2022-05-23 09:34:28
ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠄ ᠡᠬᠢᠯᠡᠬᠦᠯᠴᠢᠭᠡᠭᠰᠡᠨ ᠶᠠᠪᠤᠳᠠᠯ᠎ᠢ ᠲᠤᠷᠭᠤᠨ ᠬᠠᠶᠠᠬᠤ ᠤᠴᠢᠷ ᠦᠬᠡᠢ
ᠡᠨᠡ ᠵᠢᠯ ᠤ᠋ᠨ ᠲᠦᠷᠦᠭᠦᠦ ᠤᠯᠠᠷᠢᠯ ᠳ᠋ᠤ᠂ ᠥᠪᠥᠷ ᠮᠣᠩᠭᠣᠯ ᠤ᠋ᠨ ᠡᠨᠧᠷᠭᠢ᠎ᠶ᠋ᠢᠨ ᠪᠦᠯᠦᠭ᠌ᠯᠡᠯ ᠺᠤᠮᠫᠠᠨᠢ ᠶ᠋ᠢᠨ᠎ᠬᠢᠨ ᠨᠡᠢᠲᠡ 1.81 ᠳ᠋ᠦᠩᠱᠢᠭᠤᠷ ᠲᠥᠭᠥᠷᠢᠭ ᠤ᠋ᠨ ᠠᠱᠢᠭ ᠤᠯᠵᠠᠪᠤᠷᠢ ᠣᠯᠵᠤ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ᠬᠢ ᠲᠠᠢ ᠬᠠᠷᠢᠴᠠᠭᠤᠯᠪᠠᠯ ᠠᠯᠳᠠᠬᠳᠠᠯ ᠵᠢᠡᠨ 3.71 ᠳ᠋ᠦᠩᠱᠢᠭᠤᠷ ᠲᠥᠭᠥᠷᠢᠭ ᠪᠠᠭᠠᠰᠬᠠᠵᠠᠢ ᠭᠡᠰᠡᠨ ᠮᠡᠳᠡᠭᠡ ᠠᠵᠢᠯ ᠲᠥᠷᠥᠯ ᠤ᠋ᠨᠬᠢᠨᠦ ᠠᠩᠬᠠᠷᠤᠯ ᠢ᠋ ᠶᠡᠬᠡᠳᠡ ᠲᠠᠲᠠᠪᠠ᠃
ᠠᠵᠤ ᠠᠬᠤᠢ ᠤᠷᠤᠭᠤᠳᠠᠬᠤ ᠳᠠᠷᠤᠯᠲᠠ ᠨᠡᠮᠡᠭ᠌ᠳᠡᠵᠦ᠍᠂ ᠪᠠᠢᠳᠠᠯ ᠦᠷᠭᠦᠯᠵᠢᠯᠡᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠣᠯᠤᠭ᠍ᠰᠠᠨ ᠠᠬᠤᠢ ᠪᠠᠢᠳᠠᠯ ᠳᠣᠣᠷ᠎ᠠ᠂ ᠨᠢᠳᠤᠨᠤᠨ ᠤ᠋ 9 ᠰᠠᠷ᠎ᠠ ᠳ᠋ᠤ ᠰᠠᠶᠢ ᠥᠭᠡᠷᠡᠴᠢᠯᠡᠯᠲᠡ ᠬᠢᠵᠦ᠍ ᠲᠠᠬᠢᠨ ᠪᠠᠢᠭᠤᠯᠤᠭ᠍ᠰᠠᠨ ᠡᠨᠡ ᠬᠦ᠌ ᠲᠤᠮᠤ ᠬᠡᠯᠪᠡᠷᠢ ᠶ᠋ᠢᠨ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠬᠡᠷᠬᠢᠨ ᠣᠬᠣᠷᠬᠠᠨ ᠬᠤᠭᠤᠴᠠᠭᠠᠨ ᠳ᠋ᠤ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠵᠦ ᠴᠢᠳᠠᠬᠰᠠᠨ ᠪᠤᠢ? 《ᠥᠭᠡᠷᠡᠴᠢᠯᠡᠯᠲᠡ ᠪᠡᠷ ᠬᠥᠳᠡᠯᠭᠡᠬᠦ᠌ ᠬᠦᠴᠦᠨ ᠢ᠋ ᠳᠠᠢᠴᠢᠯᠠᠵᠤ᠂ ᠥᠭᠡᠷᠡᠴᠢᠯᠡᠯᠲᠡ ᠪᠡᠷ ᠠᠮᠢᠵᠢᠷᠠᠯ ᠤ᠋ᠨ ᠬᠦᠴᠦᠨ ᠢ᠋ ᠬᠦᠭᠵᠢᠭᠡᠵᠦ᠂ ᠴᠢᠨᠠᠷ ᠰᠠᠢᠲᠠᠢ ᠡᠬᠢ ᠪᠠᠶᠠᠯᠢᠭ ᠢ᠋ ᠨᠡᠢᠳᠭᠡᠵᠦ᠍᠂ ᠦᠢᠯᠡᠳᠪᠦᠷᠢᠯᠡᠯ ᠡᠵᠡᠩᠨᠡᠯᠲᠡ᠎ᠶ᠋ᠢᠨ ᠶᠠᠰᠤ ᠴᠢᠨᠠᠷ ᠦᠷ᠎ᠡ ᠠᠱᠢᠭ ᠢ᠋ ᠬᠦᠴᠦᠯᠡᠨ ᠳᠡᠭᠡᠭ᠌ᠰᠢᠯᠡᠭᠦᠯᠪᠠ》 ᠭᠡᠵᠦ ᠦᠪᠦᠷ ᠮᠤᠨᠭᠭᠤᠯ ᠤ᠋ᠨ ᠡᠨᠧᠷᠭᠢ᠎ᠶ᠋ᠢᠨ ᠪᠦᠯᠦᠭ᠌ᠯᠡᠯ ᠺᠤᠮᠫᠠᠨᠢ᠎ᠵᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠾᠧ ᠢᠦᠢ ᠴᠦᠨ ᠬᠡᠯᠡᠨ᠎ᠡ᠃
ᠭᠠᠭᠴᠠ ᠬᠦ᠌ ᠦᠪᠦᠷ ᠮᠤᠨᠭᠭᠤᠯ ᠤ᠋ᠨ ᠡᠨᠧᠷᠭᠢ ᠶ᠋ᠢᠨ ᠪᠦᠯᠦᠭ᠌ᠯᠡᠯ ᠺᠤᠮᠫᠠᠨᠢ ᠲᠡᠳᠦᠢ ᠪᠢᠰᠢ᠃ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠎ᠶ᠋ᠢᠨ ᠭᠤᠷᠪᠠᠨ ᠵᠢᠯ ᠤ᠋ᠨ ᠠᠵᠢᠯᠯᠠᠭ᠎ᠠ ᠵᠢ ᠡᠬᠢᠯᠡᠭᠦᠯᠦᠭᠰᠡᠨ ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠶ᠎ᠠ ᠡᠴᠡ ᠮᠠᠨ ᠤ᠋ ᠣᠷᠣᠨ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠮᠠᠨ ᠤ᠋ ᠤᠷᠤᠨ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠪᠠᠢᠯᠳᠤᠬᠤ ᠪᠤᠳᠤᠯᠭ᠎ᠠ ᠶ᠋ᠢᠨ ᠲᠣᠭ᠍ᠲᠠᠯ ᠬᠦᠴᠦᠨᠵᠢᠡᠷᠤᠯᠤᠰᠤ᠋ᠨᠥᠮᠴᠢᠯᠡᠯᠤ᠋ᠨᠠᠵᠤ ᠠᠬᠤᠢᠯᠠᠯ ᠤ᠋ᠨ ᠥᠭᠡᠷᠡᠴᠢᠯᠡᠯᠲᠡ ᠬᠥᠭ᠌ᠵᠢᠯᠲᠡ᠎ᠳᠦ ᠬᠦᠴᠦᠨ ᠨᠡᠮᠡᠷᠢᠯᠡᠪᠡ᠃
ᠳᠠᠬᠢᠨ ᠪᠠᠢᠭᠤᠯᠵᠤ ᠨᠡᠢᠳᠭᠡᠭᠡᠳ ᠲᠡᠦᠬᠡᠲᠦ ᠴᠢᠨᠠᠷᠲᠠᠢ ᠳᠠᠪᠠᠯᠲᠠ ᠲᠠᠢ ᠪᠤᠯᠪᠠ — ᠵᠦᠪᠬᠡᠨ 2021 ᠣᠨ ᠳ᠋ᠤ᠂ ᠪᠦᠬᠦ᠌ ᠣᠷᠣᠨ᠎ᠵᠢᠡᠷ ᠢ᠋ᠢᠠᠨ ᠦᠪᠦᠷ ᠮᠤᠨᠭᠭᠤᠯ ᠤ᠋ᠨ ᠡᠨ᠋ᠸᠷᠬᠢ ᠶ᠋ᠢᠨ ᠪᠦᠯᠦᠭ᠌ᠯᠡᠯ ᠺᠤᠮᠫᠠᠨᠢ ᠪᠣᠯᠤᠨ ᠦᠪᠦᠷ ᠮᠤᠨᠭᠭᠤᠯ ᠤ᠋ᠨ ᠡᠨ᠋ᠸᠷᠬᠢ ᠶ᠋ᠢᠨ ᠪᠦᠲᠦᠭᠡᠨ ᠪᠠᠢᠭᠤᠯᠤᠯᠲᠠ ᠶ᠋ᠢᠨ ᠪᠡᠯᠡ ᠤᠷᠤᠭᠤᠯᠤᠯᠲᠠ ᠶ᠋ᠢᠨ ᠪᠦᠯᠦᠭ᠌ᠯᠡᠯ ᠺᠤᠮᠫᠠᠨᠢ ᠵᠡᠷᠭᠡ 244 ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠪᠦᠯᠦᠭ᠌ᠯᠡᠯ ᠤ᠋ᠨ ᠳᠠᠪᠬᠤᠷᠭ᠎ᠠ ᠵᠢ ᠳᠠᠬᠢᠨ ᠪᠠᠢᠭᠤᠯᠵᠤ ᠨᠡᠢᠳᠭᠡᠪᠡ᠃
ᠳᠠᠭᠠᠭᠠᠮᠠᠯ ᠤ᠋ᠨ ᠳᠠᠪᠬᠤᠷᠭ᠎ᠠ᠎ᠶ᠋ᠢᠨ ᠵᠠᠬ᠎ᠠ ᠳᠡᠯᠭᠡᠭᠦᠷᠴᠢᠯᠡᠬᠦ᠌ ᠥᠭᠡᠷᠡᠴᠢᠯᠡᠯᠲᠡ᠎ᠶ᠋ᠢ ᠦᠨᠳᠦᠰᠦᠨ᠎ᠳᠡᠭᠡᠨ ᠪᠡᠶᠡᠯᠡᠭᠦᠯᠪᠡ — ᠦᠪᠡᠷᠳᠡᠭᠡᠨ ᠵᠠᠰᠠᠬᠤ ᠣᠷᠣᠨ ᠤ᠋ ᠬᠠᠷᠢᠶ᠎ᠠ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠡᠯ᠎ᠡ ᠱᠠᠲᠤᠨ ᠤ᠋ ᠬᠡᠰᠢᠬᠦᠨ ᠠᠵᠤ ᠠᠬᠤᠢᠯᠠᠯ ᠤ᠋ᠨ ᠳᠠᠭᠠᠭᠠᠮᠠᠯ ᠤ᠋ᠨ ᠳᠠᠪᠬᠤᠷᠭ᠎ᠠ᠎ᠶ᠋ᠢᠨ ᠪᠦᠷᠢᠯᠳᠦᠬᠦᠨ᠎ᠳᠦ ᠭᠡᠷᠡᠲᠦ ᠲᠤᠱᠢᠶᠠᠯ ᠤ᠋ᠨ ᠬᠤᠭᠤᠴᠠᠭᠠᠨ ᠤ᠋ ᠬᠠᠮᠢᠶᠠᠷᠤᠯᠲᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠪᠠ — ᠰᠤᠳᠤᠯᠤᠨ ᠨᠡᠭᠡᠭᠡᠵᠦ ᠪᠡᠯᠡ ᠤᠷᠤᠭᠤᠯᠬᠤ ᠪᠣᠭᠣᠮᠲᠠ ᠱᠢᠪᠲᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠵᠥᠪᠬᠡᠨ 2021 ᠣᠨ ᠳ᠋ᠤ᠂ ᠤᠯᠤᠰ ᠤ᠋ᠨ ᠥᠮᠴᠢᠯᠡᠯ᠎ᠤᠨ ᠡᠳ᠋ ᠬᠥᠷᠥᠩᠭᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢᠨ ᠵᠥᠪᠯᠡᠯ ᠤ᠋ᠨ ᠬᠢᠨᠠᠨ ᠬᠠᠮᠢᠶᠠᠷᠴᠤ᠌ ᠪᠠᠢᠭ᠎ᠠ ᠠᠵᠤ ᠠᠬᠤᠢᠯᠠᠯ ᠤᠯᠤᠰ ᠤ᠋ᠨ ᠱᠢᠨ᠎ᠡ᠎ᠶ᠋ᠢ ᠡᠭᠦᠳᠬᠦ᠌ ᠲᠤᠰᠭᠠᠶ ᠠᠱᠢᠭ ᠢ᠋ 1001 ᠵᠦᠶ᠋ᠯ ᠭᠤᠶᠤᠴᠢᠯᠠᠨ ᠤᠯᠪᠠ᠃
ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠪᠡ — ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠠᠵᠤ ᠠᠬᠤᠢᠯᠠᠯ ᠤ᠋ᠨ ᠲᠦᠷᠢᠮ ᠲᠣᠭ᠍ᠲᠠᠭᠠᠯ᠂ ᠠᠵᠤ ᠠᠬᠤᠶ᠎ᠶ᠋ᠢᠨ ᠭᠡᠷ᠎ᠡ ᠪᠠ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠬᠠᠤᠯᠢ ᠴᠠᠭᠠᠵᠠ᠎ᠶ᠋ᠢᠨ ᠠᠶᠤᠯ ᠲᠦᠭ᠌ᠰᠢᠭᠦᠷᠢ᠎ᠶ᠋ᠢ ᠬᠢᠨᠠᠨ ᠬᠠᠷᠭᠤᠭᠤᠯᠬᠤ ᠨᠣᠷᠮ᠎ᠠ ᠨᠢᠭᠡᠨᠲᠡ 100% ᠳ᠋ᠤ ᠬᠥᠷᠪᠡ᠃
ᠬᠠᠮᠲᠤᠷᠠᠯᠴᠠᠵᠤ ᠬᠠᠮᠲᠤ᠎ᠪᠠᠷ ᠠᠱᠢᠭ ᠬᠦᠷᠳᠡᠬᠦ᠌᠎ᠶ᠋ᠢ ᠠᠬᠢᠭᠤᠯᠪᠠ — ᠳᠡᠭᠡᠷ᠎ᠠ ᠲᠤᠤᠷ᠎ᠠ ᠠᠵᠤ ᠦᠢᠯᠡᠰ ᠤ᠋ᠨ ᠬᠡᠯᠬᠢᠶ᠎ᠡ᠎ᠶ᠋ᠢᠨ ᠬᠠᠮᠵᠢᠯᠴᠠᠭ᠎ᠠ ᠪᠣᠯᠤᠨ ᠰᠲ᠋ᠣᠺ ᠤ᠋ᠨ ᠡᠷᠬᠡ᠎ᠶ᠋ᠢᠨ ᠠᠭᠤᠰᠤᠯᠴᠠᠯ ᠵᠢᠠᠷ ᠭᠣᠣᠯᠳᠠᠯᠭ᠎ᠠ ᠪᠣᠯᠭᠠᠵᠤ᠂ ᠣᠷᠣᠨ ᠤ᠋ ᠳᠣᠲᠤᠨᠠᠬᠢ 26 ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠢ᠋ ᠰᠣᠩᠭᠣᠨ ᠲᠥᠪ ᠤ᠋ᠨ ᠠᠵᠤ ᠠᠬᠤᠢᠯᠠᠯ᠎ᠲᠠᠶ ᠭᠦᠨᠵᠡᠭᠡᠢ ᠬᠠᠮᠲᠤᠷᠠᠯᠴᠠᠭ᠎ᠠ ᠦᠷᠨᠢᠭᠦᠯᠪᠡ᠃
᠁
ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠎ᠶ᠋ᠢ ᠠᠬᠢᠭᠤᠯᠬᠤ ᠭᠤᠷᠪᠠᠨ ᠵᠢᠯ ᠤ᠋ᠨ ᠠᠵᠢᠯᠯᠠᠭ᠎ᠠ ᠪᠣᠯ ᠪᠦᠬᠦ᠌ ᠣᠷᠣᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠬᠤᠪᠢ ᠵᠠᠶᠠᠭ᠎ᠠ᠎ᠶ᠋ᠢ ᠥᠭᠡᠷᠡᠴᠢᠯᠡᠬᠦ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
ᠣᠯᠠᠨ ᠵᠢᠯ ᠤ᠋ᠨ ᠲᠡᠦᠬᠡ᠎ᠶ᠋ᠢᠨ ᠬᠤᠷᠠᠮᠳᠤᠯ ᠡᠴᠡ ᠪᠣᠯᠵᠣ᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠶ᠋ᠢᠨ ᠠᠵᠤ ᠦᠶ᠋ᠯᠡᠰ ᠤ᠋ᠨ ᠡᠬᠢ ᠪᠠᠶᠠᠯᠢᠭ ᠲᠠᠷᠠᠬᠠᠶ ᠪᠤᠲᠠᠷᠬᠠᠶ᠂ ᠬᠠᠮᠢᠶᠠᠷᠤᠯᠲᠠ᠎ᠶ᠋ᠢᠨ ᠲᠠᠰ ᠳᠠᠪᠬᠤᠷᠭ᠎ᠠ ᠤᠯᠠᠨ ᠪᠠ ᠬᠡᠰᠢᠬᠦᠨ ᠠᠵᠤ ᠠᠬᠤᠢᠯᠠᠯ ᠤ᠋ᠨ 《ᠪᠠᠭ᠎ᠠ᠂ ᠲᠠᠷᠠᠬᠠᠶ᠂ ᠪᠠᠭᠤᠷᠠᠶ》 ᠵᠡᠷᠭᠡ ᠲᠣᠪᠣᠢᠮ᠎ᠠ ᠠᠰᠠᠭᠤᠳᠠᠯ ᠢ᠋ ᠪᠤᠢ ᠪᠤᠯᠭᠠᠵᠠᠢ᠃ ᠠᠰᠠᠭᠤᠳᠠᠯ ᠢ᠋ ᠱᠢᠶ᠋ᠳᠪᠦᠷᠢᠯᠡᠬᠦ ᠶ᠋ᠢᠨ ᠲᠥᠯᠥᠭᠡ᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠡᠯ᠎ᠡ ᠱᠠᠲᠤᠨ ᠤ᠋ 148 ᠬᠡᠰᠢᠬᠦᠨ ᠠᠵᠤ ᠠᠬᠤᠢᠯᠠᠯ ᠢ᠋ ᠬᠠᠰᠤᠵᠦ᠂ ᠬᠠᠤᠯᠢ᠎ᠶ᠋ᠢᠨ ᠡᠷᠬᠡᠲᠡᠨ᠎ᠦ ᠡᠷᠦᠬᠡ᠎ᠶ᠋ᠢᠨ ᠲᠣᠭ᠎ᠠ᠎ᠶ᠋ᠢ 88% ᠪᠠᠷ ᠪᠠᠭᠠᠰᠭᠠᠵᠤ᠂ ᠬᠠᠮᠢᠶᠠᠷᠤᠯᠲᠠ᠎ᠶ᠋ᠢᠨ ᠱᠠᠲᠤ ᠲᠠᠰ ᠢ᠋ 4 ᠲᠠᠰ ᠪᠣᠯᠭᠠᠨ ᠪᠠᠭᠠᠰᠭᠠᠵᠤ᠂ ᠦᠷ᠎ᠡ ᠪᠦᠲᠦᠮᠵᠢ᠎ᠪᠡᠷ ᠳᠤᠤᠷ᠎ᠠ ᠦᠷ᠎ᠡ ᠠᠱᠢᠭ ᠥᠬᠡᠶ ᠡᠳ᠋ ᠬᠥᠷᠥᠩᠭᠡ᠎ᠶ᠋ᠢ ᠨᠡᠢᠲᠡ 2.63 ᠳ᠋ᠦᠩᠱᠢᠭᠤᠷ ᠲᠥᠭᠥᠷᠢᠭ ᠠᠷᠢᠯᠭᠠᠨ ᠱᠢᠶ᠋ᠳᠪᠦᠷᠢᠯᠡᠵᠦ᠍᠂ ᠥᠪᠡᠷ ᠤ᠋ᠨ ᠥᠷᠲᠡᠭ ᠢ᠋ 37.23% ᠪᠠᠷ ᠪᠠᠭᠤᠷᠠᠭᠤᠯᠵᠠᠶ᠃ 2020 ᠣᠨ ᠡᠴᠡ ᠨᠠᠭᠠᠰᠢ᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠠᠵᠤ ᠦᠶ᠋ᠯᠡᠰ ᠤ᠋ᠨ ᠪᠠᠢᠷᠢᠱᠢᠭᠤᠯᠤᠯᠲᠠ᠂ ᠡᠳ᠋ ᠬᠥᠷᠥᠩᠭᠡ᠎ᠶ᠋ᠢᠨ ᠪᠦᠲᠦᠴᠡ᠎ᠶ᠋ᠢᠨ ᠱᠢᠯᠢᠳᠡᠭ᠌ᠵᠢᠬᠦᠯᠦᠯᠲᠡᠶ᠋ᠢ ᠪᠦᠲᠦᠮᠵᠢᠲᠡᠶ ᠠᠬᠢᠭᠤᠯᠵᠤ᠂ ᠬᠥᠮᠦᠨ᠎ᠦ ᠬᠦᠴᠦᠨ᠎ᠦ ᠥᠪᠡᠷ ᠤ᠋ᠨ ᠥᠷᠲᠡᠭ ᠢ᠋ 7600 ᠭᠠᠷᠤᠶ ᠲᠦᠮᠡᠨ ᠲᠥᠭᠥᠷᠢᠭ ᠱᠢᠭᠤᠳ ᠪᠠᠭᠤᠷᠠᠭᠤᠯᠵᠤ᠂ ᠬᠠᠮᠢᠶᠠᠷᠤᠯᠲᠠ ᠶ᠋ᠢᠨ ᠵᠠᠷᠤᠳᠠᠯ ᠢ᠋ 7200 ᠭᠠᠷᠤᠶ ᠲᠦᠮᠡᠨ ᠲᠥᠭᠥᠷᠢᠭ ᠪᠠᠭᠤᠷᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳ᠋ᠤ ᠪᠠᠲᠤ ᠪᠠᠬᠢ ᠰᠠᠭᠤᠷᠢᠲᠠᠯᠪᠢᠵᠤ ᠥᠭ᠌ᠴᠡᠶ᠃
ᠪᠦᠬᠦ᠌ ᠤᠯᠤᠰ ᠲᠦ᠍ ᠲᠦᠷᠦᠭᠦᠯᠡᠪᠡ ! ᠡᠨᠡ ᠪᠣᠯ ᠦᠪᠦᠷ ᠮᠤᠩᠭᠤᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠶ᠋ᠢᠨ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷᠴᠢᠯᠡᠯᠲᠡ ᠪᠣᠯᠤᠨ ᠥᠭᠡᠷᠡᠴᠢᠯᠡᠯᠲᠡ ᠱᠢᠨᠡᠴᠢᠯᠡᠯᠲᠡ᠎ᠶ᠋ᠢᠨ ᠲᠦᠪᠱᠢᠨ ᠤ᠋ ᠪᠦᠬᠦ᠌ ᠤᠯᠤᠰ ᠲᠡᠬᠢ ᠬᠠᠮᠤᠭ᠎ᠤᠨ ᠱᠢᠨ᠎ᠡ ᠤᠷᠤᠨ ᠪᠠᠢᠷᠢ ᠪᠤᠯᠤᠨ᠎ᠠ᠃
2278 ᠵᠦᠢᠯ ! ᠡᠨᠡ ᠪᠣᠯ ᠣᠢᠷ᠎ᠠ᠎ᠶ᠋ᠢᠨ 3 ᠵᠢᠯ᠎ᠳᠦ ᠦᠪᠦᠷ ᠮᠤᠩᠭᠤᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠶ᠋ᠢᠨ ᠨᠡᠢᠲᠡ 288.7 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠦ ᠪᠦᠲᠦᠬᠡᠨ ᠪᠠᠢᠭᠤᠯᠵᠤ ᠠᠱᠢᠭ᠍ᠯᠠᠯᠲᠠ ᠳ᠋ᠤ ᠣᠷᠣᠭᠤᠯᠤᠭ᠍ᠰᠠᠨ ᠴᠠᠬᠢᠯᠭᠠᠨ ᠬᠦᠴᠦᠨ᠎ᠦ ᠭᠤᠤᠯ ᠲᠤᠤᠷ ᠪᠠ ᠲᠦᠭᠡᠭᠡᠬᠦ᠌ ᠲᠤᠤᠷ ᠤ᠋ᠨ ᠢᠨᠵᠸᠨ᠋ᠸᠷᠢᠩ ᠤ᠋ᠨ ᠲᠣᠭ᠎ᠠ ᠪᠣᠯᠤᠨ᠎ᠠ᠃
57 ᠲᠦᠮᠡᠨ ᠲᠣᠨ! ᠡᠨᠡ ᠪᠣᠯ ᠣᠢᠷ᠎ᠠ᠎ᠶ᠋ᠢᠨ 3 ᠵᠢᠯ᠎ᠳᠦ ᠦᠪᠦᠷ ᠮᠤᠩᠭᠤᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠵᠢᠨ ᠰᠦᠶ᠋ᠳᠭᠡᠯ ᠬᠤᠷᠢᠶᠠᠬᠤ ᠦᠭᠡᠶ᠎ᠪᠡᠷ 10 ᠲᠦᠮᠡᠨ ᠡᠷᠦᠬᠡ ᠰᠠᠭᠤᠭᠠᠯᠢ ᠠᠷᠠᠳ ᠤ᠋ᠨ ᠨᠡᠭᠦᠷᠡᠰᠤᠨ ᠤ᠋ ᠲᠤᠯᠠᠭᠠᠯᠠᠭ᠎ᠠ ᠵᠢ ᠴᠠᠬᠢᠯᠭᠠᠨ ᠲᠤᠯᠠᠭᠠᠯᠠᠭ᠎ᠠ ᠪᠣᠯᠭᠠᠨ ᠥᠭᠡᠷᠡᠴᠢᠯᠡᠬᠦ᠌᠎ᠪᠡᠷ ᠳᠠᠮᠵᠢᠵᠦ ᠪᠠᠭᠠᠰᠭᠠᠭ᠍ᠰᠠᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠶ᠋ᠢᠨ ᠬᠡᠮᠵᠢᠶ᠎ᠡ ᠪᠣᠯᠤᠨ᠎ᠠ᠃
ᠪᠦᠬᠦ᠌ ᠤᠯᠤᠰ ᠤ᠋ᠨ ᠲᠡᠷᠢᠭᠦᠨ᠎ᠦ ᠡᠩᠨᠡᠭᠡᠨ ᠳ᠋ᠤ ᠤᠷᠤᠪᠠ ! ᠡᠨᠡ ᠪᠣᠯ ᠦᠪᠦᠷ ᠮᠤᠩᠭᠤᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ ᠺᠤᠮᠫᠠᠨᠢ ᠶ᠋ᠢᠨ ᠪᠣᠬᠢᠷᠲᠤᠯ ᠥᠬᠡᠶ ᠮᠠᠱᠢᠨ ᠴᠣᠭ᠍ᠴᠠᠯᠠᠪᠤᠷᠢ᠎ᠶ᠋ᠢᠨ ᠬᠤᠪᠢ᠎ᠶ᠋ᠢᠨ ᠵᠢᠩ ᠪᠥᠬᠥ᠌ ᠤᠯᠤᠰ ᠤ᠋ᠨ ᠮᠤᠵᠢ᠎ᠶ᠋ᠢᠨ ᠱᠠᠲᠤᠨ ᠤ᠋ ᠴᠠᠬᠢᠯᠭᠠᠨ ᠲᠤᠤᠷ ᠤ᠋ᠨ ᠠᠵᠤ ᠠᠬᠤᠢᠯᠠᠯ ᠳ᠋ᠡᠬᠢ ᠬᠠᠮᠤᠭ ᠤ᠋ᠨ ᠱᠢᠨ᠎ᠡ ᠵᠢᠭ᠍ᠰᠠᠭᠠᠯᠲᠠ ᠪᠣᠯᠤᠨ᠎ᠠ᠃
ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠎ᠶ᠋ᠢᠨ ᠭᠤᠷᠪᠠᠨ ᠵᠢᠯ ᠤ᠋ᠨ ᠠᠵᠢᠯᠯᠠᠭ᠎ᠠ ᠵᠢ ᠦᠷᠨᠢᠬᠦᠯᠦᠭᠰᠡᠨ ᠡᠴᠡ ᠨᠠᠭᠠᠰᠢ᠂ ᠥᠪᠥᠷ ᠮᠣᠩᠭᠣᠯ ᠤ᠋ᠨ ᠤᠢ ᠱᠢᠭᠤᠢ᠎ᠶ᠋ᠢᠨ ᠠᠵᠤ ᠦᠢᠯᠡᠳᠪᠦᠷᠢ᠎ᠶ᠋ᠢᠨ ᠪᠦᠯᠦᠭ᠌ᠯᠡᠯ ᠺᠤᠮᠫᠠᠨᠢ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ ᠢ᠋ ᠭᠦᠨᠵᠡᠭᠡᠢ ᠦᠢᠯᠡᠳᠦᠯᠭᠡᠵᠢᠭᠦᠯᠵᠦ᠍᠂ ᠠᠮᠢ ᠠᠬᠤᠢ᠎ᠶ᠋ᠢᠨ ᠠᠵᠤ ᠦᠢᠯᠡᠰ ᠵᠡᠷᠭᠡ ᠲᠠᠯ᠎ᠠ᠎ᠪᠠᠷ ᠢᠯᠡᠷᠬᠡᠢ ᠦᠷ᠎ᠡ ᠪᠦᠲᠦᠮᠵᠢ ᠤᠯᠪᠠ᠃
2020 ᠣᠨ ᠤ᠋ 9 ᠰᠠᠷ᠎ᠠ ᠳ᠋ᠤ᠂ ᠤᠯᠤᠰ ᠤ᠋ᠨ ᠱᠢᠯᠭᠠᠨ ᠠᠪᠬᠤ ᠳᠤᠭᠤᠢᠯᠠᠩ ᠡᠴᠡ ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ ᠵᠢ ᠱᠢᠯᠭᠠᠨ ᠠᠪᠬᠤ ᠳ᠋ᠤ᠂ ᠥᠪᠥᠷ ᠮᠣᠩᠭᠣᠯ ᠤ᠋ᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠺᠤᠮᠫᠠᠨᠢ ᠶ᠋ᠢᠨ ᠶᠡᠬᠡ ᠬᠢᠩᠭᠠᠨ ᠳᠠᠪᠠᠭ᠎ᠠ᠎ᠶ᠋ᠢᠨ ᠰᠢᠭᠤᠢ᠎ᠳᠤ ᠣᠷᠣᠨ 98.8 ᠬᠤᠪᠢ ᠤᠯᠵᠤ᠂ ᠪᠦᠬᠦ ᠤᠯᠤᠰ ᠤ᠋ᠨ ᠠᠳᠠᠯᠢ ᠲᠥᠷᠥᠯ ᠤ᠋ᠨ ᠰᠢᠭᠤᠢᠲᠤ ᠣᠷᠣᠨ᠎ᠤ ᠲᠤᠳᠤᠷ᠎ᠠ ᠲᠦᠷᠦᠭᠦᠯᠡᠪᠡ᠃ ᠮᠤᠳᠤ ᠣᠭ᠍ᠲᠣᠯᠬᠤ᠎ᠪᠠᠨ ᠵᠣᠭ᠍ᠰᠣᠭᠠᠳ 7 ᠵᠢᠯ ᠪᠣᠯᠤᠭ᠍ᠰᠠᠨ ᠤ᠋ ᠳᠠᠷᠠᠭᠠᠬᠢ ᠥᠨᠥᠳᠦᠷ᠂ ᠦᠪᠦᠷ ᠮᠤᠨᠭᠭᠤᠯ ᠤ᠋ᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠺᠤᠮᠫᠠᠨᠢ ᠶ᠋ᠢᠨ ᠰᠢᠭᠤᠢᠲᠤ ᠣᠷᠣᠨ ᠤ᠋ ᠣᠶ ᠱᠢᠭᠤᠶ᠎ᠶ᠋ᠢᠨ ᠬᠠᠳᠠᠭᠠᠯᠠᠭ᠍ᠳᠠᠴᠠ 9.4 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠠᠮᠢ ᠠᠬᠤᠶ᠎ᠶ᠋ᠢᠨ ᠱᠢᠰᠲ᠋ᠧᠮ ᠵᠢᠯ ᠪᠦᠷᠢ 8500 ᠭᠠᠷᠤᠶ ᠲᠦᠮᠡᠨ ᠲᠣᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠢ᠋ ᠰᠢᠨᠭᠭᠡᠭᠡᠵᠦ᠂ ᠵᠢᠯ᠎ᠤᠨ ᠨᠡᠮᠡᠭᠳᠡᠵᠦ ᠪᠠᠢᠭ᠎ᠠ ᠣᠶ ᠱᠢᠭᠤᠶ᠎ᠶ᠋ᠢᠨ ᠬᠠᠳᠠᠭᠠᠯᠠᠭ᠍ᠳᠠᠴᠠ 2000 ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠡᠢ᠃ ᠡᠨᠡ ᠪᠣᠯ ᠮᠠᠨ ᠤ᠋ ᠤᠷᠤᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠎ᠶ᠋ᠢᠨ ᠲᠡᠦᠬᠡᠨ ᠳᠡᠭᠡᠷᠡᠬᠢ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠎ᠲᠠᠶ ᠪᠣᠬᠢᠷᠲᠤᠯ ᠦᠭᠡᠢ ᠶᠡᠬᠡ ᠳᠠᠪᠠᠯᠲᠠ ᠪᠣᠯᠤᠨ᠎ᠠ᠃
ᠳᠤᠮᠳᠠᠳᠤ ᠤᠯᠤᠰ ᠤ᠋ᠨ ᠣᠶ ᠱᠢᠭᠤᠶ᠎ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠲᠤᠰᠭᠠᠶ ᠮᠡᠷᠭᠡᠵᠢᠯᠲᠡᠨ᠎ᠦ ᠬᠡᠮᠵᠢᠨ ᠪᠤᠳᠤᠭ᠍ᠰᠠᠨ ᠢ᠋ᠶ᠋ᠡᠷ᠂ ᠥᠪᠥᠷ ᠮᠣᠩᠭᠣᠯ ᠤ᠋ᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠺᠤᠮᠫᠠᠨᠢ ᠶ᠋ᠢᠨ ᠶᠡᠬᠡ ᠬᠢᠩᠭᠠᠨ ᠳᠠᠪᠠᠭ᠎ᠠ᠎ᠶ᠋ᠢᠨ ᠰᠢᠭᠤᠢᠲᠤ ᠣᠷᠣᠨ ᠤ᠋ ᠵᠢᠯ ᠤᠨ ᠠᠮᠢ ᠠᠬᠤᠶ᠎ᠶ᠋ᠢᠨ ᠱᠢᠰᠲ᠋ᠧᠮ ᠤ᠋ᠨ ᠦᠶ᠋ᠯᠡᠴᠢᠯᠡᠭᠡᠨ᠎ᠦ ᠴᠢᠳᠠᠮᠵᠢ᠎ᠶ᠋ᠢᠨ ᠥᠷᠲᠡᠭ᠎ᠨᠢ 6160 ᠳ᠋ᠦᠩᠱᠢᠭᠤᠷ ᠲᠥᠭᠥᠷᠢᠭ᠎ᠲᠦ ᠬᠦᠷᠴᠦ᠍᠂ 《ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ᠎ᠶ᠋ᠢᠨ ᠬᠥᠮᠥᠷᠭᠡ》᠂ 《ᠬᠦᠴᠢᠯᠲᠥ᠋ᠷᠥᠭ᠌ᠴᠢ᠎ᠶ᠋ᠢᠨ ᠬᠥᠮᠥᠷᠭᠡ》 ᠶ᠋ᠢᠨ ᠥᠷᠲᠡᠭ᠎ᠨᠢ ᠴᠥᠮ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠵᠠᠶ᠃
ᠪᠤᠭᠤᠲᠤ᠎ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠠᠵᠤ ᠦᠢᠯᠡᠰ ᠤ᠋ᠨ ᠬᠤᠪᠢᠰᠤᠯᠲᠠ᠎ᠶ᠋ᠢᠨ ᠱᠢᠮᠡᠯᠢᠭ ᠬᠥᠷᠥᠰᠥᠨ᠎ᠳᠦ ᠭᠦᠨ ᠦᠨᠳᠦᠰᠦᠯᠡᠵᠦ ᠲᠠᠰᠤᠷᠠᠯᠲᠠ ᠦᠭᠡᠢ ᠬᠥᠭ᠌ᠵᠢᠨ ᠪᠤᠵᠠᠭᠠᠢᠷᠠᠪᠠ᠃ 《ᠬᠣᠪᠣᠷ ᠱᠢᠷᠣᠢ +》 ᠠᠵᠤ ᠦᠢᠯᠡᠰ ᠤ᠋ᠨ ᠬᠡᠯᠬᠢᠶ᠎ᠡ᠎ᠶ᠋ᠢᠨ ᠪᠦᠷᠢᠯᠳᠦᠯ ᠪᠣᠯᠤᠨ ᠬᠠᠩᠭᠠᠯᠭ᠎ᠠ᠎ᠶ᠋ᠢᠨ ᠬᠡᠯᠬᠢᠶ᠎ᠡ ᠶ᠋ᠢᠨ ᠭᠠᠳᠠᠭᠠᠳᠤ ᠳ᠋ᠡᠬᠢ ᠥᠷᠭᠡᠵᠢᠯ ᠨᠢ ᠪᠤᠭᠤᠲᠤ᠎ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠵᠢ 《ᠪᠤᠯᠤᠳ ᠲᠡᠮᠦᠷ ᠤ᠋ᠨ ᠠᠵᠤ ᠦᠢᠯᠡᠰ ᠵᠢᠡᠷ ᠭᠤᠤᠯᠯᠠᠵᠦ》᠂ 《ᠬᠤᠪᠤᠷ ᠱᠢᠷᠣᠢ ᠮᠠᠯᠲᠠᠨ ᠬᠤᠪᠤᠷ ᠱᠢᠷᠣᠢ ᠪᠤᠷᠤᠯᠠᠭᠤᠯᠬᠤ》 ᠭᠠᠴᠢᠭ᠍ᠳᠠᠯᠳᠤ ᠪᠠᠢᠳᠠᠯ ᠡᠴᠡ ᠠᠩᠭᠢᠵᠢᠷᠠᠭᠤᠯᠪᠠ᠃ ᠪᠤᠭᠤᠲᠤ᠎ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠶ᠋ᠢᠨ ᠣᠳᠣᠬᠢᠴᠢᠯᠠᠭ᠍ᠰᠠᠨ ᠠᠵᠤ ᠦᠢᠯᠡᠰ ᠤ᠋ᠨ ᠬᠡᠯᠬᠢᠶ᠎ᠡ ᠳ᠋ᠡᠬᠢ ᠲᠦᠷᠭᠡᠨ᠎ᠦ ᠲᠡᠮᠦᠷ ᠵᠠᠮ ᠤ᠋ᠨ ᠵᠠᠮ ᠲᠡᠮᠦᠷ᠂ ᠳᠡᠭᠡᠳᠦ ᠲᠡᠰ ᠤ᠋ᠨ ᠮᠠᠱᠢᠨ ᠲᠡᠷᠭᠡᠨ᠎ᠦ ᠬᠠᠪᠲᠠᠰᠤ ᠵᠡᠷᠭᠡ 《ᠬᠣᠪᠣᠷ ᠱᠢᠷᠣᠢ +》 ᠱᠢᠷᠢᠰ ᠦᠢᠯᠡᠳᠬᠦᠨ ᠨᠢ ᠨᠢᠭᠡᠨᠲᠡ ᠧᠦ᠋ᠷᠣᠫᠠ ᠠᠮᠧᠷᠢᠺᠠ ᠵᠢᠴᠢ 《ᠨᠢᠭᠡ ᠪᠦᠰᠡ ᠨᠢᠭᠡ ᠵᠠᠮ》 ᠳᠠᠭᠠᠤ᠎ᠶ᠋ᠢᠨ ᠤᠯᠤᠰ᠎ᠤᠳ᠎ᠲᠤ ᠪᠣᠷᠣᠯᠠᠭᠤᠯᠤᠭ᠍ᠳᠠᠵᠦ ᠪᠠᠢᠨ᠎ᠠ ᠁ ᠤᠳᠤᠬᠠᠨ ᠳ᠋ᠤ᠂ ᠪᠤᠭᠤᠲᠤ᠎ᠶ᠋ᠢᠨ ᠪᠤᠯᠤᠳ ᠲᠡᠮᠦᠷ ᠤ᠋ᠨ ᠪᠦᠯᠦᠭ᠌ᠯᠡᠯ ᠺᠤᠮᠫᠠᠨᠢ ᠨᠢᠭᠡᠨᠲᠡ ᠵᠢᠯ ᠤ᠋ᠨ ᠡᠵᠡᠩᠨᠡᠯᠲᠡ᠎ᠶ᠋ᠢᠨ ᠣᠷᠣᠯᠭ᠎ᠠ ᠨᠢ ᠮᠢᠩᠭᠠᠨ ᠳ᠋ᠦᠩᠱᠢᠭᠤᠷ ᠲᠥᠭᠥᠷᠢᠭ ᠢ᠋ ᠳᠠᠪᠠᠵᠤ᠂ ᠵᠢᠯ ᠤ᠋ᠨ ᠠᠱᠢᠭ ᠣᠯᠵᠠᠪᠤᠷᠢ ᠨᠢ ᠵᠠᠭᠤᠨ ᠳ᠋ᠦᠩᠱᠢᠭᠤᠷ ᠲᠥᠭᠥᠷᠢᠭ ᠢ᠋ ᠳᠠᠪᠠᠭ᠍ᠰᠠᠨ ᠠᠨᠭᠬᠠᠳᠠᠬᠴᠢ ᠦᠪᠡᠷᠳᠡᠬᠡᠨ ᠵᠠᠰᠠᠬᠤ ᠣᠷᠣᠨ ᠤ᠋ ᠬᠠᠷᠢᠶ᠎ᠠ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠪᠣᠯᠵᠠᠢ᠃
ᠥᠭᠡᠷᠡᠴᠢᠯᠡᠯᠲᠡ᠎ᠶ᠋ᠢᠨ ᠠᠶᠠᠨ᠎ᠳᠤ᠂ ᠲᠡᠦᠬᠡ᠎ᠶ᠋ᠢ ᠬᠡᠷᠬᠢᠨ ᠮᠠᠷᠲᠠᠵᠤ ᠪᠣᠯᠬᠤ ᠪᠤᠢ — 2021 ᠣᠨ ᠳ᠋ᠤ᠂ ᠪᠦᠬᠦ᠌ ᠣᠷᠣᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠡᠵᠡᠩᠨᠡᠯᠲᠡ᠎ᠶ᠋ᠢᠨ ᠶᠡᠷᠦᠩᠬᠡᠢ ᠣᠷᠣᠯᠭ᠎ᠠ 3600 ᠭᠠᠷᠤᠢ ᠳ᠋ᠦᠩᠱᠢᠭᠤᠷ ᠲᠥᠭᠥᠷᠢᠭ᠎ᠲᠦ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ᠎ᠡᠴᠡ 32.9% ᠪᠡᠷ ᠨᠡᠮᠡᠭ᠌ᠳᠡᠪᠡ᠃
ᠥᠭᠡᠷᠡᠴᠢᠯᠡᠯᠲᠡ᠎ᠶ᠋ᠢᠨ ᠠᠶᠠᠨ᠎ᠳᠤ᠂ ᠲᠡᠮᠡᠴᠡᠯ ᠤ᠋ᠨ ᠦᠨᠭᠭᠡ ᠭᠡᠷᠡᠯ ᠤᠷᠤᠬᠰᠢᠯᠠᠯᠳᠠ ᠵᠢᠨ ᠵᠠᠮ ᠢ᠋ ᠭᠡᠢᠭᠦᠯᠤᠨᠠ — ᠡᠨᠡ ᠵᠢᠯ ᠤ᠋ᠨ 3 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠪᠥᠬᠥ᠌ ᠣᠷᠣᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠡᠳ᠋ ᠬᠥᠷᠥᠩᠭᠡ᠎ᠶ᠋ᠢᠨ ᠶᠡᠷᠦᠩᠬᠡᠶ ᠵᠤᠭᠤᠰ᠎ᠤᠨ ᠲᠣᠭ᠎ᠠ 2.89 ᠲᠦᠮᠡᠨ ᠳ᠋ᠦᠩᠱᠢᠭᠤᠷ ᠲᠥᠭᠥᠷᠢᠭ ᠢ᠋ ᠳᠠᠪᠠᠵᠤ᠂ ᠠᠳᠠᠯᠢ ᠬᠤᠭᠤᠴᠠᠭᠠᠨ ᠤ᠋᠎ᠬᠢ᠎ᠡᠴᠡ 5.12% ᠢ᠋ᠶ᠋ᠡᠷ ᠨᠡᠮᠡᠭ᠌ᠳᠡᠪᠡ᠃
ᠥᠭᠡᠷᠡᠴᠢᠯᠡᠯᠲᠡ᠎ᠶ᠋ᠢᠨ ᠠᠶᠠᠨ᠎ᠳᠤ᠂ ᠰᠡᠳᠬᠢᠯ ᠪᠠᠬᠠᠳᠤᠮ᠎ᠠ ᠠᠮᠵᠢᠯᠳᠠ ᠪᠦᠲᠦᠮᠵᠢ ᠵᠢᠨ ᠬᠠᠭᠤᠳᠠᠰᠤ ᠲᠠᠷᠠᠭᠠᠯᠠᠨ ᠵᠢᠷᠤᠬᠯᠠᠬᠳᠠᠨᠠ — 2021 ᠣᠨ ᠪᠣᠯᠤᠨ ᠡᠨᠡ ᠵᠢᠯ ᠤ᠋ᠨ ᠲᠦᠷᠦᠭᠦᠦ ᠤᠯᠠᠷᠢᠯ ᠳ᠋ᠤ᠂ ᠪᠦᠬᠦ᠌ ᠣᠷᠣᠨ ᠤ᠋ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠲᠡᠭᠡᠭᠰᠢ ᠲᠤᠱᠢᠶᠠᠭ᠍ᠰᠠᠨ ᠭᠠᠢᠯᠢ ᠰᠦᠢᠳᠭᠡᠯ᠎ᠤᠨ ᠵᠤᠭᠤᠰ᠎ᠤᠨ ᠲᠤᠭ᠎ᠠ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ᠎ᠡᠴᠡ 22.8% ᠪᠠ 72.07% ᠪᠡᠷ ᠨᠡᠮᠡᠭ᠌ᠳᠡᠪᠡ᠃
ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ ᠳ᠋ᠤ ᠡᠬᠢᠯᠡᠬᠦᠯᠴᠢᠭᠡᠭᠰᠡᠨ ᠶᠠᠪᠤᠳᠠᠯ᠎ᠢ ᠲᠤᠷᠭᠤᠨ ᠬᠠᠶᠠᠬᠤ ᠤᠴᠢᠷ ᠦᠬᠡᠢ᠃ ᠢᠷᠡᠭᠡᠳᠦᠢ᠎ᠳᠦ ᠬᠠᠨᠳᠤᠵᠤ᠂ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠥᠭᠡᠷᠡᠴᠢᠯᠡᠯᠲᠡ᠎ᠪᠡᠷ ᠤᠯᠤᠰ ᠤ᠋ᠨ ᠥᠮᠴᠢᠯᠡᠯ ᠤ᠋ᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠵᠤ᠂ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠤ᠋ᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠠᠬᠢᠨ ᠪᠠᠢᠭᠤᠯᠵᠤ ᠨᠡᠢᠳᠭᠡᠬᠦ᠌᠎ᠶ᠋ᠢ ᠲᠦᠷᠭᠡᠳᠭᠡᠵᠦ᠍᠂ ᠤᠯᠤᠰ ᠤ᠋ᠨ ᠥᠮᠴᠢᠯᠡᠯ ᠤ᠋ᠨ ᠠᠵᠤ ᠠᠬᠤᠢ ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠪᠠ ᠪᠦᠲᠦᠴᠡ᠎ᠶ᠋ᠢᠨ ᠲᠤᠬᠢᠷᠠᠭᠤᠯᠤᠯᠳᠠ ᠬᠢᠬᠦ᠌᠎ᠶ᠋ᠢ ᠲᠦᠷᠭᠡᠳᠭᠡᠬᠦ ᠪᠡᠷ ᠮᠠᠨ ᠤ᠋ ᠤᠷᠤᠨ ᠬᠠᠳᠠᠨ ᠵᠤᠷᠢᠬ᠎ᠢ ᠪᠠᠷᠢᠵᠦ ᠮᠡᠷᠡᠢᠨ ᠴᠢᠷᠮᠠᠢᠬᠰᠠᠭᠠᠷ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃