2022-06-17 08:58:23
ᠨᠡᠢᠭᠡᠮ᠎ᠦᠨ ᠬᠥᠭ᠌ᠵᠢᠯᠲᠡ ᠬᠠᠤᠯᠢᠵᠢᠯ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ; ᠠᠷᠠᠳ ᠤᠯᠠᠨ᠎ᠤ ᠪᠤᠶᠠᠨ ᠵᠢᠷᠭᠠᠯ ᠬᠠᠤᠯᠢᠵᠢᠯ᠎ᠤᠨ ᠪᠠᠲᠤᠯᠠᠭ᠎ᠠ᠎ᠠᠴᠠ ᠰᠠᠯᠵᠤ ᠴᠢᠳᠠᠬᠤ ᠦᠭᠡᠢ᠃
ᠥᠪᠥᠷ ᠮᠣᠩᠭᠣᠯ᠎ᠤᠨ ᠲᠠᠯᠠᠢᠴᠠ ᠶᠡᠭᠡ ᠬᠥᠭ᠌ᠵᠢᠯᠲᠡ᠎ᠳ᠋ᠤ ᠬᠠᠤᠯᠢᠵᠢᠯ᠎ᠤᠨ ᠪᠠᠢᠭᠤᠯᠤᠯᠲᠠ ᠦᠢᠯᠡᠳᠦᠯᠭᠡ᠎ᠶ᠋ᠢᠨ ᠠᠤᠭ᠎ᠠ ᠬᠦᠴᠦᠨ᠎ᠢ ᠭᠦᠢᠴᠡᠳ ᠢᠯᠡᠷᠡᠭᠦᠯᠦᠯᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠪᠥᠬᠥ᠌ ᠣᠷᠣᠨ᠎ᠤ ᠬᠠᠤᠯᠢ ᠲᠣᠭ᠍ᠲᠠᠭᠠᠯᠳᠠ ᠵᠢᠨ ᠲᠣᠭ᠎ᠠ ᠬᠡᠮᠵᠢᠶ᠎ᠡ᠂ ᠶᠠᠰᠤ ᠴᠢᠨᠠᠷ ᠪᠠ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭ᠌ᠰᠢᠯᠡᠵᠦ᠍᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭ᠎ᠠ ᠨᠠᠩ ᠢᠯᠡ ᠪᠣᠯᠵᠣ᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠦᠷ᠎ᠡ ᠪᠦᠲᠦᠮᠵᠢ ᠡᠳᠦᠷ ᠢᠷᠡᠬᠦᠶ᠎ᠡ ᠢᠯᠡᠷᠬᠡᠶ ᠪᠣᠯᠵᠣ᠂ ᠬᠠᠤᠯᠢᠵᠢᠯ᠎ᠤᠨ ᠣᠢᠯᠠᠭᠠᠭ᠍ᠳᠠᠬᠤᠨ ᠬᠥᠮᠦᠰ᠎ᠦᠨ ᠰᠡᠳᠭᠢᠯ᠎ᠳᠦ ᠬᠦᠨ ᠬᠠᠳᠠᠩᠱᠢᠵᠤ᠂ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌ ᠰᠠᠢᠨ ᠰᠠᠢᠬᠠᠨ ᠠᠭᠤᠷ ᠠᠮᠢᠰᠭᠤᠯ ᠢᠳᠡᠭ ᠢᠳᠡᠭ ᠵᠢᠡᠷ ᠪᠦᠷᠢᠯᠳᠦᠪᠡ᠃
ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠵᠤ᠂ ᠬᠠᠤᠯᠢ᠎ᠪᠠᠷ ᠣᠷᠣᠨ᠎ᠢᠶᠠᠨ ᠵᠠᠰᠠᠬᠤ ᠰᠠᠭᠤᠷᠢ᠎ᠶ᠋ᠢ ᠪᠡᠬᠢᠵᠢᠭᠦᠯᠪᠠ
2022 ᠣᠨ᠎ᠤ ᠵᠢᠯ᠎ᠤᠨ ᠡᠬᠢ ᠪᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠦᠷᠢᠮ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠲᠦᠷᠢᠮ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠬᠥᠳᠡᠭᠡ᠎ᠶ᠋ᠢᠨ ᠠᠮᠢᠳᠤᠷᠠᠯ᠎ᠤᠨ ᠬᠣᠭ ᠨᠣᠪᠰᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠵᠡᠷᠭᠡ ᠨᠢᠭᠡ ᠪᠦᠯᠦᠭ ᠠᠷᠠᠳ᠎ᠤᠨ ᠠᠮᠢᠳᠤᠷᠠᠯ᠎ᠲᠠᠶ ᠬᠣᠯᠪᠣᠭ᠍ᠳᠠᠬᠤ ᠬᠠᠤᠯᠢ ᠲᠦᠷᠢᠮ᠎ᠢ ᠡᠬᠢᠯᠡᠨ ᠬᠡᠷᠡᠭᠵᠢᠬᠦᠯᠵᠦ᠂ ᠣᠯᠠᠨ ᠲᠦᠮᠡᠨ᠎ᠦ ᠵᠣᠯ ᠵᠢᠷᠭᠠᠯᠲᠤ ᠠᠮᠢᠳᠤᠷᠠᠯ᠎ᠳᠤ ᠥᠩᠭᠡ ᠭᠢᠯᠪᠠᠭ᠎ᠠ ᠨᠡᠮᠡᠷᠢᠯᠡᠪᠡ᠃《ᠪᠢᠳᠡ ᠪᠠᠢᠴᠠᠭᠠᠨ ᠰᠤᠳᠤᠯᠤᠯᠲᠠ ᠬᠢᠬᠦ ᠪᠡᠷ ᠲᠠᠮᠵᠢᠨ ᠠᠳᠠᠯ ᠠᠬᠤᠶ᠎ᠶ᠋ᠢᠨ ᠵᠠᠭᠤᠷᠠᠯᠳᠤᠭᠠᠨ᠎ᠤ ᠶᠡᠬᠡᠩᠬᠢ ᠨᠢ ᠠᠳᠠᠯ ᠠᠬᠤᠶ᠎ᠶ᠋ᠢᠨ ᠬᠠᠮᠢᠶᠠᠷᠤᠯᠲᠠ ᠵᠢᠷᠤᠮᠵᠢᠭᠤᠨ ᠪᠤᠰᠤ᠂ ᠠᠳᠠᠯ ᠠᠬᠤᠶ᠎ᠶ᠋ᠢᠨ ᠦᠶ᠋ᠯᠡᠴᠢᠯᠡᠭᠡ ᠪᠠᠷᠢᠮᠵᠢᠶ᠎ᠠ᠎ᠳᠤ ᠬᠥᠷᠬᠥ᠌ ᠥᠬᠡᠶ ᠪᠠᠢᠬᠤ᠎ᠡᠴᠡ ᠪᠤᠯᠤᠭᠰᠠᠨ᠎ᠢ ᠤᠯᠵᠤ ᠮᠡᠳᠡᠪᠡ᠃ ᠳᠦᠷᠢᠮ᠎ᠤᠨ ᠬᠡᠷᠡᠭᠵᠢᠬᠦᠯᠦᠯᠳᠡ ᠨᠢ ᠡᠳᠡᠭᠡᠷ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍ ᠪᠣᠯᠤᠨ᠎ᠠ》 ᠬᠡᠵᠦ ᠪᠤᠭᠤᠲᠤ ᠬᠤᠳᠠ᠎ᠶ᠋ᠢᠨ ᠴᠢᠩᠱᠠᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶᠠᠨ᠎ᠤ ᠭᠡᠷ ᠬᠦᠷᠦᠩᠭᠡᠠᠳᠠᠯ ᠠᠬᠤᠢ᠎ᠶ᠋ᠢᠨ ᠲᠣᠭᠣᠷᠢᠨ ᠱᠢᠭᠦᠬᠦ᠌ ᠲᠢᠩᠬᠢᠮ᠎ᠦᠨ ᠳᠠᠷᠤᠭ᠎ᠠ ᠭᠸ ᠯᠢ ᠶᠠᠷᠢᠵᠤ ᠪᠠᠢᠯ᠎ᠠ᠃ ᠤᠳᠠᠭ᠎ᠠ ᠪᠦᠷᠢ᠎ᠶ᠋ᠢᠨ ᠬᠠᠤᠯᠢ ᠲᠣᠭ᠍ᠲᠠᠭᠠᠯᠲᠠ ᠨᠢ ᠴᠥᠮ ᠴᠠᠭ ᠦᠶ᠎ᠡ᠎ᠶ᠋ᠢᠨ ᠰᠡᠳᠦᠪᠲᠦ ᠬᠠᠷᠢᠭᠤᠯᠲᠠ ᠥᠭ᠌ᠴᠦ᠂ ᠠᠷᠠᠳ ᠲᠦᠮᠡᠨ᠎ᠦ ᠤᠶᠤᠨ ᠤᠬᠠᠭᠠᠨ᠎ᠢ ᠨᠢᠭ᠍ᠲᠠᠷᠠᠭᠤᠯᠵᠤ ᠂ ᠬᠠᠤᠯᠢᠵᠢᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠳᠡᠭ᠃
ᠥᠪᠥᠷ ᠮᠣᠩᠭᠣᠯ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠴᠢᠩᠭ᠎ᠠ ᠳᠠᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠱᠠᠭᠠᠷᠳᠠᠯᠭ᠎ᠠ ᠲᠡᠶ ᠨᠢᠭ᠍ᠲᠠ ᠤᠶᠠᠯᠳᠤᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠲᠠᠶ ᠨᠢᠭ᠍ᠲᠠ ᠤᠶᠠᠯᠳᠤᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠨ᠂ ᠴᠢᠬᠤᠯᠠ ᠬᠦᠷᠢᠶ᠎ᠡ ᠴᠠᠷᠠᠭ᠎ᠠ᠂ ᠱᠢᠨ᠎ᠡ᠎ᠪᠡᠷ ᠮᠠᠨᠳᠤᠭ᠍ᠰᠠᠨ ᠬᠦᠷᠢᠶ᠎ᠠ ᠴᠠᠷᠠᠭ᠎ᠠ ᠵᠢᠨ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠡᠯᠪᠡᠭ ᠪᠠᠶᠠᠯᠢᠭ ᠬᠠᠤᠯᠢᠵᠢᠯ᠎ᠤᠨ ᠪᠠᠳᠤᠯᠠᠭ᠎ᠠ ᠬᠠᠩᠭᠠᠪᠠ᠃
ᠤᠯᠠᠭᠠᠨᠮᠥ᠋ᠴᠢᠷ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠎ᠳᠤ ᠰᠠᠭᠤᠷᠢᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭᠠᠨᠮᠥ᠋ᠴᠢᠷ᠎ᠦᠨ ᠲᠦᠷᠢᠮ》 ᠢ᠋ ᠲᠣᠭ᠍ᠲᠠᠭᠠᠨ ᠨᠡᠢᠲᠡᠯᠡᠵᠦ᠍᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠣᠷᠣᠨ ᠨᠤᠲᠤᠭ᠎ᠤᠨ ᠬᠠᠤᠯᠢ ᠲᠣᠭ᠍ᠲᠠᠭᠠᠯᠲᠠ᠎ᠳᠤ ᠠᠭᠤᠰᠭᠠᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠠᠬᠢᠭᠤᠯᠬᠤ᠎ᠳᠤ ᠰᠠᠭᠤᠷᠢᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》 ᠢ᠋ ᠲᠣᠭ᠍ᠲᠠᠭᠠᠨ ᠨᠡᠢᠳᠡᠯᠡᠭᠰᠡᠨ ᠨᠢ ᠪᠥᠬᠥ᠌ ᠣᠷᠣᠨ᠎ᠤ ᠠᠩᠬᠠᠳᠠᠭ᠍ᠴᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠠᠵᠢᠯ᠎ᠢ ᠠᠬᠢᠭᠤᠯᠬᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭ᠍ᠲᠠᠭᠠᠯ ᠪᠤᠯᠤᠭᠰᠠᠨ ᠪᠠᠢᠨ᠎ᠠ᠃
《ᠬᠣᠶᠠᠷ ᠬᠠᠯᠬᠠᠪᠴᠢ》 ᠂ 《ᠬᠣᠶᠠᠷ ᠰᠠᠭᠤᠷᠢᠨ》 ᠪᠠ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠯ ᠪᠡᠯᠴᠢᠭᠡᠷ᠎ᠢ ᠲᠡᠩᠴᠡᠭᠦᠷᠢᠲᠡᠶ ᠪᠠᠢᠯᠭᠠᠬᠤ ᠪᠠ ᠪᠡᠯᠴᠢᠭᠡᠷᠯᠡᠭᠦᠯᠬᠦ᠌᠎ᠶ᠋ᠢ ᠴᠠᠭᠠᠵᠠᠯᠠᠨ ᠪᠡᠯᠴᠢᠭᠡᠷ᠎ᠢ ᠰᠡᠷᠭᠦᠭᠡᠬᠦ᠌ ᠲᠦᠷᠢᠮ》᠎ᠢ᠋ ᠲᠣᠭ᠍ᠲᠠᠭᠠᠨ ᠨᠡᠢᠲᠡᠯᠡᠵᠦ᠍᠂ ᠦᠨᠳᠦᠰᠦᠲᠡᠨ᠎ᠨᠦᠭᠦᠳ᠎ᠦᠨ 2400 ᠲᠦᠮᠡᠨ ᠠᠷᠠᠳ ᠲᠦᠮᠡᠨ᠎ᠦ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ᠎ᠢ ᠰᠠᠬᠢᠨ ᠬᠠᠮᠠᠭᠠᠯᠠᠬᠤ ᠳ᠋ᠤ ᠬᠠᠤᠯᠢ ᠴᠠᠭᠠᠵᠠ᠎ᠶ᠋ᠢᠨ ᠬᠦᠴᠦᠳᠦ ᠵᠡᠪᠰᠡᠭ ᠬᠠᠩᠭᠠᠵᠠᠢ᠃
ᠬᠠᠤᠯᠢ ᠲᠣᠭ᠍ᠲᠠᠭᠠᠬᠤ ᠦᠶ᠋ᠯᠡᠳᠦᠯᠭᠡ ᠳᠤᠮᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠠᠴᠠ ᠵᠠᠰᠠᠭ᠎ᠤᠨ ᠣᠷᠳᠣᠨ᠎ᠤ ᠬᠠᠤᠯᠢ ᠲᠣᠭ᠍ᠲᠠᠭᠠᠬᠤ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢ ᠵᠣᠬᠢᠶᠠᠨ ᠪᠠᠢᠭᠤᠯᠵᠤ᠂ ᠨᠡᠢᠭᠡᠮ᠎ᠦᠨ ᠬᠦᠴᠦᠨ᠎ᠦ ᠬᠠᠤᠯᠢ ᠲᠣᠭ᠍ᠲᠠᠭᠠᠬᠤ ᠠᠵᠢᠯ᠎ᠳᠤ ᠡᠮᠬᠢ ᠵᠢᠷᠤᠮ᠎ᠲᠠᠶ᠎ᠪᠠᠷ ᠣᠷᠣᠯᠴᠠᠬᠤ᠎ᠶ᠋ᠢ ᠠᠬᠢᠭᠤᠯᠪᠠ᠃ ᠦᠨᠳᠦᠰᠦᠨ ᠱᠠᠲᠤᠨ᠎ᠤ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠦᠨ ᠬᠠᠮᠢᠶᠠᠷᠤᠯᠲᠠ᠎ᠶ᠋ᠢᠨ ᠠᠷᠭ᠎ᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠠᠷᠠᠳ ᠤᠯᠠᠨ᠎ᠤ ᠬᠠᠤᠯᠢ ᠲᠣᠭ᠍ᠲᠠᠭᠠᠬᠤ᠎ᠳᠤ ᠣᠷᠣᠯᠴᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠬᠠᠤᠯᠢ ᠲᠣᠭ᠍ᠲᠠᠭᠠᠬᠤ ᠠᠵᠢᠯ᠎ᠢ 《ᠪᠠᠢᠬᠤ ᠡᠰᠡᠬᠦ᠌ 》 ᠡᠴᠡ 《ᠰᠠᠢ᠌ᠨ ᠡᠰᠡᠬᠦ᠌ 》 ᠲᠡᠢᠰᠢ ᠬᠤᠪᠢᠷᠠᠭᠤᠯᠵᠤ᠂ 《ᠬᠠᠤᠯᠢ ᠵᠢᠨ ᠦᠨᠳᠦᠰᠦᠯᠡᠯ》ᠪᠠᠢᠭ᠍ᠰᠠᠨ᠎ᠠᠴᠠ 《ᠰᠠᠢᠨ ᠬᠠᠤᠯᠢ᠎ᠪᠠᠷ ᠭᠠᠷᠮᠠᠭᠠᠢ ᠵᠠᠰᠠᠬᠤ》ᠲᠡᠢᠰᠢ ᠢᠳᠡ ᠬᠦᠴᠦᠲᠡᠢ ᠤᠷᠤᠭᠰᠢᠯᠠᠪᠠ᠃
ᠠᠷᠠᠳ ᠣᠯᠠᠨ᠎ᠤ ᠠᠵᠠ ᠵᠢᠷᠭᠠᠯ᠎ᠢ ᠰᠠᠬᠢᠨ ᠬᠠᠮᠠᠭᠠᠯᠠᠬᠤ ᠳ᠋ᠤ ᠬᠠᠤᠯᠢ᠎ᠪᠠᠷ ᠵᠠᠰᠠᠬᠤ᠎ᠳᠤ ᠲᠦᠱᠢᠭ᠌ᠯᠡᠨ᠎ᠡ᠃
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠤᠰᠠᠯᠠᠬᠤ ᠠᠵᠢᠯᠲᠠᠨ᠎ᠤ ᠲᠦᠷᠢᠮ》 ᠢ᠋ ᠨᠡᠢᠲᠡᠯᠡᠨ ᠬᠡᠷᠡᠭ᠌ᠵᠢᠭᠦᠯᠦᠭᠰᠡᠨ ᠨᠢ ᠪᠥᠬᠥ᠌ ᠣᠷᠣᠨ᠎ᠤ 4 ᠲᠦᠮᠡ ᠭᠠᠷᠤᠶ ᠲᠤᠰᠠᠯᠠᠬᠤ ᠴᠠᠭ᠍ᠳᠠᠭ᠎ᠠ ᠵᠢᠨ《ᠰᠡᠳᠭᠢᠯ᠎ᠢ ᠠᠮᠤᠷᠵᠢᠭᠤᠯᠪᠠ》᠄ ᠬᠠᠤᠯᠢ ᠴᠠᠭᠠᠵᠠ᠎ᠶ᠋ᠢᠨ ᠪᠠᠢᠷᠢ ᠰᠠᠭᠤᠷᠢ ᠲᠣᠳᠣᠷᠬᠠᠶ ᠪᠣᠯᠵᠣ᠂ ᠡᠭᠦᠷᠭᠡ ᠬᠠᠷᠢᠭᠤᠴᠠᠯᠭ᠎ᠠ ᠡᠷᠬᠡ᠎ᠶ᠋ᠢᠨ ᠬᠡᠪᠴᠢᠶ᠎ᠡ ᠲᠣᠳᠣᠷᠬᠠᠶ ᠪᠣᠯᠵᠣ ᠂ ᠴᠠᠯᠢᠩ ᠬᠥᠯᠥᠰᠥ᠍ ᠬᠠᠷᠠᠭᠠᠯᠵᠠᠯ ᠴᠤ᠌ ᠳᠡᠭᠡᠭ᠌ᠰᠢᠯᠡᠪᠡ᠃
《ᠲᠦᠷᠢᠮ᠎ᠢ ᠨᠡᠢᠲᠡᠯᠡᠭ᠌ᠰᠡᠨ ᠨᠢ ᠪᠢᠳᠡᠨ᠎ᠳᠦ ᠨᠠᠩ ᠣᠯᠠᠨ ᠠᠮᠤᠷ ᠲᠦᠪᠱᠢᠨ᠎ᠦ ᠲᠥᠷᠥᠭ᠌ᠳᠡᠯ ᠣᠯᠭᠣᠪᠠ!》ᠬᠡᠵᠦ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠲᠤᠰᠠᠯᠠᠬᠤ ᠴᠠᠭ᠍ᠳᠠᠭ᠎ᠠ ᠬᠤᠤ ᠹᠸᠢ ᠯᠦᠩ ᠤᠷᠮᠠᠰᠢᠨ ᠵᠤᠷᠢᠭᠵᠢᠨᠠ᠃ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ ᠂ ᠤᠶᠤᠨ ᠰᠠᠨᠠᠭᠠᠨ᠎ᠤ ᠡᠷᠡᠭᠦᠯ ᠬᠠᠮᠠᠭᠠᠯᠠᠯ᠎ᠤᠨ ᠲᠦᠷᠢᠮ᠂ ᠣᠷᠣᠨ ᠨᠤᠲᠤᠭ᠎ᠤᠨ ᠮᠥᠩᠭᠥᠨ ᠭᠦᠢᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠲᠦᠷᠢᠮ᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠲᠦᠷᠢᠮ ᠂ ᠪᠣᠯᠪᠠᠰᠤᠨ ᠠᠵᠢᠯᠯᠠᠭ᠎ᠠ᠎ᠶ᠋ᠢ ᠠᠬᠢᠭᠤᠯᠬᠤ ᠲᠦᠷᠢᠮ ᠁ ᠤᠯᠤᠰ ᠲᠦᠷᠦ᠍᠎ᠶ᠋ᠢᠨ ᠤᠶᠤᠨ ᠤᠬᠠᠭᠠᠨ᠂ ᠬᠠᠷᠢᠭᠤᠴᠠᠯᠭ᠎ᠠ ᠡᠭᠦᠷᠭᠡᠯᠡᠯ᠂ ᠠᠷᠠᠳ᠎ᠤᠨ ᠠᠮᠢᠳᠤᠷᠠᠯ᠎ᠤᠨ ᠬᠠᠢᠷ᠎ᠠ ᠰᠡᠳᠭᠢᠯᠭᠡ᠎ᠶ᠋ᠢ ᠢᠯᠡᠷᠡᠭᠦᠯᠦᠭ᠌ᠰᠡᠨ ᠰᠠᠢ᠌ᠨ ᠬᠠᠤᠯᠢᠨᠤᠭᠤᠳᠢ ᠵᠠᠯᠭᠠᠭ᠎ᠠ᠎ᠪᠠᠷ ᠲᠣᠭ᠍ᠲᠠᠭᠠᠵᠤ᠂ ᠠᠷᠠᠳ᠎ᠤᠨ ᠠᠮᠢᠳᠤᠷᠠᠯ᠎ᠤᠨ ᠶᠡᠬᠡ ᠠᠰᠠᠭᠤᠳᠠᠯ᠎ᠢ ᠱᠢᠢᠳᠪᠦᠷᠢᠯᠡᠪᠡ᠃
ᠬᠠᠤᠯᠢ ᠶᠣᠰᠣᠭᠠᠷ ᠵᠠᠰᠠᠭ ᠶᠠᠪᠤᠭᠤᠯᠵᠤ 《ᠨᠠᠷᠠᠨ ᠬᠡᠷᠡᠯᠳᠦ ᠵᠠᠰᠠᠭ᠎ᠤᠨ ᠣᠷᠳᠣᠨ》 ᠤ᠋ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠣᠪᠣᠢᠯᠭᠠᠪᠠ
《ᠦᠨᠡᠬᠡᠷ ᠲᠦᠷᠬᠡᠨ ᠪᠤᠯᠤᠯ᠎ᠠ! ᠤᠤᠯᠳ᠋ᠠᠭᠠᠨ ᠡᠷᠡᠭᠦᠯ ᠮᠡᠨᠳᠦ᠍᠎ᠶ᠋ᠢᠨ ᠦᠨᠡᠮᠯᠡᠯ᠎ᠤᠨ ᠭᠠᠷᠳᠠᠮ ᠭᠦᠶ᠋ᠴᠡᠳᠭᠡᠬᠦ᠌᠎ᠳᠦ ᠠᠳᠠᠭ᠎ᠲᠠᠭᠠᠨ ᠨᠢᠭᠡ ᠭᠠᠷᠠᠭ ᠤ᠋ᠨ ᠴᠠᠭ ᠵᠠᠷᠤᠴᠠᠭᠤᠯᠳᠠᠭ ᠪᠠᠢᠭᠰᠠᠨ᠂ ᠣᠳᠣ ᠭᠤᠷᠪᠠᠨ ᠡᠳᠦᠷ ᠲᠸ᠋ ᠭᠦᠶ᠋ᠴᠡᠳᠭᠡᠴᠢᠬᠡᠨᠡ》 ᠬᠡᠵᠦ ᠡᠷᠡᠭᠦᠯ ᠮᠡᠨᠳᠦ᠍᠎ᠶ᠋ᠢᠨ ᠦᠨᠡᠮᠯᠡᠯ᠎ᠢᠶᠡᠨ ᠭᠠᠷᠳᠠᠭᠰᠠᠨ ᠤᠯᠠᠭᠠᠨᠴᠠᠪ ᠬᠣᠲᠠ᠎ᠶ᠋ᠢᠨ ᠵᠢᠨᠢᠩ ᠲᠣᠭᠣᠷᠢᠭ᠎ᠤᠨ ᠬᠣᠲᠠ᠎ᠶ᠋ᠢᠨ ᠠᠷᠠᠳ ᠯᠢᠦ ᠠᠪᠤᠭᠠᠶᠶᠠᠷᠢᠬᠤ ᠳ᠋ᠤ ᠪᠠᠶᠠᠷ᠎ᠤᠨ ᠮᠦᠰᠢᠶᠡᠳᠦ ᠲᠤᠳᠤᠷᠠᠨ᠎ᠠ᠃
ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢᠭᠤᠯᠤᠯᠲᠠ ᠨᠢ ᠤᠯᠠᠨ ᠲᠦᠮᠡᠨ᠎ᠳᠦ ᠦᠨᠡᠨ ᠪᠣᠳᠠᠲᠠᠢ ᠠᠱᠢᠭ ᠬᠦᠷᠲᠡᠭᠡᠪᠡ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ᠎ᠤᠨ ᠬᠠᠤᠯᠢᠵᠢᠯ ᠤ᠋ᠨ ᠵᠠᠰᠠᠭ᠎ᠤᠨ ᠣᠷᠳᠣᠨ᠎ᠤ ᠪᠠᠢᠭᠤᠯᠤᠯᠲᠠ ᠲᠦᠷᠭᠡᠨ ᠪᠥᠭᠡᠳ ᠯᠠᠪᠳᠠᠭᠤᠨ ᠠᠬᠢᠵᠤ᠂ ᠬᠠᠤᠯᠢᠵᠢᠭᠰᠠᠨ ᠵᠠᠰᠠᠭ ᠶᠠᠪᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠵᠠᠰᠠᠭ᠎ᠤᠨ ᠣᠷᠳᠣᠨ᠎ᠤ ᠪᠥᠬᠥ᠌ ᠠᠵᠢᠯ᠎ᠢ ᠬᠠᠤᠯᠢᠵᠢᠯ᠎ᠤᠨ ᠵᠠᠮ᠎ᠳᠤ ᠣᠷᠣᠭᠤᠯᠪᠠ᠃
— 《ᠲᠠᠯᠪᠢᠬᠤ ᠬᠠᠮᠢᠶᠠᠷᠬᠤ ᠦᠢᠯᠡᠴᠢᠯᠡᠬᠦ᠌ 》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠪᠠ᠃ ᠨᠢᠭᠡ ᠴᠣᠭ᠍ᠴᠠᠵᠢᠭᠤᠯᠤᠭ᠍ᠰᠠᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠠᠪᠴᠠᠩ ᠪᠠ 《ᠮᠥᠩᠬᠡ ᠰᠤᠪᠠᠭ》ᠵᠠᠰᠠᠭ᠎ᠤᠨ ᠶᠠᠪᠤᠳᠠᠯ᠎ᠤᠨ ᠨᠡᠬᠦᠳᠡᠯ ᠦᠶ᠋ᠯᠡᠴᠢᠯᠡᠭᠡᠨ᠎ᠦ ᠲᠠᠪᠴᠠᠩ᠎ᠳᠤ ᠲᠦᠱᠢᠭ᠌ᠯᠡᠨ᠂ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠤ 《 ᠳᠠᠷᠤᠢᠬᠠᠨ ᠭᠦᠶ᠋ᠴᠡᠳᠭᠡᠬᠦ᠌᠂ ᠰᠦᠯᠵᠢᠶᠡᠨ ᠳᠡᠭᠡᠷ᠎ᠡ ᠭᠦᠶ᠋ᠴᠡᠳᠭᠡᠬᠦ᠌᠂ ᠣᠢᠷ᠎ᠠ ᠬᠠᠪᠢ᠎ᠳᠤᠨᠢ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳᠤ ᠭᠦᠶ᠋ᠴᠡᠳᠭᠡᠬᠦ᠌᠂ ᠥᠪᠡᠰᠦᠪᠡᠨ ᠭᠦᠶ᠋ᠴᠡᠳᠭᠡᠬᠦ᠌》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠠ᠃ ᠣᠳᠣᠬᠠᠨ᠎ᠳᠤ᠂ 67.8%᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠪᠥᠬᠥ᠌ ᠶᠠᠪᠤᠴᠠ᠎ᠳᠤ ᠰᠦᠯᠵᠢᠶ᠎ᠡ᠎ᠪᠡᠷ ᠭᠦᠶ᠋ᠴᠡᠳᠭᠡᠬᠦ᠌᠎ᠶ᠋ᠢ ᠳᠡᠮᠵᠢᠵᠦ᠍᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 161 ᠵᠦᠶ᠋ᠯ᠎ᠦᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ 《ᠳᠥᠷᠪᠡᠨ ᠬᠣᠲᠠ᠎ᠳᠤ ᠨᠡᠢᠳᠡᠮ ᠭᠦᠶ᠋ᠴᠡᠳᠭᠡᠬᠦ᠌》 ᠶ᠋ᠢ ᠪᠡᠶᠡᠯᠡᠭᠦᠯᠵᠦ᠍᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠥᠨᠳᠥᠷ ᠳᠠᠪᠲᠠᠮᠵᠢᠲᠤ ᠦᠶ᠋ᠯᠡᠴᠢᠯᠡᠭᠡᠨ᠎ᠦ ᠵᠦᠶ᠋ᠯᠡᠰ᠎ᠢ 《ᠮᠤᠵᠢ ᠰᠤᠨᠳᠠᠯᠠᠨ ᠨᠡᠢᠳᠡᠮ ᠭᠦᠶ᠋ᠴᠡᠳᠭᠡᠬᠦ᠌》 ᠶ᠋ᠢ ᠪᠡᠶᠡᠯᠡᠭᠦᠯᠪᠡ᠃
— ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳᠦᠷᠢᠮ᠎ᠦᠨ ᠱᠢᠰᠲ᠋ᠧᠮ᠎ᠢ ᠪᠦᠷᠢᠨᠱᠢᠭᠦᠯᠪᠡ᠃ ᠴᠢᠬᠤᠯᠠ ᠶᠡᠬᠡ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳᠡᠰ ᠳᠠᠷᠠᠭᠠᠯᠠᠯ᠎ᠤᠨ ᠲᠣᠭ᠍ᠲᠠᠭᠠᠯ᠎ᠳᠤ ᠵᠠᠰᠠᠪᠤᠷᠢ ᠣᠷᠣᠭᠤᠯᠵᠤ᠂ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠳᠡᠰ ᠳᠠᠷᠠᠭᠠᠯᠠᠯ ᠪᠠ ᠬᠠᠷᠢᠭᠤᠴᠠᠯᠭ᠎ᠠ ᠨᠡᠬᠡᠮᠵᠢᠯᠡᠬᠦ ᠲᠣᠭ᠍ᠲᠠᠴᠠ᠎ᠶ᠋ᠢ ᠲᠡᠭᠦᠯᠳᠡᠷᠵᠢᠭᠦᠯᠪᠡ᠃ ᠬᠠᠤᠯᠢ ᠶᠣᠰᠣᠴᠢ ᠴᠢᠨᠠᠷ᠎ᠢ ᠬᠢᠨᠠᠨ ᠪᠠᠢᠴᠠᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠵᠠᠰᠠᠭ᠎ᠤᠨ ᠣᠷᠳᠣᠨᠤᠬᠠᠤᠯᠢᠴᠠᠭᠠᠵᠠᠶ᠋ᠢᠨᠵᠥᠪᠯᠡᠭ᠌ᠴᠢ᠂ᠠᠯᠪᠠᠨᠲᠤᠱᠢᠶᠠᠯᠲᠤᠬᠠᠤᠯᠢᠴᠢᠶ᠋ᠢᠨ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢ ᠨᠡᠢᠳᠡᠮ ᠬᠠᠮᠤᠷᠬᠤ᠎ᠶ᠋ᠢ ᠠᠬᠢᠭᠤᠯᠪᠠ᠃
— ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ᠎ᠢᠶᠠᠷ ᠬᠠᠤᠯᠢ ᠬᠡᠷᠡᠭ᠌ᠵᠢᠭᠦᠯᠬᠦ᠌ ᠶ᠋ᠢ ᠠᠬᠢᠭᠤᠯᠪᠠ᠃ ᠬᠠᠤᠯᠢ ᠬᠡᠷᠡᠭ᠌ᠵᠢᠭᠦᠯᠬᠦ᠌ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠰᠤᠮᠤ ᠱᠢᠶᠠᠩ ᠪᠠᠯᠭᠠᠰᠤ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠪᠠᠢᠭᠤᠯᠤᠮᠵᠢ᠎ᠶ᠋ᠢ ᠪᠠᠢᠭᠤᠯᠤᠨ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢ ᠢᠯᠡ ᠨᠡᠢᠲᠡᠯᠡᠬᠦ᠌᠂ ᠬᠠᠤᠯᠢ ᠬᠡᠷᠡᠭ᠌ᠵᠢᠭᠦᠯᠬᠦ᠌ ᠪᠥᠬᠥ᠌ ᠶᠠᠪᠤᠴᠠ᠎ᠶ᠋ᠢ ᠲᠡᠮᠳᠡᠭ᠌ᠯᠡᠬᠦ᠌ ᠂ ᠴᠢᠬᠤᠯᠠ ᠶᠡᠬᠡ ᠬᠠᠤᠯᠢ ᠬᠡᠷᠡᠭ᠌ᠵᠢᠭᠦᠯᠬᠦ᠌ ᠲᠣᠭ᠍ᠲᠠᠭᠠᠯ᠎ᠤᠨ ᠬᠠᠤᠯᠢ ᠲᠦᠷᠢᠮ᠎ᠦᠨ ᠬᠢᠨᠠᠨ ᠬᠠᠷᠭᠤᠭᠤᠯᠬᠤ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠪᠡ᠃
《2021 ᠣᠨ᠎ᠤ 8 ᠰᠠᠷ᠎ᠠ᠎ᠶ᠋ᠢᠨ 19 ᠤ᠋ ᠡᠳᠦᠷ ᠂ ᠪᠢ ᠭᠠᠷ ᠤᠲᠠᠰᠤᠨ ᠳᠡᠭᠡᠷ᠎ᠡ᠎ᠪᠡᠨ ᠥᠪᠥᠷ ᠮᠣᠩᠭᠣᠯ᠎ᠤᠨ ᠵᠦᠩ ᠹᠧᠩ ᠪᠡᠯᠡ ᠣᠷᠣᠭᠤᠯᠤᠯᠲᠠ᠎ᠶ᠋ᠢᠨ ᠲᠦᠭ᠌ᠰᠢᠭᠦᠷᠢ᠎ᠶ᠋ᠢᠨ ᠬᠠᠮᠢᠶᠠᠷᠤᠯᠲᠠ᠎ᠶ᠋ᠢᠨ ᠬᠢᠵᠠᠭᠠᠷᠲᠤ ᠺᠣᠮᠫᠠᠨᠢ᠎ᠶ᠋ᠢ ᠳᠠᠩᠰᠠᠯᠠᠭᠤᠯᠪᠠ᠂ ᠡᠨᠡ ᠨᠢ ᠲᠤᠢᠯ᠎ᠤᠨ ᠳᠥᠭᠥᠮ ᠳᠥᠲᠡ ᠶᠤᠮ᠃ ᠲᠣᠰ ᠡᠳᠦᠷ ᠰᠦᠯᠵᠢᠶᠡᠨ ᠳᠡᠭᠡᠷ᠎ᠡ ᠵᠥᠪᠱᠢᠶᠡᠷᠡᠨ ᠳᠠᠩᠰᠠᠯᠠᠭᠤᠯᠵᠤ᠂ ᠡᠯᠧᠺᠲ᠋ᠷᠣᠨ ᠡᠵᠡᠩᠨᠡᠯᠲᠡ᠎ᠶ᠋ᠢᠨ ᠦᠨᠡᠮᠯᠡᠯ᠎ᠢ ᠬᠢᠨᠠᠨ ᠣᠯᠭᠣᠪᠠ᠃ ᠺᠣᠮᠫᠠᠨᠢ᠎ᠶ᠋ᠢᠨ 5 ᠲᠠᠮᠠᠭ᠎ᠠ᠎ᠶ᠋ᠢ ᠴᠥᠮ ᠵᠠᠰᠠᠭ᠎ᠤᠨ ᠣᠷᠳᠣᠨ᠎ᠠᠴᠠ ᠦᠨ᠎ᠡ ᠲᠥᠯᠥᠪᠦᠷᠢ ᠦᠭᠡᠢ᠎ᠪᠡᠷ ᠠᠵᠤ ᠠᠬᠤᠢᠯᠠᠯ᠎ᠳᠤ ᠰᠡᠢᠯᠦᠨ ᠥᠭ᠌ᠴᠦ᠂ 〈ᠦᠪᠡᠷ᠎ᠤᠨ ᠦᠷᠳᠡᠭ ᠦᠭᠡᠢ 〉 ᠪᠡᠷ ᠠᠵᠤ ᠠᠬᠤᠢᠯᠠᠯ ᠳᠠᠩᠰᠠᠯᠠᠭᠤᠯᠬᠤ ᠵᠢ ᠪᠡᠶᠡᠯᠡᠭᠦᠯᠪᠡ》 ᠭᠡᠵᠦ᠍ ᠥᠪᠥᠷ ᠮᠣᠩᠭᠣᠯ᠎ᠤᠨ ᠢᠲᠡᠭᠡᠮᠵᠢ᠎ᠶ᠋ᠢᠨ ᠬᠤᠳᠠᠯᠳᠤᠭᠠᠨ᠎ᠤ ᠨᠡᠢᠭᠡᠮᠯᠢᠭ᠎ᠤᠨ ᠳᠠᠷᠤᠭ᠎ᠠ ᠵᠠᠩ ᠸᠸᠨ ᠴᠢᠩ ᠪᠠᠶᠠᠷᠲᠠᠶ ᠬᠡᠯᠡᠨ᠎ᠡ᠃
ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍ ᠂ ᠠᠩᠬ᠎ᠠ ᠤᠳᠠᠭ᠎ᠠ 2 ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠢ ᠢᠯᠡ᠎ᠪᠡᠷ ᠰᠣᠩᠭᠣᠨ ᠤᠷᠢᠵᠤ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶ᠋ᠢᠨ ᠵᠥᠪᠯᠡᠭ᠌ᠴᠢ᠎ᠶ᠋ᠢᠨ ᠨᠢᠭᠡᠴᠢ ᠪᠣᠯᠭᠠᠪᠠ᠃ ᠢᠯᠡ᠎ᠪᠡᠷ ᠰᠣᠩᠭᠣᠨ ᠤᠷᠢᠭ᠍ᠰᠠᠨ ᠬᠠᠤᠯᠢ ᠴᠠᠭᠠᠵᠠ᠎ᠶ᠋ᠢᠨ ᠵᠥᠪᠯᠡᠭ᠌ᠴᠢ᠎ᠨᠢ ᠵᠠᠰᠠᠭ᠎ᠤᠨ ᠣᠷᠳᠣᠨ᠎ᠤ ᠴᠢᠬᠤᠯᠠ ᠶᠡᠬᠡ ᠵᠠᠰᠠᠭ ᠵᠠᠬᠢᠷᠭᠠᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠵᠠᠰᠠᠭ ᠵᠠᠬᠢᠷᠭᠠᠨ᠎ᠤ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ ᠲᠣᠭ᠍ᠲᠠᠭᠠᠬᠤ ᠵᠡᠷᠭᠡ ᠬᠠᠤᠯᠢ ᠶᠣᠰᠣᠴᠢ ᠴᠢᠨᠠᠷᠲᠠᠶ ᠬᠢᠨᠠᠨ ᠪᠠᠢᠴᠠᠭᠠᠬᠤ ᠠᠵᠢᠯ᠎ᠳᠤ ᠪᠥᠬᠥ᠌ ᠶᠠᠪᠤᠴᠠ᠎ᠪᠠᠷ ᠣᠷᠣᠯᠴᠠᠵᠤ᠂ ᠵᠠᠰᠠᠭ ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠠᠵᠢᠯᠯᠠᠭ᠎ᠠ᠎ᠶ᠋ᠢ ᠤᠯᠠᠮ ᠴᠢᠨᠠᠭᠰᠢᠲᠠ ᠵᠢᠷᠤᠮᠵᠢᠭᠤᠯᠪᠠ᠃
ᠠᠷᠠᠳ᠎ᠤᠨ ᠲᠥᠯᠥᠭᠡ ᠬᠠᠤᠯᠢ ᠪᠠᠷᠢᠵᠤ᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠢᠯᠡᠷᠡᠭᠦᠯᠪᠡ
2021 ᠣᠨ᠎ᠤ 10 ᠰᠠᠷ᠎ᠠ᠎ᠶ᠋ᠢᠨ 19 ᠤ᠋ ᠡᠳᠦᠷ᠎ᠦᠨ 20 ᠴᠠᠭ᠎ᠲᠤ᠂ ᠯᠠᠢᠮᠤᠤᠷᠴᠢ ᠳ᠋ᠤ ᠴᠢᠭᠯᠡᠭᠦᠯᠦᠭᠰᠡᠨ 《ᠲᠠᠯ᠎ᠠ ᠨᠤᠲᠤᠭ᠎ᠤᠨ ᠡᠷᠡᠯᠬᠡᠭ ᠪᠦᠷᠭᠦᠳ 2021》 ᠲᠥᠪᠯᠡᠷᠡᠭᠦᠯᠦᠨ ᠭᠦᠶ᠋ᠴᠡᠳᠭᠡᠬᠦ᠌ ᠠᠵᠢᠯᠯᠠᠭ᠎ᠠ ᠴᠠᠭ᠎ᠲᠠᠭᠠᠨ ᠡᠬᠢᠯᠡᠪᠡ᠃ ᠬᠥᠯᠥᠨ ᠪᠣᠢᠷ ᠬᠣᠲᠠ᠎ᠶ᠋ᠢᠨ ᠵᠠᠯᠠᠢᠨᠠᠭᠤᠷ ᠲᠣᠭᠣᠷᠢᠭ᠎ᠲᠤ ᠂ 5 ᠵᠢᠯ ᠬᠡᠷ᠎ᠦᠨ ᠲᠦᠷᠢᠶᠡᠰᠦ ᠲᠤᠰᠢᠶᠠᠭᠰᠡᠨ ᠦᠭᠡᠢ ᠮᠥᠷᠲᠡᠭᠡᠨ ᠨᠡᠬᠦᠵᠦ ᠭᠠᠷᠬᠤ ᠦᠭᠡᠢ ᠬᠡᠷᠡᠭ᠎ᠢ ᠲᠤᠢᠯᠪᠤᠷᠢᠲᠠᠶ ᠭᠦᠶ᠋ᠴᠡᠳᠭᠡᠵᠦ᠍ ᠳᠠᠭᠤᠰᠭᠠᠪᠠ; ᠲᠦᠩᠯᠢᠶᠣᠤ ᠬᠣᠲᠠ᠎ᠶ᠋ᠢᠨ ᠬᠦᠷᠢᠶ᠎ᠡ ᠬᠣᠱᠢᠭᠤᠨ᠎ᠳᠤ 26 ᠬᠥᠯᠥᠰᠥᠨ ᠠᠵᠢᠯᠴᠢᠨ ᠬᠡᠳᠦᠨ ᠰᠠᠷ᠎ᠠ ᠬᠤᠢᠰᠢᠯᠠᠵᠤ ᠪᠠᠢᠭᠰᠠᠨ 38 ᠲᠦᠮᠡᠨ ᠲᠥᠭᠥᠷᠢᠭ᠎ᠦᠨ ᠴᠠᠯᠢᠩ ᠵᠢᠡᠨ ᠣᠯᠵᠤ ᠠᠪᠤᠪᠠ᠃
3 ᠴᠠᠭ᠎ᠤᠨ ᠲᠥᠪᠯᠡᠷᠡᠩᠭᠦᠢ ᠠᠵᠢᠯᠯᠠᠭ᠎ᠠ᠎ᠪᠠᠷ ᠳᠠᠮᠵᠢᠨ ᠂ ᠪᠦᠬᠦ᠌ ᠣᠷᠣᠨ᠎ᠤ ᠱᠢᠭᠦᠬᠦ᠌ ᠬᠣᠷᠢᠶ᠎ᠠ 730 ᠬᠡᠷᠡᠭ᠎ᠢ ᠭᠦᠢᠴᠡᠳᠭᠡᠨ ᠳᠠᠭᠤᠰᠭᠠᠵᠤ᠂ 1.49 ᠳ᠋ᠦᠩᠱᠢᠭᠤᠷ ᠲᠥᠭᠥᠷᠢᠭ᠎ᠤᠨ ᠬᠠᠷᠠᠯᠲᠠ ᠵᠢ ᠪᠡᠶᠡᠯᠡᠬᠥᠯᠵᠤ᠂ 193 ᠭᠦᠢᠴᠡᠳᠭᠡᠭ᠌ᠳᠡᠭ᠌ᠴᠢ᠎ᠳᠦ ᠠᠯᠪᠠᠳᠠᠯᠭ᠎ᠠ ᠶ᠋ᠢᠨ ᠠᠷᠭ᠎ᠠ ᠬᠡᠮᠵᠢᠶ᠎ᠡ ᠠᠪᠤᠪᠠ᠃
ᠲᠥᠪ ᠭᠣᠣᠯᠴᠢ ᠱᠢᠳᠤᠷᠭᠤ ᠶᠣᠰᠣ ᠪᠣᠯ ᠤᠯᠤᠰ᠎ᠤᠨ ᠰᠠᠭᠤᠷᠢ ᠮᠥᠨ᠃ ᠬᠠᠤᠯᠢ ᠴᠠᠭᠠᠵᠠ ᠪᠣᠯ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠬᠠᠮᠠᠭᠠᠯᠠᠬᠤ ᠡᠴᠦᠰ᠎ᠦᠨ ᠰᠡᠷᠭᠡᠢᠯᠡᠯᠲᠡ᠎ᠶ᠋ᠢᠨ ᠱᠤᠭᠤᠮ ᠮᠥᠨ᠃
ᠪᠦᠬᠦ᠌ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠤᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭ᠌ᠴᠦ ᠂ ᠤᠯᠤᠰ᠎ᠤᠨ ᠠᠮᠤᠷ ᠲᠦᠪᠱᠢᠨ ᠂ ᠨᠡᠢᠭᠡᠮ᠎ᠦᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠬᠠᠮᠠᠭᠠᠯᠠᠬᠤ ᠴᠢᠬᠤᠯᠠ ᠶᠡᠬᠡ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠭᠡᠵᠦ᠍ ᠂ ᠠᠷᠠᠳ ᠤᠯᠠᠨ᠎ᠳᠤ ᠲᠥᠪ ᠭᠣᠣᠯᠴᠢ ᠱᠢᠳᠤᠷᠭᠤ ᠶᠣᠰᠣ ᠳᠡᠷᠭᠡᠳᠡ ᠨᠢ ᠪᠠᠢᠬᠤ᠎ᠶ᠋ᠢ ᠦᠨᠡᠨ ᠬᠦ᠌ ᠮᠡᠳᠡᠷᠡᠭᠦᠯᠪᠡ᠃
ᠪᠥᠬᠥ᠌ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠳᠠᠷᠤᠭᠳᠠᠮᠠᠯ ᠬᠡᠷᠡᠭ 《ᠢᠯᠭᠠᠭᠤᠷᠢ ᠭᠠᠷᠭᠠᠬᠰᠡᠨ ᠥᠭᠡᠢ ᠬᠡᠷᠡᠭ》 ᠢ᠋ ᠢᠯᠭᠠᠷᠠᠭᠤᠯᠤᠨ ᠴᠡᠭᠴᠡᠯᠡᠬᠦ ᠠᠵᠢᠯ᠎ᠢ ᠲᠥᠪᠯᠡᠷᠡᠭᠦᠯᠦᠨ ᠥᠷᠨᠢᠭᠦᠯᠵᠦ᠍ ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠴᠦ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ 298 ᠬᠡᠷᠡᠭ᠎ᠢ ᠳᠡᠩᠨᠡᠨ ᠢᠯᠡᠷᠡᠭᠦᠯᠵᠦ᠍᠂ 536 ᠰᠡᠵᠢᠭ᠌ᠳᠡᠨ᠎ᠢ ᠪᠠᠷᠢᠪᠴᠢᠯᠠᠵᠤ᠂ ᠬᠡᠷᠡᠭ᠎ᠲᠦ ᠬᠣᠯᠪᠣᠭ᠍ᠳᠠᠭ᠍ᠰᠠᠨ 3711.4 ᠲᠦᠮᠡᠨ ᠲᠥᠭᠥᠷᠢᠭ᠎ᠢ ᠬᠤᠷᠢᠶᠠᠮᠵᠢᠯᠠᠨ ᠴᠡᠪᠳᠡᠭ᠌ᠰᠢᠭᠦᠯᠵᠦ᠍ ᠂ 1.74 ᠳ᠋ᠦᠩᠱᠢᠭᠤᠷ ᠲᠥᠭᠥᠷᠢᠭ᠎ᠦᠨ ᠪᠤᠵᠠᠷ ᠡᠳ᠋᠎ᠢ ᠨᠡᠬᠡᠮᠵᠢᠯᠡᠨ ᠠᠪᠴᠠᠢ᠃
ᠠᠷᠠᠳ ᠤᠯᠠᠨ᠎ᠤ ᠠᠮᠤᠷ ᠵᠢᠮᠦᠷ ᠠᠵᠤ ᠲᠦᠷᠦᠬᠦ ᠵᠢ ᠪᠠᠳᠤᠯᠠᠵᠤ᠂ ᠪᠦᠬᠦ᠌ ᠣᠷᠣᠨ᠎ᠤ ᠱᠢᠭᠦᠬᠦ᠌ ᠬᠣᠷᠢᠶ᠎ᠠ 《ᠴᠠᠯᠢᠩ ᠥᠷᠢᠲᠦᠬᠦ᠌᠎ᠶ᠋ᠢ ᠦᠨᠳᠦᠰᠦᠨ᠎ᠡᠴᠡ ᠨᠢ ᠵᠠᠰᠠᠬᠤ ᠵᠠᠭᠤᠨ ᠡᠳᠦᠷ᠎ᠤᠨ ᠪᠤᠭᠤᠮᠳᠠ ᠰᠢᠪᠲᠤᠯᠬᠤ》 ᠲᠤᠰᠭᠠᠢ ᠠᠵᠢᠯᠯᠠᠭ᠎ᠠ᠎ᠶ᠋ᠢ ᠢᠳᠡᠪᠬᠢᠲᠡᠢ ᠥᠷᠨᠢᠭᠦᠯᠵᠦ᠍᠂ ᠭᠡᠷ᠎ᠦᠨ ᠶᠠᠪᠤᠳᠠᠯ᠎ᠤᠨ ᠱᠢᠭᠦᠨ ᠲᠠᠰᠤᠯᠬᠤ ᠠᠵᠢᠯ᠎ᠢ ᠴᠢᠩᠭᠠᠳᠭᠠᠵᠤ ᠂ ᠠᠷᠠᠳ ᠣᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠪᠠ᠃ 2021 ᠣᠨ᠎ᠳᠤ᠂ ᠰᠤᠷᠭᠠᠨ ᠬᠥᠮᠦᠵᠢᠯ᠂ ᠠᠵᠢᠯ ᠣᠯᠭᠣᠯᠲᠠ ᠂ ᠡᠮ ᠡᠮᠨᠡᠯᠭᠡ ᠂ ᠣᠷᠣᠨ ᠰᠠᠭᠤᠴᠠ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠡᠷᠡᠭ᠎ᠢ 4.4 ᠲᠦᠮᠡᠨ ᠬᠤᠪᠢ ᠱᠢᠭᠦᠨ ᠳᠠᠭᠤᠰᠭᠠᠵᠤ ᠂ ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠳ᠋ᠤ 6816 ᠲᠦᠮᠡᠨ ᠲᠥᠭᠥᠷᠢᠭ᠎ᠤᠨ ᠬᠦᠯᠦᠰᠦᠨ ᠮᠦᠩᠬᠦ ᠵᠢ ᠨᠡᠬᠡᠮᠵᠢᠯᠡᠨ ᠤᠯᠵᠤ ᠥᠭᠴᠤ᠂ 1780 ᠲᠦᠮᠡᠨ ᠲᠥᠭᠥᠷᠢᠭ᠎ᠦᠨ ᠬᠠᠤᠯᠢ ᠴᠠᠭᠠᠵᠠ᠎ᠶ᠋ᠢᠨ ᠠᠪᠤᠷᠠᠨ ᠲᠤᠰᠠᠯᠠᠬᠤ ᠵᠣᠭᠣᠰ᠎ᠢ ᠲᠠᠷᠬᠠᠭᠠᠪᠠ᠃
ᠤᠯᠠᠨ ᠨᠡᠢᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠪᠦᠬᠦ᠌ ᠣᠷᠣᠨ᠎ᠤ ᠪᠠᠢᠴᠠᠭᠠᠬᠤ ᠪᠠᠢᠭᠤᠯᠭ᠎ᠠ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢᠨ ᠪᠠᠢᠴᠠᠭᠠᠯᠲᠠ᠎ᠶ᠋ᠢ ᠴᠢᠩᠭᠠᠳᠭᠠᠵᠤ ᠂ ᠤᠯᠠᠨ ᠨᠡᠢᠲᠡ᠎ᠶ᠋ᠢᠨ ᠠᠱᠢᠭ ᠲᠤᠰᠠ᠎ᠶ᠋ᠢ ᠲᠥᠯᠥᠭᠡᠯᠡᠬᠦ᠌ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠬᠥᠬᠡᠮᠳᠦᠭ ᠨᠣᠭᠣᠭᠠᠨ ᠠᠭᠤᠯᠠ ᠤᠰᠤ᠎ᠶ᠋ᠢ ᠰᠠᠬᠢᠨ ᠬᠠᠮᠠᠭᠠᠯᠠᠬᠤ ᠂ ᠠᠵᠤ ᠠᠬᠤᠢ᠎ᠶ᠋ᠢᠨ ᠬᠥᠭ᠌ᠵᠢᠯᠲᠡ᠎ᠳᠦ ᠦᠢᠯᠡᠴᠢᠯᠡᠬᠦ᠌ ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠢ ᠪᠠᠲᠤᠯᠠᠬᠤ ᠂ ᠬᠠᠤᠯᠢᠵᠢᠯ᠎ᠤᠨ ᠪᠠᠢᠭᠤᠯᠤᠯᠲᠠ᠎ᠶ᠋ᠢ ᠠᠬᠢᠭᠤᠯᠬᠤ᠎ᠯᠤᠭ᠎ᠠ ᠣᠷᠭᠠᠨᠢᠭ᠎ᠢᠶᠠᠷ ᠤᠶᠠᠯᠳᠤᠭᠤᠯᠪᠠ᠃ 2021 ᠣᠨ᠎ᠳᠤ᠂ 308 ᠬᠤᠪᠢ ᠢᠷᠭᠡᠨ᠎ᠦ ᠬᠡᠷᠡᠭ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠂ 3920 ᠬᠤᠪᠢ ᠵᠠᠰᠠᠭ ᠵᠠᠬᠢᠷᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠎ᠶ᠋ᠢ ᠱᠢᠶ᠋ᠳᠪᠦᠷᠢᠯᠡᠵᠦ᠍᠂ ᠤᠯᠤᠰ᠎ᠤᠨ ᠥᠮᠴᠢᠯᠡᠯ᠎ᠦᠨ ᠡᠳ᠋ ᠬᠥᠷᠥᠩᠭᠡ ᠵᠢᠨ ᠡᠷᠭᠡ ᠠᠰᠢᠭ᠎ᠢ 29.92 ᠳ᠋ᠦᠩᠱᠢᠭᠤᠷ ᠲᠥᠭᠥᠷᠢᠭ ᠱᠠᠯᠠᠪᠳᠠᠭᠤᠯᠤᠨ ᠬᠣᠷᠢᠶᠠᠨ ᠠᠪᠴᠠᠢ᠃
ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠱᠢᠰᠲ᠋ᠧᠮ ᠬᠣᠲᠠ ᠬᠥᠳᠡᠭᠡ᠎ᠶ᠋ᠢ ᠪᠥᠷᠬᠥᠭᠰᠡᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ ᠪᠠ ᠪᠣᠳᠠᠲᠤ ᠴᠣᠭ᠍ᠴᠠ ᠂ ᠬᠠᠯᠠᠮᠱᠢᠯ ᠤᠲᠠᠰᠤ᠂ ᠰᠦᠯᠵᠢᠶ᠎ᠡ ᠭᠤᠷᠪᠠᠨ ᠶᠡᠬᠡ ᠲᠠᠪᠴᠠᠩ᠎ᠢ ᠪᠠᠢᠭᠤᠯᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ ᠪᠠᠷᠤᠭ 707 ᠲᠦᠮᠡᠨ ᠬᠥᠮᠦᠨ᠎ᠳᠦ ᠠᠱᠢᠭ ᠬᠦᠷᠲᠡᠭᠡᠪᠡ᠃
ᠤᠯᠠᠨ ᠲᠦᠮᠡᠨ᠎ᠦ ᠪᠠᠴᠢᠮᠳᠠᠵᠤ᠂ ᠬᠦᠰᠡᠵᠦ᠂ ᠱᠠᠭᠠᠷᠳᠠᠵᠤ ᠪᠠᠢᠭ᠎ᠠ ᠵᠦᠢᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ ᠤᠯᠠᠨ᠎ᠤ ᠲᠥᠪ ᠭᠣᠣᠯᠴᠢ ᠱᠢᠳᠤᠷᠭᠤ ᠶᠣᠰᠣᠨ᠎ᠤ ᠲᠤᠬᠠᠢ ᠬᠦᠰᠡᠯ ᠡᠷᠡᠮᠡᠯᠵᠡᠯ᠎ᠳᠦ ᠢᠳᠡᠪᠬᠢᠲᠡᠢ ᠬᠠᠷᠢᠭᠤᠯᠲᠠ ᠥᠭ᠌ᠴᠦ᠂ ᠬᠠᠤᠯᠢ ᠴᠠᠭᠠᠵᠠ᠎ᠶ᠋ᠢᠨ ᠢᠲᠡᠭᠡᠭᠦᠯᠬᠦ᠌ ᠬᠦᠴᠦᠨ ᠴᠢᠨᠠᠭ᠍ᠰᠢᠳᠠ ᠳᠡᠭᠡᠭ᠌ᠰᠢᠯᠡᠪᠡ᠃
2019 ᠣᠨ᠎ᠤ 6 ᠰᠠᠷ᠎ᠠ᠎ᠳᠤ ᠂ ᠪᠥᠬᠥ᠌ ᠤᠯᠤᠰ᠎ᠤᠨ ᠠᠩᠬᠠᠳᠠᠭ᠍ᠴᠢ ᠬᠠᠣᠯᠢᠵᠢᠯ᠎ᠤᠨ ᠤᠯᠠᠭᠠᠨᠮᠥ᠋ᠴᠢᠷ᠎ᠦᠨ ᠱᠢᠷᠢᠰ ᠬᠠᠤᠯᠢ ᠲᠦᠭᠡᠮᠡᠯᠵᠢᠭᠦᠯᠬᠦ᠌ ᠺᠠᠷᠲ᠋ᠣᠨ ᠵᠦᠴᠦᠭᠡ 《ᠪᠢᠴᠢᠬᠠᠨ ᠬᠠᠤᠯᠢᠴᠢ ᠢᠷᠡᠯ᠎ᠡ》ᠵᠢ ᠪᠥᠬᠥ᠌ ᠣᠷᠣᠨ᠎ᠳᠤ ᠡᠬᠢᠯᠡᠨ ᠨᠡᠪᠲᠡᠷᠡᠭᠦᠯᠪᠡ᠃ 《ᠬᠠᠤᠯᠢᠵᠢᠯ᠎ᠤᠨ ᠤᠯᠠᠭᠠᠨᠮᠥ᠋ᠴᠢᠷ᠎ᠤᠨ ᠬᠢᠯᠢ ᠬᠢᠵᠠᠭᠠᠷ᠎ᠤᠨ ᠠᠶᠠᠯᠠᠯ》᠂《ᠬᠠᠤᠯᠢᠵᠢᠯ᠎ᠤᠨ ᠲᠠᠯ᠎ᠠ ᠨᠤᠲᠤᠭ᠎ᠤᠨ ᠤᠮᠠᠷᠠᠲᠤ ᠬᠢᠯᠢ᠎ᠶ᠋ᠢᠨ ᠠᠶᠠᠯᠠᠯ 》 ᠵᠡᠷᠭᠡ ᠠᠵᠢᠯᠯᠠᠭ᠎ᠠ ᠥᠷᠨᠢᠭᠦᠯᠵᠦ᠍ ᠂ 《ᠬᠠᠤᠯᠢ ᠴᠠᠭᠠᠵᠠ᠎ᠶ᠋ᠢ ᠳᠣᠯᠣᠭ᠎ᠠ᠎ᠳᠤ ᠬᠦᠷᠭᠡᠬᠦ》 ᠠᠵᠢᠯᠯᠠᠭ᠎ᠠ ᠵᠢ ᠲᠠᠰ ᠳᠠᠪᠬᠤᠷᠭ᠎ᠠ ᠲᠥᠷᠥᠯ ᠬᠤᠪᠢᠶᠠᠨ ᠥᠷᠨᠢᠭᠦᠯᠵᠦ᠍ ᠂ ᠬᠢᠯᠪᠠᠷ ᠣᠢᠯᠠᠭᠠᠮᠵᠢᠲᠠᠶ᠂ ᠪᠠᠶᠠᠷ ᠪᠠᠶᠠᠰᠤᠯ ᠲᠠᠢ ᠪᠡᠷ ᠰᠤᠷᠭᠠᠨ ᠬᠦᠮᠦᠵᠢᠭᠦᠯᠬᠦ ᠬᠡᠯᠪᠡᠷᠢ ᠪᠡᠷ ᠣᠯᠠᠨ ᠲᠦᠮᠡᠨ᠎ᠳᠦ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠣᠳᠣᠷᠬᠠᠢᠯᠠᠨ᠂ ᠬᠦᠮᠦᠰ᠎ᠢ ᠠᠵᠢᠯ ᠶᠠᠪᠤᠳᠠᠯ ᠭᠦᠶ᠋ᠴᠡᠳᠭᠡᠬᠦ᠌ ᠳ᠋ᠡᠭᠡᠨ ᠬᠠᠤᠯᠢ᠎ᠶ᠋ᠢ ᠵᠢᠷᠤᠮᠯᠠᠬᠤ ᠂ ᠤᠴᠢᠷ ᠶᠠᠪᠤᠳᠠᠯ ᠲᠤᠯᠭᠠᠷᠠᠪᠠᠯ ᠬᠠᠤᠯᠢ᠎ᠶ᠋ᠢ ᠡᠷᠢᠬᠦ᠌᠂ ᠠᠰᠠᠭᠤᠳᠠᠯ᠎ᠢ ᠱᠢᠶ᠋ᠳᠪᠦᠷᠢᠯᠡᠬᠦ᠌᠎ᠳᠦ ᠬᠠᠤᠯᠢ᠎ᠶ᠋ᠢ ᠬᠡᠷᠡᠭ᠌ᠯᠡᠬᠦ᠌᠂ ᠵᠥᠷᠢᠴᠡᠯ᠎ᠢ ᠰᠢᠢᠳᠪᠤᠷᠢᠯᠡᠬᠥ ᠳᠤ ᠬᠠᠤᠯᠢ᠎ᠳᠤ ᠲᠦᠱᠢᠭ᠌ᠯᠡᠬᠦ᠌ ᠱᠢᠨ᠎ᠡ ᠰᠡᠳᠭᠢᠬᠦᠶ᠎ᠲᠡᠶ ᠪᠣᠯᠭᠠᠵᠠᠶ᠃
ᠦᠨᠳᠦᠰᠦ ᠵᠢ ᠪᠡᠬᠢᠵᠢᠭᠦᠯᠬᠦ ᠂ ᠵᠢᠱ᠌ᠢᠯᠲᠡ᠎ᠵᠢ ᠲᠣᠭ᠍ᠲᠠᠪᠤᠷᠢᠵᠢᠭᠤᠯᠬᠤ᠂ ᠠᠯᠤᠰ ᠬᠡᠳᠦ᠍᠎ᠳᠦ ᠠᠱᠢᠭ᠍ᠲᠠᠢ ᠪᠠᠢᠬᠤ ᠬᠠᠷᠠᠯᠲᠠ ᠵᠢ ᠵᠤᠷᠢᠵᠤ᠂ ᠬᠠᠤᠯᠢᠵᠢᠯ᠎ᠤᠨ ᠥᠪᠥᠷ ᠮᠣᠩᠭᠣᠯ ᠰᠠᠯᠬᠢ ᠳᠠᠪᠠᠯᠭᠠᠨ᠎ᠢ ᠰᠥᠷᠴᠤ ᠵᠦᠰᠦᠨ ᠴᠤᠴᠠᠯᠲᠠ ᠦᠭᠡᠢ ᠤᠷᠤᠭ᠍ᠰᠢᠯᠠᠨ᠎ᠠ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃