ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠠᠭᠤᠤ ᠶᠡᠬᠡ ᠬᠤᠪᠢᠰᠤᠯᠲᠠ

2022-05-18 09:12:17

ᠵᠣᠬᠢᠶᠠᠭ᠍ᠴᠢ᠄ ᠾᠦᠸᠸ ᠰᠢᠶᠣᠣ ᠴᠢᠩ ᠣᠩᠱᠢᠭ᠍ᠰᠠᠨ ᠣᠳᠠᠭ᠎ᠠ᠄ 3

ᠣᠷᠢᠨ ᠲᠣᠯᠠᠭᠠᠨ ᠰᠠᠭᠠᠲᠠᠬᠤᠶ᠎ᠠ ᠦᠪᠦᠷ ᠮᠣᠩᠭᠣᠯ᠎ᠤᠨ ᠭᠠᠵᠠᠷ ᠪᠣᠯᠭᠠᠨ ᠳ᠋ᠦ ᠠᠮᠢᠵᠢᠷᠠᠯ᠎ᠤᠨ ᠬᠦᠴᠤᠨ ᠪᠢᠯᠬᠠᠵᠦ᠂ ᠡᠰᠡᠨᠢᠯ ᠬᠦᠭᠵᠢᠯ᠎ᠤᠨ ᠣᠷᠠᠢ ᠬᠠᠩᠬᠢᠨᠠᠨ᠎ᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ ᠂ ᠥᠪᠥᠷ ᠮᠣᠩᠭᠣᠯ ᠵᠢᠯ ᠳᠤᠮᠳᠠᠴᠢ᠎ᠪᠠᠷ 1000 ᠲᠦᠮᠡᠨ ᠮᠥ᠍ ᠣᠢᠵᠢᠭᠤᠯᠵᠤ ᠂ 3000 ᠲᠦᠮᠡᠨ ᠮᠥ᠍ ᠡᠪᠡᠰᠦ ᠳᠠᠷᠢᠵᠤ᠂ ᠴᠥᠮ ᠪᠥᠬᠥ᠌ ᠤᠯᠤᠰ᠎ᠲᠤ ᠲᠡᠷᠢᠭᠦᠯᠡᠪᠡ; ᠪᠦᠬᠦ᠌ ᠣᠷᠣᠨ᠎ᠤ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 23% ᠳ᠋ᠦ ᠬᠦᠷᠴᠦ ᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ 45% ᠳ᠋ᠦ ᠬᠦᠷᠴᠦ ᠂ 2012 ᠣᠨ᠎ᠤ ᠬᠢ᠎ᠡᠴᠡ ᠲᠤᠰᠪᠣᠷᠢ ᠵᠠᠭᠣᠨ᠎ᠤ ᠬᠠᠷᠢᠴᠠᠯ ᠶ᠋ᠢᠡᠷ 1.97 ᠪᠠ 4.71 ᠬᠤᠪᠢ ᠲᠡᠭᠡᠭᠰᠢᠯᠡᠵᠦ᠂《 ᠬᠣᠣᠰ ᠨᠡᠮᠡᠭ᠌ᠳᠡᠯ》ᠢ᠋ ᠪᠡᠶᠡᠯᠡᠭᠦᠯᠪᠡ; ᠵᠢᠯ ᠳᠤᠮᠳᠠᠴᠢ᠎ᠪᠠᠷ 1200 ᠲᠦᠮᠡᠨ ᠮᠥ᠍ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ᠎ᠢ ᠵᠠᠰᠠᠵᠦ ᠂ ᠪᠥᠬᠥ᠌ ᠤᠯᠤᠰ᠎ᠤᠨ ᠠᠳᠠᠯᠢ ᠬᠤᠭᠤᠴᠠᠭᠠᠨ᠎ᠤ ᠵᠠᠰᠠᠬᠤ ᠡᠭᠦᠷᠭᠡ᠎ᠶ᠋ᠢᠨ 40% ᠎ᠡᠴᠡ ᠳᠡᠭᠡᠭ᠌ᠰᠢᠬᠢ᠎ᠶ᠋ᠢ ᠡᠵᠡᠯᠡᠨ᠂ ᠴᠦᠯᠯᠡᠷᠬᠡᠭ᠌ᠵᠢᠭ᠌ᠰᠡᠨ ᠪᠠ ᠡᠯᠡᠰᠦᠷᠬᠡᠭ᠌ᠵᠢᠭ᠌ᠰᠡᠨ ᠭᠠᠵᠠᠷ᠎ᠤᠨ 《 ᠬᠤᠤᠰ ᠎ᠬᠠᠰᠣᠬᠲᠠᠯ 》 ᠎ᠢ᠋ ᠪᠡᠶᠡᠯᠡᠭᠦᠯᠪᠡ᠃

《ᠪᠦᠬᠦ᠌ ᠤᠯᠤᠰ᠎ᠤᠨ ᠨᠢᠭᠡᠳᠦᠭᠡᠷ》᠂《ᠬᠣᠣᠰ ᠨᠡᠮᠡᠭ᠌ᠳᠡᠯ》᠂《ᠬᠣᠣᠰ ᠬᠠᠰᠤᠭ᠍ᠳᠠᠯ 》 ᠂ ᠡᠨᠡ ᠪᠣᠯ ᠳᠠᠷᠤᠢ ᠥᠪᠥᠷ ᠮᠣᠩᠭᠣᠯ᠃ ᠨᠣᠮᠢᠨ ᠲᠣᠯᠬᠢᠶ᠎ᠠ ᠬᠠᠶᠠᠯᠠᠬᠰᠠᠨ ᠠᠮᠢᠯᠠᠯ᠎ᠤᠨ ᠨᠣᠭᠣᠭᠠᠨ ᠦᠩᠭᠡ ᠪᠠ ᠡᠰᠡᠨᠢᠯ ᠬᠦᠭᠵᠢᠯ ᠬᠣᠷᠣᠢᠯᠠᠬᠰᠠᠨ ᠠᠮᠢᠵᠢᠷᠠᠯ᠎ᠤᠨ ᠬᠦᠴᠦᠨ ᠪᠣᠯ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠲᠤᠱᠢᠶᠠᠭ᠍ᠰᠠᠨ ᠭᠡᠷᠡᠯ ᠰᠠᠴᠣᠷᠠᠩᠭᠣᠢ ᠠᠮᠵᠢᠯᠲᠠ᠎ᠶ᠋ᠢᠨ ᠬᠠᠭᠤᠳᠠᠰᠤ ᠪᠣᠯᠣᠨ᠎ᠠ᠃

ᠡᠷᠡᠮᠡᠭᠡᠢᠯᠡᠯ — ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ《ᠬᠠᠮᠤᠭ᠎ᠤᠨ ᠴᠢᠩᠭ᠎ᠠ ᠲᠠᠭᠤᠨ》᠎ᠢ᠋ ᠴᠢᠪᠬᠠᠳᠠᠨ᠎ᠠ

2015 ᠣᠨ᠎ᠤ 4 ᠰᠠᠷ᠎ᠠ᠎ᠶ᠋ᠢᠨ 1 ᠎ᠤ᠋ ᠡᠳᠦᠷ᠂ ᠨᠢᠭᠡᠨ ᠰᠠᠭᠤᠷᠢ ᠨᠠᠷᠠᠰᠤᠨ ᠮᠣᠲᠣ᠎ᠶᠢᠨ ᠣᠬᠲᠣᠯᠣᠬᠲᠠᠨ ᠣᠨᠠᠬᠣ᠎ᠶᠢ ᠲᠠᠭᠠᠯᠲᠣᠨ ᠂ ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠤᠢᠳᠤ ᠣᠷᠣᠨ᠎ᠤ ᠪᠠᠢᠭᠠᠯᠢ᠎ᠶ᠋ᠢᠨ ᠣᠶ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ᠎ᠶ᠋ᠢ ᠪᠥᠬᠥ᠌ ᠲᠠᠯ᠎ᠠ᠎ᠪᠠᠷ ᠵᠣᠭ᠍ᠰᠣᠭᠠᠵᠦ᠂ ᠬᠠᠭᠠᠰ ᠵᠠᠭᠤᠨ ᠦᠷᠭᠦᠯᠵᠢᠯᠡᠭ᠌ᠰᠡᠨ ᠣᠶ ᠱᠢᠭᠤᠶ᠎ᠶ᠋ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌ ᠠᠵᠢᠯ ᠲᠡᠦᠬᠡ ᠪᠣᠯᠣᠨ ᠬᠣᠴᠣᠷᠴᠣ ᠂ ᠠᠮᠢ ᠠᠬᠤᠶ᠎ᠶ᠋ᠢ ᠰᠡᠷᠭᠦᠭᠡᠬᠦ᠌ ᠪᠠ ᠪᠥᠲᠥᠭᠡᠨ ᠪᠠᠢᠭᠤᠯᠬᠤ ᠱᠢᠨ᠎ᠡ ᠴᠠᠭ ᠦᠶ᠎ᠡ ᠡᠬᠢᠯᠡᠭᠰᠡᠨ᠎ᠢ ᠲᠣᠩᠬᠠᠬᠯᠠᠪᠠ᠃

ᠥᠪᠥᠷ ᠮᠣᠩᠭᠣᠯ ᠮᠠᠨ᠎ᠤ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠤᠯᠤᠰ᠎ᠤᠨ ᠪᠠᠢᠯᠳᠤᠬᠤ ᠪᠣᠳᠣᠯᠭ᠎ᠠ᠎ᠳᠤ ᠲᠤᠢᠯ᠎ᠤᠨ ᠴᠢᠬᠤᠯᠠ ᠪᠠᠢᠷᠢ ᠰᠠᠭᠤᠷᠢ ᠡᠵᠡᠯᠡᠵᠦ ᠪᠠᠢᠲᠠᠬ᠃ ᠪᠥᠬᠥ᠌ ᠣᠷᠣᠨ᠎ᠳᠤ ᠶᠡᠬᠡ ᠬᠢᠩᠭᠠᠨ ᠳᠠᠪᠠᠭ᠎ᠠ᠂ ᠮᠤᠨᠢ ᠠᠭᠤᠯᠠ᠂ ᠠᠯᠠᠱᠠ ᠠᠭᠤᠯᠠ᠎ᠪᠠᠷ《ᠠᠮᠢ ᠠᠬᠤᠶ᠎ᠶ᠋ᠢᠨ ᠨᠢᠷᠤᠭᠤ》ᠪᠣᠯᠭᠠᠵᠤ᠂ ᠬᠣᠶᠠᠷ ᠲᠠᠯ᠎ᠠ᠎ᠳᠤᠨᠢ ᠲᠠᠯ᠎ᠠ ᠨᠣᠲᠣᠬ ᠂ ᠣᠶ ᠱᠢᠭᠤᠶ ᠂ ᠨᠤᠭᠤ ᠭᠠᠵᠠᠷ ᠂ ᠡᠯᠡᠰᠦ ᠮᠠᠩᠬ᠎ᠠ ᠂ ᠭᠤᠤᠯ ᠮᠥᠷᠡᠨ᠂ ᠨᠠᠭᠤᠷ ᠴᠥᠭᠥᠷᠥᠮ ᠵᠡᠷᠭᠡ ᠡᠯ᠎ᠡ ᠲᠥᠷᠥᠯ᠎ᠦᠨ ᠠᠮᠢ ᠠᠬᠤᠶ᠎ᠶ᠋ᠢᠨ ᠱᠢᠰᠲ᠋ᠧᠮ ᠲᠠᠷᠬᠠᠵᠤ ᠂ ᠬᠠᠮᠲᠤ᠎ᠪᠠᠷ ᠠᠭᠤᠯᠠ ᠤᠰᠤ ᠣᠶ ᠮᠣᠳᠣ ᠲᠠᠷᠢᠶᠠᠨ ᠭᠠᠵᠠᠷ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶᠢᠨ ᠶᠡᠷᠦᠩᠬᠡᠢᠯᠡᠭ᠌ᠰᠡᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠷᠢᠯᠳᠦᠭᠦᠯᠦᠭ᠌ᠰᠡᠨ ᠪᠠᠢᠨ᠎ᠠ᠃

ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠪᠣᠯ ᠲᠦᠷ ᠴᠠᠭ᠎ᠤᠨ᠂ ᠨᠢᠭᠡ ᠭᠠᠵᠠᠷ ᠣᠷᠣᠨ᠎ᠤ ᠳᠥᠭᠥᠮᠬᠡᠨ ᠠᠰᠠᠭᠤᠳᠠᠯ ᠪᠤᠰᠤ ᠂ ᠬᠠᠷᠢᠨ ᠬᠥᠮᠦᠨ ᠲᠥᠷᠥᠯᠬᠢᠲᠡᠨ᠎ᠦ ᠣᠷᠣᠱᠢᠨ ᠲᠣᠭ᠍ᠲᠠᠨᠢᠯ ᠬᠥᠭ᠌ᠵᠢᠯᠲᠡ ᠳ᠋ᠦ ᠬᠣᠯᠪᠣᠬᠲᠠᠬᠣ ᠠᠵᠤ ᠠᠬᠤᠢ ᠪᠠ ᠨᠡᠢᠭᠡᠮ᠎ᠦᠨ ᠠᠰᠠᠭᠤᠳᠠᠯ ᠶᠣᠮ᠃

2012 ᠣᠨ᠎ᠤ 11 ᠰᠠᠷ᠎ᠠ᠎ᠳᠤ ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ 《 ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠶᠡᠬᠡ᠎ᠪᠡᠷ ᠠᠬᠢᠭᠤᠯᠬᠤ 》 ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠲᠣᠬᠲᠠᠭᠠᠵᠦ ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠶᠡᠷᠦᠩᠬᠡᠢ ᠪᠠᠢᠷᠢᠯᠠᠭᠤᠯᠤᠯᠲᠠ᠎ᠳᠤ ᠣᠷᠣᠭᠤᠯᠪᠠ᠃

ᠥᠪᠥᠷ ᠮᠣᠩᠭᠣᠯ᠎ᠤᠨ ᠠᠮᠢ ᠠᠬᠤᠢ᠎ᠶ᠋ᠢᠨ ᠪᠠᠢᠳᠠᠯ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠣᠷᠣᠱᠢᠯ ᠲᠣᠭ᠍ᠲᠠᠨᠢᠯ ᠪᠠ ᠬᠥᠭ᠌ᠵᠢᠯᠲᠡ᠎ᠲᠡᠶ ᠬᠣᠯᠪᠣᠭ᠍ᠳᠠᠬᠤ᠎ᠪᠠᠷ ᠪᠠᠷᠠᠬᠤ ᠦᠭᠡᠢ ᠪᠠᠰᠠ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠲᠡᠶ ᠬᠣᠯᠪᠣᠭ᠍ᠳᠠᠵᠦ ᠂ ᠥᠪᠥᠷ ᠮᠣᠩᠭᠣᠯ᠎ᠢ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠭᠠᠨ ᠴᠤᠭᠴᠠᠯᠠᠬᠤ᠎ᠪᠠᠷ ᠴᠢᠷᠮᠠᠢᠬᠤ ᠬᠡᠷᠡᠭ᠌ᠲᠡᠢ᠃

ᠰᠠᠨᠠᠭ᠎ᠠ ᠪᠠᠢᠪᠠᠯ ᠣᠨᠣᠭ᠎ᠠ ᠬᠦᠷᠦᠨ᠎ᠡ᠃ ᠥᠪᠥᠷ ᠮᠣᠩᠭᠣᠯ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ ᠴᠢᠬᠤᠯᠠ ᠶᠡᠬᠡ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍ ᠂ ᠤᠷᠢᠳ ᠡᠮᠦᠨ᠎ᠡ ᠪᠠᠢᠭ᠎ᠠ ᠥᠬᠡᠶ ᠡᠷᠴᠢᠮ᠎ᠢᠶᠡᠷ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠵᠤ ᠂ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ 《 ᠬᠠᠮᠤᠭ᠎ᠤᠨ ᠴᠢᠩᠭ᠎ᠠ ᠲᠠᠭᠤᠨ 》 ᠢ᠋ ᠴᠤᠤᠷᠢᠶᠠᠲᠤᠭᠤᠯᠪᠠ᠃

ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ᠍ ᠵᠣᠷᠢᠭ᠎ᠢᠶᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠪᠠ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠲᠠᠶᠠᠭ᠍ᠳᠠᠵᠤ ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍ ᠂ ᠪᠥᠬᠥ᠌ ᠣᠷᠣᠨ᠎ᠤ 51% ᠎ᠶ᠋ᠢᠨ ᠲᠠᠯᠠᠪᠠᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠣᠷᠣᠭᠤᠯᠪᠠ᠃ ᠤᠯᠠᠭᠠᠨ ᠱᠤᠭᠤᠮ᠎ᠤᠨ ᠳᠣᠲᠣᠷ᠎ᠠ ᠴᠢᠩᠭ᠎ᠠ ᠬᠠᠮᠢᠶᠠᠷᠤᠨ ᠡᠵᠡᠮᠳᠡᠵᠦ᠍ ᠂ ᠪᠠᠢᠭᠠᠯᠢ᠎ᠶ᠋ᠢᠨ ᠠᠮᠢ ᠠᠬᠤᠢ᠎ᠶ᠋ᠢᠨ ᠲᠡᠩᠴᠡᠭᠦᠷᠢ᠎ᠶ᠋ᠢ ᠡᠪᠳᠡᠭ᠌ᠰᠡᠨ ᠨᠡᠭᠡᠭᠡᠨ ᠬᠥᠭ᠌ᠵᠢᠭᠦᠯᠦᠯᠲᠡ ᠬᠢᠬᠦ᠌ ᠦᠭᠡᠢ ᠂ ᠣᠷᠴᠢᠨ ᠠᠬᠤᠢ᠎ᠶ᠋ᠢᠨ ᠳᠠᠭᠠᠭᠠᠴᠠ᠎ᠠᠴᠠ ᠳᠠᠪᠠᠭ᠍ᠰᠠᠨ ᠢᠨᠵᠧᠨᠧᠷᠢᠩ᠎ᠢ ᠦᠯᠦ ᠪᠠᠢᠭᠤᠯᠬᠤ ᠂ ᠡᠬᠢ ᠪᠠᠶᠠᠯᠢᠭ᠎ᠤᠨ ᠳᠠᠭᠠᠭᠠᠴᠠ ᠡᠴᠡ ᠬᠡᠲᠦᠷᠡᠭᠰᠡᠨ ᠵᠦᠢᠯᠡᠰ᠎ᠢ ᠣᠬᠲᠣ ᠪᠠᠢᠭᠤᠯᠬᠤ ᠦᠭᠡᠢ᠃

ᠪᠥᠬᠥ᠌ ᠤᠯᠤᠰ᠎ᠲᠤ ᠤᠷᠢᠳ ᠡᠮᠦᠨ᠎ᠡ ᠪᠠᠢᠭ᠎ᠠ ᠥᠬᠡᠶ ᠡᠷᠴᠢᠮ᠎ᠢᠶᠡᠷ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭ᠌ᠰᠡᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ᠎ᠶ᠋ᠢ ᠡᠩ ᠲᠡᠷᠢᠭᠦᠨ᠎ᠳᠦ ᠥᠷᠨᠢᠭᠦᠯᠪᠡ;

ᠤᠳᠠᠭᠠᠨ ᠳᠠᠭᠠᠭᠠᠮᠠᠭᠠᠶ ᠠᠵᠢᠯᠯᠠᠭ᠎ᠠ᠎ᠪᠠᠷ᠎ᠢᠶᠠᠨ ᠠᠮᠢ ᠠᠬᠤᠶ ᠣᠷᠴᠢᠨ ᠲᠣᠭᠣᠷᠢᠨ᠎ᠤ ᠱᠢᠷᠬ᠎ᠠ ᠰᠣᠷᠪᠢ᠎ᠶ᠋ᠢ ᠵᠠᠰᠠᠨ ᠰᠡᠷᠭᠦᠭᠡᠵᠦ᠍ ᠪᠠᠢᠭᠠᠯᠢ᠎ᠶ᠋ᠢᠨ ᠣᠶ᠎ᠶ᠋ᠢ ᠬᠤᠳᠠᠯᠳᠤᠭᠠᠨ᠎ᠤ ᠴᠢᠨᠠᠷᠲᠠᠶ᠎ᠪᠠᠷ ᠣᠭ᠍ᠲᠣᠯᠬᠤ᠎ᠶ᠋ᠢ ᠪᠥᠬᠥ᠌ ᠲᠠᠯ᠎ᠠ᠎ᠪᠠᠷ ᠵᠣᠭ᠍ᠰᠣᠭᠠᠵᠤ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ ᠠᠵᠢᠯ᠎ᠢ ᠡᠬᠢᠯᠡᠭᠦᠯᠪᠡ; ᠲᠠᠷᠢᠶᠠᠯᠠᠬᠤ᠎ᠶ᠋ᠢ ᠵᠣᠭ᠍ᠰᠤᠭᠠᠨ ᠡᠪᠡᠰᠤ ᠮᠤᠳᠤ ᠲᠠᠷᠢᠬᠤ ᠂ ᠮᠠᠯ ᠪᠡᠯᠴᠢᠭᠡᠷ᠎ᠢ ᠲᠡᠩᠴᠡᠭᠦᠷᠢ ᠲᠠᠢ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠠᠯᠴᠢᠭᠡᠷ᠎ᠢ ᠠᠮᠠᠷᠠᠭᠤᠯᠬᠤ ᠳᠦᠷᠢᠮ᠎ᠢ ᠭᠦᠨᠵᠡᠭᠡᠢ ᠬᠡᠷᠡᠭ᠌ᠵᠢᠭᠦᠯᠵᠦ᠍ ᠂ 10.2 ᠳ᠋ᠦᠩᠱᠢᠭᠤᠷ ᠮᠦ᠍ ᠨᠤᠲᠤᠭ ᠪᠡᠯᠴᠢᠭᠡᠷ᠎ᠲᠦ《ᠴᠠᠯᠢᠩ᠎ᠲᠠᠶ ᠠᠮᠠᠷᠠᠯᠲᠠ》ᠶ᠋ᠢ ᠬᠦᠷᠲᠡᠭᠡᠪᠡ; ᠠᠭᠤᠷᠬᠠᠶ᠎ᠶ᠋ᠢᠨ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ ᠂ ᠠᠭᠤᠷᠬᠠᠶ᠎ᠶ᠋ᠢᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠬᠠᠲᠠᠭᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠣᠯᠬᠣ ᠪᠡᠷ ᠬᠦᠴᠦᠯᠡᠪᠡ ᠁

ᠠᠯᠢ ᠣᠯᠠᠨ ᠦᠨᠳᠦᠰᠦᠨ ᠴᠢᠨᠠᠷᠲᠠᠶ ᠂ ᠪᠦᠲᠦᠭᠡᠯᠴᠢ ᠴᠢᠨᠠᠷᠲᠠᠶ ᠂ ᠠᠯᠤᠰ ᠬᠡᠲᠦ᠍᠎ᠶ᠋ᠢᠨ ᠴᠢᠨᠠᠷᠲᠠᠶ ᠠᠵᠢᠯ᠎ᠢ ᠥᠷᠨᠢᠭᠦᠯᠦᠭ᠌ᠰᠡᠨ᠎ᠢᠶᠡᠷ ᠂ ᠥᠪᠥᠷ ᠮᠣᠩᠭᠣᠯ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠥᠲᠥᠭᠡᠨ ᠪᠠᠢᠭᠤᠯᠤᠯᠲᠠ᠎ᠶ᠋ᠢᠨ ᠣᠢᠯᠠᠭᠠᠭ᠍ᠳᠠᠬᠤᠨ᠎ᠠᠴᠠ ᠲᠦᠷᠢᠮ ᠬᠦᠷᠲᠡᠯᠡᠬᠢ ᠦᠶ᠋ᠯᠡᠳᠦᠯᠭᠡ᠎ᠳᠦ ᠴᠥᠮ ᠯᠤᠲᠤ ᠶᠡᠬᠡ ᠬᠤᠪᠢᠷᠠᠯᠲᠠ ᠭᠠᠷᠴᠤ᠌᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠯᠠᠪᠳᠠᠭᠤᠨ ᠪᠠᠲᠤᠲᠠᠶ ᠠᠯᠬᠤᠮ᠎ᠢ ᠠᠯᠬᠤᠭ᠍ᠰᠠᠨ ᠪᠠᠢᠨ᠎ᠠ᠃

ᠯᠣᠲᠣ ᠬᠣᠪᠢᠷᠠᠯᠲᠠ — ᠲᠦᠮᠡᠨ ᠭᠠᠵᠠᠷ᠎ᠤᠨ ᠠᠭᠣᠯᠠ ᠣᠰᠣ ᠨᠣᠮᠢᠨ ᠲᠣᠯᠬᠢᠶ᠎ᠠ ᠬᠠᠶᠠᠯᠠᠨ᠎ᠠ

ᠣᠷᠳᠣᠰ ᠬᠣᠲᠠ᠎ᠶ᠋ᠢᠨ ᠳᠠᠯᠠᠳ ᠬᠣᠱᠢᠭᠤᠨ᠎ᠤ ᠵᠥᠩ ᠾᠧ ᠰᠢ ᠪᠠᠯᠭᠠᠰᠤᠨ᠎ᠤ ᠭᠤᠸᠠᠨ ᠵᠢᠩ ᠲᠣᠰᠭᠣᠨ ᠬᠦᠷᠬᠦ᠌ ᠵᠠᠮ ᠭᠣᠲᠣᠰ ᠲᠦ᠍᠂ ᠮᠠᠰᠢᠨ ᠲᠡᠷᠭᠡ ᠨᠢ ᠬᠥᠮᠦᠨ᠎ᠡᠴᠡ ᠥᠨᠳᠥᠷ ᠣᠷᠭᠣᠬᠰᠠᠨ ᠪᠤᠷᠭᠠᠰᠤᠨ᠎ᠤ ᠲᠠᠯᠲᠠ ᠣᠷᠣᠨ᠎ᠠ᠃ ᠬᠥᠪᠡᠭᠡ ᠬᠢᠵᠠᠭᠠᠷ ᠨᠢ ᠬᠠᠷᠠᠭ᠍ᠳᠠᠬᠤ ᠦᠭᠡᠢ ᠡᠨᠡ ᠬᠥ᠌ ᠨᠣᠮᠢᠨ ᠲᠣᠯᠬᠢᠶ᠎ᠠ ᠪᠣᠯ ᠭᠤᠸᠠᠨ ᠵᠢᠩ ᠲᠣᠰᠭᠣᠨ᠎ᠤ ᠠᠷᠠᠳ᠎ᠤᠨ ᠭᠡᠷ ᠪᠦᠯᠢ᠎ᠶ᠋ᠢᠨ ᠤᠢ ᠱᠢᠭᠤᠢ᠎ᠶ᠋ᠢᠨ ᠲᠠᠯᠠᠪᠠᠢ ᠪᠣᠯᠬᠣ ᠪᠦᠭᠡᠳ ᠪᠠᠰᠠ ᠴᠤ᠌ ᠲᠡᠳᠡᠨ᠎ᠦ ᠨᠣᠭᠣᠭᠠᠨ ᠪᠠᠩᠬᠢ ᠪᠣᠯᠤᠨ᠎ᠠ᠃ ᠳ᠋ᠦᠩ ᠳ᠋ᠡ ᠮᠣᠩᠭᠣᠯ ᠸᠠᠩ ᠪᠦᠯᠦᠭ᠌ᠯᠡᠯ᠎ᠦᠨ ᠹᠸᠡᠭ ᠱᠦᠢ ᠯᠢᠶᠠᠩ᠎ᠤᠨ ᠠᠵᠤ ᠦᠢᠯᠡᠰ᠎ᠦᠨ ᠴᠤᠭ᠍ᠯᠠᠭ᠎ᠠ ᠪᠠᠯᠭᠠᠰᠤ᠎ᠶ᠋ᠢᠨ ᠠᠷᠪᠠᠨ ᠬᠡᠳᠦᠨ ᠮᠸᠲᠷ ᠥᠨᠳᠥᠷ ᠦᠵᠡᠮᠣᠷᠢ᠎ᠶ᠋ᠢᠨ ᠲᠠᠢᠰᠠᠨ ᠳᠡᠭᠡᠷ᠎ᠡ ᠵᠣᠭ᠍ᠰᠣᠵᠤ ᠲᠦᠷᠪᠡᠨ ᠵᠦᠭ ᠲᠦ᠍ ᠪᠠᠷᠠᠯᠠᠬᠣᠶ᠎ᠠ ᠂ ᠲᠠᠷᠢᠶᠠᠨ ᠲᠠᠲᠠᠭᠠᠯ ᠂ ᠦᠪᠴᠢ ᠨᠣᠭᠣᠭᠠᠨ ᠤᠢ ᠱᠢᠭᠤᠢ᠂ ᠴᠡᠴᠡᠭ᠎ᠦᠨ ᠦᠨᠦᠷ ᠬᠠᠩᠬᠤᠯᠣᠬᠰᠠᠨ ᠦᠵᠡᠮᠵᠢ ᠵᠢᠷᠣᠬ ᠬᠠᠷᠠᠭᠠᠨ ᠳ᠋ᠦ ᠲᠣᠲᠣᠷᠠᠨ᠂ ᠡᠯᠡᠰᠦᠨ ᠴᠦᠯ᠎ᠤᠨ ᠬᠦᠨ ᠳ᠋ᠡᠬᠢ ᠨᠣᠭᠣᠭᠠᠨ ᠸᠠᠩᠲᠤ ᠤᠯᠤᠰ ᠦᠭᠡᠷ᠎ᠡ ᠦᠭᠡᠢ ᠠᠵᠢ᠃

ᠬᠥᠪᠴᠢ᠎ᠶᠢᠨ ᠡᠯᠡᠰᠦ ᠪᠣᠯ ᠳᠤᠮᠳᠠᠳᠤ ᠤᠯᠤᠰ᠎ᠤᠨ ᠳᠣᠯᠣᠳᠤᠭᠠᠷ ᠶᠡᠬᠡ ᠡᠯᠡᠰᠦ ᠪᠠᠢᠵᠦ ᠂ ᠠᠪᠣᠷᠭᠣ ᠯᠣᠣ ᠮᠡᠲᠦ ᠪᠡᠷ ᠤᠷᠳᠤᠰ᠎ᠤᠨ ᠥᠨᠳᠥᠷᠯᠢᠭ᠎ᠦᠨ ᠬᠣᠢᠲᠤ ᠬᠡᠰᠡᠭ᠎ᠲᠦ ᠬᠦᠨᠳᠡᠯᠢᠰᠴᠦ ᠂ ᠬᠠᠩᠭᠢᠨ ᠬᠣᠱᠢᠭᠤ ᠂ ᠲᠠᠯᠠᠳ ᠬᠣᠱᠢᠭᠤ ᠂ ᠵᠡᠭᠦᠨᠭᠠᠷ ᠬᠣᠱᠢᠭᠤ᠎ᠶ᠋ᠢ ᠰᠤᠨᠳᠠᠯᠠᠵᠤ ᠂ ᠨᠣᠮᠣᠬᠠᠳᠬᠠᠵᠦ ᠳᠡᠢᠯᠦᠰᠢ ᠦᠭᠡᠢ 《ᠦᠬᠦᠯ᠎ᠦᠨ ᠲᠠᠯᠠᠢ》ᠬᠡᠮᠡᠭ᠌ᠳᠡᠭᠰᠡᠨ ᠪᠠᠢᠨ᠎ᠠ᠃

ᠡᠳᠦᠭᠡ᠂ ᠬᠡᠳᠦᠨ ᠦᠶ᠎ᠡ᠎ᠶ᠋ᠢᠨ ᠬᠥᠮᠦᠰ᠎ᠤᠨ ᠬᠠᠲᠠᠭᠣᠵᠢᠯᠲᠠᠢ ᠴᠢᠷᠮᠠᠢᠯᠭ᠎ᠠ ᠪᠡᠷ《ᠨᠠᠮ᠎ᠤᠨ ᠬᠣᠷᠢᠶ᠎ᠠ ᠵᠠᠰᠠᠭ᠎ᠤᠨ ᠣᠷᠳᠣᠨ ᠲᠦᠷᠦ᠍᠎ᠶ᠋ᠢᠨ ᠪᠤᠳᠤᠯᠭ᠎ᠠ᠎ᠶ᠋ᠢᠨ ᠴᠢᠨᠠᠷᠲᠠᠢ ᠭᠣᠣᠯᠯᠠᠨ ᠤᠳᠤᠷᠢᠳᠭᠤ ᠂ ᠠᠵᠤ ᠠᠬᠤᠢᠯᠠᠯ ᠠᠵᠤ ᠦᠢᠯᠡᠰᠵᠢᠬᠦᠯᠦᠨ ᠪᠡᠯᠡ ᠣᠷᠣᠭᠤᠯᠬᠤ ᠂ ᠮᠠᠯᠴᠢᠨ ᠲᠠᠷᠢᠶᠠᠴᠢᠨ ᠵᠠᠬ᠎ᠠ ᠳᠡᠯᠭᠡᠭᠦᠷᠴᠢᠯᠡᠨ ᠣᠷᠣᠯᠴᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠦᠷᠭᠦᠯᠵᠢᠯᠡᠨ ᠱᠢᠨ᠎ᠡ᠎ᠶ᠋ᠢ ᠡᠭᠦᠳᠬᠦ᠌ 》ᠲᠦᠷᠪᠡᠨ ᠬᠦᠷᠳᠦ᠍᠎ᠪᠡᠷ ᠬᠥᠳᠡᠯᠭᠡᠭᠦᠷ ᠪᠣᠯᠭᠠᠭ᠍ᠰᠠᠨ 《ᠬᠥᠪᠴᠢ᠎ᠶ᠋ᠢᠨ ᠡᠯᠡᠰᠦ᠎ᠶ᠋ᠢ ᠵᠠᠰᠠᠬᠤ ᠵᠠᠭ᠍ᠪᠤᠷ 》 ᠢ᠋ ᠬᠠᠢᠨ ᠰᠦᠪᠡᠭ᠌ᠴᠢᠯᠡᠵᠦ ᠂ 1.86 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠬᠥᠪᠴᠢ᠎ᠶ᠋ᠢᠨ ᠡᠯᠡᠰᠦᠨ᠎ᠦ ᠭᠤᠷᠪᠠᠨ᠎ᠤ ᠨᠢᠭᠡ ᠨᠢ ᠨᠣᠭᠣᠭᠠᠨ ᠦᠩᠬᠡ᠎ᠪᠡᠷ ᠬᠤᠴᠢᠭ᠍ᠳᠠᠵᠤ ᠂ ᠣᠲᠣ ᠪᠣᠯᠲᠠᠯ᠎ᠠ ᠳᠡᠯᠡᠬᠡᠢ ᠳᠡᠭᠡᠷᠡᠬᠢ ᠴᠤᠷ᠎ᠤᠨ ᠭᠠᠭ᠍ᠴᠠ ᠪᠦᠬᠦᠯᠢ ᠴᠣᠭ᠍ᠴᠠ᠎ᠪᠠᠷ ᠵᠠᠰᠠᠭ᠍ᠳᠠᠭ᠍ᠰᠠᠨ ᠡᠯᠡᠰᠦ ᠪᠣᠯᠵᠠᠢ᠃《 ᠤᠯᠠᠨ ᠤᠯᠤᠰ᠎ᠤᠨ ᠬᠣᠯᠪᠣᠭᠠᠲᠤ ᠪᠠᠢᠭᠤᠯᠤᠯᠭ᠎ᠠ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ ᠨᠡᠢᠲᠡ᠎ᠶ᠋ᠢᠨ ᠭᠡᠷ᠎ᠡ 》 ᠵᠢᠨ ᠠᠷᠪᠠᠨ ᠭᠤᠷᠪᠠᠳᠤᠭᠠᠷ ᠤᠳᠠᠭ᠎ᠠ᠎ᠶ᠋ᠢᠨ ᠭᠡᠷᠡᠲᠦ ᠲᠠᠯ᠎ᠠ᠎ᠶ᠋ᠢᠨ ᠶᠡᠬᠡ ᠬᠤᠷᠠᠯ ᠳᠡᠭᠡᠷ᠎ᠡ᠂ ᠬᠥᠪᠴᠢ᠎ᠶ᠋ᠢᠨ ᠡᠯᠡᠰᠦ᠎ᠶ᠋ᠢ ᠵᠠᠰᠠᠭ᠍ᠰᠠᠨ ᠦᠢᠯᠡᠳᠦᠯᠭᠡ᠎ᠶᠢ ᠤᠯᠠᠨ ᠤᠯᠤᠰ᠎ᠤᠨ ᠬᠣᠯᠪᠣᠭᠠᠲᠤ ᠪᠠᠢᠭᠤᠯᠤᠯᠭ᠎ᠠ᠎ᠶ᠋ᠢᠨ ᠲᠤᠩᠬᠠᠭ᠎ᠲᠤ ᠪᠢᠴᠢᠵᠦ᠍ ᠣᠷᠣᠭᠤᠯᠣᠬᠰᠠᠨ ᠪᠠᠢᠨ᠎ᠠ᠃

ᠤᠯᠤᠰ᠎ᠤᠨ ᠭᠠᠵᠠᠷ ᠱᠢᠷᠣᠶ᠎ᠶ᠋ᠢ ᠨᠣᠭᠣᠭᠠᠷᠠᠭᠤᠯᠬᠤ ᠠᠵᠢᠯᠯᠠᠭ᠎ᠠ᠎ᠶ᠋ᠢ ᠶᠡᠬᠡ ᠬᠡᠪᠴᠢᠶ᠎ᠡ᠎ᠪᠡᠷ ᠥᠷᠨᠢᠭᠦᠯᠵᠦ᠍ ᠂ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠰᠢᠭᠣᠯᠵᠣ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦᠷᠬᠡᠭ᠌ᠵᠢᠯ᠎ᠢ ᠵᠠᠰᠠᠬᠤ᠎ᠶ᠋ᠢ ᠱᠢᠨᠵᠢᠯᠡᠬᠦ᠌ ᠤᠬᠠᠭᠠᠨᠴᠢ᠎ᠪᠠᠷ ᠠᠬᠢᠭᠤᠯᠵᠤ ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ᠂《ᠤᠮᠠᠷᠠᠲᠤ᠎ᠵᠢᠨ ᠭᠤᠷᠪᠠᠨ ᠤᠷᠤᠨ 》 ᠤ᠋ ᠬᠠᠯᠬᠠᠪᠴᠢ ᠣᠶ ᠂ ᠪᠡᠭᠡᠵᠢᠩ ᠲᠢᠶᠠᠨᠵᠢᠨ᠎ᠤ ᠡᠷᠭᠢᠨ ᠲᠣᠭᠣᠷᠢᠨ᠎ᠤ ᠰᠠᠯᠬᠢ ᠡᠯᠡᠰᠦᠨ᠎ᠦ ᠡᠬᠢ᠎ᠶ᠋ᠢ ᠵᠠᠰᠠᠬᠤ ᠂ ᠲᠠᠷᠢᠶᠠᠯᠠᠬᠤ᠎ᠶ᠋ᠢ ᠵᠣᠭ᠍ᠰᠣᠭᠠᠨ ᠡᠪᠡᠰᠤ ᠮᠤᠳᠤ ᠲᠠᠷᠢᠬᠤ ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠪᠢᠲᠡᠭᠦᠮᠵᠢᠯᠡᠨ ᠬᠠᠮᠠᠭᠠᠯᠠᠬᠤ ᠵᠡᠷᠭᠡ ᠠᠮᠢ ᠠᠬᠤᠶ᠎ᠶ᠋ᠢᠨ ᠢᠨᠵᠧᠨᠧᠷᠢᠩ᠎ᠢ ᠭᠦᠨᠵᠡᠭᠡᠶ ᠠᠬᠢᠭᠤᠯᠪᠠ;

ᠭᠣᠣᠯ ᠮᠥᠷᠡᠨ ᠨᠠᠭᠤᠷ ᠴᠥᠭᠥᠷᠥᠮ᠎ᠦᠨ ᠳᠠᠷᠤᠭ᠎ᠠ᠎ᠶ᠋ᠢᠨ ᠲᠦᠷᠢᠮ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍ ᠂ ᠲᠠᠪᠤᠨ ᠱᠠᠳᠤᠨ᠎ᠤ ᠤᠢ ᠱᠢᠭᠤᠢ᠎ᠶ᠋ᠢᠨ ᠳᠠᠷᠤᠭ᠎ᠠ᠎ᠶ᠋ᠢᠨ ᠲᠦᠷᠢᠮ᠎ᠦᠨ ᠱᠢᠰᠲ᠋ᠧᠮ᠎ᠢ ᠪᠦᠬᠦ᠌ ᠲᠠᠯ᠎ᠠ᠎ᠪᠠᠷ ᠪᠠᠢᠭᠤᠯᠵᠤ ᠂ ᠭᠣᠣᠯ ᠮᠥᠷᠡᠨ᠂ ᠨᠠᠭᠤᠷ ᠴᠥᠭᠥᠷᠥᠮ ᠂ ᠤᠢ ᠱᠢᠭᠤᠢ ᠂ ᠨᠤᠲᠤᠭ ᠪᠡᠯᠴᠢᠭᠡᠷ᠎ᠢ ᠴᠥᠮ ᠲᠤᠰᠭᠠᠢᠯᠠᠨ ᠰᠠᠬᠢᠨ ᠬᠠᠮᠠᠭᠠᠯᠠᠪᠠ᠃

ᠠᠭᠤᠯᠠ ᠤᠰᠤ ᠬᠡᠮᠡᠷᠯᠢᠭ ᠬᠠᠳᠭᠤᠮᠠᠯ ᠨᠥᠮᠥᠷᠴᠦ᠍ ᠂ ᠲᠠᠯ᠎ᠠ ᠨᠤᠲᠤᠭ᠎ᠠᠴᠠ ᠣᠶ ᠱᠢᠭᠤᠶ ᠬᠦᠷᠲᠡᠯ᠎ᠡ ᠂ ᠡᠯᠡᠰᠦᠨ ᠴᠥᠯ᠎ᠡᠴᠡ ᠭᠤᠤᠯ ᠮᠥᠷᠡᠨ ᠨᠠᠭᠤᠷ ᠴᠥᠭᠥᠷᠥᠮ ᠨᠤᠭᠤ ᠭᠠᠵᠠᠷ ᠬᠦᠷᠲᠡᠯ᠎ᠡ ᠂ ᠥᠪᠥᠷ ᠮᠣᠩᠭᠣᠯ᠎ᠤᠨ ᠡᠬᠡ ᠭᠠᠵᠠᠷ ᠲᠦ᠍ ᠨᠣᠮᠢᠨ ᠨᠣᠭᠣᠭᠠᠨ ᠭᠠᠢᠬᠠᠮᠱᠢᠭ ᠪᠢᠴᠢᠭᠯᠡᠨ᠎ᠡ᠃

ᠥᠩᠭᠡᠷᠡᠭ᠌ᠰᠡᠨ᠎ᠳᠦ ᠪᠠᠢᠭᠠᠯᠢ ᠪᠣᠯᠤᠨ ᠬᠥᠮᠤᠨ ᠎ᠤ ᠰᠢᠯᠳᠠᠭᠠᠨ ᠡᠴᠡ ᠪᠤᠯᠵᠤ ᠨᠠᠭᠤᠷ᠎ᠤᠨ ᠤᠰᠤ ᠪᠠᠭᠠᠰᠴᠤ᠌ ᠂ ᠤᠰᠤᠨ᠎ᠤ ᠴᠢᠨᠠᠷ ᠮᠠᠭᠤᠳᠠᠭ᠍ᠰᠠᠨ ᠵᠡᠷᠭᠡ ᠠᠰᠠᠭᠤᠳᠠᠯ ᠣᠷᠣᠱᠢᠵᠤ ᠪᠠᠢᠭ᠍ᠰᠠᠨ 《 ᠬᠥᠯᠥᠨ ᠨᠠᠭᠤᠷ ᠤᠯᠠᠭᠠᠨᠰᠤᠬᠠᠢ ᠲᠠᠭ᠎ᠠ᠎ᠶ᠋ᠢᠨ ᠨᠠᠭᠤᠷ 》 ᠨᠢ ᠠᠮᠢ ᠠᠬᠤᠢ᠎ᠪᠠᠷ ᠤᠰᠤ ᠨᠥᠬᠥᠪᠥᠷᠢᠯᠡᠬᠦ᠌ ᠂ ᠪᠢᠲᠡᠭᠦᠮᠵᠢᠯᠡᠨ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠂ ᠪᠣᠬᠢᠷᠲᠤᠯ ᠭᠠᠳᠠᠭ᠍ᠰᠢᠯᠠᠭᠤᠯᠬᠤ᠎ᠶ᠋ᠢ ᠬᠣᠷᠢᠭ᠍ᠯᠠᠬᠤ ᠵᠡᠷᠭᠡ ᠶᠡᠷᠦᠩᠬᠡᠢᠯᠡᠭ᠌ᠰᠡᠨ ᠵᠠᠰᠠᠯᠲᠠ᠎ᠪᠠᠷ ᠳᠠᠮᠵᠢᠨ ᠂ 《 ᠲᠠᠯ᠎ᠠ ᠨᠤᠲᠤᠭ᠎ᠤᠨ ᠭᠡᠷᠡᠯᠲᠦ ᠰᠤᠪᠤᠳ》ᠪᠣᠯᠵᠦ ᠂ ᠳᠠᠬᠢᠨᠲᠠ ᠭᠡᠷᠡᠯ ᠭᠢᠯᠪᠠᠭ᠎ᠠ᠎ᠪᠠᠨ ᠰᠠᠴᠤᠷᠠᠭᠤᠯᠪᠠ᠃

3 ᠲᠦᠮᠡᠨ ᠮᠦ᠍ ᠡᠯᠡᠰᠦ ᠨᠣᠭᠣᠭᠠᠨ ᠪᠦᠷᠢᠳᠦ ᠪᠤᠯᠵᠤ ᠂ 《 ᠬᠠᠮᠠᠷ ᠬᠠᠳᠭᠤᠬᠤ ᠡᠪᠡᠰᠦ ᠦᠭᠡᠢ ᠬᠠᠯᠴᠠᠭᠠᠢ ᠭᠠᠵᠠᠷ》 ᠤ᠋ᠨ ᠲᠦᠯᠦᠭᠡᠨ᠎ᠤ ᠨᠡᠷ᠎ᠡ ᠪᠣᠯᠣᠬᠰᠠᠨ ᠦᠬᠠᠢ ᠬᠤᠳᠠ᠎ᠶ᠋ᠢᠨ ᠪᠠᠶᠠᠨᠲᠤᠬᠤᠢ ᠨᠢ ᠭᠠᠨᠳᠠᠷᠢ ᠠᠭᠤᠯᠠ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠦᠵᠡᠮᠵᠢ᠎ᠶ᠋ᠢᠨ ᠣᠷᠣᠨ᠎ᠢᠶᠠᠷ ᠣᠷᠣᠯᠠᠭ᠍ᠳᠠᠪᠠ᠃ ᠪᠦᠬᠦ᠌ ᠣᠷᠣᠨ᠎ᠤ 8 ᠭᠠᠵᠠᠷ ᠣᠷᠣᠨ《ᠤᠯᠤᠰ᠎ᠤᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠢ᠎ᠡ ᠦᠵᠡᠭᠦᠯᠬᠦ᠌ ᠣᠷᠣᠨ》ᠵᠢᠡᠷ ᠦᠨᠡᠯᠡᠭ᠌ᠳᠡᠵᠦ᠍ ᠂ 6 ᠭᠠᠵᠠᠷ ᠣᠷᠣᠨ 《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠦᠨ 》 ᠭᠡᠬᠦ᠌ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢᠶᠠᠷ ᠨᠡᠷᠡᠢᠳᠦᠭ᠌ᠳᠡᠪᠡ᠃

ᠰᠢᠪᠲᠣᠯᠣᠯᠲᠠ — ᠪᠣᠬᠢᠷᠲᠣᠯ ᠦᠭᠡᠢ GDP ᠦᠷᠬᠦᠯᠵᠢᠯᠡᠨ ᠬᠦᠴᠦᠯᠡᠭᠰᠡᠭᠡᠷ

ᠬᠡᠷᠡᠯᠴᠢ ᠴᠡᠨᠡᠭ᠎ᠤᠨ ᠲᠣᠮᠣ ᠬᠠᠪᠲᠠᠰᠤ ᠨᠡᠷᠡᠨ᠎ᠦ ᠬᠡᠷᠡᠯ᠎ᠢ ᠰᠢᠩᠭᠡᠭᠡᠨ ᠴᠠᠬᠢᠯᠭᠠᠨ ᠭᠠᠷᠭᠠᠵᠤ ᠂ ᠬᠠᠪᠲᠠᠰᠤᠨ ᠳᠤᠤᠷ᠎ᠠ ᠨᠢ ᠲᠥᠮᠥᠰᠥ᠍ ᠂ ᠡᠮ᠎ᠦᠨ ᠮᠠᠲ᠋ᠧᠷᠢᠶᠠᠯ ᠵᠡᠷᠭᠡ ᠠᠵᠤ ᠠᠬᠤᠶ᠎ᠶ᠋ᠢᠨ ᠲᠠᠷᠢᠮᠠᠯ ᠲᠠᠷᠢᠨ᠎ᠠ᠃ ᠡᠨᠡ ᠪᠣᠯ ᠢ ᠯᠢ ᠬᠡᠷᠡᠯᠴᠢ ᠴᠡᠨᠡᠭ᠎ᠤᠨ ᠡᠯᠡᠰᠦ᠎ᠶ᠋ᠢ ᠵᠠᠰᠠᠬᠤ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠤᠨ᠎ᠠ᠃《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠦ ᠂ ᠬᠠᠪᠲᠠᠰᠤᠨ ᠳᠤᠤᠷ᠎ᠠ ᠳᠠᠷᠢᠬᠤ ᠂ ᠬᠠᠪᠲᠠᠰᠤᠨ᠎ᠤ ᠬᠣᠭᠣᠷᠣᠨᠳᠣ ᠲᠡᠵᠢᠭᠡᠨ ᠦᠷᠡᠵᠢᠭᠦᠯᠬᠦ᠌᠂ ᠡᠯᠡᠰᠦ᠎ᠶ᠋ᠢ ᠵᠠᠰᠠᠵᠤ ᠬᠥᠷᠥᠰᠥ᠍ ᠱᠢᠷᠣᠶ᠎ᠶ᠋ᠢ ᠰᠠᠢᠵᠢᠷᠠᠭᠤᠯᠬᠤ ᠂ ᠠᠵᠤ ᠦᠶ᠋ᠯᠡᠰ᠎ᠢᠶᠡᠷ ᠶᠠᠳᠠᠭᠤ᠎ᠶ᠋ᠢ ᠲᠡᠳᠬᠦᠬᠦ᠌ ᠂ ᠠᠵᠤ ᠦᠶ᠋ᠯᠡᠳᠪᠦᠷᠢ᠎ᠪᠡᠷ ᠵᠢᠭᠤᠯᠴᠢᠯᠠᠬᠤ》ᠬᠡᠷᠡᠯᠴᠢ ᠴᠡᠨᠡᠭ᠎ᠦᠨ ᠱᠢᠨ᠎ᠡ ᠬᠡᠯᠪᠡᠷᠢ᠎ᠶ᠋ᠢᠨ ᠠᠵᠤ ᠦᠶ᠋ᠯᠡᠰ᠎ᠦᠨ ᠵᠠᠭ᠍ᠪᠤᠷ᠎ᠨᠢ ᠪᠣᠬᠢᠷᠲᠤᠯ ᠥᠬᠡᠶ ᠨᠡᠷᠡᠨ ᠭᠡᠷᠡᠯᠲᠦ ᠪᠠᠩᠬᠢ ᠱᠢᠭ᠋᠎ᠢᠶᠡᠷ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ᠎ᠨᠢ ᠪᠠᠷᠤᠭ 12.5 ᠳ᠋ᠦᠩᠱᠢᠭᠤᠷ ᠭᠷᠠᠳᠦ᠋ᠰ᠎ᠲᠦ ᠬᠦᠷᠴᠦ᠍ ᠂ ᠵᠢᠯ ᠪᠦᠷᠢ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ᠎ᠶ᠋ᠢ 120 ᠲᠦᠮᠡᠨ ᠲᠣᠨ ᠪᠠᠭᠠᠰᠭᠠᠵᠠᠶ᠃

《ᠠᠮᠢ ᠠᠬᠤᠢ᠎ᠪᠠᠷ ᠡᠯᠡᠰᠦ᠎ᠶ᠋ᠢ ᠵᠠᠰᠠᠵᠤ ᠭᠤᠪᠢᠭᠤᠯᠭ᠎ᠠ᠎ᠶ᠋ᠢ ᠨᠡᠮᠡᠭ᠌ᠳᠡᠭᠦᠯᠬᠦ᠌ 》 ᠂ 《 ᠬᠡᠷᠡᠯᠴᠢ ᠴᠡᠨᠡᠭ᠎ᠢᠶᠡᠷ ᠡᠯᠡᠰᠦ᠎ᠶ᠋ᠢ ᠵᠠᠰᠠᠵᠤ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠬᠤ》ᠠᠵᠢᠯᠯᠠᠭ᠎ᠠ ᠨᠢ ᠳᠡᠯᠡᠬᠡᠢ᠎ᠶ᠋ᠢᠨ ᠴᠦᠯᠯᠡᠷᠭᠡᠭ᠌ᠵᠢᠯ᠎ᠢ ᠰᠡᠷᠭᠡᠢᠯᠡᠨ ᠵᠠᠰᠠᠬᠤ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠤ ᠤᠶᠤᠨ ᠤᠬᠠᠭᠠᠨ ᠪᠣᠯᠤᠨ ᠲᠥᠰᠦᠯ᠎ᠢ ᠬᠠᠩᠭᠠᠭ᠍ᠰᠠᠨ᠎ᠤ ᠲᠠᠷᠠᠭ᠎ᠠ᠂ ᠬᠥᠪᠴᠢ᠎ᠶ᠋ᠢᠨ ᠡᠯᠡᠰᠦ ᠨᠢ ᠪᠠᠰᠠ ᠡᠯᠡᠰᠦᠨ ᠴᠦᠯ᠎ᠤᠨ 《 ᠬᠣᠣᠰ ᠨᠡᠭᠦᠷᠡᠰᠦᠲᠥ᠋ᠷᠥᠭ᠌ᠴᠢ 》ᠵᠢᠨ ᠬᠠᠷᠠᠯᠲᠠ᠎ᠶ᠋ᠢ ᠪᠡᠶᠡᠯᠡᠭᠦᠯᠬᠦ᠌᠎ᠳᠦ ᠱᠢᠢᠳᠪᠦᠷᠢᠯᠡᠬᠦ᠌ ᠲᠥᠰᠦᠯ ᠳᠤᠷᠠᠳᠤᠭ᠍ᠰᠠᠨ ᠪᠠᠢᠨ᠎ᠠ᠃

ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠯ᠎ᠢ ᠬᠠᠮᠵᠢᠯᠴᠠᠨ ᠠᠬᠢᠭᠤᠯᠬᠤ᠎ᠶ᠋ᠢ ᠪᠠᠷᠢᠮᠲᠠᠯᠠᠬᠤ ᠪᠣᠯ 《 ᠬᠤᠤᠰ ᠨᠡᠭᠦᠷᠡᠰᠦᠲᠥ᠋ᠷᠥᠭ᠌ᠴᠢ 》 ᠶ᠋ᠢᠨ ᠬᠠᠷᠠᠯᠲᠠ ᠳᠤᠤᠷ᠎ᠠ ᠥᠪᠥᠷ ᠮᠣᠩᠭᠣᠯ᠎ᠤᠨ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠦᠨᠳᠦᠰᠦᠨ ᠵᠢᠷᠤᠮᠯᠠᠯ ᠪᠣᠯᠤᠨ᠎ᠠ᠃

《 ᠬᠤᠤᠰ ᠨᠡᠭᠦᠷᠡᠰᠦᠲᠥ᠋ᠷᠥᠭ᠌ᠴᠢ 》 ᠶ᠋ᠢᠨ ᠬᠥᠱᠢᠭᠡ᠎ᠢᠷᠠᠬᠳᠡᠪᠡ᠃ ᠥᠪᠥᠷ ᠮᠣᠩᠭᠣᠯ ᠳᠠᠯᠳᠠ ᠬᠦᠴᠦᠨ᠎ᠢᠶᠡᠨ ᠠᠭᠤᠳᠠᠯᠤᠨ᠂ ᠳᠠᠪᠠᠭᠤᠯᠢᠭ᠎ᠢᠶᠠᠨ ᠪᠠᠳᠠᠷᠠᠭᠤᠯᠵᠤ᠂ ᠣᠶ ᠱᠢᠭᠤᠶ ᠡᠪᠡᠰᠦ ᠪᠡᠯᠴᠢᠭᠡᠷ᠎ᠦᠨ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ᠎ᠶ᠋ᠢ ᠢᠳᠡᠪᠬᠢᠲᠡᠶ ᠬᠥᠭ᠌ᠵᠢᠭᠦᠯᠵᠦ᠍ ᠂ ᠠᠮᠢ ᠠᠬᠤᠶ᠎ᠶ᠋ᠢᠨ ᠥᠷᠲᠡᠭ᠎ᠢ ᠬᠤᠪᠢᠷᠠᠭᠤᠯᠬᠤ ᠱᠢᠨ᠎ᠡ ᠠᠷᠭ᠎ᠠ ᠵᠠᠮ᠎ᠢ ᠰᠦᠪᠡᠭ᠌ᠴᠢᠯᠡᠪᠡ᠃ 《 ᠳᠤᠮᠳᠠᠳᠤ ᠤᠯᠤᠰ᠎ᠤᠨ ᠨᠣᠭᠣᠭᠠᠨ ᠠᠭᠤᠰᠭᠢ 》 ᠬᠡᠮᠡᠭ᠌ᠳᠡᠭ᠌ᠰᠡᠨ ᠶᠡᠬᠡ ᠬᠢᠩᠭᠠᠨ ᠳᠠᠪᠠᠭ᠎ᠠ᠎ᠶ᠋ᠢᠨ ᠱᠢᠭᠤᠢᠲᠤ ᠣᠷᠣᠨ᠎ᠳᠤ ᠂ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠤᠷᠢᠳ᠎ᠢᠶᠠᠷ ᠬᠡᠷᠡᠭ᠌ᠵᠢᠭᠦᠯᠵᠦ᠍ ᠤᠷᠢᠳ᠎ᠢᠶᠠᠷ ᠲᠤᠷᠱᠢᠵᠤ ᠂ 《ᠨᠡᠭᠦᠷᠡᠰᠦᠲᠥ᠋ᠷᠥᠭ᠌ᠴᠢ 》 ᠵᠢ 《 ᠠᠯᠲᠠ 》 ᠪᠣᠯᠭᠠᠪᠠ᠃ 2021 ᠣᠨ᠎ᠳᠤ ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠡᠨᠧᠷᠭᠢ᠎ᠶ᠋ᠢᠨ ᠠᠷᠠᠯᠵᠢᠶᠠᠨ᠎ᠤ ᠭᠠᠵᠠᠷ᠎ᠢᠶᠠᠷ ᠳᠠᠮᠵᠢᠭᠤᠯᠤᠨ VCS ᠨᠡᠭᠦᠷᠡᠰᠦᠲᠦᠷᠥᠭ᠌ᠴᠢ ᠬᠤᠷᠠᠭᠤᠯᠬᠤ ᠦᠶ᠋ᠯᠡᠳᠬᠦᠨ᠎ᠢ 8 ᠤᠳᠠᠭ᠎ᠠ ᠫᠠᠢᠰᠠ ᠡᠯᠭᠦᠨ ᠪᠣᠷᠣᠯᠠᠭᠤᠯᠵᠤ ᠂ ᠨᠡᠢᠲᠡ 73.3 ᠲᠦᠮᠡᠨ ᠲᠣᠨ ᠂ ᠠᠷᠠᠯᠵᠢᠶᠠᠯᠠᠭ᠍ᠰᠠᠨ ᠲᠣᠭ᠎ᠠ᠎ᠨᠢ ᠨᠡᠢᠲᠡ 1465 ᠭᠠᠷᠤᠶ ᠲᠦᠮᠡᠨ ᠲᠥᠭᠥᠷᠢᠭ᠎ᠲᠦ ᠬᠦᠷᠴᠡᠶ᠃ ᠪᠣᠷᠣᠯᠠᠭᠤᠯᠤᠯᠲᠠ᠎ᠶ᠋ᠢᠨ ᠨᠢᠭᠡᠴᠢ ᠦᠨ᠎ᠡ ᠨᠢ ᠴᠦ᠍ ᠲᠣᠨ ᠪᠦᠷᠢ ᠎ᠳᠡᠭᠡᠨ 11.5 ᠲᠥᠭᠥᠷᠢᠭ ᠪᠠᠢᠭ᠍ᠰᠠᠨ᠎ᠠᠴᠠ᠎ᠪᠠᠨ 42.42 ᠲᠥᠭᠥᠷᠢᠭ ᠪᠣᠯᠤᠨ ᠦᠰᠦᠭᠰᠡᠨ ᠪᠠᠢᠨ᠎ᠠ᠃

ᠥᠪᠥᠷ ᠮᠣᠩᠭᠣᠯ᠎ᠤᠨ ᠶᠡᠬᠡ ᠬᠢᠩᠭᠠᠨ ᠳᠠᠪᠠᠭ᠎ᠠ᠎ᠶ᠋ᠢᠨ ᠰᠢᠭᠤᠢᠳᠤ ᠣᠷᠣᠨ᠎ᠤ ᠵᠢᠯ ᠎ᠤᠨ ᠠᠮᠢ ᠠᠬᠤᠶ᠎ᠶ᠋ᠢᠨ ᠱᠢᠰᠲ᠋ᠧᠮ᠎ᠦᠨ ᠦᠶ᠋ᠯᠡᠴᠢᠯᠡᠭᠡᠨ᠎ᠦ ᠴᠢᠳᠠᠮᠵᠢ᠎ᠶ᠋ᠢᠨ ᠥᠷᠲᠡᠭ᠎ᠨᠢ 6160 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠭᠦᠨ᠎ᠳᠦ 《 ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ》ᠶ᠋ᠢᠨ ᠶᠡᠷᠦᠩᠬᠡᠶ ᠥᠷᠲᠡᠭ᠎ᠨᠢ 1071.75 ᠳ᠋ᠦᠩᠱᠢᠭᠤᠷ ᠲᠥᠭᠥᠷᠢᠭ᠎ᠲᠦ ᠬᠦᠷᠴᠡᠶ᠃ ᠰᠠᠢᠨ ᠰᠠᠢᠬᠠᠨ ᠠᠮᠢ ᠠᠬᠤᠶ ᠲᠠᠰᠤᠷᠠᠯᠲᠠ ᠦᠭᠡᠢ ᠪᠣᠬᠢᠷᠲᠤᠯ ᠦᠭᠡᠢ GDP ᠎ᠢ ᠡᠬᠦᠲᠦᠭᠰᠡᠭᠡᠷ᠃

《 ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》ᠭᠡᠬᠦ᠌ ᠣᠢᠯᠠᠭᠠᠭ᠍ᠳᠠᠬᠤᠨ᠎ᠢ ᠪᠠᠲᠤ ᠱᠤᠭᠤᠵᠤ ᠂ ᠥᠪᠥᠷ ᠮᠣᠩᠭᠣᠯ ᠠᠮᠢ ᠠᠬᠤᠢ ᠦᠵᠡᠰᠭᠦᠯᠡᠩᠲᠦ ᠰᠠᠢᠬᠠᠨ ᠂ ᠠᠵᠤ ᠦᠢᠯᠡᠰ ᠬᠥᠭ᠌ᠵᠢᠭ᠌ᠰᠡᠨ ᠂ ᠠᠷᠠᠳ ᠢᠷᠭᠡᠳ ᠪᠠᠶᠠᠵᠢᠨ ᠴᠢᠨᠡᠭᠡᠯᠢᠭᠵᠢᠭᠰᠡᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠠᠮ᠎ᠢᠶᠠᠷ ᠣᠷᠣᠬᠰᠢᠯᠠᠨ᠎ᠠ᠃

ᠪᠠᠶᠠᠨᠨᠠᠭᠤᠷ ᠬᠤᠳᠠ᠎ᠶ᠋ᠢᠨ ᠳ᠋ᠸᠩᠺᠸᠤ ᠱᠢᠶᠠᠨ᠎ᠳᠤ ᠂ 45 ᠲᠦᠮᠡᠨ ᠮᠦ᠍ ᠵᠠᠭ ᠨᠢ ᠤᠯᠠᠭᠠᠨᠪᠤᠬ᠎ᠠ ᠵᠢᠨ ᠡᠯᠡᠰᠦ ᠵᠢ ᠪᠠᠲᠤ ᠲᠣᠭ᠍ᠲᠠᠪᠤᠷᠢᠵᠢᠭᠤᠯᠵᠤ᠂ ᠲᠡᠬᠦᠨ᠎ᠤ ᠳᠡᠭᠡᠷ᠎ᠡ ᠬᠥᠮᠦᠨ᠎ᠦ ᠬᠦᠴᠦ᠍᠎ᠪᠡᠷ ᠲᠠᠷᠢᠬᠰᠠᠨ 12 ᠲᠦᠮᠡᠨ ᠮᠦ᠍ ᠴᠠᠭᠠᠨ ᠭᠣᠶᠣᠣ᠎ᠶ᠋ᠢᠨ ᠮᠤ᠌ ᠲᠤᠮᠳᠠᠴᠢ ᠵᠢᠨ ᠣᠷᠣᠯᠭ᠎ᠠ 6000 ᠭᠠᠷᠤᠢ ᠲᠥᠭᠥᠷᠢᠭ᠎ᠲᠦ ᠬᠦᠷᠴᠦ᠍ ᠂ ᠴᠢᠨᠠᠷ ᠰᠠᠢᠲᠠᠢ ᠲᠠᠷᠢᠶᠠᠨ ᠭᠠᠵᠠᠷ᠎ᠤᠨ ᠣᠷᠣᠯᠭ᠎ᠠ᠎ᠶ᠋ᠢᠨ 3 ᠲᠠᠬᠢᠨ ᠪᠣᠯᠬᠤ ᠪᠥᠭᠡᠳ ᠨᠢᠭᠡ ᠤᠳᠠᠭ᠎ᠠ ᠲᠠᠷᠢᠪᠠᠯ 15 ᠵᠢᠯ᠎ᠡᠴᠡ ᠳᠡᠭᠡᠭ᠌ᠰᠢ ᠬᠤᠷᠢᠶᠠᠯᠲᠠ ᠣᠯᠵᠤ᠂ ᠡᠯᠡᠰᠦ᠎ᠶ᠋ᠢ ᠵᠠᠰᠠᠬᠤ ᠪᠠ ᠪᠠᠶᠠᠵᠢᠯ᠎ᠤᠨ ᠬᠣᠣᠰ ᠠᠮᠵᠢᠯᠲᠠ᠎ᠶ᠋ᠢ ᠪᠡᠶᠡᠯᠡᠭᠦᠯᠦᠭᠰᠡᠨ ᠪᠠᠢᠨ᠎ᠠ᠃

ᠠᠮᠢ ᠠᠬᠤᠢ ᠣᠷᠴᠢᠨ ᠲᠣᠭᠣᠷᠢᠨ᠎ᠤ ᠰᠠᠢᠵᠢᠷᠠᠯᠲᠠ ᠨᠢᠭᠡ ᠯᠡ ᠳᠡᠭᠡᠷ᠎ᠡ ᠪᠡᠶᠡᠯᠡᠭ᠌ᠳᠡᠴᠢᠭᠡᠬᠦ᠌ ᠪᠢᠰᠢ ᠂ ᠦᠢᠯᠡᠳᠪᠦᠷᠢᠯᠡᠯ ᠬᠥᠭ᠌ᠵᠢᠭ᠌ᠰᠡᠨ ᠂ ᠠᠮᠢᠳᠤᠷᠠᠯ ᠴᠢᠨᠡᠭᠡᠯᠢᠭ᠌ᠵᠢᠭ᠌ᠰᠡᠨ ᠂ ᠠᠮᠢ ᠠᠬᠤᠢ ᠰᠠᠢᠵᠢᠷᠠᠬᠰᠠᠨ ᠵᠠᠮ ᠶ᠋ᠢᠡᠷ ᠥᠪᠥᠷ ᠮᠣᠩᠭᠣᠯ ᠣᠢᠭ᠎ᠠ ᠦᠭᠡᠢ ᠴᠢᠷᠮᠠᠢᠵᠤ ᠂ ᠡᠷᠡᠮᠡᠬᠡᠢᠯᠠᠨ ᠤᠷᠤᠭ᠍ᠰᠢᠯᠠᠬᠰᠠᠭᠠᠷ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面