2022-05-17 08:56:12
ᠨᠡᠯᠦᠭᠡᠷ ᠶᠡᠬᠡ ᠲᠡᠦᠬᠡ᠎ᠶ᠋ᠢᠨ ᠤᠷᠳᠤ ᠠᠶᠠᠨ᠎ᠳᠤ᠂ ᠶᠡᠷᠦ᠍ ᠨᠢ ᠨᠢᠭᠡ ᠵᠦᠢᠯ᠎ᠦᠨ ᠬᠦᠴᠦᠨ ᠭᠠᠢᠬᠠᠮᠱᠢᠭ᠎ᠢ ᠡᠭᠦᠳᠴᠦ᠍᠂ ᠲᠡᠦᠬᠡ᠎ᠶ᠋ᠢᠨ ᠬᠠᠭᠤᠳᠠᠰᠤᠨ᠎ᠳᠤ ᠲᠡᠮᠳᠡᠭ᠌ᠯᠡᠭ᠌ᠳᠡᠬᠦ᠌ ᠶᠤᠮ᠃
ᠰᠢᠨ᠎ᠡ᠎ᠶ᠋ᠢ ᠡᠭᠦᠳᠬᠦ᠌᠂ ᠡᠨᠡᠬᠦ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ᠌ ᠬᠦᠴᠦᠨ ᠨᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢ ᠨᠡᠩ ᠢᠳᠡ ᠬᠦᠴᠦᠨ᠎ᠲᠡᠶ᠂ ᠨᠡᠩ ᠴᠢᠨᠠᠷ ᠰᠠᠢᠲᠠᠢ ᠪᠣᠯᠭᠠᠬᠰᠠᠨ ᠶᠤᠮ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠠ ᠨᠠᠭᠠᠰᠢ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠨ᠎ᠳᠡᠬᠢ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ 《ᠬᠥᠱᠢᠢ᠎ᠡ ᠳᠤᠷᠠᠰᠭᠠᠯ᠎ᠤᠨ ᠮᠠᠶᠢᠭ 》 ᠤ᠋ᠨ ᠶᠡᠬᠡ ᠲᠥᠯᠥᠪᠵᠢᠭᠦᠯᠭᠡ ᠂ ᠶᠡᠬᠡ ᠠᠵᠢᠯᠯᠠᠭ᠎ᠠ᠎ᠨᠤᠭᠤᠳ ᠨᠢ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ ᠪᠠᠲᠤ ᠰᠠᠬᠢᠯᠲᠠ ᠪᠠ ᠬᠥᠭᠡᠭᠡᠴᠡᠯᠳᠦᠯ᠎ᠢ ᠢᠯᠡᠷᠡᠭᠦᠯᠵᠦ᠍᠂ ᠡᠷᠡᠰ ᠱᠢᠭᠤᠷᠬᠠᠢ᠎ᠪᠠᠷ ᠬᠤᠪᠢᠷᠠᠯᠲᠠ᠎ᠶ᠋ᠢ ᠡᠷᠢᠯᠬᠢᠯᠡᠵᠦ᠍ ᠱᠢᠨᠡᠴᠢᠯᠡᠯᠲᠡ᠎ᠶ᠋ᠢ ᠡᠷᠢᠯᠬᠢᠯᠡᠭ᠌ᠰᠡᠨ ᠠᠮᠢᠳᠤᠯᠢᠭ ᠦᠢᠯᠡᠳᠦᠯᠭᠡ᠎ᠶ᠋ᠢ ᠭᠡᠷᠡᠴᠢᠯᠡᠪᠡ᠃
ᠴᠠᠭ᠎ᠤᠨ ᠲᠡᠩᠭᠡᠯᠢᠭ᠎ᠢ ᠣᠢᠷᠠᠲᠤᠭᠤᠯᠬᠤ ᠪᠡᠷ᠂ 2019 ᠣᠨ᠎ᠤ12 ᠰᠠᠷ᠎ᠠ᠎ᠶ᠋ᠢᠨ 9 ᠤ᠋ ᠡᠳᠦᠷ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠰ᠎ᠦᠨ ᠬᠥᠭ᠌ᠵᠢᠯᠲᠡ ᠱᠢᠨ᠎ᠡ ᠭᠠᠷᠤᠭ᠎ᠠ᠎ᠳᠤ ᠵᠣᠭ᠍ᠰᠣᠪᠠ᠃ ᠥᠪᠡᠷᠲᠡᠭᠡᠨ ᠵᠠᠰᠠᠬᠤ ᠣᠷᠣᠨ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠠᠮᠤᠨ ᠶᠠᠮᠤᠨ ᠣᠷᠣᠨ᠎ᠤ ᠵᠥᠪᠳᠡᠯᠴᠡᠭᠡ ᠪᠠ ᠳᠡᠭᠡᠳᠦ ᠲᠡᠰ᠎ᠤᠨ ᠠᠬᠢᠭᠤᠯᠤᠯ ᠳᠣᠣᠷ᠎ᠠ ᠂《 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠪᠡᠷ ᠶᠡᠷᠦᠩᠬᠡᠢᠯᠡᠨ ᠤᠳᠤᠷᠢᠳᠤᠭᠤᠯᠤᠭ᠍ᠰᠠᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠶᠡᠷᠦᠩᠬᠡᠢ ᠬᠦᠭ ᠠᠶᠠᠰ᠎ᠢ ᠲᠣᠭ᠍ᠲᠠᠭᠠᠵᠤ᠂ ᠥᠪᠥᠷ ᠮᠣᠩᠭᠣᠯ᠎ᠤᠨ ᠣᠨᠴᠠᠯᠢᠭ᠎ᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠥᠨ ᠳᠠᠭᠠᠭᠤᠯᠬᠤ ᠵᠠᠮ ᠤ᠋ᠨ《ᠡᠬᠢᠯᠡᠭᠦᠯᠬᠦ᠌ ᠳᠠᠷᠤᠪᠴᠢ》᠎ᠶ᠋ᠢ ᠳᠠᠷᠤᠪᠠ᠃
2 ᠵᠢᠯ᠎ᠦᠨ ᠲᠤᠷᠰᠢ ᠂ ᠥᠪᠡᠷᠲᠡᠭᠡᠨ ᠵᠠᠰᠠᠬᠤ ᠣᠷᠣᠨ᠎ᠤ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ ᠶᠡᠷᠦᠩᠬᠡᠢᠯᠡᠨ ᠵᠢᠯᠣᠭᠣᠳᠭᠤ ᠴᠢᠨᠠᠷᠲᠠᠢ ᠠᠷᠭ᠎ᠠ ᠬᠡᠮᠵᠢᠶ᠎ᠡ᠎ᠡᠴᠡ ᠤᠯᠤᠰ᠎ᠤᠨ ᠵᠡᠭᠦᠨ ᠪᠠᠷᠠᠭᠤᠨ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠲᠤᠷᠠᠯᠴᠠᠭᠠᠨ᠎ᠤ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠪᠦᠷᠢᠯᠳᠦᠬᠦᠨ ᠬᠡᠰᠡᠭ ᠬᠦᠷᠲᠡᠯ᠎ᠡ ᠂ 《 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ ᠲᠦᠷᠭᠡᠨ ᠪᠥᠭᠡᠳ ᠯᠠᠪᠳᠠᠭᠤᠨ ᠂ ᠭᠦᠨᠵᠡᠭᠡᠢᠷᠡᠨ ᠬᠥᠭ᠌ᠵᠢᠵᠦ᠍ ᠂ ᠪᠦᠬᠦ᠌ ᠲᠠᠯ᠎ᠠ᠎ᠪᠠᠷ ᠬᠥᠭ᠌ᠵᠢᠨ ᠴᠡᠴᠡᠭ᠌ᠯᠡᠵᠦ᠍ ᠂ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠬᠤ ᠡᠬᠢ ᠪᠤᠯᠠᠭ᠂ ᠬᠦᠴᠦᠲᠦ ᠬᠥᠳᠡᠯᠭᠡᠭᠦᠷ ᠪᠣᠯᠵᠠᠢ; 2 ᠵᠢᠯ᠎ᠦᠨ ᠲᠤᠷᠰᠢ ᠂ ᠰᠠᠭᠤᠷᠢ ᠰᠤᠳᠤᠯᠭᠠᠨ᠎ᠤ ᠴᠢᠳᠠᠪᠤᠷᠢ᠎ᠶ᠋ᠢ ᠶᠡᠬᠡᠪᠡᠷ ᠳᠡᠭᠡᠭ᠌ᠰᠢᠯᠡᠭᠦᠯᠦᠭ᠌ᠰᠡᠨ᠎ᠡᠴᠡ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠤᠯᠠᠨ ᠲᠠᠯ᠎ᠠ᠎ᠪᠠᠷ ᠱᠢᠪᠲᠤᠯᠤᠯᠲᠠ ᠭᠠᠷᠭᠠᠬᠤ ᠬᠦᠷᠲᠡᠯ᠎ᠡ ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌᠎ᠡᠴᠡ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶ᠋ᠢ ᠲᠤᠯᠭᠠᠭᠤᠷᠢᠯᠠᠬᠤ ᠬᠦᠷᠲᠡᠯ᠎ᠡ ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠦ ᠳᠠᠯᠳᠠ ᠬᠦᠴᠦᠨ ᠭᠦᠢᠴᠡᠳ ᠪᠠᠳᠠᠷᠠᠵᠤ ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠬᠠᠪᠤᠷ᠎ᠤᠨ ᠤᠷᠢ ᠰᠠᠭᠠᠲᠠᠵᠤ ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡ᠎ᠶ᠋ᠢᠨ ᠰᠦᠷᠯᠢᠭ ᠰᠠᠢᠬᠠᠨ ᠵᠢᠷᠤᠭ ᠳᠡᠯᠭᠡᠭ᠌ᠳᠡᠪᠡ᠃
ᠨᠡᠭᠡᠭᠡᠯᠲᠡ ᠬᠢᠵᠦ᠍ ᠬᠠᠮᠲᠤᠷᠠᠯᠴᠠᠵᠤ ᠂ ᠬᠤᠪᠢᠷᠠᠯᠲᠠ᠎ᠶ᠋ᠢ ᠡᠷᠢᠯᠬᠢᠯᠡᠬᠦ᠌ ᠳᠤᠮᠳᠠ ᠬᠥᠭ᠌ᠵᠢᠯᠲᠡ᠎ᠶ᠋ᠢ ᠰᠦᠪᠡᠭᠴᠢᠯᠡᠨ᠎ᠡ
《ᠵᠠᠩᠭᠢᠯᠠᠭ᠎ᠠ᠎ᠶ᠋ᠢᠨ ᠮᠡᠷᠭᠡᠵᠢᠯ ᠱᠢᠪᠲᠤᠯᠤᠯᠲᠠ᠎ᠲᠠᠶ ᠪᠣᠯᠪᠠᠯ ᠪᠢᠳᠡᠨ᠎ᠦ ᠬᠥᠭ᠌ᠵᠢᠯᠲᠡ᠎ᠶ᠋ᠢᠨ ᠣᠷᠣᠨ ᠵᠠᠢ ᠥᠷᠭᠡᠵᠢᠨ᠎ᠡ!》 ᠭᠡᠵᠦ᠍ ᠪᠤᠭᠤᠲᠤ᠎ᠶ᠋ᠢᠨ ᠴᠠᠩ ᠠᠨ ᠲᠤᠬᠲᠠᠮᠠᠯ ᠰᠤᠷᠢᠨᠵᠢᠨ ᠴᠠᠬᠢᠯᠭᠠᠨ ᠮᠠᠱᠢᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠵᠠᠩ ᠵᠶ᠋ᠢ ᠫᠸᠩ ᠬᠡᠯᠡᠪᠡ᠃
ᠴᠠᠩ ᠠᠨ ᠲᠣᠭ᠍ᠲᠠᠮᠠᠯ ᠰᠣᠷᠢᠨᠵᠢᠨ᠎ᠤ ᠺᠤᠮᠫᠠᠨᠢ ᠨᠢ ᠨᠢᠭᠡ ᠦᠶ᠎ᠡ ᠬᠥᠭ᠌ᠵᠢᠯᠲᠡ᠎ᠶ᠋ᠢᠨ ᠪᠣᠭᠣᠮᠢ᠎ᠳᠤ ᠲᠤᠯᠭᠠᠷᠠᠵᠤ ᠪᠠᠢᠪᠠ᠃ ᠵᠠᠩ ᠵᠢᠶ ᠫᠧᠩ᠎ᠢ ᠪᠠᠶᠠᠷᠯᠠᠭᠤᠯᠤᠭ᠍ᠰᠠᠨ ᠶᠠᠪᠤᠳᠠᠯ ᠭᠡᠪᠡᠯ ᠂ ᠺᠣᠮᠫᠠᠨᠢ ᠨᠢ 《 ᠡᠭᠦᠷᠭᠡ ᠬᠦᠯᠢᠶᠡᠵᠦ ᠲᠦᠷᠦᠭᠦᠯᠡᠨ ᠬᠢᠬᠦ》᠎ᠪᠠᠷ ᠳᠠᠮᠵᠢᠭᠤᠯᠤᠨ ᠬᠠᠷᠪᠢᠨ᠎ᠤ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠺᠸᠤ ᠪᠦᠦ ᠴᠢᠤᠸᠠᠨ ᠫᠷᠤᠹᠸᠰᠰᠤᠷ᠎ᠤᠨ ᠪᠦᠯᠬᠦᠮ᠎ᠲᠡᠶ ᠵᠣᠯᠭᠠᠯᠳᠤᠭ᠍ᠰᠠᠨ ᠶᠠᠪᠤᠳᠠᠯ ᠪᠣᠯᠤᠨ᠎ᠠ᠃ ᠡᠨᠡ ᠤᠳᠠᠭ᠎ᠠ᠎ᠶ᠋ᠢᠨ ᠬᠠᠮᠲᠤᠷᠠᠯᠴᠠᠭ᠎ᠠ ᠨᠢ ᠠᠵᠤ ᠠᠬᠤᠢᠯᠠᠯ᠎ᠤᠨ ᠥᠨᠳᠥᠷ ᠲᠦᠯᠬᠢᠬᠦ᠌ ᠬᠦᠴᠦᠨ᠎ᠦ ᠨᠢᠭ᠍ᠲᠠᠴᠠ᠎ᠲᠠᠶ ᠲᠣᠭ᠍ᠲᠠᠮᠠᠯ ᠰᠣᠷᠢᠨᠵᠢᠨ ᠪᠡᠶ᠎ᠡ᠎ᠶ᠋ᠢ ᠢᠵᠢᠯᠢ ᠠᠯᠬᠤᠮ᠎ᠢᠶᠠᠷ ᠱᠢᠯᠤᠭᠤᠨ ᠴᠠᠬᠢᠯᠭᠠᠨ ᠮᠠᠱᠢᠨ᠎ᠤ ᠬᠦᠷᠢᠶᠡᠨ᠎ᠳᠦ ᠰᠤᠳᠤᠯᠤᠨ ᠨᠡᠭᠡᠭᠡᠬᠦ᠌ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠳᠦ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃
《ᠡᠭᠦᠷᠭᠡ ᠬᠦᠯᠢᠶᠡᠵᠦ ᠲᠦᠷᠦᠭᠦᠯᠡᠨ ᠬᠢᠬᠦ 》 ᠶ᠋ᠢᠨ ᠬᠠᠷᠠᠯᠲᠠ ᠪᠣᠯ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠪᠥᠬᠥᠶ 《 ᠱᠢᠨᠵᠢᠯᠡᠬᠦ᠌ ᠤᠬᠠᠭᠠᠨ ᠲᠸᠭᠨᠢᠢᠡ᠋ ᠮᠡᠷᠭᠡᠵᠢᠯ᠎ᠢᠶᠡᠷ ᠱᠠᠩᠨᠠᠯ ᠣᠯᠭᠣᠬᠤ 》 ᠬᠡᠯᠪᠡᠷᠢ᠎ᠪᠡᠷ ᠪᠥᠬᠥ᠌ ᠤᠯᠤᠰ᠎ᠲᠤ ᠬᠠᠨᠳᠤᠭᠤᠯᠤᠨ᠂ ᠣᠶᠤᠨ ᠤᠬᠠᠭᠠᠨ᠎ᠢᠶᠠᠷ ᠱᠢᠨ᠎ᠡ᠎ᠶ᠋ᠢ ᠡᠭᠦᠳᠴᠦ᠍ ᠂ ᠱᠠᠲᠤ ᠵᠢᠭᠡᠯᠡᠨ ᠥᠨᠳᠥᠷ᠎ᠲᠦ ᠭᠠᠷᠴᠤ᠌ ᠂ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠌ ᠶᠠᠪᠤᠳᠠᠯ ᠪᠣᠯᠤᠨ᠎ᠠ᠃ ᠠᠩᠬᠠᠨ᠎ᠤ ᠪᠦᠯᠦᠭ《ᠡᠭᠦᠷᠭᠡ ᠬᠦᠯᠢᠶᠡᠵᠦ ᠲᠦᠷᠦᠭᠦᠯᠡᠨ ᠬᠢᠬᠦ》ᠭᠡᠷ᠎ᠡ ᠲᠣᠭ᠍ᠲᠠᠭ᠍ᠰᠠᠨ ᠲᠥᠷᠥᠯ ᠵᠦᠶ᠋ᠯ᠎ᠦᠨ ᠳᠣᠲᠣᠷ᠎ᠠ ᠂ ᠣᠷᠣᠨ᠎ᠤ ᠳᠣᠲᠣᠷ᠎ᠠ ᠭᠠᠳᠠᠨᠠᠬᠢ 20 ᠭᠠᠷᠤᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠢᠭᠡᠴᠢ 《 ᠡᠭᠦᠷᠭᠡ ᠬᠦᠯᠢᠶᠡᠵᠦ》ᠥᠪᠡᠷᠲᠡᠭᠡᠨ ᠵᠠᠰᠠᠬᠤ ᠣᠷᠣᠨ᠎ᠤ 12 ᠠᠵᠤ ᠠᠬᠤᠢᠯᠠᠯ᠎ᠤᠨ ᠪᠡᠷᠬᠡ ᠰᠡᠳᠦᠪ᠎ᠢ ᠱᠢᠶ᠋ᠳᠪᠦᠷᠢᠯᠡᠵᠦ ᠂ ᠡᠭᠦᠨ᠎ᠳᠦ ᠂ ᠣᠷᠣᠨ᠎ᠤ ᠭᠠᠳᠠᠨᠠᠬᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠢᠭᠡᠴᠢ᠎ᠶ᠋ᠢᠨ ᠲᠠᠭᠠᠭᠠᠴᠢᠯᠠᠬᠰᠠᠨ ᠲᠥᠷᠥᠯ ᠵᠦᠶ᠋ᠯ ᠨᠢ ᠨᠠᠶ᠋ᠮᠠᠨ ᠬᠤᠪᠢ᠎ᠶ᠋ᠢ ᠳᠠᠪᠠᠵᠠᠶ᠃
《ᠡᠭᠦᠷᠭᠡ ᠬᠦᠯᠢᠶᠡᠵᠦ ᠲᠦᠷᠦᠭᠦᠯᠡᠨ ᠬᠢᠬᠦ》 ᠡᠨᠡ ᠬᠦ᠌ ᠭᠣᠭ᠍ᠴᠣᠭ᠎ᠠ᠎ᠪᠠᠷ ᠳᠡᠮᠵᠢᠨ᠂ ᠮᠠᠨ᠎ᠤ ᠣᠷᠣᠨ ᠠᠵᠤ ᠠᠬᠤᠢᠯᠠᠯ᠎ᠢᠶᠠᠷ ᠭᠤᠤᠯ ᠴᠣᠭ᠍ᠴᠠ ᠪᠣᠯᠭᠠᠭ᠍ᠰᠠᠨ᠂ ᠵᠠᠬ᠎ᠠ ᠳᠡᠯᠭᠡᠭᠦᠷ᠎ᠢᠶᠡᠷ ᠤᠳᠤᠷᠢᠳᠤᠮᠵᠢ ᠪᠣᠯᠭᠠᠭ᠍ᠰᠠᠨ᠂ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠭᠦᠨᠵᠡᠭᠡᠶ ᠠᠭᠤᠰᠤᠯᠴᠠᠭ᠍ᠰᠠᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠢᠰᠲ᠋ᠧᠮ᠎ᠢ ᠲᠦᠷᠭᠡᠳᠭᠡᠨ ᠲᠡᠭᠦᠯᠳᠡᠷᠵᠢᠭᠦᠯᠵᠦ᠍᠂ ᠨᠡᠭᠡᠭᠡᠯᠲᠡ ᠬᠢᠬᠦ᠌ ᠬᠠᠯᠠᠭᠤᠨ ᠰᠡᠳᠭᠢᠯ᠎ᠢᠶᠡᠷ ᠡᠯ᠎ᠡ ᠲᠠᠯ᠎ᠠ᠎ᠶ᠋ᠢᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ ᠪᠣᠯᠤᠨ ᠬᠦᠴᠦᠨ ᠴᠢᠳᠠᠯ᠎ᠢ ᠲᠥᠪᠯᠡᠷᠡᠭᠦᠯᠵᠦ᠍ ᠂ ᠳᠠᠪᠠᠭᠤᠯᠢᠭ ᠬᠦᠷᠢᠶᠡᠨ᠎ᠦ ᠱᠢᠨ᠎ᠡ᠎ᠶ᠋ᠢ ᠡᠭᠦᠳᠬᠦ᠌《ᠳᠠᠪᠠᠭᠤᠯᠢᠭ 》 ᠢ᠋ ᠪᠣᠶ ᠪᠣᠯᠭᠠᠵᠤ ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠨ ᠠᠭᠤᠰᠤᠯᠴᠠᠪᠠ᠃
ᠵᠥᠪᠬᠡᠨ ᠴᠠᠩ ᠠᠨ ᠲᠣᠭ᠍ᠲᠠᠮᠠᠯ ᠰᠣᠷᠢᠨᠵᠢᠨ᠎ᠤ ᠺᠤᠮᠫᠠᠨᠢ ᠪᠢᠰᠢ ᠂ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷ᠎ᠡ ᠂ ᠲᠤᠷᠱᠢᠯᠲᠠ᠎ᠶ᠋ᠢᠨ ᠲᠠᠰᠤᠭ ᠂ ᠰᠤᠳᠤᠯᠤᠨ ᠨᠡᠭᠡᠭᠡᠬᠦ᠌ ᠲᠥᠪ᠎ᠡᠴᠡ ᠬᠥᠳᠡᠭᠡ ᠲᠣᠰᠭᠣᠨ ᠮᠠᠯᠵᠢᠬᠤ ᠣᠷᠣᠨ ᠂ ᠦᠢᠯᠡᠳᠪᠦᠷᠢ ᠠᠭᠤᠷᠬᠠᠢ᠎ᠶ᠋ᠢᠨ ᠲᠠᠰᠤᠭ ᠬᠦᠷᠲᠡᠯ᠎ᠡ ᠪᠦᠷ ᠶᠠᠭᠠᠷᠠᠯᠲᠠᠢ ᠠᠵᠢᠯᠯᠠᠵᠤ ᠪᠠᠢᠯ᠎ᠠ᠃ ᠡᠨᠳᠡ ᠪᠤᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠌《ᠭᠣᠣᠯ ᠳᠠᠢᠯᠠᠯᠳᠤᠭᠠᠨ᠎ᠤ ᠲᠠᠯᠠᠪᠤᠷ》 ᠪᠠᠢᠵᠤ ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠨᠢᠭᠡ ᠪᠦᠯᠦᠭ ᠵᠠᠩᠭᠢᠯᠠᠭ᠎ᠠ᠎ᠶ᠋ᠢᠨ ᠮᠡᠷᠭᠡᠵᠢᠯ᠎ᠦᠨ ᠦᠷ᠎ᠡ ᠪᠦᠲᠦᠭᠡᠯ 《 ᠬᠡᠷᠡᠭ᠌ᠯᠡᠭᠡᠨ᠎ᠦ ᠲᠠᠯᠠᠪᠤᠷ 》 ᠲᠡᠢᠰᠢ ᠲᠦᠷᠭᠡᠨ ᠬᠥᠭ᠌ᠵᠢᠵᠦ᠍ ᠂ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠪᠤᠢ ᠪᠣᠯᠭᠠᠵᠤ ᠪᠠᠢᠨ᠎ᠠ᠃
2021 ᠣᠨ᠎ᠳᠤ ᠂ ᠥᠪᠡᠷᠲᠡᠭᠡᠨ ᠵᠠᠰᠠᠬᠤ ᠣᠷᠣᠨ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠦᠨ ᠬᠦᠷᠢᠶ᠎ᠡ᠎ᠶ᠋ᠢ ᠣᠨᠢᠯᠠᠵᠤ ᠂ 《 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 》 ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠷᠢᠱᠢᠭᠤᠯᠵᠤ ᠂ ᠪᠥᠬᠥ᠌ ᠵᠢᠯ᠎ᠳᠦ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 48 ᠴᠢᠬᠤᠯᠠ ᠶᠡᠬᠡ ᠲᠤᠰᠭᠠᠶ ᠲᠥᠷᠥᠯ ᠵᠦᠶ᠋ᠯ ᠂ ᠭᠤᠤᠯᠳᠠᠯᠭ᠎ᠠ᠎ᠲᠠᠶ ᠬᠦᠷᠢᠶᠡᠨ᠎ᠦ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ ᠲᠥᠷᠥᠯ ᠵᠦᠶ᠋ᠯ᠎ᠢ ᠨᠡᠢᠲᠡ 445 ᠲᠣᠬᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠶ ᠲᠥᠷᠥᠯ ᠵᠦᠶ᠋ᠯ᠎ᠢ ᠪᠦᠬᠦᠨ᠎ᠢ ᠠᠵᠤ ᠠᠬᠤᠢᠯᠠᠯ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠬᠠᠮᠲᠤᠷᠠᠯᠴᠠᠭᠠᠨ᠎ᠤ ᠬᠡᠯᠪᠡᠷᠢ᠎ᠪᠡᠷ ᠡᠭᠦᠷᠭᠡᠯᠡᠵᠦ᠍᠂ ᠠᠵᠤ ᠠᠬᠤᠢᠯᠠᠯ᠎ᠤᠨ ᠲᠦᠷᠦᠭᠦᠯᠡᠨ ᠡᠭᠦᠷᠭᠡᠯᠡᠵᠦ ᠪᠠᠢᠭ᠎ᠠ ᠬᠠᠷᠢᠴᠠᠯ 80% ᠳ᠋ᠤ ᠤᠢᠷᠠᠳᠴᠤ᠂ ᠤᠷᠤᠨ ᠤ᠋ ᠭᠠᠲᠠᠨᠠᠬᠢ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠨᠢᠭᠡᠴᠢ ᠢ᠋ᠢᠨ ᠬᠠᠮᠳᠤᠷᠠᠯᠴᠠᠭᠠᠨ ᠳ᠋ᠤ ᠤᠷᠤᠯᠴᠠᠬᠰᠠᠨ ᠬᠠᠷᠢᠴᠠᠯ 56% ᠳ᠋ᠤ ᠬᠦᠷᠴᠡᠢ᠃
《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠢ᠋ᠢᠨ ᠲᠠᠲᠠᠯᠲᠠ ᠢ᠋ᠢᠨ ᠬᠦᠴᠦᠨ ᠳᠤᠤᠷ᠎ᠠ᠂ 2021 ᠣᠨ᠎ᠳᠤ᠂ ᠨᠢᠭᠡ ᠪᠦᠯᠦᠭ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠲᠡᠷᠢᠭᠦᠨ᠎ᠦ ᠮᠡᠷᠭᠡᠵᠢᠯ᠎ᠦᠨ ᠦᠷ᠎ᠡ ᠪᠦᠲᠦᠭᠡᠯ ᠥᠪᠥᠷ ᠮᠣᠩᠭᠣᠯ᠎ᠳᠤ ᠡᠯᠪᠡᠭ ᠪᠠᠶᠠᠯᠢᠭ ᠬᠡᠷᠡᠭ᠌ᠯᠡᠭᠡᠨ᠎ᠦ ᠠᠬᠤᠶ ᠪᠠᠢᠳᠠᠯ᠎ᠢ ᠡᠷᠢᠵᠦ᠍ ᠤᠯᠪᠠ᠃
《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ 30 ᠵᠤᠷᠪᠤᠰ 》 ᠂ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ ᠵᠡᠷᠭᠡ ᠢᠵᠢ ᠪᠦᠷᠢᠳᠦᠭᠰᠡᠨ ᠠᠷᠭ᠎ᠠ ᠬᠡᠮᠵᠢᠶ᠎ᠡ᠎ᠶ᠋ᠢᠨ ᠬᠦᠴᠦᠲᠡᠶ ᠠᠬᠢᠭᠤᠯᠤᠯ ᠳᠤᠤᠷ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠷᠢᠶᠡᠨ᠎ᠳᠡᠬᠢ 《 ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠪᠠ᠃ ᠵᠠᠰᠠᠭ᠎ᠤᠨ ᠣᠷᠳᠣᠨ᠎ᠤ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠬᠠᠳᠠᠭᠤ ᠨᠡᠮᠡᠭ᠌ᠳᠡᠯ᠎ᠦᠨ ᠲᠣᠭ᠍ᠲᠠᠴᠠ᠎ᠶ᠋ᠢ ᠪᠠᠢᠭᠤᠯᠵᠤ ᠂ 2021 ᠣᠨ᠎ᠳᠤ ᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠯᠭ᠎ᠠ 35 ᠳ᠋ᠦᠩᠱᠢᠭᠤᠷ ᠲᠥᠭᠥᠷᠢᠭ᠎ᠲᠦ ᠬᠦᠷᠴᠦ᠍ ᠂ ᠠᠳᠠᠯᠢ ᠪᠠᠷᠢᠮᠵᠢᠶ᠎ᠠ᠎ᠪᠠᠷ 20.7% ᠨᠡᠮᠡᠭ᠌ᠳᠡᠪᠡ᠃ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠬᠦᠴᠦᠯᠡᠴᠡ ᠪᠥᠬᠥ᠌ ᠣᠷᠣᠨ᠎ᠤ ᠳᠤᠮᠳᠠᠴᠢ ᠬᠢᠷᠢ ᠲᠦᠪᠱᠢᠨ᠎ᠦ 4 ᠳᠠᠬᠢᠨᠳᠤ ᠬᠦᠷᠴᠡᠢ᠃ 2021 ᠣᠨ᠎ᠤ ᠡᠴᠦᠰ᠎ᠲᠦ ᠂ ᠬᠥᠬᠡᠬᠣᠲᠠ ᠪᠤᠭᠤᠲᠤ ᠣᠷᠳᠣᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠤᠭᠤᠷᠢᠭ ᠲᠸ᠋ ᠪᠥᠬᠥ᠌ ᠣᠷᠣᠨ᠎ᠤ 50% ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠂ 57.4% ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠲᠥᠪᠯᠡᠷᠡᠵᠡᠶ᠃ ᠣᠷᠣᠨ᠎ᠤ ᠭᠠᠳᠠᠨᠠᠬᠢ 114 ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠢᠭᠡᠴᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠳᠦ ᠣᠷᠣᠯᠴᠠᠵᠤ ᠂ ᠨᠡᠭᠡᠭᠡᠯᠲᠡ ᠬᠢᠵᠦ᠍ ᠬᠠᠮᠲᠤᠷᠠᠯᠴᠠᠬᠤ ᠬᠦᠴᠦᠲᠦ ᠰᠠᠯᠬᠢ ᠤᠮᠠᠷᠠᠲᠤ ᠬᠢᠯᠢ᠎ᠶ᠋ᠢᠨ ᠡᠬᠡ ᠭᠠᠵᠠᠷ᠎ᠢ ᠢᠯᠪᠢᠵᠦ᠍ ᠂ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠳᠠᠯᠳᠠ ᠬᠦᠴᠦᠨ᠎ᠢ ᠭᠦᠨᠵᠡᠭᠡᠢᠷᠡᠭᠦᠯᠦᠨ ᠪᠣᠢᠵᠢᠭᠤᠯᠵᠤ ᠂ ᠨᠡᠭᠡᠭᠡᠯᠲᠡ ᠬᠢᠵᠦ᠍ ᠬᠠᠮᠲᠤᠷᠠᠯᠴᠠᠬᠤ ᠡᠷᠴᠢᠮ ᠴᠢᠩᠭᠠᠷᠠᠪᠠ!
ᠰᠢᠨ᠎ᠡ᠎ᠶᠢ ᠡᠭᠦᠳᠬᠦ᠎ᠪᠡᠷ ᠬᠥᠲᠥᠯᠥᠨ ᠳᠠᠭᠠᠭᠤᠯᠵᠤ ᠂ ᠰᠢᠪᠲᠤᠯᠤᠯᠲᠠ᠎ᠪᠡᠷ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠤᠨ᠎ᠠ
ᠵᠦᠩ ᠸᠧᠢ ᠡᠨᠧᠷᠭᠢ᠎ᠶᠢᠨ ᠣᠷᠳᠣᠰ᠎ᠤᠨ ᠲᠠᠩ ᠵᠢᠶᠠ ᠬᠤᠢ ᠠᠭᠤᠷᠬᠠᠢ᠎ᠶᠢᠨ ᠣᠷᠣᠨ ᠲᠤᠭᠤᠷᠢᠭ ᠲᠤ᠌ ᠶᠡᠷᠦᠩᠬᠡᠢ ᠪᠡᠯᠡ ᠣᠷᠣᠭᠤᠯᠤᠯᠲᠠ ᠨᠢ 1.4 ᠳ᠋ᠦᠩᠰᠢᠭᠤᠷ ᠲᠥᠭᠥᠷᠢᠭ᠎ᠦᠨ ᠨᠡᠭᠦᠷᠡᠰᠦᠨ᠎ᠦ ᠭᠠᠵᠠᠷ ᠳᠣᠣᠷᠠᠬᠢ ᠬᠡᠶ᠋ᠢᠵᠢᠭᠦᠯᠬᠦ ᠮᠡᠷᠭᠡᠵᠢᠯ᠎ᠦᠨ ᠠᠵᠤ ᠦᠢᠯᠡᠳᠪᠦᠷᠢᠵᠢᠯᠲᠡ᠎ᠶᠢᠨ ᠵᠢᠱ᠌ᠢᠶ᠎ᠡ ᠦᠵᠡᠭᠦᠯᠬᠦ ᠲᠦᠷᠦᠯ ᠵᠦᠢᠯ ᠲᠣᠭᠲᠠᠭᠤᠨ᠎ᠢᠶᠠᠷ ᠠᠵᠢᠯᠯᠠᠨ᠎ᠠ᠃
ᠲᠦᠷᠦᠯ ᠵᠦᠢᠯ ᠨᠢ ᠮᠠᠨ᠎ᠤ ᠤᠯᠤᠰ᠎ᠤᠨ ᠳᠥᠷᠪᠡᠳᠦᠭᠡᠷ ᠦᠶ᠎ᠡ᠎ᠶᠢᠨ ᠨᠡᠭᠦᠷᠡᠰᠦᠨ᠎ᠦ ᠭᠠᠵᠠᠷ ᠳᠣᠣᠷᠠᠬᠢ ᠬᠡᠶ᠋ᠢᠵᠢᠭᠦᠯᠬᠦ ᠮᠡᠷᠭᠡᠵᠢᠯ᠎ᠢ ᠬᠡᠷᠡᠭᠯᠡᠵᠦ᠂ ᠨᠡᠭᠦᠷᠡᠰᠦ ᠮᠠᠯᠲᠠᠬᠤ ᠴᠢᠬᠤᠯᠠ ᠦᠭᠡᠢ᠂ ᠬᠥᠮᠥᠨ ᠣᠷᠣᠬᠤ ᠦᠭᠡᠢ᠎ᠪᠡᠷ ᠠᠵᠤ ᠦᠢᠯᠡᠳᠪᠦᠷᠢ᠎ᠶᠢᠨ ᠰᠢᠲᠠᠮᠠᠬᠠᠢ ᠬᠡᠢ ᠪᠣᠯᠣᠨ ᠬᠢᠮᠢ᠎ᠶᠢᠨ ᠠᠵᠤ ᠦᠢᠯᠡᠳᠪᠦᠷᠢ᠎ᠶᠢᠨ ᠨᠡᠢᠯᠡᠮᠡᠯ ᠲᠦᠭᠦᠬᠡᠢ ᠮᠠᠲᠧᠷᠢᠶᠠᠯ᠎ᠤᠨ ᠬᠡᠢ᠎ᠶᠢ ᠦᠢᠯᠡᠳᠪᠦᠷᠢᠯᠡᠵᠦ᠂ ᠨᠡᠬᠦᠷᠡᠰᠦ ᠮᠠᠯᠳᠠᠬᠤ ᠮᠡᠷᠭᠡᠵᠢᠯ᠎ᠦᠨ ᠬᠤᠪᠢᠰᠬᠠᠯ᠎ᠢ ᠪᠡᠶᠡᠯᠡᠭᠦᠯᠵᠡᠢ᠃
ᠳᠤᠰᠤᠯ ᠤᠰᠤᠨ᠎ᠠᠴᠠ ᠨᠡᠯᠦᠭᠡᠷ ᠳᠠᠯᠠᠢ᠎ᠶᠢ ᠠᠵᠢᠭ᠍ᠯᠠᠨ᠎ᠠ᠃ ᠡᠨᠡ ᠪᠣᠯ《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠥᠷᠨᠢᠩᠭᠦᠢ ᠬᠥᠭᠵᠢᠭᠰᠡᠨ᠂ ᠣᠷᠣᠨ᠎ᠤ ᠳᠣᠲᠣᠷ᠎ᠠ ᠭᠠᠳᠠᠨᠠᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠣᠯᠣᠨ ᠡᠬᠢ ᠪᠠᠶᠠᠯᠢᠭ᠋᠎ᠢ ᠪᠦᠲᠦᠮᠵᠢᠲᠡᠢ ᠵᠣᠯᠭᠠᠭᠤᠯᠤᠭᠰᠠᠨ ᠰᠢᠨ᠎ᠡ ᠰᠣᠷᠭᠣᠭ ᠭᠡᠷᠡᠴᠢ ᠪᠣᠯᠣᠨ᠎ᠠ᠃
ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠢᠨ᠎ᠡ᠎ᠪᠡᠷ ᠮᠠᠨᠳᠤᠭᠰᠠᠨ ᠠᠵᠤ ᠦᠢᠯᠡᠰ ᠪᠣᠯᠣᠨ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠲᠦ ᠠᠩᠬᠠᠷᠤᠯ᠎ᠢᠶᠠᠨ ᠲᠦᠪᠯᠡᠷᠡᠬᠦᠯᠵᠦ᠂《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯᠵᠢᠡᠨ ᠮᠠᠨᠳᠤᠭᠤᠯᠬᠤ》᠎ᠪᠡᠷ ᠶᠡᠷᠦᠩᠬᠡᠢᠯᠡᠨ ᠵᠢᠯᠣᠭᠣᠳᠤᠭᠤᠯᠤᠭᠰᠠᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠵᠠᠮ ᠳᠡᠭᠡᠷ᠎ᠡ᠂ ᠥᠪᠥᠷ ᠮᠣᠩᠭᠣᠯ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶᠡᠵᠢᠯ᠎ᠤᠨ ᠲᠣᠭᠣᠷᠢᠨ᠎ᠳᠤ ᠰᠢᠨ᠎ᠡ᠎ᠶᠢ ᠡᠭᠦᠳᠬᠦ ᠬᠡᠯᠬᠢᠶ᠎ᠡ᠎ᠶᠢ ᠪᠠᠢᠷᠢᠯᠠᠭᠤᠯᠵᠤ᠂ ᠰᠢᠨ᠎ᠡ᠎ᠶᠢ ᠡᠭᠦᠳᠬᠦ ᠬᠡᠯᠬᠢᠶ᠎ᠡ᠎ᠲᠠᠢ ᠨᠢᠭ᠍ᠲᠠ ᠤᠶᠠᠯᠳᠤᠭᠤᠯᠤᠨ ᠠᠵᠤ ᠦᠢᠯᠡᠰ᠎ᠦᠨ ᠬᠡᠯᠬᠢᠶ᠎ᠡ᠎ᠶᠢ ᠪᠠᠢᠷᠢᠰᠢᠭᠤᠯᠵᠤ᠂ ᠨᠡᠩ ᠤᠯᠠᠨ ᠴᠢᠬᠤᠯᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠩᠭᠠᠯᠭ᠎ᠠ ᠨᠢ ᠮᠠᠨ᠎ᠤ ᠣᠷᠣᠨ᠎ᠤ ᠠᠮᠢ ᠠᠬᠤᠢ᠎ᠶᠢ ᠤᠷᠢᠳ ᠵᠢᠡᠷ ᠪᠤᠳᠤᠯᠬᠢᠯᠠᠬᠤ ᠪᠣᠬᠢᠷᠳᠤᠯ ᠦᠭᠡᠢ ᠬᠥᠭᠵᠢᠬᠦᠯᠬᠦ᠎ᠪᠡᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠬᠤ᠎ᠳᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠵᠤ ᠪᠠᠢᠨ᠎ᠠ ᠃
ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ᠎ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭᠴᠢ᠎ᠵᠢ ᠰᠠᠭᠠᠷᠮᠠᠭᠵᠢᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯᠯᠠᠭ᠎ᠠ᠎ᠶᠢᠨ ᠲᠥᠰᠥᠯ᠎ᠢ ᠨᠠᠢᠷᠠᠭᠤᠯᠤᠨ ᠵᠣᠬᠢᠶᠠᠵᠤ ᠂ ᠭᠣᠣᠯᠳᠠᠯᠭ᠎ᠠ᠎ᠲᠠᠢ ᠠᠵᠢᠯ ᠲᠦᠷᠦᠯ᠎ᠦᠨ ᠬᠦᠷᠢᠶᠡᠨ᠎ᠦ ᠪᠣᠬᠢᠷᠳᠤᠯ ᠦᠭᠡᠢ ᠬᠥᠭᠵᠢᠯᠲᠡ᠎ᠶᠢ ᠢᠳᠡᠪᠬᠢᠲᠡᠢ ᠯᠠᠪᠳᠠᠭᠤᠨ᠎ᠢᠶᠠᠷ ᠲᠤᠯᠭᠠᠭᠤᠷᠢᠯᠠᠬᠤ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ᠎ᠶᠢ ᠳᠤᠷᠠᠳᠪᠠ; ᠪᠦᠬᠦ ᠪᠥᠮᠪᠥᠷᠴᠡᠭ᠎ᠦᠨ ᠠᠩᠬᠠᠳᠠᠭ᠍ᠴᠢ ᠨᠡᠭᠦᠷᠡᠰᠦᠲᠥ᠋ᠷᠥᠭᠴᠢ ᠦᠭᠡᠢ ᠠᠵᠤ ᠦᠢᠯᠡᠰ᠎ᠦᠨ ᠬᠦᠷᠢᠶᠡᠯᠡᠩ ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠰᠤᠳᠤᠯᠭᠠᠨ᠎ᠤ ᠬᠦᠷᠢᠶᠡᠯᠡᠩ ᠣᠷᠳᠣᠰ᠎ᠲᠤ ᠨᠤᠲᠤᠭᠰᠢᠪᠠ᠃
ᠬᠠᠲᠤᠨ ᠭᠣᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠣᠯᠪᠣᠭ᠎ᠠ᠎ᠳᠤ ᠣᠷᠣᠯᠴᠠᠵᠤ᠂ ᠵᠡᠭᠦᠨ ᠪᠠᠷᠠᠭᠤᠨ ᠬᠡᠰᠡᠭ᠎ᠦᠨ ᠬᠠᠲᠤᠨ ᠭᠣᠣᠯ ᠳᠠᠭᠠᠤ᠎ᠶᠢᠨ ᠮᠤᠵᠢ ᠣᠷᠣᠨ᠎ᠲᠠᠢ ᠬᠣᠯᠪᠤᠭᠠᠯᠠᠨ《 ᠬᠠᠲᠤᠨ ᠭᠣᠣᠯ᠎ᠤᠨ ᠰᠠᠪᠠ ᠭᠠᠵᠠᠷ᠎ᠤᠨ ᠥᠪᠥᠷ ᠮᠣᠩᠭᠣᠯ᠎ᠤᠨ ᠬᠡᠰᠡᠭ᠎ᠦᠨ ᠠᠮᠢ ᠠᠬᠤᠢ᠎ᠶᠢᠨ ᠶᠡᠷᠦᠩᠬᠡᠢᠯᠡᠭᠰᠡᠨ ᠬᠠᠮᠠᠭᠠᠯᠠᠯᠲᠠ 》 ᠂《 ᠥᠪᠥᠷ ᠮᠣᠩᠭᠣᠯ᠎ᠤᠨ ᠠᠮᠢ ᠠᠬᠤᠢ᠎ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ 》 ᠵᠡᠷᠭᠡ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠰᠬᠠᠢ ᠵᠦᠢᠯᠡᠰ᠎ᠢ ᠪᠡᠯᠡᠳᠬᠡᠨ ᠡᠬᠢᠯᠡᠬᠦᠯᠪᠡ; ᠬᠦᠯᠦᠨ ᠨᠠᠭᠤᠷ᠂ ᠤᠯᠠᠭᠠᠨᠰᠤᠬᠠᠢ ᠨᠠᠭᠤᠷ ᠂ ᠳᠠᠭ᠎ᠠ ᠵᠢᠨ ᠨᠠᠭᠤᠷ ᠤ᠋ᠨ ᠠᠮᠢ ᠠᠬᠤᠢ᠎ᠶᠢᠨ ᠬᠠᠮᠠᠭᠠᠯᠠᠯᠲᠠ᠎ᠶᠢᠨ ᠮᠡᠷᠭᠡᠵᠢᠯ᠎ᠦᠨ ᠪᠣᠭᠣᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ᠎ᠶᠢ ᠥᠷᠨᠢᠭᠦᠯᠪᠡ; ᠶᠡᠬᠡ ᠬᠢᠩᠭᠠᠨ ᠳᠠᠪᠠᠭ᠎ᠠ᠎ᠶᠢᠨ ᠤ᠌ᠢ ᠰᠢᠭᠤᠢ᠎ᠶᠢᠨ ᠨᠡᠭᠦᠷᠡᠰᠦᠲᠥ᠋ᠷᠥᠭᠴᠢ᠎ᠶᠢ ᠰᠢᠩᠭᠡᠬᠡᠨ ᠠᠪᠬᠤ ᠂ ᠤᠮᠠᠷᠠᠲᠤ᠎ᠶᠢᠨ ᠡᠯᠡᠰᠦ᠎ᠶᠢ ᠰᠡᠷᠭᠡᠢᠯᠡᠬᠦ ᠪᠦᠰᠡ᠎ᠶᠢᠨ ᠠᠮᠢ ᠠᠬᠤᠢ᠎ᠶᠢᠨ ᠬᠠᠮᠠᠭᠠᠯᠠᠯᠲᠠ ᠂ ᠲᠠᠴᠢᠷᠳᠠᠭᠰᠠᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ ᠵᠡᠷᠭᠡ ᠮᠡᠷᠭᠡᠵᠢᠯ᠎ᠦᠨ ᠪᠦᠬᠡᠬᠡᠨᠡᠷᠡᠯ᠎ᠤᠨ ᠵᠢᠱ᠌ᠢᠶ᠎ᠡ ᠦᠵᠡᠭᠦᠯᠬᠦ᠎ᠶᠢ ᠲᠦᠷᠭᠡᠳᠬᠡᠵᠦ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠳᠤ ᠰᠢᠰᠲᠧᠮᠳᠤ ᠴᠢᠨᠠᠷᠲᠠᠢ ᠮᠡᠷᠭᠡᠵᠢᠯ᠎ᠦᠨ ᠰᠢᠢᠳᠪᠦᠷᠢᠯᠡᠬᠦ ᠲᠥᠰᠥᠯ᠎ᠢ ᠬᠠᠩᠭᠠᠪᠠ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠶᠢ ᠲᠤᠯᠭᠠᠭᠤᠷᠢᠯᠠᠬᠤ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠦᠷ᠎ᠡ᠎ᠶᠢᠨ ᠦᠢᠯᠡᠰ᠎ᠢ᠋ ᠬᠦᠭᠵᠢᠬᠦᠯᠬᠦ ᠳᠠᠢᠯᠠᠯᠳᠤᠭᠠᠨ᠎ᠢ ᠡᠬᠢᠯᠡᠭᠦᠯᠵᠦ᠂《5+N》ᠠᠵᠤ ᠦᠢᠯᠡᠰ᠎ᠦᠨ ᠰᠢᠨ᠎ᠡ᠎ᠶᠢ ᠡᠭᠦᠳᠬᠦ ᠬᠡᠯᠬᠢᠶ᠎ᠡ᠎ᠶᠢᠨ ᠪᠠᠢᠷᠢᠰᠢᠭᠤᠯᠤᠯᠲᠠ᠎ᠶᠢ ᠪᠦᠷᠢᠯᠳᠦᠭᠦᠯᠵᠦ᠂《ᠡᠬᠦᠷᠬᠡ ᠬᠦᠯᠢᠶᠡᠨ ᠲᠦᠷᠦᠬᠦᠯᠡᠨ ᠬᠢᠬᠦ》ᠬᠡᠯᠪᠡᠷᠢ᠎ᠪᠡᠷ ᠦᠷ᠎ᠡ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠬᠤᠯᠠ ᠶᠡᠬᠡ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠤᠷᠢᠤᠨ ᠵᠢᠡᠷ ᠡᠬᠢᠯᠡᠭᠦᠯᠪᠡ; ᠲᠥᠮᠥᠰᠥ᠍ ᠂ ᠨᠡᠷᠡᠨ ᠬᠤᠸᠠᠷ ᠂ ᠡᠷᠳᠡᠨᠢ ᠰᠢᠰᠢ᠂ ᠦᠬᠡᠷ ᠬᠣᠨᠢ ᠵᠡᠷᠭᠡ ᠥᠪᠥᠷ ᠮᠣᠩᠭᠣᠯ᠎ᠤᠨ ᠣᠨᠴᠠᠯᠢᠭ᠍ᠲᠤ ᠲᠠᠷᠢᠶᠠᠯᠠᠩ ᠮᠠᠯ ᠠᠵᠤ ᠠᠬᠤᠢ᠎ᠶᠢᠨ ᠠᠵᠤ ᠦᠢᠯᠡᠰ᠎ᠦᠨ ᠮᠡᠷᠭᠡᠵᠢᠯ᠎ᠦᠨ ᠲᠦᠪᠰᠢᠨ᠎ᠢ ᠳᠡᠭᠡᠭᠰᠢᠯᠡᠭᠦᠯᠵᠦ ᠂ ᠥᠪᠥᠷ ᠮᠣᠩᠭᠣᠯ᠎ᠤᠨ ᠭᠠᠵᠠᠷ ᠵᠦᠢ᠎ᠶᠢᠨ ᠲᠡᠮᠳᠡᠭᠲᠦ ᠲᠠᠷᠢᠶᠠᠯᠠᠩ ᠤᠨ ᠪᠦᠲᠦᠭᠡᠭᠳᠡᠬᠦᠨ ᠮᠠᠯ᠎ᠤᠨ ᠠᠰᠢᠭ᠋ ᠰᠢᠮ᠎ᠡ᠎ᠶᠢᠨ ᠨᠠᠷᠠᠲᠤ ᠲᠥᠷᠥᠯ ᠲᠡᠮᠳᠡᠭᠲᠦ᠎ᠶᠢ ᠪᠣᠶ ᠪᠣᠯᠭᠠᠪᠠ ; ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ 《 ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ》᠎ᠶ᠋ᠢ ᠳᠡᠮᠵᠢᠬᠦ ᠭᠤᠷᠪᠠᠨ ᠵᠢᠯ᠎ᠦᠨ ᠠᠵᠢᠯᠯᠠᠭ᠎ᠠ᠎ᠶᠢ ᠬᠡᠷᠡᠭᠵᠢᠭᠦᠯᠵᠦ᠂ 19 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠠᠵᠤ ᠦᠢᠯᠡᠰ᠎ᠦᠨ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠤ ᠂ 1000 ᠭᠠᠷᠤᠢ ᠵᠦᠢᠯ᠎ᠦᠨ ᠰᠢᠨ᠎ᠡ ᠮᠡᠷᠭᠡᠵᠢᠯ᠎ᠢ ᠳᠡᠯᠭᠡᠷᠡᠭᠦᠯᠪᠡ;ᠶᠤᠸᠠᠨ ᠯᠦᠩ ᠫᠢᠩ ᠠᠺᠠᠳᠧᠮᠢᠴᠢ᠎ᠶᠢᠨ ᠠᠵᠢᠯᠯᠠᠬᠤ ᠥᠷᠲᠡᠭᠡ᠎ᠶᠢᠨ ᠬᠦᠢᠲᠡᠨ᠎ᠳᠦ ᠲᠡᠰᠪᠦᠷᠢᠲᠡᠢ ᠤᠰᠤᠨ ᠲᠤᠲᠤᠷᠭ᠎ᠠ᠎ᠶᠢᠨ 9 ᠰᠢᠨ᠎ᠡ ᠡᠭᠦᠯᠳᠡᠷ᠎ᠢ ᠪᠣᠢᠵᠢᠭᠤᠯᠬᠤ᠎ᠶᠢ ᠳᠡᠮᠵᠢᠵᠦ ᠂ ᠬᠢᠩᠭᠠᠨ ᠠᠢᠮᠠᠭ᠎ᠤᠨ ᠲᠤᠲᠤᠷᠭ᠎ᠠ᠎ᠶᠢᠨ ᠮᠦ᠍ ᠪᠦᠷᠢ᠎ᠶᠢᠨ ᠤᠨᠠᠯᠲᠠ᠎ᠶᠢ ᠬᠡᠮᠵᠢᠶ᠎ᠠ ᠵᠢ100 ᠺᠢᠯᠣᠭ᠌ᠷᠠᠮ ᠨᠡᠮᠡᠭᠳᠡᠭᠦᠯᠪᠡ ᠃
2021 ᠣᠨ᠎ᠳᠤ᠂ ᠪᠥᠬᠥ ᠣᠷᠣᠨ᠎ᠤ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ ᠵᠢᠨ ᠤᠯᠭᠤᠯᠳᠠ 46.3% ᠪᠡᠷ ᠨᠡᠮᠡᠭᠳᠡᠵᠦ ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ 1229 ᠪᠣᠯᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠳᠤᠮᠳᠠ ᠵᠢᠵᠢᠭ᠌ ᠠᠵᠤ ᠠᠬᠤᠢᠯᠠᠯ 47% ᠪᠡᠷ ᠨᠡᠮᠡᠭᠳᠡᠨ᠂ ᠶᠡᠬᠡ ᠳᠤᠮᠳᠠ ᠬᠡᠯᠪᠡᠷᠢ ᠵᠢᠨ ᠠᠭᠤᠷᠬᠠᠢ᠎ᠶᠢᠨ ᠦᠢᠯᠡᠰ ᠂ ᠳ᠋ᠠ ᠲᠠᠩ ᠡᠮ᠎ᠦᠨ ᠦᠢᠯᠡᠰ ᠵᠡᠷᠭᠡ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ ᠠᠮᠵᠢᠯᠲᠠ᠎ᠲᠠᠢ᠎ᠪᠠᠷ ᠰᠲ᠋ᠤᠺ ᠵᠢᠡᠨ ᠵᠠᠬ᠎ᠠ ᠳᠡᠯᠭᠡᠭᠦᠷ᠎ᠲᠦ ᠭᠠᠷᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠦᠨ ᠳᠠᠩᠰᠠᠯᠠᠯᠳᠠ ᠠᠩᠬ᠎ᠠ ᠤᠳᠠᠭ᠎ᠠ 1000 ᠵᠦᠢᠯ᠎ᠢ ᠳᠠᠪᠠᠵᠤ᠂ ᠳᠠᠩᠰᠠᠯᠠᠭᠰᠠᠨ ᠦᠷ᠎ᠡ ᠪᠦᠲᠦᠭᠡᠯ᠎ᠤ᠋ᠨ ᠠᠵᠤ ᠠᠬᠤᠢ᠎ᠶᠢᠨ ᠦᠷ᠎ᠡ ᠠᠰᠢᠭ᠋ 712.7 ᠳ᠋ᠦᠩᠰᠢᠭᠤᠷ ᠲᠥᠭᠥᠷᠢᠭ ᠲᠸ᠋ ᠬᠦᠷᠴᠦ᠂ ᠰᠢᠨ᠎ᠡ᠎ᠶᠢ ᠡᠭᠦᠳᠬᠦ᠎ᠪᠡᠷ ᠬᠥᠳᠡᠯᠭᠡᠭᠦᠷ ᠪᠣᠯᠭᠠᠬᠤ ᠨᠢ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠳᠦ ᠪᠠᠲᠤ ᠪᠡᠬᠢ ᠬᠦᠴᠦᠨ ᠴᠢᠳᠠᠯ ᠣᠯᠭᠣᠭᠰᠠᠨ ᠪᠠᠢᠨ᠎ᠠ᠃
2022 ᠣᠨ᠎ᠤ ᠪᠦᠬᠦ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠦᠨ ᠠᠵᠢᠯ᠎ᠤᠨ ᠬᠤᠷᠠᠯ ᠳᠡᠭᠡᠷ᠎ᠡ ᠂ ᠨᠡᠩ ᠤᠯᠠᠨ ᠴᠢᠨᠠᠷ ᠰᠠᠢᠲᠠᠢ ᠰᠢᠨ᠎ᠡ᠎ᠶᠢ ᠡᠭᠦᠳᠬᠦ ᠡᠯᠧᠮᠧᠨ᠋ᠲ᠎ᠢ ᠥᠪᠥᠷ ᠮᠣᠩᠭᠣᠯ᠎ᠳᠤ ᠨᠠᠢᠳᠠᠪᠤᠷᠢᠵᠢᠭᠤᠯᠬᠤ᠎ᠶᠢ ᠢᠳᠡᠪᠬᠢᠲᠡᠢ ᠬᠥᠲᠥᠯᠥᠨ ᠵᠢᠯᠣᠭᠣᠳᠤᠨ᠎ᠠ ᠭᠡᠵᠦ ᠳᠤᠷᠠᠳᠴᠠᠢ᠃
ᠳᠡᠯᠡᠬᠡᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠰᠢᠭᠤᠴᠢ ᠡᠩᠨᠡᠭᠡ᠂ ᠠᠵᠤ ᠠᠬᠤᠢ᠎ᠶᠢᠨ ᠭᠣᠣᠯ ᠳᠠᠢ᠍ᠢᠨ᠎ᠦ ᠲᠠᠯᠠᠪᠤᠷ ᠂ ᠤᠯᠤᠰ᠎ᠤᠨ ᠴᠢᠬᠤᠯᠠ ᠶᠡᠬᠡ ᠬᠡᠷᠡᠭᠴᠡᠭᠡ᠂ ᠠᠷᠠᠳ ᠲᠦᠮᠡᠨ᠎ᠦ ᠠᠮᠢ ᠨᠠᠰᠤ ᠡᠷᠡᠭᠦᠯ ᠮᠡᠨᠳᠦ᠎ᠳᠦ ᠬᠠᠨᠳᠤᠭᠤᠯᠤᠨ᠂ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠥᠪᠥᠷ ᠮᠣᠩᠭᠣᠯᠵᠢᠡᠨ ᠮᠠᠨᠳᠤᠭᠤᠯᠬᠤ》ᠳᠠᠭᠠᠭᠤᠯᠭ᠎ᠠ᠎ᠪᠠᠷ᠂ ᠰᠢᠨ᠎ᠡ᠎ᠶᠢ ᠡᠭᠦᠳᠬᠦ ᠬᠦᠴᠦᠨ ᠴᠢᠳᠠᠯ᠎ᠢ ᠭᠦᠢᠴᠡᠳ ᠪᠠᠳᠠᠷᠠᠭᠤᠯᠪᠠᠯ ᠂ ᠡᠨᠡ ᠬᠥ᠌ ᠥᠷᠭᠡᠨ ᠠᠭᠤᠳᠠᠮ ᠤᠮᠠᠷᠠᠲᠤ᠎ᠶᠢᠨ ᠡᠬᠡ ᠭᠠᠵᠠᠷ ᠯᠠᠪᠲᠠᠢ ᠬᠢᠵᠠᠭᠠᠯᠠᠰᠢ ᠦᠭᠡᠢ ᠭᠣᠢᠳᠠ ᠰᠠᠢᠬᠠᠨ ᠪᠣᠯᠬᠤ ᠨᠢ ᠳᠠᠮᠵᠢᠭ ᠦᠭᠡᠢ !
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃