ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠠᠭᠤᠤ ᠶᠡᠬᠡ ᠬᠤᠪᠢᠰᠤᠯᠲᠠ

2022-06-29 09:27:09

ᠵᠣᠬᠢᠶᠠᠭ᠍ᠴᠢ᠄ ᠯᠢ ᠬᠠᠨ ᠣᠩᠱᠢᠭ᠍ᠰᠠᠨ ᠣᠳᠠᠭ᠎ᠠ᠄ 3

ᠦᠨᠳᠦᠰᠦᠨ ᠱᠠᠲᠤ ᠬᠦᠴᠦᠷᠬᠡᠭ᠌ᠵᠢᠪᠡᠯ ᠤᠯᠤᠰ ᠣᠷᠣᠨ ᠬᠦᠴᠦᠷᠬᠡᠭ᠌ᠵᠢᠵᠦ᠍᠂ ᠦᠨᠳᠦᠰᠦᠨ ᠱᠠᠲᠤ ᠠᠮᠤᠷ ᠲᠤᠭᠲᠠᠭᠤᠨ ᠪᠣᠯ ᠲᠠᠶᠠᠭᠠᠷ᠎ᠢᠶᠡᠨ ᠠᠮᠤᠭᠤᠯᠠᠩ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠥᠪᠥᠷ ᠮᠣᠩᠭᠣᠯ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ ᠶ᠋ᠢᠨ ᠴᠡᠭ᠎ᠦᠨ ᠠᠵᠢᠯ᠎ᠢ ᠠᠬᠢᠭᠤᠯᠬᠤ᠎ᠪᠠᠷ ᠭᠤᠤᠯᠳᠠᠯᠭ᠎ᠠ ᠪᠣᠯᠭᠠᠵᠤ᠂ ᠦᠨᠳᠦᠰᠦᠨ ᠱᠠᠲᠤᠨ᠎ᠤ ᠵᠠᠰᠠᠯᠲᠠ᠂ ᠲᠤᠤᠷᠵᠢᠭᠤᠯᠤᠯᠲᠠ᠎ᠵᠢᠨ ᠦᠶ᠋ᠯᠡᠴᠢᠯᠡᠭᠡ ᠬᠠᠮᠢᠶᠠᠷᠤᠯᠲᠠ ᠪᠠ《ᠭᠡᠭᠡᠨ ᠰᠠᠷᠠᠭᠤᠯ ᠢᠨᠵᠧᠨᠧᠷᠢᠩ》᠎ᠤ᠋ᠨ ᠪᠠᠢᠭᠤᠯᠤᠯᠳᠠ ᠵᠡᠷᠭᠡ ᠠᠵᠢᠯ᠎ᠢ ᠲᠠᠰᠤᠷᠠᠯᠲᠠ ᠥᠬᠡᠶ ᠴᠢᠩᠭᠠᠳᠭᠠᠵᠤ᠂ ᠵᠥᠷᠢᠴᠡᠯ᠎ᠦᠨ ᠬᠡᠮ ᠰᠣᠭᠣᠭ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠠᠷᠢᠯᠭᠠᠵᠤ᠂ ᠬᠣᠲᠠ᠎ᠶ᠋ᠢᠨ ᠬᠡᠪᠴᠢᠶᠡᠨ᠎ᠳᠦ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠪᠡ᠃

ᠲᠤᠤᠷᠵᠢᠭᠤᠯᠤᠯᠳᠠ ᠵᠢ ᠨᠠᠷᠢᠯᠢᠬᠵᠢᠭᠤᠯᠵᠤ ᠠᠷᠠᠳ᠎ᠤᠨ ᠠᠮᠢᠳᠤᠷᠠᠯ᠎ᠳ᠋ᠤ ᠨᠠᠩ ᠰᠠᠢᠳᠤᠷ ᠦᠢᠯᠡᠴᠢᠯᠡᠨ᠎ᠡ

《ᠴᠤᠬᠯᠠᠷᠠᠯ ᠳ᠋ᠤ ᠪᠠᠢᠭ᠎ᠠ᠎ᠬᠦᠮᠦᠰ ᠠᠩᠬᠠᠷᠤᠭᠠᠷᠠᠢ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠸᠠᠺᠼᠢᠨ᠎ᠤ᠋ ᠴᠢᠩᠭᠠᠳᠭᠠᠬᠤ ᠲᠠᠷᠢᠯᠭ᠎ᠠ᠎ᠶ᠋ᠢ ᠮᠠᠷᠭᠠᠰᠢ ᠡᠴᠡ ᠡᠬᠢᠯᠡᠨ ᠲᠠᠷᠢᠵᠤ ᠪᠣᠯᠤᠨ᠎ᠠ》᠃

《ᠲᠠ ᠰᠠᠢᠨ ᠦᠦ᠂ ᠲᠤᠬᠳᠠᠮᠠᠯ ᠪᠤᠰᠤ ᠪᠡᠷ ᠠᠵᠢᠯ ᠣᠯᠤᠭ᠍ᠰᠠᠳ ᠡᠮ ᠡᠮᠨᠡᠯᠭᠡ᠎ᠶ᠋ᠢᠨ ᠳᠠᠭᠠᠳᠭᠠᠯ᠎ᠤᠨ ᠰᠦᠶ᠋ᠳᠭᠡᠯ ᠲᠤᠱᠢᠶᠠᠬᠤ᠎ᠳᠤ ᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠥᠪ᠎ᠦᠨ ᠨᠢᠭᠡᠳᠦᠭᠡᠷ ᠳᠠᠪᠬᠤᠷᠯᠢᠭ᠎ᠤᠨ 68 ᠳ᠋ᠤᠭᠠᠷ ᠴᠣᠩᠬᠣᠪᠴᠢ᠎ᠳᠤ ᠬᠦᠷᠴᠦ᠍ ᠰᠦᠶ᠋ᠳᠭᠡᠯ ᠲᠤᠱᠢᠶᠠᠬᠤ ᠬᠢᠨᠠᠨ ᠲᠣᠭ᠍ᠲᠠᠭᠠᠯᠲᠠ ᠬᠢᠬᠦ᠌ ᠬᠡᠷᠡᠭ᠌ᠲᠡᠶ》᠃

᠁

ᠬᠤᠤᠯᠢᠨ ᠭᠤᠤᠯ ᠬᠣᠲᠠ᠎ᠶ᠋ᠢᠨ ᠨᠥᠬᠥᠷᠯᠡᠯ ᠨᠡᠢᠭᠡᠮ ᠲᠣᠭᠣᠷᠢᠭ᠎ᠤᠨ ᠱᠦᠶ ᠮᠥ᠍ ᠺᠠᠩ ᠴᠢᠶᠣᠤ ᠰᠠᠭᠤᠭᠠᠯᠢ ᠠᠷᠠᠳ᠎ᠤᠨ ᠲᠣᠭᠣᠷᠢᠭ᠎ᠤᠨ ᠲᠤᠤᠷᠵᠢᠭᠤᠯᠤᠯᠳᠠ ᠵᠢᠨ ᠵᠢᠷᠬᠢᠶ᠎ᠡ ᠴᠤᠭ᠍ᠯᠠᠷᠠᠯ ᠎ᠢ ᠨᠡᠭᠡᠭᠡᠪᠡᠯ᠂ ᠲᠤᠤᠷᠵᠢᠭᠤᠯᠤᠯᠲᠠ᠎ᠵᠢᠨ ᠠᠵᠢᠯᠲᠠᠨ ᠯᠢ ᠶᠠᠩ᠎ᠤᠨ ᠶᠠᠪᠤᠭᠤᠯᠤᠭ᠍ᠰᠠᠨ ᠡᠯ᠎ᠡ ᠲᠥᠷᠥᠯ᠎ᠦᠨ ᠠᠷᠠᠳ᠎ᠲᠤ ᠲᠥᠬᠥᠮ ᠦᠵᠡᠭᠦᠯᠬᠦ᠌ ᠮᠡᠳᠡᠭᠡ ᠵᠠᠩᠭᠢ᠎ᠶ᠋ᠢ ᠣᠯᠵᠤ ᠦᠵᠡᠨ᠎ᠡ᠃ ᠰᠠᠭᠤᠭᠠᠯᠢ ᠠᠷᠠᠳ᠎ᠤᠨ ᠠᠰᠠᠭᠤᠵᠤ ᠯᠠᠪᠯᠠᠭ᠍ᠰᠠᠨ ᠵᠦᠢᠯ ᠪᠦᠷᠢ ᠵᠢ ᠲᠡᠷᠡ ᠢᠮᠠᠬᠳᠠ ᠬᠦᠯᠢᠴᠡᠩᠭᠦᠢ ᠪᠥᠭᠡᠳ ᠨᠠᠷᠢᠨ ᠨᠢᠮᠪᠠᠢ᠎ᠪᠠᠷ ᠬᠠᠷᠢᠭᠤᠯᠵᠤ᠂ ᠤᠯᠠᠨ᠎ᠳᠤ ᠬᠠᠪᠰᠤᠷᠤᠯᠭ᠎ᠠ ᠲᠡᠮᠵᠢᠯᠬᠡ ᠦᠵᠡᠬᠦᠯᠳᠡᠭ ᠪᠠᠢᠯ᠎ᠠ᠃ ᠡᠭᠦᠨ᠎ᠡᠴᠡ ᠭᠠᠳᠠᠨ᠎ᠠ᠂ ᠡᠷᠦᠬᠡ᠎ᠳᠦ ᠣᠷᠣᠵᠤ ᠲᠣᠭᠣᠷᠢᠨ ᠪᠠᠢᠴᠠᠭᠠᠬᠤ᠂ ᠵᠥᠷᠢᠴᠡᠯ ᠵᠢᠭᠤᠷᠠᠯᠳᠤᠭᠠᠨ᠎ᠢ ᠰᠢᠢᠳᠪᠦᠷᠢᠯᠡᠨ ᠠᠷᠢᠯᠭᠠᠬᠤ ᠵᠡᠷᠭᠡ ᠪᠣᠯ ᠮᠥᠨ ᠴᠦ᠍ ᠲᠡᠭᠦᠨ᠎ᠦ ᠡᠭᠦᠷᠭᠡ ᠬᠠᠷᠢᠭᠤᠴᠠᠯᠭ᠎ᠠ ᠪᠣᠯᠤᠨ᠎ᠠ᠃

ᠥᠪᠥᠷ ᠮᠣᠩᠭᠣᠯ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠱᠢᠰᠲ᠋ᠧᠮ᠎ᠢ ᠱᠢᠨ᠎ᠡ᠎ᠶ᠋ᠢ ᠡᠭᠦᠳᠦᠨ ᠲᠡᠭᠦᠯᠳᠡᠷᠵᠢᠭᠦᠯᠵᠦ᠍᠂ 《ᠶᠡᠷᠦᠩᠬᠡᠢᠯᠡᠨ ᠵᠠᠰᠠᠬᠤ ᠲᠥᠪ᠎ᠦᠨ ᠪᠥᠲᠥᠭᠡᠨ ᠪᠠᠢᠭᠤᠯᠤᠯᠲᠠ ᠪᠠ ᠲᠤᠤᠷᠵᠢᠭᠤᠯᠤᠭ᠍ᠰᠠᠨ ᠦᠶ᠋ᠯᠡᠴᠢᠯᠡᠭᠡ ᠬᠠᠮᠢᠶᠠᠷᠤᠯᠲᠠ᠎ᠶ᠋ᠢ ᠴᠢᠩᠭᠠᠳᠭᠠᠬᠤ ᠲᠤᠬᠠᠶ ᠵᠢᠯᠣᠭᠣᠳᠭᠤ ᠰᠠᠨᠠᠯ》 ᠢ᠋ ᠨᠡᠢᠲᠡᠯᠡᠵᠦ᠍᠂ 1.3 ᠲᠦᠮᠡᠨ ᠭᠠᠴᠡᠭ᠎ᠠ ᠲᠣᠰᠭᠣᠨ (ᠨᠡᠢᠭᠡᠮ ᠲᠣᠭᠣᠷᠢᠭ)᠎ᠤ᠋ ᠵᠠᠰᠠᠯᠲᠠ᠎ᠶ᠋ᠢᠨ ᠲᠠᠪᠴᠠᠩ᠎ᠢ ᠪᠠᠢᠭᠤᠯᠤᠨ᠂ ᠨᠠᠮ᠎ᠤᠨ ᠪᠠᠢᠭᠤᠯᠤᠯᠲᠠ ᠶ᠋ᠢᠨ ᠲᠤᠤᠷᠵᠢᠭᠤᠯᠤᠯᠳᠠ ᠪᠠ ᠶᠡᠷᠦᠩᠬᠡᠢᠯᠡᠨ ᠵᠠᠰᠠᠬᠤ ᠲᠤᠤᠷᠵᠢᠭᠤᠯᠤᠯᠳᠠ ᠵᠡᠷᠬᠡ 《ᠬᠣᠶᠠᠷ ᠲᠤᠤᠷᠵᠢᠭᠤᠯᠤᠯᠳᠠ ᠵᠢᠨ ᠠᠭᠤᠰᠤᠯᠴᠠᠯ》᠎ᠢ᠋ ᠠᠬᠢᠭᠤᠯᠵᠤ᠂ ᠬᠣᠲᠠ ᠪᠠᠯᠭᠠᠰᠤ᠂ ᠬᠥᠳᠡᠭᠡ ᠲᠣᠰᠭᠣᠨ᠂᠎ᠮᠠᠯᠵᠢᠬᠤ ᠣᠷᠣᠨ᠎ᠤ ᠲᠤᠤᠷᠵᠢᠭᠤᠯᠤᠭ᠍ᠰᠠᠨ ᠦᠶ᠋ᠯᠡᠴᠢᠯᠡᠭᠡ ᠬᠠᠮᠢᠶᠠᠷᠤᠯᠲᠠ᠎ᠶ᠋ᠢ ᠦᠨᠳᠦᠰᠦᠨ᠎ᠳᠡᠭᠡᠨ ᠪᠦᠷᠢᠨ ᠪᠦᠷᠬᠦᠭᠦᠯᠪᠡ᠃

ᠡᠨᠡ ᠬᠦ᠌ ᠰᠠᠭᠤᠷᠢᠨ ᠳᠡᠭᠡᠷ᠎ᠡ᠂ ᠥᠪᠥᠷ ᠮᠣᠩᠭᠣᠯ ᠬᠣᠲᠠ᠎ᠶ᠋ᠢᠨ ᠲᠣᠭᠣᠷᠢᠭ᠂ ᠲᠠᠷᠢᠶᠠᠯᠠᠬᠤ ᠣᠷᠣᠨ᠂ ᠮᠠᠯᠵᠢᠬᠤ ᠣᠷᠣᠨ᠂ ᠱᠢᠭᠤᠢᠲᠤ ᠣᠷᠣᠨ᠂ ᠬᠢᠯᠢ ᠬᠢᠵᠠᠭᠠᠷ᠂ ᠪᠣᠭᠣᠮᠲᠠ ᠶ᠋ᠢᠨ ᠭᠠᠵᠠᠷ ᠣᠷᠣᠨ᠎ᠤ ᠣᠯᠠᠨ ᠶᠠᠩᠵᠤᠵᠢᠭ᠍ᠰᠠᠨ ᠣᠷᠣᠨ ᠪᠦᠰᠡ᠎ᠶ᠋ᠢᠨ ᠣᠨᠴᠠᠯᠢᠭ ᠲᠸ᠋ ᠴᠢᠭ᠌ᠯᠡᠭᠦᠯᠦᠨ᠂ 《ᠲᠠᠯ᠎ᠠ ᠨᠤᠲᠤᠭ᠎ᠤᠨ 110》᠂ 《ᠴᠠᠰᠤᠲᠤ ᠬᠣᠲᠠ᠎ᠶ᠋ᠢᠨ ᠵᠢᠷᠤᠮ᠎ᠤᠨ ᠴᠠᠭ᠍ᠳᠠᠭ᠎ᠠ》᠂ 《 ᠬᠢᠯᠢ ᠬᠢᠵᠠᠭᠠᠷ ᠣᠷᠣᠨ᠎ᠢ ᠬᠠᠮᠠᠭᠠᠯᠠᠬᠤ ᠪᠡᠬᠢᠯᠡᠯᠲᠡ ᠡᠷᠦᠬᠡ》 ᠵᠡᠷᠭᠡ ᠨᠢᠭᠡ ᠪᠦᠯᠦᠭ ᠬᠢᠯᠢ ᠬᠢᠵᠠᠭᠠᠷ᠎ᠤᠨ ᠦᠨᠳᠦᠰᠦᠲᠡᠨ᠎ᠦ ᠣᠨᠴᠠᠯᠢᠭ᠎ᠲᠠᠶ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢᠨ ᠨᠠᠷᠠᠲᠤ ᠲᠥᠷᠥᠯ ᠲᠡᠮᠳᠡᠭ᠌᠎ᠢ ᠬᠦᠴᠦᠯᠡᠨ ᠪᠣᠶ ᠪᠣᠯᠭᠠᠪᠠ᠃

ᠬᠠᠷᠢᠭᠤᠴᠠᠯᠭ᠎ᠠ᠎ᠶ᠋ᠢ ᠡᠮᠦᠨ᠎ᠡ ᠹᠷᠣᠨᠲ᠎ᠲᠤ ᠪᠣᠳᠠᠲᠠᠢᠵᠢᠭᠤᠯᠵᠤ᠂ ᠵᠥᠷᠢᠴᠡᠯ᠎ᠢ ᠴᠤᠬᠤᠢᠵᠤ ᠪᠠᠢᠭ᠎ᠠ ᠦᠶ᠎ᠡ᠎ᠳᠦᠨᠢ ᠰᠢᠢᠳᠪᠦᠷᠢᠯᠡᠨ᠎ᠡ

ᠵᠣᠨ᠎ᠤ ᠠᠭᠠᠭᠢᠮ᠎ᠠ ᠬᠠᠯᠠᠭᠤᠨ ᠨᠠᠷᠠᠠ᠎ᠤ ᠲᠤᠤᠷ᠎ᠠ᠂ ᠬᠥᠬᠡᠬᠣᠲᠠ᠎ᠶ᠋ᠢᠨ ᠴᠢᠩ ᠱᠦᠶ ᠾᠧ ᠱᠢᠶᠠᠨ᠎ᠤ ᠵᠥᠷᠢᠴᠡᠯ ᠵᠢᠭᠤᠷᠠᠯᠳᠤᠭᠠᠨ᠎ᠢ ᠱᠢᠶ᠋ᠳᠪᠦᠷᠢᠯᠡᠬᠦ᠌ ᠬᠠᠮᠲᠤᠷᠠᠭ᠍ᠰᠠᠨ ᠦᠶ᠋ᠯᠡᠴᠢᠯᠡᠭᠡᠨ ᠎ᠦ ᠲᠥᠪ᠎ᠦᠨ ᠫᠠᠢᠰᠠ ᠲᠤᠢᠯ᠎ᠤᠨ ᠢᠯᠡ ᠲᠠᠢ ᠬᠠᠷᠠᠭ᠍ᠳᠠᠨ᠎ᠠ᠃

《ᠡᠨᠡ ᠬᠦ᠌ ᠲᠥᠪ ᠪᠠᠢᠭᠤᠯᠤᠬᠳᠠᠬᠰᠠᠨ ᠡᠴᠡ ᠨᠠᠭᠠᠰᠢ᠂ ᠶᠡᠬᠡ ᠪᠠᠭ᠎ᠠ ᠬᠡᠰᠡᠨ ᠦᠬᠡᠢ ᠬᠡᠨ᠎ᠤ ᠬᠢᠨᠢ ᠭᠡᠷ ᠲᠤ᠌ ᠤᠴᠢᠷ ᠶᠠᠪᠤᠳᠠᠯ ᠲᠣᠬᠢᠶᠠᠯᠳᠤᠪᠠᠯ ᠴᠥᠮ ᠡᠨᠳᠡ ᠢᠷᠡᠵᠤ ᠰᠢᠢᠳᠪᠦᠷᠢᠯᠡᠬᠦᠯᠬᠦ ᠪᠤᠯᠵᠠᠢ᠃ ᠡᠨᠳᠡᠬᠢ ᠠᠵᠢᠯᠲᠠᠨ ᠴᠦᠮ ᠬᠠᠯᠠᠭᠤᠨ ᠰᠡᠳᠭᠢᠯ᠎ᠲᠡᠶ᠂ ᠡᠨᠳᠡ ᠢᠷᠡᠮᠡᠭᠴᠡ ᠤᠴᠢᠷ ᠶᠠᠪᠤᠳᠠᠯ ᠮᠠᠰᠢ ᠬᠤᠷᠳᠤᠨ ᠠᠮᠠᠷᠬᠠᠨ ᠱᠢᠶ᠋ᠳᠪᠦᠷᠢᠯᠡᠭ᠌ᠳᠡᠴᠢᠭᠡᠨ᠎ᠡ᠂ ᠵᠠᠰᠠᠭ ᠎ᠤ᠋ᠨ ᠣᠷᠳᠣᠨ᠎ᠤ ᠦᠶ᠋ᠯᠡᠴᠢᠯᠡᠭᠡ ᠤᠯᠠᠮ᠎ᠡᠴᠡ ᠤᠯᠠᠮ ᠰᠠᠢᠨ ᠪᠣᠯᠵᠠᠶ》 ᠭᠡᠵᠦ ᠲᠣᠰ ᠲᠥᠪ ᠎ᠲᠦ ᠶᠠᠪᠤᠳᠠᠯ ᠭᠦᠢᠴᠡᠳᠭᠡᠬᠦ ᠪᠡᠷ ᠢᠷᠡᠭᠰᠡᠨ ᠲᠣᠰᠭᠣᠨ᠎ᠤ ᠠᠷᠠᠳ ᠯᠢᠦ ᠵᠢᠶᠦ᠋ᠨ ᠶᠢᠩ ᠰᠤᠷᠪᠤᠯᠵᠢᠯᠠᠭ᠍ᠴᠢ᠎ᠳᠤ ᠬᠡᠯᠡᠪᠡ᠃

《ᠮᠠᠨ᠎ᠤ ᠲᠥᠪ ᠱᠢᠶᠠᠨ᠎ᠤ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠲᠠᠯᠠᠪᠤᠷ᠎ᠲᠤ ᠲᠦᠱᠢᠭ᠌ᠯᠡᠨ ᠪᠠᠢᠭᠤᠯᠤᠭ᠍ᠳᠠᠵᠤ᠂ ᠠᠷᠠᠳ ᠤᠯᠠᠨ᠎ᠤ ᠬᠤᠭᠤᠷᠤᠨᠳᠤᠬᠢ ᠵᠥᠷᠢᠴᠡᠯ ᠵᠢᠭᠤᠷᠠᠯᠳᠤᠭᠠᠨ᠎ᠢ ᠱᠢᠶ᠋ᠳᠪᠦᠷᠢᠯᠡᠬᠦ᠌ ᠪᠡᠷ ᠭᠤᠤᠯ ᠠᠵᠢᠯ᠎ᠢᠶᠡᠨ ᠪᠤᠯᠭᠠᠵᠤ᠂ ᠨᠢᠭᠡ ᠥᠷᠲᠡᠭᠡᠴᠢᠯᠡᠭᠰᠡᠨ ᠮᠠᠶᠢᠭ ᠤ᠋ᠨ ᠦᠢᠯᠡᠴᠢᠯᠡᠭᠡ᠎ᠬᠠᠩᠭᠠᠬᠤ ᠬᠠᠷᠠᠯᠳᠠ ᠵᠢ ᠪᠡᠶᠡᠯᠡᠬᠦᠯᠵᠤ᠂ ᠵᠥᠷᠢᠴᠡᠯ᠎ᠢ ᠱᠢᠶ᠋ᠳᠪᠦᠷᠢᠯᠡᠬᠦ᠌ ᠨᠣᠷᠮ᠎ᠠ 92.3% ᠳ᠋ᠥ᠍ ᠬᠦᠷᠴᠤ ᠪᠤᠢ》 ᠭᠡᠵᠦ᠍ ᠴᠢᠩ ᠱᠦᠶ ᠾᠧ ᠱᠢᠶᠠᠨ᠎ᠤ ᠨᠠᠮ᠎ᠤᠨ ᠬᠣᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶᠠᠨ᠎ᠤ ᠳᠡᠳ᠋ ᠱᠦᠵᠢ ᠱᠢᠤᠸᠠᠢ ᠫᠸᠢ ᠳ᠋ᠦᠩ ᠲᠠᠨᠢᠯᠴᠠᠭᠤᠯᠪᠠ᠃

ᠥᠪᠥᠷ ᠮᠣᠩᠭᠣᠯ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠨᠡᠢᠭᠡᠮ᠎ᠦᠨ ᠲᠣᠭ᠍ᠲᠠᠭᠤᠨ᠎ᠤ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ (ᠬᠣᠲᠠ᠂ ᠲᠣᠭᠣᠷᠢᠭ)᠂ ᠰᠤᠮᠤ ᠱᠢᠶᠠᠩ ᠪᠠᠯᠭᠠᠰᠤ ᠳᠥᠷᠪᠡᠨ ᠱᠠᠲᠤᠨ᠎ᠤ ᠴᠢᠬᠤᠯᠠ ᠶᠡᠬᠡ ᠲᠣᠭ᠍ᠲᠠᠭᠤᠨ ᠪᠤᠰᠤ ᠠᠰᠠᠭᠤᠳᠠᠯ᠎ᠤᠨ ᠨᠠᠷᠢᠨ ᠲᠠᠩᠰᠠ᠎ᠶ᠋ᠢᠨ ᠲᠦᠷᠢᠮ ᠪᠠ ᠡᠬᠡ ᠲᠠᠩᠰᠠ᠎ᠶ᠋ᠢᠨ ᠬᠠᠮᠢᠶᠠᠷᠤᠯᠲᠠ ᠶ᠋ᠢᠨ ᠱᠢᠰᠲ᠋ᠧᠮ᠎ᠢ ᠪᠦᠷᠢᠨᠱᠢᠭᠦᠯᠪᠡ᠃ ᠡᠭᠦᠨ᠎ᠦ ᠬᠠᠮᠲᠤ᠂ ᠤᠳᠤᠷᠢᠳᠭᠤ ᠺᠠᠳ᠋ᠷ ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠬᠤ ᠪᠠ ᠳᠣᠷᠣᠭ᠍ᠰᠢ ᠪᠠᠭᠤᠵᠤ ᠰᠤᠷᠪᠤᠯᠵᠢᠯᠠᠬᠤ ᠳᠦᠷᠢᠮ᠎ᠢ ᠨᠠᠢᠳᠠᠪᠤᠷᠢᠵᠢᠭᠤᠯᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ ᠵᠥᠷᠢᠴᠡᠯ ᠵᠢᠭᠤᠷᠠᠯᠳᠤᠭᠠᠨ᠎ᠢ ᠭᠦᠨᠵᠡᠭᠡᠢ ᠪᠠᠢᠴᠠᠭᠠᠵᠤ᠂ ᠭᠣᠣᠯᠳᠠᠯᠭ᠎ᠠ ᠲᠠᠶ ᠬᠦᠮᠦᠰ᠎ᠢ ᠵᠢᠯᠣᠭᠣᠳᠤᠨ ᠯᠠᠪᠳᠠᠭᠤᠨ᠎ᠢᠶᠠᠷ ᠡᠵᠡᠮᠳᠡᠬᠦ᠌᠎ᠶ᠋ᠢ ᠴᠢᠩᠭᠠᠳᠭᠠᠵᠤ᠂ 《ᠢᠷᠭᠡᠨ᠎ᠤ ᠬᠡᠷᠡᠭ ᠡᠴᠡ ᠡᠷᠡᠭᠦᠦ᠎ᠵᠢᠨ ᠬᠡᠷᠡᠭ ᠲᠤ᠌ ᠱᠢᠯᠵᠢᠭᠦ᠂ ᠡᠷᠡᠭᠦᠦ᠍᠎ᠶ᠋ᠢᠨ ᠬᠡᠷᠡᠭ ᠡᠴᠡ ᠠᠮᠢ ᠨᠠᠰᠤᠨ᠎ᠤ᠋ ᠬᠡᠷᠡᠭ᠎ᠲᠤ ᠱᠢᠯᠵᠢᠭᠦ》 ᠬᠡᠷᠡᠭ᠎ᠢ ᠪᠦᠲᠦᠮᠵᠢᠲᠡᠢ ᠤᠷᠢᠳᠴᠢᠯᠠᠨ ᠰᠡᠷᠭᠡᠢᠯᠡᠪᠡ᠃

ᠲᠠᠪᠤᠨ ᠵᠢᠯ᠎ᠦᠨ ᠲᠤᠷᠰᠢ᠂ ᠪᠥᠬᠥ᠌ ᠣᠷᠣᠨ᠎ᠤ ᠡᠯ᠎ᠡ ᠭᠠᠵᠠᠷ᠎ᠤᠨ ᠠᠷᠠᠳ᠎ᠤᠨ ᠡᠶᠡᠳᠡᠭᠦᠯᠬᠦ᠌ ᠵᠣᠬᠢᠶᠠᠨ ᠪᠠᠢᠭᠤᠯᠤᠯᠲᠠ ᠡᠯ᠎ᠡ ᠲᠥᠷᠥᠯ᠎ᠦᠨ ᠵᠥᠷᠢᠴᠡᠯ ᠵᠢᠭᠤᠷᠠᠯᠳᠤᠭᠠᠨ᠎ᠢ 60.4 ᠲᠦᠮᠡᠨ ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ ᠵᠢᠯ ᠳᠤᠮᠳᠠᠴᠢ᠎ᠪᠠᠷ 12 ᠲᠦᠮᠡᠨ ᠬᠤᠪᠢ ᠱᠢᠶ᠋ᠳᠪᠦᠷᠢᠯᠡᠵᠦ᠍᠂ ᠠᠮᠵᠢᠯᠲᠠ ᠲᠠᠢ ᠡᠶᠡᠳᠡᠭᠦᠯᠦᠭ᠌ᠰᠡᠨ ᠨᠣᠷᠮ᠎ᠠ 96.97% ᠎ᠳ᠋ᠤ ᠬᠥᠷᠪᠡ᠃

《ᠭᠡᠭᠡᠨ ᠰᠠᠷᠠᠭᠤᠯ ᠢᠨᠵᠧᠨᠧᠷᠢᠩ》 ᠢ᠋ ᠴᠢᠩᠭ᠎ᠠ ᠬᠡᠷᠡᠭᠵᠢᠬᠦᠯᠵᠤ᠂ ᠠᠮᠤᠷ᠎ᠢ ᠬᠠᠮᠠᠭᠠᠯᠠᠬᠤ ᠠᠵᠢᠯ ᠎ᠢ ᠨᠡᠩ 《ᠣᠶᠤᠨᠴᠢᠯᠠᠪᠠ》

ᠨᠡᠢᠭᠡᠮ᠎ᠦᠨ ᠠᠮᠤᠷ ᠲᠦᠪᠱᠢᠨ᠎ᠢ ᠶᠡᠷᠦᠩᠬᠡᠢᠯᠡᠨ ᠵᠠᠰᠠᠬᠤ ᠵᠢᠨ ᠮᠡᠳᠡᠭᠡ ᠵᠠᠩᠭᠢᠵᠢᠯᠲᠠ᠎ᠪᠠᠷ ᠲᠤᠯᠭᠠᠭᠤᠷᠢᠯᠠᠵᠤ᠂ ᠲᠣᠣᠷᠵᠢᠭᠤᠯᠤᠭ᠍ᠰᠠᠨ ᠬᠠᠮᠢᠶᠠᠷᠤᠯᠲᠠ᠎ᠪᠠᠷ ᠰᠠᠭᠤᠷᠢ ᠪᠣᠯᠭᠠᠨ᠂ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠸᠢᠳᠢᠦ᠌᠎ᠪᠠᠷ ᠬᠢᠨᠠᠨ ᠡᠵᠡᠮᠳᠡᠵᠦ᠍ ᠰᠦᠯᠵᠢᠶᠡᠵᠢᠭᠦᠯᠦᠨ ᠬᠡᠷᠡᠭ᠌ᠯᠡᠬᠦ᠌᠎ᠪᠡᠷ ᠭᠣᠣᠯᠳᠠᠯᠭ᠎ᠠ ᠪᠣᠯᠭᠠᠭ᠍ᠰᠠᠨ《ᠭᠡᠭᠡᠨ ᠰᠠᠷᠠᠭᠤᠯ ᠢᠨᠵᠧᠨᠧᠷᠢᠩ》 ᠨᠢ ᠬᠤᠳᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠳᠤ《ᠤᠶᠤᠨᠴᠢ ᠵᠢᠭᠦᠷ》᠎ᠢ᠋ ᠤᠷᠭᠤᠭᠤᠯᠪᠠ᠃ ᠲᠡᠷᠡ᠎ᠨᠢ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠵᠢᠨ ᠮᠡᠳᠡᠭᠡ ᠵᠠᠩᠭᠢᠵᠢᠯᠲᠠ᠂ ᠤᠶᠤᠨᠴᠢᠯᠠᠯᠳᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠢ ᠪᠦᠲᠦᠮᠵᠢᠲᠡᠶ ᠬᠠᠮᠠᠭᠠᠯᠠᠬᠤ᠎ᠪᠡᠷ ᠵᠤᠷᠢᠯᠳᠠ ᠪᠤᠯᠭᠠᠬᠰᠠᠨ ᠶᠤᠮ᠃

2016 ᠣᠨ᠎ᠳᠤ ᠪᠥᠬᠥ᠌ ᠤᠯᠤᠰ᠎ᠤᠨ《ᠬᠡᠭᠡᠨ ᠰᠠᠷᠠᠭᠤᠯ ᠢᠨᠵᠧᠨᠧᠷᠢᠩ》᠎ᠤ᠋ᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠦᠭ᠌ᠰᠡᠨ᠎ᠡᠴᠡ ᠨᠠᠭᠠᠰᠢ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠨᠢᠭᠡᠳᠦᠭᠡᠷ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠬᠣᠲᠠ᠎ᠶ᠋ᠢᠨ ᠬᠡᠪᠴᠢᠶᠡᠨ᠎ᠦ ᠣᠨᠴᠠᠯᠢᠭ᠎ᠲᠠᠶ ᠤᠶᠠᠯᠳᠤᠭᠤᠯᠤᠨ᠂《ᠬᠡᠭᠡᠨ ᠰᠠᠷᠠᠭᠤᠯ ᠢᠨᠵᠧᠨᠧᠷᠢᠩ》 ᠤ᠋ᠨ ᠪᠠᠢᠭᠤᠯᠤᠯᠲᠠ᠎ᠵᠢ ᠳᠡᠭᠡᠳᠦ ᠬᠡᠮᠵᠢᠶ᠎ᠡ᠎ᠪᠡᠷ ᠠᠬᠢᠭᠤᠯᠵᠤ᠂ ᠬᠢᠨᠠᠨ ᠡᠵᠡᠮᠳᠡᠬᠦ᠌ ᠸᠢᠳᠢᠣ᠋᠎ᠶ᠋ᠢᠨ ᠣᠶᠤᠨᠴᠢᠯᠠᠭ᠍ᠰᠠᠨ ᠪᠣᠳᠠᠲᠤ ᠬᠡᠷᠡᠭ᠌ᠯᠡᠭᠡᠨ᠎ᠦ ᠬᠢᠷᠢ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠠᠮᠤᠷ᠎ᠢ ᠬᠠᠮᠠᠭᠠᠯᠠᠬᠤ ᠬᠦᠨᠳᠤ ᠴᠢᠬᠤᠯᠡ ᠬᠡᠷᠡᠭ᠂ ᠬᠢᠵᠢᠭ᠎ᠢ ᠰᠡᠷᠭᠡᠢᠯᠡᠨ ᠡᠵᠡᠮᠳᠡᠬᠦ᠌᠂ ᠬᠢᠯᠢ᠎ᠶ᠋ᠢᠨ ᠪᠣᠭᠣᠮᠲᠠ᠎ᠶ᠋ᠢᠨ ᠬᠠᠮᠢᠶᠠᠷᠤᠨ ᠡᠵᠡᠮᠳᠡᠬᠦ᠌᠂ ᠲᠠᠩᠨᠠᠨ ᠪᠠᠢᠴᠠᠭᠠᠵᠤ ᠬᠡᠷᠡᠭ᠎ᠢ ᠢᠯᠡᠷᠡᠭᠦᠯᠬᠦ᠌ ᠪᠠ ᠠᠷᠠᠳ᠎ᠤᠨ ᠠᠮᠢᠳᠤᠷᠠᠯ᠎ᠳᠤ ᠦᠶ᠋ᠯᠡᠴᠢᠯᠡᠬᠦ᠌ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠵᠠᠢ᠃ ᠣᠳᠣᠬᠠᠨ᠎ᠳᠤ᠂ ᠪᠦᠬᠦ᠌ ᠣᠷᠣᠨ᠎ᠤ 《ᠭᠡᠭᠡᠨ ᠰᠠᠷᠠᠭᠤᠯ ᠢᠨᠵᠧᠨᠧᠷᠢᠩ》ᠤ᠋ᠨ ᠪᠠᠢᠭᠤᠯᠤᠯᠲᠠ᠎ᠶ᠋ᠢᠨ ᠠᠵᠢᠯ ᠨᠢᠭᠡᠨᠲᠡ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠲᠠᠶ ᠪᠣᠯᠵᠤ᠂ ᠡᠭᠦᠨ᠎ᠳᠦ ᠦᠬᠠᠶ ᠬᠣᠲᠠ᠂ ᠬᠥᠬᠡᠬᠣᠲᠠ᠂ ᠤᠯᠠᠭᠠᠨᠬᠠᠳᠠ ᠬᠣᠲᠠ ᠨᠢᠭᠡᠨᠲᠡ ᠤᠯᠤᠰ᠎ᠤᠨ ᠲᠥᠷᠥᠯ ᠵᠦᠢᠯ᠎ᠦᠨ ᠬᠢᠨᠡᠨ ᠰᠢᠯᠭᠠᠯᠳᠠ ᠳ᠋ᠤ ᠬᠢᠷᠢ ᠲᠡᠩᠴᠡᠵᠤ᠂ ᠪᠤᠭᠤᠲᠤ ᠬᠣᠲᠠ᠂ ᠬᠢᠩᠭᠠᠨ ᠠᠢᠮᠠᠭ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠪᠡᠨ ᠪᠡᠶᠡᠯᠡᠭᠦᠯᠪᠡ᠃ 《ᠭᠡᠭᠡᠨ ᠰᠠᠷᠠᠭᠤᠯ ᠢᠨᠵᠧᠨᠧᠷᠢᠩ》 ᠭᠡᠬᠦ᠌ ᠡᠨᠡ ᠬᠦ᠌ 《ᠬᠠᠮᠤᠭ᠎ᠤᠨ ᠬᠦᠴᠦᠲᠦ ᠵᠡᠪᠰᠡᠭ》ᠲᠠᠢ ᠪᠣᠯᠤᠭ᠍ᠰᠠᠨ᠎ᠡᠴᠡ ᠥᠪᠥᠷ ᠮᠣᠩᠭᠣᠯ᠎ᠤᠨ ᠨᠡᠢᠭᠡᠮ᠎ᠦᠨ ᠵᠠᠰᠠᠯᠲᠠ ᠬᠦᠴᠦᠷᠬᠡᠭ ᠶᠡᠬᠡ ᠵᠠᠰᠠᠯᠲᠠ᠎ᠶ᠋ᠢᠨ ᠦᠢᠯᠡᠳᠦᠯ ᠴᠢᠳᠠᠮᠵᠢ᠎ᠲᠠᠶ ᠪᠣᠯᠪᠠ᠃

ᠥᠪᠥᠷ ᠮᠣᠩᠭᠣᠯ ᠴᠣᠭ ᠪᠠᠳᠠᠷᠠᠩᠭᠤᠶ ᠳᠦᠷᠰᠦ ᠪᠠᠢᠳᠠᠯ᠎ᠢᠶᠠᠷ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠶ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠠᠮᠤᠷ ᠲᠦᠪᠱᠢᠨ᠎ᠦ ᠱᠢᠯᠭᠠᠯᠲᠠ᠎ᠶ᠋ᠢᠨ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面