2022-06-08 09:24:09
— ᠮᠠᠨ ᠤ᠋ ᠤᠷᠤᠨ ᠤ᠋ ᠤᠰᠤᠨ ᠠᠰᠢᠬᠯᠠᠯᠳᠠ ᠵᠢᠨ ᠦᠢᠯᠡᠰ ᠤ᠋ᠨ ᠬᠦᠭᠵᠢᠯᠳᠡ ᠵᠢᠨ ᠲᠤᠬᠠᠢ ᠲᠠᠳᠠᠯᠠᠭ᠎ᠠ
ᠤᠭᠠᠯᠵᠠᠯᠠᠨ ᠤᠷᠤᠰᠤᠭᠰᠠᠨ 4000 ᠭᠠᠷᠤᠢ ᠭᠣᠣᠯ ᠮᠦᠷᠡᠨ᠂ ᠴᠡᠩᠬᠡᠷᠳᠤᠨ ᠲᠤᠨᠤᠯᠵᠠᠭᠰᠠᠨ 600 ᠭᠠᠷᠤᠢ ᠨᠠᠭᠤᠷ ᠪᠦᠷᠢᠳᠤ ᠂ ᠮᠡᠯᠮᠡᠯᠵᠡᠨ ᠬᠢᠯᠳᠤᠬᠡᠨᠡᠭᠰᠡᠨ 500 ᠭᠠᠷᠤᠢ ᠤᠰᠤᠨ ᠴᠦᠬᠦᠷᠤᠮ ᠠᠭᠤᠳᠠᠮ ᠲᠠᠯ᠎ᠠ ᠳ᠋ᠤ ᠲᠠᠯᠬᠡᠭᠳᠡᠭᠰᠡᠨ ᠤᠰᠤᠨ ᠪᠤᠳᠤᠭ ᠤ᠋ᠨ ᠵᠢᠷᠤᠭ ᠬᠡᠮᠡᠷ ᠡᠭᠡ ᠤᠯᠤᠰ ᠤ᠋ᠨ ᠤᠮᠠᠷᠠᠲᠤ ᠢ᠋ᠢᠨ ᠦᠵᠡᠰᠭᠦᠯᠡᠩᠲᠦ ᠰᠠᠢᠬᠠᠨ ᠦᠵᠡᠮᠵᠢ ᠢ᠋ᠢᠨ ᠣᠷᠣᠨ ᠳ᠋ᠤ ᠦᠡᠭᠭᠡ ᠬᠢᠯᠪᠠᠭ᠎ᠠ ᠪᠠᠨ ᠰᠠᠴᠤᠷᠠᠭᠤᠯᠤᠨ᠎ᠠ ᠃ ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠮᠠᠨ ᠤ᠋ ᠤᠷᠤᠨ 《ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》 ᠭᠡᠬᠦ᠌ ᠣᠢᠯᠠᠭᠠᠭ᠍ᠳᠠᠬᠤᠨ ᠢ᠋ ᠢᠳᠡᠪᠬᠢᠲᠡᠢ ᠦᠢᠯᠡᠳᠦᠯᠭᠡᠵᠢᠭᠦᠯᠵᠦ᠍᠂ 《ᠤᠰᠤ ᠠᠷᠪᠢᠯᠠᠬᠤ ᠢ᠋ᠢ ᠲᠡᠷᠢᠭᠦᠨ ᠳ᠋ᠤ ᠲᠠᠯᠪᠢᠬᠤ᠂ ᠣᠷᠣᠨ ᠵᠠᠢ ᠢ᠋ᠢ ᠲᠡᠩᠴᠡᠭᠦᠷᠢᠲᠡᠢ ᠪᠠᠢᠯᠭᠠᠬᠤ᠂ ᠱᠢᠰᠲ᠋ᠧᠮ ᠲᠡᠶ ᠪᠡᠷ ᠵᠠᠰᠠᠬᠤ᠂ ᠬᠣᠶᠠᠷ ᠲᠠᠯ᠎ᠠ ᠪᠠᠷ ᠬᠦᠴᠦᠯᠡᠬᠦ᠌》 ᠱᠢᠨ᠎ᠡ ᠴᠠᠭ ᠦᠶ᠎ᠡ ᠢ᠋ᠢᠨ ᠤᠰᠤ ᠵᠠᠰᠠᠬᠤ ᠰᠡᠳᠭᠢᠴᠡ ᠪᠡᠷ《ᠤᠰᠤ ᠨᠢ ᠲᠤᠡᠭᠭᠠᠯᠠᠭ᠂ ᠤᠷᠭᠤᠮᠠᠯ ᠨᠢ ᠨᠣᠭᠣᠭᠠᠨ᠂ ᠦᠵᠡᠮᠵᠢ ᠨᠢ ᠰᠠᠢᠬᠠᠨ》 ᠠᠮᠢ ᠠᠬᠤᠢ ᠢ᠋ᠢᠨ ᠣᠷᠣᠱᠢᠨ ᠰᠠᠭᠤᠷᠢᠰᠢᠬᠤ ᠳ᠋ᠤ ᠲᠠᠭᠠᠯᠠᠮᠵᠢᠲᠠᠢ ᠤᠷᠴᠢᠨ ᠢ᠋ ᠪᠠᠢᠭᠤᠯᠵᠤ ᠪᠠᠢᠨ᠎ᠠ᠃
ᠬᠠᠲᠤᠨ ᠭᠤᠤᠯ ᠤ᠋ᠨ ᠥᠪᠥᠷ ᠮᠣᠩᠭᠣᠯ ᠳ᠋ᠠᠬᠢ ᠬᠡᠰᠡᠭ 830 ᠭᠠᠷᠤᠢ ᠺᠢᠯᠣᠮᠧᠲ᠋ᠷ ᠦᠷᠬᠦᠯᠵᠢᠯᠡᠵᠤ᠂ ᠬᠠᠲᠤᠨ ᠭᠤᠤᠯ ᠤ᠋ᠨ ᠲᠤᠬᠤᠢ ᠳ᠋ᠤ ᠪᠦᠷᠢᠯᠳᠦᠭᠰᠡᠨ ᠠᠷᠪᠠᠨ ᠶᠡᠬᠡ ᠬᠦᠨᠳᠡᠢ ᠨᠢ ᠬᠥᠪᠴᠢ ᠢ᠋ᠢᠨ ᠡᠯᠡᠰᠦ ᠢ᠋ᠢ ᠲᠤᠭᠤᠯᠤᠨ ᠬᠠᠲᠤᠨ ᠭᠤᠤᠯ ᠲᠠᠢ ᠵᠠᠯᠭᠠᠯᠳᠤᠵᠤ᠂ ᠦᠩᠬᠡᠷᠡᠭᠰᠡᠨ ᠳ᠋ᠤ ᠬᠠᠲᠤᠨ ᠭᠤᠤᠯ ᠤ᠋ᠨ ᠡᠯᠡᠰᠦ ᠱᠢᠪᠠᠷ ᠤ᠋ᠨ ᠪᠠᠷᠤᠭ 10% ᠨᠢ ᠡᠨᠳᠡ ᠡᠴᠡ ᠢᠷᠡᠵᠠᠢ᠃ ᠬᠠᠲᠤᠨ ᠭᠣᠣᠯ ᠤ᠋ᠨ ᠵᠠᠰᠠᠯᠲᠠ ᠢ᠋ᠢᠨ ᠡᠬᠢ ᠦᠨᠳᠦᠰᠦ ᠨᠢ ᠰᠠᠪᠠ ᠭᠠᠵᠠᠷ ᠲᠦ᠍ ᠪᠤᠢ᠃ ᠲᠤᠬᠠᠢ ᠢ᠋ᠢᠨ ᠭᠠᠵᠠᠷ ᠤ᠋ᠨ ᠬᠢᠨ《ᠠᠭᠤᠯᠠᠨ ᠤᠷᠤᠢ ᠳ᠋ᠤ ᠮᠣᠳᠣ ᠲᠠᠷᠢᠵᠤ ᠨᠤᠭᠤᠭᠠᠨ ᠮᠠᠯᠠᠭᠠᠢ ᠵᠡᠬᠦᠯᠬᠡᠬᠦ ᠂ ᠠᠭᠤᠯᠠᠨ ᠬᠦᠲᠦᠯ ᠳ᠋ᠤ ᠲᠠᠷᠢᠶᠠᠯᠠᠬᠤ ᠢ᠋ᠢ ᠵᠣᠭ᠍ᠰᠣᠭᠠᠵᠤ ᠡᠪᠡᠰᠤᠨ ᠲᠡᠷᠯᠢᠭ ᠨᠥᠮᠥᠷᠭᠡᠬᠦ᠌᠂ ᠠᠭᠤᠯᠠᠨ ᠪᠡᠯ ᠳ᠋ᠤ ᠱᠠᠲᠤᠨ ᠲᠠᠷᠢᠶ᠎ᠠ ᠭᠠᠷᠭᠠᠵᠤ ᠪᠦᠰᠠ ᠪᠦᠰᠡᠯᠡᠬᠦᠯᠬᠦ᠂ ᠠᠭᠤᠯᠠᠨ ᠭᠤᠤ ᠳ᠋ᠤ ᠬᠠᠱᠢᠯᠭᠠ ᠪᠤᠰᠬᠠᠵᠤ ᠭᠤᠲᠤᠯ ᠡᠮᠦᠰᠭᠡᠭᠦ》ᠶᠡᠷᠦᠩᠬᠡᠢᠯᠡᠭᠰᠡᠨ ᠵᠠᠰᠠᠯᠳᠠ ᠵᠢᠨ ᠵᠠᠭ᠍ᠪᠤᠷ ᠢ᠋ ᠰᠦᠪᠡᠭᠴᠢᠯᠡᠨ ᠲᠦᠬᠡᠮᠡᠯᠵᠢᠬᠦᠯᠦᠬᠡᠳ ᠬᠠᠳᠤᠨ ᠭᠤᠤᠯ ᠤ᠋ᠨ ᠰᠠᠪᠠ ᠭᠠᠵᠠᠷᠤᠨ ᠠᠮᠢ ᠠᠬᠤᠢ ᠵᠢᠨ ᠪᠠᠢᠳᠠᠯ ᠢ᠋ ᠤᠷᠢᠳᠤ ᠭᠠᠷᠤᠭ᠎ᠠ ᠦᠬᠡᠢ ᠰᠠᠢᠵᠢᠷᠠᠭᠤᠯᠪᠠ᠃ ᠠᠷᠪᠠᠨ ᠶᠡᠬᠡ ᠬᠦᠨᠳᠡᠢ ᠢ᠋ᠢᠨ ᠳᠡᠭᠡᠳᠦ ᠳᠤᠮᠳᠠᠳᠤ ᠤᠷᠤᠰᠭᠠᠯ ᠤ᠋ᠨ ᠤᠰᠤ ᠱᠢᠷᠣᠶ ᠢ᠋ᠢᠨ ᠢᠳᠡᠭ᠌ᠳᠡᠯ ᠤ᠋ᠨ ᠲᠠᠯᠠᠪᠠᠶ 1995 ᠣᠨ ᠤ᠋ 8223 ᠲᠡᠭ᠌ᠰᠢ ᠳᠥᠷᠪᠡᠯᠵᠢᠨ ᠺᠢᠯᠣᠮᠧᠲ᠋ᠷ ᠪᠠᠢᠭᠰᠠᠨ ᠡᠴᠡ ᠪᠠᠨ ᠣᠳᠣ 4500 ᠲᠡᠭ᠌ᠰᠢ ᠳᠥᠷᠪᠡᠯᠵᠢᠨ ᠺᠢᠯᠣᠮᠧᠲ᠋ᠷ ᠪᠣᠯᠵᠤ ᠪᠠᠭᠠᠰᠴᠠᠢ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ ᠂ ᠪᠦᠬᠦ ᠤᠷᠤᠨ ᠤ᠋ ᠤᠰᠤ ᠱᠢᠷᠣᠶ ᠢ᠋ᠢᠨ ᠢᠳᠡᠭ᠌ᠳᠡᠯ ᠢ᠋ ᠶᠡᠷᠦᠩᠬᠡᠢᠯᠡᠨ ᠵᠠᠰᠠᠬᠰᠠᠨ ᠲᠠᠯᠠᠪᠠᠶ 1408.86 ᠲᠦᠮᠡᠨ ᠾᠧᠺᠲ᠋ᠠᠷ ᠲᠦ᠍ ᠬᠦᠷᠴᠤ ᠂ ᠤᠰᠤ ᠱᠢᠷᠣᠶ ᠢ᠋ᠢᠨ ᠢᠳᠡᠭ᠌ᠳᠡᠯ ᠤ᠋ᠨ ᠲᠠᠯᠠᠪᠠᠶ ᠨᠢ ᠨᠡᠮᠡᠭ᠌ᠳᠡᠵᠤ ᠪᠠᠢᠭᠰᠠᠨ ᠡᠴᠡ ᠪᠠᠨ ᠬᠠᠰᠤᠭ᠍ᠳᠠᠬᠰᠠᠨ᠂ ᠢᠳᠡᠭᠳᠡᠯ ᠨᠢ ᠬᠦᠨᠳᠦ ᠪᠠᠢᠭ᠍ᠰᠠᠨ ᠡᠴᠡ ᠪᠠᠨ ᠬᠥᠩᠭᠡᠨ ᠪᠣᠯᠤᠭᠰᠠᠨ ᠲᠡᠦᠬᠡᠲᠦ ᠴᠢᠨᠠᠷᠲᠠᠶ ᠬᠤᠪᠢᠷᠠᠯᠲᠠ ᠢ᠋ᠢ ᠪᠡᠶᠡᠯᠡᠭᠦᠯᠪᠡ ᠃
ᠤᠢ᠍ᠢᠷᠠ ᠢ᠋ᠢᠨ ᠵᠢᠯ ᠳ᠋ᠤ᠂ ᠮᠠᠨ ᠤ᠋ ᠤᠷᠤᠨ ᠤᠰᠤᠨ ᠤ᠋ ᠠᠮᠢ ᠠᠬᠤᠢ ᠣᠷᠴᠢᠨ ᠲᠣᠭᠣᠷᠢᠨ ᠤ᠋ ᠵᠠᠰᠠᠯᠲᠠ ᠢ᠋ᠢ ᠬᠦᠴᠦᠯᠡᠨ ᠠᠬᠢᠭᠤᠯᠵᠤ᠂ ᠭᠣᠣᠯ ᠮᠥᠷᠡᠨ ᠨᠠᠭᠤᠷ ᠪᠦᠷᠢᠳᠤ ᠵᠢᠨ《ᠭᠠᠳᠠᠷ ᠳᠦᠷᠢ ᠳᠣᠲᠣᠷ ᠲᠠᠮᠢᠷ》ᠢ᠋ ᠠᠯᠬᠤᠮ ᠠᠯᠬᠤᠮ ᠵᠢᠡᠷ ᠰᠠᠢᠵᠢᠷᠠᠭᠤᠯᠪᠠ᠃ ᠥᠩᠭᠡᠷᠡᠭ᠌ᠰᠡᠨ 5 ᠵᠢᠯ ᠳ᠋ᠤ᠂ ᠬᠥᠯᠥᠨ ᠨᠠᠭᠤᠷ ᠤ᠋ᠨ ᠤᠰᠤᠨ ᠤ᠋ ᠴᠠᠷᠠᠭ᠎ᠠ ᠵᠢᠯ ᠳᠠᠷᠠᠭᠠᠯᠠᠨ ᠨᠡᠮᠡᠭᠳᠡᠵᠤ ᠂ ᠨᠤᠭᠤ ᠭᠠᠵᠠᠷ ᠤ᠋ᠨ ᠠᠮᠢ ᠠᠬᠤᠶ ᠠᠯᠬᠤᠮ ᠠᠯᠬᠤᠮ ᠵᠢᠡᠷ ᠰᠡᠷᠭᠦᠨ ᠂ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠲᠠᠰᠤᠷᠠᠯᠲᠠ ᠥᠬᠡᠶ ᠰᠠᠢᠵᠢᠷᠠᠭᠰᠠᠨ ᠪᠠᠢᠨ᠎ᠠ ᠃ ᠨᠢᠳᠤᠨᠤᠨ ᠤ᠋ ᠵᠢᠯ ᠤ᠋ᠨ ᠰᠡᠭᠦᠯᠴᠢ ᠪᠤᠯᠬᠤ ᠳ᠋ᠤ ᠬᠥᠯᠥᠨ ᠨᠠᠭᠤᠷ ᠤ᠋ᠨ ᠤᠰᠤᠨ ᠤ᠋ ᠴᠠᠷᠠᠭ᠎ᠠ ᠵᠢᠨ ᠲᠠᠯᠠᠪᠠᠶ 2237.5 ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠬᠦᠷᠴᠦ᠍᠂ ᠤᠰᠤᠨ ᠤ᠋ ᠬᠡᠮᠵᠢᠶ᠎ᠡ 134.9 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠪᠠ᠃ ᠴᠠᠭᠠᠨᠨᠠᠭᠤᠷ ᠤ᠋ᠨ ᠰᠠᠪᠠ ᠭᠠᠵᠠᠷ ᠢ᠋ ᠬᠠᠮᠠᠭᠠᠯᠠᠬᠤ ᠪᠠ ᠵᠠᠰᠠᠵᠤ ᠰᠡᠷᠭᠦᠭᠡᠬᠦ᠌ ᠠᠵᠢᠯ ᠡᠮᠬᠢ ᠵᠢᠷᠤᠮ ᠲᠠᠶ ᠠᠬᠢᠵᠤ᠂ ᠰᠠᠪᠠ ᠭᠠᠵᠠᠷ ᠲᠡᠬᠢ 22.73 ᠲᠦᠮᠡᠨ ᠮᠥ᠍ ᠤᠰᠤᠯᠠᠯᠲᠠ ᠢ᠋ᠢᠨ ᠲᠠᠷᠢᠶ᠎ᠠ ᠢ᠋ᠢ ᠬᠠᠭᠤᠷᠠᠢ ᠲᠠᠷᠢᠶ᠎ᠠ ᠪᠤᠯᠭᠠᠨ ᠦᠭᠡᠷᠡᠴᠢᠯᠡᠵᠤ᠂ ᠮᠠᠱᠢᠨ ᠴᠠᠬᠢᠯᠭᠠᠨ ᠬᠤᠳᠳᠤᠭ ᠢ᠋ ᠪᠦᠬᠦᠨ ᠢ᠋ ᠪᠢᠳᠡᠭᠦᠮᠵᠢᠯᠡᠭᠰᠡᠨ ᠡᠴᠡ ᠴᠠᠭᠠᠨᠨᠠᠭᠤᠷ ᠤ᠋ᠨ ᠡᠷᠬᠢᠨ ᠲᠣᠭᠣᠷᠢᠨ ᠤ᠋ ᠭᠠᠵᠠᠷ ᠳᠣᠣᠷᠠᠬᠢ ᠤᠰᠤᠨ ᠲᠦᠪᠱᠢᠨ ᠠᠭᠠᠵᠢᠮ ᠵᠢᠡᠷ ᠳᠡᠭᠡᠭ᠌ᠰᠢᠯᠡᠵᠤ ᠢᠷᠡᠯ᠎ᠠ ᠃
ᠲᠦᠮᠡᠳ ᠵᠡᠭᠦᠨ ᠬᠣᠱᠢᠭᠤ ᠲᠥᠪᠯᠡᠷᠡᠭᠦᠯᠦᠨ ᠤᠰᠤ ᠬᠠᠩᠭᠠᠬᠤ ᠪᠠᠷ ᠭᠤᠤᠯ ᠪᠣᠯᠭᠠᠭᠰᠠᠨ ᠬᠥᠳᠡᠭᠡ ᠲᠣᠰᠭᠣᠨ ᠤ᠋ ᠤᠰᠤ ᠤᠮᠳᠠ ᠶ᠋ᠢᠨ ᠠᠮᠤᠷ ᠲᠦᠪᠱᠢᠨ ᠤ᠋ ᠢᠨᠵᠧᠨᠧᠷᠢᠩ ᠢ᠋ ᠠᠬᠢᠭᠤᠯᠵᠤ᠂ ᠬᠥᠳᠡᠭᠡ ᠲᠣᠰᠭᠣᠨ ᠤ᠋ ᠤᠰᠤ ᠬᠠᠩᠭᠠᠬᠤ ᠢᠨᠵᠧᠨᠧᠷᠢᠩ ᠤ᠋ᠨ ᠣᠷᠳᠣ ᠬᠤᠭᠤᠴᠠᠭᠠᠨ ᠤ᠋ ᠪᠦᠲᠦᠮᠵᠢᠲᠡᠶ ᠡᠷᠬᠢᠯᠳᠡ ᠵᠢ ᠪᠠᠲᠤᠯᠠᠨ᠂ 《ᠤᠰᠤ ᠪᠠᠷ ᠤᠰᠤ ᠶ᠋ᠢ ᠬᠠᠡᠭᠭᠠᠬᠤ》ᠰᠠᠢᠨ ᠤᠷᠴᠢᠯ ᠢ᠋ ᠪᠡᠶᠡᠯᠡᠭᠦᠯᠵᠤ᠂ ᠤᠳᠤ ᠪᠦᠬᠦ ᠬᠤᠰᠢᠭᠤᠨ ᠤ᠋ ᠲᠦᠭᠡᠭᠡᠯ ᠤᠰᠤ ᠵᠢᠨ ᠲᠦᠭᠡᠮᠡᠯᠵᠢᠯᠳᠠ ᠵᠢᠨ ᠨᠣᠷᠮ᠎ᠠ 98% ᠵᠢ ᠲᠠᠪᠠᠪᠠ ᠃ ᠮᠠᠯᠵᠢᠬᠤ ᠲᠠᠷᠢᠶᠠᠯᠠᠬᠤ ᠣᠷᠣᠨ ᠤ᠋ ᠤᠰᠤ ᠤᠮᠳᠠ ᠢ᠋ᠢᠨ ᠠᠮᠤᠷ ᠲᠦᠪᠱᠢᠨ ᠢ᠋ ᠪᠠᠳᠤᠯᠠᠬᠤ ᠪᠤᠯ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠲᠠᠶ ᠬᠣᠯᠪᠣᠭ᠍ᠳᠠᠭᠰᠠᠨ ᠶᠡᠬᠡ ᠶᠠᠪᠤᠳᠠᠯ ᠮᠦᠨ᠃ ᠦᠩᠬᠡᠷᠡᠭᠰᠡᠨ ᠵᠢᠯ ᠤ᠋ᠳ ᠲᠦ᠍ ᠮᠠᠨ ᠤ᠋ ᠤᠷᠤᠨ ᠤ᠋ ᠮᠠᠯᠵᠢᠬᠤ ᠲᠠᠷᠢᠶᠠᠯᠠᠬᠤ ᠤᠷᠤᠨ ᠤ᠋ ᠤᠰᠤ ᠤᠮᠳᠠ ᠵᠢᠨ ᠠᠰᠠᠭᠤᠳᠠᠯ ᠭᠤᠤᠯᠳᠠᠭᠤ ᠪᠤᠰᠤᠭ᠎ᠠ ᠬᠤᠳᠳᠤᠭ᠂ ᠲᠣᠮᠣ ᠠᠮᠠᠰᠠᠷᠲᠤ ᠬᠤᠳᠳᠤᠭ ᠵᠡᠷᠭᠡ ᠳ᠋ᠤ ᠲᠦᠰᠢᠭᠯᠡᠵᠤ ᠂ ᠤᠰᠤ ᠬᠠᠩᠭᠠᠬᠤ ᠲᠦᠬᠦᠭᠡᠷᠦᠮᠵᠢ ᠨᠢ ᠳᠥᠭᠥᠮ ᠪᠦᠳᠦᠭᠦᠯᠢᠭ ᠮᠦᠷᠳᠡᠬᠡᠨ ᠪᠠᠰᠠ ᠠᠮᠠᠷᠬᠠᠨ ᠪᠣᠬᠢᠷᠲᠤᠵᠤ ᠂ ᠬᠦᠨᠳᠦ ᠨᠣᠴᠢᠲᠠᠶ ᠠᠮᠤᠷ ᠲᠦᠪᠱᠢᠨ ᠤ᠋ ᠬᠡᠮ ᠰᠤᠭᠤᠭ ᠣᠷᠣᠱᠢᠵᠤ ᠪᠠᠢᠭᠰᠠᠨ ᠶᠤᠮ᠃ ᠬᠡᠳᠦᠨ ᠠᠷᠪᠠᠨ ᠵᠢᠯ ᠤ᠋ᠨ ᠴᠢᠷᠮᠠᠢᠯᠭ᠎ᠠ ᠪᠠᠷ ᠳᠠᠮᠵᠢᠭᠠᠳ ᠨᠡᠯᠢᠶᠡᠳ ᠪᠦᠷᠢᠨ ᠲᠡᠭᠦᠯᠳᠡᠷ ᠤᠰᠤ ᠬᠠᠩᠭᠠᠬᠤ ᠱᠢᠰᠲᠸᠮ ᠢ᠋ ᠪᠦᠷᠢᠯᠳᠦᠬᠦᠯᠵᠤ᠂ 2021 ᠣᠨ ᠤ᠋ ᠰᠡᠬᠦᠯᠴᠢ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠮᠠᠯᠵᠢᠬᠤ ᠲᠠᠷᠢᠶᠠᠯᠠᠬᠤ ᠣᠷᠣᠨ ᠳ᠋ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ᠋ 2.2 ᠲᠦᠮᠡ ᠪᠠᠢᠭᠤᠯᠤᠨ᠂ ᠲᠠᠷᠠᠬᠠᠶ ᠬᠡᠯᠪᠡᠷᠢ ᠵᠢᠨ ᠤᠰᠤ ᠬᠠᠩᠭᠠᠬᠤ ᠢᠨᠵᠧᠨᠧᠷᠢᠩ ᠢ᠋ 46.2 ᠲᠦᠮᠡ ᠪᠠᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ᠋ 1240.43 ᠲᠦᠮᠡᠨ ᠬᠥᠮᠦᠨ ᠠᠮᠠ ᠳ᠋ᠤ ᠤᠤᠭᠤᠬᠤ ᠤᠰᠤᠨ ᠤ᠋ ᠦᠢᠯᠡᠴᠢᠯᠡᠬᠡ ᠬᠠᠩᠭᠠᠵᠤ ᠲᠠᠢᠯᠬᠦ ᠪᠤᠯᠪᠠ᠃ ᠤᠳᠤ ᠪᠥᠬᠥ᠌ ᠣᠷᠣᠨ ᠤ᠋ ᠮᠠᠯᠵᠢᠬᠤ ᠲᠠᠷᠢᠶᠠᠯᠠᠬᠤ ᠣᠷᠣᠨ ᠤ᠋ ᠲᠥᠪᠯᠡᠷᠡᠭᠦᠯᠦᠨ ᠤᠰᠤ ᠬᠠᠩᠭᠠᠬᠤ ᠨᠣᠷᠮ᠎ᠠ 83.6% ᠳ᠋ᠤ ᠬᠦᠷᠴᠦ᠍᠂ ᠲᠦᠭᠡᠭᠡᠯ ᠤᠰᠤ ᠢ᠋ᠢ ᠲᠦᠭᠡᠮᠡᠯᠵᠢᠭᠦᠯᠦᠭ᠌ᠰᠡᠨ ᠨᠣᠷᠮ᠎ᠠ 79.5% ᠳ᠋ᠤ ᠬᠦᠷᠴᠦ᠍᠂ ᠮᠠᠯᠵᠢᠬᠤ ᠲᠠᠷᠢᠶᠠᠯᠠᠬᠤ ᠣᠷᠣᠨ ᠤ᠋ ᠤᠰᠤ ᠤᠮᠳᠠ ᠵᠢᠨ ᠬᠠᠩᠭᠠᠯᠭ᠎ᠠ ᠵᠢᠨ ᠨᠠᠢᠳᠠᠪᠤᠷᠢᠲᠤ ᠴᠢᠨᠠᠷ᠂ ᠲᠣᠭ᠍ᠲᠠᠪᠤᠷᠢᠲᠤ ᠴᠢᠨᠠᠷ ᠪᠠ ᠠᠮᠤᠷ ᠲᠦᠪᠱᠢᠨ ᠤ᠋ ᠴᠢᠨᠠᠷ ᠢᠯᠡᠳᠲᠡ ᠴᠢᠩᠭᠠᠷᠠᠵᠠᠢ ᠃
ᠤᠰᠤ ᠵᠢ ᠨᠢ ᠤᠤᠭᠤᠪᠠᠯ ᠡᠬᠢ ᠵᠢ ᠨᠢ ᠮᠠᠷᠳᠠᠵᠤ ᠪᠤᠯᠬᠤ ᠦᠬᠡᠢ ᠶᠤᠮ᠃ ᠣᠯᠠᠨ ᠵᠢᠯ ᠤ᠋ᠨ ᠲᠤᠷᠰᠢ ᠲᠥᠪ ᠤ᠋ᠨ ᠤᠰᠤᠨ ᠠᠱᠢᠭ᠍ᠯᠠᠯᠲᠠ ᠢ᠋ᠢᠨ ᠣᠷᠣᠭᠤᠯᠤᠯᠲᠠ ᠢ᠋ᠢ ᠨᠡᠮᠡᠭ᠌ᠳᠡᠭᠦᠯᠬᠦ᠌ ᠵᠡᠷᠭᠡ ᠠᠯᠢ ᠣᠯᠠᠨ ᠲᠥᠷᠥ ᠢ᠋ᠢᠨ ᠪᠣᠳᠣᠯᠭ᠎ᠠ ᠠᠷᠭ᠎ᠠ ᠬᠡᠮᠵᠢᠶ᠎ᠡ ᠢ᠋ᠢᠨ ᠬᠦᠴᠦᠳᠤ ᠳᠡᠮᠵᠢᠯᠭᠡ ᠳᠤᠤᠷ᠎ᠠ᠂ ᠮᠠᠨ ᠤ᠋ ᠣᠷᠣᠨ ᠬᠣᠩᠱᠠᠨ ᠤᠰᠤᠨ ᠴᠥᠭᠥᠷᠥᠮ᠂ ᠴᠤᠤᠯ ᠤᠰᠤᠨ ᠴᠥᠭᠥᠷᠥᠮ᠂ ᠰᠠᠨ ᠱᠧᠩ ᠬᠥᠩ ᠤᠰᠤᠨ ᠠᠱᠢᠭ᠍ᠯᠠᠯᠲᠠ ᠢ᠋ᠢᠨ ᠬᠦᠶ᠋ᠰᠦ᠂ ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ᠂ ᠴᠠᠷᠠᠰᠤᠨ ᠤᠰᠤᠯᠠᠯᠲᠠ ᠢ᠋ᠢᠨ ᠣᠷᠣᠨ ᠵᠡᠷᠭᠡ ᠨᠢᠭᠡ ᠪᠦᠯᠦᠭ ᠲᠣᠮᠣ ᠳᠤᠮᠳᠠ ᠬᠡᠯᠪᠡᠷᠢ ᠢ᠋ᠢᠨ ᠤᠰᠤᠨ ᠠᠰᠢᠬᠯᠠᠯᠳᠠ ᠵᠢᠨ ᠪᠠᠷᠢᠯᠭ᠎ᠠ ᠨᠤᠭᠤᠳ ᠢ᠋ ᠵᠠᠯᠭᠠᠭ᠎ᠠ ᠪᠠᠷ ᠪᠠᠢᠭᠤᠯᠵᠤ ᠳᠠᠭᠤᠰᠬᠠᠪᠠ᠃ ᠣᠳᠣ ᠪᠥᠬᠥ᠌ ᠣᠷᠣᠨ ᠳ᠋ᠤ 505 ᠤᠰᠤᠨ ᠴᠥᠭᠥᠷᠥᠮ ᠲᠠᠢ ᠪᠠᠢᠵᠤ᠂ ᠤᠰᠤᠨ ᠴᠥᠭᠥᠷᠥᠮ ᠤ᠋ᠨ ᠶᠡᠷᠦᠩᠬᠡᠶ ᠪᠠᠭ᠍ᠲᠠᠭᠠᠮᠵᠢ 108 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠦ᠍᠂ ᠦᠶᠡᠷ ᠢ᠋ ᠰᠡᠷᠭᠡᠢᠯᠡᠬᠦ᠌ ᠂ ᠲᠠᠷᠢᠵᠤ ᠤᠰᠤᠯᠠᠬᠤ᠂ ᠤᠰᠤ ᠬᠠᠩᠭᠠᠬᠤ᠂ ᠴᠠᠬᠢᠯᠭᠠᠨ ᠭᠠᠷᠭᠠᠬᠤ᠂ ᠲᠡᠵᠢᠭᠡᠵᠤ ᠮᠠᠯᠵᠢᠬᠤ᠂ ᠠᠮᠢ ᠠᠬᠤᠶ ᠵᠡᠷᠭᠡ ᠶᠡᠷᠦᠩᠬᠡᠢᠯᠡᠭ᠌ᠰᠡᠨ ᠦᠷ᠎ᠡ ᠠᠱᠢᠭ ᠢ᠋ ᠭᠦᠶ᠋ᠴᠡᠳ ᠪᠠᠳᠠᠷᠠᠭᠤᠯᠤᠨ᠂ ᠤᠰᠤᠨ ᠤ᠋ ᠠᠮᠤᠷ ᠲᠦᠪᠱᠢᠨ ᠤ᠋ ᠪᠠᠲᠤᠯᠠᠭ᠎ᠠ ᠢ᠋ᠢᠨ ᠴᠢᠳᠠᠪᠤᠷᠢ ᠢ᠋ᠢ ᠶᠡᠬᠡ ᠪᠡᠷ ᠳᠡᠭᠡᠭ᠌ᠰᠢᠯᠡᠭᠦᠯᠵᠤ᠂ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠴᠢᠩᠭ᠎ᠠ ᠬᠦᠴᠦᠲᠡᠶ ᠲᠤᠯᠭᠠᠭᠤᠷᠢᠯᠠᠯ ᠬᠠᠩᠭᠠᠭᠰᠠᠨ ᠪᠠᠢᠨ᠎ᠠ ᠃
ᠤᠨ ᠵᠢᠯ ᠤᠷᠴᠢᠵᠤ 《ᠠᠷᠪᠠᠨ ᠲᠦᠷᠪᠡᠳᠤᠬᠡᠷ ᠲᠠᠪᠤᠨ ᠵᠢᠯ》 ᠤ᠋ᠨ ᠬᠤᠭᠤᠴᠠᠭᠠᠨ ᠳ᠋ᠤ ᠤᠷᠤᠯ᠎ᠠ᠃ ᠨᠢᠳᠤᠨᠤᠨ ᠤ᠋ ᠵᠢᠯ ᠤ᠋ᠨ ᠡᠬᠢᠨ ᠡᠴᠡ ᠨᠠᠭᠠᠰᠢ ᠣᠲᠣᠬᠠᠨ ᠪᠣᠯᠲᠠᠯ᠎ᠠ᠂ ᠪᠥᠬᠥ᠌ ᠣᠷᠣᠨ ᠵᠢᠡᠷ ᠵᠢᠡᠨ ᠠᠢᠮᠠᠭ ᠬᠣᠲᠠ ᠠᠯᠤᠰᠯᠠᠭ᠍ᠰᠠᠨ 27 ᠭᠤᠤᠯ ᠮᠥᠷᠡᠨ ᠤ᠋ ᠤᠰᠤᠨ ᠤ᠋ ᠬᠡᠮᠵᠢᠶ᠎ᠡ ᠢ᠋ᠢᠨ ᠬᠤᠪᠢᠶᠠᠷᠢᠯᠠᠯᠲᠠ ᠢ᠋ᠢ ᠳᠠᠭᠤᠰᠬᠠᠵᠤ ᠂ ᠪᠥᠬᠥ᠌ ᠣᠷᠣᠨ ᠤ᠋ ᠲᠠᠷᠢᠶᠠᠯᠠᠩ ᠳ᠋ᠤ ᠬᠡᠷᠡᠭ᠌ᠯᠡᠬᠦ᠌ ᠤᠰᠤᠨ ᠤ᠋ ᠬᠡᠮᠵᠢᠯᠲᠡ ᠢ᠋ᠢ ᠪᠦᠬᠦᠨ ᠢ᠋ ᠬᠠᠮᠤᠷᠬᠤ ᠢ᠋ᠢ ᠦᠨᠳᠦᠰᠦᠨ ᠳ᠋ᠡᠭᠡᠨ ᠪᠡᠶᠡᠯᠡᠭᠦᠯᠪᠡ; ᠪᠦᠬᠦ᠌ ᠵᠢᠯ ᠤ᠋ᠨ ᠤᠰᠤ ᠬᠡᠷᠡᠭ᠌ᠯᠡᠬᠦ᠌ ᠶᠡᠷᠦᠩᠬᠡᠢ ᠬᠡᠮᠵᠢᠶ᠎ᠠ ᠢ᠋ᠢ 211 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤ᠋ᠨ ᠳᠣᠲᠣᠷ᠎ᠠ ᠬᠢᠵᠠᠭᠠᠷᠯᠠᠵᠤ᠂ ᠲᠤᠮᠳᠠᠴᠢ ᠪᠡᠷ ᠲᠦᠮᠡᠨ ᠲᠥᠭᠥᠷᠢᠭ ᠤ᠋ᠨ ᠤᠯᠤᠰ ᠤ᠋ᠨ ᠳᠤᠲᠤᠭᠠᠳᠤ ᠢ᠋ᠢᠨ ᠦᠢᠯᠡᠳᠪᠦᠷᠢᠯᠡᠯ ᠤ᠋ᠨ ᠶᠡᠷᠦᠡᠭᠬᠡᠢ ᠦᠷᠲᠡᠭ ᠪᠤᠯᠤᠨ ᠠᠵᠤ ᠦᠢᠯᠡᠳᠪᠦᠷᠢ ᠢ᠋ᠢᠨ ᠨᠡᠮᠡᠭ᠌ᠳᠡᠯ ᠦᠷᠳᠡᠭ ᠢ᠋ ᠪᠠᠶᠠᠯᠠᠬᠦᠯᠬᠦ ᠳ᠋ᠤ ᠬᠡᠷᠡᠭᠯᠡᠬᠦ ᠤᠰᠤᠨ ᠤ᠋ ᠬᠡᠮᠵᠢᠶ᠎ᠡ ᠢ᠋ᠢ ᠴᠥᠮ 2015 ᠣᠨ ᠤ᠋ ᠬᠢ ᠡᠴᠡ 20% ᠪᠡᠷ ᠪᠠᠭᠤᠷᠠᠭᠤᠯᠪᠠ; ᠰᠢᠨ᠎ᠠ ᠪᠡᠷ 3000 ᠲᠦᠮᠡ ᠭᠠᠷᠤᠢ ᠮᠥ᠍ ᠠᠷᠪᠢᠳᠠᠢ ᠤᠰᠤᠯᠠᠯᠳᠠ ᠵᠢᠨ ᠲᠠᠷᠢᠶ᠎ᠠ ᠪᠠᠢᠭᠤᠯᠵᠤ ᠂ ᠵᠢᠯ ᠳ᠋ᠤ 30 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠠᠷᠪᠢᠯᠠᠬᠤ ᠪᠤᠯᠪᠠ᠃ ᠮᠠᠨ ᠤ᠋ ᠤᠷᠤᠨ ᠤ᠋ ᠤᠰᠤᠨ ᠠᠱᠢᠭ᠍ᠯᠠᠯᠲᠠ ᠢ᠋ᠢᠨ ᠦᠢᠯᠡᠰ ᠲᠡᠦᠬᠡ ᠢ᠋ᠢᠨ ᠰᠢᠨ᠎ᠠ ᠭᠠᠷᠤᠭ᠎ᠠ ᠡᠴᠡ ᠬᠦᠭᠵᠢᠯᠳᠡ ᠵᠢᠨ ᠵᠢᠯᠤᠭᠤ ᠪᠠᠨ ᠰᠤᠩᠭᠠᠨ᠂ ᠲᠠᠰᠤᠷᠠᠯᠳᠠ ᠦᠬᠡᠢ ᠰᠢᠨ᠎ᠠ ᠰᠢᠪᠳᠤᠯᠤᠯᠳᠠ ᠭᠠᠷᠭᠠᠭᠰᠠᠭᠠᠷ ᠁
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃