ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠠᠭᠤᠤ ᠶᠡᠬᠡ ᠬᠤᠪᠢᠰᠤᠯᠲᠠ

2022-06-12 19:29:05

ᠵᠣᠬᠢᠶᠠᠭ᠍ᠴᠢ᠄ ᠯᠢᠦ ᡁᠢ ᠰᠢᠶᠠᠨ ᠣᠩᠱᠢᠭ᠍ᠰᠠᠨ ᠣᠳᠠᠭ᠎ᠠ᠄ 3

《ᠨᠠᠮ ᠮᠢᠨᠢ ᠰᠠᠨᠠᠭ᠎ᠠ ᠠᠮᠤᠷ ᠪᠠᠢᠭᠠᠷᠠᠢ᠂ ᠤᠯᠤᠰ ᠵᠢᠠᠨ ᠬᠦᠴᠦᠷᠬᠡᠭᠵᠢᠬᠦᠯᠬᠦ ᠳ᠋ᠦ ᠪᠢᠳᠡ ᠪᠠᠢᠨ᠎ᠠ!》 5 ᠰᠠᠷ᠎ᠠ ᠵᠢᠨ 20 ᠤ᠋ ᠦᠳᠡ ᠵᠢᠨ ᠡᠮᠦᠨ᠎ᠡ᠂ ᠬᠤᠰᠢᠭᠤᠴᠢ ᠠᠩᠬᠢ ᠵᠢᠨ ᠭᠡᠰᠢᠭᠦᠳ ᠤ᠋ᠨ ᠳᠠᠩᠭᠠᠷᠢᠬᠯᠠᠬᠤ ᠳᠠᠭᠤᠨ ᠬᠦᠬᠡᠬᠤᠳᠠ ᠵᠢᠨ ᠴᠡᠯᠡᠭᠡᠷ ᠲᠠᠯ᠎ᠠ ᠵᠢᠨ ᠯᠢᠦᠢ ᠳᠢ ᠪᠠᠭ᠎ᠠ ᠰᠤᠷᠭᠠᠭᠤᠯᠢ ᠵᠢᠨ ᠲᠸᠩ ᠹᠸᠢ ᠵᠠᠮ ᠤ᠋ᠨ ᠰᠤᠷᠭᠠᠭᠤᠯᠢ ᠵᠢᠨ ᠲᠤᠭᠤᠷᠢᠭ᠎ᠤᠨ ᠳᠠᠮᠢᠷ ᠤ᠋ᠨ ᠳᠠᠯᠠᠪᠠᠢ ᠳ᠋ᠦ ᠬᠠᠩᠬᠢᠨᠠᠨ ᠴᠤᠤᠷᠢᠶᠠᠳᠤᠨ᠎ᠠ᠃ 《ᠪᠢᠳᠡ ᠪᠤᠯ ᠳᠤᠮᠳᠠᠳᠤ ᠵᠢᠨ ᠬᠡᠦᠬᠡᠳ》 ᠦᠪᠦᠷ ᠮᠤᠨᠭᠭᠤᠯ ᠤ᠋ᠨ ᠦᠪᠡᠷᠳᠡᠭᠡᠨ ᠵᠠᠰᠠᠬᠤ ᠤᠷᠤᠨ᠎ᠤ 《ᠵᠢᠷᠭᠤᠭᠠᠨ ᠰᠠᠷ᠎ᠠ ᠵᠢᠨ ᠨᠢᠭᠡᠨ》 ᠤ᠋ ᠤᠯᠤᠰ ᠤ᠋ᠨ ᠲᠤᠭ ᠮᠠᠨᠳᠤᠭᠤᠯᠬᠤ ᠭᠤᠤᠯ ᠰᠡᠳᠦᠪᠳᠦ ᠠᠵᠢᠯᠯᠠᠭ᠎ᠠ ᠡᠨᠳᠡ ᠶᠠᠪᠤᠬᠳᠠᠨ᠎ᠠ᠃

ᠨᠠᠮ ᠤ᠋ᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠶᠣᠰᠣ ᠰᠤᠷᠲᠠᠬᠤᠨ᠎ᠢᠶᠠᠷ ᠬᠥᠮᠦᠨ᠎ᠢ ᠬᠥᠮᠦᠵᠢᠭᠦᠯᠬᠦ᠌ ᠦᠨᠳᠦᠰᠦᠨ ᠡᠭᠦᠷᠭᠡ ᠳ᠋ᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠥᠪᠥᠷ ᠮᠣᠩᠭᠣᠯ ᠤ᠋ᠨ ᠰᠤᠷᠭᠠᠨ ᠬᠥᠮᠦᠵᠢᠯ᠎ᠦᠨ ᠱᠢᠰᠲ᠋ᠧᠮ᠎ᠦᠨ ᠬᠢᠨ ᠨᠠᠮ ᠤ᠋ᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ᠎ᠲᠠᠶ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠰᠦᠭ ᠰᠦᠨᠡᠰᠦ᠎ᠶ᠋ᠢ ᠱᠤᠭᠤᠵᠤ ᠬᠥᠮᠦᠨ ᠢ᠋ ᠬᠥᠮᠦᠵᠢᠭᠦᠯᠬᠦ᠌᠎ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠵᠤ᠂ ᠤᠯᠤᠰ ᠤ᠋ᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠪᠦᠬᠦ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠦᠭᠰᠡᠨ ᠵᠢᠡᠷ ᠡᠯ᠎ᠡ ᠵᠦᠢᠯ᠎ᠦᠨ ᠰᠤᠷᠭᠠᠨ ᠬᠥᠮᠦᠵᠢᠯ᠎ᠦᠨ ᠦᠢᠯᠡᠰ ᠥᠷᠨᠢᠨ ᠬᠥᠭ᠌ᠵᠢᠵᠦ᠍᠂ ᠠᠷᠠᠳ ᠤᠯᠠᠨ ᠨᠡᠩ ᠡᠷᠬᠡ ᠲᠡᠭ᠌ᠰᠢ ᠪᠥᠭᠡᠳ ᠴᠢᠨᠠᠷ ᠰᠠᠢᠲᠠᠢ ᠰᠤᠷᠭᠠᠨ ᠬᠥᠮᠦᠵᠢᠯ ᠬᠦᠷᠳᠡᠵᠥ᠍᠂ ᠰᠤᠷᠭᠠᠨ ᠬᠥᠮᠦᠵᠢᠯ ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ ᠳ᠋ᠦ᠍ ᠦᠢᠯᠡᠴᠢᠯᠡᠬᠦ᠌ ᠴᠢᠳᠠᠪᠤᠷᠢ ᠢᠯᠡᠳᠲᠡ ᠳᠡᠭᠡᠭ᠌ᠰᠢᠯᠡᠪᠡ᠃


QQ截图20220612192851.png


ᠬᠦᠬᠡᠬᠤᠳᠠ ᠵᠢᠨ ᠢᠤᠢᠴᠢᠤᠸᠠᠨ ᠲᠤᠭᠤᠷᠢᠭ᠎ᠤᠨ ᠲᠠᠪᠤᠨ ᠰᠤᠪᠤᠷᠭᠠᠳᠤ ᠰᠦᠮ᠎ᠠ ᠵᠢᠨ ᠵᠡᠬᠦᠨ ᠵᠡᠭᠡᠯᠢ ᠵᠢᠨ ᠪᠠᠭ᠎ᠠ ᠰᠤᠷᠭᠠᠭᠤᠯᠢ ᠵᠢᠨ ᠰᠤᠷᠤᠭᠴᠢᠳ ᠴᠠᠭᠠᠰᠤᠨ ᠱᠢᠪᠠᠭᠤ ᠨᠢᠰᠭᠡᠨ ᠨᠠᠭᠠᠳᠴᠤ ᠪᠠᠢᠭ᠎ᠠ ᠨᠢ᠃

ᠸᠠᠩ ᠯᠸᠢ ᠰᠡᠬᠦᠳᠡᠷᠯᠡᠪᠡ


ᠬᠡᠦᠬᠡᠳ ᠪᠤᠯᠭᠠᠨ᠎ᠳᠤ ᠰᠤᠷᠭᠠᠨ ᠬᠦᠮᠦᠵᠢᠯ ᠬᠦᠷᠳᠡᠭᠡᠨ᠎ᠠ

5 ᠰᠠᠷ᠎ᠠ ᠵᠢᠨ 13 ᠤ᠋ ᠡᠳᠦᠷ᠂ ᠬᠥᠬᠡᠬᠣᠲᠠ ᠵᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠶ ᠬᠥᠭ᠌ᠵᠢᠯᠲᠡ ᠵᠢᠨ ᠶᠡᠬᠡ ᠬᠤᠷᠠᠯ ᠬᠤᠷᠠᠯᠳᠤᠪᠠ᠂ ᠬᠤᠷᠠᠯ᠎ᠠᠴᠠ ᠬᠡᠷ᠎ᠦᠨ ᠠᠬᠠᠮᠠᠳ ᠢ᠋ ᠬᠡᠦᠬᠡᠳ ᠵᠢᠠᠨ ᠴᠡᠴᠡᠷᠯᠢᠭ᠎ᠲᠦ ᠤᠷᠤᠭᠤᠯᠬᠤ᠎ᠳᠤ ᠰᠠᠨᠠᠭ᠎ᠠ ᠵᠣᠪᠠᠬᠤ ᠥᠬᠡᠶ ᠪᠣᠯᠭᠠᠵᠤ᠂ ᠴᠡᠴᠡᠷᠯᠢᠭ᠎ᠲᠦ ᠣᠷᠣᠬᠤ᠎ᠳᠤ ᠬᠦᠴᠢᠷ᠂ ᠴᠡᠴᠡᠷᠯᠢᠭ᠎ᠲᠦ ᠣᠷᠣᠬᠤ᠎ᠳᠤ ᠦᠨᠡᠲᠡᠶ ᠪᠠᠢᠬᠤ ᠠᠰᠠᠭᠤᠳᠠᠯ ᠢ᠋ ᠦᠨᠡᠨ ᠬᠦ᠌ ᠱᠢᠶ᠋ᠳᠪᠦᠷᠢᠯᠡᠬᠦ᠌ ᠬᠡᠷᠡᠭ᠌ᠲᠡᠶ; ᠬᠡᠦᠬᠡᠳ᠎ᠢᠶᠡᠨ ᠰᠤᠷᠭᠠᠭᠤᠯᠢ᠎ᠳᠤ ᠣᠷᠣᠭᠤᠯᠬᠤ ᠳ᠋ᠦ ᠬᠡᠷ᠎ᠦᠨ ᠠᠬᠠᠮᠠᠳ ᠢ᠋ 《ᠨᠠᠢᠷ ᠲᠠᠯ᠎ᠠ ᠬᠡᠷᠡᠭᠰᠡᠬᠦ》 ᠦᠭᠡᠢ ᠪᠣᠯᠭᠠᠵᠤ᠂ ᠬᠡᠦᠬᠡᠳ᠎ᠢᠶᠡᠨ ᠬᠡᠷ᠎ᠦᠨ᠎ᠢᠶᠡᠨ ᠡᠭᠦᠳᠡᠨ ᠳ᠋ᠦ᠍ ᠴᠢᠨᠠᠷ ᠰᠠᠢᠲᠠᠶ ᠰᠤᠷᠭᠠᠨ ᠬᠥᠮᠦᠵᠢᠯ ᠬᠦᠷᠲᠡᠭᠡᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ ᠁ ᠭᠡᠵᠤ ᠳᠤᠷᠠᠳᠴᠤ ᠬᠡᠷ᠎ᠦᠨ ᠠᠬᠠᠮᠠᠳ᠂ ᠨᠡᠢᠭᠡᠮ ᠨᠡᠢᠲᠡ ᠵᠢᠨ ᠰᠤᠷᠭᠠᠨ ᠬᠥᠮᠦᠵᠢᠯ᠎ᠦᠨ ᠡᠷᠬᠡ ᠲᠡᠭ᠌ᠰᠢ ᠵᠢᠨ ᠲᠤᠬᠠᠶ ᠰᠠᠨᠠᠭᠠᠰᠢᠷᠠᠯ ᠢ᠋ ᠠᠯᠳᠠᠷᠠᠭᠠᠬᠰᠠᠨ ᠶᠤᠮ᠃

ᠬᠤᠪᠢᠷᠠᠯᠲᠠ ᠠᠯᠭᠤᠷ ᠠᠭᠠᠵᠢᠮ ᠵᠢᠡᠷ ᠡᠭᠦᠰᠴᠦ ᠪᠠᠢᠯ᠎ᠠ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠣᠵᠢᠳ ᠭᠤᠷᠪᠠᠨ ᠬᠤᠭᠤᠴᠠᠭᠠᠨ᠎ᠤ 《ᠰᠤᠷᠭᠠᠭᠤᠯᠢ᠎ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ ᠎ᠦᠨ ᠠᠵᠢᠯᠯᠠᠭᠠᠨ᠎ᠤ ᠲᠥᠯᠥᠪᠯᠡᠭᠡ》᠎ᠶ᠋ᠢ ᠬᠡᠷᠡᠭ᠌ᠵᠢᠭᠦᠯᠵᠦ᠍᠂ ᠠᠯᠪᠠᠨ᠎ᠠᠴᠠ ᠡᠷᠭᠢᠯᠡᠭ᠌ᠰᠡᠨ ᠰᠤᠷᠭᠠᠭᠤᠯᠢ᠎ᠵᠢᠨ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠦᠨ ᠡᠬᠢ ᠪᠠᠶᠠᠯᠢᠭ ᠢ᠋ ᠲᠦᠷᠭᠡᠨ ᠲᠡᠯᠭᠡᠷᠡᠬᠦᠯᠵᠤ᠂ ᠠᠷᠠᠳ᠎ᠠᠴᠠ ᠡᠷᠭᠢᠯᠡᠭ᠌ᠰᠡᠨ ᠲᠦᠭᠡᠮᠡᠯ ᠬᠠᠷᠠᠭᠠᠯᠵᠠᠯ ᠤ᠋ᠨ ᠴᠢᠨᠠᠷᠲᠠᠶ ᠰᠤᠷᠭᠠᠭᠤᠯᠢ᠎ᠵᠢᠨ ᠨᠠᠰᠤᠨ᠎ᠠᠴᠠ ᠡᠮᠦᠨᠡᠬᠢ ᠡᠬᠢ ᠪᠠᠶᠠᠯᠢᠭ ᠢ᠋ ᠲᠠᠰᠤᠷᠠᠯᠲᠠ ᠥᠬᠡᠶ ᠲᠡᠯᠭᠡᠷᠡᠬᠦᠯᠪᠠ᠃ 2021 ᠣᠨ᠎ᠳᠤ ᠪᠥᠬᠥ᠌ ᠣᠷᠣᠨ᠎ᠤ ᠲᠦᠭᠡᠮᠡᠯ ᠬᠠᠷᠠᠭᠠᠯᠵᠠᠯ ᠤ᠋ᠨ ᠴᠢᠨᠠᠷᠲᠠᠶ ᠬᠡᠦᠬᠡᠳ᠎ᠦᠨ ᠴᠡᠴᠡᠷᠯᠢᠭ᠎ᠦᠨ ᠪᠦᠷᠬᠦᠴᠡ 87.57% ᠎ᠳ᠋ᠤ ᠬᠦᠷᠴᠦ᠍᠂ ᠠᠯᠪᠠᠨ᠎ᠠᠴᠠ ᠡᠷᠭᠢᠯᠡᠭ᠌ᠰᠡᠨ ᠬᠡᠦᠬᠡᠳ᠎ᠦᠨ ᠴᠡᠴᠡᠷᠯᠢᠭ᠎ᠦᠨ ᠡᠵᠡᠯᠡᠬᠦ᠌ ᠬᠠᠷᠢᠴᠠᠯ 55.53%᠎ᠳ᠋ᠤ ᠬᠦᠷᠴᠦ᠍᠂ ᠬᠡᠦᠬᠡᠳ᠎ᠦᠨ ᠴᠡᠴᠡᠷᠯᠢᠭ᠎ᠲᠦ᠎ᠣᠷᠣᠬᠤ᠎ᠳᠤ ᠬᠦᠴᠢᠷ᠂ ᠬᠡᠦᠬᠡᠳ᠎ᠤᠨ ᠴᠡᠴᠡᠷᠯᠢᠭ ᠬᠣᠯᠠ ᠪᠠᠢᠬᠰᠠᠨ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠪᠡ᠃ ᠠᠯᠪᠠᠨ ᠵᠢᠷᠤᠮ ᠤ᠋ᠨ ᠰᠤᠷᠭᠠᠨ ᠬᠥᠮᠦᠵᠢᠯ᠎ᠦᠨ ᠲᠠᠯ᠎ᠠ᠎ᠪᠠᠷ᠂ ᠴᠢᠬᠤᠯᠠ ᠶᠡᠬᠡ ᠰᠤᠷᠭᠠᠨ ᠬᠥᠮᠦᠵᠢᠯ᠎ᠦᠨ ᠲᠥᠷᠥᠯ ᠵᠦᠢᠯ ᠢ᠋ ᠬᠡᠷᠡᠭ᠌ᠵᠢᠭᠦᠯᠬᠦ᠌ ᠪᠡᠷ ᠳᠠᠮᠵᠢᠭᠤᠯᠤᠨ᠂ ᠰᠤᠷᠭᠠᠭᠤᠯᠢ ᠡᠷᠬᠢᠯᠡᠬᠦ᠌ ᠨᠥᠬᠥᠴᠡᠯ ᠢ᠋ ᠨᠢ ᠬᠦᠴᠦᠯᠡᠨ ᠰᠠᠢᠵᠢᠷᠠᠭᠤᠯᠵᠤ᠂ ᠰᠤᠷᠤᠭ᠍ᠴᠢᠳ᠎ᠲᠤ ᠬᠠᠷᠢᠴᠠᠩᠭᠤᠶ ᠡᠷᠬᠡ ᠲᠡᠭ᠌ᠰᠢ ᠰᠤᠷᠭᠠᠨ ᠬᠥᠮᠦᠵᠢᠯ ᠬᠦᠷᠲᠡᠬᠦ᠌ ᠲᠣᠬᠢᠶᠠᠯ ᠬᠠᠩᠭᠠᠪᠠ᠃ 2021 ᠣᠨ᠎ᠳᠤ ᠥᠪᠥᠷ ᠮᠣᠩᠭᠣᠯ ᠤ᠋ᠨ ᠱᠢᠶᠠᠨ᠎ᠤ ᠬᠡᠪᠴᠢᠶᠡᠨ ᠤ᠋ ᠠᠯᠪᠠᠨ ᠵᠢᠷᠤᠮ ᠤ᠋ᠨ ᠰᠤᠷᠭᠠᠨ ᠬᠥᠮᠦᠵᠢᠯ ᠦᠨᠳᠦᠰᠦᠨ᠎ᠳᠡᠭᠡᠨ ᠲᠡᠩᠴᠡᠭᠦᠷᠢᠲᠡᠶ ᠬᠥᠭ᠌ᠵᠢᠵᠦ᠍ ᠤᠯᠤᠰ ᠤ᠋ᠨ ᠬᠢᠨᠠᠨ ᠵᠢᠯᠣᠭᠤᠳᠤᠨ ᠦᠨᠡᠯᠡᠨ ᠵᠢᠱ᠌ᠢᠬᠦ᠌ ᠵᠢ ᠳᠠᠮᠵᠢᠵᠤ᠂ ᠡᠯᠪᠡᠭ ᠳᠡᠯᠪᠡᠭ ᠦᠷ᠎ᠡ ᠪᠦᠲᠦᠭᠡᠯ ᠤᠯᠪᠠ᠃

ᠬᠣᠲᠠ ᠣᠷᠣᠵᠤ ᠠᠵᠢᠯ ᠬᠢᠭᠰᠡᠳ᠎ᠤᠨ ᠦᠷ᠎ᠠ ᠭᠡᠤᠭᠡᠳ᠎ᠤᠨ ᠰᠤᠷᠭᠠᠭᠤᠯᠢ᠎ᠳᠤ ᠣᠷᠣᠬᠤ ᠬᠦᠴᠢᠷᠳᠠᠯ᠎ᠢ ᠰᠢᠢᠳᠪᠤᠷᠢᠯᠡᠪᠠ᠃ ᠥᠪᠡᠷᠲᠡᠭᠡᠨ ᠵᠠᠰᠠᠬᠤ ᠣᠷᠣᠨ᠎ᠠᠴᠠ ᠬᠥᠮᠦᠨ ᠠᠮᠠ ᠵᠢᠨ ᠨᠡᠮᠡᠭ᠌ᠳᠡᠯ ᠪᠣᠯᠤᠨ ᠰᠤᠷᠭᠠᠨ ᠬᠥᠮᠦᠵᠢᠯ᠎ᠦᠨ ᠦᠶ᠋ᠯᠡᠰ᠎ᠦᠨ ᠬᠥᠭ᠌ᠵᠢᠯᠲᠡ ᠵᠢᠨ ᠦᠨᠳᠦᠰᠦᠨ ᠬᠡᠷᠡᠭ᠌ᠴᠡᠭᠡ᠎ᠶ᠋ᠢ ᠦᠨᠳᠦᠰᠦᠯᠡᠨ ᠠᠯᠪᠠᠨ᠎ᠠᠴᠠ ᠡᠷᠬᠢᠯᠡᠭ᠌ᠰᠡᠨ ᠰᠤᠷᠭᠠᠭᠤᠯᠢ᠎ᠶ᠋ᠢ ᠲᠠᠰᠤᠷᠠᠯᠲᠠ ᠤᠢ᠍ᠭᠡᠢ ᠱᠢᠨ᠎ᠡ᠎ᠪᠡᠷ ᠪᠠᠢᠭᠤᠯᠬᠤ ᠪᠠ ᠥᠭᠡᠷᠡᠴᠢᠯᠡᠨ ᠪᠠᠢᠭᠤᠯᠪᠠ᠃ ᠡᠭᠦᠨ ᠤ᠋ ᠬᠠᠮᠲᠤ᠂ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠡᠴᠢᠭᠡ ᠡᠭᠡ ᠪᠠᠨ ᠳᠠᠭᠠᠵᠤ ᠨᠡᠭᠦᠭ᠌ᠰᠡᠨ ᠬᠡᠦᠬᠡᠳ᠎ᠢ ᠰᠤᠷᠭᠠᠭᠤᠯᠢ᠎ᠳᠤ ᠡᠯᠰᠡᠬᠦ ᠲᠥᠷᠥ ᠵᠢᠨ ᠪᠣᠳᠣᠯᠭ᠎ᠠ᠎ᠶ᠋ᠢ ᠲᠠᠰᠤᠷᠠᠯᠲᠠ ᠥᠬᠡᠶ ᠳᠥᠭᠥᠮᠴᠢᠯᠡᠵᠦ᠍᠂ ᠡᠴᠢᠭᠡ ᠡᠭᠡ ᠪᠠᠨ ᠲᠠᠭᠠᠵᠤ ᠨᠡᠬᠦᠭᠰᠡᠨ ᠬᠡᠦᠬᠡᠳ᠎ᠢ ᠰᠤᠷᠭᠠᠭᠤᠯᠢ᠎ᠳᠤ ᠣᠷᠣᠬᠤ ᠳ᠋ᠤ ᠨᠠᠩ ᠲᠥᠬᠥᠮ ᠪᠣᠯᠭᠠᠪᠠ᠃ 2021 ᠣᠨ᠎ᠳᠤ ᠬᠥᠯᠥᠨ ᠪᠣᠢᠷ ᠬᠣᠲᠠ᠂ ᠱᠢᠯᠢ ᠵᠢᠨ ᠭᠤᠤᠯ ᠠᠢᠮᠠᠭ᠂ ᠠᠯᠠᠱᠠ ᠠᠢᠮᠠᠭ ᠵᠡᠷᠭᠡ 6 ᠠᠢᠮᠠᠭ ᠬᠣᠲᠠ ᠵᠢᠨ ᠡᠴᠢᠭᠡ ᠡᠭᠡ ᠪᠠᠨ ᠳᠠᠭᠠᠵᠤ ᠨᠡᠭᠦᠭ᠌ᠰᠡᠨ ᠬᠡᠦᠬᠡᠳ᠎ᠦᠨ ᠠᠯᠪᠠᠨ᠎ᠠᠴᠠ ᠡᠷᠭᠢᠯᠡᠭ᠌ᠰᠡᠨ ᠰᠤᠷᠭᠠᠭᠤᠯᠢ᠎ᠳᠤ ᠣᠷᠣᠬᠤ ᠨᠣᠷᠮ᠎ᠠ 100% ᠎ᠳ᠋ᠤ ᠬᠦᠷᠴᠦ᠂ ᠪᠤᠭᠤᠲᠤ ᠬᠣᠲᠠ᠂ ᠲᠦᠩᠯᠢᠶᠣᠤ ᠬᠣᠲᠠ᠂ ᠦᠬᠠᠶ ᠬᠣᠲᠠ ᠵᠡᠷᠭᠡ ᠭᠠᠵᠠᠷ ᠣᠷᠣᠨ᠎ᠦ ᠬᠢ 95% ᠡᠴᠠ ᠳᠡᠭᠡᠭ᠌ᠰᠢ ᠬᠦᠷᠴᠠᠢ᠃

ᠨᠠᠩ ᠣᠯᠠᠨ ᠰᠤᠷᠤᠭ᠍ᠴᠢ ᠳ᠋ᠦ ᠱᠢᠯᠢᠳᠡᠭ ᠰᠤᠷᠭᠠᠨ ᠬᠥᠮᠦᠵᠢᠯ᠎ᠦᠨ ᠡᠬᠢ ᠪᠠᠶᠠᠯᠢᠭ ᠢ᠋ ᠡᠳ᠋ᠯᠡᠭᠦᠯᠦᠨ᠎ᠡ

ᠭᠠᠷᠠᠭ ᠪᠦᠷᠢ ᠳᠤᠮᠳᠠᠴᠢ᠎ᠪᠠᠷ 7 ᠱᠢᠯᠢᠳᠡᠭ ᠬᠢᠴᠢᠶᠡᠯ ᠢ᠋ ᠬᠤᠪᠢᠶᠠᠷᠢ ᠰᠤᠷᠭᠠᠭᠤᠯᠢ᠎ᠳᠤ ᠬᠦᠷᠭᠡᠨ᠎ᠠ᠂ 2019 ᠣᠨ᠎ᠳᠤ ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠬᠠᠷᠢᠶᠠᠲᠤ ᠳᠤᠮᠳᠠᠳᠤ ᠰᠤᠷᠭᠠᠭᠤᠯᠢ ᠵᠢᠨ ᠪᠠᠶᠠᠨᠨᠠᠭᠤᠷ ᠬᠣᠲᠠ ᠵᠢᠨ ᠬᠤᠪᠢᠶᠠᠷᠢ ᠰᠤᠷᠭᠠᠭᠤᠯᠢ ᠫᠠᠢᠰᠠ ᠡᠯᠭᠦᠨ ᠪᠠᠢᠭᠤᠯᠤᠭ᠍ᠳᠠᠭ᠍ᠰᠠᠨ᠎ᠠᠴᠠ ᠨᠠᠭᠠᠰᠢ᠂ ᠡᠢᠮᠦᠷᠬᠦᠦ ᠬᠠᠷᠢᠯᠴᠠᠨ ᠦᠶ᠋ᠯᠡᠳᠦᠯᠴᠡᠬᠦ᠌ ᠰᠦᠯᠵᠢᠶᠠᠨ ᠬᠢᠴᠢᠶᠡᠯ᠎ᠨᠢ ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠬᠠᠷᠢᠶᠠᠲᠤ ᠳᠤᠮᠳᠠᠳᠤ ᠰᠤᠷᠭᠠᠭᠤᠯᠢ ᠵᠢᠨ ᠬᠥᠬᠡᠬᠣᠲᠠ ᠵᠢᠨ ᠶᠡᠷᠦᠩᠬᠡᠶ ᠰᠤᠷᠭᠠᠭᠤᠯᠢ ᠬᠢᠭᠡᠳ ᠪᠠᠶᠠᠨᠨᠠᠭᠤᠷ ᠬᠣᠲᠠ᠎ᠳᠤ ᠪᠠᠢᠭ᠎ᠠ ᠬᠤᠪᠢᠶᠠᠷᠢ ᠰᠤᠷᠭᠠᠭᠤᠯᠢ ᠵᠢᠨ ᠬᠣᠭᠣᠷᠣᠨᠳᠣ ᠪᠠᠢᠩᠭᠤ ᠶᠠᠪᠤᠬᠳᠠᠬᠤ ᠪᠤᠯᠪᠠ᠃

ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠬᠠᠷᠢᠶᠠᠲᠤ ᠳᠤᠮᠳᠠᠳᠤ ᠰᠤᠷᠭᠠᠭᠤᠯᠢ᠎ᠪᠠᠷ ᠲᠥᠯᠥᠭᠡᠯᠡᠭᠦᠯᠦᠭ᠌ᠰᠡᠨ ᠲᠣᠭᠠᠴᠢᠯᠠᠭ᠍ᠰᠠᠨ ᠰᠤᠷᠭᠠᠭᠤᠯᠢ ᠵᠢᠨ ᠬᠦᠷᠢᠶᠡᠨ ᠤ᠋ ᠰᠦᠯᠵᠢᠶᠡᠨ ᠤ᠋ ᠪᠠᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ ᠵᠢᠨ ᠪᠠᠢᠭᠤᠯᠤᠯᠲᠠ ᠵᠢᠨ ᠬᠤᠷᠢᠶᠠᠩᠭᠤᠢ ᠳᠦᠷᠰᠦ ᠪᠣᠯᠤᠨ᠎ᠠ᠃ ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠰᠤᠷᠭᠠᠨ ᠬᠥᠮᠦᠵᠢᠯ᠎ᠦᠨ ᠮᠡᠳᠡᠭᠡ ᠵᠠᠩᠭᠢᠵᠢᠯᠲᠠ ᠵᠢᠨ ᠪᠠᠢᠭᠤᠯᠤᠯᠲᠠ ᠵᠢᠨ ᠡᠷᠴᠢᠮ᠎ᠢᠶᠡᠨ ᠴᠢᠩᠭᠠᠷᠠᠭᠤᠯᠪᠠ᠃ ᠣᠳᠣᠬᠠᠨ᠎ᠳᠤ ᠪᠥᠬᠥ᠌ ᠣᠷᠣᠨ᠎ᠤ ᠳᠤᠮᠳᠠᠳᠤ ᠪᠠᠭ᠎ᠠ ᠰᠤᠷᠭᠠᠭᠤᠯᠢ ᠵᠢᠨ ᠢᠨᠲ᠋ᠧᠷ ᠰᠦᠯᠵᠢᠶᠡᠨ ᠤ᠋ ᠵᠠᠯᠭᠠᠯᠲᠠ ᠵᠢᠨ ᠨᠣᠷᠮ᠎ᠠ 99%᠎ᠳ᠋ᠤ ᠬᠦᠷᠴᠦ᠍᠂ ᠡᠩ᠎ᠦᠨ ᠬᠢᠴᠢᠶᠡᠯ ᠎ᠦᠨ ᠬᠡᠷ᠎ᠦᠨ ᠣᠯᠠᠨ ᠵᠠᠭᠤᠴᠢᠳᠤ ᠵᠢᠭᠠᠨ ᠰᠤᠷᠭᠠᠯᠲᠠ ᠵᠢᠨ ᠲᠥᠬᠥᠭᠡᠷᠦᠮᠵᠢ ᠵᠢᠨ ᠲᠣᠬᠢᠷᠠᠭᠤᠯᠤᠯᠲᠠ ᠵᠢᠨ ᠨᠣᠷᠮ᠎ᠠ 98%᠎ᠳ᠋ᠤ ᠬᠦᠷᠴᠡᠶ᠃ ᠰᠤᠷᠭᠠᠨ ᠬᠥᠮᠦᠵᠢᠯ᠎ᠦᠨ ᠴᠢᠨᠠᠷ ᠰᠠᠢᠲᠠᠶ ᠡᠬᠢ ᠪᠠᠶᠠᠯᠢᠭ ᠢ᠋ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠬᠤ᠎ᠪᠠᠷ ᠬᠠᠷᠢᠯᠴᠠᠨ ᠦᠶ᠋ᠯᠡᠳᠦᠯᠴᠡᠬᠦ᠌ ᠰᠦᠯᠵᠢᠶᠡᠨ ᠬᠢᠴᠢᠶᠡᠯ ᠢ᠋ ᠨᠢᠭᠡᠨᠲᠡ 2341 ᠳᠤᠮᠳᠠᠳᠤ ᠪᠠᠭ᠎ᠠ ᠰᠤᠷᠭᠠᠭᠤᠯᠢ (ᠵᠢᠭᠠᠨ ᠰᠤᠷᠭᠠᠯᠲᠠ ᠵᠢᠨ ᠴᠡᠭ) ᠎ᠳ᠋ᠤ ᠪᠥᠬᠥ᠌ ᠲᠠᠯ᠎ᠠ᠎ᠪᠠᠷ ᠬᠡᠷᠡᠭ᠌ᠯᠡᠪᠡ᠃

ᠪᠠᠭ᠍ᠰᠢ ᠪᠣᠯ ᠰᠤᠷᠭᠠᠨ ᠬᠥᠮᠦᠵᠢᠯ ᠤ᠋ᠨ ᠪᠠᠢᠭᠤᠯᠤᠯᠳᠠ ᠵᠢᠨ ᠦᠨᠳᠦᠰᠦ᠂ ᠪᠠᠭ᠍ᠰᠢ ᠵᠢᠨ ᠡᠩᠨᠡᠭᠡᠨ ᠤ᠋ ᠪᠠᠢᠭᠤᠯᠤᠯᠲᠠ᠎ᠶ᠋ᠢ ᠴᠢᠩᠭᠠᠳᠭᠠᠬᠤ ᠪᠣᠯ ᠵᠢᠭᠠᠨ ᠰᠤᠷᠭᠠᠯᠲᠠ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠵᠢᠨ ᠵᠠᠩᠭᠢᠯᠠᠭ᠎ᠠ ᠮᠥᠨ᠃ 2015 ᠣᠨ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤᠷᠢᠳ ᠬᠣᠵᠢᠳ《ᠬᠥᠳᠡᠭᠡ ᠲᠣᠰᠭᠣᠨ᠎ᠤ ᠪᠠᠭ᠍ᠰᠢ᠎ᠶ᠋ᠢ ᠳᠡᠮᠵᠢᠬᠦ᠌ ᠲᠥᠯᠥᠪᠯᠡᠭᠡ (2015—2020 ᠣᠨ) ᠵᠢᠨ ᠬᠡᠷᠡᠭ᠌ᠵᠢᠭᠦᠯᠬᠦ᠌ ᠠᠷᠭ᠎ᠠ》᠂ 《ᠱᠢᠨ᠎ᠡ ᠴᠠᠭ ᠦᠶ᠎ᠡ ᠵᠢᠨ ᠪᠠᠭ᠍ᠰᠢ ᠵᠢᠨ ᠡᠩᠨᠡᠭᠡ ᠵᠢᠨ ᠪᠠᠢᠭᠤᠯᠤᠯᠲᠠ ᠵᠢᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ᠎ᠶ᠋ᠢ ᠳᠠᠷᠤᠮᠠᠯᠯᠠᠨ ᠲᠠᠷᠬᠠᠭᠠᠵᠤ᠂ ᠪᠠᠭ᠍ᠰᠢ ᠵᠢᠨ ᠡᠩᠨᠡᠭᠡ ᠵᠢᠨ ᠪᠠᠢᠭᠤᠯᠤᠯᠲᠠ᠎ᠶ᠋ᠢ ᠴᠢᠩᠭᠠᠳᠭᠠᠬᠤ᠎ᠳᠤ ᠲᠥᠷᠥ ᠵᠢᠨ ᠪᠣᠳᠣᠯᠭ᠎ᠠ ᠵᠢᠨ ᠲᠤᠯᠭᠠᠭᠤᠷᠢᠯᠠᠯ ᠬᠠᠩᠭᠠᠪᠠ᠃ ᠥᠪᠡᠷᠲᠡᠭᠡᠨ ᠵᠠᠰᠠᠬᠤ ᠣᠷᠣᠨ ᠪᠠᠰᠠ ᠱᠢᠶᠠᠨ᠎ᠤ ᠬᠡᠪᠴᠢᠶᠡᠨ᠎ᠳᠡᠬᠢ ᠠᠯᠪᠠᠨ ᠵᠢᠷᠤᠮ ᠤ᠋ᠨ ᠰᠤᠷᠭᠠᠨ ᠬᠥᠮᠦᠵᠢᠯ᠎ᠦᠨ ᠰᠤᠷᠭᠠᠭᠤᠯᠢ ᠵᠢᠨ ᠵᠠᠬᠢᠷᠤᠯ᠂ ᠪᠠᠭ᠍ᠰᠢ᠎ᠶ᠋ᠢ ᠰᠣᠯᠢᠯᠴᠠᠬᠤ ᠲᠦᠷᠢᠮ ᠵᠡᠷᠭᠡ ᠢᠨᠵᠧᠨᠧᠷᠢᠩ ᠢ᠋ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠪᠠᠭ᠍ᠰᠢ ᠵᠢᠨ ᠴᠢᠳᠠᠪᠤᠷᠢ ᠪᠠ ᠲᠦᠪᠱᠢᠨ ᠢ᠋ ᠤᠯᠠᠮ ᠳᠡᠭᠡᠭ᠌ᠰᠢᠯᠡᠭᠦᠯᠪᠡ᠃

ᠰᠤᠷᠭᠠᠨ ᠬᠥᠮᠦᠵᠢᠯ ᠢ᠋ ᠠᠵᠤ ᠠᠬᠤᠶ ᠨᠡᠢᠭᠡᠮ᠎ᠦᠨ ᠬᠥᠭ᠌ᠵᠢᠯᠲᠡ ᠳ᠋ᠦ᠍ ᠨᠠᠩ ᠰᠠᠢᠲᠤᠷ ᠦᠶ᠋ᠯᠡᠴᠢᠯᠡᠭᠦᠯᠦᠨ᠎ᠡ

3 ᠰᠠᠷ᠎ᠠ ᠵᠢᠨ 25 ᠤ᠋ ᠦᠳᠡ ᠵᠢᠨ ᠡᠮᠦᠨ᠎ᠡ᠂ ᠬᠥᠬᠡᠬᠣᠲᠠ ᠵᠢᠨ ᠬᠣᠷᠢᠨᠭᠡᠷ ᠱᠢᠨ᠎ᠡ ᠲᠣᠭᠣᠷᠢᠭ ᠲᠦ᠍ ᠮᠠᠰᠢᠨ ᠤ᠋ ᠳᠠᠭᠤᠨ ᠬᠦᠷᠴᠢᠬᠢᠨᠡᠵᠤ᠂ ᠮᠠᠯᠳᠠᠭᠤᠷ ᠮᠠᠱᠢᠨ ᠰᠦᠯᠵᠢᠯᠳᠦᠵᠦ᠍᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠲᠠᠯ᠎ᠠ ᠨᠤᠲᠤᠭ ᠤ᠋ᠨ ᠬᠡᠷ ᠎ᠦᠨ ᠲᠡᠵᠢᠭᠡᠪᠦᠷᠢ ᠵᠢᠨ ᠡᠭᠦᠯᠳᠡᠷ᠎ᠦᠨ ᠱᠢᠨ᠎ᠡ᠎ᠶ᠋ᠢ ᠡᠭᠦᠳᠬᠦ᠌ ᠪᠠ ᠦᠷᠡᠵᠢᠭᠦᠯᠦᠨ ᠪᠣᠢᠵᠢᠭᠤᠯᠬᠤ ᠰᠠᠭᠤᠷᠢᠨ᠎ᠤ ᠲᠥᠷᠥᠯ ᠵᠦᠶ᠋ᠯ᠎ᠤᠨ ᠠᠵᠢᠯ ᠡᠬᠢᠯᠡᠪᠠ᠃

《ᠤᠳᠤ ᠮᠢᠨᠤ ᠰᠠᠷ᠎ᠠ ᠵᠢᠨ ᠴᠠᠯᠢᠩ 7000 ᠰᠢᠬᠠᠮ ᠲᠥᠭᠥᠷᠢᠭ ᠲᠸ᠋ ᠬᠦᠷᠴᠤ ᠪᠠᠢᠨ᠎ᠠ᠂ ᠨᠠᠮᠢ᠋ᠢ ᠠᠵᠢᠯᠯᠠᠭ᠍ᠰᠠᠨ᠎ᠤ ᠳᠠᠷᠠᠭ᠎ᠠ ᠬᠡᠷ ᠤ᠋ᠨ ᠠᠮᠢᠳᠤᠷᠠᠯ ᠢᠯᠡᠳᠲᠡ ᠰᠠᠢᠵᠢᠷᠠᠵᠤ᠂ ᠠᠪᠤ ᠵᠢᠨ ᠵᠢᠠᠨ ᠡᠪᠡᠳᠴᠢᠨ ᠢ᠋ ᠴᠦ᠍ ᠴᠠᠭ ᠲᠤᠬᠠᠶ᠎ᠳᠤᠨᠢ ᠡᠮᠨᠡᠭᠦᠯᠦᠭᠰᠡᠨ ᠡᠴᠡ ᠢᠯᠡᠷᠢᠰᠢᠵᠤ ᠪᠠᠢᠨ᠎ᠠ》 ᠭᠡᠵᠤ ᠤᠯᠠᠭᠠᠨᠬᠠᠳᠠ ᠵᠢᠨ ᠤᠮᠠᠷᠠᠲᠤ ᠵᠢᠨ ᠴᠠᠬᠢᠯᠭᠠᠨ ᠬᠦᠴᠦᠨ ᠤ᠋ ᠠᠵᠢᠯ ᠮᠡᠷᠭᠡᠵᠢᠯ᠎ᠦᠨ ᠰᠤᠷᠭᠠᠭᠤᠯᠢ ᠵᠢᠨ 2020 ᠣᠨ ᠳ᠋ᠦ ᠲᠡᠭᠦᠰᠦᠭᠰᠡᠨ ᠰᠤᠷᠤᠭ᠍ᠴᠢ ᠬᠠᠨ ᡁᠢ ᠶᠦᠩ ᠬᠡᠯᠡᠨ᠎ᠠ᠃ ᠬᠠᠨ ᡁᠢ ᠶᠦᠩ᠎ᠤᠨ ᠠᠪᠤ ᠨᠢ ᠡᠪᠡᠳᠴᠢᠨ ᠲᠠᠢ ᠪᠤᠯᠬᠤᠷ ᠭᠡᠷ᠎ᠤᠨ ᠠᠮᠢᠳᠤᠷᠠᠯ ᠨᠢ ᠶᠠᠳᠠᠭᠤᠬᠠᠨ ᠪᠠᠢᠪᠠ᠃ ᠬᠠᠨ ᡁᠢ ᠶᠦᠩ ᠰᠤᠷᠭᠠᠭᠤᠯᠢ ᠪᠠᠨ ᠲᠡᠭᠦᠰᠦᠭ᠌ᠰᠡᠨ᠎ᠦ ᠳᠠᠷᠠᠭ᠎ᠠ ᠰᠤᠷᠭᠠᠭᠤᠯᠢ ᠪᠠ ᠠᠵᠤ ᠠᠬᠤᠢᠯᠠᠯ ᠤ᠋ᠨ ᠬᠤᠷᠱᠢᠭ᠍ᠰᠠᠨ ᠠᠵᠤ ᠠᠬᠤᠢᠯᠠᠯ᠎ᠳᠤ ᠠᠵᠢᠯᠯᠠᠵᠤ᠂ 《ᠨᠢᠭᠡ ᠬᠥᠮᠦᠨ ᠠᠵᠢᠯ ᠣᠯᠵᠤ ᠪᠥᠬᠥ᠌ ᠬᠡᠷ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠬᠤ》 ᠰᠠᠢᠨ ᠰᠠᠢᠬᠠᠨ ᠬᠦᠰᠡᠯ᠎ᠢᠶᠡᠨ ᠪᠡᠶᠡᠯᠡᠭᠦᠯᠪᠡ᠃

ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠰᠤᠷᠭᠠᠨ ᠬᠥᠮᠦᠵᠢᠯ᠎ᠤᠨ ᠬᠢᠨ ᠴᠢᠳᠠᠪᠤᠷᠢᠲᠠᠨ ᠬᠥᠮᠦᠵᠢᠭᠦᠯᠬᠦ᠌᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ ᠪᠣᠯᠤᠨ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠵᠤ ᠠᠬᠤᠶ ᠵᠢᠨ ᠬᠥᠭ᠌ᠵᠢᠯᠲᠡ ᠳ᠋ᠦ᠍ ᠦᠶ᠋ᠯᠡᠴᠢᠯᠡᠬᠦ᠌ ᠲᠦᠪᠱᠢᠨ᠎ᠢᠶᠡᠨ ᠳᠡᠭᠡᠭ᠌ᠰᠢᠯᠡᠭᠦᠯᠪᠡ᠃ 2017 ᠣᠨ᠎ᠳᠤ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠮᠤᠵᠢ ᠶᠠᠮᠤᠨ ᠬᠠᠮᠲᠤ ᠪᠠᠷ ᠪᠠᠢᠭᠤᠯᠬᠤ ᠲᠠᠯ᠎ᠠ ᠨᠤᠲᠤᠭ ᠤ᠋ᠨ ᠬᠡᠷ ᠎ᠦᠨ ᠲᠡᠵᠢᠭᠡᠪᠦᠷᠢ ᠵᠢᠨ ᠦᠷᠡᠵᠢᠯ ᠢ᠋ ᠲᠣᠬᠢᠷᠠᠭᠤᠯᠤᠨ ᠡᠵᠡᠮᠳᠡᠬᠦ᠌ ᠪᠠ ᠦᠷᠡᠵᠢᠭᠦᠯᠦᠨ ᠪᠣᠢᠵᠢᠭᠤᠯᠬᠤ ᠤᠯᠤᠰ ᠤ᠋ᠨ ᠭᠤᠤᠯᠳᠠᠯᠭ᠎ᠠ᠎ᠲᠠᠶ ᠲᠤᠷᠱᠢᠯᠲᠠ ᠵᠢᠨ ᠲᠠᠰᠤᠭ ᠵᠥᠪᠱᠢᠶᠡᠷᠡᠭ᠌ᠳᠡᠵᠦ᠍ ᠂ ᠥᠪᠡᠷᠲᠡᠭᠡᠨ ᠵᠠᠰᠠᠬᠤ ᠣᠷᠣᠨ᠎ᠤ ᠮᠤᠵᠢ ᠶᠠᠮᠤᠨ ᠬᠠᠮᠲᠤ᠎ᠪᠠᠷ ᠪᠠᠢᠭᠤᠯᠬᠤ ᠤᠯᠤᠰ ᠤ᠋ᠨ ᠭᠤᠤᠯᠳᠠᠯᠭ᠎ᠠ᠎ᠲᠠᠶ ᠲᠤᠷᠱᠢᠯᠲᠠ ᠵᠢᠨ ᠲᠠᠰᠤᠭ ᠥᠬᠡᠶ ᠪᠠᠢᠭ᠍ᠰᠠᠨ ᠪᠠᠢᠳᠠᠯ᠎ᠳᠤ ᠱᠢᠪᠲᠤᠯᠤᠯᠲᠠ ᠭᠠᠷᠭᠠᠪᠠ; ᠠᠵᠢᠯ ᠮᠡᠷᠭᠡᠵᠢᠯ᠎ᠦᠨ ᠰᠤᠷᠭᠠᠨ ᠬᠥᠮᠦᠵᠢᠯ ᠨᠢ ᠵᠢᠯ ᠪᠦᠷᠢ ᠨᠡᠢᠭᠡᠮ ᠳ᠋ᠦ᠍ 12 ᠲᠦᠮᠡ ᠱᠢᠬᠠᠮ ᠠᠳᠠᠯᠢ ᠪᠤᠰᠤ ᠳᠡᠰ ᠳᠠᠪᠬᠤᠷᠭ᠎ᠠ ᠵᠢᠨ ᠴᠢᠳᠠᠪᠤᠷᠢᠲᠠᠨ ᠢ᠋ ᠬᠥᠮᠦᠵᠢᠭᠦᠯᠵᠦ᠍᠂ ᠬᠣᠲᠠ ᠬᠥᠳᠡᠭᠡ ᠵᠢᠨ 22 ᠲᠦᠮᠡᠨ ᠬᠥᠳᠡᠯᠮᠦᠷᠢ ᠬᠦᠴᠦᠨ ᠢ᠋ ᠪᠣᠯᠪᠠᠰᠤᠷᠠᠭᠤᠯᠵᠦ ᠪᠠᠢᠨ᠎ᠠ; ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠳ᠋ᠦ᠍ ᠠᠩᠬᠠᠷᠤᠯ ᠵᠢᠡᠨ ᠲᠥᠪᠯᠡᠷᠡᠭᠦᠯᠵᠦ᠍᠂ ᠮᠠᠨ᠎ᠤ ᠣᠷᠣᠨ ᠶᠡᠬᠡ ᠳᠡᠭᠡᠳᠦ ᠰᠤᠷᠭᠠᠭᠤᠯᠢ ᠵᠢᠨ ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠡᠷᠴᠢᠮ ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠳᠡᠭᠡᠳᠦ ᠵᠡᠷᠭᠡ ᠵᠢᠨ ᠰᠤᠷᠭᠠᠨ ᠬᠥᠮᠦᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ ᠳ᠋ᠦ᠍ ᠦᠶ᠋ᠯᠡᠴᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ 2021ᠣᠨ᠎ᠳᠤ ᠪᠥᠬᠥ᠌ ᠣᠷᠣᠨ᠎ᠤ ᠶᠡᠬᠡ ᠳᠡᠭᠡᠳᠦ ᠰᠤᠷᠭᠠᠭᠤᠯᠢ᠎ᠳᠤ 258 ᠲᠤᠰᠭᠠᠶ ᠮᠡᠷᠭᠡᠵᠢᠯ᠎ᠦᠨ ᠪᠠᠢᠷᠢᠱᠢᠭᠤᠯᠤᠯᠲᠠ ᠵᠢᠨ ᠴᠡᠭ ᠢ᠋ ᠱᠢᠨ᠎ᠡ᠎ᠪᠡᠷ ᠨᠡᠮᠡᠭ᠌ᠳᠡᠭᠦᠯᠵᠦ᠍᠂ 206᠎ᠶ᠋ᠢ ᠬᠦᠴᠦᠨ ᠥᠬᠡᠶ ᠪᠣᠯᠭᠠᠪᠠ ᠁

ᠰᠢᠨ᠎ᠡ ᠲᠡᠤᠭᠡᠨ ᠭᠠᠷᠤᠭ᠎ᠠ᠎ᠳᠤ ᠵᠤᠭᠰᠤᠵᠤ᠂ ᠰᠤᠷᠭᠠᠨ ᠬᠥᠮᠦᠵᠢᠯ ᠢ᠋ ᠤᠷᠢᠳ᠎ᠢᠶᠠᠷ ᠬᠥᠭ᠌ᠵᠢᠭᠦᠯᠬᠦ᠌ ᠠᠯᠬᠤᠭ᠎ᠠ ᠵᠢ ᠳᠠᠭᠠᠯᠳᠤᠨ᠂ ᠨᠡᠩ ᠤᠯᠠᠨ ᠬᠥᠮᠦᠨ ᠰᠤᠷᠭᠠᠨ ᠬᠥᠮᠦᠵᠢᠯ ᠬᠦᠷᠳᠡᠬᠦ ᠪᠡᠷ ᠲᠠᠮᠵᠢᠨ ᠬᠤᠪᠢ ᠵᠠᠶᠠᠭ᠎ᠠ᠎ᠪᠠᠨ ᠦᠭᠡᠷᠡᠴᠢᠯᠡᠵᠤ᠂ ᠰᠠᠢ᠌ᠨ ᠰᠠᠢᠬᠠᠨ ᠬᠦᠰᠡᠯ ᠵᠡᠬᠦᠳᠤ ᠪᠠᠨ ᠲᠡᠷᠭᠡᠯᠰᠢᠬᠦᠯᠤᠨ᠂ ᠨᠡᠩ ᠭᠡᠭᠡᠨ ᠰᠠᠷᠠᠭᠤᠯ ᠢᠷᠡᠭᠡᠳᠦᠢ᠎ᠲᠡᠶ ᠪᠣᠯᠬᠤ ᠨᠢ ᠯᠠᠪᠲᠠᠢ ᠶᠤᠮ!

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面