2022-06-15 09:31:00
《ᠨᠡᠮᠡᠭᠳᠡᠯ᠎ᠡ!》
2021 ᠣᠨ᠎ᠳᠤ ᠥᠪᠥᠷ ᠮᠣᠩᠭᠣᠯ᠎ᠤᠨ ᠠᠮᠤ ᠪᠤᠳᠠᠭᠠᠨ᠎ᠤ ᠤᠨᠠᠯᠲᠠ 768.06 ᠳ᠋ᠦᠩᠱᠢᠭᠤᠷ ᠵᠢᠩ᠎ᠳᠦ ᠬᠦᠷᠴᠦ᠍᠂ ᠠᠷᠪᠠᠨ ᠨᠠᠶ᠋ᠮᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠪᠠ᠃
《ᠲᠣᠭ᠍ᠲᠠᠭᠤᠨ ᠪᠤᠯᠤᠯ᠎ᠠ!》
ᠡᠨᠡ ᠵᠢᠯ᠎ᠦᠨ ᠮᠠᠨ᠎ᠤ ᠣᠷᠣᠨ᠎ᠤ ᠬᠠᠪᠤᠷ᠎ᠤᠨ ᠲᠠᠷᠢᠶᠠᠯᠠᠭ᠎ᠠ᠎ᠶ᠋ᠢᠨ ᠲᠠᠯᠠᠪᠠᠶ ᠪᠠᠰᠠ 1 ᠳ᠋ᠦᠩᠱᠢᠭᠤᠷ ᠮᠣ᠌ᠶ᠋ᠢ ᠳᠠᠪᠠᠵᠤ᠂ ᠪᠥᠬᠥ᠌ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ ᠤᠯᠬᠤ᠎ᠳᠤ ᠪᠠᠲᠤ ᠪᠡᠬᠢ ᠰᠠᠭᠤᠷᠢ᠎ᠶ᠋ᠢ ᠲᠠᠯᠪᠢᠵᠡᠶ᠃
ᠲᠠᠷᠢᠶᠠᠨ ᠭᠠᠵᠠᠷ ᠪᠠᠢᠪᠠᠰᠤ ᠠᠮᠤ ᠪᠤᠳᠠᠭ᠎ᠠ ᠪᠠᠢᠮᠤᠢ᠂ ᠠᠮᠤ ᠪᠤᠳᠠᠭ᠎ᠠ ᠪᠠᠢᠪᠡᠰᠤ ᠠᠮᠤᠷ ᠲᠤᠬᠳᠠᠭᠤᠨ ᠪᠤᠯᠤᠮᠤᠢ᠃ ᠮᠠᠨ᠎ᠤ ᠣᠷᠣᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠢ ᠪᠠᠲᠤ ᠰᠠᠬᠢᠵᠤ ᠂ ᠣᠷᠣᠨ ᠪᠦᠰᠡ᠎ᠶ᠋ᠢᠨ ᠪᠠᠢᠷᠢᠱᠢᠭᠤᠯᠤᠯᠲᠠ ᠪᠠ ᠴᠢᠬᠤᠯᠠ ᠡᠯᠧᠮᠧᠨ᠋ᠲ᠎ᠦᠨ ᠨᠡᠢᠳᠭᠡᠯᠢ ᠱᠢᠯᠢᠳᠡᠭ᠌ᠵᠢᠭᠦᠯᠵᠦ᠍ ᠂ ᠲᠠᠷᠢᠶᠠᠨ ᠭᠠᠵᠠᠷ᠎ᠤᠨ ᠠᠮᠤ ᠪᠤᠳᠠᠭᠠᠨ᠎ᠤ ᠦᠢᠯᠡᠳᠪᠤᠷᠢᠯᠡᠯ᠎ᠤᠨ ᠴᠢᠳᠠᠪᠤᠷᠢ ᠵᠢ ᠪᠠᠳᠤᠯᠠᠬᠤ ᠵᠢ ᠠᠬᠢᠭᠤᠯᠵᠤ᠂ ᠨᠡᠩ ᠤᠯᠠᠨ ᠠᠮᠤ ᠪᠤᠳᠠᠭᠠᠨ᠎ᠤ ᠲᠠᠷᠢᠶᠡᠨ ᠭᠠᠵᠠᠷ᠎ᠢ ᠰᠠᠢ᠌ᠨ ᠲᠠᠷᠢᠶᠠᠨ ᠭᠠᠵᠠᠷ ᠪᠣᠯᠭᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠪᠡ᠃
ᠥᠨᠳᠥᠷ ᠵᠣᠭ᠍ᠰᠣᠴᠠ᠎ᠡᠴᠡ ᠪᠠᠢᠷᠢ ᠲᠣᠭ᠍ᠲᠠᠭᠠᠵᠤ ᠲᠠᠷᠢᠶᠠᠨ ᠭᠠᠵᠠᠷ᠎ᠤᠨ ᠬᠠᠮᠠᠭᠠᠯᠠᠯᠲᠠ ᠨᠠᠩ ᠬᠦᠴᠦᠲᠡᠶ ᠪᠣᠯᠪᠠ
ᠵᠤᠨ᠎ᠤ ᠤᠯᠠᠷᠢᠯ᠎ᠳᠤ᠂ ᠥᠪᠥᠷ ᠮᠣᠩᠭᠣᠯ᠎ᠤᠨ ᠡᠬᠡ ᠭᠠᠵᠠᠷ᠎ᠲᠤ ᠪᠠᠴᠢᠮ ᠶᠠᠭᠠᠷᠠᠯᠳᠠᠢ ᠪᠦᠭᠡᠳ ᠬᠦᠷ ᠬᠦᠭᠵᠢᠶᠠᠨᠲᠠᠢ ᠪᠠᠢᠳᠠᠯ ᠵᠢᠡᠷ ᠪᠢᠯᠬᠠᠨ᠎ᠠ᠃ ᠪᠣᠷᠣᠲᠣᠬᠣᠢ᠎ᠶ᠋ᠢᠨ ᠲᠠᠯ᠎ᠠ ᠭᠠᠵᠠᠷ᠎ᠲᠤ ᠬᠠᠮᠢᠶᠠᠷᠤᠯᠲᠠ ᠬᠠᠮᠠᠭᠠᠯᠠᠯᠲᠠ᠎ᠶ᠋ᠢ ᠴᠢᠩᠭᠠᠳᠭᠠᠵᠤ᠂ 《ᠣᠶᠤᠨᠴᠢ᠎ᠪᠠᠷ ᠲᠠᠷᠢᠶ᠎ᠠ ᠲᠠᠷᠢᠵᠤ》᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠵᠢᠡᠷ ᠲᠠᠷᠢᠶᠠᠨ ᠴᠢᠬᠢ ᠵᠢ ᠪᠤᠢᠵᠢᠭᠤᠯᠤᠨ᠎ᠠ; ᠬᠠᠳᠤᠨ ᠭᠤᠤᠯ᠎ᠤᠨ ᠬᠥᠪᠡᠭᠡᠨ᠎ᠳᠤ ᠲᠠᠷᠢᠶᠠᠯᠠᠩ᠎ᠤᠨ ᠦᠢᠯᠡᠳᠪᠤᠷᠢᠯᠡᠯ᠎ᠤᠨ ᠭᠡᠷᠡᠭᠰᠡᠯ ᠪᠡᠯᠡᠳᠭᠡᠬᠦ᠌᠂ ᠨᠠᠢᠳᠠᠨ ᠬᠠᠮᠢᠶᠠᠷᠤᠭᠤᠯᠬᠤ᠎ᠶ᠋ᠢ ᠨᠡᠮᠡᠭ᠌ᠳᠡᠭᠦᠯᠵᠤ᠂ ᠬᠡᠪᠴᠢᠶᠡᠵᠢᠭᠦᠯᠦᠨ ᠡᠵᠡᠩᠨᠡᠨ᠎ᠠ; ᠬᠠᠷ᠎ᠠ ᠬᠦᠷᠤᠰᠤᠨ᠎ᠳᠤ ᠰᠠᠢᠨ ᠲᠠᠷᠢᠶ᠎ᠠ ᠵᠢ ᠪᠦᠳᠤᠭᠡᠨ ᠪᠠᠢᠭᠤᠯᠵᠤ᠂ ᠬᠢᠮᠢ ᠵᠢᠨ ᠪᠤᠷᠳᠤᠭᠤᠷ᠎ᠢ ᠬᠠᠰᠤᠵᠤ᠂ ᠪᠣᠬᠢᠷᠲᠤᠯ ᠦᠭᠡᠢ ᠦᠶ᠋ᠯᠡᠳᠪᠦᠷᠢᠯᠡᠯ᠎ᠢ ᠡᠷᠴᠢᠮᠵᠢᠬᠦᠯᠦᠨᠠ ᠁
ᠠᠮᠢᠵᠢᠷᠠᠯ᠎ᠤᠨ ᠬᠦᠴᠦᠨ᠎ᠢᠶᠡᠷ ᠪᠢᠯᠬᠠᠭ᠍ᠰᠠᠨ ᠲᠠᠷᠢᠶᠠᠨ ᠭᠠᠵᠠᠷ᠎ᠲᠦ ᠥᠪᠥᠷ ᠮᠣᠩᠭᠣᠯ᠎ᠤᠨ ᠠᠮᠤ ᠪᠤᠳᠠᠭ᠎ᠠ᠎ᠪᠠᠨ ᠲᠣᠭ᠍ᠲᠠᠪᠤᠷᠢᠵᠢᠭᠤᠯᠵᠤ ᠲᠠᠷᠢᠶᠠᠨ ᠭᠠᠵᠠᠷ᠎ᠢᠶᠠᠨ ᠰᠠᠬᠢᠨ ᠬᠠᠮᠠᠭᠠᠯᠠᠵᠤ᠂ 《ᠠᠮᠤ ᠪᠤᠳᠠᠭᠠᠨ᠎ᠤ ᠬᠥᠮᠥᠷᠭᠡ》 ᠪᠡᠨ ᠨᠡᠩ ᠡᠯᠪᠡᠭ ᠪᠠᠶᠠᠯᠢᠭ ᠪᠣᠯᠭᠠᠭ᠍ᠰᠠᠨ ᠪᠣᠳᠠᠲᠤ ᠠᠵᠢᠯᠯᠠᠭ᠎ᠠ ᠢᠯᠡᠷᠡᠨ᠎ᠡ᠃
ᠥᠪᠥᠷ ᠮᠣᠩᠭᠣᠯ ᠪᠣᠯ ᠪᠥᠬᠥ᠌ ᠤᠯᠤᠰ᠎ᠤᠨ ᠠᠮᠤ ᠪᠤᠳᠠᠭᠠᠨ᠎ᠤ ᠭᠤᠤᠯᠳᠠᠯᠭ᠎ᠠ᠎ᠲᠠᠶ ᠦᠶ᠋ᠯᠡᠳᠪᠦᠷᠢᠯᠡᠯ᠎ᠦᠨ 13 ᠮᠤᠵᠢ ᠣᠷᠣᠨ᠎ᠤ ᠨᠢᠭᠡ ᠮᠥᠨ᠂ ᠠᠮᠤ ᠪᠤᠳᠠᠭ᠎ᠠ ᠵᠢ ᠬᠡᠪᠴᠢᠶᠡᠵᠢᠬᠦᠯᠦᠨ ᠭᠠᠳᠠᠭ᠍ᠰᠢ ᠰᠢᠯᠵᠢᠬᠦᠯᠳᠡᠭ 8 ᠮᠤᠵᠢ ᠣᠷᠣᠨ᠎ᠤ ᠨᠢᠭᠡ ᠮᠥᠨ᠂ ᠪᠠᠰᠠ ᠴᠤ᠌ ᠤᠯᠤᠰ᠎ᠤᠨ ᠲᠠᠷᠢᠶᠠᠨ ᠭᠠᠵᠠᠷ᠎ᠤᠨ ᠬᠠᠳᠠᠭᠠᠯᠠᠯᠲᠠ᠎ᠶ᠋ᠢᠨ ᠬᠡᠮᠵᠢᠶ᠎ᠡ ᠳ᠋ᠦᠩᠱᠢᠭᠤᠷ ᠮᠣ᠌ᠶ᠋ᠢ ᠳᠠᠪᠠᠭ᠍ᠰᠠᠨ 4 ᠮᠤᠵᠢ ᠣᠷᠣᠨ᠎ᠤ ᠨᠢᠭᠡ ᠮᠥᠨ᠃
ᠲᠠᠷᠢᠶᠠᠨ ᠭᠠᠵᠠᠷ ᠪᠣᠯ ᠠᠮᠤ ᠪᠤᠳᠠᠭᠠᠨ᠎ᠤ ᠦᠢᠯᠡᠳᠪᠦᠷᠢᠯᠡᠯ᠎ᠦᠨ ᠠᠮᠢᠨ ᠰᠤᠳᠠᠰᠤ ᠮᠥᠨ᠃ ᠥᠪᠥᠷ ᠮᠣᠩᠭᠣᠯ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠥᠨᠳᠥᠷ ᠵᠣᠭ᠍ᠰᠣᠴᠠ ᠡᠴᠡ ᠪᠠᠢᠷᠢ ᠲᠣᠭ᠍ᠲᠠᠭᠠᠯᠲᠠ ᠬᠢᠵᠦ᠍᠂ ᠨᠢᠭᠡᠳᠦᠯᠲᠡᠶ ᠲᠥᠯᠥᠪᠵᠢᠭᠦᠯᠦᠨ ᠪᠠᠢᠷᠢᠯᠠᠭᠤᠯᠵᠤ᠂ ᠡᠷᠴᠢᠮᠯᠢᠭ ᠬᠦᠴᠤᠳᠠᠢ ᠴᠢᠨᠭᠭ᠎ᠠ ᠠᠷᠭ᠎ᠠ ᠬᠡᠮᠵᠢᠶ᠎ᠡ ᠠᠪᠴᠤ᠌᠂ ᠲᠠᠷᠢᠶᠠᠨ ᠭᠠᠵᠠᠷ᠎ᠤᠨ ᠤᠯᠠᠭᠠᠨ ᠱᠤᠭᠤᠮ᠎ᠢ ᠪᠠᠳᠤ ᠰᠠᠬᠢᠵᠤ᠂ ᠲᠠᠯᠠᠪᠠᠶ᠎ᠶ᠋ᠢ ᠲᠣᠭ᠍ᠲᠠᠪᠤᠷᠢᠵᠢᠭᠤᠯᠤᠨ ᠨᠢᠭᠡᠴᠢ ᠤᠨᠠᠯᠲᠠ᠎ᠵᠢ ᠨᠡᠮᠡᠭᠳᠡᠬᠦᠯᠵᠦ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃
ᠠᠯᠤᠰ ᠬᠡᠲᠦ᠍᠎ᠶ᠋ᠢ ᠪᠣᠳᠣᠯᠬᠢᠯᠠᠨ ᠤᠯᠠᠭᠠᠨ ᠱᠤᠭᠤᠮ ᠵᠢᠷᠤᠵᠤ ᠦᠪᠤᠷ ᠮᠤᠨᠭᠭᠤᠯ ᠡᠭᠦᠨ ᠵᠢᠡᠨ ᠣᠷᠳᠣ ᠬᠤᠭᠤᠴᠠᠭ᠎ᠠ᠎ᠪᠠᠷ ᠪᠠᠷᠢᠮᠲᠠᠯᠠᠪᠠ —
ᠥᠪᠡᠷᠲᠡᠭᠡᠨ ᠵᠠᠰᠠᠬᠤ ᠣᠷᠣᠨ᠎ᠡᠴᠡ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠦᠨᠳᠦᠰᠦᠨ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠂ ᠬᠣᠲᠠ ᠪᠠᠯᠭᠠᠰᠤ᠎ᠶ᠋ᠢᠨ ᠨᠡᠭᠡᠭᠡᠨ ᠬᠥᠭ᠌ᠵᠢᠭᠦᠯᠬᠦ᠌ ᠵᠠᠭᠠᠭ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ᠎ᠢ ᠨᠢᠭᠡᠳᠦᠯᠲᠡᠶ ᠲᠥᠯᠥᠪᠵᠢᠬᠦᠯᠤᠨ ᠲᠥᠯᠥᠪᠯᠡᠵᠤ᠂ ᠬᠡᠷᠡᠭ᠌ᠯᠡᠬᠦ᠌ ᠭᠠᠵᠠᠷ᠎ᠤᠨ ᠪᠦᠲᠦᠴᠡ᠎ᠶ᠋ᠢ ᠤᠯᠠᠮ ᠱᠢᠯᠢᠳᠡᠭ᠌ᠵᠢᠭᠦᠯᠦᠨ᠂ ᠲᠠᠷᠢᠶᠠᠨ ᠭᠠᠵᠠᠷ᠎ᠢ ᠡᠵᠡᠯᠡᠨ ᠬᠡᠷᠡᠭ᠌ᠯᠡᠬᠦ᠌᠎ᠶ᠋ᠢ ᠪᠠᠭᠠᠰᠭᠠᠵᠤ ᠂ ᠴᠢᠨᠠᠷ ᠰᠠᠢᠲᠠᠶ ᠲᠠᠷᠢᠶᠠᠨ ᠭᠠᠵᠠᠷ᠎ᠢ ᠬᠠᠮᠠᠭᠠᠯᠠᠪᠠ᠃
ᠶᠡᠬᠡ ᠲᠠᠯ᠎ᠠ᠎ᠶ᠋ᠢ ᠪᠣᠳᠣᠯᠬᠢᠯᠠᠨ ᠲᠥᠯᠥᠪᠵᠢᠭᠦᠯᠵᠦ᠍ ᠥᠪᠥᠷ ᠮᠣᠩᠭᠣᠯ ᠪᠠᠢᠳᠠᠯ᠎ᠢ ᠳᠠᠭᠠᠨ ᠠᠵᠢᠯᠯᠠᠪᠠ —
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ 〈ᠲᠠᠷᠢᠶᠠᠯᠠᠩ᠎ᠤᠨ ᠪᠤᠰᠤ ᠪᠣᠯᠭᠠᠬᠤ〉 ᠶ᠋ᠢ ᠲᠠᠰᠤ ᠬᠣᠷᠢᠭ᠍ᠯᠠᠨ ᠵᠣᠭ᠍ᠰᠣᠭᠠᠬᠤ ᠬᠡᠷᠡᠭ᠌ᠵᠢᠭᠦᠯᠬᠦ᠌ ᠲᠥᠰᠦᠯ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠷᠢᠶᠠᠨ ᠭᠠᠵᠠᠷ᠎ᠢ 〈ᠠᠮᠤ ᠪᠤᠳᠠᠭᠠᠨ᠎ᠤ ᠪᠤᠰᠤ ᠪᠣᠯᠭᠠᠬᠤ〉 ᠶ᠋ᠢ ᠰᠡᠷᠭᠡᠢᠯᠡᠨ ᠬᠣᠷᠢᠭ᠍ᠯᠠᠵᠤ ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠲᠣᠭ᠍ᠲᠠᠪᠤᠷᠢᠵᠢᠭᠤᠯᠬᠤ ᠠᠵᠢᠯ᠎ᠤᠨ ᠲᠥᠰᠦᠯ 》 ᠂ 《ᠲᠠᠷᠢᠶᠠᠨ ᠭᠠᠵᠠᠷ᠎ᠢ ᠬᠠᠮᠠᠭᠠᠯᠠᠬᠤ᠎ᠶ᠋ᠢ ᠤᠯᠠᠮ ᠴᠢᠨᠠᠬᠰᠢᠳᠠ ᠴᠢᠩᠭᠠᠳᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ᠌ᠵᠢᠭᠦᠯᠬᠦ᠌ ᠰᠠᠨᠠᠯ》ᠵᠡᠷᠭᠡ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ ᠨᠢ ᠪᠦᠷᠢᠨ ᠲᠡᠭᠦᠯᠳᠡᠷ᠂ ᠬᠠᠮᠠᠭᠠᠯᠠᠯᠲᠠ ᠨᠢ ᠬᠦᠴᠦᠲᠡᠶ᠂ ᠬᠡᠷᠡᠭ᠌ᠵᠢᠭᠦᠯᠦᠯᠲᠡ ᠨᠢ ᠱᠢᠭᠤᠳ ᠱᠢᠯᠤᠭᠤᠨ᠂ ᠬᠠᠮᠢᠶᠠᠷᠤᠯᠲᠠ ᠨᠢ ᠥᠨᠳᠥᠷ ᠪᠦᠲᠦᠮᠵᠢᠲᠡᠶ ᠲᠠᠷᠢᠶᠠᠨ ᠭᠠᠵᠠᠷ᠎ᠤᠨ ᠬᠠᠮᠠᠭᠠᠯᠠᠯᠲᠠ᠎ᠳᠤ ᠬᠢᠨᠠᠯᠲᠠ ᠲᠠᠯᠪᠢᠬᠤ ᠱᠢᠰᠲ᠋ᠧᠮ᠎ᠢ ᠪᠤᠢ ᠪᠣᠯᠭᠠᠬᠤ᠎ᠶ᠋ᠢ ᠠᠬᠢᠭᠤᠯᠪᠠ᠃
ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠨ ᠨᠠᠢᠳᠠᠪᠤᠷᠢᠵᠢᠭᠤᠯᠤᠯᠲᠠ᠎ᠶ᠋ᠢ ᠠᠳᠭᠤᠵᠤ ᠥᠪᠥᠷ ᠮᠣᠩᠭᠣᠯ ᠪᠤᠳᠠᠳᠠᠢ ᠦᠢᠯᠡᠳᠤᠯᠭᠡᠵᠢᠬᠦᠯᠪᠠ —
ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠷᠢᠶᠠᠨ ᠭᠠᠵᠠᠷ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠲᠠᠷᠢᠶᠠᠨ ᠭᠠᠵᠠᠷ᠎ᠤᠨ ᠬᠡᠰᠡᠭ ᠪᠦᠷᠢ᠎ᠶ᠋ᠢ ᠴᠥᠮ ᠬᠠᠮᠢᠶᠠᠷᠬᠤ ᠬᠥᠮᠦᠨ᠎ᠲᠡᠶ ᠪᠠᠢᠬᠤ᠎ᠶ᠋ᠢ ᠪᠠᠲᠤᠯᠠᠪᠠ; ᠦᠨᠢᠳᠠ ᠵᠢᠨ ᠦᠨᠳᠦᠰᠦᠨ ᠲᠠᠷᠢᠶᠠᠨ ᠭᠠᠵᠠᠷ᠎ᠢ 《ᠠᠮᠤ ᠪᠤᠳᠠᠭᠠᠨ᠎ᠤ ᠪᠤᠰᠤ ᠪᠣᠯᠭᠠᠬᠤ》 ᠶ᠋ᠢ ᠴᠢᠩᠭ᠎ᠠ ᠬᠢᠵᠠᠭᠠᠷᠯᠠᠵᠤ᠂ ᠦᠨᠳᠦᠰᠦᠨ ᠲᠠᠷᠢᠶᠠᠨ ᠭᠠᠵᠠᠷ᠎ᠢ ᠥᠨᠢᠳᠡ ᠬᠠᠮᠠᠭᠠᠯᠠᠬᠤ᠎ᠶ᠋ᠢ ᠴᠢᠩᠭᠠᠳᠭᠠᠪᠠ; ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠲᠠᠷᠢᠶᠠᠨ ᠭᠠᠵᠠᠷ᠎ᠤᠨ ᠬᠢᠨᠠᠨ ᠬᠠᠷᠭᠤᠭᠤᠯᠵᠤ ᠮᠠᠭᠠᠳᠯᠠᠨ ᠲᠣᠭ᠍ᠲᠠᠭᠠᠬᠤ᠎ᠶ᠋ᠢ ᠴᠢᠩᠭ᠎ᠠ ᠨᠥᠬᠥᠪᠥᠷᠢᠯᠡᠪᠠ; ᠬᠠᠤᠯᠢ ᠬᠡᠷᠡᠭ᠌ᠵᠢᠭᠦᠯᠵᠦ᠍ ᠬᠢᠨᠠᠯᠲᠠ ᠲᠠᠯᠪᠢᠬᠤ᠎ᠶ᠋ᠢ ᠴᠢᠩᠭᠠᠳᠬᠠᠨ ᠂ ᠲᠠᠷᠢᠶᠠᠨ ᠭᠠᠵᠠᠷ᠎ᠢ ᠬᠠᠤᠯᠢ᠎ᠡᠴᠡ ᠵᠥᠷᠢᠴᠡᠨ ᠡᠵᠡᠯᠡᠨ ᠬᠡᠷᠡᠭ᠌ᠯᠡᠭ᠌ᠰᠡᠨᠢ ᠴᠢᠩᠭ᠎ᠠ ᠪᠠᠢᠴᠠᠭᠠᠨ ᠱᠢᠶ᠋ᠳᠪᠦᠷᠢᠯᠡᠵᠦ᠍᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭᠠᠬᠤ》ᠠᠵᠢᠯᠯᠠᠭ᠎ᠠ᠎ᠶ᠋ᠢ ᠲᠠᠰᠤ ᠬᠣᠷᠢᠭ᠍ᠯᠠᠪᠠ᠃
《 ᠦᠨᠳᠦᠰᠦᠨ ᠪᠠᠢᠳᠠᠯ 》 ᠢ᠋ ᠲᠣᠭ᠍ᠲᠠᠪᠤᠷᠢᠵᠢᠭᠤᠯᠵᠤ᠂ 《ᠲᠤᠬᠳᠠᠪᠤᠷᠢᠵᠢᠭᠤᠯᠤᠬᠴᠢ》 ᠵᠢ ᠰᠠᠢᠲᠤᠷ ᠰᠠᠬᠢᠪᠠ᠃ ᠨᠠᠩ ᠪᠣᠳᠠᠲᠠᠶ ᠠᠷᠭ᠎ᠠ ᠬᠡᠮᠵᠢᠶ᠎ᠡ ᠠᠪᠴᠤ᠌᠂ ᠨᠠᠩ ᠴᠢᠩᠭ᠎ᠠ ᠲᠠᠷᠢᠶᠠᠨ ᠭᠠᠵᠠᠷ᠎ᠤᠨ ᠬᠠᠮᠠᠭᠠᠯᠠᠯᠲᠠ᠎ᠶ᠋ᠢᠨ ᠲᠦᠷᠢᠮ᠎ᠢ ᠨᠠᠢᠳᠠᠪᠤᠷᠢᠵᠢᠭᠤᠯᠬᠤ᠎ᠶ᠋ᠢᠨ ᠠᠷᠤ᠎ᠳᠤ᠂ ᠮᠠᠨ᠎ᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠦᠨ ᠰᠠᠭᠤᠷᠢᠨ᠎ᠢ ᠪᠥᠲᠥᠭᠡᠨ ᠪᠠᠢᠭᠤᠯᠬᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠢᠳᠡᠷᠭᠡᠭ ᠠᠯᠬᠤᠭ᠎ᠠ ᠪᠣᠶ᠃
ᠲᠣᠭ᠎ᠠ ᠬᠡᠮᠵᠢᠶ᠎ᠡ᠎ᠶ᠋ᠢ ᠪᠠᠭᠠᠰᠭᠠᠬᠤ ᠥᠬᠡᠶ᠂ ᠶᠠᠰᠤ ᠴᠢᠨᠠᠷ᠎ᠢ ᠳᠡᠭᠡᠭ᠌ᠰᠢᠯᠡᠭᠦᠯᠵᠤ᠂ ᠪᠠᠢᠷᠢᠱᠢᠭᠤᠯᠤᠯᠲᠠ᠎ᠶ᠋ᠢ ᠲᠣᠭ᠍ᠲᠠᠭᠤᠨ ᠪᠠᠢᠯᠭᠠᠨ᠎ᠠ ᠁ ᠮᠠᠨ᠎ᠤ ᠣᠷᠣᠨ ᠲᠠᠷᠢᠶᠠᠨ ᠭᠠᠵᠠᠷ᠎ᠢ ᠡᠵᠡᠯᠡᠬᠦ᠌ ᠪᠠ ᠨᠥᠬᠥᠪᠥᠷᠢᠯᠡᠬᠦ᠌᠎ᠶ᠋ᠢ ᠲᠡᠩᠴᠡᠭᠦᠷᠢᠲᠡᠶ ᠪᠠᠢᠯᠭᠠᠬᠤ᠎ᠶ᠋ᠢ ᠬᠢᠨᠠᠨ ᠬᠡᠮᠵᠢᠵᠦ᠍ ᠬᠢᠨᠠᠨ ᠬᠠᠮᠢᠶᠠᠷᠬᠤ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠨᠥᠬᠦᠪᠦᠷᠢᠯᠡᠭᠰᠡᠨ ᠲᠠᠷᠢᠶᠠᠨ ᠭᠠᠵᠠᠷ᠎ᠤᠨ ᠲᠥᠷᠥᠯ ᠵᠦᠶ᠋ᠯ ᠪᠠᠢᠭᠤᠯᠬᠤ᠂ ᠬᠡᠷᠡᠭ᠌ᠵᠢᠭᠦᠯᠬᠦ᠌ ᠂ ᠱᠢᠯᠭᠠᠨ ᠠᠪᠬᠤ ᠂ ᠬᠠᠮᠢᠶᠠᠷᠴᠤ᠌ ᠬᠠᠮᠠᠭᠠᠯᠠᠬᠤ ᠂ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠬᠠᠷᠭᠤᠭᠤᠯᠤᠨ ᠲᠣᠭ᠍ᠲᠠᠭᠠᠬᠤ ᠂ ᠭᠦᠶ᠋ᠴᠡᠳᠭᠡᠯ ᠲᠣᠭ᠎ᠠ᠎ᠶ᠋ᠢ ᠠᠷᠠᠯᠵᠢᠶᠠᠯᠠᠬᠤ ᠪᠥᠬᠥ᠌ ᠶᠠᠪᠤᠴᠠ᠎ᠵᠢᠨ ᠬᠢᠨᠠᠯᠳᠠ ᠬᠠᠮᠢᠶᠠᠷᠤᠯᠳᠠ᠎ᠶ᠋ᠢ ᠪᠠᠢᠭᠤᠯᠤᠨ ᠂ 《 ᠡᠵᠡᠯᠡᠨ ᠬᠡᠷᠡᠭ᠌ᠯᠡᠭ᠌ᠰᠡᠨ᠎ᠨᠢ ᠲᠣᠳᠣᠷᠬᠠᠶ ᠂ ᠬᠢᠨᠠᠨ ᠬᠠᠷᠭᠤᠭᠤᠯᠤᠭ᠍ᠰᠠᠨ᠎ᠨᠢ ᠴᠢᠩᠭ᠎ᠠ ᠂ ᠨᠥᠬᠥᠪᠥᠷᠢᠯᠡᠭ᠌ᠰᠡᠨ᠎ᠨᠢ ᠦᠨᠡᠨ ᠪᠣᠳᠠᠲᠠᠶ》 ᠪᠠᠢᠬᠤ᠎ᠶ᠋ᠢ ᠪᠡᠶᠡᠯᠡᠭᠦᠯᠵᠦ᠍᠂ ᠨᠥᠬᠥᠪᠥᠷᠢᠯᠡᠭ᠌ᠰᠡᠨ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ ᠬᠣᠶᠠᠷ᠎ᠢ ᠪᠣᠳᠠᠲᠠᠢᠵᠢᠭᠤᠯᠬᠤ᠎ᠶ᠋ᠢ ᠦᠨᠡᠨ ᠬᠦ᠌ ᠪᠠᠲᠤᠯᠠᠪᠠ᠃
ᠭᠠᠵᠠᠷ ᠱᠢᠷᠣᠶ ᠵᠢ ᠭᠡᠷᠡᠭᠯᠡᠬᠦ ᠪᠠ ᠭᠠᠵᠠᠷ ᠱᠢᠷᠣᠶ᠎ᠶ᠋ᠢ ᠰᠢᠮᠠᠵᠢᠬᠦᠯᠬᠦ ᠵᠢ ᠵᠡᠷᠭᠡ᠎ᠪᠡᠷ ᠴᠢᠬᠤᠯᠠᠴᠢᠯᠠᠵᠤ ᠠᠮᠤ ᠪᠤᠳᠠᠭ᠎ᠠ ᠡᠯᠪᠡᠭ ᠬᠤᠷᠢᠶᠠᠯᠲᠠ ᠣᠯᠬᠤ ᠪᠠᠲᠤᠯᠠᠭ᠎ᠠ᠎ᠲᠠᠶ ᠪᠤᠯᠪᠠ
ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠲᠠᠪᠤᠨᠰᠠᠢ᠌ᠨ ᠱᠢᠶᠠᠩ᠎ᠤᠨ ᠲᠠᠮᠤᠷ ᠲᠣᠰᠭᠣᠨ᠎ᠳᠤ ᠬᠦᠷᠬᠦ᠌᠎ᠳᠦ ᠂ ᠲᠠᠷᠢᠶᠠᠨ ᠭᠠᠵᠠᠷ ᠲᠤ᠌ ᠲᠠᠷᠢᠶᠠᠯᠠᠩ᠎ᠤᠨ ᠮᠠᠱᠢᠨ ᠬᠦᠷᠴᠢᠭᠢᠨᠡᠵᠦ᠍᠂ ᠶᠠᠭᠠᠷᠠᠯᠳᠠᠢ ᠨᠢ ᠢᠯᠡᠭᠡᠨ ᠪᠠᠢᠯ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ᠂ ᠠᠵᠢᠯᠴᠢᠳ ᠶᠠᠭ ᠲᠤᠳᠤᠷᠯᠠᠬᠰᠡᠨ ᠰᠤᠪᠠᠭ ᠵᠠᠰᠠᠵᠤ ᠂ ᠰᠦᠷᠴᠢᠨ ᠤᠰᠤᠯᠠᠬᠤ ᠱᠢᠰᠲ᠋ᠧᠮ᠎ᠢ ᠲᠣᠬᠢᠷᠠᠭᠤᠯᠤᠨ ᠲᠤᠷᠱᠢᠵᠤ ᠪᠠᠢᠯ᠎ᠠ᠃
《ᠣᠲᠣ ᠵᠢᠨ ᠪᠦᠳᠤᠭᠡᠨ ᠪᠠᠢᠭᠤᠯᠵᠤ ᠪᠠᠢᠭ᠎ᠠ ᠡᠨᠡ ᠬᠦ᠌ ᠭᠡᠰᠡᠭ ᠭᠠᠵᠠᠷ 2800 ᠮᠥ᠍ ᠪᠠᠢᠨ᠎ᠠ ᠂ ᠭᠤᠤᠯᠳᠠᠭᠤ ᠲᠠᠷᠢᠶᠠᠨ ᠭᠠᠵᠠᠷ᠎ᠤᠨ ᠵᠠᠮ᠎ᠢ ᠥᠭᠡᠷᠡᠴᠢᠯᠡᠬᠦ᠌ ᠪᠠ ᠲᠤᠳᠤᠷᠯᠠᠬᠰᠡᠨ ᠰᠤᠪᠠᠭ᠎ᠤᠨ ᠢᠨᠵᠧᠨᠧᠷᠢᠩᠪᠤᠢ᠂ ᠲᠤᠳᠤᠷᠯᠠᠬᠰᠡᠨ ᠰᠤᠪᠠᠭ᠎ᠤᠨ ᠪᠥᠬᠥ᠌ ᠣᠷᠳᠣ ᠨᠢ 4700 ᠮᠧᠲ᠋ᠷ ᠪᠣᠯᠤᠨ᠎ᠠ᠃ ᠲᠠᠷᠠᠭᠠᠴᠢ᠎ᠶ᠋ᠢᠨ ᠠᠯᠬᠤᠮ᠎ᠳᠤ ᠣᠶᠤᠨᠴᠢ ᠡᠵᠡᠮᠳᠡᠯ ᠱᠢᠰᠲ᠋ᠧᠮ ᠤᠭ᠍ᠰᠠᠷᠠᠵᠤ ᠂ ᠬᠥᠷᠥᠰᠥᠨ᠎ᠦ ᠴᠢᠭᠢᠭ᠎ᠦᠨ ᠬᠡᠮᠵᠢᠶ᠎ᠡ᠎ᠶ᠋ᠢ ᠴᠠᠭ ᠲᠤᠬᠠᠶ᠎ᠳᠤᠨᠢ ᠬᠢᠨᠠᠨ ᠬᠡᠮᠵᠢᠵᠦ᠍ ᠂ ᠬᠠᠮᠢᠭ᠎ᠠ ᠨᠢ ᠤᠰᠤᠯᠠᠬᠤ ᠴᠢᠬᠤᠯᠠᠲᠠᠶ᠂ ᠬᠠᠮᠢᠭ᠎ᠠ ᠨᠢ ᠤᠰᠤᠯᠠᠬᠤ ᠴᠢᠬᠤᠯᠠ ᠥᠬᠡᠶ ᠪᠠᠢᠬᠤ ᠵᠢ ᠭᠠᠷ ᠤᠲᠠᠰᠤᠨ᠎ᠤ APP ᠶ᠋ᠢ ᠠᠱᠢᠭ᠍ᠯᠠᠨ ᠡᠵᠡᠮᠳᠡᠵᠦ᠍ ᠪᠣᠯᠤᠨ᠎ᠠ 》 ᠭᠡᠵᠦ᠍ ᠥᠪᠥᠷ ᠮᠣᠩᠭᠣᠯ᠎ᠤᠨ ᠬᠤᠤ ᠢᠦᠶ ᠪᠠᠷᠢᠯᠭ᠎ᠠ᠎ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠲᠡᠮᠦᠷ ᠲᠣᠰᠭᠣᠨ᠎ᠤ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠶ᠋ᠯ᠎ᠦᠨ ᠬᠠᠷᠢᠭᠤᠴᠠᠯᠭᠠᠲᠠᠨ ᠯᠢᠦ ᠵᠢᠶᠦ᠋ᠨ ᠹᠸᠢ ᠲᠠᠨᠢᠯᠴᠠᠭᠤᠯᠪᠠ᠃
ᠲᠠᠷᠢᠶᠠᠨ ᠭᠠᠵᠠᠷ ᠬᠡᠪᠴᠢᠶᠠᠵᠢᠨ᠂ ᠵᠠᠮ᠎ᠤᠨ ᠲᠤᠤᠷ ᠪᠦᠷᠢᠯᠳᠤᠵᠤ᠂ ᠮᠣᠳᠣᠳ ᠵᠢᠭᠳᠡᠷᠡᠨ᠂ ᠰᠤᠪᠠᠭ ᠵᠠᠯᠭᠠᠯᠳᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌᠎ᠪᠡᠷ ᠳᠠᠮᠵᠢᠨ᠂ ᠲᠠᠷᠢᠶᠠᠯᠠᠩ᠎ᠤᠨ ᠪᠠᠢᠭᠠᠯᠢ᠎ᠶ᠋ᠢᠨ ᠭᠠᠮᠱᠢᠭ᠎ᠢ ᠡᠰᠡᠷᠭᠦᠴᠡᠬᠦ᠌ ᠴᠢᠳᠠᠪᠤᠷᠢ ᠢᠯᠡᠳᠲᠡ ᠴᠢᠩᠭᠠᠷᠠᠵᠤ᠂ ᠡᠵᠡᠩᠨᠡᠯᠲᠡ᠎ᠶ᠋ᠢᠨ ᠦᠷ᠎ᠡ ᠠᠱᠢᠭ᠎ᠤᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠪᠠᠳᠤᠯᠠᠵᠠᠢ ᠃
ᠮᠠᠨ᠎ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠥᠲᠥᠭᠡᠨ ᠪᠠᠢᠭᠤᠯᠬᠤ ᠂ ᠬᠠᠷ᠎ᠠ ᠬᠥᠷᠥᠰᠥ᠎ᠶ᠋ᠢ ᠬᠠᠮᠠᠭᠠᠯᠠᠬᠤ᠂ ᠬᠤᠵᠢᠷᠯᠢᠭ ᠭᠠᠵᠠᠷ᠎ᠢ ᠰᠠᠢᠵᠢᠷᠠᠭᠤᠯᠬᠤ 《ᠨᠢᠭᠡ ᠬᠡᠰᠡᠭ ᠲᠠᠷᠢᠶ᠎ᠠ ᠬᠣᠶᠠᠷ ᠬᠡᠰᠡᠭ ᠭᠠᠵᠠᠷ 》 ᠤ᠋ᠨ ᠠᠵᠢᠯ᠎ᠢ ᠬᠦᠨᠵᠡᠭᠡᠢ ᠠᠬᠢᠭᠤᠯᠵᠤ᠂ ᠠᠮᠤ ᠪᠤᠳᠠᠭ᠎ᠠ᠎ᠶ᠋ᠢᠨ ᠡᠯᠪᠡᠭ ᠬᠤᠷᠢᠶᠠᠯᠲᠠ ᠤᠯᠬᠤ ᠳᠤ ᠪᠠᠲᠤᠯᠠᠭᠠᠬᠠᠨᠭᠭᠠᠪᠠ ᠃ 2021 ᠣᠨ᠎ᠳᠤ ᠮᠠᠨ᠎ᠤ ᠣᠷᠣᠨ 460 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠱᠢᠨ᠎ᠡ᠎ᠪᠡᠷ ᠪᠥᠳᠤᠭᠡᠨ ᠪᠠᠢᠭᠤᠯᠤᠨ ᠳᠠᠭᠤᠰᠭᠠᠵᠤ ᠂ 900 ᠲᠦᠮᠡᠨ ᠮᠥ᠍ ᠲᠠᠷᠢᠶᠠᠨ ᠭᠠᠵᠠᠷ᠎ᠢ ᠡᠭᠡᠯᠵᠢᠯᠡᠨ ᠳᠠᠷᠢᠵᠤ᠂ 12.2 ᠲᠦᠮᠡᠨ ᠮᠥ᠍ ᠬᠤᠵᠢᠷᠯᠢᠭ ᠭᠠᠵᠠᠷ᠎ᠢ ᠰᠠᠢᠵᠢᠷᠠᠭᠤᠯᠵᠤ᠂ ᠪᠥᠬᠥ᠌ ᠣᠷᠣᠨ᠎ᠤ ᠲᠠᠷᠢᠶᠠᠨ ᠭᠠᠵᠠᠷ᠎ᠤᠨ ᠬᠦᠴᠦ᠍ ᠱᠢᠮ᠎ᠡ᠎ᠶ᠋ᠢ ᠲᠣᠭ᠍ᠲᠠᠭᠤᠨ᠎ᠢᠶᠠᠷ ᠨᠡᠮᠡᠭᠳᠡᠬᠥᠯᠪᠡ᠃ ᠡᠨᠡ ᠵᠢᠯ ᠮᠠᠨ᠎ᠤ ᠣᠷᠣᠨ᠎ᠤ ᠬᠠᠷ᠎ᠠ ᠬᠥᠷᠥᠰᠥᠨ᠎ᠦ ᠬᠠᠮᠠᠭᠠᠯᠠᠯᠲᠠ᠎ᠶ᠋ᠢᠨ ᠴᠢᠨᠠᠷᠲᠠᠶ ᠲᠠᠷᠢᠶᠠᠯᠠᠭ᠎ᠠ᠎ᠶ᠋ᠢᠨ ᠬᠡᠷᠡᠭ᠌ᠵᠢᠭᠦᠯᠦᠭᠰᠡᠨ ᠲᠠᠯᠠᠪᠠᠶ 1440.4 ᠲᠦᠮᠡᠨ ᠮᠣ᠌ᠳᠦ ᠬᠦᠷᠴᠦ᠍ ᠂ ᠤᠯᠤᠰ᠎ᠤᠨ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠪᠡ᠃ ᠲᠠᠷᠢᠶᠠᠨ ᠭᠠᠵᠠᠷ᠎ᠤᠨ ᠭᠠᠵᠠᠷ᠎ᠤᠨ ᠬᠦᠴᠦ᠍ ᠱᠢᠮ᠎ᠡ᠎ᠶ᠋ᠢ ᠳᠡᠭᠡᠭ᠌ᠰᠢᠯᠡᠭᠦᠯᠬᠦ᠌ ᠠᠯᠢ ᠣᠯᠠᠨ ᠠᠷᠭ᠎ᠠ ᠬᠡᠮᠵᠢᠶ᠎ᠡ ᠨᠢ ᠲᠠᠷᠢᠶᠠᠨ ᠭᠠᠵᠠᠷ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠦᠷᠭᠦᠯᠵᠢᠯᠡᠨ ᠡᠯᠪᠡᠭ ᠬᠤᠷᠢᠶᠠᠯᠲᠠ ᠤᠯᠬᠤ᠎ᠳᠤ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃
ᠤᠯᠠᠭᠠᠨᠬᠠᠳᠠ ᠬᠣᠲᠠ᠎ᠶ᠋ᠢᠨ ᠣᠩᠨᠢᠭᠤᠳ ᠬᠣᠱᠢᠭᠤᠨ᠎ᠤ ᠪᠣᠷᠣᠬᠣᠲᠠ ᠪᠠᠯᠭᠠᠰᠤᠨ᠎ᠤ ᠶᠡᠭᠡ ᠰᠢᠨ᠋ᠡᠬᠤᠳᠳᠤᠭ ᠲᠣᠰᠭᠣᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ ᠵᠢ ᠠᠭᠢᠭᠤᠯᠬᠤ᠎ᠶ᠋ᠢ ᠳᠠᠭᠠᠯᠳᠤᠨ᠂ ᠤᠰᠤᠨ ᠠᠱᠢᠭ᠍ᠯᠠᠯᠲᠠ᠎ᠶ᠋ᠢᠨ ᠲᠥᠬᠥᠭᠡᠷᠦᠮᠵᠢ ᠲᠠᠰᠤᠷᠠᠯᠲᠠ ᠥᠬᠡᠶ ᠲᠡᠭᠦᠯᠳᠡᠷᠵᠢᠵᠦ᠍᠂ ᠲᠠᠷᠢᠶᠠᠨ ᠭᠠᠵᠠᠷ᠎ᠤᠨ ᠵᠠᠮ ᠰᠠᠭᠠᠳ ᠥᠬᠡᠶ ᠨᠡᠪᠲᠡᠷᠡᠵᠦ᠍᠂ ᠢᠯᠭᠠᠳᠠᠰᠤ ᠵᠢ ᠲᠠᠷᠢᠶᠠᠨ ᠭᠠᠵᠠᠷ᠎ᠲᠤ ᠪᠤᠴᠠᠭᠠᠵᠤ ᠠᠰᠢᠬᠯᠠᠬᠤ 《 ᠡᠴᠦᠰ᠎ᠦᠨ ᠨᠢᠭᠡ ᠺᠢᠯᠣᠮᠧᠲ᠋ᠷ》 ᠤ᠋ᠨ ᠬᠦᠴᠢᠷ ᠠᠰᠠᠭᠤᠳᠠᠯ᠎ᠢ ᠴᠤ᠌ ᠱᠢᠶ᠋ᠳᠪᠦᠷᠢᠯᠡᠵᠦ᠍᠂ ᠲᠠᠷᠢᠶᠠᠯᠠᠩ᠎ᠤᠨ ᠠᠵᠤ ᠦᠶ᠋ᠯᠡᠰ ᠪᠠ ᠬᠦᠮᠦᠰ᠎ᠤᠨ ᠣᠷᠣᠱᠢᠨ ᠰᠠᠭᠤᠬᠤ ᠣᠷᠴᠢᠨ ᠲᠣᠭᠣᠷᠢᠨ᠎ᠤ 《ᠬᠤᠤᠰ ᠥᠷ᠎ᠠ ᠠᠰᠢᠬ》 ᠢ᠋ ᠡᠬᠥᠳᠴᠠᠢ ᠃
ᠬᠥᠯᠥᠨ ᠪᠣᠢᠷ᠎ᠤᠨ ᠲᠠᠷᠢᠶᠠᠯᠠᠩ᠎ᠤᠨ ᠠᠲᠠᠷ ᠬᠠᠭᠠᠯᠪᠤᠷᠢᠯᠠᠯᠲᠠ᠎ᠶ᠋ᠢᠨ ᠲᠡᠨᠢᠭᠡ ᠲᠠᠷᠢᠶᠠᠯᠠᠩ ᠮᠠᠯᠵᠢᠯ᠎ᠤᠨ ᠲᠠᠯᠠᠪᠠᠶ᠎ᠶ᠋ᠢᠨ ᠬᠢᠵᠠᠭᠠᠷᠲᠤ ᠺᠣᠮᠫᠠᠨᠢ᠎ᠳᠤ ᠡᠰᠢ ᠰᠦᠷᠡᠯ ᠵᠢᠡᠷ ᠪᠦᠷᠬᠦᠬᠦᠯᠬᠦ᠂ ᠬᠠᠭᠠᠯᠪᠤᠷᠢᠯᠠᠬᠤ ᠥᠬᠡᠶ᠎ᠪᠡᠷ ᠳᠠᠷᠢᠬᠤ᠂ ᠭᠦᠨ ᠰᠤᠯᠠᠷᠠᠭᠤᠯᠬᠤ ᠵᠡᠷᠭᠡ ᠮᠡᠷᠭᠡᠵᠢᠯ᠎ᠦᠨ ᠵᠠᠭ᠍ᠪᠤᠷ᠎ᠢ ᠭᠡᠷᠡᠭᠯᠡᠵᠤ᠂ ᠡᠪᠡᠳᠴᠢᠨ ᠬᠣᠷᠣᠬᠠᠶ ᠡᠪᠡᠰᠦᠨ᠎ᠦ ᠬᠥᠨᠥᠭᠡᠯ᠎ᠢ ᠪᠣᠬᠢᠷᠲᠤᠯ ᠥᠬᠡᠶ᠎ᠪᠡᠷ ᠰᠡᠷᠭᠡᠢᠯᠡᠨ ᠡᠵᠡᠮᠳᠡᠬᠦ᠌᠂ ᠤᠰᠤ ᠬᠢᠮᠢ ᠵᠢᠨ ᠪᠣᠷᠲᠣᠭᠣᠷ᠎ᠢ ᠥᠨᠳᠥᠷ ᠪᠦᠲᠦᠮᠵᠢᠲᠡᠶ᠎ᠪᠡᠷ ᠠᠱᠢᠭ᠍ᠯᠠᠬᠤ ᠂ ᠣᠷᠭᠠᠨᠢᠭ ᠪᠣᠷᠲᠣᠭᠣᠷ ᠨᠡᠮᠡᠵᠦ᠍ ᠣᠷᠣᠭᠤᠯᠬᠤ ᠵᠡᠷᠭᠡ ᠣᠯᠠᠨ ᠵᠦᠶ᠋ᠯ᠎ᠦᠨ ᠮᠡᠷᠭᠡᠵᠢᠯ᠎ᠦᠨ ᠠᠷᠭ᠎ᠠ ᠬᠡᠮᠵᠢᠶ᠎ᠡ᠎ᠶ᠋ᠢ ᠠᠪᠴᠤ᠌ ᠂ ᠬᠥᠷᠥᠰᠥ᠍ ᠱᠢᠷᠣᠶ᠎ᠶ᠋ᠢᠨ ᠢᠳᠡᠭ᠌ᠳᠡᠯ᠂ ᠳᠤᠮᠳᠠ ᠳᠤᠤᠷ᠎ᠠ ᠤᠨᠠᠯᠲᠠ᠎ᠲᠠᠶ ᠲᠠᠷᠢᠶᠠᠨ ᠭᠠᠵᠠᠷ᠎ᠢ ᠥᠭᠡᠷᠡᠴᠢᠯᠡᠬᠦ᠌᠂ ᠪᠤᠷᠳᠤᠭᠤᠷ ᠤᠷᠤᠭᠤᠯᠵᠤ ᠭᠠᠵᠠᠷ᠎ᠤᠨ ᠬᠦᠴᠤ ᠱᠢᠮ᠎ᠡ᠎ᠶ᠋ᠢ ᠨᠡᠮᠡᠭ᠌ᠳᠡᠭᠦᠯᠬᠦ᠌ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃
ᠪᠠᠶᠠᠨᠨᠠᠭᠤᠷ ᠬᠤᠳᠠ᠎ᠳᠤ ᠂ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠰᠤᠳᠤᠯᠤᠭ᠍ᠴᠢ ᠵᠢᠩ ᠢᠦᠢ ᠫᠸᠩ ᠭᠠᠵᠠᠷ᠎ᠤᠨ ᠬᠦᠴᠦ᠍ ᠵᠢ ᠡᠷᠴᠢᠮᠵᠢᠬᠦᠯᠤᠨ ᠱᠢᠮ᠎ᠡ᠎ᠶ᠋ᠢ ᠪᠣᠢᠵᠢᠭᠤᠯᠬᠤ ᠪᠠ ᠤᠰᠤ ᠠᠷᠪᠢᠯᠠᠵᠤ ᠪᠤᠷᠳᠤᠭᠤᠷ᠎ᠢ ᠬᠢᠵᠠᠭᠠᠷᠯᠠᠨ ᠦᠷ᠎ᠡ ᠠᠱᠢᠭ᠎ᠢ ᠨᠡᠮᠡᠭ᠌ᠳᠡᠭᠦᠯᠬᠦ᠌ ᠮᠡᠷᠭᠡᠵᠢᠯ᠂ ᠬᠥᠷᠥᠰᠥ᠍ ᠱᠢᠷᠣᠢ᠎ᠶ᠋ᠢ ᠨᠠᠷᠢᠯᠢᠭ ᠣᠨᠣᠪᠴᠢᠲᠠᠢ ᠥᠭᠡᠷᠡᠴᠢᠯᠡᠬᠦ᠌ ᠪᠠ ᠤᠰᠤ ᠬᠤᠵᠢᠷ ᠢ ᠲᠤᠬᠢᠷᠠᠭᠤᠯᠤᠨ ᠡᠵᠡᠮᠳᠡᠬᠦ᠌ ᠮᠡᠷᠭᠡᠵᠢᠯ᠂ ᠬᠤᠵᠢᠷ ᠲᠦ᠍ ᠲᠡᠰᠪᠦᠷᠢᠲᠡᠢ ᠬᠤᠵᠢᠷ ᠲᠦ᠍ ᠵᠣᠬᠢᠴᠠᠬᠤ ᠲᠠᠷᠢᠮᠠᠯ᠎ᠢ ᠲᠠᠷᠢᠬᠤ ᠠᠮᠢᠳᠤ ᠪᠣᠳᠠᠰ᠎ᠤᠨ ᠵᠠᠰᠠᠯᠲᠠ ᠵᠡᠷᠭᠡ ᠵᠠᠩᠭᠢᠯᠠᠭ᠎ᠠ᠎ᠶ᠋ᠢᠨ ᠮᠡᠷᠭᠡᠵᠢᠯ᠎ᠢᠶᠡᠷ ᠳᠠᠮᠵᠢᠨ ᠨᠡᠯᠦᠭᠡᠷ ᠴᠠᠭᠠᠨ ᠬᠤᠵᠢᠷᠯᠢᠭ ᠭᠠᠵᠠᠷ᠎ᠢ 《 ᠠᠮᠤ ᠪᠤᠳᠠᠭᠠᠨ᠎ᠤ ᠲᠠᠷᠢᠶᠠᠨ ᠭᠠᠵᠠᠷ》 ᠪᠣᠯᠭᠠᠨ ᠬᠤᠪᠢᠷᠠᠭᠤᠯᠪᠠ᠃
ᠠᠮᠤ ᠪᠤᠳᠠᠭ᠎ᠠ ᠵᠢ ᠪᠠᠳᠤᠯᠠᠬᠤ ᠪᠤᠯ ᠵᠠᠰᠠᠭ ᠪᠠᠷᠢᠬᠤ ᠵᠢᠨ ᠲᠡᠷᠢᠬᠦᠨ ᠴᠢᠬᠤᠯᠠ ᠡᠬᠦᠷᠭᠡ᠂ ᠲᠠᠷᠢᠶᠠᠨ ᠭᠠᠵᠠᠷ᠎ᠢ ᠬᠠᠮᠠᠭᠠᠯᠠᠬᠤ ᠪᠤᠯ ᠠᠮᠤ ᠪᠤᠳᠠᠭ᠎ᠠ ᠵᠢ ᠪᠠᠳᠤᠯᠠᠬᠤ ᠵᠢᠨ ᠰᠠᠭᠤᠷᠢ ᠮᠦᠨ᠃ ᠮᠠᠨ᠎ᠤ ᠣᠷᠣᠨ《ᠭᠠᠵᠠᠷ᠎ᠢ ᠬᠡᠷᠡᠭ᠌ᠯᠡᠬᠦ᠌》 ᠪᠠ 《 ᠭᠠᠵᠠᠷ᠎ᠢ ᠰᠢᠮᠡᠵᠢᠬᠦᠯᠬᠦ》 ᠶ᠋ᠢᠨ ᠬᠤᠪᠢᠰᠤᠩᠭᠤᠶ ᠬᠠᠷᠢᠴᠠᠭ᠎ᠠ᠎ᠶ᠋ᠢ ᠰᠠᠢᠲᠤᠷ ᠵᠣᠬᠢᠴᠠᠭᠤᠯᠵᠤ ᠂ 《ᠨᠢᠭᠡ ᠬᠡᠰᠡᠭ ᠲᠠᠷᠢᠶ᠎ᠠ ᠬᠣᠶᠠᠷ ᠬᠡᠰᠡᠭ ᠭᠠᠵᠠᠷ 》 ᠤ᠋ᠨ ᠪᠥᠲᠥᠭᠡᠨ ᠪᠠᠢᠭᠤᠯᠤᠯᠲᠠ᠎ᠶ᠋ᠢ ᠰᠠᠢᠲᠤᠷ ᠠᠳᠭᠤᠵᠤ ᠂ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠰᠠᠭᠤᠷᠢ᠎ᠶ᠋ᠢ ᠦᠷᠭᠦᠯᠵᠢᠯᠡᠨ ᠪᠡᠬᠢᠵᠢᠭᠦᠯᠪᠡ᠃
ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍ ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠤ ᠬᠦᠰᠡᠯ ᠡᠷᠡᠮᠡᠯᠵᠡᠯ ᠪᠢᠯᠬᠠᠮ᠎ᠠ ᠪᠤᠯᠪᠠ
ᠪᠤᠭᠤᠳᠠᠢ ᠪᠤᠯᠪᠠᠰᠤᠷᠠᠬᠤ ᠴᠠᠭ ᠦᠨᠭᠭᠡᠷᠡᠭᠰᠡᠨ᠎ᠤ ᠳᠠᠷᠠᠭ᠎ᠠ ᠂ ᠪᠣᠭᠣᠳᠠᠶ᠎ᠶ᠋ᠢᠨ ᠤᠷᠭᠤᠴᠠ ᠲᠥᠷᠭᠡᠳᠴᠠᠢ᠃ ᠪᠣᠷᠣᠲᠣᠬᠣᠢ᠎ᠶ᠋ᠢᠨ ᠲᠠᠯ᠎ᠠ ᠭᠠᠵᠠᠷ ᠡᠢᠨ ᠬᠦ᠌ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
2021 ᠣᠨ᠎ᠳᠤ᠂ ᠬᠤᠶᠠᠷ ᠪᠤᠭᠳᠠ ᠠᠭᠤᠯᠠ ᠪᠠᠯᠭᠠᠰᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠲᠦᠮᠡᠨ ᠮᠥ᠍ ᠠᠮᠤ ᠪᠤᠳᠠᠭᠠᠨ᠎ᠤ ᠦᠶ᠋ᠯᠡᠳᠪᠦᠷᠢᠯᠡᠯ᠎ᠦᠨ ᠰᠠᠭᠤᠷᠢᠨ᠎ᠢ ᠪᠥᠳᠤᠭᠡᠨ ᠪᠠᠢᠭᠤᠯᠪᠠ᠃ ᠲᠠᠷᠢᠶᠠᠨ ᠭᠠᠵᠠᠷ᠎ᠢ ᠥᠭᠡᠷᠡᠴᠢᠯᠡᠨ ᠳᠡᠭᠡᠭ᠌ᠰᠢᠯᠡᠭᠦᠯᠦᠭ᠌ᠰᠡᠨᠦ ᠳᠠᠷᠠᠭ᠎ᠠ᠂ ᠲᠠᠷᠢᠶᠠᠨ ᠭᠠᠵᠠᠷᠬᠡᠪᠴᠢᠶᠠᠵᠢᠨ᠂ ᠵᠠᠮ᠎ᠤᠨ ᠲᠤᠤᠷ ᠪᠦᠷᠢᠯᠳᠤᠵᠤ᠂ ᠭᠠᠩᠳᠠᠪᠡᠯ ᠤᠰᠤᠯᠠᠵᠤ ᠲᠠᠢᠯᠬᠦ᠂ ᠤᠰᠤᠲᠤᠪᠡᠯ ᠦᠶᠡᠷ ᠵᠠᠯᠠᠵᠤ ᠲᠠᠢᠯᠬᠦ ᠰᠠᠢᠨ ᠲᠠᠷᠢᠶᠠᠨ ᠭᠠᠵᠠᠷ ᠪᠣᠯᠵᠠᠶ᠃
ᠲᠠᠨᠢᠯᠴᠠᠭᠤᠯᠤᠭ᠍ᠰᠠᠨ᠎ᠢᠶᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠪᠠᠷ ᠳᠡᠮᠵᠢᠨ᠂ ᠲᠠᠷᠢᠶᠠᠨ ᠭᠠᠵᠠᠷ᠎ᠤᠨ ᠬᠦᠴᠦ᠍ ᠱᠢᠮ᠎ᠡ᠎ᠶ᠋ᠢ ᠬᠠᠮᠤᠭ᠎ᠤᠨ ᠪᠠᠭ᠎ᠠ᠎ᠳᠠᠭᠠᠨ ᠬᠣᠶᠠᠷ ᠳᠡᠰ ᠳᠡᠭᠡᠭ᠌ᠰᠢᠯᠡᠭᠦᠯᠵᠦ᠍᠂ ᠣᠷᠣᠯᠭ᠎ᠠ᠎ᠶ᠋ᠢ ᠨᠡᠮᠡᠭ᠌ᠳᠡᠭᠦᠯᠬᠦ᠌᠎ᠳᠦ ᠮᠠᠰᠢ ᠶᠡᠬᠡ ᠦᠢᠯᠡᠳᠦᠯ ᠦᠵᠡᠭᠦᠯᠪᠡ᠃ ᠰᠠᠢᠵᠢᠷᠠᠭᠤᠯᠬᠤ᠎ᠡᠴᠡ ᠡᠮᠦᠨ᠎ᠡ᠂ ᠵᠥᠪᠬᠡᠨ ᠬᠡᠰᠡᠭ ᠲᠠᠷᠢᠶᠠᠨ ᠭᠠᠵᠠᠷ᠎ᠲᠤ ᠪᠣᠭᠣᠳᠠᠶ ᠡᠷᠳᠡᠨᠢ ᠱᠢᠰᠢ ᠵᠢ ᠤᠬᠰᠠᠷᠠᠨ ᠳᠠᠷᠢᠵᠤ ᠪᠠᠢᠪᠠ᠂ ᠣᠲᠣ 80% ᠡᠴᠡ ᠳᠡᠭᠡᠭ᠌ᠰᠢᠬᠢ ᠭᠠᠵᠠᠷ᠎ᠲᠤ ᠪᠣᠭᠣᠳᠠᠶ ᠡᠷᠳᠡᠨᠢ ᠱᠢᠰᠢ ᠵᠢ ᠤᠬᠰᠠᠷᠠᠨ ᠳᠠᠷᠢᠵᠤ ᠪᠣᠯᠬᠤ ᠪᠤᠯᠵᠠᠢ᠃ ᠡᠭᠦᠨ᠎ᠦ ᠳᠡᠭᠡᠷ᠎ᠡ ᠵᠠᠰᠠᠭ᠎ᠤᠨ ᠣᠷᠳᠣᠨ᠎ᠤ ᠨᠥᠬᠥᠪᠥᠷᠢ᠎ᠶ᠋ᠢ ᠨᠡᠮᠡᠪᠡᠯ ᠮᠦ᠍ ᠪᠦᠷᠢ᠎ᠶ᠋ᠢᠨ ᠣᠷᠣᠯᠭ᠎ᠠ ᠨᠢ 200 ᠡᠴᠡ 300 ᠲᠥᠭᠥᠷᠢᠭ ᠨᠡᠮᠡᠭ᠌ᠳᠡᠨ᠎ᠡ᠃
ᠲᠠᠷᠢᠶᠠᠨ ᠭᠠᠵᠠᠷ᠎ᠡᠴᠡ ᠬᠦᠴᠦᠯᠡᠵᠦ᠍᠂ ᠲᠠᠷᠢᠶ᠎ᠠ ᠵᠢ ᠨᠠᠷᠢᠯᠢᠭ ᠲᠠᠷᠢᠵᠤ ᠨᠢᠮᠪᠠᠢ ᠠᠷᠠᠴᠢᠯᠠᠨ᠂ ᠪᠣᠳᠠᠲᠤ ᠠᠵᠢᠯᠯᠠᠭ᠎ᠠ᠎ᠪᠠᠷ᠎ᠢᠶᠠᠨ ᠲᠠᠷᠢᠬᠤ ᠠᠵᠢᠯ᠎ᠢ ᠰᠠᠢᠲᠤᠷ ᠬᠢᠪᠠ᠃
— ᠥᠨᠳᠥᠷ ᠪᠦᠲᠦᠮᠵᠢᠲᠡᠶ ᠤᠰᠤ ᠠᠷᠪᠢᠯᠠᠬᠤ᠎ᠪᠠᠷ ᠭᠤᠤᠯᠳᠠᠯᠭ᠎ᠠ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠶᠡᠬᠡ ᠪᠡᠷ ᠥᠷᠨᠢᠭᠦᠯᠵᠦ᠍ ᠂ ᠤᠰᠤᠨ᠎ᠤ ᠡᠬᠢ ᠪᠠᠶᠠᠯᠢᠭ᠎ᠤᠨ ᠬᠣᠷᠣᠭ᠍ᠳᠠᠯ᠎ᠢ ᠪᠠᠭᠤᠷᠠᠭᠤᠯᠤᠨ᠂ 《 ᠠᠮᠤ ᠪᠤᠳᠠᠭ᠎ᠠ ᠵᠢᠨ ᠲᠠᠷᠢᠮᠠᠯ ᠲᠠᠷᠢᠬᠤ ᠮᠥᠷᠲᠡᠭᠡᠨ ᠤᠰᠤ ᠳᠤᠲᠠᠭ᠍ᠳᠠᠬᠤ》 ᠵᠥᠷᠢᠴᠡᠯ᠎ᠢ ᠱᠢᠶ᠋ᠳᠪᠦᠷᠢᠯᠡᠵᠦ᠍ ᠂ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠨᠤᠴᠢᠳᠠᠢ ᠬᠢᠵᠠᠭᠠᠷᠯᠠᠯ᠎ᠢ ᠱᠢᠶ᠋ᠳᠪᠦᠷᠢᠯᠡᠨ᠂ 《ᠤᠰᠤ ᠠᠷᠪᠢᠯᠠᠬᠤ᠎ᠶ᠋ᠢ ᠲᠡᠷᠢᠭᠦᠨ᠎ᠳᠦ ᠲᠠᠯᠪᠢᠬᠤ ᠂ ᠤᠰᠤᠨ᠎ᠤ ᠬᠡᠮᠵᠢᠶ᠎ᠡ᠎ᠪᠡᠷ ᠬᠢᠬᠦ᠌ 》 ᠶ᠋ᠢ ᠦᠨᠳᠦᠰᠦᠨ᠎ᠡᠴᠡ᠎ᠨᠢ ᠦᠶ᠋ᠯᠡᠳᠦᠯᠭᠡᠵᠢᠭᠦᠯᠤᠨ ᠪᠡᠶᠡᠯᠡᠭᠦᠯᠵᠦ᠍ ᠂ ᠲᠠᠷᠢᠶᠠᠯᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃
— ᠬᠠᠷ᠎ᠠ ᠬᠥᠷᠥᠰᠥ᠎ᠶ᠋ᠢ ᠬᠠᠮᠠᠭᠠᠯᠠᠬᠤ ᠴᠢᠨᠠᠷᠲᠠᠢ ᠲᠠᠷᠢᠶᠠᠯᠠᠬᠤ ᠪᠠ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ ᠬᠣᠶᠠᠷ ᠶᠡᠬᠡ ᠢᠨᠵᠧᠨᠧᠷᠢᠩ᠎ᠢ ᠬᠡᠷᠡᠭ᠌ᠵᠢᠭᠦᠯᠵᠦ᠍᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠬᠡᠷᠡᠭ᠌ᠯᠡᠬᠦ᠌ ᠪᠠ ᠠᠷᠠᠴᠢᠯᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠪᠠ᠃
— ᠬᠤᠵᠢᠷᠯᠢᠭ ᠭᠠᠵᠠᠷ᠎ᠢ ᠰᠠᠢᠵᠢᠷᠠᠭᠤᠯᠬᠤ ᠲᠥᠷᠥᠯ ᠵᠦᠶ᠋ᠯ᠎ᠢ ᠬᠡᠷᠡᠭ᠌ᠵᠢᠭᠦᠯᠬᠦ᠌ ᠪᠠ ᠵᠢᠱ᠌ᠢᠶ᠎ᠡ ᠦᠵᠡᠭᠦᠯᠦᠨ ᠨᠥᠯᠥᠭᠡᠯᠡᠨ ᠳᠠᠢᠴᠢᠯᠠᠬᠤ᠎ᠪᠠᠷ ᠳᠠᠮᠵᠢᠭᠤᠯᠤᠨ᠂ ᠬᠤᠵᠢᠷᠱᠢᠭ᠍ᠰᠠᠨ ᠲᠠᠷᠢᠶᠠᠨ ᠭᠠᠵᠠᠷ᠎ᠢ ᠨᠡᠢᠲᠡ 267.52 ᠲᠦᠮᠡᠨ ᠮᠥ᠍ ᠥᠭᠡᠷᠡᠴᠢᠯᠡᠨ ᠰᠠᠢᠵᠢᠷᠠᠭᠤᠯᠵᠤ ᠠᠱᠢᠭ᠍ᠯᠠᠨ᠂ ᠵᠢᠱ᠌ᠢᠶ᠎ᠡ ᠦᠵᠡᠭᠦᠯᠬᠦ᠌ ᠣᠷᠣᠨ᠎ᠤ ᠲᠠᠷᠢᠶᠠᠨ ᠭᠠᠵᠠᠷ᠎ᠤᠨ PH ᠬᠡᠮᠵᠢᠭ᠌ᠳᠡᠯ ᠪᠠ ᠪᠥᠬᠥ᠌ ᠬᠤᠵᠢᠷ ᠤᠨ ᠠᠭᠤᠯᠤᠭ᠍ᠳᠠᠴᠠ᠎ᠶ᠋ᠢ ᠲᠣᠰ ᠲᠣᠰ ᠵᠠᠭᠤᠨ᠎ᠤ ᠬᠠᠷᠢᠴᠠᠯ ᠵᠢᠡᠷ 0.3 ᠬᠤᠪᠢ ᠪᠠ 0.3 ᠬᠤᠪᠢ ᠡᠴᠡ ᠳᠡᠭᠡᠭ᠌ᠰᠢ ᠪᠠᠭᠠᠰᠭᠠᠵᠤ᠂ ᠲᠠᠷᠢᠶᠠᠨ ᠭᠠᠵᠠᠷ᠎ᠤᠨ ᠣᠷᠭᠠᠨᠢᠭ ᠪᠣᠳᠠᠰ᠎ᠤᠨ ᠠᠭᠤᠯᠤᠭ᠍ᠳᠠᠴᠠ ᠪᠠ ᠠᠮᠤ ᠪᠤᠳᠠᠭᠠᠨ᠎ᠤ ᠤᠨᠠᠯᠲᠠ᠎ᠶ᠋ᠢ ᠲᠣᠰ ᠲᠣᠰ 5% ᠪᠠ 20% ᠡᠴᠡ ᠳᠡᠭᠡᠭ᠌ᠰᠢ ᠳᠡᠭᠡᠭ᠌ᠰᠢᠯᠡᠭᠦᠯᠪᠡ᠃
ᠲᠠᠷᠢᠶᠠᠯᠠᠩ᠎ᠤᠨ ᠦᠶ᠋ᠯᠡᠳᠪᠦᠷᠢᠯᠡᠯ᠎ᠦᠨ《ᠦᠨᠳᠦᠰᠦ》᠎ᠶ᠋ᠢ ᠰᠠᠢᠲᠤᠷ ᠬᠠᠮᠠᠭᠠᠯᠠᠪᠠ᠃ ᠬᠠᠷ᠎ᠠ ᠬᠥᠷᠥᠰᠥ᠎ᠶ᠋ᠢ ᠬᠠᠮᠠᠭᠠᠯᠠᠵᠤ ᠲᠠᠷᠢᠶᠠᠯᠠᠬᠤ ᠳᠠᠪᠬᠤᠷᠭ᠎ᠠ᠎ᠶ᠋ᠢ 《ᠵᠤᠵᠠᠭᠠᠳᠬᠠᠬᠤ》᠎ᠡᠴᠡ ᠡᠰᠢ ᠰᠦᠷᠡᠯ᠎ᠢᠶᠡᠷ 《ᠬᠥᠨᠵᠢᠯᠡ》ᠪᠣᠯᠭᠠᠵᠤ ᠲᠠᠷᠢᠶᠠᠨ ᠭᠠᠵᠠᠷ᠎ᠢ《ᠰᠢᠮᠡᠵᠢᠬᠦᠯᠬᠦ》 ᠬᠦᠷᠲᠡᠯ᠎ᠡ᠂ ᠲᠠᠬᠢᠭᠠᠳ ᠪᠣᠬᠢᠷᠲᠤᠯ ᠦᠭᠡᠢ ᠦᠢᠯᠡᠳᠪᠦᠷᠢᠯᠡᠯ᠎ᠢᠶᠡᠷ ᠭᠠᠵᠠᠷ ᠱᠢᠷᠣᠢ᠎ᠶ᠋ᠢ 《ᠴᠡᠪᠡᠷᠱᠢᠭᠦᠯᠬᠦ᠌》 ᠬᠦᠷᠲᠡᠯ᠎ᠡ ᠂ ᠥᠪᠥᠷ ᠮᠣᠩᠭᠣᠯ ᠬᠠᠮᠠᠭᠠᠯᠠᠬᠤ ᠪᠠ ᠠᠱᠢᠭ᠍ᠯᠠᠬᠤ᠎ᠶ᠋ᠢᠨ ᠤᠶᠠᠯᠳᠤᠯ ᠴᠡᠭ᠎ᠢ ᠰᠠᠢᠲᠤᠷ ᠡᠵᠡᠮᠳᠡᠵᠦ᠍ ᠂ ᠱᠢᠮᠡᠯᠢᠭ ᠬᠥᠷᠥᠰᠥᠨ ᠳᠡᠭᠡᠷᠡᠬᠢ ᠡᠯᠪᠡᠭ ᠬᠤᠷᠢᠶᠠᠯᠲᠠ᠎ᠶ᠋ᠢᠨ 《ᠨᠢᠭᠤᠴᠠ ᠨᠣᠮᠧᠷ》 ᠢ᠋ ᠲᠠᠢᠯᠵᠠᠢ ᠃
ᠥᠨᠥᠳᠦᠷᠲᠠᠷᠢᠶᠠᠨ ᠭᠠᠵᠠᠷ᠎ᠢᠶᠠᠨ ᠰᠠᠢᠲᠤᠷ ᠬᠠᠮᠠᠭᠠᠯᠠᠪᠠᠯ ᠰᠠᠶᠢ ᠮᠠᠷᠭᠠᠰᠢᠪᠤᠳᠠᠭᠠᠨ ᠠᠶᠠᠭ᠎ᠠ ᠪᠡᠨ ᠯᠠᠪᠳᠠᠭᠤᠨ ᠠᠳᠬᠤᠵᠤ ᠴᠢᠳᠠᠨ᠎ᠠ᠃ ᠥᠪᠥᠷ ᠮᠣᠩᠭᠣᠯ ᠲᠣᠭ᠎ᠠ ᠬᠡᠮᠵᠢᠶ᠎ᠡ᠂ ᠶᠠᠰᠤ ᠴᠢᠨᠠᠷ᠎ᠢ ᠵᠡᠷᠭᠡ᠎ᠪᠡᠷ ᠠᠳᠭᠤᠬᠤ᠎ᠶ᠋ᠢ ᠪᠠᠷᠢᠮᠲᠠᠯᠠᠵᠤ ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠶ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠬᠠᠮᠠᠭᠠᠯᠠᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠪᠠᠰᠠ ᠨᠢᠭᠡ ᠵᠢᠯ ᠡᠯᠪᠡᠭ ᠬᠤᠷᠢᠶᠠᠯᠲᠠ ᠤᠯᠬᠤ ᠪᠡᠷ ᠢᠳᠡᠭᠡᠯ ᠲᠡᠭᠦᠯᠳᠡᠷ ᠤᠷᠤᠭ᠍ᠰᠢᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃