2022-06-21 11:13:16
2021 ᠣᠨ ᠳ᠋ᠤ ᠪᠥᠬᠥ᠌ ᠣᠷᠣᠨ ᠤ᠋ ᠨᠢᠭᠡᠴᠢ GDP ᠶ᠋ᠢᠨ ᠡᠨᠧᠷᠭᠢ ᠵᠢᠨ ᠬᠣᠷᠣᠭ᠍ᠳᠠᠭᠤᠯᠤᠯ 2020 ᠤᠨ ᠤ᠋ ᠬᠢ ᠡᠴᠡ 6.8% ᠪᠠᠷ ᠪᠠᠭᠤᠷᠠᠵᠤ᠂ GDP ᠵᠢᠨ ᠬᠡᠮᠵᠢᠶ᠎ᠠ 2020 ᠤᠨ ᠤ᠋ ᠬᠢ ᠡᠴᠡ 6.3% ᠪᠠᠷ ᠨᠡᠮᠡᠭ᠌ᠳᠡᠵᠦ᠍᠂ ᠵᠢᠱ᠌ᠢᠯᠳᠡ ᠡᠴᠡ ᠪᠠᠨ ᠵᠠᠭᠤᠨ ᠤ᠋ ᠬᠠᠷᠢᠴᠠᠯ ᠢ᠋ᠢᠡᠷ 0.3 ᠬᠤᠪᠢ ᠨᠡᠮᠡᠭᠳᠡᠪᠡ᠃ ᠲᠤᠭ᠎ᠠ ᠨᠤᠷᠮ᠎ᠠ ᠲᠠᠩ ᠴᠤᠯᠭᠤᠢ ᠪᠤᠯᠪᠠᠴᠦ ᠬᠠᠮᠤᠭ ᠤ᠋ᠨ ᠢᠳᠡᠬᠡᠬᠦᠯᠬᠦ ᠬᠦᠴᠦᠨ ᠲᠠᠢ ᠶᠤᠮ᠃ ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠨᠡᠢᠲᠡᠯᠡᠭ᠌ᠰᠡᠨ ᠡᠨᠡ ᠬᠦ᠌ ᠲᠣᠭ᠎ᠠ ᠪᠠᠷᠢᠮᠲᠠ ᠬᠥᠮᠦᠰ ᠢ᠋ ᠵᠤᠷᠢᠭᠵᠢᠭᠤᠯᠤᠯ᠎ᠠ᠃
ᠠᠭᠤᠷ ᠠᠮᠢᠰᠭᠤᠯ ᠤ᠋ᠨ ᠬᠤᠪᠢᠷᠠᠯᠲᠠ ᠪᠣᠯ ᠣᠳᠣᠬᠠᠨ ᠤ᠋ ᠬᠥᠮᠦᠨ ᠲᠥᠷᠥᠯᠬᠢᠲᠡᠨ ᠳ᠋ᠤ ᠲᠤᠯᠭᠠᠷᠠᠵᠤ ᠪᠠᠢᠭ᠎ᠠ ᠪᠦᠬᠦ᠌ ᠪᠥᠮᠪᠥᠷᠴᠡᠭ ᠤ᠋ᠨ ᠴᠢᠨᠠᠷᠲᠠᠢ ᠴᠢᠬᠤᠯᠠ ᠶᠡᠬᠡ ᠥᠷᠢᠰᠥᠯᠳᠦᠭᠡᠨ ᠪᠤᠯᠤᠨ᠎ᠠ᠃ 2030 ᠣᠨ ᠡᠴᠡ ᠡᠮᠦᠨ᠎ᠡ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠶ᠋ᠢ ᠤᠷᠬᠢᠯ ᠬᠡᠮᠵᠢᠭ᠌ᠳᠡᠯ ᠳ᠋ᠤ ᠬᠦᠷᠭᠡᠬᠦ᠌ ᠪᠡᠷ ᠴᠢᠷᠮᠠᠢᠵᠤ᠂ 2060 ᠣᠨ ᠡᠴᠡ ᠡᠮᠦᠨ᠎ᠡ ᠨᠡᠭᠦᠷᠡᠰᠦᠲᠥ᠋ᠷᠥᠭ᠌ᠴᠢ ᠢ᠋ᠢ ᠰᠠᠭᠠᠷᠮᠠᠭ᠍ᠵᠢᠭᠤᠯᠬᠤ ᠶ᠋ᠢ ᠪᠡᠶᠡᠯᠡᠭᠦᠯᠬᠦ᠌ ᠪᠡᠷ ᠴᠢᠷᠮᠠᠢᠨ᠎ᠠ ᠂ ᠡᠨᠡ ᠪᠣᠯ ᠳᠤᠮᠳᠠᠳᠤ ᠤᠯᠤᠰ ᠤ᠋ᠨ ᠲᠥᠪ ᠴᠢᠩᠭ᠎ᠠ ᠠᠮᠠᠯᠠᠯᠲᠠ ᠮᠥᠨ᠃ ᠮᠠᠨ ᠤ᠋ ᠤᠷᠤᠨ ᠤᠯᠤᠰ ᠤ᠋ᠨ ᠴᠢᠬᠤᠯᠠ ᠡᠨᠧᠷᠭᠢ ᠵᠢᠨ ᠰᠠᠭᠤᠷᠢᠨ ᠪᠣᠯᠤᠭ᠍ᠰᠠᠨ ᠤ᠋ ᠬᠤᠪᠢ ᠳ᠋ᠤ᠂ ᠤᠯᠤᠰ ᠤ᠋ᠨ ᠡᠨᠧᠷᠭᠢ ᠵᠢᠨ ᠠᠮᠤᠷ ᠲᠦᠪᠱᠢᠨ ᠢ᠋ ᠪᠠᠲᠤᠯᠠᠬᠤ ᠳ᠋ᠤ ᠴᠢᠬᠤᠯᠠ ᠪᠠᠢᠷᠢ ᠰᠠᠭᠤᠷᠢ ᠢ᠋ᠢ ᠡᠵᠡᠯᠡᠵᠤ ᠪᠠᠢᠬᠤ ᠪᠦᠭᠡᠳ ᠪᠣᠬᠢᠷᠲᠤᠯ ᠥᠬᠡᠶ ᠪᠤᠯᠭᠠᠨ ᠬᠡᠯᠪᠡᠷᠢ ᠢ᠋ᠢ ᠬᠤᠪᠢᠷᠠᠭᠤᠯᠬᠤ ᠬᠦᠨᠳᠦ ᠡᠭᠦᠷᠭᠡ ᠶ᠋ᠢ ᠡᠭᠦᠷᠭᠡᠯᠡᠵᠦ ᠪᠤᠢ᠃ ᠪᠠᠰᠠ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠪᠣᠯᠤᠭ᠍ᠰᠠᠨ ᠤ᠋ ᠬᠤᠪᠢ ᠳ᠋ᠤ᠂ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨ ᠢ᠋ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠵᠦ᠍ ᠪᠠᠢᠭ᠎ᠠ ᠶᠤᠮ ᠃
ᠮᠠᠨ ᠤ᠋ ᠤᠷᠤᠨ 《ᠬᠤᠤᠰ ᠨᠡᠭᠦᠷᠡᠰᠦᠲᠥ᠋ᠷᠥᠭ᠌ᠴᠢ》ᠢ᠋ᠢᠨ ᠬᠠᠷᠠᠯᠲᠠ ᠲᠣᠭ᠍ᠲᠠᠭᠠᠨ᠂ 《ᠬᠤᠤᠰ ᠡᠭᠦᠷᠭᠡ》 ᠡᠭᠦᠷᠭᠡᠯᠡᠵᠤ᠂ ᠬᠦᠴᠢᠷ ᠠᠰᠠᠭᠤᠳᠠᠯ ᠤ᠋ᠳ ᠢ᠋ ᠨᠢᠭᠡᠳ ᠨᠢᠭᠡ ᠪᠡᠷ ᠱᠢᠶ᠋ᠳᠪᠦᠷᠢᠯᠡᠨ ᠦᠨᠡᠨ ᠪᠣᠳᠠᠲᠠᠶ ᠦᠷ᠎ᠡ ᠪᠦᠲᠦᠮᠵᠢ ᠤᠯᠤᠭᠰᠠᠨ ᠪᠠᠢᠨ᠎ᠠ ᠃
ᠭᠠᠳᠠᠭ᠍ᠰᠢᠯᠠᠭᠤᠯᠤᠯᠳᠠ ᠳ᠋ᠤ《ᠬᠠᠰᠤᠬᠤ ᠠᠷᠭ᠎ᠠ》 ᠢ᠋ᠢ ᠬᠡᠷᠡᠭᠯᠡᠯᠠ —
ᠡᠨᠧᠷᠭᠢ ᠠᠷᠪᠢᠯᠠᠵᠤ ᠪᠣᠬᠢᠷᠲᠤᠯ ᠭᠠᠳᠠᠭ᠍ᠰᠢᠯᠠᠭᠤᠯᠬᠤ ᠬᠡᠮᠵᠢᠶ᠎ᠡ ᠶ᠋ᠢ ᠪᠠᠭᠠᠰᠭᠠᠬᠤ ᠪᠠᠷ ᠬᠥᠳᠡᠯᠭᠡᠭᠦᠷ ᠪᠤᠯᠭᠠᠨ ᠬᠡᠯᠪᠡᠷᠢ ᠶ᠋ᠢ ᠬᠤᠪᠢᠷᠠᠭᠤᠯᠤᠨ ᠳᠡᠰ ᠳᠡᠪᠱᠢᠭᠦᠯᠤᠨᠠ
ᠦᠬᠠᠶ ᠬᠣᠲᠠ ᠳ᠋ᠡᠬᠢ ᠥᠪᠥᠷ ᠮᠣᠩᠭᠣᠯ ᠤ᠋ᠨ ᠰᠠᠢ ᠰᠧ ᠫᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠵᠢᠯ ᠳ᠋ᠤ 30 ᠲᠦᠮᠡᠨ ᠲᠣᠨ ᠤᠰᠤᠲᠥ᠋ᠷᠥᠭ᠌ᠴᠢ ᠵᠢᠨ ᠰᠠᠭᠤᠷᠢᠲᠤ ᠴᠡᠪᠡᠷ ᠱᠢᠷᠡᠮᠦ᠍ ᠴᠢᠳᠬᠤᠬᠤ ᠲᠥᠷᠥᠯ ᠵᠦᠶ᠋ᠯ ᠤ᠋ᠨ ᠦᠶ᠋ᠯᠡᠳᠪᠦᠷᠢᠯᠡᠯ ᠤ᠋ᠨ ᠲᠠᠯᠠᠪᠠᠢ ᠳ᠋ᠤ ᠭᠠᠯ ᠤᠯᠠᠭᠠᠨ ᠲᠡᠮᠦᠷ ᠤ᠋ᠨ ᠬᠠᠢᠯᠤᠮᠡᠯ ᠵᠤᠤᠬᠠᠨ ᠡᠴᠡ ᠤᠷᠤᠰᠤᠨ ᠭᠠᠷᠤᠨ᠎ᠠ᠃ ᠡᠲᠡᠭᠡᠷ ᠲᠡᠮᠦᠷ ᠤ᠋ᠨ ᠬᠠᠢᠯᠤᠮᠠᠯ ᠢ᠋ ᠬᠥᠷᠥᠭᠡᠵᠦ᠍ ᠴᠠᠷᠴᠠᠭᠠᠭᠰᠠᠨ ᠤ᠋ ᠳᠠᠷᠠᠭ᠎ᠠ ᠳᠡᠭᠡᠳᠦ ᠴᠡᠪᠡᠷ ᠴᠢᠳᠭᠤᠮᠠᠯ ᠱᠢᠷᠡᠮᠦ᠍ ᠪᠤᠯᠭᠠᠵᠤ᠂ ᠲᠦᠷᠭᠡᠨ ᠤ᠋ ᠲᠡᠮᠦᠷ ᠵᠠᠮ᠂ ᠴᠥᠮ᠎ᠡ ᠶ᠋ᠢᠨ ᠴᠠᠬᠢᠯᠭᠠᠨ᠂ ᠰᠠᠯᠬᠢᠨ ᠬᠦᠴᠦᠨ ᠤ᠋ ᠴᠠᠬᠢᠯᠭᠠᠨ ᠤ᠋ ᠴᠢᠳᠭᠤᠮᠠᠯ ᠲᠣᠨᠣᠭ ᠵᠡᠷᠭᠡ ᠳᠡᠭᠡᠳᠦ ᠲᠠᠰ ᠤ᠋ᠨ ᠲᠣᠨᠣᠭ᠍ᠯᠠᠯ ᠦᠶ᠋ᠯᠡᠳᠬᠦ᠌ ᠬᠦᠷᠢᠶᠡᠨ ᠳ᠋ᠤ ᠥᠷᠭᠡᠨ ᠵᠢᠡᠷ ᠬᠡᠷᠡᠭ᠌ᠯᠡᠬᠦ᠌ ᠪᠣᠯᠤᠨ᠎ᠠ ᠃
ᠶᠠᠷᠦ ᠪᠤᠰᠤ ᠢ᠋ᠢᠨ ᠵᠦᠢᠯ ᠭᠡᠪᠡᠯ᠂ ᠡᠨᠡ ᠬᠦ᠌ ᠦᠢᠯᠡᠳᠪᠦᠷᠢᠯᠡᠯ ᠤ᠋ᠨ ᠶᠠᠪᠤᠴᠠ ᠳ᠋ᠤ《ᠤᠰᠤᠲᠥ᠋ᠷᠥᠭ᠌ᠴᠢ ᠪᠡᠷ ᠲᠡᠮᠦᠷᠯᠢᠭ ᠬᠠᠢᠯᠤᠭᠤᠯᠬᠤ》ᠤᠷ᠎ᠠ ᠮᠡᠷᠬᠡᠵᠢᠯ ᠢ᠋ ᠬᠡᠷᠡᠭ᠌ᠯᠡᠵᠦ᠍᠂ ᠤᠰᠤᠲᠥ᠋ᠷᠥᠭ᠌ᠴᠢ ᠪᠡᠷ ᠤᠯᠠᠮᠵᠢᠯᠠᠯᠲᠤ ᠨᠡᠭᠦᠷᠡᠰᠦᠲᠥ᠋ᠷᠥᠭ᠌ᠴᠢ ᠶ᠋ᠢ ᠣᠷᠣᠯᠠᠭᠤᠯᠤᠨ ᠲᠡᠮᠦᠷᠯᠢᠭ ᠬᠠᠢᠯᠤᠭᠤᠯᠵᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠶ᠋ᠢ ᠵᠢᠯ ᠪᠦᠷᠢ 11.2 ᠲᠦᠮᠡᠨ ᠲᠣᠨ ᠪᠠᠭᠤᠷᠠᠭᠤᠯᠪᠠ ᠃
《ᠣᠳᠣᠬᠠᠨ ᠳ᠋ᠤ ᠪᠢᠳᠡᠨ ᠤ᠋ ᠠᠱᠢᠭ᠍ᠯᠠᠯᠲᠠ ᠳ᠋ᠤ ᠣᠷᠣᠭᠤᠯᠤᠭ᠍ᠰᠠᠨ ᠤᠷ᠎ᠠ ᠮᠡᠷᠭᠡᠵᠢᠯ ᠨᠢᠭᠡᠨᠲᠡ 20% ᠶ᠋ᠢᠨ ᠤᠰᠤᠲᠥ᠋ᠷᠥᠭ᠌ᠴᠢ ᠪᠡᠷ ᠨᠡᠭᠦᠷᠡᠰᠦᠲᠥ᠋ᠷᠥᠭ᠌ᠴᠢ ᠶ᠋ᠢ ᠣᠷᠣᠯᠠᠭᠤᠯᠵᠤ ᠲᠡᠮᠦᠷᠯᠢᠭ ᠬᠠᠢᠯᠤᠭᠤᠯᠬᠤ ᠶ᠋ᠢ ᠪᠡᠶᠡᠯᠡᠭᠦᠯᠪᠠ᠂ 2025 ᠣᠨ ᠪᠣᠯᠬᠤ ᠳ᠋ᠤ ᠪᠢᠳᠡ ᠪᠥᠬᠥ᠌ ᠤᠰᠤᠲᠥ᠋ᠷᠥᠭ᠌ᠴᠢ ᠢ᠋ᠢ ᠠᠵᠤ ᠦᠶ᠋ᠯᠡᠳᠪᠦᠷᠢᠵᠢᠭᠦᠯᠦᠨ ᠬᠠᠢᠯᠤᠭᠤᠯᠬᠤ ᠶ᠋ᠢ ᠠᠯᠬᠤᠮ ᠠᠯᠬᠤᠮ ᠵᠢᠡᠷ ᠪᠡᠶᠡᠯᠡᠭᠦᠯᠵᠦ᠍᠂ ᠵᠢᠯ ᠳ᠋ᠤ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠶ᠋ᠢ 50 ᠭᠠᠷᠤᠶ ᠲᠦᠮᠡᠨ ᠲᠣᠨ ᠪᠠᠭᠤᠷᠠᠭᠤᠯᠤᠨ᠎ᠠ ᠃ ᠲᠤᠬᠠᠢ ᠵᠢᠨ ᠦᠶ᠎ᠡ ᠳ᠋ᠤ ᠪᠢᠳᠡ ᠨᠡᠭᠦᠷᠡᠰᠦᠲᠥ᠋ᠷᠥᠭ᠌ᠴᠢ ᠶ᠋ᠢᠨ ᠭᠦᠶ᠋ᠴᠡᠳᠭᠡᠯ ᠲᠣᠭ᠎ᠠ ᠶ᠋ᠢ ᠬᠤᠳᠠᠯᠳᠤᠵᠤ ᠪᠣᠯᠤᠨ᠎ᠠ ᠰᠢᠤ》 ᠭᠡᠵᠤ ᠰᠠᠢ ᠰᠧ ᠫᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠵᠢᠨ ᠳᠡᠳ᠋ ᠶᠡᠷᠦᠩᠬᠡᠢ ᠳᠠᠭᠠᠭᠠᠮᠠᠯ ᠵᠧᠦ ᠬᠠᠢ ᠴᠤᠸᠠᠨ ᠶᠠᠷᠢᠨ᠎ᠠ ᠃
ᠪᠠᠭ᠎ᠠ ᠨᠡᠭᠦᠷᠡᠰᠦᠲᠥ᠋ᠷᠥᠭ᠌ᠴᠢ ᠡᠴᠡ ᠨᠡᠭᠦᠷᠡᠰᠦᠲᠥ᠋ᠷᠥᠭ᠌ᠴᠢ ᠦᠭᠡᠢ ᠪᠤᠯᠲᠠᠯ᠎ᠠ᠂ ᠲᠡᠮᠦᠷ ᠬᠤᠳᠠᠯᠳᠤᠬᠤ ᠡᠴᠡ ᠨᠡᠭᠦᠷᠡᠰᠦᠲᠥ᠋ᠷᠥᠭ᠌ᠴᠢ ᠢ᠋ᠢᠨ ᠭᠦᠶ᠋ᠴᠡᠳᠭᠡᠯ ᠲᠣᠭ᠎ᠠ ᠵᠢ ᠬᠤᠳᠠᠯᠳᠤᠬᠤ ᠬᠦᠷᠲᠡᠯᠡᠬᠢ ᠰᠠᠢ ᠰᠧ ᠫᠦ ᠵᠢᠨ 《ᠬᠤᠤᠰ ᠨᠡᠭᠦᠷᠡᠰᠦᠲᠥ᠋ᠷᠥᠭ᠌ᠴᠢ》 ᠢ᠋ᠢᠨ ᠵᠠᠮ ᠪᠤᠯ ᠮᠦᠨ ᠴᠤ᠌ ᠮᠠᠨ ᠤ᠋ ᠤᠷᠤᠨ ᠤ᠋ ᠡᠷᠡᠮᠡᠬᠡᠢᠯᠡᠨ ᠤᠷᠤᠭ᠍ᠰᠢᠯᠠᠬᠤ ᠵᠠᠮ ᠪᠤᠯᠬᠤ ᠶᠤᠮ ᠃
《ᠬᠤᠤᠰ ᠨᠡᠭᠦᠷᠡᠰᠦᠲᠥ᠋ᠷᠥᠭ᠌ᠴᠢ》 ᠢ᠋ᠢᠨ ᠬᠠᠷᠠᠯᠲᠠ ᠶ᠋ᠢ ᠪᠡᠶᠡᠯᠡᠭᠦᠯᠬᠦ᠌ ᠳ᠋ᠤ ᠡᠨᠧᠷᠭᠢ ᠵᠢᠨ ᠬᠦᠷᠢᠶ᠎ᠠ ᠪᠤᠯ ᠭᠤᠤᠯ ᠲᠠᠢᠯᠠᠯᠳᠤᠭᠠᠨ ᠤ᠋ ᠲᠠᠯᠠᠪᠤᠷ ᠪᠤᠯᠬᠤ ᠨᠢ ᠲᠠᠮᠵᠢᠭ ᠦᠬᠡᠢ᠂ ᠮᠠᠨ ᠤ᠋ ᠤᠷᠤᠨ ᠡᠨᠡ ᠬᠦ᠌ ᠬᠦᠷᠢᠶᠡᠨ ᠳ᠋ᠤ ᠬᠦᠴᠦᠨ ᠪᠦᠬᠦᠢ ᠠᠷᠭ᠎ᠠ ᠬᠡᠮᠵᠢᠶ᠎ᠠ ᠵᠢ ᠬᠡᠷᠡᠭᠵᠢᠬᠦᠯᠦᠭᠰᠡᠨ ᠪᠠᠢᠨ᠎ᠠ ᠃
— ᠡᠨᠧᠷᠭᠢ ᠵᠢᠨ ᠬᠣᠷᠣᠭ᠍ᠳᠠᠭᠤᠯᠤᠯ ᠵᠢᠨᠷ ᠶᠡᠬᠡ᠂ ᠪᠤᠬᠢᠷᠳᠤᠯ ᠶᠡᠬᠡᠲᠡᠶ ᠠᠵᠤ ᠠᠬᠤᠢᠯᠠᠯ ᠳ᠋ᠤ 《ᠬᠤᠷᠴᠠ ᠰᠡᠯᠡᠮ᠎ᠡ》ᠭᠠᠷᠭᠠᠪᠠ᠃ 《ᠬᠣᠶᠠᠷ ᠥᠨᠳᠥᠷ》 ᠲᠥᠷᠥᠯ ᠵᠦᠶ᠋ᠯ ᠢ᠋ ᠰᠣᠬᠣᠷ ᠪᠠᠯᠠᠶ ᠪᠠᠷ ᠬᠥᠭ᠌ᠵᠢᠭᠦᠯᠬᠦ᠌ ᠶ᠋ᠢ ᠡᠷᠡᠰ ᠬᠣᠷᠢᠭ᠍ᠯᠠᠵᠤ ᠂ 《ᠨᠢᠭᠡ ᠪᠦᠯᠦᠭ ᠢ᠋ ᠬᠣᠷᠢᠭ᠍ᠯᠠᠬᠤ᠂ ᠨᠢᠭᠡ ᠪᠦᠯᠦᠭ ᠢ᠋ ᠰᠣᠯᠢᠬᠤ ᠂ ᠨᠢᠭᠡ ᠪᠦᠯᠦᠭ ᠢ᠋ ᠬᠣᠢᠱᠢᠯᠠᠭᠤᠯᠬᠤ》 ᠪᠡᠷ ᠳᠠᠮᠵᠢᠨ 《ᠬᠣᠶᠠᠷ ᠥᠨᠳᠥᠷ》 ᠠᠵᠤ ᠦᠶ᠋ᠯᠡᠰ ᠤ᠋ᠨ ᠬᠡᠪᠴᠢᠶ᠎ᠡ ᠶ᠋ᠢ ᠵᠦᠶ ᠵᠣᠬᠢᠰᠲᠠᠶ ᠡᠵᠡᠮᠳᠡᠵᠦ᠍ ᠂ ᠲᠣᠭ᠍ᠲᠠᠭᠠᠯ ᠡᠴᠡ ᠵᠥᠷᠢᠴᠡᠭ᠌ᠰᠡᠨ 《ᠬᠣᠶᠠᠷ ᠥᠨᠳᠥᠷ》 ᠲᠥᠷᠥᠯ ᠵᠦᠶ᠋ᠯ ᠢ᠋ ᠴᠡᠭ᠌ᠴᠡᠯᠡᠨ ᠰᠠᠢᠵᠢᠷᠠᠭᠤᠯᠵᠤ 《ᠦᠭᠡᠢ》 ᠪᠤᠯᠭᠠᠬᠤ ᠢ᠋ᠢ ᠠᠬᠢᠭᠤᠯᠪᠠ ᠃
— ᠡᠨᠧᠷᠭᠢ ᠶ᠋ᠢᠨ ᠠᠱᠢᠭ᠍ᠯᠠᠮᠵᠢ ᠶ᠋ᠢᠨ ᠲᠦᠪᠱᠢᠨ ᠢ᠋ ᠳᠡᠭᠡᠭ᠌ᠰᠢᠯᠡᠭᠦᠯᠬᠦ᠌ ᠪᠡᠷ ᠬᠦᠴᠦᠯᠡᠪᠡ᠃ ᠠᠵᠤ ᠦᠢᠯᠡᠳᠪᠦᠷᠢ ᠶ᠋ᠢᠨ ᠬᠦᠷᠢᠶᠡᠨ ᠳ᠋ᠡᠬᠢ ᠦᠯᠡᠭᠦᠳᠡᠭ᠌ᠰᠡᠨ ᠦᠢᠯᠡᠳᠪᠦᠷᠢᠯᠡᠯ ᠤ᠋ᠨ ᠴᠢᠳᠠᠪᠤᠷᠢ ᠶ᠋ᠢ ᠠᠷᠢᠯᠭᠠᠬᠤ 3 ᠵᠢᠯ ᠤ᠋ᠨ ᠲᠥᠯᠥᠪᠯᠡᠭᠡ᠂ ᠠᠵᠤ ᠦᠢᠯᠡᠳᠪᠦᠷᠢ ᠶ᠋ᠢᠨ ᠡᠨᠧᠷᠭᠢ ᠠᠷᠪᠢᠯᠠᠬᠤ ᠮᠡᠷᠭᠡᠵᠢᠯ ᠤ᠋ᠨ ᠥᠭᠡᠷᠡᠴᠢᠯᠡᠯᠲᠡ ᠶ᠋ᠢᠨ ᠲᠥᠯᠥᠪᠯᠡᠭᠡ᠂ ᠨᠡᠭᠦᠷᠡᠰᠦ ᠴᠠᠬᠢᠯᠭᠠᠨ ᠤ᠋ ᠡᠨᠧᠷᠭᠢ ᠠᠷᠪᠢᠯᠠᠵᠤ ᠬᠣᠷᠣᠭ᠍ᠳᠠᠭᠤᠯᠤᠯ ᠢ᠋ ᠪᠠᠭᠠᠰᠭᠠᠬᠤ ᠪᠠ ᠠᠮᠢᠳᠤᠯᠢᠭ ᠴᠢᠨᠠᠷᠲᠠᠢ ᠪᠡᠷ ᠥᠭᠡᠷᠡᠴᠢᠯᠡᠬᠦ᠌ ᠵᠡᠷᠭᠡ ᠠᠯᠢ ᠤᠯᠠᠨ ᠠᠷᠭ᠎ᠠ ᠬᠡᠮᠵᠢᠶ᠎ᠡ ᠶ᠋ᠢ ᠬᠡᠷᠡᠭ᠌ᠵᠢᠭᠦᠯᠵᠠᠢ ᠃
2021 ᠣᠨ ᠳ᠋ᠤ᠂ ᠮᠠᠨ ᠤ᠋ ᠤᠷᠤᠨ 206 ᠲᠦᠮᠡᠨ ᠲᠣᠨ ᠴᠠᠬᠢᠯᠠᠭᠤᠷ ᠴᠢᠯᠠᠭᠤ ᠂ 33 ᠲᠦᠮᠡᠨ ᠲᠣᠨ ᠲᠡᠮᠦᠷ ᠤ᠋ᠨ ᠬᠠᠢᠯᠤᠰᠢ᠂ 60 ᠲᠦᠮᠡᠨ ᠲᠣᠨ ᠬᠡᠦᠷᠡᠰᠦ ᠢ᠋ᠢᠨ ᠬᠣᠴᠣᠷᠤᠩᠭᠤᠶ ᠦᠶ᠋ᠯᠡᠳᠪᠦᠷᠢᠯᠡᠯ ᠤ᠋ᠨ ᠴᠢᠳᠠᠪᠤᠷᠢ ᠵᠢ ᠤᠬᠤᠷᠢᠭᠤᠯᠤᠨ ᠭᠠᠷᠭᠠᠵᠤ᠂ 8.6 ᠲᠦᠮᠡᠨ ᠺᠢᠯᠦᠸᠠᠲ ᠬᠣᠴᠣᠷᠤᠩᠭᠤᠶ ᠨᠡᠭᠦᠷᠡᠰᠦ ᠴᠠᠬᠢᠯᠭᠠᠨ ᠤ᠋ ᠮᠠᠱᠢᠨ ᠴᠣᠭ᠍ᠴᠠᠯᠠᠪᠤᠷᠢ ᠶ᠋ᠢ ᠱᠢᠭ᠌ᠰᠢᠭ᠌ᠳᠡᠭᠦᠯᠪᠡ᠃ ᠮᠠᠨ ᠤ᠋ ᠤᠷᠤᠨ ᠤ᠋ ᠡᠨᠧᠷᠭᠢ ᠶ᠋ᠢᠨ ᠬᠣᠷᠣᠭ᠍ᠳᠠᠭᠤᠯᠤᠯ ᠤ᠋ᠨ《ᠬᠣᠶᠠᠷ ᠢ᠋ ᠬᠢᠵᠠᠭᠠᠷᠯᠠᠬᠤ》 ᠭᠦᠶ᠋ᠴᠡᠳᠭᠡᠯ ᠲᠣᠭ᠎ᠠ ᠪᠦᠬᠦ ᠤᠯᠤᠰ ᠤ᠋ᠨ ᠰᠡᠬᠦᠯ ᠤᠷᠴᠢᠮ ᠳ᠋ᠤ ᠤᠷᠤᠵᠤ ᠪᠠᠢᠭ᠍ᠰᠠᠨ ᠡᠴᠡ ᠪᠠᠨ ᠲᠦᠷᠦᠭᠦᠯᠡᠵᠤ ᠂ ᠡᠨᠧᠷᠭᠢ ᠶ᠋ᠢᠨ ᠬᠣᠷᠣᠭ᠍ᠳᠠᠭᠤᠯᠤᠯ ᠡᠮᠬᠢ ᠵᠠᠮᠪᠠᠷᠠᠭ᠎ᠠ ᠦᠭᠡᠢ ᠨᠡᠮᠡᠭ᠌ᠳᠡᠵᠤ ᠪᠠᠢᠭᠰᠠᠨ ᠪᠠᠢᠳᠠᠯ ᠢ᠋ ᠪᠦᠳᠦᠮᠵᠢᠳᠠᠢ ᠬᠤᠪᠢᠷᠠᠭᠤᠯᠪᠠ ᠃
ᠨᠡᠭᠦᠷᠡᠰᠦᠲᠥ᠋ᠷᠥᠭ᠌ᠴᠢ ᠶ᠋ᠢ ᠪᠠᠭᠠᠰᠭᠠᠵᠤ ᠬᠣᠷᠣᠭ᠍ᠳᠠᠭᠤᠯᠤᠯ ᠢ᠋ ᠪᠠᠭᠠᠰᠭᠠᠬᠤ ᠨᠢ ᠦᠢᠯᠡᠳᠪᠦᠷᠢᠯᠡᠯ ᠤ᠋ᠨ ᠴᠢᠳᠠᠪᠤᠷᠢ ᠶ᠋ᠢ ᠪᠠᠭᠠᠰᠭᠠᠬᠤ ᠶᠠᠪᠤᠳᠠᠯ ᠤᠭᠲᠤ ᠪᠢᠰᠢ᠂ ᠬᠠᠷᠢᠨ ᠲᠥᠪᠯᠡᠷᠡᠭᠦᠯᠦᠨ ᠡᠷᠴᠢᠮᠵᠢᠭᠦᠯᠬᠦ᠌ ᠲᠠᠯ᠎ᠠ ᠪᠠᠷ ᠱᠢᠪᠲᠤᠯᠤᠯᠲᠠ ᠭᠠᠷᠭᠠᠨ᠂ ᠪᠣᠬᠢᠷᠲᠤᠯ ᠦᠭᠡᠢ ᠦᠢᠯᠡᠳᠪᠦᠷᠢᠯᠡᠯ ᠤ᠋ᠨ ᠬᠦᠴᠦᠨ ᠪᠠ ᠱᠢᠨ᠎ᠡ ᠬᠥᠳᠡᠯᠭᠡᠬᠦ᠌ ᠡᠨᠧᠷᠭᠢ ᠶ᠋ᠢᠨ ᠣᠷᠣᠯᠠᠬᠤ ᠴᠢᠳᠠᠪᠤᠷᠢ ᠶ᠋ᠢ ᠦᠷᠭᠦᠯᠵᠢᠯᠡᠨ ᠨᠡᠮᠡᠭ᠌ᠳᠡᠭᠦᠯᠵᠦ᠍᠂ ᠤᠯᠠᠮᠵᠢᠯᠠᠯᠲᠤ ᠬᠥᠭ᠌ᠵᠢᠯᠲᠡ ᠶ᠋ᠢᠨ ᠠᠷᠭ᠎ᠠ ᠵᠠᠮ ᠳ᠋ᠤ ᠲᠦᠱᠢᠭ᠌ᠯᠡᠬᠦ ᠡᠴᠡ ᠠᠩᠭᠢᠵᠢᠷᠠᠵᠤ᠂ ᠦᠢᠯᠡᠳᠪᠦᠷᠢᠯᠡᠯ ᠠᠮᠢᠳᠤᠷᠠᠯ ᠤ᠋ᠨ ᠪᠦᠬᠦ᠌ ᠲᠠᠯ᠎ᠠ ᠵᠢ ᠪᠣᠬᠢᠷᠲᠤᠯ ᠦᠭᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠪᠡᠶᠡᠯᠡᠭᠦᠯᠬᠦ᠌ ᠶᠠᠪᠤᠳᠠᠯ ᠪᠤᠯᠬᠤ ᠶᠤᠮ ᠃
ᠨᠡᠭᠦᠷᠡᠰᠦᠲᠥ᠋ᠷᠥᠭ᠌ᠴᠢ ᠶ᠋ᠢ ᠪᠠᠭᠠᠰᠭᠠᠬᠤ ᠳ᠋ᠤ ᠰᠣᠬᠣᠷ ᠪᠠᠯᠠᠶ ᠪᠡᠷ ᠬᠢᠵᠤ ᠪᠤᠯᠬᠤ ᠦᠬᠡᠢ᠂ ᠬᠠᠷᠢᠨ ᠤᠷᠢᠳ ᠵᠢᠡᠷ ᠪᠠᠢᠭᠤᠯᠵᠤ ᠳᠠᠷᠠᠭ᠎ᠠ ᠨᠢ ᠰᠢᠪᠲᠤᠯᠵᠤ᠂ ᠯᠠᠪᠳᠠᠭᠤᠨ ᠵᠢᠡᠷ ᠠᠬᠢᠭᠤᠯᠵᠤ᠂ ᠡᠨᠧᠷᠭᠢ ᠶ᠋ᠢᠨ ᠠᠮᠤᠷ ᠲᠦᠪᠱᠢᠨ ᠢ᠋ ᠪᠠᠲᠤᠯᠠᠭ᠍ᠰᠠᠨ ᠰᠠᠭᠤᠷᠢᠨ ᠳᠡᠭᠡᠷ᠎ᠡ ᠱᠢᠨ᠎ᠡ ᠬᠠᠭᠤᠴᠢᠨ ᠡᠨᠧᠷᠭᠢ ᠢ᠋ᠢ ᠡᠮᠬᠢ ᠵᠢᠷᠤᠮ ᠲᠠᠶ ᠪᠠᠷ ᠣᠷᠣᠯᠠᠭᠤᠯᠬᠤ ᠶᠠᠪᠤᠳᠠᠯ ᠪᠣᠯᠤᠨ᠎ᠠ ᠃
ᠠᠭᠠᠭᠢᠮ᠎ᠠ ᠬᠠᠯᠠᠭᠤᠨ ᠵᠤᠨ ᠤ᠋ ᠡᠳᠦᠷ ᠲᠦᠩᠯᠢᠶᠣᠤ ᠬᠣᠲᠠ ᠶ᠋ᠢᠨ ᠬᠣᠷᠴᠢᠨ ᠲᠣᠭᠣᠷᠢᠭ ᠤ᠋ᠨ ᠯᠦᠩ ᠮᠠ ᠳᠡᠭᠡᠳᠦ ᠲᠠᠰ ᠤ᠋ᠨ ᠲᠣᠨᠣᠭ᠍ᠯᠠᠯ ᠦᠶ᠋ᠯᠡᠳᠬᠦ᠌ ᠰᠠᠭᠤᠷᠢᠨ ᠤ᠋ ᠪᠥᠲᠥᠭᠡᠨ ᠪᠠᠢᠭᠤᠯᠤᠯᠲᠠ ᠶ᠋ᠢᠨ ᠠᠬᠤᠶ ᠲᠠᠯᠠᠪᠠᠶᠬᠥᠷ ᠬᠥᠭ᠌ᠵᠢᠶᠡᠨ ᠵᠢᠡᠷ ᠪᠢᠯᠬᠠᠨ᠎ᠠ᠃ 10 ᠲᠦᠮᠡᠨ ᠲᠡᠭ᠌ᠰᠢ ᠳᠥᠷᠪᠡᠯᠵᠢᠨ ᠮᠧᠲ᠋ᠷ ᠤ᠋ᠨ ᠭᠠᠩᠨᠠᠬᠤ ᠲᠠᠰᠤᠭ ᠪᠣᠯᠤᠨ 14 ᠲᠦᠮᠡᠨ ᠲᠡᠭ᠌ᠰᠢ ᠳᠥᠷᠪᠡᠯᠵᠢᠨ ᠮᠧᠲ᠋ᠷ ᠤ᠋ᠨ ᠰᠠᠯᠬᠢᠨ ᠳᠡᠯᠪᠢ ᠵᠢᠨ ᠲᠠᠰᠤᠭ ᠠᠱᠢᠭ᠍ᠯᠠᠯᠲᠠ ᠳ᠋ᠤ ᠣᠷᠣᠬᠤ ᠪᠣᠯᠤᠯ᠎ᠠ᠃ 185 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠬᠤ ᠪᠡᠷ ᠲᠦᠯᠦᠪᠯᠡᠭᠰᠡᠨ ᠡᠨᠡ ᠬᠦ᠌ ᠰᠠᠭᠤᠷᠢᠨ ᠨᠢ ᠰᠠᠯᠬᠢᠨ ᠬᠦᠴᠦᠨ ᠤ᠋ ᠴᠠᠬᠢᠯᠭᠠᠨ ᠤ᠋ ᠲᠤᠨᠤᠭᠯᠠᠯ ᠦᠶ᠋ᠯᠡᠳᠬᠦ᠌ 11 ᠳᠡᠭᠡᠳᠦ ᠳᠤᠤᠷᠠᠳᠤ ᠤᠷᠤᠰᠭᠠᠯ ᠤ᠋ᠨ ᠠᠵᠤ ᠠᠬᠤᠢᠯᠠᠯ ᠢ᠋ ᠲᠠᠲᠠᠵᠤ᠂ ᠭᠤᠤᠯ ᠮᠠᠱᠢᠨ ᠡᠴᠡ ᠰᠤᠪᠤᠷᠭᠠᠨ ᠲᠦᠩᠰᠡ ᠬᠦᠷᠲᠡᠯ᠎ᠡ᠂ ᠬᠤᠷᠳᠤᠴᠠ ᠪᠠᠭᠤᠷᠠᠭᠤᠯᠬᠤ ᠮᠠᠱᠢᠨ ᠡᠴᠡ ᠰᠠᠯᠬᠢᠨ ᠳᠡᠯᠪᠢ ᠬᠦᠷᠲᠡᠯ᠎ᠡ ᠴᠥᠮ ᠪᠠᠢᠵᠤ᠂ ᠲᠦᠩᠯᠢᠶᠣᠤ ᠬᠣᠲᠠ ᠴᠢᠨᠠᠭ᠍ᠰᠢᠯᠠᠪᠠᠯ ᠪᠦᠬᠦ ᠣᠷᠣᠨ ᠤ᠋ ᠰᠠᠯᠬᠢᠨ ᠬᠦᠴᠦᠨ ᠤ᠋ ᠴᠠᠬᠢᠯᠭᠠᠨ ᠤ᠋ ᠲᠤᠨᠤᠭᠯᠠᠯ ᠦᠶ᠋ᠯᠡᠳᠬᠦ᠌ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠬᠣᠭᠣᠰᠣᠨ ᠢ᠋ ᠨᠥᠬᠥᠪᠥᠷᠢᠯᠡᠭ᠌ᠰᠡᠨ ᠪᠠᠢᠨ᠎ᠠ᠃ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠶ᠋ᠢ ᠪᠦᠬᠦᠨ ᠢ᠋ ᠪᠠᠶᠠᠯᠡᠭᠦᠯᠦᠭᠰᠡᠨ ᠤ᠋ ᠳᠠᠷᠠᠭ᠎ᠠ ᠲᠤᠰ ᠰᠠᠭᠤᠷᠢᠨ ᠨᠢ ᠪᠥᠬᠥ᠌ ᠳᠡᠯᠡᠬᠡᠢ ᠢ᠋ᠢᠨ ᠬᠡᠪᠴᠢᠶ᠎ᠡ ᠪᠡᠷ ᠬᠠᠮᠤᠭ ᠤ᠋ᠨ ᠶᠡᠬᠡ᠂ ᠠᠵᠤ ᠦᠶ᠋ᠯᠡᠰ ᠤ᠋ᠨ ᠬᠡᠯᠬᠢᠶ᠎ᠡ ᠪᠡᠷ ᠬᠠᠮᠤᠭ ᠤ᠋ᠨ ᠪᠦᠷᠢᠨ ᠰᠠᠯᠬᠢᠨ ᠬᠦᠴᠦᠨ ᠤ᠋ ᠴᠠᠬᠢᠯᠭᠠᠨ ᠤ᠋ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ ᠤ᠋ᠨ ᠪᠦᠯᠦᠭ᠌ᠯᠡᠯ ᠪᠤᠯᠵᠤ ᠰᠡᠬᠦᠢᠨ ᠰᠦᠨᠳᠡᠷᠯᠡᠬᠦ ᠪᠤᠯᠤᠨ᠎ᠠ ᠃
ᠮᠠᠨ ᠤ᠋ ᠤᠷᠤᠨ ᠠᠵᠤ ᠦᠢᠯᠡᠰ ᠤ᠋ᠨ ᠪᠦᠲᠦᠴᠡ ᠪᠠ ᠡᠨᠧᠷᠭᠢ ᠢ᠋ᠢᠨ ᠪᠦᠲᠦᠴᠡ ᠶ᠋ᠢ ᠢᠳᠡᠪᠬᠢᠲᠡᠢ ᠲᠣᠬᠢᠷᠠᠭᠤᠯᠵᠤ᠂ ᠰᠠᠯᠬᠢ ᠭᠡᠷᠡᠯ ᠤᠰᠤᠲᠥ᠋ᠷᠥᠭ᠌ᠴᠢ ᠬᠠᠳᠠᠭᠠᠯᠠᠬᠤ ᠳᠥᠷᠪᠡᠨ ᠶᠡᠬᠡ ᠠᠵᠤ ᠦᠢᠯᠡᠰ ᠤ᠋ᠨ ᠰᠦᠷᠦᠭ᠌ᠵᠢᠯ ᠢ᠋ ᠪᠤᠵᠠᠭᠠᠢᠷᠠᠭᠤᠯᠤᠨ᠂ ᠡᠨᠧᠷᠭᠢ ᠶ᠋ᠢᠨ ᠬᠠᠩᠭᠠᠯᠭ᠎ᠠ ᠳ᠋ᠠᠬᠢ ᠱᠢᠨ᠎ᠡ ᠡᠨᠧᠷᠭᠢ ᠶ᠋ᠢᠨ ᠬᠠᠷᠢᠴᠠᠯ ᠢ᠋ ᠳᠡᠭᠡᠭ᠌ᠰᠢᠯᠡᠭᠦᠯᠵᠤ᠂ 2021 ᠣᠨ ᠤ᠋ ᠰᠡᠭᠦᠯᠴᠢ ᠪᠤᠯᠬᠤ ᠳ᠋ᠤ ᠪᠦᠬᠦ ᠤᠷᠤᠨ ᠤ᠋ ᠱᠢᠨ᠎ᠡ ᠡᠨᠧᠷᠭᠢ ᠵᠢᠨ ᠮᠠᠱᠢᠨ ᠴᠣᠭ᠍ᠴᠠᠯᠠᠪᠤᠷᠢ ᠪᠥᠬᠥ᠌ ᠤᠯᠤᠰ ᠲᠦ᠍ ᠲᠦᠷᠦᠬᠦᠯᠡᠪᠡ ᠃
ᠮᠠᠨ ᠤ᠋ ᠤᠷᠤᠨ ᠡᠯᠪᠡᠭ ᠪᠠᠶᠠᠯᠢᠭ ᠨᠠᠷᠠᠠ ᠤ᠋ ᠡᠨ᠋ᠸᠷᠬᠢ ᠰᠠᠯᠬᠢᠨ ᠬᠦᠴᠦᠨ ᠤ᠋ ᠡᠬᠢ ᠪᠠᠶᠠᠯᠢᠭ ᠲᠡᠭᠠᠨ ᠲᠦᠱᠢᠭ᠌ᠯᠡᠨ᠂ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠲᠠᠩ ᠴᠤᠯᠭᠤᠶ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠵᠤ ᠪᠠᠢᠭ᠍ᠰᠠᠨ ᠡᠴᠡ ᠪᠡᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠳᠠᠢᠰᠢ ᠬᠥᠭ᠌ᠵᠢᠬᠦ᠌᠂ ᠤᠯᠠᠮᠵᠢᠯᠠᠯᠲᠤ ᠡᠨᠧᠷᠭᠢ ᠵᠢᠨ ᠲᠣᠮᠣ ᠣᠷᠣᠨ ᠡᠴᠡ ᠴᠡᠪᠡᠷ ᠡᠨᠧᠷᠭᠢ ᠵᠢᠨ ᠲᠣᠮᠣ ᠣᠷᠣᠨ ᠳᠠᠢᠰᠢ ᠬᠥᠭ᠌ᠵᠢᠬᠦ ᠵᠢ ᠠᠬᠢᠭᠤᠯᠤᠭᠰᠠᠨ ᠪᠠᠢᠨ᠎ᠠ ᠃
ᠬᠤᠷᠠᠮᠳᠤᠭᠤᠯᠭ᠎ᠠ ᠳ᠋ᠤ 《ᠨᠡᠮᠡᠬᠦ᠌ ᠠᠷᠭ᠎ᠠ》 ᠢ᠋ᠢ ᠬᠡᠷᠡᠭᠯᠡᠯᠠ —
ᠪᠦᠬᠦ᠌ ᠤᠯᠤᠰ ᠤ᠋ᠨ ᠬᠠᠮᠤᠭ ᠤ᠋ᠨ ᠲᠣᠭ᠍ᠲᠠᠭᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠵᠤ ᠬᠠᠩᠭᠠᠬᠤ ᠰᠠᠭᠤᠷᠢᠨ ᠢ᠋ ᠪᠦᠳᠦᠬᠡᠨ ᠪᠠᠢᠭᠤᠯᠤᠨ᠎ᠠ
ᠤᠢ ᠱᠢᠭᠤᠶ ᠵᠢᠨ ᠨᠡᠭᠦᠷᠡᠰᠦᠲᠥ᠋ᠷᠥᠭ᠌ᠴᠢ ᠵᠢᠨ ᠬᠤᠷᠠᠮᠳᠤᠭᠤᠯᠭ᠎ᠠ ᠭᠡᠳᠡᠭ ᠪᠣᠯ ᠤᠢ ᠱᠢᠭᠤᠶ ᠵᠢᠨ ᠤᠷᠭᠤᠮᠠᠯ ᠠᠭᠠᠷ ᠮᠠᠨᠳᠠᠯ ᠳᠣᠲᠣᠷᠠᠬᠢ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠢ᠋ ᠱᠢᠩᠭᠡᠭᠡᠨ ᠠᠪᠬᠤ ᠢ᠋ᠢᠨ ᠬᠠᠮᠲᠤ ᠲᠡᠭᠦᠨ ᠢ᠋ ᠤᠷᠭᠤᠮᠠᠯ ᠤ᠋ᠨ ᠬᠤᠴᠢᠯᠭ᠎ᠠ ᠪᠤᠶᠤ ᠬᠥᠷᠥᠰᠥᠨ ᠳ᠋ᠤ ᠲᠣᠭ᠍ᠲᠠᠪᠤᠷᠢᠵᠢᠭᠤᠯᠵᠤ᠂ ᠡᠭᠦᠨ ᠤ᠋ ᠤᠯᠠᠮ ᠵᠢᠡᠷ ᠨᠡᠭᠦᠷᠡᠰᠦᠲᠥ᠋ᠷᠥᠭ᠌ᠴᠢ ᠵᠢᠨ ᠳᠠᠪᠬᠤᠷ ᠢᠰᠦᠯ ᠤ᠋ᠨ ᠠᠭᠠᠷ ᠮᠠᠨᠳᠠᠯ ᠳ᠋ᠠᠬᠢ ᠥᠳᠭᠡᠴᠡ ᠶ᠋ᠢ ᠪᠠᠭᠠᠰᠭᠠᠬᠤ ᠶ᠋ᠢ ᠵᠢᠭᠠᠵᠤ ᠪᠠᠢᠨ᠎ᠠ᠃ ᠣᠶ ᠱᠢᠭᠤᠶ ᠪᠣᠯ ᠡᠬᠡ ᠬᠠᠭᠤᠷᠠᠶ ᠵᠢᠨ ᠠᠮᠢ ᠠᠬᠤᠶ ᠵᠢᠨ ᠱᠢᠰᠲ᠋ᠧᠮ ᠤ᠋ᠨ ᠭᠤᠤᠯ ᠴᠣᠭ᠍ᠴᠠ᠂ ᠮᠦᠨ ᠴᠤ᠌ ᠬᠠᠮᠤᠭ ᠤ᠋ᠨ ᠲᠤᠮᠤ 《ᠨᠡᠭᠦᠷᠡᠰᠦᠲᠥ᠋ᠷᠥᠭ᠌ᠴᠢ ᠬᠠᠳᠠᠭᠠᠯᠠᠬᠤ ᠬᠥᠮᠥᠷᠭᠡ》 ᠪᠠ ᠬᠠᠮᠤᠭ ᠤ᠋ᠨ ᠬᠢᠮᠳᠠ 《ᠨᠡᠭᠦᠷᠡᠰᠦᠲᠥ᠋ᠷᠥᠭ᠌ᠴᠢ ᠰᠢᠡᠭᠭᠡᠭᠡᠭᠴᠢ》 ᠪᠠᠢᠵᠤ᠂ ᠨᠡᠭᠦᠷᠡᠰᠦᠲᠥ᠋ᠷᠥᠭ᠌ᠴᠢ ᠵᠢ ᠰᠠᠭᠠᠷᠮᠠᠭ᠍ᠵᠢᠭᠤᠯᠬᠤ ᠵᠢ ᠪᠡᠶᠡᠯᠡᠭᠦᠯᠬᠦ᠌ ᠳ᠋ᠤ ᠴᠢᠬᠤᠯᠠ ᠠᠴᠢ ᠬᠣᠯᠪᠣᠭ᠍ᠳᠠᠯ ᠲᠠᠶ ᠠᠵᠢ ᠃
ᠮᠠᠨ ᠤ᠋ ᠤᠷᠤᠨ ᠤ᠋ ᠣᠨᠴᠠᠭᠠᠶ ᠭᠠᠵᠠᠷ ᠵᠦᠶ ᠵᠢᠨ ᠪᠠᠢᠷᠢᠯᠠᠯ᠂ ᠭᠠᠵᠠᠷ ᠤ᠋ᠨ ᠭᠠᠳᠠᠷᠭᠤ ᠪᠠ ᠠᠭᠤᠷ ᠠᠮᠢᠰᠭᠤᠯ ᠤ᠋ᠨ ᠣᠷᠴᠢᠨ ᠲᠣᠭᠣᠷᠢᠨ ᠨᠢ ᠥᠷᠭᠡᠨ ᠠᠭᠤᠳᠠᠮ ᠨᠤᠳᠤᠭ ᠪᠡᠯᠴᠢᠬᠡᠷ ᠂ ᠢᠬ᠍ᠴᠤ ᠰᠠᠬᠤᠯᠢᠭ ᠣᠶ ᠱᠢᠭᠤᠶ ᠂ ᠨᠡᠯᠦᠭᠡᠷ ᠶᠡᠬᠡ ᠡᠯᠡᠰᠦᠨ ᠴᠥᠯ ᠪᠠ ᠨᠤᠭᠤ ᠭᠠᠵᠠᠷ ᠤ᠋ᠨ ᠠᠮᠢ ᠠᠬᠤᠶ ᠵᠢᠨ ᠱᠢᠰᠲ᠋ᠧᠮ ᠢ᠋ ᠪᠣᠶ ᠪᠣᠯᠭᠠᠵᠤ᠂ ᠥᠪᠡᠷᠮᠢᠴᠡ ᠣᠨᠴᠠᠯᠢᠭ ᠲᠠᠶ ᠠᠮᠢᠲᠠᠨ ᠤᠷᠭᠤᠮᠠᠯ ᠤ᠋ᠨ ᠲᠥᠷᠥᠯ ᠢ᠋ ᠪᠣᠢᠵᠢᠭᠤᠯᠵᠤ᠂ ᠮᠠᠨ ᠤ᠋ ᠤᠯᠤᠰ ᠤ᠋ᠨ ᠤᠮᠠᠷᠠᠲᠤ ᠵᠢᠨ ᠬᠠᠮᠤᠭ ᠤ᠋ᠨ ᠲᠣᠮᠣ ᠠᠮᠢ ᠠᠬᠤᠶ ᠵᠢᠨ ᠱᠢᠰᠲ᠋ᠧᠮ ᠤ᠋ᠨ 《ᠨᠡᠭᠦᠷᠡᠰᠦᠲᠥ᠋ᠷᠥᠭ᠌ᠴᠢ ᠵᠢᠨ ᠬᠥᠮᠥᠷᠭᠡ》 ᠪᠤᠯᠵᠠᠢ ᠃
ᠲᠦᠰᠦᠭᠡᠯᠡᠭᠰᠡᠨ ᠵᠢᠡᠷ ᠂ ᠪᠥᠬᠥ᠌ ᠣᠷᠣᠨ ᠤ᠋ ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠵᠢᠨ ᠶᠡᠷᠦᠩᠬᠡᠶ ᠬᠠᠳᠠᠭᠠᠯᠠᠭ᠍ᠳᠠᠴᠠ 105.49 ᠳ᠋ᠦᠩᠱᠢᠭᠤᠷ ᠲᠣᠨ ᠪᠠᠢᠵᠤ᠂ ᠪᠥᠬᠥ᠌ ᠤᠯᠤᠰ ᠤ᠋ᠨ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠵᠢᠨ ᠬᠠᠳᠠᠭᠠᠯᠠᠭ᠍ᠳᠠᠴᠠ ᠢ᠋ᠢᠨ 11.91% ᠶ᠋ᠢ ᠡᠵᠡᠯᠡᠵᠦ᠍᠂ ᠪᠥᠬᠥ᠌ ᠤᠯᠤᠰ ᠲᠦ᠍ ᠲᠡᠳ᠋ᠯᠡᠵᠦ ᠪᠤᠢ᠃ 2020 ᠣᠨ ᠳ᠋ᠤ ᠪᠥᠬᠥ᠌ ᠣᠷᠣᠨ ᠤ᠋ ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠤᠭᠰᠠᠨ ᠬᠡᠮᠵᠢᠶ᠎ᠡ 1.19 ᠳ᠋ᠦᠩᠱᠢᠭᠤᠷ ᠲᠣᠨ ᠪᠠᠢᠵᠤ᠂ ᠪᠥᠬᠥ᠌ ᠤᠯᠤᠰ ᠤ᠋ᠨ ᠣᠢᠲᠤ ᠭᠠᠵᠠᠷ᠂ ᠨᠤᠲᠤᠭ ᠪᠡᠯᠴᠢᠭᠡᠷ᠂ ᠨᠤᠭᠤ ᠭᠠᠵᠠᠷ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠤᠭᠰᠠᠨ ᠬᠡᠮᠵᠢᠶ᠎ᠡ ᠵᠢᠨ 9.44% ᠶ᠋ᠢ ᠡᠵᠡᠯᠡᠵᠦ᠍᠂ ᠪᠥᠬᠥ᠌ ᠤᠯᠤᠰ ᠤ᠋ᠨ ᠲᠡᠷᠢᠭᠦᠨ ᠳ᠋ᠤ ᠣᠷᠣᠪᠠ ᠃
ᠨᠡᠭᠦᠷᠡᠰᠦᠲᠥ᠋ᠷᠥᠭ᠌ᠴᠢ ᠵᠢᠨ ᠬᠠᠳᠠᠭᠠᠯᠠᠭ᠍ᠳᠠᠴᠠ ᠪᠣᠯᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠡᠮᠵᠢᠶ᠎ᠡ ᠨᠢ ᠮᠠᠨ ᠤ᠋ ᠤᠷᠤᠨ ᠤ᠋ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠤ ᠠᠬᠤᠶ ᠶ᠋ᠢ ᠬᠥᠭ᠌ᠵᠢᠭᠦᠯᠬᠦ᠌᠂ 《ᠬᠤᠤᠰ ᠨᠡᠭᠦᠷᠡᠰᠦᠲᠥ᠋ᠷᠥᠭ᠌ᠴᠢ》ᠢ᠋ᠢᠨ ᠬᠠᠷᠠᠯᠲᠠ ᠶ᠋ᠢ ᠪᠡᠶᠡᠯᠡᠭᠦᠯᠬᠦ᠌ ᠳ᠋ᠤ ᠪᠠᠲᠤ ᠪᠠᠬᠢ ᠰᠠᠭᠤᠷᠢ ᠲᠠᠯᠪᠢᠵᠠᠢ ᠃
《ᠮᠠᠨ ᠤ᠋ ᠤᠷᠤᠨ ᠪᠣᠯ ᠨᠡᠷ᠎ᠡ ᠨᠢᠳᠡᠷ ᠲᠡᠬᠡᠨ ᠨᠡᠢᠴᠡᠭ᠌ᠰᠡᠨ〈ᠨᠡᠭᠦᠷᠡᠰᠦᠲᠥ᠋ᠷᠥᠭ᠌ᠴᠢ ᠵᠢᠨ ᠬᠥᠮᠥᠷᠭᠡ〉 ᠮᠥᠨ᠂ ᠡᠯᠪᠡᠭ ᠪᠠᠶᠠᠯᠢᠭ ᠣᠯᠠᠨ ᠶᠠᠩᠵᠤ ᠵᠢᠨ ᠠᠮᠢ ᠠᠬᠤᠶ ᠵᠢᠨ ᠱᠢᠰᠲ᠋ᠧᠮ ᠲᠡᠶ ᠪᠦᠭᠡᠳ ᠣᠯᠠᠨ ᠵᠢᠯ ᠤ᠋ᠨ ᠲᠤᠷᠰᠢ ᠴᠥᠬᠥᠷᠡᠰᠢ ᠥᠬᠡᠶ ᠪᠠᠷᠢᠮᠳᠠᠯᠠᠭᠰᠠᠨ ᠠᠮᠢ ᠠᠬᠤᠶ ᠵᠢᠨ ᠬᠠᠮᠠᠭᠠᠯᠠᠯᠲᠠ ᠪᠠ ᠰᠡᠷᠭᠦᠭᠡᠯᠲᠡ ᠨᠢ ᠨᠠᠩ ᠴᠤ᠌ ᠣᠶ ᠱᠢᠭᠤᠶ ᠂ ᠨᠤᠲᠤᠭ ᠪᠡᠯᠴᠢᠭᠡᠷ ᠂ ᠨᠤᠭᠤ ᠭᠠᠵᠠᠷ ᠤ᠋ᠨ ᠠᠮᠢ ᠠᠬᠤᠶ ᠵᠢᠨ ᠱᠢᠰᠲ᠋ᠧᠮ ᠤ᠋ᠨ ᠨᠡᠭᠦᠷᠡᠰᠦᠲᠥ᠋ᠷᠥᠭ᠌ᠴᠢ ᠲᠣᠭ᠍ᠲᠠᠪᠤᠷᠢᠵᠢᠭᠤᠯᠬᠤ ᠦᠶ᠋ᠯᠡᠳᠦᠯ ᠢ᠋ ᠪᠦᠲᠦᠮᠵᠢᠲᠡᠶ ᠳᠡᠭᠡᠭ᠌ᠰᠢᠯᠡᠭᠦᠯᠵᠦ᠍᠂ ᠠᠮᠢ ᠠᠬᠤᠶ ᠵᠢᠨ ᠱᠢᠰᠲ᠋ᠧᠮ ᠤ᠋ᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠡᠮᠵᠢᠶ᠎ᠡ ᠶ᠋ᠢ ᠶᠡᠬᠡᠬᠡᠨ ᠳᠡᠭᠡᠭᠰᠢᠯᠡᠭᠦᠯᠪᠡ》 ᠭᠡᠵᠤ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠨ᠎ᠠ ᠃
— ᠨᠡᠭᠦᠷᠡᠰᠦᠲᠥ᠋ᠷᠥᠭ᠌ᠴᠢ ᠶ᠋ᠢ ᠲᠣᠭ᠍ᠲᠠᠪᠤᠷᠢᠵᠢᠭᠤᠯᠪᠠ᠃ ᠮᠠᠨ ᠤ᠋ ᠤᠷᠤᠨ ᠪᠠᠢᠭᠠᠯᠢ ᠵᠢᠨ ᠤᠢ ᠂ ᠨᠡᠢᠲᠡ ᠵᠢᠨ ᠠᠰᠠᠷᠠᠮᠵᠢ ᠵᠢᠨ ᠤᠢ ᠶ᠋ᠢ ᠬᠤᠳᠠᠯᠳᠤᠭᠠᠨ ᠤ᠋ ᠴᠢᠨᠠᠷᠲᠠᠢ ᠪᠠᠷ ᠣᠭ᠍ᠲᠣᠯᠬᠤ ᠶ᠋ᠢ ᠪᠦᠬᠦ᠌ ᠲᠠᠯ᠎ᠠ ᠪᠠᠷ ᠵᠣᠭ᠍ᠰᠣᠭᠠᠵᠤ᠂ ᠨᠤᠲᠤᠭ ᠪᠡᠯᠴᠢᠭᠡᠷ ᠢ᠋ ᠪᠦᠬᠦ᠌ ᠲᠠᠯ᠎ᠠ ᠪᠠᠷ ᠬᠠᠮᠠᠭᠠᠯᠠᠨ᠂ ᠪᠡᠯᠴᠢᠭᠡᠷᠯᠡᠭᠦᠯᠬᠦ ᠵᠢ ᠵᠤᠭᠰᠤᠭᠠᠵᠤ ᠪᠡᠯᠴᠢᠬᠡᠷ ᠢ᠋ ᠰᠡᠷᠬᠦᠬᠡᠬᠦ ᠂ ᠮᠠᠯ ᠪᠡᠯᠴᠢᠭᠡᠷ ᠢ᠋ ᠲᠡᠡᠭᠴᠡᠪᠦᠷᠢᠲᠡᠢ ᠪᠠᠢᠯᠭᠠᠬᠤ ᠢ᠋ᠢ ᠴᠢᠩᠭ᠎ᠠ ᠨᠠᠢᠳᠠᠪᠤᠷᠢᠵᠢᠭᠤᠯᠪᠠ ; ᠣᠶ ᠱᠢᠭᠤᠶ ᠨᠤᠲᠤᠭ ᠪᠡᠯᠴᠢᠭᠡᠷ ᠢ᠋ ᠡᠪᠳᠡᠵᠦ᠍ ᠨᠤᠭᠤ ᠭᠠᠵᠠᠷ ᠢ᠋ ᠰᠦᠶ᠋ᠳᠭᠡᠬᠦ᠌ ᠵᠡᠷᠭᠡ ᠡᠯ᠎ᠡ ᠲᠥᠷᠥᠯ ᠤ᠋ᠨ ᠬᠠᠤᠯᠢ ᠲᠣᠭ᠍ᠲᠠᠭᠠᠯᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ ᠵᠦᠶ ᠵᠣᠬᠢᠰ ᠥᠬᠡᠶ ᠪᠡᠷ ᠭᠠᠵᠠᠷ ᠱᠢᠷᠣᠶ ᠶ᠋ᠢ ᠠᠱᠢᠭ᠍ᠯᠠᠬᠤ᠂ ᠭᠠᠵᠠᠷ ᠱᠢᠷᠣᠶ ᠶ᠋ᠢ ᠡᠪᠳᠡᠬᠦ᠌ ᠵᠡᠷᠭᠡ ᠠᠵᠢᠯᠯᠠᠭ᠎ᠠ ᠡᠴᠡ ᠪᠣᠯᠤᠭ᠍ᠰᠠᠨ ᠨᠡᠭᠦᠷᠡᠰᠦᠲᠥ᠋ᠷᠥᠭ᠌ᠴᠢ ᠢ᠋ᠢᠨ ᠭᠠᠳᠠᠭ᠍ᠰᠢᠯᠠᠭᠤᠯᠤᠯᠲᠠ ᠶ᠋ᠢ ᠪᠠᠭᠠᠰᠭᠠᠨ ᠂ ᠡᠪᠡᠳᠴᠢᠨ ᠬᠣᠷᠣᠬᠠᠶ ᠬᠤᠯᠤᠭᠠᠨ᠎ᠠ ᠵᠢᠨ ᠬᠥᠨᠥᠭᠡᠯ ᠡᠴᠡ ᠪᠤᠯᠵᠤ ᠣᠶ ᠱᠢᠭᠤᠶ ᠨᠤᠲᠤᠭ ᠪᠡᠯᠴᠢᠭᠡᠷ ᠤ᠋ᠨ ᠡᠬᠢ ᠪᠠᠶᠠᠯᠢᠭ ᠢ᠋ ᠡᠪᠳᠡᠭ᠌ᠰᠡᠨ ᠨᠡᠭᠦᠷᠡᠰᠦᠲᠥ᠋ᠷᠥᠭ᠌ᠴᠢ ᠢ᠋ᠢᠨ ᠭᠠᠳᠠᠭᠰᠢᠯᠠᠭᠤᠯᠤᠯᠲᠠ ᠶ᠋ᠢ ᠪᠠᠭᠠᠰᠭᠠᠵᠡᠢ᠃
— ᠬᠤᠷᠠᠮᠳᠤᠭᠤᠯᠭ᠎ᠠ ᠶ᠋ᠢ ᠨᠡᠮᠡᠭ᠌ᠳᠡᠭᠦᠯᠪᠠ᠃ ᠮᠠᠨ ᠤ᠋ ᠤᠷᠤᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠱᠢᠰᠲ᠋ᠧᠮ ᠲᠡᠶ ᠪᠡᠷ ᠵᠠᠰᠠᠬᠤ ᠶ᠋ᠢ ᠨᠢᠭᠡᠳᠦᠯᠲᠡᠢ ᠲᠥᠯᠥᠪᠵᠢᠭᠦᠯᠵᠦ᠍᠂ ᠤᠯᠤᠰ ᠤ᠋ᠨ ᠭᠣᠣᠯᠳᠠᠯᠭ᠎ᠠ ᠲᠠᠶ ᠠᠮᠢ ᠠᠬᠤᠢ ᠵᠢᠨ ᠢᠨᠵᠧᠨᠧᠷᠢᠩ ᠪᠣᠯᠤᠨ ᠲᠦᠷᠦᠯ ᠵᠦᠢᠯ ᠳ᠋ᠤ ᠲᠦᠱᠢᠭ᠌ᠯᠡᠨ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠶ᠋ᠢ ᠶᠡᠬᠡ ᠬᠡᠪᠴᠢᠶ᠎ᠠ ᠪᠡᠷ ᠠᠬᠢᠭᠤᠯᠵᠤ ᠂ ᠪᠦᠬᠦ᠌ ᠠᠷᠠᠳ ᠤ᠋ᠨ ᠠᠯᠪᠠᠨ ᠵᠢᠷᠤᠮ ᠤ᠋ᠨ ᠮᠣᠳᠣ ᠲᠠᠷᠢᠬᠤ ᠠᠵᠢᠯᠯᠠᠭ᠎ᠠ ᠶ᠋ᠢ ᠭᠦᠨᠵᠡᠭᠡᠢ ᠥᠷᠨᠢᠭᠦᠯᠪᠠ ᠃ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠳ᠋ᠤ ᠪᠦᠬᠦ ᠣᠷᠣᠨ ᠵᠢᠡᠷ ᠵᠢᠡᠨ ᠨᠡᠢᠲᠡ 4736.74 ᠲᠦᠮᠡᠨ ᠮᠥ᠍ ᠭᠠᠵᠠᠷ ᠢ᠋ ᠣᠢᠵᠢᠭᠤᠯᠵᠤ ᠂ ᠵᠢᠯ ᠪᠦᠷᠢ ᠳᠤᠮᠳᠠᠴᠢ ᠪᠠᠷ 3000 ᠲᠦᠮᠡᠨ ᠮᠥ᠍ ᠡᠪᠡᠰᠦ ᠳᠠᠷᠢᠵᠤ᠂ ᠴᠦᠮ ᠪᠥᠬᠥ᠌ ᠤᠯᠤᠰ ᠲᠤ᠌ ᠲᠦᠷᠦᠬᠦᠯᠡᠭᠰᠡᠨ ᠪᠠᠢᠨ᠎ᠠ ᠃
《ᠮᠠᠨ ᠤ᠋ ᠤᠷᠤᠨ 2025 ᠣᠨ ᠪᠣᠯᠬᠤ ᠳ᠋ᠤ ᠤᠯᠤᠰ ᠤ᠋ᠨ ᠨᠤᠲᠤᠭ ᠳᠡᠪᠢᠰᠭᠡᠷ ᠤ᠋ᠨ ᠨᠣᠭᠣᠭᠠᠷᠠᠭᠤᠯᠤᠯᠲᠠ ᠵᠢᠨ ᠡᠭᠦᠷᠭᠡ ᠶ᠋ᠢ 1400 ᠲᠦᠮᠡᠨ ᠮᠦ᠍ ᠡᠴᠡ ᠳᠡᠭᠡᠭ᠌ᠰᠢ ᠪᠡᠶᠡᠯᠡᠭᠦᠯᠵᠦ᠍᠂ ᠣᠶ ᠱᠢᠭᠤᠶ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠥᠲᠥᠭᠡᠨ ᠪᠠᠢᠭᠤᠯᠤᠯᠲᠠ ᠵᠢᠨ ᠡᠭᠦᠷᠭᠡ ᠶ᠋ᠢ 2800 ᠲᠦᠮᠡᠨ ᠮᠥ᠍ ᠪᠡᠶᠡᠯᠡᠭᠦᠯᠵᠦ᠍᠂ ᠨᠤᠲᠤᠭ ᠪᠡᠯᠴᠢᠭᠡᠷ ᠤ᠋ᠨ ᠠᠮᠢ ᠠᠬᠤᠶ ᠵᠢᠨ ᠪᠥᠲᠥᠭᠡᠨ ᠪᠠᠢᠭᠤᠯᠤᠯᠲᠠ ᠵᠢᠨ ᠡᠭᠦᠷᠭᠡ ᠶ᠋ᠢ 6500 ᠲᠦᠮᠡᠨ ᠮᠥ᠍ ᠪᠡᠶᠡᠯᠡᠭᠦᠯᠵᠦ᠍᠂ ᠪᠥᠬᠥ᠌ ᠤᠯᠤᠰ ᠤ᠋ᠨ〈ᠨᠡᠭᠦᠷᠡᠰᠦᠲᠥ᠋ᠷᠥᠭ᠌ᠴᠢ ᠢ᠋ᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ〉 ᠬᠠᠮᠤᠭ ᠤ᠋ᠨ ᠲᠣᠭ᠍ᠲᠠᠭᠤᠨ ᠠᠮᠢ ᠠᠬᠤᠶ ᠵᠢᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠬᠠᠩᠭᠠᠯᠭ᠎ᠠ ᠵᠢᠨ ᠰᠠᠭᠤᠷᠢᠨ ᠢ᠋ ᠪᠦᠳᠦᠬᠡᠨ ᠪᠠᠢᠭᠤᠯᠬᠤ ᠪᠡᠷ ᠴᠢᠷᠮᠠᠢᠵᠤ ᠪᠠᠢᠨ᠎ᠠ》ᠭᠡᠵᠤ ᠥᠪᠡᠷᠲᠡᠭᠡᠨ ᠵᠠᠰᠠᠬᠤ ᠣᠷᠣᠨ ᠤ᠋ ᠣᠶ ᠱᠢᠭᠤᠶ ᠨᠤᠲᠤᠭ ᠪᠡᠯᠴᠢᠭᠡᠷ ᠤ᠋ᠨ ᠲᠣᠪᠴᠢᠶᠠᠨ ᠤ᠋ ᠬᠠᠮᠢᠶ᠎ᠠ ᠪᠥᠬᠥᠶ ᠬᠠᠷᠢᠭᠤᠴᠠᠯᠭᠠᠲᠠᠨ ᠶᠠᠷᠢᠨ᠎ᠠ᠃
ᠠᠭᠤᠷ ᠠᠮᠢᠰᠭᠤᠯ ᠤ᠋ᠨ ᠬᠤᠪᠢᠷᠠᠯᠲᠠ ᠶ᠋ᠢ ᠠᠷᠭᠠᠴᠠᠭᠠᠵᠤ ᠨᠡᠭᠦᠷᠡᠰᠦᠲᠥ᠋ᠷᠥᠭ᠌ᠴᠢ ᠶ᠋ᠢ ᠰᠠᠭᠠᠷᠮᠠᠭ᠍ᠵᠢᠭᠤᠯᠬᠤ ᠶ᠋ᠢ ᠪᠡᠶᠡᠯᠡᠭᠦᠯᠬᠦ᠌ ᠨᠢ ᠵᠦᠪᠬᠡᠨ ᠵᠠᠰᠠᠭ ᠤ᠋ᠨ ᠣᠷᠳᠣᠨ ᠪᠣᠯᠤᠨ ᠠᠵᠤ ᠠᠬᠤᠢᠯᠠᠯ ᠤ᠋ᠨ ᠶᠠᠪᠤᠳᠠᠯ ᠪᠢᠰᠢ ᠶᠤᠮ᠂ ᠠᠯᠪᠠᠨ ᠵᠢᠷᠤᠮ ᠤ᠋ᠨ ᠮᠣᠳᠣ ᠲᠠᠷᠢᠬᠤ᠂ ᠫᠢᠯᠠ ᠬᠣᠭᠣᠰᠣᠯᠠᠬᠤ᠂ ᠤᠰᠤᠠᠷᠪᠢᠯᠠᠬᠤ ᠁ ᠬᠦᠮᠦᠨ ᠪᠤᠯᠭᠠᠨ ᠴᠦᠮ 《ᠬᠤᠤᠰ ᠨᠡᠭᠦᠷᠡᠰᠦᠲᠦᠶ᠋ᠷᠦᠭᠴᠢ》ᠢ᠋ᠢᠨ ᠦᠢᠯᠡᠳᠦᠯᠭᠡᠵᠢᠭᠦᠯᠦᠭᠴᠢ ᠪᠤᠯᠬᠤ ᠨᠢ ᠭᠠᠷᠴᠠᠭ᠎ᠠ ᠦᠬᠡᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃