2022-06-27 09:15:58
ᠡᠢᠮᠦ᠍ ᠨᠢᠭᠡᠨ ᠡᠩᠨᠡᠭᠡ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠢᠯᠠᠯᠳᠤᠭᠠᠨ ᠳ᠋ᠤ ᠭᠢᠯᠠᠯᠵᠠᠮ᠎ᠠ ᠠᠮᠵᠢᠯᠳᠡ ᠢ᠋ᠢ ᠡᠬᠦᠳᠴᠠᠢ᠃ ᠲᠡᠳᠡ ᠪᠠᠢᠭᠤᠯᠭ᠎ᠠ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯᠡᠴᠡ ᠬᠥᠳᠡᠭᠡ ᠲᠣᠰᠭᠣᠨᠳ᠋ᠤ ᠤᠴᠢᠵᠤ᠂ ᠶᠠᠳᠠᠭᠤ ᠡᠴᠡ ᠠᠩᠭᠢᠵᠢᠷᠠᠭᠤᠯᠬᠤ ᠠᠶᠠᠨᠳᠡᠬᠢ ᠬᠦᠴᠢᠷ ᠠᠰᠠᠭᠤᠳᠠᠯ ᠤ᠋ᠳᠢ ᠱᠢᠢᠳᠪᠦᠷᠢᠯᠡᠵᠦ᠍᠂ ᠴᠢᠨᠡᠭᠡᠯᠢᠭ ᠨᠡᠢᠭᠡᠮᠢ ᠪᠦᠬᠦ᠌ ᠲᠠᠯᠠᠪᠠᠷ ᠪᠡᠶᠡᠯᠡᠭᠦᠯᠬᠦ᠌ᠳᠦ ᠬᠦᠴᠦ᠍ ᠬᠥᠯᠥᠰᠥ᠍᠂ ᠤᠶᠤᠨ ᠤᠬᠠᠭᠠᠨ ᠢᠶᠠᠨ ᠰᠢᠪᠬᠠᠵᠤ᠂ ᠴᠢᠨᠠᠭ᠍ᠰᠢᠯᠠᠪᠠᠯ ᠠᠮᠢ ᠨᠠᠰᠤᠪᠠᠨ ᠴᠦ᠍ ᠬᠠᠷᠠᠮ ᠦᠬᠡᠢ ᠵᠤᠷᠢᠭᠤᠯᠪᠠ᠃
ᠡᠨᠡ ᠬᠦ᠌ ᠡᠩᠨᠡᠭᠡ᠂ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠢ᠋ᠢ ᠪᠥᠬᠥ᠌ ᠲᠠᠯᠠᠪᠠᠷ ᠠᠬᠢᠭᠤᠯᠬᠤ ᠱᠢᠨ᠎ᠡ ᠠᠶᠠᠨ ᠳ᠋ᠤ ᠦᠷᠭᠦᠯᠵᠢᠯᠡᠨ ᠲᠡᠮᠡᠴᠡᠵᠦ᠍᠂ ᠲᠠᠳᠠ ᠨᠠᠮ ᠤ᠋ᠨ ᠬᠦᠨᠳᠦ ᠨᠠᠢᠳᠠᠯᠭ᠎ᠠ᠂ ᠣᠯᠠᠨ ᠲᠦᠮᠡᠨᠦ ᠬᠦᠰᠡᠯ ᠨᠠᠢᠳᠠᠯᠭ᠎ᠠ ᠢ᠋ᠢ ᠬᠥᠰᠡᠷᠳᠡᠭᠦᠯᠦᠯ ᠥᠬᠡᠶ ᠪᠡᠷ᠂ ᠮᠠᠯ ᠠᠵᠤ ᠠᠬᠤᠶ ᠲᠠᠷᠢᠶᠠᠯᠠᠩ ᠤ᠋ᠨ ᠴᠢᠨᠠᠷ ᠰᠠᠢᠲᠠᠶ ᠬᠥᠭ᠌ᠵᠢᠯᠲᠡ᠂ ᠮᠠᠯᠵᠢᠬᠤ ᠲᠠᠷᠢᠶᠠᠯᠠᠬᠤ ᠣᠷᠣᠨ ᠤ᠋ ᠣᠷᠣᠱᠢᠨ ᠰᠠᠭᠤᠷᠢᠰᠢᠵᠤ ᠦᠶ᠋ᠯᠡᠰ ᠪᠤᠰᠭᠠᠬᠤ ᠳ᠋ᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠢᠬᠤ ᠱᠢᠨ᠎ᠡ ᠡᠭᠦᠷᠭᠡ ᠢ᠋ᠢ ᠡᠭᠦᠷᠭᠡᠯᠡᠵᠦ᠍᠂ ᠤᠢᠯᠡ ᠠᠵᠢᠯᠯᠠᠭ᠎ᠠ ᠳᠡᠭᠡᠷᠡᠪᠡᠨ ᠨᠠᠢᠳᠠᠪᠤᠷᠢᠵᠢᠭᠤᠯᠵᠤ ᠢᠷᠠᠵᠠᠢ᠃
ᠲᠡᠳᠡ ᠪᠣᠯ ᠳᠠᠷᠤᠶ ᠲᠣᠰᠭᠣᠨ ᠳ᠋ᠤ ᠰᠠᠭᠤᠭ᠎ᠠ ᠨᠢᠭᠡᠳᠦᠭᠡᠷ ᠱᠦᠵᠢ ᠪᠠ ᠠᠵᠢᠯᠯᠠᠬᠤ ᠠᠩᠭᠢ ᠢ᠋ᠢᠨ ᠭᠡᠱᠢᠭᠦᠳ ᠪᠤᠯᠤᠨ᠎ᠠ᠃
ᠭᠤᠤᠯᠳᠠᠯᠭ᠎ᠠ ᠢ᠋ᠢ ᠠᠳᠬᠤᠵᠤ ᠦᠨᠳᠦᠰᠦᠨ ᠱᠠᠲᠤᠨ ᠤ᠋ ᠳᠠᠢᠴᠢᠨ ᠪᠡᠬᠢᠯᠡᠯᠲᠡ ᠢ᠋ᠢ ᠪᠠᠢᠭᠤᠯᠤᠨ ᠬᠦᠴᠦᠷᠬᠡᠭ᠌ᠵᠢᠭᠦᠯᠪᠠ
ᠱᠢᠩ ᠾᠧ ᠱᠢᠶᠠᠨ ᠤ᠋ ᠳ᠋ᠢᠶᠠᠨ ᠽᠢ ᠪᠠᠯᠭᠠᠰᠤᠨ ᠤ᠋ ᠵᠦ᠍ ᠵᠢᠶᠠ ᠶᠢᠩ ᠲᠣᠰᠭᠣᠨ ᠳ᠋ᠤ᠂ ᠪᠠᠢᠩᠭᠤ ᠰᠠᠭᠤᠭ᠎ᠠ 279 ᠡᠷᠦᠬᠡ ᠢ᠋ᠢᠨ 637 ᠬᠥᠮᠦᠨ ᠠᠮᠠ ᠪᠠᠢᠵᠤ᠂ ᠲᠠᠨᠭᠰᠠᠯᠠᠵᠤ ᠺᠠᠷᠲ᠋ᠠᠯᠠᠭᠰᠠᠨ ᠶᠠᠳᠠᠭᠤ ᠬᠦᠴᠢᠷᠳᠡᠯᠲᠡᠶ 75 ᠡᠷᠦᠬᠡ ᠢ᠋ᠢᠨ 201 ᠬᠦᠮᠦᠨ ᠠᠮᠠ ᠪᠠᠢᠵᠤ᠂ ᠶᠠᠨᠱᠠᠨ — ᠲᠠᠢᠬᠠᠩᠱᠠᠨ ᠠᠭᠤᠯᠠ ᠢ᠋ᠢᠨ ᠲᠥᠪᠯᠡᠷᠡᠨ ᠵᠠᠯᠭᠠᠯᠳᠤᠭ᠍ᠰᠠᠨ ᠶᠠᠳᠠᠭᠤ ᠬᠦᠴᠢᠷᠳᠡᠯᠲᠡᠶ ᠭᠠᠵᠠᠷ ᠣᠷᠣᠨ ᠤ᠋ ᠣᠨᠴᠠ ᠶᠠᠳᠠᠭᠤ ᠬᠦᠴᠢᠷᠳᠡᠯᠲᠡᠶ ᠲᠣᠰᠭᠣᠨ ᠪᠣᠯᠤᠨ᠎ᠠ᠃
ᠲᠣᠰᠭᠣᠨ ᠳ᠋ᠤ ᠰᠠᠭᠤᠭ᠎ᠠ ᠨᠢᠭᠡᠳᠦᠭᠡᠷ ᠱᠦᠵᠢ ᠾᠧ ᠯᠦᠩ ᠵᠦ᠍ ᠵᠢᠶᠠ ᠶᠢᠩ ᠲᠣᠰᠭᠣᠨ ᠳ᠋ᠤ ᠬᠦᠷᠦᠭᠰᠡᠨ ᠤ᠋ ᠳᠠᠷᠠᠭ᠎ᠠ᠂ ᠲᠡᠷᠡ ᠲᠣᠰᠭᠣᠨ ᠳ᠋ᠤ ᠰᠠᠭᠤᠭ᠎ᠠ ᠭᠡᠱᠢᠭᠦᠳᠲᠡᠶ ᠨᠠᠮ ᠤ᠋ᠨ ᠪᠠᠢᠭᠤᠯᠤᠯᠲᠠᠪᠠᠷ ᠵᠢᠯᠣᠭᠣᠳᠤᠮᠵᠢ ᠪᠣᠯᠭᠠᠵᠤ᠂ ᠺᠠᠳ᠋ᠷ ᠤᠯᠠᠨ ᠲᠦᠮᠡᠨᠢ ᠵᠣᠬᠢᠶᠠᠨ ᠪᠠᠢᠭᠤᠯᠵᠤ ᠲᠣᠰᠭᠣᠨ ᠤ᠋ ᠴᠢᠬᠤᠯᠠ ᠶᠡᠬᠡ ᠤᠴᠢᠷ ᠶᠠᠪᠤᠳᠠᠯᠢ ᠰᠤᠳᠤᠯᠬᠤ ᠳ᠋ᠤ ᠥᠷᠭᠡᠨᠢᠶᠡᠷ ᠣᠷᠣᠯᠴᠠᠭᠤᠯᠪᠠ᠃ ᠠᠯᠢ ᠤᠯᠠᠨ ᠠᠷᠭ᠎ᠠ ᠬᠡᠮᠵᠢᠢ᠎ᠡ ᠨᠢ ᠲᠣᠰᠭᠣᠨ ᠤ᠋ ᠱᠠᠲᠤᠨ ᠤ᠋ ᠠᠷᠠᠳᠴᠢᠯᠠᠭ᠍ᠰᠠᠨ ᠬᠠᠮᠢᠶᠠᠷᠤᠯᠲᠠ ᠢ᠋ᠢᠨ ᠲᠦᠪᠱᠢᠨᠢ ᠳᠡᠭᠡᠭ᠌ᠰᠢᠯᠡᠭᠦᠯᠵᠦ᠍᠂ ᠨᠠᠮ ᠤ᠋ᠨ ᠡᠭᠦᠷᠦᠨ ᠨᠢᠭ᠍ᠲᠠᠷᠠᠯ ᠤ᠋ᠨ ᠬᠦᠴᠦᠨ ᠪᠣᠯᠤᠨ ᠲᠠᠢ᠌ᠴᠢᠨ ᠬᠦᠴᠦᠨᠢ ᠴᠢᠩᠭᠠᠳᠭᠠᠵᠤ᠂ ᠪᠦᠬᠦ᠌ ᠲᠣᠰᠭᠣᠨ ᠤ᠋ ᠳᠡᠭᠡᠳᠦ ᠲᠤᠤᠷᠠᠳᠤ ᠱᠠᠳᠤᠪᠠᠷᠢᠶᠠᠨ ᠰᠢᠭᠤᠷᠬᠠᠢ ᠠᠵᠢᠯᠯᠠᠬᠤ ᠢᠲᠡᠭᠡᠯ ᠵᠣᠷᠢᠭᠢ ᠬᠦᠪᠴᠢᠯᠠᠪᠠ᠃ 2020 ᠣᠨ ᠤ᠋ 11 ᠰᠠᠷ᠎ᠠ ᠳ᠋ᠤ᠂ ᠵᠦ᠍ ᠵᠢᠶᠠ ᠶᠢᠩ ᠲᠣᠰᠭᠣᠨ ᠶᠠᠳᠠᠭᠤ ᠡᠴᠡ ᠠᠩᠭᠢᠵᠢᠷᠠᠭᠤᠯᠬᠤ ᠡᠭᠦᠷᠭᠡᠪᠡᠨ ᠥᠨᠳᠥᠷ ᠪᠠᠷᠢᠮᠵᠢᠶᠠᠪᠠᠷ ᠪᠡᠶᠡᠯᠡᠭᠦᠯᠵᠦ᠍᠂ ᠲᠤᠬᠠᠢ ᠢ᠋ᠢᠨ ᠭᠠᠵᠠᠷ ᠤ᠋ᠨ ᠲᠣᠰᠭᠣᠨ ᠤ᠋ ᠬᠠᠮᠲᠤ ᠢ᠋ᠢᠨ ᠠᠵᠤ ᠠᠬᠤᠢ ᠢ᠋ᠢᠨ ᠳᠠᠭᠠᠭᠤᠯᠤᠬ᠍ᠴᠢ᠂ ᠨᠤᠲᠤᠭ ᠤ᠋ᠨ ᠰᠤᠷᠲᠠᠯ ᠪᠣᠯᠪᠠᠰᠤᠨ ᠤ᠋ ᠪᠠᠢᠭᠤᠯᠤᠯᠲᠠ ᠢ᠋ᠢᠨ ᠠᠬᠢᠭᠤᠯᠤᠬ᠍ᠴᠢ ᠪᠣᠯᠪᠠ᠃
ᠤᠳᠤᠷᠢᠳᠬᠤ ᠪᠠᠭ ᠪᠤᠯ ᠤᠯᠠᠨ ᠲᠦᠮᠡᠨ ᠢ᠋ ᠲᠠᠭᠠᠭᠤᠯᠤᠨ ᠤᠷᠤᠭᠰᠢᠯᠠᠬᠤ ᠵᠠᠩᠭᠢᠯᠠᠭ᠎ᠠ ᠮᠦᠨ᠃ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠲᠠᠢᠯᠠᠯᠳᠤᠭᠠᠨ ᠡᠴᠡ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠬᠦᠷᠲᠡᠯ᠎ᠡ᠂ ᠲᠣᠰᠭᠣᠨ ᠳ᠋ᠤ ᠰᠠᠭᠤᠭ᠎ᠠ ᠺᠠᠳ᠋ᠷᠴᠤᠳ ᠦᠨᠳᠦᠰᠦᠨ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠢ᠋ᠢᠨ ᠠᠵᠢᠯᠢ ᠴᠢᠩᠭᠠᠳᠭᠠᠬᠤ ᠡᠴᠡ ᠭᠠᠷᠳᠠᠵᠤ᠂ ᠨᠠᠮ ᠤ᠋ᠨ ᠪᠠᠢᠭᠤᠯᠤᠯᠲᠠ ᠢ᠋ᠢᠨ ᠠᠵᠢᠯᠢ ᠬᠥᠳᠡᠭᠡ ᠲᠣᠰᠭᠣᠨ ᠤ᠋ ᠠᠵᠤ ᠦᠢᠯᠡᠰᠦᠨ ᠬᠡᠯᠬᠢᠶ᠎ᠠ ᠳᠡᠭᠡᠷ᠎ᠡ ᠲᠠᠯᠪᠢᠵᠤ᠂ ᠤᠯᠠᠨ ᠲᠦᠮᠡᠨᠲᠡᠶ ᠨᠢᠭ᠍ᠲᠠ ᠬᠠᠷᠢᠯᠴᠠᠵᠤ᠂ ᠨᠠᠮ ᠤ᠋ᠨ ᠬᠡᠷᠡᠯ ᠰᠠᠴᠤᠷᠠᠩᠭᠤᠢ ᠲᠦᠷᠢ ᠶ᠋ᠢ ᠬᠥᠮᠦᠰᠦᠨ ᠰᠡᠳᠭᠢᠯᠳᠦ ᠭᠦᠨ ᠬᠠᠳᠠᠩᠱᠢᠭᠤᠯᠵᠠᠢ᠃
ᠯᠠᠪᠳᠠᠭᠤᠨ ᠪᠠᠲᠤᠲᠠᠢ ᠱᠢᠷᠭᠠᠭᠤ ᠠᠵᠢᠯᠯᠠᠵᠤ ᠣᠷᠣᠯᠭ᠎ᠠ ᠢ᠋ᠢ ᠨᠡᠮᠡᠭ᠌ᠳᠡᠭᠦᠯᠦᠨ ᠪᠠᠶᠠᠵᠢᠯ ᠤᠨ ᠠᠷᠭ᠎ᠠ ᠵᠠᠮᠢ ᠡᠯᠪᠡᠭᠵᠢᠬᠦᠯᠪᠠ
《ᠪᠥᠬᠥ᠌ ᠣᠷᠣᠨ ᠤ᠋ ᠶᠠᠳᠠᠭᠤ ᠡᠴᠡ ᠠᠩᠭᠢᠵᠢᠷᠠᠭ᠍ᠰᠠᠨ ᠣᠯᠠᠨ ᠲᠦᠮᠡᠨᠦ ᠬᠥᠮᠦᠨ ᠳᠤᠮᠳᠠᠴᠢ ᠢ᠋ᠢᠨ ᠴᠡᠪᠡᠷ ᠣᠷᠣᠯᠭ᠎ᠠ 14951ᠲᠥᠭᠥᠷᠢᠭᠲᠦ ᠬᠦᠷᠴᠦ᠍᠂ ᠪᠦᠬᠦ ᠤᠯᠤᠰ ᠤ᠋ᠨ ᠭᠤᠷᠪᠠᠳᠤᠭᠠᠷ ᠲᠦ᠍ ᠵᠢᠭᠰᠠᠭᠠᠭᠳᠠᠪᠠ》 ᠬᠡᠵᠤ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ᠋ ᠵᠠᠰᠠᠭ ᠤ᠋ᠨ ᠣᠷᠳᠣᠨ ᠤ᠋ ᠰᠣᠨᠢᠨ ᠮᠡᠳᠡᠭᠡᠨᠦ ᠠᠯᠪᠠᠨ ᠬᠡᠷ ᠡᠴᠡ ᠬᠤᠷᠠᠯᠳᠤᠭᠤᠯᠤᠭᠰᠠᠨ《ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯᠢ ᠪᠡᠬᠢᠵᠢᠭᠦᠯᠦᠨ ᠥᠷᠭᠡᠳᠭᠡᠵᠦ᠍ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠢ᠋ᠢ ᠪᠥᠬᠥ᠌ ᠲᠠᠯᠠᠪᠠᠷ ᠠᠬᠢᠭᠤᠯᠬᠤ》 ᠰᠣᠨᠢᠨ ᠮᠡᠳᠡᠭᠡ ᠨᠡᠢᠲᠡᠯᠡᠬᠦ᠌ ᠬᠤᠷᠠᠯ ᠡᠴᠡ ᠲᠠᠨᠢᠯᠴᠠᠭᠤᠯᠤᠯ᠎ᠠ᠃
ᠤᠷᠳᠤᠰᠲᠤ᠂ ᠨᠢᠭᠡᠳᠦᠭᠡᠷ ᠱᠦᠵᠢ ᠪᠦᠬᠦᠨ ᠲᠠᠷᠢᠶᠠᠯᠠᠩ ᠤ᠋ᠨ ᠲᠤᠰᠠᠯᠠᠬᠤ ᠠᠵᠤ ᠠᠬᠤᠢ ᠢ᠋ᠢᠨ ᠪᠦᠲᠦᠭᠡᠭ᠌ᠳᠡᠬᠦᠨᠦ 《ᠣᠷᠣᠯᠠᠨ ᠥᠭᠦᠯᠡᠭ᠌ᠴᠢ》 ᠪᠠ 《ᠪᠣᠷᠣᠯᠠᠭᠤᠯᠤᠭ᠍ᠴᠢ》 ᠪᠤᠯᠤᠭᠰᠠᠨ ᠶᠤᠮ᠃ ᠪᠥᠬᠥ᠌ ᠬᠣᠲᠠ ᠢ᠋ᠢᠨ ᠳᠠᠭᠠᠭᠠᠴᠢᠯᠠᠨ ᠬᠠᠷᠢᠯᠴᠠᠬᠤ 735 ᠲᠣᠰᠭᠣᠨ ᠳ᠋ᠤ ᠰᠠᠭᠤᠭ᠎ᠠ ᠠᠵᠢᠯᠯᠠᠬᠤ ᠠᠩᠭᠢ᠂ ᠳᠠᠭᠠᠭᠠᠴᠢᠯᠠᠨ ᠬᠠᠷᠢᠯᠴᠠᠬᠤ 2476 ᠲᠣᠰᠭᠣᠨ ᠳ᠋ᠤ ᠰᠠᠭᠤᠭ᠎ᠠ ᠺᠠᠳ᠋ᠷ ᠨᠢ ᠦᠶ᠋ᠯᠡᠳᠪᠦᠷᠢᠯᠡᠯ ᠪᠣᠷᠣᠯᠠᠭᠤᠯᠭ᠎ᠠ ᠢ᠋ᠢᠨ ᠦᠶ᠋ᠯᠡᠴᠢᠯᠡᠭᠡᠨᠦ ᠠᠩᠭᠢ ᠪᠤᠯᠪᠠ᠃ ᠲᠠᠳᠠ ᠪᠠᠰᠠ ᠲᠤᠬᠠᠶ ᠢ᠋ᠢᠨ ᠭᠠᠵᠠᠷ ᠤ᠋ᠨ ᠮᠠᠯ ᠠᠵᠤ ᠠᠬᠤᠶᠲᠠᠷᠢᠶᠠᠯᠠᠩ ᠤ᠋ᠨ ᠬᠠᠩᠭᠠᠯᠭ᠎ᠠ ᠢ᠋ᠢᠨ ᠲᠠᠯ᠎ᠠ ᠢ᠋ᠢᠨ ᠥᠭᠡᠷᠡᠴᠢᠯᠡᠯᠲᠡ ᠢ᠋ᠢ ᠢᠳᠡᠪᠬᠢᠲᠡᠶ ᠠᠬᠢᠭᠤᠯᠵᠤ᠂ ᠪᠠᠷᠢᠮᠵᠢᠶᠠᠵᠢᠭᠤᠯᠤᠭ᠍ᠰᠠᠨ ᠦᠶ᠋ᠯᠡᠳᠪᠦᠷᠢᠯᠡᠯ᠂《ᠭᠤᠷᠪᠠᠨ ᠪᠦᠲᠦᠭᠡᠭ᠌ᠳᠡᠬᠦᠨ ᠨᠢᠭᠡ ᠲᠡᠮᠳᠡᠭ》 ᠤ᠋ᠨ ᠭᠡᠷᠡᠴᠢᠯᠡᠯ᠂ ᠶᠠᠰᠤ ᠴᠢᠨᠠᠷ ᠤ᠋ᠨ ᠠᠮᠤᠷ ᠲᠦᠪᠱᠢᠨᠦ ᠮᠥᠷᠳᠡᠯᠲᠡ᠂ ᠲᠦᠷᠦᠯ ᠲᠡᠮᠳᠡᠭ᠌ᠲᠦ᠍ ᠢ᠋ᠢ ᠡᠭᠦᠳᠦᠨ ᠪᠠᠢᠭᠤᠯᠵᠤ ᠪᠣᠢᠵᠢᠭᠤᠯᠬᠤ ᠢ᠋ᠢ ᠯᠠᠪᠳᠠᠭᠤᠨ ᠪᠠᠲᠤᠲᠠᠶ ᠰᠠᠢᠲᠤᠷ ᠠᠳᠭᠤᠪᠠ ᠁
ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠳ᠋ᠤ ᠠᠷᠠᠳ ᠤ᠋ᠨ ᠠᠮᠢᠳᠤᠷᠠᠯ ᠪᠠᠶᠠᠨ ᠴᠢᠨᠡᠭᠡᠯᠢᠭ ᠪᠠᠢᠬᠤ ᠪᠤᠯ ᠵᠠᠩᠭᠢᠯᠠᠭ᠎ᠠ᠃ ᠲᠣᠰᠭᠣᠨ ᠳ᠋ᠤ ᠰᠠᠭᠤᠭ᠎ᠠ ᠺᠠᠳ᠋ᠷᠴᠤᠳ ᠭᠠᠵᠠᠷ ᠣᠷᠣᠨ ᠤ᠋ ᠪᠠᠢᠳᠠᠯᠳᠠᠭᠠᠨ ᠲᠤᠬᠢᠷᠠᠭᠤᠯᠤᠨ ᠲᠦᠷᠦᠯ ᠵᠦᠢᠯᠢ ᠣᠷᠣᠭᠤᠯᠤᠨ ᠠᠪᠴᠢᠷᠠᠵᠤ᠂ ᠤᠯᠠᠨ ᠲᠦᠮᠡᠨᠦ ᠣᠷᠣᠯᠭ᠎ᠠ ᠢ᠋ᠢ ᠨᠡᠮᠡᠭ᠌ᠳᠡᠭᠦᠯᠬᠦ᠌ ᠢ᠋ᠢ ᠭᠤᠤᠯᠳᠠᠯᠭ᠎ᠠ ᠲᠠᠢ ᠠᠨᠭᠬᠠᠷᠴᠤ᠂ ᠲᠣᠰᠭᠣᠨ ᠤ᠋ ᠬᠠᠮᠲᠤ ᠢ᠋ᠢᠨ ᠠᠵᠤ ᠠᠬᠤᠢ ᠢ᠋ᠢ ᠬᠥᠭ᠌ᠵᠢᠭᠦᠯᠦᠨ ᠪᠤᠵᠠᠭᠠᠢᠷᠠᠭᠤᠯᠵᠤ᠂ ᠲᠤᠬᠠᠢ ᠢ᠋ᠢᠨ ᠭᠠᠵᠠᠷ ᠲᠤ ᠠᠵᠢᠯᠯᠠᠬᠤ ᠠᠩᠬᠢ ᠢ᠋ᠢᠨ ᠤᠢᠯᠡᠳᠤᠯ ᠢ᠋ ᠪᠠᠳᠠᠷᠠᠭᠤᠯᠪᠠ᠃
ᠶᠡᠬᠡ ᠪᠠᠭ᠎ᠠ ᠶᠠᠪᠤᠳᠠᠯ ᠬᠡᠰᠡᠨ ᠦᠬᠡᠢ ᠤᠯᠠᠨ ᠲᠦᠮᠡᠨᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ ᠢ᠋ ᠰᠢᠢᠳᠪᠤᠷᠢᠯᠡᠪᠡ
2021 ᠣᠨ ᠤ᠋ 2 ᠰᠠᠷ᠎ᠠ ᠳ᠋ᠤ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠲᠣᠰᠭᠣᠨ ᠳ᠋ᠤ ᠰᠠᠭᠤᠭ᠎ᠠ ᠡᠮᠡᠭ᠌ᠲᠡᠢᠴᠦᠳᠦᠨ ᠠᠵᠢᠯᠯᠠᠬᠤ ᠠᠩᠭᠢ 《ᠪᠥᠬᠥ᠌ ᠤᠯᠤᠰ ᠤ᠋ᠨ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠳᠤᠯᠬᠤ ᠲᠡᠷᠢᠭᠦᠨᠦ ᠬᠠᠮᠲᠤ》 ᠢ᠋ᠢᠨ ᠢᠷᠠᠭᠤ ᠠᠯᠳᠠᠷᠢ ᠭᠥᠷᠳᠡᠪᠡ᠃ 《ᠡᠨᠡ ᠢᠷᠠᠭᠤ ᠠᠯᠳᠠᠷ ᠦᠨᠭᠬᠡ ᠬᠡᠷᠡᠯᠳᠡᠢ᠂ ᠡᠨᠡ ᠬᠦ᠌ ᠢᠷᠠᠭᠤ ᠠᠯᠳᠠᠷ ᠢ᠋ ᠬᠢᠯᠪᠠᠷ ᠪᠤᠰᠤᠪᠠᠷ ᠤᠯᠤᠭᠰᠠᠨ ᠶᠤᠮ!》 ᠭᠡᠵᠦ᠍ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠣᠪᠣᠭ᠎ᠠ ᠰᠤᠮᠤ ᠢ᠋ᠢᠨ ᠵᠠᠷᠤᠳ ᠰᠠᠩ ᠭᠠᠴᠠᠭ᠎ᠠ ᠳ᠋ᠤ ᠰᠠᠭᠤᠭ᠎ᠠ ᠠᠵᠢᠯᠯᠠᠬᠤ ᠠᠩᠭᠢ ᠢ᠋ᠢᠨ ᠳᠠᠷᠤᠭ᠎ᠠ ᠸᠠᠩ ᠺᠧ ᠴᠢᠨ ᠬᠡᠯᠡᠨ᠎ᠠ᠃
ᠨᠢᠳᠤᠨᠤᠨ᠂ ᠦᠴᠦᠸᠠᠨ ᠱᠢᠶᠠᠨ ᠤ᠋ ᠲᠣᠰᠭᠣᠨ ᠳ᠋ᠤ ᠰᠠᠭᠤᠭ᠎ᠠ ᠠᠵᠢᠯᠯᠠᠬᠤ ᠠᠩᠬᠢ ᠶᠠᠳᠠᠭᠤ ᠡᠴᠡ ᠠᠩᠭᠢᠵᠢᠷᠠᠭ᠍ᠰᠠᠨ ᠡᠷᠦᠬᠡ ᠾᠦᠸᠸ ᠱ᠌ᠢ ᠵᠦ᠍ ᠵᠢ ᠬᠠᠪᠰᠤᠷᠤᠨ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠢ ᠪᠤᠷᠤᠯᠠᠭᠤᠯᠤᠭᠠᠳ ᠡᠳᠦᠷᠦᠨ ᠪᠣᠷᠣᠯᠠᠭᠤᠯᠭ᠎ᠠ ᠢ᠋ᠢᠨ ᠬᠡᠮᠵᠢᠢ᠎ᠡ ᠨᠢ 1.2 ᠲᠦᠮᠡᠨ ᠲᠥᠭᠥᠷᠢᠭᠢ ᠳᠠᠪᠠᠪᠠ᠃ ᠾᠦᠸᠸ ᠱ᠌ᠢ ᠵᠦ᠍ ᠪᠣᠯ ᠦᠴᠦᠸᠠᠨ ᠱᠢᠶᠠᠨ ᠤ᠋ ᠲᠡᠭᠡᠷ᠎ᠠ ᠲᠤᠬᠤᠢ ᠱᠢᠶᠠᠩ ᠤ᠋ᠨ ᠲᠠᠷᠢᠶᠠᠴᠢᠨ ᠪᠣᠯᠤᠨ᠎ᠠ᠂ ᠮᠣᠳᠣᠲᠠᠷᠢᠭᠠᠳ ᠴᠠᠭ ᠲᠤᠬᠠᠢ ᠳ᠋ᠤᠨᠢ ᠠᠰᠢᠬ ᠬᠦᠷᠳᠡᠭᠰᠡᠨ ᠦᠬᠡᠢ ᠪᠤᠯᠬᠤᠷ 43 ᠲᠦᠮᠡᠨ ᠲᠥᠭᠥᠷᠢᠭᠦᠨ ᠥᠷᠢᠲᠡᠶ ᠪᠤᠯᠵᠡᠢ᠃ ᠲᠣᠰᠭᠣᠨ ᠳ᠋ᠤ ᠰᠠᠭᠤᠭ᠎ᠠ ᠺᠠᠳ᠋ᠷᠴᠤᠳ ᠤ᠋ᠨ ᠬᠠᠪᠰᠤᠷᠤᠯᠭ᠎ᠠ ᠪᠡᠷ᠂ ᠾᠦᠸᠸ ᠱ᠌ᠢ ᠵᠦ᠍ ᠥᠩᠭᠡᠷᠡᠭ᠌ᠰᠡᠨᠦ ᠶᠡᠬᠡ ᠪᠡᠷ ᠲᠠᠷᠢᠵᠤ ᠪᠠᠭ᠎ᠠ ᠬᠤᠷᠢᠶᠠᠵᠤ ᠪᠠᠢᠭᠰᠠᠨ ᠡᠴᠡ ᠪᠡᠨ ᠨᠠᠷᠢᠯᠢᠭ ᠲᠠᠷᠢᠵᠤ ᠨᠢᠮᠪᠠᠢ ᠠᠷᠠᠴᠢᠯᠠᠬᠤ ᠪᠤᠯᠵᠤ᠂ ᠲᠠᠷᠢᠵᠤ ᠪᠣᠯᠪᠠᠰᠤᠷᠠᠭᠤᠯᠬᠤ ᠪᠤᠷᠤᠯᠠᠭᠤᠯᠭ᠎ᠠ ᠢ᠋ᠢᠨ ᠵᠠᠮᠢᠶᠠᠷ ᠵᠠᠮᠨᠠᠪᠠ᠃
ᠠᠷᠠᠳ ᠤ᠋ᠨ ᠠᠮᠢᠳᠤᠷᠠᠯ ᠠᠷᠠᠳ ᠤ᠋ᠨ ᠰᠡᠳᠭᠢᠯᠢ ᠬᠣᠯᠪᠣᠵᠤ ᠪᠠᠢᠳᠠᠭ᠂ ᠲᠣᠰᠭᠣᠨ ᠳ᠋ᠤ ᠰᠠᠭᠤᠭ᠎ᠠ ᠺᠠᠳ᠋ᠷᠴᠤᠳ ᠭᠦᠨᠵᠡᠭᠡᠢ ᠪᠠᠢᠴᠠᠭᠠᠵᠤ᠂ ᠲᠣᠰᠭᠣᠨ ᠤ᠋ ᠪᠠᠢᠳᠠᠯ ᠠᠷᠠᠳ ᠤ᠋ᠨ ᠰᠠᠨᠠᠭ᠎ᠠ ᠢ᠋ᠢ ᠣᠢᠯᠠᠭᠠᠵᠤ᠂ ᠠᠷᠠᠳ ᠲᠦᠮᠡᠨᠦ ᠬᠦᠴᠢᠷ ᠵᠣᠪᠠᠭᠤᠷᠢ ᠢ᠋ᠢ ᠱᠢᠢᠳᠪᠦᠷᠢᠯᠡᠵᠦ᠍᠂ ᠲᠤᠬᠠᠢ ᠢ᠋ᠢᠨ ᠭᠠᠵᠠᠷ ᠤ᠋ᠨ ᠤᠯᠠᠨ ᠲᠦᠮᠡᠨᠦ《ᠲᠦᠱᠢᠭ ᠲᠤᠯᠭᠠᠭᠤᠷᠢ》᠂ 《ᠵᠠᠮᠴᠢᠯᠠᠭ᠍ᠴᠢ》 ᠪᠣᠯᠪᠠ᠃
ᠦᠨᠳᠦᠰᠦᠨ ᠡᠴᠡ ᠨᠢ ᠵᠠᠰᠠᠵᠤ ᠬᠥᠳᠡᠭᠡ ᠲᠣᠰᠭᠣᠨ ᠤ᠋ ᠵᠠᠰᠠᠯᠲᠠ ᠢ᠋ᠢᠨ ᠲᠦᠪᠱᠢᠨᠢ ᠳᠡᠭᠡᠭ᠌ᠰᠢᠯᠡᠭᠦᠯᠪᠡ
ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠵᠢᠷᠦᠬᠡᠨ ᠪᠠᠯᠭᠠᠰᠤᠨ ᠤ᠋ ᠬᠤᠨᠭ᠌ ᠴᠢ ᠲᠣᠰᠭᠣᠨ ᠳ᠋ᠤ ᠲᠣᠰᠭᠣᠨ ᠳ᠋ᠤ ᠰᠠᠭᠤᠭ᠎ᠠ ᠨᠢᠭᠡᠳᠦᠭᠡᠷ ᠱᠦᠵᠢ ᠸᠠᠩ ᠲᠢᠩ ᠴᠢᠨᠢ ᠲᠤᠷᠠᠳᠬᠤ ᠲᠠᠢ ᠵᠠᠷᠭᠡ ᠲᠣᠰᠭᠣᠨ ᠤ᠋ ᠠᠷᠠᠳ ᠨᠢᠭᠡ ᠨᠢᠭᠡ ᠪᠡᠷ ᠢ᠋ᠢᠡᠨ ᠡᠷᠡᠬᠡᠶ ᠭᠠᠷᠭᠠᠨ ᠮᠠᠭᠳᠠᠨ᠎ᠠ᠃ ᠸᠠᠩ ᠲᠢᠩ ᠴᠢᠨ ᠠᠨᠭᠬ᠎ᠠ ᠬᠤᠨᠭ᠌ ᠴᠢ ᠲᠣᠰᠭᠣᠨ ᠳ᠋ᠤ ᠬᠦᠷᠦᠭᠡᠳ ᠬᠠᠮᠤᠭ ᠤᠷᠢᠳ ᠢ᠋ᠢᠡᠷ 《ᠵᠡᠭᠡᠯᠢ ᠢ᠋ᠢᠨ ᠳᠠᠷᠤᠭ᠎ᠠ ᠢ᠋ᠢᠨ ᠲᠦᠷᠢᠮ》 ᠢ᠋ᠬᠡᠷᠡᠭ᠌ᠵᠢᠭᠦᠯᠵᠦ᠍᠂ ᠵᠠᠰᠠᠯᠲᠠ ᠢ᠋ᠢᠨ ᠭᠣᠣᠯᠳᠠᠯᠭ᠎ᠠ ᠢ᠋ᠢ 《ᠬᠠᠮᠢᠶᠠᠷᠤᠯᠲᠠ》 ᠡᠴᠡ 《ᠦᠢᠯᠡᠴᠢᠯᠡᠭᠡ》 ᠲᠠᠢᠰᠢ ᠬᠤᠪᠢᠷᠠᠭᠤᠯᠪᠠ᠃ ᠲᠡᠷᠡ ᠪᠠᠰᠠ ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠬᠥᠮᠦᠵᠢᠯᠲᠡᠶ ᠤᠶᠠᠯᠳᠤᠭᠤᠯᠤᠨ᠂ 《ᠨᠠᠮ ᠤ᠋ᠨ ᠪᠠᠢᠭᠤᠯᠤᠯᠲᠠ + ᠪᠣᠯᠪᠠᠰᠤᠨ ᠤ᠋ ᠦᠶ᠋ᠯᠡᠳᠦᠯᠭᠡ ᠢ᠋ᠢᠨ ᠠᠩᠭᠢ + ᠲᠠᠷᠢᠶᠠᠯᠠᠬᠤ ᠡᠷᠦᠬᠡ》 ᠢ᠋ᠢᠨ ᠵᠠᠭ᠍ᠪᠤᠷᠢ ᠡᠭᠦᠳᠦᠨ ᠪᠠᠢᠭᠤᠯᠵᠤ᠂ ᠨᠠᠮ ᠤ᠋ᠨ ᠲᠡᠦᠬᠡ ᠢ᠋ᠢᠨ ᠰᠤᠷᠤᠯᠴᠠᠯᠭ᠎ᠠ ᠢ᠋ᠢᠨ ᠪᠠᠭ᠎ᠠ ᠬᠦᠷᠢᠶᠡᠯᠡᠩᠢ ᠪᠠᠢᠭᠤᠯᠵᠤ᠂ 《ᠠᠷᠠᠳ ᠣᠯᠠᠨ ᠤ᠋ ᠵᠣᠭᠣᠭ᠍ᠳᠠᠨ ᠰᠤᠷᠤᠯᠴᠠᠬᠤ》 ᠠᠵᠢᠯᠯᠠᠭ᠎ᠠ ᠢ᠋ᠢ ᠦᠷᠨᠢᠬᠦᠯᠤᠨ᠂ ᠬᠤᠨᠭ᠌ ᠴᠢ ᠢ᠋ᠢᠨ ᠲᠡᠦᠬᠡ ᠢ᠋ᠢ ᠠᠭᠤᠳᠠᠯᠵᠤ᠂ ᠬᠤᠨᠭ᠌ ᠴᠢ ᠢ᠋ᠢᠨ ᠥᠯᠢᠭᠡᠷᠢ ᠰᠠᠢᠬᠠᠨ ᠶᠠᠷᠢᠵᠤ᠂ ᠰᠣᠶᠣᠯᠢ ᠬᠥᠭ᠌ᠵᠢᠭᠦᠯᠦᠨ ᠮᠠᠨᠳᠤᠭᠤᠯᠬᠤᠪᠠᠷ ᠬᠥᠳᠡᠭᠡ ᠲᠣᠰᠭᠣᠨ ᠤ᠋ ᠳᠣᠲᠣᠭᠠᠳᠤ ᠬᠥᠳᠡᠯᠭᠡᠬᠦ᠌ ᠬᠦᠴᠦᠨᠢ ᠬᠥᠭ᠌ᠵᠢᠭᠡᠪᠡ᠃
ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠳ᠋ᠤ ᠵᠠᠰᠠᠯᠲᠠ ᠪᠦᠲᠦᠮᠵᠢᠲᠡᠢ ᠪᠠᠢᠬᠤ ᠪᠤᠯ ᠪᠠᠲᠤᠯᠠᠭ᠎ᠠ ᠶᠤᠮ᠃ ᠲᠣᠰᠭᠣᠨ ᠳ᠋ᠤ ᠰᠠᠭᠤᠭ᠎ᠠ ᠺᠠᠳ᠋ᠷᠴᠤᠳ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠤ᠋ᠨ ᠭᠤᠤᠯᠳᠠᠯᠭ᠎ᠠ ᠢ᠋ᠢ ᠰᠠᠨᠠᠭᠠᠴᠢᠯᠠᠭ᠎ᠠ ᠡᠴᠡᠪᠠᠨ ᠰᠤᠷᠤᠯᠴᠠᠵᠤ᠂ 《ᠬᠥᠳᠡᠭᠡ ᠠᠵᠤ ᠠᠬᠤᠶ ᠬᠥᠳᠡᠭᠡ ᠲᠣᠰᠭᠣᠨ ᠲᠠᠷᠢᠶᠠᠴᠢᠨ》 ᠤ᠋ ᠠᠵᠢᠯ ᠤ᠋ᠨ ᠠᠷᠭ᠎ᠠ ᠬᠡᠯᠪᠡᠷᠢ ᠵᠢ ᠰᠢᠨᠠᠴᠢᠯᠡᠵᠤ᠂ ᠬᠥᠳᠡᠭᠡ ᠲᠣᠰᠭᠣᠨ ᠤ᠋ ᠵᠠᠰᠠᠯᠲᠠ ᠢ᠋ᠢᠨ ᠴᠢᠳᠠᠪᠤᠷᠢ ᠢ᠋ᠢᠨ ᠣᠳᠣᠬᠢᠴᠢᠯᠠᠯᠲᠠ ᠢ᠋ᠢ ᠠᠬᠢᠭᠤᠯᠬᠤ ᠲᠣᠭᠣᠷᠢᠨ ᠳ᠋ᠤ ᠥᠪᠡᠷᠲᠡᠭᠡᠨ ᠵᠠᠰᠠᠬᠤ᠂ ᠬᠠᠤᠯᠢᠵᠢᠯ ᠢ᠋ᠢᠡᠷ ᠵᠠᠰᠠᠬᠤ᠂ ᠶᠣᠰᠣ ᠮᠣᠷᠠᠯᠢᠶᠠᠷ ᠵᠠᠰᠠᠬᠤ ᠢ᠋ᠢ ᠤᠶᠠᠯᠳᠤᠭᠤᠯᠤᠭ᠍ᠰᠠᠨ ᠬᠥᠳᠡᠭᠡ ᠲᠣᠰᠭᠣᠨ ᠤ᠋ ᠵᠠᠰᠠᠯᠲᠠ ᠢ᠋ᠢᠨ ᠱᠢᠰᠲ᠋ᠧᠮᠢ ᠪᠠᠢᠭᠤᠯᠤᠨ ᠲᠡᠭᠦᠯᠳᠡᠷᠵᠢᠭᠦᠯᠵᠦ᠍᠂ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠳ᠋ᠤ ᠪᠠᠲᠤ ᠪᠡᠬᠢ ᠪᠠᠲᠤᠯᠠᠭ᠎ᠠ ᠬᠠᠩᠭᠠᠵᠠᠢ᠃
ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠬᠤᠭᠤᠴᠠᠭᠠᠨ ᠳ᠋ᠤ᠂ 9776 ᠲᠣᠰᠭᠣᠨ ᠳ᠋ᠤ ᠰᠠᠭᠤᠭ᠎ᠠ ᠨᠢᠭᠡᠳᠦᠭᠡᠷ ᠱᠦᠵᠢ ᠪᠣᠯᠤᠨ 8.5 ᠲᠦᠮᠡᠨ ᠠᠵᠢᠯᠳᠠᠨ ᠦᠨᠳᠦᠰᠦᠨ ᠱᠠᠲᠤᠨ ᠤ᠋ ᠡᠮᠦᠨ᠎ᠡ ᠹᠷᠣᠨᠲᠲᠤ ᠭᠠᠪᠱᠢᠭᠠᠢᠯᠠᠵᠤ᠂ 18 ᠲᠦᠮᠡᠨ ᠬᠠᠪᠰᠤᠷᠤᠨ ᠲᠡᠳᠬᠦᠬᠦ᠌ ᠺᠠᠳ᠋ᠷ ᠶᠠᠳᠠᠭᠤ ᠬᠦᠴᠢᠷᠳᠡᠯᠲᠡᠢ ᠤᠯᠠᠨ ᠲᠦᠮᠡᠨᠳᠦ ᠠᠷᠭ᠎ᠠ ᠤᠬᠠᠭᠠᠨ ᠰᠤᠪᠢᠵᠤ᠂ ᠪᠣᠳᠠᠲᠠᠢ ᠠᠵᠢᠯ ᠬᠢᠵᠦ᠍᠂ ᠬᠦᠴᠢᠷ ᠠᠰᠠᠭᠤᠳᠠᠯᠢ ᠨᠢ ᠱᠢᠢᠳᠪᠦᠷᠢᠯᠡᠨ ᠥᠭ᠌ᠪᠡ᠃ ᠤᠳᠤ ᠪᠤᠯᠳᠠᠯ᠎ᠠ ᠪᠠᠰᠠ 8111 ᠲᠣᠰᠭᠣᠨ ᠳ᠋ᠤ ᠰᠠᠭᠤᠭ᠎ᠠ ᠨᠢᠭᠡᠳᠦᠭᠡᠷ ᠱᠦᠵᠢ ᠪᠣᠯᠤᠨ 7751 ᠠᠵᠢᠯᠯᠠᠬᠤ ᠠᠩᠬᠢ᠂ 16187 ᠲᠣᠰᠭᠣᠨ ᠳ᠋ᠤ ᠰᠠᠭᠤᠭ᠎ᠠ ᠺᠠᠳ᠋ᠷ ᠬᠥᠳᠡᠭᠡ ᠲᠣᠰᠭᠣᠨᠢ ᠬᠥᠭ᠌ᠵᠢᠭᠦᠯᠦᠨ ᠮᠠᠨᠳᠤᠭᠤᠯᠬᠤ ᠠᠵᠢᠯ ᠳ᠋ᠤ ᠢᠳᠡᠪᠬᠢᠳᠠᠢ ᠤᠷᠤᠯᠴᠠᠵᠤ ᠪᠠᠢᠨ᠎ᠠ᠂ ᠲᠡᠳᠡ ᠶᠠᠳᠠᠭᠤ ᠡᠴᠡ ᠠᠡᠭᠭᠢᠵᠢᠷᠠᠬᠰᠠᠨ ᠤᠯᠠᠨ ᠲᠦᠮᠡᠨᠳᠦ ᠠᠵᠢᠯ ᠣᠯᠭᠣᠵᠤ᠂ ᠣᠷᠣᠯᠭ᠎ᠠ ᠢ᠋ᠢ ᠨᠢ ᠨᠡᠮᠡᠭ᠌ᠳᠡᠭᠦᠯᠦᠨ᠂ ᠠᠵᠢᠯ ᠣᠯᠭᠣᠯᠲᠠ ᠢ᠋ᠢ ᠨᠢ ᠲᠤᠭᠳᠠᠪᠤᠷᠢᠵᠢᠭᠤᠯᠤᠭᠰᠠᠨ ᠡᠴᠡ ᠠᠷᠠᠳ ᠤᠯᠠᠨ ᠤ᠋ ᠬᠦᠨ ᠢᠲᠡᠭᠡᠯᠢ ᠣᠯᠵᠤ᠂ ᠨᠠᠮ ᠪᠣᠯᠤᠨ ᠤᠯᠠᠨ ᠲᠦᠮᠡᠨᠦ ᠭᠦᠨ ᠵᠤᠵᠠᠭᠠᠨ ᠬᠠᠢᠷ᠎ᠠ ᠰᠡᠳᠭᠢᠯᠭᠡ ᠢ᠋ᠢ ᠨᠢᠭ᠍ᠲᠠᠷᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃