2022-07-03 19:56:58
ᠪᠣᠯᠪᠠᠰᠤᠨ ᠪᠣᠯ ᠰᠠᠢ᠌ᠨ ᠰᠠᠢᠬᠠᠨ᠂ ᠪᠣᠯᠪᠠᠰᠤᠨ ᠪᠣᠯ ᠬᠠᠢᠷ᠎ᠠ ᠬᠠᠯᠠᠮᠵᠢ᠂ ᠨᠡᠩ ᠴᠤ᠌ ᠬᠦᠴᠦᠨ ᠴᠢᠳᠠᠯ ᠮᠥᠨ᠃
ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠎ᠢ ᠪᠠᠢᠭᠤᠯᠬᠤ ᠪᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠤᠬᠠᠭᠤᠯᠬᠤ ᠴᠢᠬᠤᠯᠠ ᠠᠴᠢᠶᠠᠯᠠᠪᠤᠷᠢ ᠮᠥᠨ᠂ ᠱᠢᠨ᠎ᠡ ᠴᠠᠭ ᠦᠶ᠎ᠡ᠎ᠶ᠋ᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ᠎ᠤᠨ ᠠᠵᠢᠯ᠎ᠢ ᠰᠠᠢᠲᠤᠷ ᠬᠢᠬᠦ᠌ ᠴᠢᠬᠤᠯᠠ ᠠᠷᠭ᠎ᠠ ᠬᠡᠮᠵᠢᠶ᠎ᠡ ᠮᠥᠨ᠃
2018 ᠣᠨ᠎ᠳᠤ ᠨᠠᠮ᠎ᠤᠨ ᠲᠥᠪ ᠬᠣᠷᠢᠶ᠎ᠠ᠎ᠡᠴᠡ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠠᠵᠢᠯ᠎ᠢ ᠪᠠᠢᠷᠢᠯᠠᠭᠤᠯᠤᠨ ᠥᠷᠨᠢᠭᠦᠯᠦᠭ᠌ᠰᠡᠨ᠎ᠡᠴᠡ ᠨᠠᠭᠠᠰᠢ ᠪᠥᠬᠥ᠌ ᠣᠷᠣᠨ᠎ᠤ ᠡᠯ᠎ᠡ ᠭᠠᠵᠠᠷ᠎ᠤᠨ᠎ᠬᠢᠨ ᠰᠠᠨᠠᠭᠠᠴᠢᠯᠠᠭ᠎ᠠ᠎ᠡᠴᠡ᠎ᠪᠠᠨ ᠬᠠᠢᠨ ᠰᠦᠪᠡᠭ᠌ᠴᠢᠯᠡᠵᠦ᠍᠂ ᠢᠳᠡᠪᠬᠢᠲᠡᠶ ᠠᠵᠢᠯᠯᠠᠨ᠂ ᠡᠯ᠎ᠡ ᠵᠦᠶ᠋ᠯ᠎ᠦᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠶ᠋ᠢ ᠬᠦᠷ ᠬᠥᠭ᠌ᠵᠢᠶᠡᠨᠲᠡᠶ ᠥᠷᠨᠢᠭᠦᠯᠵᠦ᠍᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ ᠪᠣᠯᠭᠠᠨ᠎ᠨᠢ ᠶᠠᠭ ᠪᠠᠳᠠᠷᠠᠨ ᠳᠡᠯᠭᠡᠷᠡᠭ᠌ᠰᠡᠨ ᠰᠣᠷᠭᠣᠭ ᠴᠡᠴᠡᠭ ᠱᠢᠭ ᠪᠣᠯᠪᠠᠰᠤᠨ᠎ᠤ ᠠᠩᠬᠢᠯᠤᠮ᠎ᠠ ᠦᠨᠦᠷ᠎ᠢ ᠲᠦᠭ ᠲᠦᠮᠡᠨ ᠠᠢᠯ ᠡᠷᠦᠬᠡ᠎ᠳᠦ ᠬᠦᠷᠭᠡᠵᠦ᠍᠂ ᠤᠮᠠᠷᠠᠲᠤ ᠬᠢᠯᠢ᠎ᠶ᠋ᠢᠨ ᠡᠬᠡ ᠭᠠᠵᠠᠷ᠎ᠢ ᠨᠠᠩ ᠥᠩᠭᠡ ᠢᠯᠭᠠᠷᠠᠮ᠎ᠠ ᠴᠢᠮᠡᠭ᠌ᠯᠡᠵᠡᠶ ᠁
ᠶᠠᠷᠢᠶ᠎ᠠ ᠢᠯᠡᠳᠭᠡᠯ᠎ᠤᠨ ᠲᠠᠢᠰᠠ ᠪᠠᠢᠭᠤᠯᠪᠠ᠄ ᠣᠨᠣᠯ᠎ᠤᠨ ᠤᠬᠠᠭᠤᠯᠭ᠎ᠠ ᠨᠢ ᠠᠮᠢᠳᠤᠯᠢᠭ ᠪᠥᠭᠡᠳ ᠪᠤᠳᠠᠳᠠᠢ
《ᠥᠩᠭᠡᠷᠡᠭ᠌ᠰᠡᠨ᠎ᠳᠦ ᠮᠠᠨ᠎ᠤ ᠭᠠᠴᠠᠭ᠎ᠠ ᠪᠦᠷ ᠡᠪᠳᠡᠷᠡᠵᠦ᠍ ᠬᠠᠭᠤᠴᠢᠷᠠᠬᠰᠡᠨ ᠱᠢᠷᠣᠢ᠎ᠶ᠋ᠢᠨ ᠵᠠᠮ ᠲᠠᠢ ᠂ ᠪᠣᠯᠤᠮᠠᠷ ᠠᠵᠤ ᠦᠢᠯᠡᠰ ᠭᠡᠵᠦ᠍ ᠪᠠᠢᠬᠰᠠᠨ ᠦᠭᠡᠢ᠂ ᠭᠡᠳᠡᠯ᠎ᠠ ᠤᠳᠤ ᠪᠦᠷ ᠶᠡᠬᠡ ᠬᠤᠪᠢᠷᠠᠯᠲᠠ ᠭᠠᠷᠴᠠᠢ᠂ ᠵᠠᠮ ᠪᠦᠷ ᠲᠡᠭ᠌ᠰᠢ ᠪᠣᠯᠵᠤ᠂ ᠠᠢᠯ ᠪᠣᠯᠭᠠᠨ ᠲᠣᠭᠣᠰᠭᠠᠨ ᠪᠠᠢᠱᠢᠩ᠎ᠳᠤ ᠰᠠᠭᠤᠵᠤ᠂ ᠦᠬᠡᠷ ᠬᠤᠨᠢ ᠮᠠᠯᠵᠢᠵᠤ᠂ ᠥᠩᠭᠡᠷᠡᠭ᠌ᠰᠡᠨ᠎ᠦ ᠶᠠᠳᠠᠭᠤ ᠠᠮᠢᠳᠤᠷᠠᠯ᠎ᠡᠴᠡ ᠰᠠᠯᠵᠠᠢ᠃ ᠡᠲᠡᠭᠡᠷ ᠬᠤᠪᠢᠷᠠᠯᠲᠠ᠎ᠨᠢ ᠴᠥᠮ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠡᠴᠡ ᠰᠠᠯᠵᠤ ᠴᠢᠳᠠᠬᠤ ᠥᠬᠡᠶ᠂ ᠦᠶ᠎ᠡ ᠵᠢᠨ ᠦᠶ᠎ᠡ᠎ᠶ᠋ᠢᠨ ᠡᠪ ᠬᠠᠮᠲᠤ ᠨᠠᠮ᠎ᠤᠨ ᠭᠡᠱᠢᠭᠦᠨ᠎ᠦ ᠱᠢᠷᠭᠠᠭᠤ ᠬᠠᠲᠠᠭᠤᠵᠢᠯᠲᠠᠶ ᠲᠡᠮᠡᠴᠡᠯ᠎ᠡᠴᠡ ᠰᠠᠯᠵᠤ ᠴᠢᠳᠠᠬᠤ ᠥᠬᠡᠶ ᠶᠤᠮ ᠁》 ᠣᠢᠷ᠎ᠠ᠎ᠳᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠭᠤᠤᠯ᠎ᠤᠨ ᠪᠠᠢᠱᠢᠩ ᠪᠠᠯᠭᠠᠰᠤᠨ᠎ᠤ ᠭᠦᠸᠧ ᠭᠤᠸᠠᠩ ᠭᠠᠴᠠᠭᠠᠨ᠎ᠤ ᠠᠭᠤᠳᠠᠮ ᠲᠠᠯᠠᠪᠠᠶ᠎ᠳᠤ᠂ 《ᠬᠡᠷ᠎ᠦᠨ ᠡᠭᠦᠳᠡᠨ》 ᠳ᠋ᠡᠬᠢ ᠵᠣᠭᠣᠭ᠍ᠳᠠᠬᠤ ᠠᠩᠭᠢ᠎ᠨᠢ ᠲᠥᠬᠥᠮ ᠣᠢᠯᠠᠭᠠᠮᠵᠢᠲᠠᠶ ᠦᠭᠡ ᠶᠠᠷᠢᠶ᠎ᠠ᠎ᠪᠡᠷ ᠣᠯᠠᠨ᠎ᠳᠤ ᠨᠠᠮ᠎ᠤᠨ ᠰᠠᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠨ᠎ᠠ᠃
ᠡᠨᠡ ᠬᠦ᠌ ᠤᠨᠤᠯ᠎ᠤᠨ ᠤᠬᠠᠭᠤᠯᠤᠨ ᠲᠠᠢᠯᠪᠤᠷᠢᠯᠠᠬᠤ ᠪᠠᠭ᠎ᠠ ᠰᠠᠯᠪᠤᠷᠢ ᠠᠩᠬᠢ᠎ᠶ᠋ᠢ 《ᠵᠢᠭ᠍ᠰᠠᠭᠠᠯ᠎ᠤᠨ ᠭᠠᠵᠠᠷ᠎ᠤᠨ ᠮᠠᠶᠢᠭ》 ᠪᠠᠢᠭ᠍ᠰᠠᠨ᠎ᠡᠴᠡ 《ᠨᠡᠭᠦᠳᠡᠯ ᠮᠠᠶᠢᠭ》 ᠪᠣᠯᠭᠠᠨ ᠥᠭᠡᠷᠡᠴᠢᠯᠡᠵᠦ᠍᠂ ᠡᠬᠦᠳᠡᠨ ᠳ᠋ᠤᠨᠢ ᠢᠷᠡᠵᠤ ᠰᠤᠷᠬᠤ ᠵᠢ ᠬᠦᠯᠢᠶᠡᠳᠡᠭ ᠪᠠᠢᠭ᠍ᠰᠠᠨ᠎ᠡᠴᠡ ᠪᠠᠨ ᠭᠡᠷ᠎ᠲᠤ᠎ᠨᠢ ᠬᠦᠷᠴᠦ᠍ ᠰᠤᠷᠭᠠᠬᠤ ᠪᠣᠯᠭᠠᠨ ᠥᠭᠡᠷᠡᠴᠢᠯᠡᠵᠦ᠍᠂ ᠤᠯᠠᠮᠵᠢᠯᠠᠯᠲᠤ ᠭᠡᠯᠡᠵᠤ ᠰᠤᠷᠭᠠᠬᠤ ᠮᠠᠶᠢᠭ᠎ᠤᠨ ᠤᠬᠠᠭᠤᠯᠤᠨ ᠲᠠᠢᠯᠪᠤᠷᠢᠯᠠᠬᠤ᠎ᠶ᠋ᠢ ᠬᠤᠷᠰᠢᠯᠴᠠᠬᠤ᠌ ᠮᠠᠶᠢᠭ᠎ᠤᠨ᠂ ᠣᠷᠣᠯᠴᠠᠬᠤ ᠮᠠᠶᠢᠭ᠎ᠤᠨ ᠤᠬᠠᠭᠤᠯᠤᠨ ᠲᠠᠢᠯᠪᠤᠷᠢᠯᠠᠬᠤ ᠮᠠᠶᠢᠭ᠎ᠤᠨ ᠪᠣᠯᠭᠠᠨ ᠬᠤᠪᠢᠷᠠᠭᠤᠯᠵᠠᠢ᠂ ᠢᠩᠭᠢᠭᠰᠡᠨ ᠵᠢᠡᠷ ᠲᠤᠬᠠᠢ᠎ᠶ᠋ᠢᠨ ᠲᠠᠯᠠᠪᠠᠢ᠎ᠳᠤ ᠪᠠᠢᠭ᠍ᠰᠠᠨ ᠤᠯᠠᠨ ᠲᠦᠮᠡᠨ ᠠᠮᠲᠠᠷᠬᠠᠨ ᠰᠣᠨᠣᠰᠴᠤ᠌᠂ ᠲᠣᠯᠣᠭᠠᠢ ᠲᠤᠬᠢᠨ᠂ ᠥᠪᠡᠷ᠎ᠦᠨ ᠲᠦᠷᠦᠭ᠌ᠲᠡᠯᠢᠶᠡᠨ ᠪᠠᠢᠨ ᠪᠠᠢᠨ ᠶᠠᠷᠢᠵᠤ᠂ ᠬᠥᠷᠰᠢ ᠵᠡᠷᠭᠡᠯᠡᠳᠡᠭᠡ᠎ᠶ᠋ᠢᠨ ᠬᠢᠨ ᠲᠠᠢ ᠪᠠᠨ ᠱᠢᠭ ᠦᠷᠭᠦᠯᠵᠢ ᠵᠣᠭᠣᠭ᠍ᠳᠠᠵᠤ ᠰᠠᠭᠤᠨ᠎ᠠ᠃
ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ ᠦᠨᠳᠦᠰᠦᠨ ᠱᠠᠲᠤᠨ᠎ᠳᠤ ᠣᠢᠷᠠᠲᠤᠪᠠᠯ ᠰᠠᠶᠢ ᠠᠮᠢᠵᠢᠷᠠᠯ᠎ᠤᠨ ᠬᠦᠴᠦᠨ᠎ᠲᠡᠶ ᠪᠣᠯᠤᠨ᠎ᠠ᠃
ᠪᠦᠬᠦ᠌ ᠣᠷᠣᠨ᠎ᠤ ᠡᠯ᠎ᠡ ᠭᠠᠵᠠᠷ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ ᠨᠢ ᠡᠩᠨᠡᠭᠡ᠂ ᠠᠭᠤᠯᠭ᠎ᠠ᠂ ᠠᠷᠭ᠎ᠠ ᠬᠡᠯᠪᠡᠷᠢ᠂ ᠲᠠᠯᠠᠪᠤᠷ ᠭᠠᠵᠠᠷ ᠵᠡᠷᠭᠡ ᠲᠠᠯ᠎ᠠ᠎ᠪᠠᠷ ᠢᠳᠡᠪᠬᠢᠲᠡᠢ ᠰᠦᠪᠡᠭ᠌ᠴᠢᠯᠡᠵᠦ᠍᠂ ᠤᠯᠠᠮᠵᠢᠯᠠᠯᠲᠤ ᠵᠢᠭ᠍ᠰᠠᠭᠠᠯ᠎ᠤᠨ ᠭᠠᠵᠠᠷ ᠪᠣᠯᠤᠨ ᠱᠢᠨ᠎ᠡ ᠠᠴᠢᠶᠠᠯᠠᠪᠤᠷᠢ ᠱᠢᠨ᠎ᠡ ᠠᠷᠭ᠎ᠠ ᠪᠠᠷᠢᠯ᠎ᠢ ᠨᠢᠭᠡᠳᠦᠯᠲᠡᠢ ᠲᠥᠯᠥᠪᠵᠢᠭᠦᠯᠦᠨ ᠠᠱᠢᠭ᠍ᠯᠠᠵᠤ ᠪᠠᠢ᠌ᠩᠭᠤᠵᠢᠭ᠍ᠰᠠᠨ ᠤᠬᠠᠭᠤᠯᠭ᠎ᠠ ᠬᠥᠮᠦᠵᠢᠯ᠎ᠢ ᠥᠷᠨᠢᠭᠦᠯᠵᠦ᠍᠂ 《ᠶᠡᠬᠡ ᠶᠣᠰᠣ》 ᠵᠢ 《ᠪᠠᠭ᠎ᠠ ᠦᠯᠢᠭᠡᠷ》 ᠲᠤ᠌ ᠠᠭᠤᠰᠤᠯᠴᠠᠭᠤᠯᠵᠤ᠂ ᠨᠡᠢᠲᠡᠯᠢᠭ ᠬᠡᠯᠡ᠎ᠶ᠋ᠢ ᠨᠤᠲᠤᠭ᠎ᠤᠨ ᠠᠶᠠᠯᠭᠤ ᠪᠣᠯᠭᠠᠵᠤ᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠡᠭᠡᠯ ᠵᠢᠷ᠎ᠦᠨ ᠭᠡᠷ ᠪᠦᠯᠢ᠎ᠳᠦ 《ᠣᠷᠣᠭᠤᠯᠪᠠ》᠃
ᠡᠯ ᠷᠸᠨ ᠲᠠᠢ ᠵᠢᠨ ᠦᠵᠡᠭᠳᠡᠯ᠎ᠳᠤ ᠵᠦᠴᠦᠭᠡ᠂ ᠴᠠᠷᠭᠢᠯ ᠬᠣᠯᠪᠣᠭ᠎ᠠ᠂ ᠬᠦᠭ᠌ᠵᠢᠮᠳᠡᠬᠦᠷᠢ ᠬᠠᠪᠰᠤᠷᠭᠠᠨ ᠳᠠᠭᠤᠯᠠᠬᠤ ᠁ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ 《ᠬᠤᠪᠢᠰᠭᠠᠯ᠎ᠤᠨ ᠤᠳᠤᠮᠰᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ》 ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠬᠢᠨ ᠤᠷᠠᠨ ᠰᠠᠢᠬᠠᠨ᠎ᠤ ᠲᠣᠭ᠍ᠯᠠᠯᠲᠠ ᠪᠣᠯᠤᠨ ᠤᠨᠤᠯ᠎ᠤᠨ ᠤᠬᠠᠭᠤᠯᠤᠨ ᠲᠠᠢᠯᠪᠤᠷᠢᠯᠠᠯᠲᠠ᠎ᠶ᠋ᠢ ᠤᠶᠠᠯᠳᠤᠭᠤᠯᠤᠭᠠᠤᠨ ᠦᠨᠳᠦᠰᠦᠨ ᠱᠠᠲᠤᠨ᠎ᠤ ᠤᠯᠠᠨ ᠲᠦᠮᠡᠨ᠎ᠦ ᠬᠦᠷᠢᠶᠡᠯᠡᠯ᠎ᠢ ᠣᠯᠵᠤ᠂ ᠰᠠᠢ᠌ᠨ ᠦᠨᠡᠯᠡᠯᠲᠡ᠎ᠶ᠋ᠢ ᠣᠯᠤᠭ᠍ᠰᠠᠨ ᠪᠠᠢᠨ᠎ᠠ᠃
ᠨᠢᠭᠡ ᠬᠥᠮᠦᠨ᠎ᠦ ᠶᠠᠷᠢᠬᠤ ᠡᠴᠡ ᠣᠯᠠᠨ᠎ᠢᠶᠠᠷ᠎ᠢᠶᠠᠨ ᠶᠠᠷᠢᠭ᠍ᠤ ᠬᠦᠷᠲᠡᠯ᠎ᠡ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠨᠢ《ᠡᠬᠡᠯ ᠠᠷᠠᠳ》᠎ᠤ᠋ᠨ ᠤᠬᠠᠭᠤᠯᠤᠨ ᠲᠠᠢᠯᠪᠤᠷᠢᠯᠠᠬᠤ ᠪᠦᠯᠬᠦᠮ᠎ᠢ ᠵᠣᠬᠢᠶᠠᠨ ᠪᠠᠢᠭᠤᠯᠵᠤ᠂ 《ᠠᠷᠠᠳ᠎ᠤᠨ ᠲᠤᠮᠳᠠᠬᠢ ᠨᠠᠷᠠᠳᠤ ᠬᠦᠮᠦᠰ》 ᠢ᠋ ᠳᠠᠢᠴᠢᠯᠠᠨ᠂ ᠳᠡᠷᠭᠡᠳᠡᠬᠢ ᠬᠥᠮᠦᠰ᠎ᠨᠢ ᠳᠡᠷᠭᠡᠳᠡᠬᠢ ᠶᠠᠪᠤᠳᠠᠯ᠎ᠢᠶᠠᠨ ᠶᠠᠷᠢᠵᠤ᠂ ᠠᠮᠢᠳᠤ ᠴᠣᠪᠣᠭᠣᠯᠢᠭ᠂ ᠬᠠᠨᠳᠤᠯᠭᠠᠲᠤ ᠴᠢᠨᠠᠷ᠎ᠢᠶᠠᠷ ᠴᠢᠩᠭ᠎ᠠ ᠪᠠᠢᠵᠤ᠂ ᠣᠯᠠᠨ ᠲᠦᠮᠡᠨ᠎ᠦ ᠪᠣᠯᠪᠠᠰᠤᠨ᠎ᠤ ᠦᠶ᠋ᠯᠡᠳᠦᠯᠭᠡ᠎ᠳᠦ ᠣᠷᠣᠯᠴᠠᠬᠤ ᠢᠳᠡᠪᠬᠢᠵᠢᠯ᠎ᠢ ᠴᠢᠩᠭᠠᠷᠠᠭᠤᠯᠪᠠ᠃
ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ ᠨᠤᠲᠤᠭ᠎ᠤᠨ ᠴᠢᠳᠠᠪᠤᠷᠢᠲᠠᠨ᠎ᠤ ᠡᠬᠢ ᠪᠠᠶᠠᠯᠢᠭ᠎ᠢ ᠭᠦᠶ᠋ᠴᠡᠳ ᠠᠭᠤᠳᠠᠯᠵᠤ᠂ 《ᠲᠠᠪᠤᠨ ᠠᠬᠠᠮᠠᠳ》 ᠂ ᠨᠤᠲᠤᠭ᠎ᠤᠨ ᠡᠷᠳᠡᠮᠲᠡᠨ ᠨᠠᠷᠠᠲᠤ ᠬᠥᠮᠦᠰ᠂ 《ᠠᠷᠠᠳ᠎ᠤᠨ ᠲᠤᠮᠳᠠᠬᠢ ᠨᠠᠷᠠᠲᠤ ᠬᠥᠮᠦᠰ》 ᠵᠡᠷᠭᠡ᠎ᠶ᠋ᠢ ᠣᠷᠣᠭᠤᠯᠤᠨ ᠠᠪᠴᠢᠷᠠᠬᠤ᠎ᠶ᠋ᠢ ᠬᠥᠲᠥᠯᠥᠨ ᠵᠢᠯᠣᠭᠣᠳᠴᠤ᠂《ᠬᠤᠪᠢᠰᠬᠠᠯ᠎ᠤᠨ ᠲᠠᠭᠤᠨ ᠬᠤᠭᠤᠯᠠᠢ ᠵᠢ ᠲᠠᠢᠯᠪᠤᠷᠢᠯᠡᠨ ᠰᠤᠷᠤᠯᠴᠠᠬᠤ ᠪᠦᠯᠬᠦᠮ》 ᠤ᠋ᠨ ᠡᠩᠨᠡᠭᠡᠨ᠎ᠳᠦ ᠣᠷᠣᠭᠤᠯᠵᠤ᠂ ᠠᠷᠪᠡᠨ ᠲᠤᠯᠤᠭᠠᠨ ᠦᠰᠦᠭᠳᠤ ᠰᠢᠯᠦᠭ᠂ ᠴᠠᠷᠭᠢᠯ ᠬᠣᠯᠪᠣᠭ᠎ᠠ ᠵᠡᠷᠭᠡ ᠣᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠶ ᠬᠡᠯᠪᠡᠷᠢ᠎ᠪᠡᠷ ᠳᠠᠮᠵᠢᠭᠤᠯᠤᠨ᠂ ᠱᠢᠨ᠎ᠡ ᠦᠵᠡᠯ ᠰᠠᠨᠠᠭ᠎ᠠ᠎ᠶ᠋ᠢ ᠤᠯᠠᠮᠵᠢᠯᠠᠵᠤ᠂ ᠱᠢᠨ᠎ᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠪᠠ᠃
ᠤᠳᠠᠭ᠎ᠠ ᠪᠦᠷᠢ᠎ᠶ᠋ᠢᠨ ᠭᠦᠨᠵᠡᠭᠡᠢ ᠪᠥᠭᠡᠳ ᠣᠢᠯᠠᠭᠠᠮᠵᠢᠲᠠᠢ ᠤᠬᠠᠭᠤᠯᠤᠨ ᠲᠠᠢᠯᠪᠤᠷᠢᠯᠠᠯᠳᠠ᠎ᠳᠦ᠂ ᠦᠭᠡ ᠪᠣᠯᠭᠠᠨ ᠨᠢ ᠴᠢᠬᠢᠨ᠎ᠳᠦ ᠬᠠᠳᠠᠩᠱᠢᠵᠤ᠂ ᠨᠠᠮ᠎ᠤᠨ ᠱᠢᠨ᠎ᠡ᠎ᠶ᠋ᠢ ᠡᠭᠦᠳᠬᠦ᠌ ᠤᠨᠤᠯ᠎ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠨᠠᠮ᠎ᠤᠨ ᠦᠭᠡ᠎ᠶ᠋ᠢ ᠰᠣᠨᠣᠰᠭᠤ᠂ ᠨᠠᠮ᠎ᠤᠨ ᠠᠴᠢ᠎ᠳᠤ ᠲᠠᠯᠠᠷᠬᠠᠬᠤ᠂ ᠨᠠᠮ᠎ᠢᠶᠠᠨ ᠳᠠᠭᠠᠬᠤ᠎ᠶ᠋ᠢ ᠬᠦᠳᠦᠯᠦᠨ ᠵᠢᠯᠣᠭᠣᠳᠭᠤ ᠪᠦᠲᠦᠮᠵᠢᠲᠡᠢ ᠠᠴᠢᠶᠠᠯᠠᠪᠤᠷᠢ ᠪᠣᠯᠭᠠᠪᠠ᠃
ᠲᠤᠬᠯᠠᠯᠳᠠ ᠵᠢᠨ ᠲᠠᠢᠰᠠ ᠪᠠᠢᠭᠤᠯᠪᠠ᠄ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠥᠮᠦᠰ᠎ᠦᠨ ᠰᠡᠳᠭᠢᠯ᠎ᠢ ᠳᠤᠯᠠᠭᠠᠴᠠᠭᠤᠯᠪᠠ
ᠤᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠲᠠᠢ ᠣᠨᠣᠪᠴᠢᠲᠠᠢ ᠵᠣᠯᠭᠠᠭᠤᠯᠬᠤ ᠪᠣᠯ ᠪᠣᠯᠪᠠᠰᠤᠨ᠎ᠤ ᠦᠢᠯᠡᠳᠦᠯᠭᠡ᠎ᠶ᠋ᠢᠨ ᠭᠣᠣᠯᠳᠠᠯᠭ᠎ᠠ᠎ᠶ᠋ᠢᠨ ᠳᠣᠲᠣᠷᠠᠬᠢ ᠭᠣᠣᠯᠳᠠᠯᠭ᠎ᠠ ᠪᠣᠯᠤᠨ᠎ᠠ᠂ ᠤᠯᠠᠨ ᠲᠦᠮᠡᠨ ᠬᠠᠮᠢᠭ᠎ᠠ ᠪᠠᠢᠪᠠᠯ ᠪᠣᠯᠪᠠᠰᠤᠨ᠎ᠤ ᠦᠢᠯᠡᠳᠦᠯᠭᠡ᠎ᠶ᠋ᠢᠨ ᠠᠵᠢᠯᠯᠠᠭ᠎ᠠ ᠲᠡᠨᠳᠡ ᠬᠦᠷᠲᠡᠯ᠎ᠡ ᠦᠷᠭᠦᠯᠵᠢᠯᠡᠨ᠎ᠠ ᠃
《ᠲᠠ ᠠᠢ ᠯᠢᠨ ᠱᠢᠭ ᠪᠠᠭᠠᠲᠤᠷᠯᠢᠭ ᠶᠠᠪᠤᠳᠠᠯ ᠬᠢᠵᠦ᠍ ᠥᠩᠭᠡᠷᠡᠭ᠌ᠰᠡᠨ ᠦᠦ? 》 《ᠬᠦᠪᠰᠤᠭᠡᠷ ᠰᠢᠬᠢᠷ ᠡᠭᠡᠴᠢ》 ᠶ᠋ᠢᠨ ᠢᠨᠭᠭᠢᠵᠦ ᠠᠰᠠᠭᠤᠬᠤ ᠵᠢ ᠳᠠᠭᠠᠯᠳᠤᠨ᠂ ᠪᠢᠴᠢᠬᠠᠨ ᠨᠠᠢᠵᠠ᠎ᠨᠠᠷ ᠬᠦᠭᠡᠷᠤᠯᠳᠤᠨ ᠶᠠᠷᠢᠯᠴᠠᠵᠤ᠂ ᠮᠠᠰᠢ ᠬᠥᠷ ᠬᠥᠭ᠌ᠵᠢᠶᠡᠨᠲᠡᠶ ᠪᠠᠢᠯ᠎ᠠ᠃ ᠭᠠᠷᠠᠭ ᠤᠨ ᠡᠳᠦᠷ ᠪᠤᠯᠭᠠᠨ ᠤ ᠦᠳᠡ᠎ᠶ᠋ᠢᠨ ᠬᠣᠢᠨᠠᠬᠢ 4 ᠴᠠᠭ 30 ᠮᠢᠨᠦ᠋ᠲ᠎ᠲᠦ᠂ ᠳ᠋ᠦᠩᠱᠧᠩ ᠲᠣᠭᠣᠷᠢᠭ᠎ᠤᠨ ᠨᠣᠮ᠎ᠤᠨ ᠰᠠᠩ᠎ᠤᠨ 《ᠬᠦᠪᠰᠤᠭᠡᠷ ᠰᠢᠬᠢᠷ ᠡᠭᠡᠴᠢ ᠦᠯᠢᠭᠡᠷ ᠶᠠᠷᠢᠬᠤᠢ》 ᠪᠣᠯᠵᠣᠭ᠎ᠠ ᠶᠣᠰᠣᠭᠠᠷ ᠡᠬᠢᠯᠡᠨ᠎ᠠ᠃ 《ᠬᠦᠪᠰᠤᠭᠡᠷ ᠰᠢᠬᠢᠷ ᠡᠭᠡᠴᠢ》 ᠬᠤᠤ ᠵᠢᠩ ᠵᠢᠷᠤᠭ᠎ᠤᠨ ᠳᠡᠪᠲᠡᠷ᠎ᠦᠨ ᠠᠭᠤᠯᠭ᠎ᠠ᠎ᠶ᠋ᠢ ᠲᠠᠬᠢᠨ ᠵᠣᠬᠢᠶᠠᠨ ᠪᠦᠲᠦᠭᠡᠵᠦ᠍᠂ ᠣᠷᠣᠨ ᠪᠦᠰᠡ᠎ᠶ᠋ᠢᠨ ᠰᠣᠶᠣᠯ᠎ᠳᠤ ᠠᠭᠤᠰᠤᠯᠴᠠᠭᠤᠯᠤᠭᠠᠤᠨ ᠦᠯᠢᠭᠡᠷ ᠨᠢ ᠠᠮᠢᠳᠤᠯᠢᠭ ᠪᠥᠭᠡᠳ ᠰᠣᠨᠢᠷᠬᠠᠯᠲᠠᠢ᠂ ᠬᠤᠷᠰᠢᠯᠴᠠᠨ ᠰᠣᠯᠢᠯᠴᠠᠵᠤ᠂ ᠪᠢᠴᠢᠬᠠᠨ ᠨᠠᠢᠵᠠ ᠪᠣᠯᠤᠨ ᠭᠡᠷ᠎ᠦᠨ ᠠᠬᠠᠮᠠᠳ᠎ᠤᠨ ᠲᠠᠭᠠᠰᠢᠶᠠᠯ᠎ᠢ ᠶᠡᠬᠡᠳᠡ ᠣᠯᠤᠭ᠍ᠰᠠᠨ ᠪᠠᠢᠨ᠎ᠠ᠃
《ᠬᠦᠪᠰᠤᠭᠡᠷ ᠰᠢᠬᠢᠷ ᠡᠭᠡᠴᠢ ᠥᠯᠢᠭᠡᠷ ᠶᠠᠷᠢᠬᠤᠢ》 ᠪᠣᠯ ᠣᠷᠳᠣᠰ ᠬᠣᠲᠠ᠎ᠶ᠋ᠢᠨ ᠳ᠋ᠦᠩᠱᠧᠩ ᠲᠣᠭᠣᠷᠢᠭ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠲᠥᠪ᠎ᠡᠴᠡ ᠭᠠᠷᠭᠠᠭ᠍ᠰᠠᠨ ᠣᠨᠴᠠᠯᠢᠭ᠍ᠲᠤ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ ᠪᠣᠯᠤᠨ᠎ᠠ᠃ ᠡᠢᠮᠦᠷᠬᠦᠤ ᠥᠪᠡᠷᠮᠢᠴᠡ ᠣᠨᠴᠠᠯᠢᠭ᠎ᠲᠠᠶ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ᠎ᠨᠢ ᠨᠢᠭᠡᠨᠲᠡ ᠪᠥᠬᠥ᠌ ᠣᠷᠣᠨ᠎ᠳᠤ ᠨᠡᠢᠳᠡᠮ ᠳᠡᠯᠭᠡᠷᠡᠭ᠌ᠰᠡᠨ ᠪᠠᠢᠨ᠎ᠠ᠃
ᠡᠯ᠎ᠡ ᠭᠠᠵᠠᠷ᠎ᠤᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠲᠥᠪ ᠲᠤᠰ ᠭᠠᠵᠠᠷ᠎ᠤᠨ ᠡᠬᠢ ᠪᠠᠶᠠᠯᠢᠭ᠎ᠢᠶᠠᠨ ᠠᠮᠢᠯᠠᠭᠤᠯᠵᠤ᠂ ᠤᠨᠴᠠᠯᠢᠬ᠍ᠳᠤ ᠲᠦᠷᠦᠯ ᠲᠡᠮᠳᠡᠭ᠎ᠢ ᠡᠭᠦᠳᠴᠦ᠍᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭ᠍ᠲᠠᠴᠠ᠎ᠶ᠋ᠢ ᠪᠠᠢᠭᠤᠯᠵᠤ᠂ ᠤᠯᠠᠨ ᠲᠦᠮᠡᠨ᠎ᠦ ᠪᠠᠴᠢᠮ ᠶᠠᠪᠤᠳᠠᠯ᠂ ᠬᠦᠴᠢᠷ ᠶᠠᠪᠤᠳᠠᠯ᠂ ᠰᠠᠨᠠᠭᠠᠰᠢᠷᠠᠵᠤ ᠪᠠᠢᠭ᠎ᠠ ᠶᠠᠪᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠲᠦᠮᠡᠨ᠎ᠢ ᠵᠣᠬᠢᠶᠠᠨ ᠪᠠᠢᠭᠤᠯᠬᠤ᠂ ᠤᠯᠠᠨ ᠲᠦᠮᠡᠨ᠎ᠳᠦ ᠤᠬᠠᠭᠤᠯᠬᠤ᠂ ᠤᠯᠠᠨ ᠲᠦᠮᠡᠨ᠎ᠢ ᠬᠥᠮᠦᠵᠢᠭᠦᠯᠬᠦ᠌ ᠲᠤᠱᠢᠶᠠᠯ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠢᠴᠡᠳᠭᠡᠵᠦ᠍᠂ ᠪᠣᠳᠠᠲᠤ ᠦᠷ᠎ᠡ ᠪᠦᠲᠦᠮᠵᠢ᠎ᠪᠡᠷ᠎ᠢᠶᠡᠨ ᠤᠯᠠᠨ ᠲᠦᠮᠡᠨ᠎ᠦ ᠮᠠᠭ᠍ᠲᠠᠭᠠᠯ ᠰᠠᠢᠱᠢᠶᠠᠯ᠎ᠢ ᠤᠯᠪᠠ᠃
《ᠤᠳᠤᠬᠠᠨ᠎ᠳᠤ ᠶᠠᠭ ᠬᠦᠯᠡᠮᠵᠢ ᠵᠢᠨ ᠲᠦᠪᠡᠳ ᠬᠠᠰᠢ ᠲᠡᠬᠦᠬᠦ ᠬᠦᠭᠵᠢᠶᠠᠨᠳᠠᠢ ᠤᠯᠠᠷᠢᠯ ᠲᠤᠬᠢᠶᠠᠵᠤ᠂ ᠭᠡᠷ ᠲᠤ᠌ ᠬᠦᠳᠡᠯᠮᠤᠷᠢ ᠬᠦᠴᠤ ᠲᠤᠳᠠᠬᠳᠠᠬᠰᠡᠨ ᠡᠴᠡ ᠴᠠᠭ ᠲᠤᠬᠠᠢ ᠳ᠋ᠤᠨᠢ ᠲᠡᠬᠦᠵᠤ ᠬᠤᠷᠢᠶᠠᠵᠤ ᠲᠠᠢᠯᠬᠦ ᠦᠭᠡᠢ ᠪᠤᠯᠪᠠ᠂ ᠬᠠᠮᠤᠭ᠎ᠤᠨ ᠰᠠᠢᠨ ᠪᠤᠷᠤᠯᠠᠭᠤᠯᠬᠤ ᠴᠠᠭ ᠲᠤᠬᠢᠶᠠᠯ᠎ᠢ ᠠᠯᠳᠠᠪᠡᠯ ᠪᠢᠳᠠᠨ᠎ᠤ ᠬᠤᠬᠢᠷᠠᠯ ᠶᠡᠭᠡ ᠪᠤᠯᠤᠨ᠎ᠠ ᠁》 ᠤᠯᠠᠭᠠᠨᠬᠠᠳᠠ ᠬᠤᠳᠠ᠎ᠶ᠋ᠢᠨ ᠰᠦᠩᠱᠠᠨ ᠲᠣᠭᠣᠷᠢᠭ᠎ᠤᠨ ᠲᠡᠭᠡᠷ᠎ᠠ ᠨᠤᠶᠠᠨ ᠲᠠᠷᠢᠶ᠎ᠠ ᠪᠠᠯᠭᠠᠰᠤᠨ᠎ᠤ ᠳ᠋ᠠ ᠦ᠋ ᠵᠢᠶᠠ ᠽᠢ ᠲᠣᠰᠭᠣᠨ᠎ᠤ ᠬᠡᠳᠦᠨ ᠡᠷᠦᠬᠡ ᠲᠣᠰᠭᠣᠨ᠎ᠤ ᠠᠷᠠᠳ ᠬᠦᠴᠢᠷ ᠠᠰᠠᠭᠤᠳᠠᠯ᠎ᠳᠤ ᠲᠤᠯᠭᠠᠷᠠᠪᠠ᠃ ᠪᠠᠯᠭᠠᠰᠤᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠭᠠᠵᠠᠷ 《ᠵᠠᠬᠢᠶᠠᠯᠠᠭ᠎ᠠ᠎ᠶ᠋ᠢᠨ ᠬᠠᠭᠤᠳᠠᠰᠤ》 ᠶ᠋ᠢ ᠣᠯᠤᠭ᠍ᠰᠠᠨ᠎ᠤ ᠳᠠᠷᠠᠭ᠎ᠠ᠂ ᠦᠳᠲᠡᠷ ᠲᠦᠷᠭᠡᠨ ᠨᠠᠮ᠎ᠤᠨ ᠭᠡᠱᠢᠭᠦᠨ᠎ᠦ ᠬᠣᠱᠢᠭᠤᠴᠢ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ᠎ᠶ᠋ᠢ ᠵᠣᠬᠢᠶᠠᠨ ᠪᠠᠢᠭᠤᠯᠵᠤ ᠳ᠋ᠠ ᠡᠣ᠌ ᠱᠢ ᠵᠢᠶᠠ ᠽᠢ ᠲᠣᠰᠭᠣᠨ᠎ᠳᠤ ᠬᠦᠷᠴᠦ᠍᠂ ᠲᠠᠷᠢᠶᠠᠴᠢᠳ᠎ᠢ ᠬᠠᠪᠰᠤᠷᠤᠨ ᠲᠥᠪᠡᠳ ᠬᠠᠰᠢ᠎ᠶ᠋ᠢ ᠨᠢ ᠵᠠᠪᠳᠤᠨ ᠬᠤᠷᠢᠶᠠᠪᠠ᠃
ᠠᠷᠠᠳ ᠢᠷᠭᠡᠳ 《ᠵᠠᠬᠢᠶᠠᠯᠠᠭ᠎ᠠ ᠥᠭ᠌ᠴᠤ》 ᠂ ᠰᠠᠢᠨ ᠳᠤᠷᠠᠴᠤᠤᠯ 《ᠵᠠᠬᠢᠶᠠᠯᠠᠭ᠎ᠠ ᠭᠥᠯᠢᠶᠡᠨ ᠠᠪᠴᠤ᠌》᠂ ᠦᠢᠯᠡᠴᠢᠯᠡᠭᠡ ᠪᠡᠨ ᠬᠠᠮᠤᠭ᠎ᠤᠨ ᠶᠡᠭᠡ ᠬᠡᠮᠵᠢᠶ᠎ᠠ ᠪᠡᠷ ᠨᠠᠷᠢᠯᠢᠭ ᠤᠨᠤᠪᠴᠢᠳᠠᠢ ᠪᠦᠭᠡᠳ ᠬᠠᠨᠤᠮᠵᠢᠳᠠᠢ ᠪᠤᠯᠭᠠᠪᠠ᠃
ᠡᠳᠦᠭᠡ᠂ ᠬᠥᠳᠡᠭᠡ ᠲᠣᠰᠭᠣᠨ᠎ᠤ ᠬᠡᠷ᠎ᠲᠡᠭᠡᠨ ᠬᠣᠴᠣᠷᠤᠭ᠍ᠰᠠᠨ ᠨᠠᠰᠤᠲᠠᠨ᠂ ᠭᠤᠤᠨᠢ ᠨᠠᠰᠤᠲᠠᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠨ᠎ᠠ᠂ ᠠᠮᠢᠳᠤᠷᠠᠯ᠎ᠤᠨ ᠬᠠᠪᠰᠤᠷᠤᠮᠵᠢ ᠪᠠ ᠰᠡᠳᠭᠢᠴᠡ᠎ᠶ᠋ᠢᠨ ᠲᠠᠢᠳᠭᠤᠷᠠᠭᠤᠯᠤᠯ ᠡᠳᠡᠬᠡᠷ ᠬᠥᠮᠦᠰ᠎ᠲᠤ ᠮᠠᠰᠢ ᠲᠤᠯᠭᠠᠮ ᠱᠠᠭᠠᠷᠳᠠᠭᠳᠠᠵᠦ ᠪᠠᠢᠨ᠎ᠠ᠃ ᠪᠤᠭᠤᠲᠤ ᠬᠣᠲᠠ᠎ᠶ᠋ᠢᠨ ᠭᠦᠶᠡᠩ ᠱᠢᠶᠠᠨ᠎ᠤ 《ᠵᠤᠭᠤᠭᠳᠠᠬᠤ》 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠢᠳᠡᠪᠬᠢᠲᠡᠶ ᠠᠵᠢᠯᠯᠠᠵᠤ᠂ ᠡᠨᠡ ᠬᠦ᠌ ᠬᠦᠴᠢᠷ ᠠᠰᠠᠭᠤᠳᠠᠯ᠎ᠢ ᠱᠢᠶ᠋ᠳᠪᠦᠷᠢᠯᠡᠪᠡ᠄ ᠰᠠᠢᠨ ᠳᠤᠷᠠᠴᠤᠤᠯ ᠨᠠᠰᠤᠲᠠᠨ᠎ᠲᠠᠶ ᠵᠤᠭᠤᠬᠳᠠᠵᠤ᠂ ᠨᠠᠰᠤᠲᠠᠨ᠎ᠳᠤ ᠨᠣᠭᠣᠭ᠎ᠠ ᠬᠤᠳᠠᠯᠳᠤᠨ ᠠᠪᠴᠤ᠌ ᠦᠭᠬᠦᠨ ᠡᠮ ᠬᠦᠷᠭᠡᠵᠦ᠍᠂ ᠣᠶᠤᠨᠴᠢ ᠭᠠᠷ ᠤᠲᠠᠰᠤ ᠬᠡᠷᠡᠭ᠌ᠯᠡᠬᠦ᠌᠎ᠶ᠋ᠢ ᠵᠢᠭᠠᠵᠤ ᠥᠭ᠌ᠪᠡ ᠁ ᠨᠠᠷᠢᠯᠢᠭ ᠣᠨᠣᠴᠠᠲᠠᠶ᠎ᠪᠠᠷ ᠨᠠᠷᠢᠨ ᠨᠢᠮᠪᠠᠶ ᠬᠠᠪᠰᠤᠷᠤᠨ ᠲᠡᠳᠬᠦᠵᠦ᠍ ᠪᠠᠢᠭᠠᠳ ᠬᠦᠴᠢᠷᠳᠡᠯᠲᠡᠶ ᠣᠯᠠᠨ ᠲᠦᠮᠡᠨ᠎ᠳᠦ ᠨᠠᠮ᠎ᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠪᠡ᠃
ᠣᠳᠣᠬᠠᠨ᠎ᠳᠤ᠂ ᠪᠥᠬᠥ᠌ ᠣᠷᠣᠨ᠎ᠳᠦ ᠲᠠᠨᠭᠰᠠᠯᠠᠬᠰᠡᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠡᠩᠨᠡᠭᠡ 2.62 ᠲᠦᠮᠡ᠂ ᠢᠳᠡᠪᠬᠢᠳᠡᠢ ᠰᠠᠢᠨ ᠳᠤᠷᠠᠴᠢᠨ 193 ᠲᠦᠮᠡ ᠪᠠᠢᠵᠤ᠂ 《ᠪᠢ ᠲᠠᠨ᠎ᠢ ᠬᠠᠪᠰᠤᠷᠤᠶ᠎ᠠ》 ᠭᠡᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠣᠯᠠᠨ ᠨᠡᠢᠲᠡ᠎ᠶ᠋ᠢᠨ ᠨᠠᠷᠠᠲᠤ ᠲᠡᠮᠳᠡᠭ᠌ᠲᠦ᠍᠎ᠶ᠋ᠢ ᠴᠤᠤᠷᠢᠶᠠᠲᠤᠭᠤᠯᠵᠤ᠂ ᠣᠷᠳᠣᠰ ᠬᠣᠲᠠ᠎ᠶ᠋ᠢᠨ 《ᠨᠠᠮ᠎ᠤᠨ ᠭᠡᠱᠢᠭᠦᠨ᠎ᠦ ᠤᠯᠠᠭᠠᠨ ᠬᠦᠷᠮ᠎ᠡ》᠂ ᠠᠯᠠᠱᠠ ᠠᠢᠮᠠᠭ᠎ᠤᠨ 《ᠠᠯᠠᠱᠠ ᠵᠢᠨ ᠨᠠᠢᠳᠠ ᠵᠢᠨ ᠠᠰᠠᠷᠠᠮᠵᠢ +》᠂ ᠬᠢᠩᠭᠠᠨ ᠠᠢᠮᠠᠭ᠎ᠤᠨ 《ᠨᠠᠮ ᠡᠴᠡ ᠨᠠᠮᠠᠢ᠍ᠢ ᠲᠤᠮᠢᠯᠠᠵᠤ ᠦᠶ᠋ᠯᠡᠴᠢᠯᠡᠬᠦᠯᠬᠦ》 ᠵᠡᠷᠭᠡ ᠠᠢᠮᠠᠭ ᠬᠣᠲᠠ᠎ᠶ᠋ᠢᠨ ᠨᠠᠷᠠᠲᠤ ᠲᠡᠮᠳᠡᠭ᠌ᠲᠦ᠍᠎ᠶ᠋ᠢ ᠪᠣᠶ ᠪᠣᠯᠭᠠᠪᠠ᠃
ᠲᠠᠪᠴᠠᠩ ᠪᠠᠢᠭᠤᠯᠪᠠ᠄ ᠬᠡᠪ ᠵᠠᠩᠱᠢᠯ᠎ᠢ ᠥᠭᠡᠷᠡᠴᠢᠯᠡᠵᠦ᠍ ᠱᠢᠨ᠎ᠡ ᠰᠤᠷᠲᠠᠯ᠎ᠢ ᠪᠠᠳᠠᠷᠠᠭᠤᠯᠪᠠ
2021 ᠣᠨ᠎ᠤ ᠡᠪᠦᠯ᠂ ᠦᠦᠱᠢᠨ ᠬᠣᠱᠢᠭᠤᠨ᠎ᠤ ᠲᠤᠭ ᠪᠠᠯᠭᠠᠰᠤᠨ᠎ᠤ ᠬᠤᠯᠤᠰᠤ ᠲᠣᠰᠭᠣᠨ᠎ᠤ ᠮᠦ᠍ ᠢᠦᠢ ᠳ᠋ᠦᠩ ᠥᠪᠡᠷ᠎ᠦᠨ ᠬᠤᠷᠢᠮᠯᠠᠭ᠍ᠰᠠᠨ ᠡᠳᠦᠷ᠎ᠤᠨ ᠪᠠᠶᠠᠷ᠎ᠢᠶᠠᠨ ᠤᠭ᠍ᠲᠤᠨ ᠠᠪᠤᠯ᠎ᠠ᠃ ᠭᠡᠲᠡᠯ᠎ᠡ ᠬᠥᠮᠦᠰ᠎ᠢ ᠭᠠᠢᠬᠠᠰᠢ ᠠᠯᠳᠠᠭᠤᠯᠤᠬᠰᠡᠨ ᠨᠢ ᠡᠢᠮᠦ᠍ ᠪᠠᠶᠠᠷ ᠬᠥᠷ᠎ᠲᠡᠶ ᠡᠳᠦᠷ ᠴᠦ᠍ ᠭᠡᠰᠡᠨ᠂ ᠬᠦᠷᠢᠶᠡᠨ᠎ᠳᠦ᠎ᠨᠢ ᠬᠤᠸᠠᠷ ᠫᠤᠤᠵᠢᠩ᠂ ᠭᠡᠯᠬᠢᠶ᠎ᠠ ᠫᠤᠤᠵᠢᠩ ᠲᠠᠯᠪᠢᠭ᠍ᠰᠠᠨ ᠦᠭᠡᠢ᠃ ᠦᠪᠡᠳᠡᠭ᠌ᠰᠢ ᠶᠡᠬᠡ ᠬᠡᠭᠡᠨᠴᠢᠷ ᠶᠣᠰᠣᠯᠠᠯ ᠦᠭᠡᠢ ᠪᠣᠯᠪᠠᠴᠤ᠌ ᠬᠥᠳᠡᠭᠡ ᠲᠣᠰᠭᠣᠨ ᠳ᠋ᠤ ᠪᠣᠷᠣᠭ᠍ᠵᠢᠭᠤᠨ ᠨᠠᠷᠭᠢᠶᠠᠨ ᠨᠡᠮᠡᠵᠦ᠍᠂ ᠪᠦᠬᠦ᠌ ᠲᠣᠰᠭᠣᠨ᠎ᠤ ᠠᠷᠠᠳ ᠤᠯᠠᠨ᠎ᠦ ᠬᠦᠰᠡᠯ ᠵᠥᠩᠨᠡᠯ᠎ᠢ ᠣᠯᠤᠭ᠍ᠰᠠᠨ ᠪᠠᠢᠨ᠎ᠠ᠃
ᠡᠨᠡ ᠬᠦ᠌ ᠬᠤᠪᠢᠷᠠᠯᠲᠠ ᠨᠢ ᠬᠤᠯᠤᠰᠤ ᠲᠣᠰᠭᠣᠨ᠎ᠤ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠶ᠋ᠢᠨ ᠰᠠᠢᠨ ᠳᠤᠷᠠᠴᠤᠤᠯ᠎ᠤᠨ ᠴᠢᠷᠮᠠᠢᠯᠭ᠎ᠠ᠎ᠡᠴᠡ ᠰᠠᠯᠵᠤ ᠴᠢᠳᠠᠬᠤ ᠥᠬᠡᠶ ᠶᠤᠮ᠃ ᠲᠠᠳᠠ ᠣᠯᠠᠨ ᠲᠦᠮᠡᠨ᠎ᠦ ᠬᠡᠷ᠎ᠲᠦ ᠭᠦᠨᠵᠡᠭᠡᠢᠷᠡᠨ᠂ ᠲᠠᠷᠢᠶᠠᠨ ᠭᠠᠵᠠᠷ᠎ᠲᠤ ᠰᠠᠨᠠᠭᠠᠴᠢᠯᠠᠭ᠎ᠠ᠎ᠶ᠋ᠢᠨ ᠪᠢᠴᠢᠭ ᠲᠠᠷᠬᠠᠭᠠᠵᠤ᠂ ᠵᠢᠷᠬᠢᠶ᠎ᠠ ᠵᠢᠨ ᠴᠤᠭ᠍ᠯᠠᠷᠠᠯ᠂ ᠤᠬᠠᠭᠤᠯᠭ᠎ᠠ᠎ᠶ᠋ᠢᠨ ᠪᠤᠯᠤᠩ ᠵᠡᠷᠭᠡ ᠡᠯ᠎ᠡ ᠲᠥᠷᠥᠯ᠎ᠦᠨ ᠵᠠᠭᠤᠴᠢᠯᠠᠭᠤᠷ᠎ᠢᠶᠠᠷ ᠳᠠᠮᠵᠢᠭᠤᠯᠤᠨ ᠪᠦᠬᠦ ᠲᠠᠯ᠎ᠠ᠎ᠶ᠋ᠢᠨ ᠤᠬᠠᠭᠤᠯᠭ᠎ᠠ᠎ᠶ᠋ᠢ ᠥᠷᠨᠢᠭᠦᠯᠵᠦ᠍᠂ ᠬᠡᠷ ᠬᠡᠷ᠎ᠤᠨ ᠲᠤᠬᠢᠶᠠᠯᠳᠤᠬᠤ ᠪᠠᠶᠠᠷ ᠨᠠᠢᠷ ᠭᠠᠰᠢᠭᠤᠳᠠᠯ᠎ᠤᠨ ᠶᠠᠪᠤᠳᠠᠯ᠎ᠢ ᠭᠤᠤᠯᠳᠠᠯᠭ᠎ᠠ᠎ᠲᠠᠶ ᠤᠢᠯᠠᠭᠠᠨ ᠵᠢᠭ᠍ᠰᠠᠭᠠᠵᠤ᠂ ᠤᠬᠠᠭᠤᠯᠭ᠎ᠠ ᠬᠢᠵᠦ᠍ ᠬᠥᠲᠥᠯᠥᠨ ᠵᠢᠯᠣᠭᠣᠳᠪᠠ᠃ ᠬᠡᠳᠦᠨ ᠦᠶ᠎ᠡ ᠪᠠᠷ ᠦᠷᠭᠦᠯᠵᠢᠯᠡᠭ᠌ᠰᠡᠨ 《ᠬᠠᠭᠤᠴᠢᠨ ᠶᠤᠰᠤ》 ᠵᠢ ᠥᠭᠡᠷᠡᠴᠢᠯᠡᠵᠦ᠍᠂ ᠶᠡᠬᠡᠪᠡᠷ ᠬᠢᠬᠦ᠌ ᠶᠠᠪᠤᠳᠠᠯ᠎ᠢ ᠪᠦᠲᠦᠮᠵᠢᠲᠡᠶ ᠬᠣᠷᠢᠭ᠍ᠯᠠᠭᠰᠠᠨ ᠵᠢᠨᠷ ᠲᠣᠰᠭᠣᠨ᠎ᠤ ᠠᠷᠠᠳ 《ᠬᠤᠷᠢᠮ ᠨᠠᠢᠷ᠎ᠤᠨ ᠥᠷᠢ ᠦᠭᠴᠡᠬᠡ》 ᠶ᠋ᠢᠨ ᠲᠥᠯᠥᠭᠡ ᠵᠣᠪᠠᠬᠤ᠎ᠪᠠᠨ ᠪᠤᠯᠢᠵᠤ᠂ ᠠᠵᠤ ᠠᠬᠤᠶ᠎ᠶ᠋ᠢᠨ ᠳᠠᠷᠤᠭᠠᠰᠤ ᠴᠤ᠌ ᠬᠥᠩᠭᠡᠷᠡᠵᠦ᠍᠂ ᠠᠱᠢᠭ ᠭᠥᠷᠳᠡᠭ᠌ᠰᠡᠨ ᠪᠠᠢᠨ᠎ᠠ᠃
ᠬᠡᠪ ᠵᠠᠩᠱᠢᠯ᠎ᠢ ᠥᠭᠡᠷᠡᠴᠢᠯᠡᠬᠦ᠌᠎ᠶ᠋ᠢ ᠠᠬᠢᠭᠤᠯᠵᠤ᠂ ᠪᠣᠯᠪᠠᠰᠤᠨ ᠱᠢᠨ᠎ᠡ ᠰᠤᠷᠲᠠᠯ᠎ᠢ ᠪᠠᠳᠠᠷᠠᠭᠤᠯᠬᠤ᠎ᠳᠤ ᠵᠥᠪ ᠲᠠᠯ᠎ᠠ᠎ᠶ᠋ᠢᠨ ᠤᠳᠤᠷᠢᠳᠤᠮᠵᠢ ᠪᠠ ᠦᠯᠢᠭᠡᠷ ᠳᠠᠭᠤᠷᠢᠶᠠᠯ᠎ᠤᠨ ᠳᠠᠭᠠᠭᠤᠯᠭ᠎ᠠ᠎ᠡᠴᠡ ᠰᠠᠯᠵᠤ ᠴᠢᠳᠠᠬᠤ ᠦᠭᠡᠢ᠃ ᠨᠠᠶ᠋ᠮᠠᠨ ᠬᠣᠱᠢᠭᠤᠨ᠎ᠤ ᠴᠢᠩ ᠯᠦᠩ ᠱᠠᠨ ᠪᠠᠯᠭᠠᠰᠤᠨ᠎ᠤ ᠱᠢᠶᠠ ᠳ᠋ᠢ ᠲᠣᠰᠭᠣᠨ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠥᠷᠲᠡᠭᠡ᠎ᠳᠦ ᠲᠦᠱᠢᠭ᠌ᠯᠡᠨ᠂ ᠶᠣᠰᠣ ᠰᠤᠷᠲᠠᠬᠤᠨ᠎ᠤ ᠦᠨᠡᠯᠡᠯᠲᠡ᠎ᠶ᠋ᠢᠨ ᠬᠤᠷᠠᠯ᠎ᠢ ᠵᠣᠬᠢᠶᠠᠨ ᠪᠠᠢᠭᠤᠯᠬᠤ᠂ ᠣᠯᠠᠨ᠎ᠢ ᠵᠣᠬᠢᠶᠠᠨ ᠪᠠᠢᠭᠤᠯᠤᠨ ᠳᠡᠷᠭᠡᠳᠡᠬᠢ ᠰᠠᠢᠨ ᠬᠥᠮᠦᠨ ᠰᠠᠢᠨ ᠶᠠᠪᠤᠳᠠᠯ᠎ᠢ ᠦᠨᠡᠯᠡᠬᠦ᠌᠂ ᠲᠣᠰᠭᠣᠨ᠎ᠤ ᠳᠣᠲᠣᠷᠠᠬᠢ ᠪᠣᠯᠪᠠᠰᠤᠨ ᠪᠤᠰᠤ ᠦᠵᠡᠭ᠌ᠳᠡᠯ᠎ᠢ ᠰᠢᠬᠦᠮᠵᠢᠯᠠᠨ ᠶᠠᠷᠢᠯᠴᠠᠬᠤ᠂ 《ᠬᠠᠮᠤᠭ᠎ᠤᠨ ᠭᠣᠶᠣ ᠬᠡᠷ ᠪᠦᠯᠢ》᠂ 《ᠰᠠᠢᠨ ᠰᠠᠢᠬᠠᠨ ᠬᠡᠷ᠎ᠦᠨ ᠰᠤᠷᠲᠠᠯ᠎ᠤᠨ ᠵᠢᠱ᠌ᠢᠶ᠎ᠡ ᠦᠵᠡᠭᠦᠯᠬᠦ᠌ ᠡᠷᠦᠬᠡ》᠂ 《ᠬᠠᠮᠤᠭ᠎ᠤᠨ ᠭᠣᠶᠣ ᠬᠦᠷᠢᠶ᠎ᠡ ᠬᠠᠰᠢᠶ᠎ᠠ》 ᠵᠡᠷᠭᠡ ᠡᠯ᠎ᠡ ᠲᠥᠷᠥᠯ᠎ᠦᠨ ᠥᠯᠢᠭᠡᠷ ᠳᠠᠭᠤᠷᠢᠶᠠᠯ᠎ᠢ ᠱᠢᠯᠭᠠᠷᠠᠭᠤᠯᠤᠨ ᠲᠠᠨᠢᠯᠴᠠᠭᠤᠯᠵᠤ᠂ ᠥᠯᠢᠭᠡᠷ ᠳᠠᠭᠤᠷᠢᠶᠠᠯ᠎ᠤᠨ ᠨᠥᠯᠥᠭᠡᠯᠡᠬᠦ᠌ ᠬᠦᠴᠦᠨ ᠪᠠ ᠤᠷᠢᠶᠠᠯᠠᠬᠤ ᠬᠦᠴᠦᠨ᠎ᠢ ᠪᠠᠳᠠᠷᠠᠭᠤᠯᠪᠠ᠃
ᠪᠠᠶᠠᠨᠨᠠᠭᠤᠷ ᠬᠣᠲᠠ ᠪᠣᠯᠪᠠᠰᠤᠨ ᠬᠡᠷ ᠪᠦᠯᠢ᠂ ᠶᠣᠰᠣ ᠰᠤᠷᠲᠠᠬᠤᠨ᠎ᠤ ᠵᠢᠱ᠌ᠢᠶᠡᠴᠢ᠂ ᠠᠷᠢᠭᠤᠨ ᠴᠡᠪᠡᠷ ᠠᠢᠯ ᠡᠷᠦᠬᠡ᠂ ᠪᠠᠶᠠᠨᠨᠠᠭᠤᠷ᠎ᠤᠨ ᠠᠵᠢᠯᠴᠢ ᠪᠡᠷᠢ ᠵᠡᠷᠭᠡ᠎ᠶ᠋ᠢ ᠱᠢᠯᠭᠠᠷᠠᠭᠤᠯᠬᠤ ᠠᠵᠢᠯᠯᠠᠭ᠎ᠠ᠎ᠶ᠋ᠢ ᠶᠡᠬᠡ ᠪᠡᠷ ᠥᠷᠨᠢᠭᠦᠯᠵᠦ᠍᠂ ᠮᠠᠯᠴᠢᠨ ᠲᠠᠷᠢᠶᠠᠴᠢᠨ᠎ᠢ ᠬᠥᠲᠥᠯᠦᠨ ᠵᠢᠯᠣᠭᠣᠳᠴᠤ᠌ ᠪᠠᠢᠭᠠᠳ ᠠᠵᠢᠯ᠎ᠢᠶᠠᠨ ᠠᠳᠠᠯᠢᠳᠭᠠᠨ᠂ ᠲᠡᠷᠢᠭᠦᠨ᠎ᠦ ᠪᠣᠯᠬᠤ᠎ᠪᠠᠷ ᠴᠢᠷᠮᠠᠢᠵᠤ᠂ ᠬᠥᠳᠡᠭᠡ ᠲᠣᠰᠭᠣᠨ᠎ᠤ ᠬᠡᠪ ᠰᠤᠷᠲᠠᠯ᠎ᠢ ᠰᠢᠨᠠᠴᠢᠯᠠᠨ ᠰᠠᠢᠵᠢᠷᠠᠭᠤᠯᠵᠤ ᠪᠤᠢ᠃
ᠬᠤᠷᠢᠮ ᠤᠷᠤᠰᠢᠭᠤᠯᠭ᠎ᠠ ᠵᠢᠨ ᠶᠣᠰᠣ᠎ᠶ᠋ᠢ ᠵᠢᠷᠤᠮᠵᠢᠭᠤᠯᠵᠤ᠂ ᠲᠣᠰᠭᠣᠨ᠎ᠤ ᠲᠣᠭ᠍ᠲᠠᠭᠠᠯ ᠠᠷᠠᠳ᠎ᠤᠨ ᠭᠡᠷ᠎ᠡ᠂ ᠬᠣᠲᠠ᠎ᠶ᠋ᠢᠨ ᠠᠷᠠᠳ᠎ᠤᠨ ᠨᠡᠢᠲᠡ᠎ᠶ᠋ᠢᠨ ᠭᠡᠷ᠎ᠡ᠎ᠶ᠋ᠢ ᠲᠡᠭᠦᠯᠳᠡᠷᠵᠢᠭᠦᠯᠵᠦ᠍᠂ ᠬᠤᠷᠢᠮ ᠤᠷᠤᠰᠢᠭᠤᠯᠭ᠎ᠠ ᠵᠢᠨ ᠬᠡᠷᠡᠭ ᠡᠷᠬᠢᠯᠡᠭ᠌ᠴᠢᠳ᠎ᠦᠨ ᠬᠤᠷᠠᠯ᠎ᠢ ᠪᠠᠢᠭᠤᠯᠵᠤ᠂ ᠬᠤᠷᠢᠮ ᠤᠷᠤᠰᠢᠭᠤᠯᠭ᠎ᠠ ᠵᠢᠨ ᠶᠠᠪᠤᠳᠠᠯ᠎ᠢ ᠱᠢᠨ᠎ᠡ᠎ᠪᠡᠷ ᠡᠷᠭᠢᠯᠡᠬᠦ᠌ ᠪᠠ ᠲᠥᠬᠥᠮ ᠭᠦᠶ᠋ᠴᠡᠳᠭᠡᠬᠦ᠌᠎ᠶ᠋ᠢ ᠰᠠᠨᠠᠭᠠᠴᠢᠯᠠᠪᠠ; ᠣᠯᠠᠨ ᠶᠠᠩᠵᠤ ᠬᠡᠯᠪᠡᠷᠢ᠎ᠶ᠋ᠢᠨ 《ᠪᠣᠯᠪᠠᠰᠤᠨ᠎ᠢ ᠡᠷᠬᠢᠮᠯᠡᠬᠦ᠌᠂ ᠱᠢᠨ᠎ᠡ ᠬᠡᠪ ᠰᠤᠷᠲᠠᠯ᠎ᠢ ᠪᠣᠶ ᠪᠣᠯᠭᠠᠬᠤ》 ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠥᠷᠨᠢᠭᠦᠯᠵᠦ᠍᠂ ᠢᠳᠡᠪᠬᠢᠲᠡᠶ ᠥᠭᠡᠳᠡᠷᠬᠡᠭ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠪᠠ ᠁ ᠪᠥᠬᠥ᠌ ᠣᠷᠣᠨ᠎ᠤ ᠡᠯ᠎ᠡ ᠭᠠᠵᠠᠷ᠎ᠤᠨ ᠬᠢᠨ ᠠᠯᠢ ᠣᠯᠠᠨ ᠬᠠᠢᠨ ᠰᠥᠪᠡᠭ᠌ᠴᠢᠯᠡᠯᠲᠡ ᠬᠢᠬᠦ᠌᠎ᠪᠡᠷ ᠳᠠᠮᠵᠢᠭᠤᠯᠤᠨ᠂ ᠬᠡᠪ ᠵᠠᠨᠭᠰᠢᠯᠢ ᠥᠭᠡᠷᠡᠴᠢᠯᠡᠬᠦ᠌᠎ᠶ᠋ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠨᠤᠲᠤᠭ᠎ᠤᠨ ᠰᠤᠷᠲᠠᠯ᠂ ᠠᠷᠠᠳ᠎ᠤᠨ ᠰᠤᠷᠲᠠᠯ ᠴᠣ᠌ ᠰᠢᠨᠡᠳᠭᠡᠵᠠᠢ᠃
ᠪᠣᠯᠪᠠᠰᠤᠨ ᠦᠶ᠋ᠯᠡᠳᠦᠯᠭᠡ ᠤᠮᠠᠷᠠᠲᠤ ᠬᠢᠯᠢ᠎ᠶ᠋ᠢ ᠤᠮᠳᠠᠯᠠᠵᠤ᠂ ᠰᠡᠳᠭᠢᠯ ᠨᠢᠭᠡᠳᠦᠨ ᠪᠤᠯᠪᠠᠰᠤᠨ᠎ᠢ ᠴᠤᠬᠴᠠᠯᠠᠨ᠎ᠠ᠃ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ ᠥᠪᠥᠷ ᠮᠣᠩᠭᠣᠯ᠎ᠳᠤ 《ᠵᠦᠭᠡᠯᠡᠨ ᠬᠤᠷ᠎ᠠ ᠲᠦᠮᠡᠨ ᠪᠣᠳᠠᠰ᠎ᠢ ᠤᠮᠳᠠᠯᠠᠬᠤ》ᠬᠡᠯᠪᠡᠷᠢ᠎ᠪᠡᠷ ᠱᠢᠨ᠎ᠡ ᠦᠵᠡᠯ ᠰᠠᠨᠠᠭ᠎ᠠ᠂ ᠱᠢᠨ᠎ᠡ ᠲᠥᠷᠥ᠎ᠶ᠋ᠢᠨ ᠪᠣᠳᠣᠯᠭ᠎ᠠ᠂ ᠱᠢᠨ᠎ᠡ ᠬᠡᠪ ᠰᠤᠷᠲᠠᠯ᠎ᠢ ᠠᠷᠠᠳ ᠣᠯᠠᠨ᠎ᠤ ᠳᠡᠷᠭᠡᠳᠡ ᠬᠦᠷᠭᠡᠵᠦ᠍᠂ ᠦᠨᠡᠨ ᠪᠣᠳᠠᠲᠠᠶ ᠦᠷ᠎ᠡ ᠪᠦᠲᠦᠮᠵᠢ᠎ᠪᠡᠷ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭ᠌ᠳᠡᠭᠦᠯᠵᠦ᠍᠂ ᠱᠢᠨ᠎ᠡ ᠠᠶᠠᠨ ᠳ᠋ᠤ ᠪᠣᠯᠪᠠᠰᠤᠨ᠎ᠤ ᠦᠶ᠋ᠯᠡᠳᠦᠯᠭᠡ᠎ᠶ᠋ᠢᠨ ᠱᠢᠨ᠎ᠡ ᠠᠶᠠᠰ᠎ᠢ ᠬᠠᠩᠭᠢᠨᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃