2022-06-30 09:31:30
ᠠᠭᠤᠤ ᠶᠡᠬᠡ ᠴᠠᠭ ᠦᠶ᠎ᠡ᠎ᠲᠡᠶ ᠬᠠᠮᠲᠤ ᠪᠠᠷ ᠤᠷᠤᠭ᠍ᠰᠢᠯᠠᠵᠤ᠂ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ᠎ᠤᠨ ᠦᠢᠯᠡᠰ ᠤᠨ ᠠᠮᠢᠵᠢᠷᠠᠯ᠎ᠤᠨ ᠬᠦᠴᠦᠨ ᠬᠢᠵᠠᠭᠠᠯᠠᠰᠢ ᠦᠭᠡᠢ ᠪᠠᠢᠵᠦ ᠬᠡᠷᠡᠯ ᠬᠢᠯᠪᠠᠭ᠎ᠠ ᠪᠠᠨ ᠰᠠᠴᠤᠷᠠᠭᠤᠯᠤᠬᠰᠠᠭᠠᠷ ᠢᠷᠡᠬᠰᠠᠨ ᠶᠤᠮ᠃
ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠤᠷᠤᠯᠳᠤᠭᠠᠨ᠎ᠤ ᠲᠠᠯᠠᠪᠠᠢ᠎ᠳᠤ᠂ ᠥᠪᠥᠷ ᠮᠣᠩᠭᠣᠯ᠎ᠤᠨ ᠲᠠᠮᠢᠷᠴᠢᠳ ᠵᠣᠷᠢᠭ᠍ᠲᠠᠢ ᠪᠠᠷ ᠱᠢᠪᠲᠤᠯᠤᠯᠲᠠ ᠬᠢᠵᠦ᠍ ᠡᠷᠡᠯᠬᠡᠭ᠌ᠯᠡᠨ ᠲᠡᠮᠡᠴᠡᠨ᠎ᠡ᠃ ᠳᠤᠤᠺᠢᠤ᠋ᠢ᠋ᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ᠌᠂ ᠪᠤᠺᠰ ᠤ᠋ᠨ ᠲᠠᠮᠢᠷᠴᠢᠨ ᠯᠢ ᠴᠢᠶᠠᠨ ᠬᠠᠷᠰᠢ ᠰᠠᠭᠠᠳ᠎ᠢ ᠢᠯᠠᠨ ᠳᠠᠪᠠᠵᠤ ᠮᠥᠩᠭᠥᠨ ᠮᠧᠳᠠᠯ ᠤᠯᠪᠠ; WCBA ᠵᠢᠨ ᠦᠵᠡᠯᠴᠡᠭᠡᠨ᠎ᠳᠦ᠂ ᠥᠪᠥᠷ ᠮᠣᠩᠭᠣᠯ᠎ᠤᠨ ᠬᠥᠳᠡᠭᠡ ᠲᠣᠰᠭᠣᠨ᠎ᠤ ᠢᠲᠡᠭᠡᠮᠵᠢᠢ᠋ᠢᠨ ᠬᠤᠷᠰᠢᠶ᠎ᠠ ᠢ᠋ᠢᠨ ᠡᠮᠡᠭ᠌ᠲᠡᠶ᠎ᠶ᠋ᠢᠨ ᠰᠠᠭ᠍ᠰᠤᠨ ᠪᠥᠮᠪᠥᠭᠡ᠎ᠶ᠋ᠢᠨ ᠠᠩᠭᠢ᠎ᠶ᠋ᠢᠨ ᠬᠡᠦᠬᠡᠨᠴᠤᠳ ᠬᠡᠵᠢᠶᠡᠳᠡ ᠵᠣᠷᠢᠭ ᠮᠣᠬᠣᠬᠤ ᠥᠬᠡᠶ ᠡᠷᠴᠢ ᠬᠦᠴᠦᠨ ᠵᠢᠡᠷ ᠬᠣᠶᠠᠷᠳᠠ ᠮᠠᠩᠯᠠᠢᠯᠠᠵᠦ ᠱᠠᠩᠨᠠᠯ᠎ᠤᠨ ᠬᠤᠨᠳᠠᠭ᠎ᠠ ᠡᠷᠭᠦᠪᠡ; ᠪᠡᠭᠡᠵᠢᠩ᠎ᠦᠨ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠳ᠋ᠤ ᠮᠠᠨ᠎ᠤ ᠣᠷᠣᠨ᠎ᠤ 5 ᠲᠠᠮᠢᠷᠴᠢᠨ ᠮᠣᠷᠳᠠᠵᠤ᠂ ᠥᠪᠥᠷ ᠮᠣᠩᠭᠣᠯ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠡᠦᠬᠡ᠎ᠶ᠋ᠢ ᠪᠢᠴᠢᠭ᠌ᠯᠡᠪᠡ᠃
ᠤᠯᠠᠨ ᠲᠦᠮᠡᠨ᠎ᠦ ᠪᠡᠶ᠎ᠡ᠎ᠶ᠋ᠢᠨ ᠲᠠᠮᠢᠷ᠎ᠤᠨ ᠥᠷᠭᠡᠨ ᠠᠭᠤᠳᠠᠮ ᠲᠠᠪᠴᠠᠩ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠦᠬᠦ᠌ ᠠᠷᠠᠳ᠎ᠤᠨ ᠪᠡᠶ᠎ᠡ ᠮᠠᠬᠠᠪᠣᠳ᠎ᠢᠶᠠᠨ ᠴᠢᠭᠢᠷᠠᠭ᠍ᠵᠢᠭᠤᠯᠬᠤ ᠤᠢ᠍ᠢᠯᠠᠭᠠᠭ᠍ᠳᠠᠬᠤᠨ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠭᠦᠨ ᠦᠨᠳᠦᠰᠦᠯᠡᠵᠦ᠍ ᠪᠤᠢ᠃ ᠣᠯᠠᠨ ᠲᠦᠮᠡᠨ᠎ᠦ 《ᠬᠠᠮᠢᠭ᠎ᠠ ᠣᠴᠢᠵᠤ ᠪᠡᠶ᠎ᠡ᠎ᠪᠡᠨ ᠴᠢᠭᠢᠷᠠᠭ᠍ᠵᠢᠭᠤᠯᠬᠤ》 ᠪᠣᠳᠠᠲᠠᠶ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠲᠥᠷᠥᠯ᠎ᠦᠨ ᠲᠠᠮᠢᠷ᠎ᠤᠨ ᠲᠠᠯᠠᠪᠤᠷ ᠣᠷᠳᠣᠨ᠂ ᠲᠠᠯᠠᠪᠤᠷ ᠭᠠᠵᠠᠷ᠎ᠢ ᠵᠠᠯᠭᠠᠭ᠎ᠠ᠎ᠪᠠᠷ ᠪᠠᠢᠭᠤᠯᠵᠤ ᠳᠠᠭᠤᠰᠭᠠᠪᠠ;《ᠪᠠᠶᠠᠰᠭᠤᠯᠠᠩᠲᠤ ᠲᠠᠯ᠎ᠠ ᠨᠤᠲᠤᠭ·ᠡᠷᠡᠭᠦᠯ ᠡᠩᠬᠡ ᠥᠪᠥᠷ ᠮᠣᠩᠭᠣᠯ》 ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠵᠡᠷᠭᠡ ᠣᠯᠠᠨ ᠲᠦᠮᠡᠨᠴᠢ ᠴᠢᠨᠠᠷᠲᠠᠶ ᠨᠠᠷᠠᠲᠤ ᠲᠥᠷᠥᠯ ᠲᠡᠮᠳᠡᠭ᠌ᠲᠦ᠍᠎ᠶ᠋ᠢᠨ ᠤᠷᠤᠯᠳᠤᠭᠠᠨ᠎ᠳᠤ ᠪᠡᠶ᠎ᠡ ᠴᠢᠭᠢᠷᠠᠭ᠍ᠵᠢᠭᠤᠯᠬᠤ ᠬᠠᠯᠠᠭᠤᠨ ᠥᠷᠨᠢᠯᠲᠡ ᠭᠠᠷᠭᠠᠪᠠ; ᠦᠨᠳᠦᠰᠦᠨ ᠱᠠᠲᠤᠨ᠎ᠳᠤ ᠢᠳᠡᠪᠬᠢᠲᠡᠶ ᠠᠵᠢᠯᠯᠠᠵᠤ ᠪᠠᠢᠭ᠎ᠠ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠭᠠᠨ ᠵᠢᠯᠣᠭᠣᠳᠣᠭ᠍ᠴᠢ ᠪᠡᠶ᠎ᠡ ᠴᠢᠭᠢᠷᠠᠭ᠍ᠵᠢᠭᠤᠯᠬᠤ ᠲᠥᠷᠥᠯ ᠵᠦᠶ᠋ᠯ᠎ᠢ ᠲᠦᠭᠡᠮᠡᠯᠵᠢᠭᠦᠯᠪᠡ᠃
ᠪᠡᠶ᠎ᠡ᠎ᠶ᠋ᠢᠨ ᠲᠠᠮᠢᠷ ᠪᠣᠯ ᠤᠯᠤᠰ ᠣᠷᠣᠨ᠎ᠤ ᠬᠦᠴᠦᠷᠬᠡᠭ᠌ᠵᠢᠯ᠂ ᠦᠨᠳᠦᠰᠦᠲᠡᠨ᠎ᠦ ᠬᠥᠭ᠌ᠵᠢᠯ ᠮᠠᠨᠳᠤᠯ᠎ᠤᠨ ᠬᠦᠰᠡᠯ ᠵᠡᠭᠦᠳᠦ᠍᠎ᠶ᠋ᠢ ᠠᠴᠢᠶᠠᠯᠠᠵᠤ᠂ ᠠᠷᠠᠳ ᠲᠦᠮᠡᠨ᠎ᠦ ᠵᠣᠯ ᠵᠢᠷᠭᠠᠯ᠎ᠲᠠᠶ ᠬᠣᠯᠪᠣᠭ᠍ᠳᠠᠵᠤ᠂ ᠦᠨᠳᠦᠰᠦᠲᠡᠨ᠎ᠦ ᠢᠷᠡᠭᠡᠳᠦᠢ᠎ᠲᠡᠶ ᠬᠣᠯᠪᠣᠭ᠍ᠳᠠᠵᠤ ᠪᠠᠢᠳᠠᠭ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠹᠷᠣᠨᠲ᠎ᠤᠨ ᠬᠢᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠢᠯᠡᠴᠢᠯᠡᠭᠡᠨ᠎ᠦ ᠰᠢᠰᠲᠸᠮ ᠢ᠋ ᠲᠠᠰᠤᠷᠠᠯᠲᠠ ᠦᠭᠡᠢ ᠲᠡᠭᠦᠯᠲᠡᠷᠵᠢᠭᠦᠯᠵᠦ᠂ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠥᠷᠢᠰᠦᠯᠳᠦᠬᠦ᠌ ᠬᠦᠴᠦᠨ᠎ᠢ ᠴᠢᠷᠮᠠᠢᠨ ᠳᠡᠭᠡᠭ᠌ᠰᠢᠯᠡᠭᠦᠯᠵᠦ᠍᠂ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠶᠡᠬᠡᠪᠡᠷ ᠥᠷᠨᠢᠭᠦᠯᠦᠨ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠬᠥᠯ ᠪᠥᠮᠪᠥᠭᠡ᠎ᠶ᠋ᠢᠨ ᠥᠭᠡᠷᠡᠴᠢᠯᠡᠯᠲᠡ᠎ᠶ᠋ᠢ ᠯᠠᠪᠳᠠᠭᠤᠨ ᠵᠢᠡᠷ ᠠᠬᠢᠭᠤᠯᠵᠦ᠂ ᠪᠡᠶ᠎ᠡ᠎ᠶ᠋ᠢᠨ ᠲᠠᠮᠢᠷ᠎ᠤᠨ ᠰᠣᠶᠣᠯ᠂ ᠪᠡᠶ᠎ᠡ᠎ᠶ᠋ᠢᠨ ᠲᠠᠮᠢᠷ᠎ᠤᠨ ᠬᠠᠸ᠋ᠯᠢᠵᠢᠯ ᠤ᠋ᠨ ᠪᠠᠢᠭᠤᠯᠤᠯᠲᠠ᠎ᠶ᠋ᠢ ᠬᠦᠴᠦᠯᠡᠨ ᠴᠢᠩᠭᠠᠳᠭᠠᠵᠤ᠂ ᠡᠷᠡᠭᠦᠯ ᠡᠩᠬᠡ ᠥᠪᠥᠷ ᠮᠣᠩᠭᠣᠯ ᠪᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠤ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠪᠠ᠃
ᠬᠦᠰᠡᠯ ᠲᠡᠮᠡᠦᠯᠦᠭᠰᠡᠨ ᠤᠷᠤᠯᠳᠤᠭᠠᠨ᠎ᠤ ᠲᠠᠯᠠᠪᠤᠷ ᠲᠸ᠋ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ ᠵᠠᠯᠠᠭᠤᠴᠤᠳ᠎ᠤᠨ ᠴᠤᠬ ᠵᠢᠪᠬᠤᠭ᠎ᠠ ᠵᠢ ᠢᠯᠡᠷᠡᠭᠦᠯᠦᠨ᠎ᠡ
2022 ᠣᠨ᠎ᠳᠤ᠂ ᠥᠪᠥᠷ ᠮᠣᠩᠭᠣᠯ᠎ᠤᠨ ᠲᠠᠮᠢᠷᠴᠢᠳ ᠤ᠋ᠨ ᠢᠯᠠᠯᠲᠠ᠎ᠶ᠋ᠢᠨ ᠴᠢᠮᠡᠭᠡ ᠵᠠᠯᠭᠠᠭ᠎ᠠ᠎ᠪᠠᠷ ᠤᠯᠠᠮᠵᠢᠯᠠᠭ᠍ᠳᠠᠪᠠ —
5 ᠰᠠᠷ᠎ᠠ᠎ᠶ᠋ᠢᠨ 29 ᠤ᠋ ᠡᠳᠦᠷ᠂ 2022 ᠣᠨ᠎ᠤ ᠳᠡᠯᠡᠬᠡᠶ᠎ᠶ᠋ᠢᠨ ᠨᠡᠷᠡᠭᠦᠢ ᠨᠢᠳᠤᠷᠭ᠎ᠠ᠎ᠶ᠋ᠢᠨ ᠠᠦ᠋ᠰᠲ᠋ᠷᠢᠶ᠎ᠠ᠎ᠶ᠋ᠢᠨ ᠢᠯᠡ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠠᠩᠭᠢ᠎ᠶ᠋ᠢ ᠲᠥᠯᠥᠭᠡᠯᠡᠨ ᠤᠷᠤᠯᠳᠤᠭᠠᠨ ᠳ᠋ᠤ ᠣᠷᠣᠯᠴᠠᠭ᠍ᠰᠠᠨ ᠥᠪᠥᠷ ᠮᠣᠩᠭᠣᠯ᠎ᠤᠨ ᠲᠠᠮᠢᠷᠴᠢᠨ ᠸᠠᠩ ᠬᠤᠸᠠᠨ 1 ᠮᠥᠩᠭᠥᠨ ᠮᠧᠳᠠᠯ ᠤᠯᠪᠠ;
4 ᠰᠠᠷ᠎ᠠ᠎ᠶ᠋ᠢᠨ 20 ᠤ᠋ ᠡᠳᠦᠷ᠂ ᠬᠠᠩᠵᠧᠦ᠍᠎ᠶ᠋ᠢᠨ ᠠᠽᠢᠶ᠎ᠠ ᠲᠢᠪ᠎ᠦᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠳᠠᠷᠪᠠᠭᠤᠯᠲᠤ ᠣᠩᠭᠣᠴᠠ᠎ᠶ᠋ᠢᠨ ᠲᠦᠷᠦᠯ ᠵᠦᠢᠯ᠎ᠦᠨ ᠱᠢᠯᠭᠠᠷᠠᠭᠤᠯᠬᠤ ᠤᠷᠤᠯᠳᠤᠭᠠᠨ ᠵᠢᠴᠢ 2022 ᠣᠨ᠎ᠤ ᠪᠦᠬᠦ᠌ ᠤᠯᠤᠰ᠎ᠤᠨ ᠳᠠᠷᠪᠠᠭᠤᠯᠲᠤ ᠣᠩᠭᠣᠴᠠ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠠᠢ᠌ᠺᠸᠤ ᠬᠤᠳᠠ᠎ᠳᠤ ᠥᠨᠳᠥᠷᠯᠡᠵᠦ᠍᠂ ᠥᠪᠥᠷ ᠮᠣᠩᠭᠣᠯ᠎ᠤᠨ ᠲᠠᠮᠢᠷᠴᠢᠨ ᠸᠠᠩ ᠼᠠᠢ ᠢᠦᠢ ᠪᠣᠯᠤᠨ ᠶᠧ ᠱᠢᠸ᠋ ᠱᠢᠸ᠋ 1 ᠮᠥᠩᠭᠥᠨ ᠮᠧᠳᠠᠯ 1 ᠬᠦᠷᠡᠯ ᠮᠧᠳᠠᠯ ᠤᠯᠪᠠ;
3 ᠰᠠᠷ᠎ᠠ᠎ᠶ᠋ᠢᠨ 4 ᠤ᠋ ᠡᠳᠦᠷ᠂ 2022 ᠣᠨ᠎ᠤ ᠠᠯᠬᠤᠭ᠎ᠠ ᠤᠷᠤᠯᠳᠤᠭᠠᠨ᠎ᠤ ᠪᠦᠯᠬᠦᠮ ᠨᠢᠭᠡᠴᠢ ᠵᠢᠨ ᠳᠡᠯᠡᠬᠡᠶ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠤ ᠨᠠᠰᠤᠨ᠎ᠳᠤ ᠭᠦᠷᠦᠭ᠌ᠰᠡᠳ᠎ᠦᠨ ᠳᠤᠭᠤᠢᠯᠠᠩ᠎ᠤᠨ ᠡᠮᠡᠭ᠌ᠲᠡᠶ᠎ᠶ᠋ᠢᠨ 20 ᠺᠢᠯᠣᠮᠧᠲ᠋ᠷ᠎ᠦᠨ ᠪᠦᠯᠬᠦᠮ ᠨᠢᠭᠡᠴᠢ ᠵᠢᠨ ᠱᠢᠶ᠋ᠳᠪᠦᠷᠢᠲᠦ ᠤᠷᠤᠯᠳᠤᠭᠠᠨ᠎ᠳᠤ ᠥᠪᠥᠷ ᠮᠣᠩᠭᠣᠯ᠎ᠤᠨ ᠲᠠᠮᠢᠷᠴᠢᠨ ᠶᠠᠩ ᠵᠢᠶᠠ ᠢᠦᠶ ᠳᠡᠳ᠋ᠯᠡᠪᠡ ᠁
ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ ᠤ᠋ᠨ ᠠᠯᠢ ᠣᠯᠠᠨ ᠢᠷᠠᠭᠤ ᠠᠯᠳᠠᠷ ᠨᠢ ᠲᠠᠮᠢᠷᠴᠢᠨ ᠪᠠ ᠰᠤᠷᠭᠠᠭ᠍ᠴᠢ᠎ᠶ᠋ᠢᠨ ᠬᠠᠲᠠᠭᠤᠵᠢᠯᠲᠠᠶ ᠪᠣᠯᠪᠠᠰᠤᠷᠠᠯ᠎ᠤᠨ ᠬᠠᠷᠢᠭᠤ ᠲᠤᠰᠭᠠᠯ ᠪᠣᠯᠬᠤ᠎ᠪᠠᠷ ᠪᠠᠷᠠᠬᠤ ᠥᠬᠡᠶ ᠨᠠᠩ ᠴᠤ᠌ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠵᠠᠭ᠍ᠪᠤᠷ᠎ᠤᠨ ᠲᠠᠰᠤᠷᠠᠯᠲᠠ ᠥᠬᠡᠶ ᠲᠡᠭᠦᠯᠳᠡᠷᠵᠢᠵᠦ᠍ ᠱᠢᠨ᠎ᠡ᠎ᠶ᠋ᠢ ᠡᠭᠦᠳᠦᠭ᠌ᠰᠡᠨᠦ ᠲᠤᠰᠭᠠᠯ ᠪᠣᠯᠬᠤ ᠶᠤᠮ᠃
ᠣᠢᠷ᠎ᠠ᠎ᠶ᠋ᠢᠨ ᠵᠢᠯ᠎ᠦᠳ᠎ᠲᠦ᠂ ᠮᠠᠨ᠎ᠤ ᠣᠷᠣᠨ᠎ᠤ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ᠎ᠤᠨ ᠶᠡᠷᠦᠩᠬᠡᠢᠯᠡᠭ᠌ᠰᠡᠨ ᠪᠣᠳᠠᠲᠤ ᠬᠦᠴᠦᠨ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠣᠯᠠᠨ ᠵᠦᠶ᠋ᠯ᠎ᠦᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ᠋ ᠦᠷᠢᠰᠦᠯᠲᠦᠬᠦ ᠲᠦᠪᠰᠢᠨ ᠰᠢᠪᠲᠤᠯᠤᠯᠲᠠ ᠲᠠᠢ ᠪᠤᠯᠵᠠᠢ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠨᠢ ᠵᠢᠦᠳᠣᠣ ᠪᠦᠬᠡ᠂ ᠪᠥᠬᠡ ᠪᠠᠷᠢᠯᠳᠤᠬᠤ᠂ ᠠᠯᠬᠤᠭ᠎ᠠ ᠤᠷᠤᠯᠳᠤᠭᠠᠠ᠂ ᠡᠮᠡᠭ᠌ᠲᠡᠶ᠎ᠶ᠋ᠢᠨ ᠪᠤᠺᠰ᠂ ᠪᠤᠢᠺᠤ ᠪᠥᠮᠪᠥᠭᠡ᠂ ᠮᠣᠷᠢᠨ ᠮᠡᠷᠭᠡᠵᠢᠯ ᠵᠡᠷᠭᠡ ᠳᠠᠪᠠᠭᠤᠯᠢᠭ ᠲᠥᠷᠥᠯ ᠵᠦᠶ᠋ᠯ᠎ᠢ ᠪᠡᠬᠢᠵᠢᠭᠦᠯᠦᠨ ᠳᠡᠭᠡᠭ᠌ᠰᠢᠯᠡᠭᠦᠯᠬᠦ᠌᠎ᠶ᠋ᠢᠨ ᠬᠠᠮᠲᠤ᠂ ᠡᠮᠡᠭ᠌ᠲᠡᠶ᠎ᠶ᠋ᠢᠨ ᠵᠢᠦᠳᠣᠣ ᠪᠦᠬᠡ᠂ ᠰᠤᠩᠭᠤᠳᠠᠭ ᠪᠥᠬᠡ᠂ ᠡᠷᠡᠭ᠌ᠲᠡᠶ᠎ᠶ᠋ᠢᠨ ᠪᠤᠺᠰ᠂ ᠰᠤᠷ ᠬᠠᠷᠪᠤᠯᠲᠠ ᠵᠡᠷᠭᠡ ᠲᠥᠷᠥᠯ ᠵᠦᠶ᠋ᠯ᠎ᠦᠨ ᠳᠤᠲᠠᠭᠤᠳᠠᠯ᠎ᠢ ᠨᠥᠬᠥᠪᠥᠷᠢᠯᠡᠬᠦ᠌ ᠢᠨᠵᠧᠨᠧᠷᠢᠩ᠎ᠢ ᠥᠷᠨᠢᠭᠦᠯᠪᠡ᠃ ᠮᠠᠨ᠎ᠤ ᠣᠷᠣᠨ᠎ᠤ 40 ᠲᠦᠷᠦᠯ ᠵᠦᠢᠯ᠎ᠦᠨ ᠠᠩᠬᠢ᠎ᠶ᠋ᠢᠨ 1086 ᠲᠠᠮᠢᠷᠴᠢᠨ ᠱᠠᠨᠰᠢ᠎ᠶ᠋ᠢᠨ ᠪᠦᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠲᠤᠤᠺᠢᠣ᠋ ᠵᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠪᠡᠭᠡᠵᠢᠩ᠎ᠦᠨ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ᠂ ᠬᠠᠩᠵᠧᠦ᠍᠎ᠶ᠋ᠢᠨ ᠠᠽᠢᠶ᠎ᠠ ᠲᠢᠪ᠎ᠦᠨ ᠲᠠᠮᠢᠷ᠎ᠤᠨ ᠴᠤᠭ᠍ᠯᠠᠭᠠᠨ᠎ᠳᠤ ᠪᠡᠯᠡᠳᠭᠡᠬᠦ᠌᠎ᠪᠡᠷ ᠭᠣᠣᠯᠳᠠᠯᠭ᠎ᠠ ᠪᠣᠯᠭᠠᠵᠤ᠂ ᠮᠡᠷᠭᠡᠵᠢᠯ ᠪᠠ ᠪᠠᠢᠯᠳᠤᠬᠤ ᠮᠡᠷᠭᠡᠵᠢᠯ᠎ᠤᠨ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃ ᠨᠢᠳᠤᠨᠤᠨ᠂ ᠮᠠᠨ᠎ᠤ ᠣᠷᠣᠨ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ 88 ᠲᠠᠯᠠᠪᠤᠷ᠎ᠤᠨ ᠤᠷᠤᠯᠳᠤᠭᠠᠨ᠎ᠳᠤ ᠪᠦᠯᠬᠦᠮ ᠵᠣᠬᠢᠶᠠᠨ ᠪᠠᠢᠭᠤᠯᠤᠨ ᠣᠷᠣᠯᠴᠠᠵᠤ᠂ 81 ᠠᠯᠲᠠᠨ ᠮᠧᠳᠠᠯ᠂ 52 ᠮᠥᠩᠭᠥᠨ ᠮᠧᠳᠠᠯ᠂ 73 ᠬᠦᠷᠡᠯ ᠮᠧᠳᠠᠯ ᠤᠯᠪᠠ᠃
ᠲᠡᠮᠡᠴᠡᠯ ᠬᠦᠰᠡᠯ ᠵᠡᠭᠦᠳᠦ᠍᠎ᠶ᠋ᠢ ᠲᠡᠷᠭᠡᠯᠱᠢᠭᠦᠯᠲᠡᠭ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠠᠮᠵᠢᠯᠲᠠ᠎ᠶ᠋ᠢᠨ ᠠᠷᠤ᠎ᠳᠤ᠂ ᠲᠠᠮᠢᠷᠴᠢᠳ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠪᠦᠬᠦ᠌ ᠤᠯᠤᠰ ᠴᠢᠨᠠᠭ᠍ᠰᠢᠯᠠᠪᠠᠯ ᠳᠡᠯᠡᠬᠡᠢ ᠳ᠋ᠠᠬᠢᠨ᠎ᠳᠤ ᠱᠢᠨ᠎ᠡ ᠴᠠᠭ ᠦᠶ᠎ᠡ᠎ᠶ᠋ᠢᠨ ᠵᠠᠯᠠᠭᠤ ᠨᠠᠰᠤᠨ᠎ᠤ ᠴᠤᠭ ᠵᠢᠪᠬᠤᠭ᠎ᠠ᠎ᠶ᠋ᠢ ᠳᠡᠯᠭᠡᠨ ᠦᠵᠡᠭᠦᠯᠵᠦ ᠪᠤᠢ᠃
ᠪᠡᠭᠡᠵᠢᠩ᠎ᠦᠨ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠲᠦᠷᠭᠡᠨ ᠲᠡᠱᠢᠯᠲᠡ᠎ᠶ᠋ᠢᠨ ᠤᠷᠤᠯᠳᠤᠭᠠᠨ ᠤ ᠲᠠᠯᠠᠪᠤᠷ᠎ᠲᠤ᠂ ᠥᠪᠥᠷ ᠮᠣᠩᠭᠣᠯ᠎ᠤᠨ ᠲᠠᠮᠢᠷᠴᠢᠨ ᠬᠠᠨ ᠮᠧᠶ ᠭᠠᠭ᠍ᠴᠠᠭᠠᠷ᠎ᠢᠶᠠᠨ ᠳᠥᠷᠪᠡᠨ ᠵᠦᠶ᠋ᠯ᠎ᠦᠨ ᠤᠷᠤᠯᠳᠤᠭᠠᠨ ᠳᠦ ᠤᠷᠤᠯᠴᠠᠵᠤ᠂ ᠵᠠᠭᠤᠴᠢᠯᠠᠭᠤᠷ᠎ᠤᠨ ᠬᠢᠨ᠎ᠳᠦ 《ᠮᠥᠰᠥᠨ ᠳᠡᠭᠡᠷᠡᠬᠢ ᠬᠥᠳᠡᠯᠮᠦᠷᠢ᠎ᠶ᠋ᠢᠨ ᠵᠢᠱ᠌ᠢᠶᠡᠴᠢ》 ᠬᠡᠮᠡᠨ ᠨᠠᠷᠠᠢᠲᠦᠭᠲᠡᠪᠡ᠃ ᠤᠳᠠᠭ᠎ᠠ ᠪᠦᠷᠢ᠎ᠶ᠋ᠢᠨ ᠤᠷᠤᠯᠳᠤᠭᠠᠨ᠎ᠳᠤ ᠬᠠᠨ ᠮᠧᠢ ᠪᠦᠷ ᠪᠦᠬᠦ᠌ ᠬᠦᠴᠦ᠍᠎ᠪᠡᠨ ᠱᠢᠪᠬᠠᠵᠤ᠂ ᠡᠷᠡᠯᠬᠡᠭ᠌ᠯᠡᠨ ᠲᠡᠮᠡᠴᠡᠭᠦ ᠵᠠᠯᠠᠭᠤ ᠨᠠᠰᠤᠨ᠎ᠤ ᠲᠦᠷᠢ ᠪᠠᠢᠳᠠᠯ᠎ᠢ ᠬᠠᠷᠠᠭᠤᠯᠪᠠ᠃ ᠪᠡᠭᠡᠵᠢᠩ᠎ᠦᠨ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠳ᠋ᠤ ᠹᠠᠨ ᠳ᠋ᠦᠸᠸ ᠶᠣᠣ ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠤ᠋ ᠤᠷᠤᠯᠳᠤᠭᠠᠨ᠎ᠤ ᠲᠠᠯᠠᠪᠤᠷ᠎ᠲᠤ ᠵᠣᠭ᠍ᠰᠣᠭ᠍ᠰᠠᠨ ᠠᠩᠬᠠᠳᠠᠭ᠍ᠴᠢ ᠳᠤᠮᠳᠠᠳᠤ ᠤᠯᠤᠰ᠎ᠤᠨ ᠴᠢᠷᠭ᠎ᠠ᠎ᠶ᠋ᠢᠨ ᠲᠠᠮᠢᠷᠴᠢᠨ ᠪᠣᠯᠵᠠᠢ᠃ 《ᠡᠪᠦᠯ᠎ᠦ᠋ᠨ ᠤᠯᠠᠷᠢᠯ ᠤ᠋ᠨ ᠣᠯᠢᠮᠫᠢᠺ ᠤ᠋ᠨ ᠲᠠᠮᠢᠷ ᠤ᠋ᠨ ᠴᠤᠭ᠍ᠯᠠᠭᠠᠨ ᠳ᠋ᠤ ᠣᠷᠣᠯᠴᠠᠬᠤ ᠪᠣᠯ ᠢᠷᠠᠭᠤ ᠠᠯᠳᠠᠷ ᠪᠥᠭᠡᠳ ᠵᠤᠷᠢᠬᠵᠢᠭᠤᠯᠤᠯ ᠱᠠᠭᠠᠷᠳᠠᠯᠭ᠎ᠠ ᠮᠥᠨ᠂ ᠵᠠᠯᠭᠠᠭᠠᠳ ᠯᠠᠪᠳᠠᠭᠤᠨ ᠲᠣᠭ᠍ᠲᠠᠭᠤᠨ᠎ᠢᠶᠠᠷ ᠴᠢᠷᠮᠠᠢᠵᠦ ᠱᠢᠪᠲᠤᠯᠤᠯᠲᠠ ᠭᠠᠷᠭᠠᠬᠤ᠎ᠶ᠋ᠢ ᠬᠦᠰᠡᠵᠦ᠍ ᠪᠠᠢᠨ᠎ᠠ!》 ᠭᠡᠬᠦ ᠹᠠᠨ ᠳ᠋ᠦᠸᠸ ᠶᠣᠣ ᠢ᠋ᠢᠨ ᠬᠤᠯᠠᠴᠢ ᠪᠤᠳᠤᠯ ᠨᠢ ᠬᠥᠮᠦᠰ᠎ᠲᠦ ᠭᠦᠨ ᠰᠠᠭᠤᠭ᠍ᠳᠠᠯ ᠦᠯᠡᠳᠡᠭᠡᠵᠡᠶ᠃
ᠪᠡᠶ᠎ᠡ᠎ᠶ᠋ᠢᠨ ᠲᠠᠮᠢᠷ᠎ᠤᠨ ᠮᠥᠨ ᠴᠢᠨᠠᠷ ᠨᠢ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠳᠤ ᠯᠠᠪᠲᠠᠢ ᠠᠯᠲᠠ ᠮᠥᠩᠭᠥ᠌ ᠪᠤᠯᠢᠶᠠᠯᠳᠤᠳᠠᠭ ᠢ᠋ ᠲᠣᠭ᠍ᠲᠠᠭᠠᠪᠠ᠂ ᠭᠡᠪᠡᠴᠦ᠍ ᠤᠷᠤᠯᠳᠤᠭᠠᠨ᠎ᠤ ᠲᠠᠯᠠᠪᠤᠷ᠎ᠲᠤ ᠵᠣᠷᠢᠭ᠍ᠲᠠᠶ᠎ᠪᠠᠷ ᠥᠷᠢᠰᠥᠯᠳᠦᠵᠦ᠂ ᠥᠪᠡᠷ᠎ᠢ᠎ᠪᠡᠨ ᠢᠯᠡᠨ ᠳᠠᠪᠠᠳᠠᠭ ᠬᠥᠮᠦᠨ ᠪᠣᠯ ᠮᠥᠨ ᠴᠦ᠍ ᠪᠠᠭᠠᠲᠤᠷ ᠮᠥᠨ᠃ ᠢᠷᠡᠭᠡᠳᠦᠢ᠎ᠳᠦ᠂ ᠥᠪᠥᠷ ᠮᠣᠩᠭᠣᠯ᠎ᠤᠨ ᠦᠷᠢᠰᠦᠯᠲᠦᠭᠡᠨ᠎ᠲᠦ ᠪᠡᠶ᠎ᠡ᠎ᠶ᠋ᠢᠨ ᠲᠠᠮᠢᠷ ᠪᠠᠰᠠ ᠨᠡᠩ ᠨᠡᠭᠡᠭᠡᠯᠲᠡᠲᠡᠢ ᠲᠦᠷᠢ ᠲᠥᠷᠬᠦ᠌᠎ᠪᠡᠷ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠎ᠳᠤ ᠠᠭᠤᠰᠤᠯᠴᠠᠬᠤ ᠪᠣᠯᠤᠨ᠎ᠠ᠃
ᠪᠦᠬᠦ᠌ ᠠᠷᠠᠳ ᠵᠢᠡᠷ ᠵᠢᠡᠨ ᠪᠡᠶ᠎ᠡ ᠴᠢᠭᠢᠷᠠᠭ᠍ᠵᠢᠭᠤᠯᠵᠦ ᠵᠢᠷᠭᠠᠯᠲᠤ ᠠᠮᠢᠳᠤᠷᠠᠯᠶ᠋ᠢᠡᠨ ᠴᠤᠭᠴᠠᠯᠠᠬᠤ ᠨᠢ ᠠᠭᠠᠵᠢᠮ᠎ᠢᠶᠠᠷ ᠬᠡᠪ ᠰᠤᠷᠲᠠᠯ ᠪᠤᠯᠪᠠ
ᠭᠠᠷᠠᠭ᠎ᠤᠨ ᠰᠡᠭᠦᠯᠴᠢ ᠪᠣᠯᠬᠤ ᠪᠦᠷᠢ᠂ ᠬᠡᠦᠬᠡᠨ᠎ᠢᠶᠡᠨ ᠳᠠᠭᠠᠭᠤᠯᠤᠨ ᠬᠥᠬᠡᠬᠣᠲᠠ᠎ᠶ᠋ᠢᠨ ᠨᠣᠭᠣᠭᠠᠷᠠᠭᠤᠯᠤᠭᠰᠠᠨ ᠵᠠᠮ᠎ᠤᠨ ᠵᠢᠱ᠌ᠢᠶ᠎ᠡ ᠦᠵᠡᠭᠦᠯᠬᠦ᠌ ᠰᠡᠯᠡᠭᠦᠴᠡᠯ᠎ᠤᠨ ᠭᠠᠵᠠᠷᠶ᠋ᠢᠡᠷ ᠲᠤᠭᠤᠢ ᠤᠨᠤᠨ ᠪᠡᠶ᠎ᠡ ᠪᠤᠯᠪᠠᠰᠤᠷᠠᠬᠤ ᠨᠢ ᠯᠢ ᠵᠢᠦᠸᠠᠨᠤ ᠪᠠᠷᠢᠮᠲᠠᠯᠠᠯ ᠪᠠ ᠵᠤᠷᠰᠢᠯ ᠪᠤᠯᠪᠠ᠃ 《ᠡᠨᠡ ᠬᠦ᠌ ᠱᠢᠨ᠎ᠡ᠎ᠪᠡᠷ ᠪᠠᠢᠭᠤᠯᠤᠭ᠍ᠰᠠᠨ ᠬᠥᠬᠡᠬᠣᠲᠠ᠎ᠶ᠋ᠢᠨ ᠨᠣᠭᠣᠭᠠᠷᠠᠭᠤᠯᠤᠭᠰᠠᠨ ᠵᠠᠮ᠎ᠤᠨ ᠵᠢᠱ᠌ᠢᠶ᠎ᠡ ᠦᠵᠡᠭᠦᠯᠬᠦ᠌ ᠬᠡᠰᠡᠭ᠎ᠦᠨ ᠵᠠᠮ ᠨᠢ ᠴᠡᠪᠡᠷ ᠲᠡᠭᠰᠢᠬᠡᠨ᠂ ᠬᠠᠱᠢᠯᠭ᠎ᠠ᠎ᠶ᠋ᠢᠨ ᠨᠢᠭᠡ ᠲᠠᠯ᠎ᠠ ᠨᠢ ᠳᠠᠷᠤᠶ ᠵᠢᠵᠢᠭ ᠲᠦᠷᠭᠡᠨ ᠭᠤᠤᠯ ᠪᠣᠯᠤᠨ᠎ᠠ᠂ ᠪᠡᠶ᠎ᠡ ᠪᠣᠯᠪᠠᠰᠤᠷᠠᠬᠤ ᠶ᠋ᠢᠨ ᠳᠠᠭᠠᠤ ᠪᠠᠰᠠ ᠡᠬᠡ ᠪᠠᠢᠭᠠᠯᠢ᠎ᠶ᠋ᠢᠨ ᠭᠣᠶᠣ ᠦᠵᠡᠮᠵᠢ᠎ᠶ᠋ᠢ ᠰᠤᠨᠢᠷᠬᠠᠴᠢᠬᠠᠨᠠ》 ᠭᠡᠵᠦ ᠯᠢ ᠵᠢᠦᠸᠠᠨ ᠬᠡᠯᠡᠨ᠎ᠡ ᠃
ᠨᠣᠭᠣᠭᠠᠷᠠᠭᠤᠯᠤᠭᠰᠠᠨ ᠵᠠᠮ᠂ ᠪᠡᠶ᠎ᠡ ᠴᠢᠭᠢᠷᠠᠭ᠍ᠵᠢᠭᠤᠯᠬᠤ ᠶᠠᠪᠠᠭᠠᠨ ᠵᠠᠮ ᠪᠣᠯᠤᠨ ᠪᠡᠶ᠎ᠡ᠎ᠶ᠋ᠢᠨ ᠲᠠᠮᠢᠷ᠎ᠤᠨ ᠴᠡᠴᠡᠷᠯᠢᠭ ᠵᠡᠷᠭᠡ ᠣᠯᠠᠨ ᠨᠡᠢᠲᠡ᠎ᠶ᠋ᠢᠨ ᠪᠡᠶ᠎ᠡ ᠴᠢᠭᠢᠷᠠᠭ᠍ᠵᠢᠭᠤᠯᠬᠤ ᠦᠢᠯᠡᠴᠢᠯᠡᠭᠡᠨ᠎ᠦ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ ᠨᠢ ᠠᠷᠠᠳ ᠣᠯᠠᠨ᠎ᠤ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠶ᠋ᠢ ᠨᠡᠩ ᠰᠠᠢᠲᠤᠷ ᠬᠠᠩᠭᠠᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠬᠡᠪ ᠴᠢᠨᠠᠷ᠎ᠢ ᠳᠡᠭᠡᠭ᠌ᠰᠢᠯᠡᠭᠦᠯᠬᠦ᠌᠎ᠳᠦ ᠴᠢᠬᠤᠯᠠ ᠦᠢᠯᠡᠳᠦᠯ᠎ᠢᠶᠡᠨ ᠪᠠᠳᠠᠷᠠᠭᠤᠯᠵᠤ ᠪᠠᠢᠭ᠎ᠠ ᠶᠤᠮ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ ᠥᠷᠨᠢᠭᠦᠯᠬᠦ᠌᠎ᠳᠦ᠂ ᠤᠷᠢᠳ᠎ᠢᠶᠠᠷ 《ᠬᠠᠮᠢᠭ᠎ᠠ ᠣᠴᠢᠵᠦ ᠪᠡᠶ᠎ᠡ ᠴᠢᠭᠢᠷᠠᠭ᠍ᠵᠢᠭᠤᠯᠬᠤ》ᠠᠰᠠᠭᠤᠳᠠᠯ᠎ᠢ ᠱᠢᠶ᠋ᠳᠪᠦᠷᠢᠯᠡᠬᠦ᠌ ᠬᠡᠷᠡᠭ᠌ᠲᠡᠶ᠃ ᠨᠢᠳᠤᠨᠤᠨ᠂ ᠮᠠᠨ᠎ᠤ ᠣᠷᠣᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠦᠭᠦᠭᠡᠷᠦᠮᠵᠢ᠎ᠶ᠋ᠢᠨ ᠲᠠᠰ ᠳᠡᠪᠱᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠡᠯ᠎ᠡ ᠱᠠᠲᠤᠨ᠎ᠤ ᠡᠯ᠎ᠡ ᠲᠥᠷᠥᠯ᠎ᠦᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠢ 114᠂ ᠪᠡᠶ᠎ᠡ ᠴᠢᠭᠢᠷᠠᠭ᠍ᠵᠢᠭᠤᠯᠬᠤ ᠵᠠᠮ᠎ᠢ 300 ᠭᠠᠷᠤᠶ ᠢᠵᠢ ᠲᠦᠭᠦᠷᠵᠢᠭᠦᠯᠦᠨ ᠪᠠᠢᠭᠤᠯᠬᠤ᠎ᠶ᠋ᠢ ᠳᠡᠮᠵᠢᠪᠡ᠃ ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠡᠷᠴᠢᠮ ᠠᠯᠬᠤᠮ ᠠᠯᠬᠤᠮ᠎ᠢᠶᠠᠷ ᠴᠢᠩᠭᠠᠷᠠᠵᠤ᠂ ᠪᠦᠬᠦ᠌ ᠣᠷᠣᠨ᠎ᠤ ᠬᠣᠱᠢᠭᠤ ᠱᠢᠶᠠᠨ (ᠬᠣᠲᠠ᠂ ᠲᠣᠭᠣᠷᠢᠭ) ᠤ᠋ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢᠨ ᠲᠥᠪ᠎ᠢ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠵᠦ᠍᠂ ᠬᠣᠲᠠ᠎ᠶ᠋ᠢᠨ ᠨᠡᠢᠭᠡᠮ ᠲᠣᠭᠣᠷᠢᠭ᠎ᠤᠨ 15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠶ᠋ᠢᠨ ᠬᠠᠮᠤᠷᠬᠤ ᠨᠣᠷᠮ᠎ᠠ᠎ᠶ᠋ᠢ 90.8% ᠳ᠋ᠸ᠋ ᠬᠦᠷᠦᠭᠦᠯᠵᠦ᠍᠂ ᠬᠣᠲᠠ ᠬᠥᠳᠡᠭᠡ᠎ᠶ᠋ᠢ ᠬᠠᠮᠤᠷᠤᠭ᠍ᠰᠠᠨ᠂ ᠪᠠᠢᠷᠢᠱᠢᠭᠤᠯᠤᠯ ᠨᠢ ᠵᠦᠢ ᠵᠣᠬᠢᠰᠲᠠᠶ᠂ ᠲᠥᠷᠥᠯ ᠵᠦᠢᠯ ᠨᠢ ᠣᠯᠠᠨ ᠶᠠᠩᠵᠤ᠎ᠶ᠋ᠢᠨ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠦᠭᠦᠭᠡᠷᠦᠮᠵᠢ᠎ᠶ᠋ᠢᠨ ᠲᠣᠣᠷ ᠰᠦᠯᠵᠢᠶ᠎ᠡ᠎ᠶ᠋ᠢ ᠠᠩᠬ᠎ᠠ ᠠᠯᠬᠤᠮ ᠪᠦᠷᠢᠯᠳᠦᠭᠦᠯᠪᠡ᠃
ᠡᠷᠡᠭᠦᠯ ᠡᠩᠬᠡ ᠥᠪᠥᠷ ᠮᠣᠩᠭᠣᠯ ᠢ ᠪᠦᠲᠦᠭᠡᠨ ᠪᠠᠢᠭᠤᠯᠬᠤ᠎ᠳᠦ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠠᠴᠠ ᠰᠠᠯᠵᠤ ᠴᠢᠳᠠᠬᠤ ᠦᠭᠡᠢ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢ ᠤᠯᠤᠰ᠎ᠤᠨ ᠪᠠᠢᠯᠳᠤᠬᠤ ᠪᠣᠳᠣᠯᠭ᠎ᠠ ᠪᠣᠯᠭᠠᠨ ᠳᠡᠭᠡᠭ᠌ᠰᠢᠯᠡᠭᠦᠯᠬᠦ᠌᠎ᠶ᠋ᠢ ᠳᠠᠭᠠᠯᠳᠤᠨ᠂ ᠮᠠᠨ᠎ᠤ ᠣᠷᠣᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠰ ᠬᠥᠭ᠌ᠵᠢᠯᠲᠡ᠎ᠶ᠋ᠢᠨ ᠲᠦᠷᠭᠡᠨ ᠵᠠᠮ᠎ᠳᠤ ᠣᠷᠣᠪᠠ᠃ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢ ᠲᠡᠳᠬᠦᠨ ᠬᠦᠭᠵᠢᠭᠦᠯᠵᠦ᠂ ᠣᠯᠠᠨ ᠲᠦᠮᠡᠨ᠎ᠦ ᠳᠡᠷᠭᠡᠳᠡᠬᠢ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠂ ᠨᠠᠭᠠᠳᠤᠮ᠎ᠤᠨ ᠴᠤᠭᠯᠠᠭᠠᠨ᠂ ᠪᠥᠬᠥ᠌ ᠣᠷᠣᠨ᠎ᠤ 《ᠡᠷ᠎ᠡ᠎ᠶ᠋ᠢᠨ ᠭᠤᠷᠪᠠᠨ ᠨᠠᠭᠠᠳᠤᠮ》 ᠤ᠋ᠨ ᠤᠷᠤᠯᠳᠤᠭᠠᠨ ᠵᠡᠷᠭᠡ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠵᠣᠬᠢᠶᠠᠨ ᠪᠠᠢᠭᠤᠯᠵᠤ᠂ ᠨᠢᠳᠤᠨᠤᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠲᠠᠮᠢᠷ᠎ᠤᠨ ᠴᠤᠭ᠍ᠯᠠᠭᠠᠨ᠎ᠤ ᠣᠯᠠᠨ ᠲᠦᠮᠡᠨᠴᠢ ᠲᠥᠷᠥᠯ ᠵᠦᠶ᠋ᠯ᠎ᠢ ᠱᠢᠯᠭᠠᠷᠠᠭᠤᠯᠬᠤ ᠤᠷᠤᠯᠳᠤᠭᠠᠨ᠎ᠨᠢ ᠨᠠᠩ ᠣᠯᠠᠨ ᠬᠠᠮᠤᠷᠬᠤ ᠬᠡᠪᠴᠢᠶ᠎ᠡ᠎ᠨᠢ ᠥᠷᠭᠡᠨ᠂ ᠨᠥᠯᠥᠭᠡᠯᠡᠬᠦ᠌ ᠬᠦᠴᠦᠨ᠎ᠨᠢ ᠶᠡᠬᠡ ᠨᠠᠷᠠᠲᠤ ᠲᠥᠷᠥᠯ ᠲᠡᠮᠳᠡᠭ᠌ᠲᠦ᠍᠎ᠶ᠋ᠢᠨ ᠤᠷᠤᠯᠳᠤᠭᠠᠨ᠎ᠢ ᠪᠦᠲᠦᠮᠵᠢᠲᠡᠶ ᠳᠠᠢᠴᠢᠯᠠᠵᠤ᠂ ᠠᠷᠠᠳ ᠣᠯᠠᠨ᠎ᠤ ᠪᠡᠶ᠎ᠡ ᠴᠢᠭᠢᠷᠠᠭ᠍ᠵᠢᠭᠤᠯᠬᠤ ᠲᠠᠪᠴᠠᠩ᠎ᠢ ᠥᠷᠭᠡᠨ ᠳᠡᠯᠭᠡᠷ ᠦᠵᠡᠰᠭᠦᠯᠡᠩᠲᠦ ᠰᠠᠢᠬᠠᠨ ᠪᠣᠯᠭᠠᠪᠠ; ᠣᠯᠠᠨ ᠲᠦᠮᠡᠨ᠎ᠦ ᠳᠡᠷᠭᠡᠳᠡᠬᠢ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ᠎ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶ᠋ᠢᠨ ᠲᠠᠮᠢᠷ᠎ᠤᠨ ᠲᠣᠪᠴᠢᠶ᠎ᠠ ᠤᠯᠤᠰ ᠠᠷᠠᠳ᠎ᠤᠨ ᠪᠡᠶ᠎ᠡ ᠮᠠᠬᠠᠪᠣᠳ᠎ᠢ ᠬᠢᠨᠠᠨ ᠱᠢᠨᠵᠢᠬᠦ᠌ ᠥᠷᠲᠡᠭᠡ ᠴᠡᠭ ᠪᠠ ᠦᠶ᠋ᠯᠡᠴᠢᠯᠡᠭᠡ ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠡᠢᠭᠡᠮ᠎ᠦᠨ ᠪᠡᠶ᠎ᠡ᠎ᠶ᠋ᠢᠨ ᠲᠠᠮᠢᠷ᠎ᠤᠨ ᠵᠢᠯᠣᠭᠣᠳᠣᠭ᠍ᠴᠢ᠎ᠶ᠋ᠢᠨ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠷᠠᠭᠤᠯᠵᠤ᠂ ᠪᠡᠶ᠎ᠡ ᠴᠢᠭᠢᠷᠠᠭ᠍ᠵᠢᠭᠤᠯᠬᠤ ᠠᠷᠭ᠎ᠠ᠎ᠶ᠋ᠢ ᠳᠡᠯᠭᠡᠷᠡᠭᠦᠯᠪᠡ᠃
ᠲᠦᠷᠦᠭᠦᠬᠡᠨ᠂ ᠮᠠᠨ ᠤ ᠣᠷᠣᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠶ᠋ᠢᠨ ᠬᠡᠷᠡᠭ᠌ᠵᠢᠭᠦᠯᠬᠦ᠌ ᠲᠥᠯᠥᠪᠯᠡᠭᠡ (2021—2025 ᠣᠨ)》 ᠶ᠋ᠢ ᠳᠠᠷᠤᠮᠠᠯᠯᠠᠨ ᠲᠠᠷᠬᠠᠭᠠᠵᠤ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ᠂ ᠮᠠᠨ᠎ᠤ ᠣᠷᠣᠨ᠎ᠤ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠠᠵᠢᠯ᠎ᠤᠨ ᠭᠤᠤᠯ ᠡᠭᠦᠷᠭᠡ᠎ᠶ᠋ᠢ ᠲᠣᠳᠣᠷᠬᠠᠢᠯᠠᠪᠠ᠃ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠳᠤ᠂ ᠮᠠᠨ ᠤ ᠣᠷᠣᠨ ᠵᠢᠯ ᠪᠦᠷᠢ ᠳᠤᠮᠳᠠᠴᠢ᠎ᠪᠠᠷ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠷᠤᠯᠳᠤᠭᠠᠨ᠎ᠢ 2200 ᠭᠠᠷᠤᠶ ᠤᠳᠠᠭ᠎ᠠ ᠡᠷᠭᠢᠯᠡᠵᠦ᠍᠂ ᠨᠡᠢᠲᠡ 900 ᠲᠦᠮᠡ ᠭᠠᠷᠤᠶ ᠬᠥᠮᠦᠨ ᠤᠳᠠᠭ᠎ᠠ ᠣᠷᠣᠯᠴᠠᠪᠠ᠃
ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠬᠤ ᠠᠵᠠ ᠲᠤᠬᠢᠶᠠᠯ ᠬᠦᠷᠴᠦ ᠢᠷᠡᠯ᠎ᠡ
5 ᠰᠠᠷ᠎ᠠ᠎ᠶ᠋ᠢᠨ 26 ᠤ᠋ ᠡᠳᠦᠷ᠎ᠦᠨ ᠦᠳᠡ᠎ᠶ᠋ᠢᠨ ᠬᠣᠢᠨ᠎ᠠ᠂ WCBA ᠶ᠋ᠢᠨ ᠮᠠᠩᠯᠠᠶ᠎ᠳᠦ ᠲᠤᠳᠤᠷᠠᠭᠰᠠᠨ ᠥᠪᠥᠷ ᠮᠣᠩᠭᠣᠯ᠎ᠤᠨ ᠬᠦᠳᠡᠭᠡ ᠳᠤᠰᠬᠤᠨ᠎ᠤ ᠢᠲᠡᠭᠡᠮᠵᠢ᠎ᠶ᠋ᠢᠨ ᠬᠤᠷᠰᠢᠶ᠎ᠡ ᠵᠢᠨ ᠡᠮᠡᠭ᠌ᠲᠡᠶ᠎ᠶ᠋ᠢᠨ ᠰᠠᠭ᠍ᠰᠤᠨ ᠪᠥᠮᠪᠥᠭᠡ᠎ᠶ᠋ᠢᠨ ᠠᠩᠭᠢ ᠬᠥᠬᠡᠬᠣᠲᠠ᠎ᠶ᠋ᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ᠎ᠶ᠋ᠢᠨ ᠥᠨᠳᠥᠷ ᠳᠤᠮᠳᠠᠳᠤ᠎ᠶ᠋ᠢᠨ ᠠᠩᠭᠢ᠎ᠳᠤ ᠬᠦᠷᠴᠦ᠂ ᠰᠤᠷᠤᠭ᠍ᠴᠢᠳ ᠲᠠᠶ ᠰᠠᠭ᠍ᠰᠤᠨ ᠪᠥᠮᠪᠥᠭᠡ᠎ᠶ᠋ᠢᠨ ᠲᠤᠬᠠᠶ 《 ᠵᠠᠯᠠᠭᠤ ᠨᠠᠰᠤᠨ᠎ᠤ ᠵᠤᠭᠤᠭ》 ᠭᠡᠭᠦ ᠶᠠᠷᠢᠯᠴᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠵᠠᠯᠠᠭᠤᠴᠤᠳ ᠪᠠᠭᠠᠴᠤᠳ᠎ᠤᠨ ᠬᠥᠳᠡᠯᠭᠡᠭᠡᠨ᠎ᠦ ᠭᠠᠵᠠᠷ᠎ᠤᠨ ᠬᠠᠮᠢᠶ᠎ᠠ ᠪᠥᠬᠥᠶ ᠬᠠᠷᠢᠭᠤᠴᠠᠯᠭᠠᠲᠠᠨ᠄ 《ᠡᠨᠡ ᠤᠳᠠᠭᠠᠨ᠎ᠤ ᠠᠵᠢᠯᠯᠠᠭ᠎ᠠ᠎ᠶ᠋ᠢ ᠡᠷᠭᠢᠯᠡᠭ᠌ᠰᠡᠨ ᠨᠢ ᠳᠠᠷᠤᠶ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ 〈ᠬᠤᠶᠠᠷ᠎ᠢ ᠬᠦᠨᠭᠭᠡᠷᠡᠭᠦᠯᠬᠦ〉ᠲᠥᠷᠥ᠎ᠶ᠋ᠢᠨ ᠪᠣᠳᠣᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢ ᠠᠬᠢᠭᠤᠯᠬᠤ᠎ᠶ᠋ᠢᠨ ᠲᠥᠯᠥᠭᠡ ᠶᠤᠮ᠃ ᠬᠡᠦᠬᠡᠳ᠎ᠦᠳ ᠲᠠᠮᠢᠷ᠎ᠤᠨ ᠬᠥᠳᠡᠯᠭᠡᠭᠡᠨ᠎ᠦ ᠳᠤᠮᠳᠠ ᠡᠴᠡ ᠠᠮᠢᠵᠢᠷᠠᠯ᠎ᠤᠨ ᠬᠦᠴᠦᠨ ᠣᠯᠵᠤ᠂ ᠵᠤᠷᠢᠭ ᠰᠦᠰᠦ ᠪᠠᠨ ᠳᠠᠪᠲᠠᠨ ᠪᠣᠯᠪᠠᠰᠤᠷᠠᠭᠤᠯᠬᠤ᠎ᠳᠤ ᠠᠰᠢᠬᠳᠠᠢ ᠶᠤᠮ》 ᠭᠡᠪᠡ᠃
ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠢ ᠠᠭᠤᠰᠤᠯᠴᠠᠭᠤᠯᠬᠤ ᠶᠡᠬᠡ ᠠᠬᠤᠶ ᠪᠠᠢᠳᠠᠯ ᠳᠤᠤᠷ᠎ᠠ᠂ ᠮᠠᠨ᠎ᠤ ᠣᠷᠣᠨ᠎ᠤ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠤᠭ᠍ᠲᠤᠨ ᠠᠪᠴᠢᠷᠠᠪᠠ᠃ 5 ᠰᠠᠷ᠎ᠠ ᠶ᠋ᠢᠨ 27 ᠤ᠋ ᠡᠳᠦᠷ᠂ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠭᠤᠤᠯ ᠰᠡᠳᠦᠪᠲᠦ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ ᠪᠥᠬᠥ᠌ ᠣᠷᠣᠨ᠎ᠤ ᠬᠡᠪᠴᠢᠶᠡᠨ᠎ᠳᠦ ᠵᠢᠩᠬᠢᠨᠢ᠎ᠪᠡᠷ ᠡᠬᠢᠯᠡᠪᠡ᠃ 2021 ᠣᠨ ᠳᠤ ᠮᠠᠨ ᠤ ᠣᠷᠣᠨ 《ᠤᠷᠤᠭᠰᠢᠯᠠᠭᠠᠷᠠᠢ᠂ ᠪᠠᠭᠠᠴᠤᠳ ᠮᠢᠨᠢ》 ᠭᠤᠤᠯ ᠰᠡᠳᠦᠪᠲᠦ ᠪᠡᠶ᠎ᠡ ᠴᠢᠭᠢᠷᠠᠭ᠍ᠵᠢᠭᠤᠯᠬᠤ ᠠᠵᠢᠯᠯᠠᠭ᠎ᠠ᠎ᠶ᠋ᠢ 2600 ᠲᠠᠯᠠᠪᠤᠷ ᠥᠷᠨᠢᠭᠦᠯᠵᠦ᠍᠂ ᠣᠷᠣᠯᠴᠠᠭ᠍ᠰᠠᠨ ᠪᠥᠬᠥ᠌ ᠬᠥᠮᠦᠨ᠎ᠦ ᠲᠣᠭ᠎ᠠ 180 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠡᠨᠡ ᠵᠢᠯ ᠵᠢᠱ᠌ᠢᠯᠲᠡ᠎ᠪᠡᠷ ᠪᠠᠰᠠ 100 ᠲᠦᠮᠡᠨ ᠬᠥᠮᠦᠨ ᠤᠳᠠᠭ᠎ᠠ ᠶ᠋ᠢ ᠳᠠᠪᠠᠬᠤ ᠪᠣᠯᠤᠨ᠎ᠠ᠃
ᠣᠢᠷ᠎ᠠ᠎ᠶ᠋ᠢᠨ ᠵᠢᠯ᠎ᠦᠨ ᠲᠤᠷᠰᠢ᠂ ᠮᠠᠨ᠎ᠤ ᠣᠷᠣᠨ ᠪᠡᠯᠡᠳᠭᠡᠯ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠴᠢᠩᠭᠠᠳᠭᠠᠪᠠ᠃ ᠪᠥᠬᠥ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠤᠯᠠᠮᠵᠢᠯᠠᠯᠲᠤ ᠲᠥᠷᠥᠯ ᠵᠦᠶ᠋ᠯ᠎ᠦᠨ ᠰᠤᠷᠭᠠᠭᠤᠯᠢ᠎ᠶ᠋ᠢ 268 ᠪᠣᠯᠭᠠᠨ ᠨᠡᠮᠡᠭ᠌ᠳᠡᠭᠦᠯᠵᠦ᠍᠂ ᠣᠨᠴᠠᠯᠢᠭ᠍ᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠦᠨ ᠰᠤᠷᠭᠠᠭᠤᠯᠢ᠎ᠶ᠋ᠢ 980 ᠪᠣᠯᠭᠠᠨ ᠨᠡᠮᠡᠭ᠌ᠳᠡᠭᠦᠯᠪᠡ᠃ ᠰᠤᠷᠭᠠᠭᠤᠯᠢ᠎ᠶ᠋ᠢᠨ ᠤᠷᠤᠯᠳᠤᠭᠠᠨ᠂ U ᠱᠢᠷᠢᠰ ᠤᠷᠤᠯᠳᠤᠭᠠᠨ ᠵᠡᠷᠭᠡ ᠡᠯ᠎ᠡ ᠱᠠᠲᠤᠨ᠎ᠤ ᠡᠯ᠎ᠡ ᠲᠥᠷᠥᠯ᠎ᠦᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠡᠮᠬᠢᠯᠡᠨ ᠨᠡᠢᠯᠡᠭᠦᠯᠬᠦ᠌᠎ᠪᠡᠷ ᠳᠠᠮᠵᠢᠭᠤᠯᠤᠨ᠂ ᠪᠦᠬᠦ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢᠶᠠᠷ ᠲᠦᠷᠦᠭᠦᠯᠡᠭᠦᠯᠦᠭ᠌ᠰᠡᠨ᠂ ᠵᠠᠯᠠᠭᠤᠴᠤᠳ ᠪᠠᠭᠠᠴᠤᠳ᠎ᠤᠨ ᠮᠠᠩᠯᠠᠶ ᠱᠢᠯᠭᠠᠷᠠᠭᠤᠯᠬᠤ ᠤᠷᠤᠯᠳᠤᠭᠠᠨ᠎ᠢᠶᠠᠷ ᠭᠤᠤᠯ ᠴᠣᠭ᠍ᠴᠠ ᠪᠣᠯᠭᠠᠭ᠍ᠰᠠᠨ᠂ ᠶᠡᠬᠡ ᠳᠤᠮᠳᠠᠳᠤ ᠪᠠᠭ᠎ᠠ ᠰᠤᠷᠭᠠᠭᠤᠯᠢ᠎ᠶ᠋ᠢᠨ ᠰᠤᠷᠤᠭ᠍ᠴᠢᠳ᠎ᠤᠨ ᠬᠠᠮᠲᠤᠷᠠᠭ᠍ᠰᠠᠨ ᠤᠷᠤᠯᠳᠤᠭᠠᠨ᠎ᠢᠶᠠᠷ ᠰᠠᠭᠤᠷᠢ ᠪᠣᠯᠭᠠᠭ᠍ᠰᠠᠨ᠂ ᠺᠯᠦᠪ᠎ᠦᠨ ᠬᠠᠮᠲᠤᠷᠠᠭ᠍ᠰᠠᠨ ᠤᠷᠤᠯᠳᠤᠭᠠᠨ᠎ᠢᠶᠠᠷ ᠨᠥᠬᠥᠪᠥᠷᠢ ᠪᠣᠯᠭᠠᠭ᠍ᠰᠠᠨ ᠣᠯᠠᠨ ᠲᠠᠯ᠎ᠠ᠎ᠶ᠋ᠢᠨ᠂ ᠪᠦᠬᠦᠨ᠎ᠢ ᠬᠠᠮᠤᠷᠤᠭ᠍ᠰᠠᠨ ᠤᠷᠤᠯᠳᠤᠭᠠᠨ᠎ᠤ ᠱᠢᠰᠲ᠋ᠧᠮ᠎ᠢ ᠪᠣᠶ ᠪᠣᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ᠎ᠲᠤ ᠬᠡᠯᠪᠡᠷᠢ ᠮᠠᠶᠢᠭ ᠨᠢ ᠣᠯᠠᠨ ᠶᠠᠩᠵᠤ᠎ᠶ᠋ᠢᠨ᠂ ᠡᠷᠬᠡ ᠲᠡᠭ᠌ᠰᠢ᠎ᠪᠡᠷ ᠣᠷᠣᠯᠴᠠᠬᠤ ᠤᠷᠤᠯᠳᠤᠭᠠᠨ᠎ᠤ ᠲᠠᠪᠴᠠᠩ᠎ᠢ ᠬᠠᠩᠭᠠᠵᠤ᠂ ᠴᠢᠳᠠᠪᠤᠷᠢᠲᠠᠨ ᠰᠣᠩᠭᠣᠬᠤ ᠠᠷᠭ᠎ᠠ ᠵᠠᠮ᠎ᠢ ᠥᠷᠭᠡᠳᠭᠡᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃