2022-05-15 19:38:47
《 5·1 》 ᠤ᠋ ᠠᠮᠠᠷᠠᠯᠲᠠ᠎ᠶ᠋ᠢᠨ ᠬᠤᠭᠤᠴᠠᠭᠠᠨ᠎ᠳᠡᠬᠢ ᠬᠥᠬᠡᠬᠣᠲᠠᠬᠠᠪᠤᠷᠤᠨ ᠦᠵᠡᠮᠵᠢ ᠪᠡᠷ ᠪᠢᠯᠬᠠᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠤᠸᠠᠷ ᠴᠡᠴᠡᠭ ᠰᠤᠨᠢᠷᠬᠠᠨ ᠬᠠᠪᠤᠷ᠎ᠤᠨ ᠤᠷᠢᠨ ᠲᠤᠯᠠᠭᠠᠨ᠎ᠤ ᠬᠠᠪᠤ ᠴᠡᠡᠭᠭᠡᠯᠢ ᠬᠤᠪᠢᠶᠠᠯᠴᠠᠨ᠎ᠠ᠃
ᠡᠨᠡ ᠬᠦ᠌ ᠬᠠᠪᠤᠷ᠂ ᠬᠥᠬᠡᠬᠣᠲᠠ ᠨᠢᠭᠡ ᠤᠳᠠᠭᠠᠨ᠎ᠤ ᠬᠠᠲᠠᠭᠤ ᠳᠠᠢᠯᠠᠯᠳᠤᠭᠠᠨ᠎ᠤ ᠢᠯᠠᠯᠲᠠ ᠶ᠋ᠢ ᠲᠡᠮᠡᠴᠡᠨ ᠣᠯᠪᠠ᠃ 2 ᠰᠠᠷ᠎ᠠ᠎ᠶ᠋ᠢᠨ ᠳᠤᠮᠳᠠᠴᠢ᠎ᠪᠠᠷ᠂ ᠬᠥᠬᠡᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠡᠨᠡᠳᠲᠡ ᠡᠭᠦᠰᠴᠦ᠍᠂ ᠪᠥᠬᠥ᠌ ᠣᠷᠣᠨ᠎ᠤ ᠡᠯ᠎ᠡ ᠭᠠᠵᠠᠷ᠎ᠤᠨ ᠬᠢᠵᠢᠭ᠎ᠲᠡᠶ ᠲᠡᠮᠡᠴᠡᠭᠰᠡᠳ ᠬᠥᠬᠡᠬᠣᠲᠠ᠎ᠳᠤ ᠴᠤᠭ᠍ᠯᠠᠷᠠᠪᠠ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠪᠥᠬᠥ᠌ ᠣᠷᠣᠨ᠎ᠤ ᠡᠯ᠎ᠡ ᠠᠢᠮᠠᠭ ᠬᠣᠲᠠ᠂ ᠬᠥᠬᠡᠬᠣᠲᠠ᠎ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠡᠮᠴᠢᠯᠡᠭᠡᠨ᠎ᠦ ᠪᠠᠢᠭᠤᠯᠤᠮᠵᠢ(ᠴᠡᠷᠢᠭ ᠠᠩᠭᠢ᠎ᠶ᠋ᠢᠨ ᠡᠮᠨᠡᠯᠭᠡ᠎ᠶ᠋ᠢᠨ ᠬᠣᠷᠢᠶ᠎ᠠ ᠪᠠᠭ᠍ᠲᠠᠨ᠎ᠠ)᠎ᠡᠴᠡ 5400 ᠭᠠᠷᠤᠶ ᠡᠮᠴᠢᠯᠡᠭᠡᠨ᠎ᠦ ᠠᠵᠢᠯᠲᠠᠨ᠎ᠢ ᠪᠠᠴᠢᠮ ᠱᠢᠯᠵᠢᠭᠦᠯᠦᠨ ᠬᠥᠬᠡᠬᠣᠲᠠ ᠵᠢ ᠲᠤᠰᠠᠯᠠᠵᠤ᠂ ᠪᠥᠭᠡᠮ ᠬᠦᠴᠢᠯ᠎ᠦᠨ ᠥᠯᠢᠭᠡᠷ ᠠᠪᠬᠤ᠂ ᠡᠮᠴᠢᠯᠡᠭᠡᠨ᠎ᠦ ᠠᠪᠤᠷᠠᠨ ᠵᠠᠰᠠᠬᠤ ᠵᠡᠷᠭᠡ ᠬᠢᠵᠢᠭ᠎ᠲᠡᠶ ᠲᠡᠮᠡᠴᠡᠬᠦ᠌ ᠠᠵᠢᠯ᠎ᠳᠤ ᠣᠷᠣᠯᠴᠠᠭᠤᠯᠪᠠ; ᠦᠢ ᠤᠯᠠᠨ ᠬᠠᠯᠠᠭᠤᠨ ᠰᠡᠳᠭᠢᠯᠲᠦ ᠠᠵᠤ ᠠᠬᠤᠢᠯᠠᠯ᠂ ᠪᠠᠢᠭᠤᠯᠭ᠎ᠠ ᠨᠢᠭᠡᠴᠢ ᠵᠢᠴᠢ ᠬᠠᠯᠠᠭᠤᠨ ᠰᠡᠳᠭᠢᠯᠲᠦ ᠬᠥᠮᠦᠰ ᠬᠠᠷᠠᠮ ᠦᠭᠡᠢ ᠬᠠᠪᠰᠤᠷᠴᠤ᠌᠂ ᠬᠢᠵᠢᠭ᠎ᠦᠨ ᠪᠠᠢᠳᠠᠯ ᠭᠠᠷᠤᠭᠠᠳ 10 ᠡᠳᠦᠷ ᠪᠣᠯᠤᠭ᠎ᠠ ᠦᠬᠡᠢ᠎ᠪᠠᠷ ᠥᠪᠥᠷ ᠮᠣᠩᠭᠣᠯ᠎ᠤᠨ ᠡᠯ᠎ᠡ ᠱᠠᠲᠤᠨ᠎ᠤ ᠤᠯᠠᠭᠠᠨ ᠵᠠᠭᠠᠯᠮᠠᠢ᠌ᠳᠠᠨ᠎ᠤ ᠨᠡᠢᠭᠡᠮᠯᠢᠭ᠎ᠦᠨ ᠬᠢᠨ ᠨᠢᠭᠡᠨᠲᠡ ᠬᠠᠨᠳᠢᠪᠯᠠᠨ ᠬᠦᠷᠭᠡᠭ᠌ᠰᠡᠨ ᠵᠣᠭᠣᠰ ᠮᠥᠩᠭᠥ᠌ ᠡᠳ᠋ ᠪᠣᠳᠠᠰ᠎ᠢ 1 ᠳ᠋ᠦᠩᠱᠢᠭᠤᠷ ᠭᠠᠷᠤᠢ ᠲᠥᠭᠥᠷᠢᠭ ᠬᠦᠯᠢᠶᠡᠨ ᠠᠪᠴᠠᠢ ᠁ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ᠂ ᠬᠢᠵᠢᠭ᠎ᠦᠨ ᠪᠠᠢᠳᠠᠯ ᠠᠭᠠᠵᠢᠮ᠎ᠢᠶᠠᠷ ᠲᠣᠭ᠍ᠲᠠᠭᠤᠨ ᠪᠣᠯᠪᠠ᠃ 3 ᠰᠠᠷ᠎ᠠ᠎ᠶ᠋ᠢᠨ 31 ᠤ᠋ ᠡᠳᠦᠷ᠎ᠦᠨ 0 ᠴᠠᠭ᠎ᠠᠴᠠ ᠡᠬᠢᠯᠡᠨ᠂ ᠬᠥᠬᠡᠬᠣᠲᠠ᠎ᠶ᠋ᠢᠨ ᠪᠥᠬᠥ᠌ ᠣᠷᠣᠨ ᠪᠦᠰᠡ᠎ᠪᠡᠷ᠎ᠢᠶᠡᠨ ᠳᠤᠤᠷ᠎ᠠ ᠲᠦᠭ᠌ᠰᠢᠭᠦᠷᠢ᠎ᠳᠦ ᠭᠠᠵᠠᠷ ᠣᠷᠣᠨ ᠪᠣᠯᠵᠣ᠂ ᠦᠶ᠋ᠯᠡᠳᠪᠦᠷᠢᠯᠡᠯ ᠠᠮᠢᠳᠤᠷᠠᠯ ᠠᠯᠬᠤᠮ ᠠᠯᠬᠤᠮ᠎ᠢᠶᠠᠷ ᠰᠡᠷᠭᠦᠪᠡ᠃
ᠨᠢᠳᠤᠨᠤᠨ᠎ᠤ 10 ᠰᠠᠷ᠎ᠠ᠎ᠳᠤ᠂ ᠡᠵᠡᠨ᠎ᠡ ᠬᠣᠱᠢᠭᠤᠨ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ᠎ᠦᠨ ᠪᠠᠢᠳᠠᠯ ᠡᠭᠦᠰᠴᠦ᠍᠂ ᠲᠦᠮᠡ ᠱᠢᠬᠠᠮ ᠵᠢᠭᠤᠯᠴᠢᠯᠠᠬᠰᠡᠳ ᠲᠤᠬᠠᠢ᠎ᠶ᠋ᠢᠨ ᠭᠠᠵᠠᠷ᠎ᠲᠤ ᠦᠯᠡᠳᠡᠨ ᠬᠤᠴᠤᠷᠪᠠ᠃ 11 ᠰᠠᠷ᠎ᠠ᠎ᠳᠤ᠂ ᠲᠦᠩᠯᠢᠶᠣᠤ ᠵᠡᠷᠭᠡ ᠭᠠᠵᠠᠷ᠎ᠲᠤ ᠬᠣᠪᠣᠷ ᠲᠣᠬᠢᠶᠠᠯᠳᠤᠬᠤ ᠶᠡᠬᠡ ᠴᠠᠰᠤ ᠣᠷᠣᠵᠤ᠂ ᠬᠡᠰᠡᠭ ᠭᠠᠵᠠᠷ ᠣᠷᠣᠨ᠎ᠳᠤ ᠲᠦᠭ᠌ᠰᠢᠭᠦᠷᠢᠲᠦ ᠪᠠᠢᠳᠠᠯ ᠢᠯᠡᠷᠡᠪᠡ᠃ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠡᠳᠭᠢᠯ ᠵᠢᠷᠦᠬᠡ᠎ᠪᠡᠨ ᠬᠣᠯᠪᠣᠵᠤ᠂ ᠡᠯ᠎ᠡ ᠱᠠᠲᠤ ᠡᠯ᠎ᠡ ᠭᠠᠵᠠᠷ᠎ᠤᠨ᠎ᠬᠢᠨ ᠬᠦᠴᠦᠯᠡᠨ ᠴᠢᠷᠮᠠᠢᠵᠤ ᠲᠤᠰᠠᠯᠠᠨ᠂ ᠦᠨᠳᠦᠰᠦᠲᠡᠨ᠎ᠦ ᠪᠦᠯᠬᠦᠮᠳᠡᠯ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠭ᠍ᠰᠠᠨ ᠰᠡᠳᠭᠢᠯ ᠬᠥᠳᠡᠯᠭᠡᠮ᠎ᠡ ᠦᠯᠢᠭᠡᠷ ᠳᠠᠭᠤᠯᠠᠯ᠎ᠢ ᠪᠢᠴᠢᠭ᠌ᠯᠡᠪᠡ᠃
ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠨ᠎ᠠ
ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ᠂ ᠤᠷᠳᠤ ᠬᠤᠭᠤᠴᠠᠭᠠᠨ᠎ᠤ ᠲᠤᠷᠰᠢ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷᠲᠠᠶ ᠶᠤᠮ᠃
《ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠦᠳᠦᠭᠡᠨ ᠪᠠᠢᠭᠤᠯᠤᠭ᠍ᠰᠠᠨ》᠂ 《ᠭᠤᠷᠪᠠᠨ ᠮᠢᠩᠭᠠᠨ ᠥᠨᠥᠴᠢᠨ ᠬᠡᠦᠬᠡᠳ᠎ᠢ ᠥᠪᠥᠷ ᠮᠣᠩᠭᠣᠯ᠎ᠳᠤ ᠠᠪᠴᠢᠷᠠᠭ᠍ᠰᠠᠨ》 ᠵᠡᠷᠭᠡ ᠲᠡᠦᠬᠡ᠎ᠶ᠋ᠢᠨ ᠰᠠᠢᠬᠠᠨ ᠳᠠᠭᠤᠷᠢᠰᠭᠠᠯ᠎ᠠᠴᠠ᠂ ᠤᠳᠤ᠎ᠶ᠋ᠢᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠨᠢᠭ᠍ᠲᠠᠷᠠᠨ ᠪᠦᠯᠬᠦᠮᠳᠡᠵᠦ᠍ ᠬᠢᠵᠢᠭ᠎ᠲᠡᠶ ᠲᠡᠮᠡᠴᠡᠬᠦ᠌᠂ ᠴᠠᠭᠠᠨ ᠵᠤᠳ᠎ᠲᠠᠶ ᠲᠡᠮᠡᠴᠡᠬᠦ᠌ ᠪᠦᠯᠬᠦᠮᠳᠡᠯ᠎ᠦᠨ ᠱᠢᠨ᠎ᠡ ᠬᠠᠭᠤᠳᠠᠰᠤ ᠬᠦᠷᠲᠡᠯ᠎ᠡ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠬ᠎ᠠ ᠳᠡᠭᠦᠦ ᠮᠡᠲᠦ ᠳᠣᠲᠣᠨᠣ ᠶᠠᠪᠤᠯᠴᠠᠵᠤ᠂ ᠰᠠᠬᠢᠨ ᠪᠠᠷᠠᠯᠠᠵᠥ᠍ ᠬᠠᠷᠢᠯᠴᠠᠨ ᠬᠠᠪᠰᠤᠷᠤᠯᠴᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠢᠵᠢᠯᠢ ᠲᠥᠪ᠎ᠲᠦ ᠲᠣᠭᠣᠷᠢᠭ᠎ᠢ ᠬᠠᠮᠲᠤ᠎ᠪᠠᠷ ᠵᠢᠷᠤᠭ᠍ᠯᠠᠪᠠ᠃
ᠨᠠᠮ ᠪᠠ ᠤᠯᠤᠰ᠎ᠠᠴᠠ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠭ᠍ᠰᠠᠭᠠᠷ ᠢᠷᠡᠵᠦ᠍᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢᠨ ᠲᠤᠶᠠᠭᠠᠯᠠᠯ ᠳᠤᠤᠷ᠎ᠠ᠂ 70 ᠭᠠᠷᠤᠶ ᠵᠢᠯ᠎ᠦᠨ ᠲᠤᠷᠰᠢ᠂ ᠥᠪᠥᠷ ᠮᠣᠩᠭᠣᠯ ᠢᠮᠠᠭ᠍ᠲᠠ ᠦᠨᠳᠦᠰᠦᠲᠡᠨ᠎ᠨᠦᠭᠦᠳ ᠡᠶ᠎ᠡ ᠨᠠᠢᠷᠲᠠᠶ᠎ᠪᠠᠷ ᠬᠠᠮᠲᠤ ᠪᠡᠷ ᠣᠷᠣᠱᠢᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠡᠶ᠎ᠡ ᠵᠣᠬᠢᠴᠠᠯ᠎ᠲᠠᠶ ᠬᠥᠭ᠌ᠵᠢᠭ᠌ᠰᠡᠨ ᠰᠠᠢᠨ ᠰᠠᠢᠬᠠᠨ ᠪᠠᠢᠳᠠᠯ᠎ᠢ ᠪᠠᠲᠤᠯᠠᠭ᠍ᠰᠠᠭᠠᠷ ᠢᠷᠡᠵᠡᠶ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠬᠣᠶᠠᠷ ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠥᠪᠥᠷ ᠮᠣᠩᠭᠣᠯ᠎ᠳᠤ ᠠᠷᠪᠠᠨ ᠭᠤᠷᠪᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠰᠣᠩᠭᠣᠭᠤᠯᠢ᠎ᠳᠤ ᠣᠷᠣᠯᠴᠠᠵᠤ᠂ 5 ᠵᠢᠯ ᠳᠠᠷᠠᠭᠠᠯᠠᠨ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠪᠠ᠃
《ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ ᠪᠣᠯᠤᠨ〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉᠎ᠤ᠋ ᠡᠷᠬᠢᠮ ᠳᠡᠭᠡᠳᠦ ᠢᠷᠠᠭᠤ ᠠᠯᠳᠠᠷ᠎ᠢᠶᠡᠨ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠪᠡᠬᠢᠵᠢᠭᠦᠯᠦᠨ ᠬᠥᠭ᠌ᠵᠢᠭᠦᠯᠬᠦ᠌ ᠬᠡᠷᠡᠭ᠌ᠲᠡᠢ᠃》 ᠶᠡᠷᠦᠩᠬᠡᠢ ᠱᠦᠵᠢ ᠰᠢ ᠵᠢᠨ ᠫᠢᠩ᠎ᠦᠨ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠍᠂ ᠤᠯᠤᠰ᠎ᠤᠨ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠤᠬᠠᠮᠰᠠᠷ᠎ᠠᠴᠠ᠎ᠪᠠᠨ ᠡᠭᠦᠷᠭᠡᠯᠡᠨ ᠰᠠᠢᠲᠤᠷ ᠭᠦᠢᠴᠡᠳᠭᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠲᠠᠯ᠎ᠠ᠎ᠶ᠋ᠢ ᠦᠷᠭᠦᠯᠵᠢᠯᠡᠨ ᠪᠡᠬᠢᠵᠢᠭᠦᠯᠦᠨ ᠬᠥᠭ᠌ᠵᠢᠭᠦᠯᠪᠡ᠃ ᠡᠨᠡ ᠵᠢᠯ᠎ᠦᠨ 3 ᠰᠠᠷ᠎ᠠ᠎ᠶ᠋ᠢᠨ 5 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠳᠤ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠠᠵᠢᠯ᠎ᠢ ᠬᠢᠬᠦ᠌ ᠮᠥᠷᠲᠡᠭᠡᠨ ᠪᠠᠰᠠ ᠶᠡᠬᠡ ᠬᠡᠮᠵᠢᠶᠡᠨ᠎ᠦ《ᠴᠢᠮᠡᠭᠡ ᠠᠨᠢᠷ ᠦᠭᠡᠢ》ᠶᠠᠪᠤᠳᠠᠯ᠎ᠢ ᠬᠢᠬᠦ᠌ ᠬᠡᠷᠡᠭ᠌ᠲᠡᠢ ᠭᠡᠵᠦ᠍ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠦᠨᠳᠦᠰᠦᠲᠡᠨ᠎ᠦ ᠠᠵᠢᠯ᠎ᠤᠨ ᠪᠥᠬᠥ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠦᠨᠡᠨ ᠬᠦ᠌ ᠴᠢᠩᠭᠠᠳᠭᠠᠵᠤ᠂ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶ᠎ᠠ ᠲᠣᠭ᠍ᠲᠠᠮᠠᠯ ᠬᠤᠭᠤᠴᠠᠭ᠎ᠠ᠎ᠲᠠᠶ᠎ᠪᠠᠷ ᠦᠨᠳᠦᠰᠦᠲᠡᠨ᠎ᠦ ᠠᠵᠢᠯ᠎ᠤᠨ ᠲᠣᠭ᠍ᠲᠠᠴᠠ᠎ᠶ᠋ᠢ ᠲᠤᠰᠭᠠᠶ ᠰᠡᠳᠦᠪ᠎ᠢᠶᠡᠷ ᠰᠤᠳᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠳᠤ ᠣᠷᠣᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠨ᠎ᠤ ᠱᠠᠯᠠᠪᠳᠠᠭᠤᠯᠤᠨ ᠪᠠᠢᠴᠠᠭᠠᠬᠤ ᠲᠥᠯᠥᠪᠯᠡᠭᠡ᠎ᠳᠦ ᠣᠷᠣᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ(ᠨᠠᠮ᠎ᠤᠨ ᠤᠳᠤᠷᠢᠳᠭᠤ ᠳᠤᠭᠤᠢᠯᠠᠩ)᠎ᠶ᠋ᠢᠨ ᠲᠣᠭᠣᠷᠢᠨ ᠪᠠᠢᠴᠠᠭᠠᠬᠤ ᠴᠠᠭ᠍ᠳᠠᠨ ᠪᠠᠢᠴᠠᠭᠠᠬᠤ ᠴᠢᠬᠤᠯᠠ ᠠᠭᠤᠯᠭ᠎ᠠ᠎ᠳᠤ ᠣᠷᠣᠭᠤᠯᠵᠤ᠂ 2021 ᠣᠨ᠎ᠤ ᠥᠪᠡᠷᠲᠡᠭᠡᠨ ᠵᠠᠰᠠᠬᠤ ᠣᠷᠣᠨ᠎ᠤ ᠲᠢᠩᠬᠢᠮ ᠲᠣᠪᠴᠢᠶ᠎ᠠ᠂ ᠠᠢᠮᠠᠭ ᠬᠣᠲᠠ᠎ᠶ᠋ᠢᠨ ᠠᠵᠢᠯ᠎ᠤᠨ ᠠᠮᠵᠢᠯᠲᠠ ᠪᠦᠲᠦᠮᠵᠢ᠎ᠶ᠋ᠢ ᠬᠢᠨᠠᠨ ᠱᠢᠯᠭᠠᠬᠤ ᠭᠦᠶ᠋ᠴᠡᠳᠭᠡᠯ ᠲᠣᠭ᠎ᠠ᠎ᠳᠤ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》ᠭᠦᠶ᠋ᠴᠡᠳᠭᠡᠯ ᠲᠣᠭ᠎ᠠ᠎ᠶ᠋ᠢ ᠲᠤᠰᠠᠭᠠᠷ ᠲᠣᠬᠢᠷᠠᠭᠤᠯᠪᠠ᠃
ᠵᠦᠬᠡᠯᠡᠨ ᠪᠤᠷᠤᠭᠠᠨ ᠲᠦᠮᠡᠨ ᠪᠤᠳᠠᠰ ᠢ᠋ ᠤᠮᠳᠠᠯᠠᠵᠤ᠂ ᠤᠳᠠᠭᠠᠨ ᠲᠠᠭᠠᠭᠠᠮᠠᠭᠠᠢ ᠪᠡᠷ ᠵᠢᠳᠬᠦᠨ ᠴᠢᠷᠮᠠᠢᠨ᠎ᠠ᠃ ᠥᠪᠥᠷ ᠮᠣᠩᠭᠣᠯ ᠪᠥᠬᠥ᠌ ᠣᠷᠣᠨ᠎ᠤ ᠬᠡᠪᠴᠢᠶᠡᠨ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠪᠡ᠃
2021 ᠣᠨ᠎ᠳᠤ᠂ ᠪᠥᠬᠥ᠌ ᠣᠷᠣᠨ᠎ᠳᠤ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠂ ᠮᠢᠨᠦ᠍ ᠳᠡᠷᠭᠡᠳᠡᠬᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠥᠯᠢᠭᠡᠷ ᠵᠡᠷᠭᠡ ᠭᠤᠤᠯ ᠰᠡᠳᠦᠪᠲᠦ ᠲᠠᠢᠯᠪᠤᠷᠢᠯᠠᠯᠲᠠ᠎ᠶ᠋ᠢ 3.5 ᠲᠦᠮᠡ ᠭᠠᠷᠤᠶ ᠲᠠᠯᠠᠪᠠᠢ ᠥᠷᠨᠢᠭᠦᠯᠵᠦ᠍ ᠂ 300 ᠲᠦᠮᠡ ᠱᠢᠬᠠᠮ ᠬᠥᠮᠦᠨ᠎ᠢ ᠭᠥᠯᠢᠶᠡᠨ ᠠᠪᠴᠠᠶ; ᠥᠪᠡᠷᠲᠡᠭᠡᠨ ᠵᠠᠰᠠᠬᠤ ᠣᠷᠣᠨ᠎ᠤ ᠭᠤᠤᠯ ᠵᠠᠭᠤᠴᠢᠯᠠᠭᠤᠷ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠲᠤᠰᠭᠠᠶ ᠪᠤᠯᠤᠩ᠎ᠢ ᠤᠷᠳᠤ ᠬᠤᠭᠤᠴᠠᠭ᠎ᠠ ᠪᠡᠷ ᠨᠡᠭᠡᠭᠡᠪᠡ; ᠮᠠᠯᠵᠢᠬᠤ ᠲᠠᠷᠢᠶᠠᠯᠠᠬᠤ ᠣᠷᠣᠨ᠂ ᠵᠡᠭᠡᠯᠢ ᠭᠤᠳᠤᠮᠵᠢ᠎ᠳᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ᠎ᠶ᠋ᠢᠨ ᠤᠷᠢᠶ᠎ᠠ ᠯᠣᠽᠦᠢ᠍ᠩ ᠭᠠᠵᠠᠷ ᠪᠣᠯᠭᠠᠨ᠎ᠳᠤ ᠬᠠᠷᠠᠭ᠍ᠳᠠᠨ᠎ᠠ᠃
ᠲᠦᠷᠦᠭᠦᠬᠡᠨ᠂ ᠬᠢᠩᠭᠠᠨ ᠠᠢᠮᠠᠭ᠎ᠤᠨ ᠲᠦᠴᠢᠦᠸᠠᠨ ᠱᠢᠶᠠᠨ᠎ᠤ ᠨᠢᠭᠡᠳᠦᠭᠡᠷ ᠳᠤᠮᠳᠠᠳᠤ ᠰᠤᠷᠭᠠᠭᠤᠯᠢ 《 ᠵᠢᠵᠢᠭ ᠠᠨᠠᠷ᠎ᠤᠨ ᠦᠷ᠎ᠡ 》 ᠨᠡᠢᠭᠡᠮᠯᠢᠭ ᠤ᠋ᠨ ᠬᠤᠪᠢᠰᠭᠠᠯ᠎ᠤᠨ ᠥᠯᠢᠭᠡᠷ ᠶᠠᠷᠢᠬᠤ ᠠᠵᠢᠯᠯᠠᠭ᠎ᠠ ᠥᠷᠨᠢᠭᠦᠯᠵᠦ᠍᠂ ᠬᠤᠪᠢᠰᠭᠠᠯ᠎ᠤᠨ ᠤᠳᠤᠮᠱᠢᠯ᠎ᠢ ᠥᠷᠭᠡᠨ ᠣᠯᠠᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠦᠨᠳᠦᠰᠦᠯᠡᠭᠦᠯᠪᠡ᠃
ᠲᠦᠴᠢᠦᠸᠠᠨ ᠱᠢᠶᠠᠨ ᠪᠦᠬᠦ᠌ ᠱᠢᠶᠠᠨ᠎ᠤ ᠵᠠᠯᠠᠭᠤᠴᠤᠳ ᠪᠠᠭᠠᠴᠤᠳ᠎ᠤᠨ ᠳᠤᠮᠳᠠ《 ᠵᠢᠵᠢᠭ ᠠᠨᠠᠷ᠎ᠤᠨ ᠦᠷ᠎ᠡ 》 ᠨᠡᠢᠭᠡᠮᠯᠢᠭ ᠢ᠋ ᠪᠠᠢᠭᠤᠯᠵᠤ᠂ 28 ᠳᠤᠮᠳᠠᠳᠤ ᠪᠠᠭ᠎ᠠ ᠰᠤᠷᠭᠠᠭᠤᠯᠢ᠎ᠶ᠋ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠵᠦ᠍᠂ 《ᠦᠨᠳᠦᠰᠦᠲᠡᠨ᠎ᠦ ᠴᠡᠴᠡᠭᠡᠰ ᠰᠤᠷᠭᠠᠭᠤᠯᠢ᠎ᠶ᠋ᠢᠨ ᠬᠦᠷᠢᠶᠡᠨ᠎ᠳᠦ ᠲᠡᠯᠭᠡᠷᠡᠨᠡᠮ》ᠭᠡᠬᠦ᠌ ᠭᠣᠣᠯ ᠰᠡᠳᠦᠪ᠎ᠦᠨ ᠲᠣᠭᠣᠷᠢᠨ᠎ᠳᠤ ᠱᠢᠷᠢᠰ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠥᠷᠨᠢᠭᠦᠯᠵᠦ᠍᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭᠠᠨ᠎ᠤ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠥᠪᠡᠷ᠎ᠦᠨ ᠠᠮᠢ ᠨᠠᠰᠤ᠎ᠪᠠᠨ ᠨᠠᠨᠳᠢᠩᠨᠠᠬᠤ᠎ᠲᠠᠶ ᠠᠳᠠᠯᠢ᠎ᠪᠠᠷ ᠦᠨᠳᠦᠰᠦᠲᠡᠨ᠎ᠦ ᠪᠦᠯᠬᠦᠮᠳᠡᠯ᠎ᠢ ᠨᠠᠨᠳᠢᠩᠨᠠᠬᠤ ᠵᠢ ᠬᠥᠮᠦᠵᠢᠭᠦᠯᠦᠨ ᠵᠢᠯᠣᠭᠣᠳᠪᠠ᠃
ᠭᠠᠭᠴᠠ ᠲᠦᠴᠢᠦᠸᠠᠨ ᠱᠢᠶᠠᠨ ᠯᠡ ᠪᠢᠰᠢ᠂ ᠥᠪᠥᠷ ᠮᠣᠩᠭᠣᠯ᠎ᠤᠨ ᠡᠯ᠎ᠡ ᠶᠡᠬᠡ ᠳᠤᠮᠳᠠᠳᠤ ᠪᠠᠭ᠎ᠠ ᠰᠤᠷᠭᠠᠭᠤᠯᠢ᠎ᠳᠤ ᠤᠯᠠᠨ ᠵᠦᠢᠯ᠎ᠦᠨ ᠪᠠᠶᠠᠯᠢᠭ ᠠᠭᠤᠯᠭ᠎ᠠ ᠲᠠᠢ《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ 》ᠭᠣᠣᠯ ᠰᠡᠳᠦᠪᠲᠦ ᠬᠥᠮᠦᠵᠢᠯ᠎ᠦᠨ ᠠᠵᠢᠯᠯᠠᠭ᠎ᠠ᠎ᠶ᠋ᠢ ᠥᠷᠨᠢᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ ᠵᠢ ᠥᠷᠭᠡᠨ ᠤᠯᠠᠨ ᠵᠠᠯᠠᠭᠤᠴᠤᠳ ᠪᠠᠭᠠᠴᠤᠳ᠎ᠤᠨ ᠰᠡᠳᠭᠢᠯ᠎ᠳᠦ ᠨᠠᠬᠢᠶᠠᠯᠠᠭᠤᠯᠪᠠ᠃
ᠥᠪᠥᠷ ᠮᠣᠩᠭᠣᠯ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠦᠷᠭᠦᠯᠵᠢᠯᠡᠨ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ《 ᠳᠡᠯᠭᠡᠷᠡᠬᠦᠯᠪᠡᠰᠦ ᠵᠣᠬᠢᠬᠤ᠎ᠶ᠋ᠢ᠎ᠨᠢ ᠪᠦᠬᠦᠨ᠎ᠢ ᠳᠡᠯᠭᠡᠷᠡᠭᠦᠯᠵᠦ᠍》᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠠᠰᠠᠷᠠᠨ ᠬᠥᠮᠦᠵᠢᠭᠦᠯᠬᠦ᠌ ᠰᠤᠷᠭᠠᠨ ᠬᠥᠮᠦᠵᠢᠯ᠎ᠢ ᠬᠡᠦᠬᠡᠳ᠎ᠦᠨ ᠴᠡᠴᠡᠷᠯᠢᠭ᠎ᠲᠦ ᠪᠦᠬᠦᠨ ᠢ᠋ ᠪᠦᠷᠭᠦᠭᠦᠯᠬᠦ ᠵᠢ ᠪᠡᠶᠡᠯᠡᠬᠦᠯᠵᠦ᠂ ᠬᠣᠲᠠ᠎ᠶ᠋ᠢᠨ ᠦᠭᠡ ᠬᠡᠯᠡ ᠥᠰᠥᠭ ᠪᠢᠴᠢᠭ᠎ᠦᠨ ᠳᠦᠷᠢᠮᠵᠢᠭᠦᠯᠦᠯᠲᠡ᠎ᠶ᠋ᠢ ᠦᠨᠡᠯᠡᠨ ᠵᠢᠱ᠌ᠢᠬᠦ᠌ ᠠᠵᠢᠯ᠎ᠢ ᠶᠡᠷᠦᠩᠬᠡᠶ᠎ᠳᠡᠭᠡᠨ ᠪᠡᠶᠡᠯᠡᠭᠦᠯᠪᠡ᠃
ᠣᠢᠷ᠎ᠠ᠎ᠶ᠋ᠢᠨ ᠬᠣᠶᠠᠷ ᠵᠢᠯ᠎ᠳᠦ᠂ ᠥᠪᠥᠷ ᠮᠣᠩᠭᠣᠯ ᠨᠢᠭᠡ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠢ ᠪᠠᠢᠭᠤᠯᠵᠤ᠂ ᠥᠪᠥᠷ ᠮᠣᠩᠭᠣᠯ᠎ᠤᠨ ᠶᠡᠬᠡ ᠰᠤᠷᠭᠠᠭᠤᠯᠢ᠎ᠨᠢ ᠤᠯᠤᠰ᠎ᠤᠨ ᠠᠩᠬᠠᠳᠠᠭ᠍ᠴᠢ ᠪᠦᠯᠦᠭ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠢᠶᠠᠷ ᠰᠣᠩᠭᠣᠭ᠍ᠳᠠᠵᠤ᠂ ᠥᠪᠥᠷ ᠮᠣᠩᠭᠣᠯ᠎ᠤᠨ ᠪᠠᠭ᠍ᠰᠢ᠎ᠶ᠋ᠢᠨ ᠶᠡᠬᠡ ᠰᠤᠷᠭᠠᠭᠤᠯᠢ᠎ᠨᠢ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠳᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠰᠤᠳᠤᠯᠭᠠᠨ᠎ᠤ ᠰᠠᠭᠤᠷᠢᠨ᠎ᠢᠶᠠᠷ ᠲᠣᠭ᠍ᠳᠠᠭᠠᠭ᠍ᠳᠠᠵᠤ᠂ 8 ᠨᠢᠭᠡᠴᠢ᠎ᠨᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ ᠪᠠ ᠬᠦᠮᠦᠵᠢᠬᠦᠯᠬᠦ ᠰᠠᠭᠤᠷᠢᠨ ᠪᠣᠯᠤᠭ᠍ᠰᠠᠨ ᠪᠠᠢᠨ᠎ᠠ᠃
ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ
ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠳ᠋ᠤ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠵᠤ᠂ ᠨᠠᠷᠢᠯᠢᠭ ᠬᠢᠵᠦ᠍᠂ ᠳᠦᠷᠢ ᠲᠦᠷᠬᠦ ᠳᠠᠢ᠂ ᠤᠯᠤᠯᠳᠠ ᠲᠦᠷᠦᠭᠳᠡᠯ ᠲᠡᠶ᠂ ᠦᠷ᠎ᠡ ᠪᠦᠲᠦᠮᠵᠢ ᠲᠡᠢ ᠪᠠᠢᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠥᠷ ᠮᠣᠩᠭᠣᠯ ᠳᠤᠮᠳᠠᠳᠤ᠎ᠶ᠋ᠢᠨ ᠰᠣᠶᠣᠯ᠎ᠢᠶᠠᠷ ᠦᠨᠳᠦᠰᠦᠲᠡᠨ᠎ᠦ ᠪᠦᠯᠬᠦᠮᠳᠡᠯ᠎ᠢ ᠤᠮᠳᠠᠯᠠᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠭᠦᠨᠵᠡᠭᠡᠶ ᠬᠡᠷᠡᠭ᠌ᠵᠢᠭᠦᠯᠵᠦ᠍᠂ 17 ᠲᠥᠷᠥᠯ ᠵᠦᠶ᠋ᠯ ᠨᠢ ᠲᠠᠪᠤᠳᠤᠭᠠᠷ ᠪᠦᠯᠦᠭ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠦᠨ ᠨᠡᠷᠡᠰ᠎ᠦᠨ ᠵᠢᠭ᠍ᠰᠠᠭᠠᠯᠲᠠ᠎ᠳᠤ ᠰᠣᠩᠭᠣᠭ᠍ᠳᠠᠪᠠ; ᠤᠷᠲᠤ ᠴᠠᠭᠠᠨ ᠬᠡᠷᠡᠮ᠂ ᠬᠠᠲᠤᠨ ᠭᠣᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠪᠦᠲᠦᠭᠡᠨ ᠪᠠᠢᠭᠤᠯᠤᠯᠲᠠ᠎ᠶ᠋ᠢ ᠶᠡᠬᠡ ᠪᠡᠷ ᠠᠬᠢᠭᠤᠯᠪᠠ;《ᠲᠡᠦᠬᠡ᠎ᠶ᠋ᠢᠨ ᠳᠤᠷᠠᠰᠭᠠᠯᠲᠤ ᠵᠦᠢᠯᠡᠰ ᠳᠡᠬᠢ ᠥᠪᠥᠷ ᠮᠣᠩᠭᠣᠯ》《 ᠲᠡᠦᠬᠡᠯᠦᠭᠡ ᠶᠠᠷᠢᠯᠴᠠᠭ᠎ᠠ》 ᠵᠡᠷᠭᠡ ᠲᠤᠰᠬᠠᠢ ᠪᠤᠯᠤᠩ ᠫᠷᠥ᠍ᠭᠷᠠᠮᠢ ᠨᠡᠭᠡᠭᠡᠪᠡ᠋; ᠤᠯᠠᠭᠠᠨᠮᠥ᠋ᠴᠢᠷ᠎ᠤᠨ ᠬᠢᠨ ᠪᠥᠬᠥ᠌ ᠣᠷᠣᠨ᠎ᠤ ᠡᠯ᠎ᠡ ᠭᠠᠵᠠᠷ᠎ᠲᠤ ᠨᠠᠮ᠎ᠤᠨ ᠲᠥᠷᠥ᠎ᠶ᠋ᠢᠨ ᠪᠣᠳᠣᠯᠭ᠎ᠠ ᠪᠠ ᠲᠠᠭᠤᠨ᠎ᠢ ᠲᠠᠮᠵᠢᠭᠤᠯᠪᠠ᠃
ᠦᠨᠳᠦᠰᠦᠲᠡᠨ᠎ᠨᠦᠭᠦᠳ ᠬᠠᠮᠲᠤ᠎ᠪᠠᠷ ᠡᠳ᠋ᠯᠡᠬᠦ᠌ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠰᠣᠶᠣᠯ᠎ᠤᠨ ᠲᠦᠷᠢ ᠲᠥᠷᠬᠦ᠌᠎ᠶ᠋ᠢ ᠤᠯᠠᠮᠵᠢᠯᠠᠨ ᠳᠡᠯᠭᠡᠷᠡᠭᠦᠯᠬᠦ᠌᠎ᠪᠡᠷ ᠲᠠᠮᠵᠢᠨ᠂《ᠭᠤᠷᠪᠠᠨ ᠰᠠᠯᠵᠤ ᠴᠢᠳᠠᠬᠤ ᠦᠭᠡᠢ》᠂ 《ᠲᠠᠪᠤᠨ ᠬᠠᠮᠲᠤ᠎ᠶ᠋ᠢᠨ ᠲᠠᠨᠢᠯᠲᠠ》ᠵᠢᠨ ᠦᠵᠡᠯ ᠰᠠᠨᠠᠭ᠎ᠠ ᠪᠣᠯᠤᠨ《ᠲᠦᠷᠪᠡ᠎ᠶ᠋ᠢ ᠬᠠᠮᠲᠤ᠎ᠪᠠᠷ ᠡᠳ᠋ᠯᠡᠬᠦ᠌》ᠣᠢᠯᠠᠭᠠᠭ᠍ᠳᠠᠬᠤᠨ ᠢ᠋ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ᠎ᠳᠦ ᠭᠦᠨ ᠬᠠᠳᠠᠩᠱᠢᠭᠤᠯᠪᠠ᠃
ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠮᠥᠨ᠃ 2021 ᠣᠨ᠎ᠤ 5 ᠰᠠᠷ᠎ᠠ᠎ᠶ᠋ᠢᠨ 1 ᠤ᠋ ᠡᠳᠦᠷ ᠡᠴᠨ ᠡᠬᠢᠯᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》᠎ᠢ᠋ ᠬᠡᠷᠡᠭ᠌ᠵᠢᠭᠦᠯᠵᠦ᠍ ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭ᠌ᠰᠢᠬᠢ ᠠᠷᠠᠳ᠎ᠤᠨ ᠵᠠᠰᠠᠭ᠎ᠤᠨ ᠣᠷᠳᠣᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠲᠥᠯᠥᠪᠵᠢᠭᠦᠯᠭᠡ ᠵᠢ ᠲᠣᠭ᠍ᠲᠠᠭᠠᠵᠤ᠂ ᠪᠥᠬᠥ᠌ ᠣᠷᠣᠨ᠎ᠤ ᠡᠯ᠎ᠡ ᠲᠠᠰ ᠳᠠᠪᠬᠤᠷᠭ᠎ᠠ᠎ᠳᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ《ᠨᠠᠶ᠋ᠮᠠ ᠳ᠋ᠤ ᠣᠷᠣᠭᠤᠯᠬᠤ》᠎ᠶ᠋ᠢ ᠠᠬᠢᠭᠤᠯᠬᠤ ᠵᠢ ᠲᠤᠳᠤᠷᠬᠠᠢᠯᠠᠪᠠ᠃
ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠠᠯᠪᠠᠨ ᠪᠠᠢᠭᠤᠯᠭ᠎ᠠ᠎ᠳᠤ ᠣᠷᠣᠭᠤᠯᠵᠤ᠂ ᠥᠪᠥᠷ ᠮᠣᠩᠭᠣᠯ᠎ᠤᠨ ᠡᠯ᠎ᠡ ᠱᠠᠲᠤ ᠡᠯ᠎ᠡ ᠭᠠᠵᠠᠷᠤᠨᠬᠢᠨᠦ ᠡᠭᠦᠳᠦᠨ ᠪᠠᠢᠭᠤᠯᠬᠤ ᠠᠵᠢᠯᠯᠠᠭ᠎ᠠ᠎ᠶ᠋ᠢᠨ ᠠᠭᠤᠯᠭ᠎ᠠ ᠲᠠᠰᠤᠷᠠᠯᠲᠠ ᠥᠬᠡᠶ ᠪᠠᠶᠠᠯᠢᠬᠵᠢᠵᠤ᠂ ᠡᠬᠦᠳᠦᠨ ᠪᠠᠢᠭᠤᠯᠬᠤ ᠠᠵᠢᠯ ᠬᠦᠨᠵᠡᠬᠡᠢᠷᠡᠨ ᠪᠤᠳᠠᠳᠠᠢᠵᠢᠪᠠ᠃
ᠣᠳᠣᠬᠠᠨ ᠪᠣᠯᠲᠠᠯ᠎ᠠ᠂ ᠪᠥᠬᠥ᠌ ᠣᠷᠣᠨ᠎ᠤ 69 ᠭᠠᠵᠠᠷ ᠣᠷᠣᠨ ᠪᠠ ᠪᠠᠢᠭᠤᠯᠭ᠎ᠠ ᠨᠢᠬᠡᠴᠢ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠵᠢᠱ᠌ᠢᠶ᠎ᠡ ᠦᠵᠡᠭᠦᠯᠬᠦ᠌ ᠪᠠᠢᠭᠤᠯᠭ᠎ᠠ ᠨᠢᠬᠡᠴᠢ ᠪᠡᠷ ᠦᠨᠡᠯᠡᠭ᠌ᠳᠡᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 215 ᠵᠢᠱ᠌ᠢᠶᠡᠴᠢ ᠬᠠᠮᠲᠤ ᠨᠢᠬᠡᠴᠢ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 234 ᠵᠢᠱ᠌ᠢᠶᠡᠴᠢ ᠬᠤᠪᠢ ᠬᠥᠮᠦᠨ ᠡᠯ᠎ᠡ ᠦᠨᠳᠦᠰᠦᠲᠡᠨ᠎ᠦ ᠣᠯᠠᠨ ᠲᠦᠮᠡᠨ᠎ᠦ ᠳᠠᠭᠤᠷᠢᠶᠠᠯ ᠪᠣᠯᠵᠠᠶ᠃
ᠨᠡᠢᠭᠡᠮ ᠲᠣᠭᠣᠷᠢᠭ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠶ᠋ᠢᠨ ᠭᠡᠷ ᠤᠷᠤᠨ ᠮᠥᠨ᠃ ᠤᠯᠠᠭᠠᠨᠬᠠᠳᠠ ᠬᠣᠲᠠ᠎ᠶ᠋ᠢᠨ ᠰᠦᠩᠱᠠᠨ ᠲᠣᠭᠣᠷᠢᠭ᠎ᠤᠨ ᠯᠢᠨ ᠬᠤᠸᠠᠩ ᠵᠢᠶᠠ ᠶᠤᠸᠠᠨ ᠨᠡᠢᠭᠡᠮ ᠲᠣᠭᠣᠷᠢᠭ᠎ᠲᠤ᠂ ᠨᠡᠢᠭᠡᠮ ᠲᠣᠭᠣᠷᠢᠭ᠎ᠨᠢ 《ᠦᠨᠳᠦᠰᠦᠲᠡᠨ᠎ᠦ ᠠᠭᠤᠰᠤᠯᠴᠠᠭ᠍ᠰᠠᠨ ᠬᠡᠷ ᠪᠦᠯᠢ》᠎ᠪᠠᠷ ᠠᠴᠢᠶᠠᠯᠠᠪᠤᠷᠢ ᠪᠣᠯᠭᠠᠨ᠂ ᠰᠣᠶᠣᠯ᠎ᠢᠶᠠᠷ ᠬᠥᠭᠥᠷᠭᠡ ᠪᠣᠯᠭᠠᠵᠤ᠂ ᠦᠨᠳᠦᠰᠦᠲᠡᠨ᠎ᠦ ᠠᠭᠤᠰᠤᠯᠴᠠᠭ᠍ᠰᠠᠨ ᠵᠢᠵᠢᠭ ᠬᠢᠴᠢᠶᠡᠯ᠎ᠦᠨ ᠱᠢᠷᠡᠭᠡ᠂ ᠦᠨᠳᠦᠰᠦᠲᠡᠨ᠎ᠦ ᠤᠷ᠎ᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠬᠢᠴᠢᠶᠡᠯ᠎ᠦᠨ ᠲᠠᠩᠬᠢᠮ ᠵᠡᠷᠭᠡ ᠤᠨᠴᠠᠯᠢᠬ᠍ᠳᠤ ᠵᠢᠭ᠍ᠰᠠᠭᠠᠯ᠎ᠤᠨ ᠭᠠᠵᠠᠷ᠎ᠢ ᠪᠠᠢᠷᠢᠯᠠᠭᠤᠯᠤᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠣᠭᠣᠷᠣᠨᠳᠣᠬᠢ ᠰᠣᠶᠣᠯ᠎ᠤᠨ ᠬᠠᠮᠲᠤ᠎ᠶ᠋ᠢᠨ ᠲᠠᠨᠢᠯᠲᠠ ᠪᠠ ᠬᠠᠢᠷ᠎ᠠ ᠰᠡᠳᠭᠢᠯᠭᠡ᠎ᠶ᠋ᠢᠨ ᠬᠠᠷᠢᠯᠴᠠᠭ᠎ᠠ᠎ᠶ᠋ᠢ ᠴᠢᠩᠭᠠᠳᠭᠠᠵᠤ᠂ ᠨᠡᠢᠭᠡᠮ ᠲᠣᠭᠣᠷᠢᠭ᠎ᠲᠤ ᠡᠶ᠎ᠡ ᠵᠣᠬᠢᠴᠠᠩᠭᠤᠶ ᠬᠥᠭ᠌ᠵᠢᠯᠲᠡ᠎ᠶ᠋ᠢᠨ ᠬᠦᠴᠦᠨ᠎ᠢ ᠨᠢᠭ᠍ᠲᠠᠷᠠᠭᠤᠯᠪᠡ᠃
ᠣᠯᠠᠨ ᠵᠢᠯ᠎ᠦᠨ ᠲᠤᠷᠰᠢ᠂ ᠥᠪᠥᠷ ᠮᠣᠩᠭᠣᠯ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠵᠤ᠂ ᠬᠠᠤᠯᠢᠵᠢᠯ᠎ᠤᠨ ᠰᠡᠳᠭᠢᠬᠦᠶ ᠪᠠ ᠬᠠᠤᠯᠢᠵᠢᠯ᠎ᠤᠨ ᠠᠷᠭ᠎ᠠ ᠬᠡᠯᠪᠡᠷᠢ᠎ᠪᠡᠷ ᠦᠨᠳᠦᠰᠦᠲᠡᠨ᠎ᠦ ᠠᠵᠢᠯ᠎ᠢ ᠲᠥᠯᠥᠪᠵᠢᠭᠦᠯᠦᠨ ᠠᠬᠢᠭᠤᠯᠵᠤ᠂ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠠᠢᠴᠠᠭᠠᠵᠤ᠂ ᠦᠨᠳᠦᠰᠦᠲᠡᠨ᠎ᠦ ᠪᠦᠯᠬᠦᠮᠳᠡᠯ ᠪᠠ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃
ᠬᠥᠭ᠌ᠵᠢᠯᠲᠡ ᠪᠣᠯ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠠᠯᠲᠠᠨ ᠲᠦᠯᠬᠢᠭᠦᠷ ᠮᠥᠨ᠃ ᠥᠪᠥᠷ ᠮᠣᠩᠭᠣᠯ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠳᠠᠢᠰᠢ ᠤᠷᠤᠭ᠍ᠰᠢᠯᠠᠬᠤ ᠪᠣᠳᠠᠰ᠎ᠤᠨ ᠰᠠᠭᠤᠷᠢ᠎ᠶ᠋ᠢ ᠪᠡᠬᠢᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠪᠡ᠃
ᠥᠪᠥᠷ ᠮᠣᠩᠭᠣᠯ ᠬᠢᠯᠢ ᠬᠢᠵᠠᠭᠠᠷ᠎ᠢᠶᠠᠨ ᠪᠡᠬᠢᠵᠢᠭᠦᠯᠦᠨ ᠬᠢᠯᠢ ᠬᠢᠵᠠᠭᠠᠷ᠎ᠢᠶᠠᠨ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠶᠡᠬᠡ ᠪᠡᠷ ᠬᠡᠷᠡᠭ᠌ᠵᠢᠭᠦᠯᠵᠦ᠍᠂ ᠬᠢᠯᠢ᠎ᠶ᠋ᠢᠨ 20 ᠬᠣᠱᠢᠭᠤ ᠬᠣᠲᠠ(ᠲᠣᠭᠣᠷᠢᠭ )᠎ᠶ᠋ᠢᠨ ᠠᠵᠤ ᠠᠬᠤᠶ ᠨᠡᠢᠭᠡᠮ ᠲᠦᠷᠭᠡᠨ ᠬᠥᠭ᠌ᠵᠢᠪᠡ᠃ ᠠᠯᠠᠱᠠ ᠠᠢᠮᠠᠭ ᠬᠠᠷᠢᠶᠠᠨ ᠳ᠋ᠡᠬᠢ 3 ᠬᠢᠯᠢ᠎ᠶ᠋ᠢᠨ ᠬᠣᠱᠢᠭᠤ᠎ᠶ᠋ᠢ ᠭᠤᠤᠯᠳᠠᠯᠭ᠎ᠠ᠎ᠲᠠᠶ ᠳᠡᠮᠵᠢᠵᠦ᠍ ᠪᠠᠢᠭᠠᠳ ᠪᠥᠬᠥ᠌ ᠣᠷᠣᠨ ᠪᠦᠰᠡ᠎ᠶ᠋ᠢᠨ ᠵᠤᠭᠠᠴᠠᠯ᠂ ᠠᠮᠢ ᠠᠬᠤᠶ᠎ᠶ᠋ᠢᠨ ᠠᠵᠤ ᠠᠬᠤᠶ᠂ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠯᠲᠡ᠎ᠶ᠋ᠢᠨ ᠪᠠᠯᠠ ᠮᠥᠩᠭᠥ᠎ᠶ᠋ᠢᠨ ᠲᠥᠷᠥᠯ ᠵᠦᠶ᠋ᠯ᠎ᠢ ᠪᠥᠬᠥ᠌ ᠠᠢᠮᠠᠭ᠎ᠤᠨ ᠪᠣᠶ ᠪᠥᠬᠥᠶ ᠰᠤᠮᠤ ᠪᠠᠯᠭᠠᠰᠤ᠎ᠶ᠋ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍ ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠦᠶ᠋ᠯᠡᠳᠪᠦᠷᠢᠯᠡᠯ ᠠᠮᠢᠳᠤᠷᠠᠯ᠎ᠤᠨ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ ᠂ ᠥᠷᠭᠡᠨ ᠣᠯᠠᠨ ᠮᠠᠯᠴᠢᠨ ᠲᠠᠷᠢᠶᠠᠴᠢᠨ ᠨᠠᠩ ᠰᠡᠳᠭᠢᠯ ᠠᠮᠤᠷ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠂ ᠪᠦᠯᠬᠦᠮᠳᠡᠨ ᠨᠢᠭᠡᠳᠴᠦ᠍ ᠦᠶ᠋ᠯᠡᠳᠪᠦᠷᠢᠯᠡᠯ᠎ᠢᠶᠡᠨ ᠬᠥᠭ᠌ᠵᠢᠭᠦᠯᠪᠡ᠃
ᠬᠢᠯᠢ ᠬᠢᠵᠠᠭᠠᠷ᠎ᠢᠶᠠᠨ ᠪᠡᠬᠢᠵᠢᠭᠦᠯᠦᠨ ᠬᠢᠯᠢ ᠬᠢᠵᠠᠭᠠᠷ᠎ᠢᠶᠠᠨ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ ᠡᠴᠨ ᠪᠣᠯᠤᠭ᠍ᠰᠠᠨ ᠬᠤᠪᠢᠷᠠᠯᠲᠠ᠎ᠶ᠋ᠢ ᠶᠠᠷᠢᠬᠤ᠎ᠳᠤ᠂ ᠬᠥᠯᠥᠨ ᠪᠤᠢ᠌ᠷ ᠬᠤᠳᠠ᠎ᠶ᠋ᠢᠨ ᠬᠠᠭᠤᠴᠢᠨ ᠪᠠᠷᠭᠤ ᠬᠣᠱᠢᠭᠤᠨ᠎ᠤ ᠪᠠᠷᠠᠭᠤᠨ ᠦᠵᠦᠭᠦᠷ ᠰᠤᠮᠤᠨ᠎ᠤ ᠰᠠᠷᠠᠭᠤᠯ ᠲᠠᠯ᠎ᠠ ᠭᠠᠴᠠᠭᠠᠨ᠎ᠤ ᠮᠠᠯᠴᠢᠨ ᠪᠠᠶᠠᠨᠵᠢᠷᠭᠠᠯ᠎ᠤᠨ ᠬᠢᠨ ᠮᠠᠰᠢ ᠭᠦᠨ ᠲᠦᠷᠦᠭ᠌ᠳᠡᠯ᠎ᠲᠡᠶ ᠪᠠᠢᠯ᠎ᠠ᠄《 ᠨᠠᠮ ᠪᠣᠯᠤᠨ ᠵᠠᠰᠠᠭ᠎ᠤᠨ ᠣᠷᠳᠣᠨ᠎ᠤ ᠬᠠᠢᠷ᠎ᠠ ᠬᠠᠯᠠᠮᠵᠢ᠎ᠪᠠᠷ᠂ ᠮᠠᠨ᠎ᠤ ᠬᠡᠷ ᠮᠣᠩᠭᠣᠯ ᠬᠡᠷ᠎ᠡᠴᠡ᠎ᠪᠡᠨ ᠠᠭᠤᠵᠢᠮ ᠰᠠᠷᠠᠭᠤᠯ ᠲᠣᠭᠣᠰᠭᠠᠨ ᠪᠠᠢᠱᠢᠩ᠎ᠳᠤ ᠨᠡᠭᠦᠵᠦ᠍᠂ ᠪᠠᠰᠠ 150 ᠲᠡᠭ᠌ᠰᠢ ᠳᠥᠷᠪᠡᠯᠵᠢᠨ ᠮᠧᠲ᠋ᠷ᠎ᠦᠨ ᠬᠠᠱᠢᠶ᠎ᠠ ᠰᠠᠷᠠᠪᠴᠢ᠎ᠲᠠᠶ ᠪᠤᠯᠪᠠ》ᠬᠡᠨ᠎ᠡ᠃
ᠶᠡᠷᠦᠩᠬᠡᠢ ᠱᠦᠵᠢ ᠰᠢ ᠵᠢᠨ ᠫᠢᠩ᠂ ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠨ᠎ᠠ ᠬᠡᠵᠦ ᠴᠢᠬᠤᠯᠠᠴᠢᠯᠠᠪᠠ᠃
ᠥᠪᠥᠷ ᠮᠣᠩᠭᠣᠯ᠎ᠤᠨ 2400 ᠲᠦᠮᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠦᠷᠭᠦᠯᠵᠢᠯᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂《 ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠵᠢᠡᠨ ᠡᠭᠦᠷᠢᠳᠡ ᠬᠡᠷᠡᠯ ᠭᠢᠯᠪᠠᠭ᠎ᠠ ᠰᠠᠴᠤᠷᠠᠭᠤᠯᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃