ᠬᠦ᠌ ᠪᠡᠶᠡᠯᠡᠭᠦᠯᠵᠡᠢ᠃ ᠡᠨᠡ ᠪᠣᠯ ᠲᠠᠷᠤᠢ ᠬᠥᠬᠡᠬᠣᠲᠠ᠎ᠶ᠋ᠢᠨ ᠨᠠᠷᠢᠨ ᠨᠢᠮᠪᠠᠶ ᠪᠠᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠦᠨ《ᠪᠥᠬᠥ᠌ ᠶᠠᠪᠤᠴᠠ᠎ᠶ᠋ᠢ ᠰᠦᠯᠵᠢᠶ᠎ᠡ᠎ᠪᠡᠷ ᠭᠦᠶ᠋ᠴᠡᠳᠭᠡᠬᠦ᠌》 ᠶᠠᠪᠤᠳᠠᠯ ᠪᠣᠯᠤᠨ᠎ᠠ᠃

ᠣᠳᠣᠬᠠᠨ ᠪᠣᠯᠲᠠᠯ᠎ᠠ᠂ ᠬᠥᠬᠡᠬᠣᠲᠠ᠎ᠶ᠋ᠢᠨ ᠲᠣᠰ ᠱᠠᠲᠤ 39 ᠰᠠᠯᠠᠭ᠎ᠠ ᠮᠥᠴᠢᠷ᠎ᠲᠦ ᠬᠣᠯᠪᠣᠭ᠍ᠳᠠᠭ᠍ᠰᠠᠨ 1269 ᠵᠦᠶ᠋ᠯᠡᠰ᠎ᠢ ᠡᠮᠬᠢᠯᠡᠨ ᠳᠢᠭ᠌ᠯᠡᠵᠦ᠍᠂ ᠡᠭᠦᠨ᠎ᠳᠦ 528 ᠵᠦᠶ᠋ᠯᠡᠰ᠎ᠢ ᠴᠥᠮ《ᠪᠥᠬᠥ᠌ ᠶᠠᠪᠤᠴᠠ ᠪᠡᠷ ᠰᠦᠯᠵᠢᠶ᠎ᠡ᠎ᠪᠡᠷ ᠭᠦᠶ᠋ᠴᠡᠳᠭᠡᠵᠦ᠍》 ᠪᠤᠯᠬᠤ ᠪᠤᠯᠤᠬᠰᠠᠨ ᠪᠠᠢᠨ᠎ᠠ᠃《ᠮᠥᠩᠬᠡ ᠰᠤᠪᠠᠭ》 ᠨᠢ ᠪᠥᠬᠥ᠌ ᠣᠷᠣᠨ᠎ᠤ ᠨᠢᠭᠡᠳᠦᠯᠲᠡᠶ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠣᠷᠣᠬᠤ ᠡᠭᠦᠳᠡ ᠪᠣᠯᠤᠭ᠍ᠰᠠᠨ᠎ᠤ ᠬᠤᠪᠢ᠎ᠳᠤ᠂ ᠣᠳᠣᠬᠠᠨ᠎ᠳᠤ ᠪᠥᠬᠥ᠌ ᠣᠷᠣᠨ᠎ᠤ 4400 ᠰᠠᠯᠠᠭ᠎ᠠ ᠮᠥᠴᠢᠷ᠎ᠦᠨ 186600 ᠵᠦᠶ᠋ᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠵᠠᠯᠭᠠᠨ ᠣᠷᠣᠭᠤᠯᠵᠤ᠂ ᠳᠣᠲᠣᠭᠠᠳᠤ᠎ᠶ᠋ᠢ ᠬᠠᠮᠠᠭᠠᠯᠠᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠡᠮ ᠡᠮᠨᠡᠯᠭᠡ᠎ᠶ᠋ᠢᠨ ᠳᠠᠭᠠᠳᠭᠠᠯ᠂ ᠨᠡᠢᠲᠡ᠎ᠶ᠋ᠢᠨ ᠬᠤᠷᠠᠮᠳᠤᠭᠤᠯᠭ᠎ᠠ᠎ᠶ᠋ᠢᠨ ᠮᠥᠩᠭᠥ᠌᠂ ᠤᠰᠤ ᠴᠠᠬᠢᠯᠭᠠᠨ ᠱᠢᠲᠠᠮᠠᠬᠠᠶ ᠬᠡᠶ ᠳᠤᠯᠠᠭᠠᠯᠠᠭ᠎ᠠ ᠵᠡᠷᠭᠡ ᠠᠷᠠᠳ᠎ᠲᠤ ᠲᠥᠬᠥᠮ ᠦᠵᠡᠭᠦᠯᠬᠦ᠌ ᠠᠵᠤ ᠠᠬᠤᠢᠯᠠᠯ᠎ᠤᠨ 3000 ᠭᠠᠷᠤᠶ ᠵᠦᠶ᠋ᠯ᠎ᠦᠨ ᠲᠤᠬᠠᠢᠯᠠᠭ᠍ᠰᠠᠨ ᠠᠵᠢᠯ ᠢ᠋ ᠬᠤᠷᠠᠮᠳᠤᠭᠤᠯᠤᠨ ᠨᠡᠢᠯᠡᠭᠦᠯᠵᠤ᠂ ᠨᠢᠭᠡᠨᠲᠡ ᠥᠷᠭᠡᠨ ᠣᠯᠠᠨ ᠲᠦᠮᠡᠨ᠎ᠦ ᠳᠤᠲᠠᠭ᠍ᠳᠠᠵᠤ ᠪᠣᠯᠤᠰᠢ ᠥᠬᠡᠶ ᠠᠮᠢᠳᠤᠷᠠᠯ᠎ᠤᠨ ᠵᠢᠵᠢᠭ ᠲᠤᠰᠠᠯᠠᠭ᠍ᠴᠢ ᠪᠣᠯᠤᠭ᠍ᠰᠠᠨ ᠪᠠᠢᠨ᠎ᠠ᠃

ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌《ᠡᠴᠦᠰ᠎ᠦᠨ ᠨᠢᠭᠡ ᠮᠧᠲ᠋ᠷ》᠎ᠢ᠋ ᠨᠡᠪᠲᠡᠷᠡᠭᠦᠯᠬᠦ᠌᠎ᠳᠦ᠂ ᠣᠯᠠᠨ ᠲᠦᠮᠡᠨ᠎ᠦ ᠳᠡᠷᠭᠡᠳᠡᠬᠢ ᠪᠠᠴᠢᠮ ᠶᠠᠪᠤᠳᠠᠯ᠂ ᠨᠢᠳᠦᠨ ᠡᠮᠦᠨᠡᠬᠢ ᠬᠦᠴᠢᠷ ᠶᠠᠪᠤᠳᠠᠯ᠎ᠢ ᠰᠠᠢᠲᠤᠷ ᠬᠢᠵᠦ᠍᠂ 《ᠨᠢᠭᠡ ᠤᠳᠠᠰᠤ ᠪᠡᠷ ᠨᠡᠪᠲᠡᠷᠡᠭᠦᠯᠬᠦ᠌》 ᠨᠢ ᠵᠠᠩᠭᠢᠯᠠᠭ᠎ᠠ᠎ᠶ᠋ᠢᠨ ᠭᠣᠭ᠍ᠴᠣᠭ᠎ᠠ ᠪᠣᠯᠭᠠᠪᠠ᠃

ᠬᠡᠷ᠎ᠦᠨ ᠳᠤᠯᠠᠭᠠᠮᠵᠢ ᠬᠠᠯᠠᠭᠤᠨ ᠪᠢᠰᠢ᠂ ᠰᠠᠭᠤᠭᠠᠯᠢ ᠠᠷᠠᠳ᠎ᠤᠨ ᠲᠣᠭᠣᠷᠢᠭ᠎ᠤᠨ ᠬᠣᠭ ᠨᠣᠪᠰᠢ ᠣᠪᠣᠭᠠᠷᠠᠵᠠᠢ᠂ ᠶᠠᠪᠤᠭᠤᠯ ᠬᠤᠳᠠᠯᠳᠤᠭᠠᠴᠢᠨ ᠵᠠᠮ ᠡᠵᠡᠯᠡᠨ ᠡᠵᠡᠩᠨᠡᠵᠦ᠍ ᠪᠣᠶ ᠁ ᠬᠣᠲᠠ᠎ᠶ᠋ᠢᠨ ᠠᠷᠠᠳ ᠡᠲᠡᠭᠡᠷ ᠶᠠᠷᠱᠢᠭ ᠲᠦᠪᠡᠭ᠎ᠲᠡᠶ ᠶᠠᠪᠤᠳᠠᠯ᠎ᠳᠤ ᠲᠤᠯᠭᠠᠷᠠᠪᠠᠯ᠂ 12345 ᠬᠠᠯᠠᠮᠱᠢᠯ ᠤᠲᠠᠰᠤ ᠪᠡᠷ ᠤᠳᠠᠰᠤᠳᠠᠪᠠᠯ ᠳᠠᠷᠤᠶ ᠭᠦᠶ᠋ᠴᠡᠳᠭᠡᠬᠦ᠌ ᠬᠥᠮᠦᠨ᠎ᠲᠡᠶ ᠪᠣᠯᠵᠣ᠂ ᠲᠡᠷᠡ ᠳᠠᠷᠤᠶ᠎ᠳᠤᠨᠢ ᠭᠦᠶ᠋ᠴᠡᠳᠭᠡᠬᠦ᠌ ᠪᠣᠯᠤᠨ᠎ᠠ᠃

2019 ᠣᠨ᠎ᠤ 11 ᠰᠠᠷ᠎ᠠ᠎ᠳᠤ᠂ ᠪᠠᠶᠠᠨᠨᠠᠭᠤᠷ ᠬᠣᠲᠠ᠎ᠶ᠋ᠢᠨ 12345 ᠵᠠᠰᠠᠭ ᠎ᠤᠨ ᠶᠠᠪᠤᠳᠠᠯ᠎ᠤᠨ ᠬᠠᠯᠠᠮᠱᠢᠯ ᠤᠲᠠᠰᠤ ᠨᠡᠪᠲᠡᠷᠡᠵᠦ᠍᠂ 7×24 ᠴᠠᠭ᠎ᠤᠨ ᠦᠶ᠋ᠯᠡᠴᠢᠯᠡᠭᠡ ᠥᠷᠨᠢᠭᠦᠯᠬᠦ᠌᠎ᠪᠡᠷ ᠳᠡᠮᠵᠢᠨ᠂ ᠡᠳᠦᠷ ᠪᠦᠷᠢ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ 200 ᠭᠠᠷᠤᠶ ᠬᠤᠪᠢ ᠤᠳᠠᠭ᠎ᠠ ᠭᠥᠯᠢᠶᠡᠨ ᠠᠪᠴᠤ᠌ ᠱᠢᠶ᠋ᠳᠪᠦᠷᠢᠯᠡᠪᠡ᠃

2021᠎ᠣᠨ᠎ᠤ 1 ᠰᠠᠷ᠎ᠠ᠎ᠶ᠋ᠢᠨ 8᠎ᠤ᠋ ᠡᠳᠦᠷ᠂ ᠬᠥᠬᠡᠬᠣᠲᠠ᠎ᠶ᠋ᠢᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ ᠠᠵᠢᠯᠯᠠᠵᠤ᠂ ᠭᠥᠯᠢᠶᠡᠨ ᠠᠪᠴᠤ᠌ ᠱᠢᠶ᠋ᠳᠪᠦᠷᠢᠯᠡᠬᠦ᠌ ᠭᠣᠭ᠍ᠴᠣᠭ᠎ᠠ᠂ ᠭᠦᠶ᠋ᠴᠡᠳᠭᠡᠬᠦ᠌ ᠭᠣᠭ᠍ᠴᠣᠭ᠎ᠠ᠂ ᠱᠠᠯᠠᠪᠳᠠᠭᠤᠯᠤᠨ ᠭᠦᠶ᠋ᠴᠡᠳᠭᠡᠬᠦ᠌ ᠭᠣᠭ᠍ᠴᠣᠭ᠎ᠠ᠂ ᠱᠢᠯᠭᠠᠨ ᠬᠢᠨᠠᠬᠤ ᠭᠣᠭ᠍ᠴᠣᠭ᠎ᠠ ᠵᠡᠷᠭᠡ ᠳᠥᠷᠪᠡᠨ ᠶᠡᠬᠡ ᠠᠵᠢᠯ᠎ᠤᠨ ᠪᠢᠲᠡᠭᠦᠦ ᠴᠠᠭᠠᠷᠢᠭ᠎ᠤᠨ ᠵᠠᠭ᠍ᠪᠤᠷ᠎ᠢ ᠪᠦᠷᠢᠯᠳᠦᠭᠦᠯᠵᠦ᠍᠂ ᠨᠢᠭᠡ ᠵᠢᠯ᠎ᠦᠨ ᠲᠤᠷᠰᠢ ᠣᠯᠠᠨ ᠲᠦᠮᠡᠨ᠎ᠦ ᠵᠠᠭᠤᠨ ᠲᠦᠮᠡ ᠱᠢᠬᠠᠮ ᠰᠠᠨᠠᠭᠠᠱᠢᠷᠠᠯ᠎ᠢ ᠲᠦᠷᠭᠡᠨ ᠪᠥᠭᠡᠳ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠪᠡ᠃

2021 ᠣᠨ᠎ᠤ 2 ᠰᠠᠷ᠎ᠠ᠎ᠶ᠋ᠢᠨ 7᠎ᠤ᠋ ᠡᠳᠦᠷ᠂ ᠬᠥᠯᠥᠨ ᠪᠣᠢᠷ ᠬᠣᠲᠠ᠎ᠶ᠋ᠢᠨ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ ᠨᠡᠪᠲᠡᠷᠡᠵᠦ᠍᠂ ᠪᠦᠬᠦᠯᠢ ᠡᠳᠦᠷ᠎ᠦᠨ 24 ᠴᠠᠭ᠎ᠲᠤ ᠳ᠋ᠢᠶᠠᠩᠬᠤᠸᠠ ᠵᠢᠴᠢ ᠰᠦᠯᠵᠢᠶᠡᠨ᠎ᠦ ᠬᠦᠰᠡᠯ ᠱᠠᠭᠠᠷᠳᠠᠯᠭ᠎ᠠ ᠶ᠋ᠢ ᠭᠥᠯᠢᠶᠡᠨ ᠠᠪᠴᠤ᠌ ᠱᠢᠶ᠋ᠳᠪᠦᠷᠢᠯᠡᠪᠡ ᠁

ᠵᠠᠰᠠᠭ᠎ᠤᠨ ᠣᠷᠳᠣᠨ᠎ᠤ ᠣᠯᠠᠨ ᠨᠡᠢᠲᠡ᠎ᠶ᠋ᠢᠨ《ᠰᠡᠳᠭᠢᠯ᠎ᠦᠨ ᠬᠣᠯᠪᠣᠭᠠᠰᠤ》 ᠪᠠ ᠵᠠᠰᠠᠭ᠎ᠤᠨ ᠣᠷᠳᠣᠨ᠎ᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠤᠢᠯᠠᠭᠠᠬᠤ 《ᠮᠡᠳᠡᠷᠡᠮᠵᠢ》 ᠪᠣᠯᠤᠭ᠍ᠰᠠᠨ᠎ᠤ ᠬᠤᠪᠢ᠎ᠳᠤ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢ ᠡᠯ᠎ᠡ ᠨᠢᠭᠡᠴᠢ᠎ᠲᠡᠶ ᠬᠣᠯᠪᠣᠵᠤ᠂ ᠣᠯᠠᠨ ᠲᠦᠮᠡᠨ᠎ᠦ ᠲᠤᠰᠭᠠᠭ᠍ᠰᠠᠨ ᠶᠡᠬᠡ ᠬᠡᠮᠵᠢᠶᠡᠨ᠎ᠦ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠥᠨᠳᠥᠷ ᠪᠦᠲᠦᠮᠵᠢᠲᠡᠶ᠎ᠪᠡᠷ ᠱᠢᠶ᠋ᠳᠪᠦᠷᠢᠯᠡᠪᠡ᠃

ᠡᠨᠡ ᠵᠢᠯ ᠮᠠᠨ᠎ᠤ ᠣᠷᠣᠨ ᠪᠥᠬᠥ᠌ ᠣᠷᠣᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ ᠎ᠦ ᠬᠠᠯᠠᠮᠱᠢᠯ ᠤᠲᠠᠰᠤ᠎ᠶ᠋ᠢᠨ ᠲᠣᠮᠣ ᠳ᠋ᠠᠢᠲ᠋ᠠ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠠᠯᠠᠮᠱᠢᠯ ᠤᠲᠠᠰᠤ ᠬᠢᠭᠡᠳ ᠠᠢᠮᠠᠭ ᠬᠣᠲᠠ᠎ᠶ᠋ᠢᠨ ᠬᠠᠯᠠᠮᠱᠢᠯ ᠤᠲᠠᠰᠤ᠎ᠶ᠋ᠢᠨ ᠮᠡᠳᠡᠭᠡ ᠵᠠᠩᠭᠢ᠎ᠶ᠋ᠢ ᠬᠠᠮᠲᠤᠪᠠᠷ ᠭᠥᠷᠳᠡᠬᠦ᠌ ᠪᠠ ᠵᠣᠬᠢᠴᠠᠭᠤᠯᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠵᠤ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠷᠠᠳ᠎ᠲᠤ ᠲᠥᠬᠥᠮ ᠦᠵᠡᠭᠦᠯᠬᠦ᠌ ᠬᠠᠯᠠᠮᠱᠢᠯ ᠤᠲᠠᠰᠤ᠎ᠶ᠋ᠢ《ᠨᠢᠭᠡ ᠤᠳᠠᠰᠤ ᠪᠡᠷ ᠨᠡᠪᠲᠡᠷᠡᠭᠦᠯᠬᠦ᠌》 ᠎ᠶ᠋ᠢ ᠠᠬᠢᠭᠤᠯᠵᠤ᠂ ᠦᠨᠡᠨᠬᠦ᠌ ᠠᠷᠠᠳ᠎ᠲᠤ ᠲᠥᠬᠥᠮ ᠦᠵᠡᠭᠦᠯᠬᠦ᠌ 《ᠶᠡᠷᠦᠩᠬᠡᠶ ᠦᠶ᠋ᠯᠡᠴᠢᠯᠡᠭ᠌ᠴᠢ》 ᠪᠣᠯᠭᠠᠨ᠎ᠠ᠃

ᠠᠷᠠᠳ᠎ᠤᠨ ᠬᠦᠰᠡᠯ ᠪᠣᠯ ᠵᠠᠰᠠᠭ ᠶᠠᠪᠤᠭᠤᠯᠬᠤ ᠬᠠᠨᠳᠤᠰᠢ ᠮᠥᠨ᠃

ᠡᠳᠡᠭᠡᠷ᠎ᠵᠢᠯ᠎ᠦᠳ᠎ᠲᠦ᠂᠎ᠥᠪᠥᠷ ᠮᠣᠩᠭᠣᠯ᠎ᠤᠨ ᠡᠯ᠎ᠡ ᠭᠠᠵᠠᠷ᠎ᠤᠨ《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ ᠳᠤᠮᠳᠠ᠂ ᠶᠡᠬᠡ ᠬᠡᠮᠵᠢᠶᠡᠨ᠎ᠦ ᠨᠡᠢᠲᠡᠯᠢᠭ ᠲᠤᠷᠱᠢᠯᠭ᠎ᠠ ᠪᠠ ᠱᠢᠨ᠎ᠡ᠎ᠶ᠋ᠢ ᠡᠭᠦᠳᠬᠦ᠌ ᠠᠷᠭ᠎ᠠ ᠬᠢᠳᠡᠯ ᠴᠣᠯᠭᠣᠷᠠᠨ ᠭᠠᠷᠴᠠᠢ᠃ ᠥᠭᠡᠷᠡᠴᠢᠯᠡᠯᠲᠡ ᠎ᠳᠦ ᠶᠠᠪᠤᠭ᠍ᠳᠠᠬᠤ ᠴᠠᠭ ᠪᠠᠢᠬᠤ᠎ᠯᠠ ᠡᠴᠡ ᠪᠢᠰᠢ ᠳᠠᠭᠤᠰᠭᠤ ᠴᠠᠭ ᠭᠡᠵᠦ᠍ ᠪᠠᠢᠬᠤ ᠦᠭᠡᠢ᠃《ᠲᠠᠯᠪᠢᠬᠤ ᠬᠠᠮᠢᠶᠠᠷᠬᠤ ᠦᠢᠯᠡᠴᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠳᠦ ᠥᠪᠥᠷ ᠮᠣᠩᠭᠣᠯ ᠢᠮᠠᠭ᠍ᠲᠠ ᠵᠤᠬ᠍ᠰᠤᠰᠢ ᠦᠭᠡᠢ ᠶᠤᠮ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面