2022-07-04 09:22:49
ᠠᠷᠠᠳ ᠢᠷᠭᠡᠳ ᠠᠮᠤ ᠪᠤᠳᠠᠭ᠎ᠠ᠎ᠪᠠᠷ ᠦᠨᠳᠦᠰᠦ ᠪᠣᠯᠭᠠᠵᠤ᠂ ᠠᠮᠤ ᠪᠤᠳᠠᠭ᠎ᠠ ᠠᠮᠤᠷ ᠳᠦᠪᠰᠢᠨ ᠵᠢᠡᠷ ᠤᠷᠢᠳᠠᠯ ᠪᠤᠯᠭᠠᠮᠤᠢ᠃《ᠲᠠᠷᠢᠶᠠᠨ ᠭᠠᠵᠠᠷ ᠡᠴᠡ ᠬᠣᠭᠣᠯᠠᠨ ᠱᠢᠷᠡᠭᠡ ᠬᠦᠷᠲᠡᠯᠡᠬᠢ》ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠰᠠᠬᠢᠵᠤ᠂ ᠮᠠᠨ᠎ᠤ ᠣᠷᠣᠨ《ᠬᠠᠮᠤᠭ᠎ᠤᠨ ᠴᠢᠩᠭ᠎ᠠ ᠪᠠᠷᠢᠮᠵᠢᠶ᠎ᠠ᠂ ᠬᠠᠮᠤᠭ᠎ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ᠎ᠤᠨ ᠴᠢᠩᠭ᠎ᠠ ᠲᠣᠷᠭᠠᠭᠤᠯᠢ᠂ ᠬᠠᠮᠤᠭ᠎ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠯᠳᠡ》ᠵᠢᠨ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠪᠡᠷ 《ᠢᠳᠡᠭᠡᠨ᠎ᠤ ᠠᠮᠤᠷ ᠲᠦᠪᠱᠢᠨ》᠎ᠢ᠋ ᠪᠥᠬᠥ᠌ ᠬᠦᠴᠦᠨ᠎ᠢᠶᠡᠷ᠎ᠢᠶᠡᠨ ᠪᠠᠲᠤᠯᠠᠵᠦ ᠪᠤᠢ᠃
99.4% ! ᠡᠨᠡ ᠪᠣᠯ 2021 ᠣᠨ᠎ᠤ ᠮᠠᠨ᠎ᠤ ᠣᠷᠣᠨ᠎ᠤ ᠭᠤᠤᠯ ᠪᠣᠯᠬᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠵᠤᠷᠱᠢᠯᠲᠤ ᠬᠢᠨᠠᠨ ᠬᠡᠮᠵᠢᠯᠲᠡ᠎ᠶ᠋ᠢᠨ ᠬᠢᠷᠢ ᠲᠡᠩᠴᠡᠭ᠌ᠰᠡᠨ ᠨᠣᠷᠮ᠎ᠠ ᠪᠣᠯᠤᠨ᠎ᠠ᠃ ᠡᠨᠡ ᠬᠦ᠌ ᠬᠥᠮᠦᠰ᠎ᠢ ᠪᠠᠶᠠᠷᠯᠠᠭᠤᠯᠤᠮ᠎ᠠ ᠲᠣᠭ᠎ᠠ ᠪᠠᠷᠢᠮᠲᠠ ᠨᠢ《ᠦᠢᠯᠡᠳᠪᠦᠷᠢᠯᠡᠵᠥ ᠭᠠᠷᠭᠠᠬᠰᠠᠨ ᠦᠨᠳᠤᠷ ᠴᠢᠨᠠᠷ ᠴᠢᠨᠰᠠᠭ᠎ᠠ᠂ ᠬᠠᠮᠢᠶᠠᠷᠴᠤ ᠭᠠᠷᠭᠠᠬᠰᠠᠨ ᠠᠮᠤᠷ ᠲᠦᠪᠱᠢᠨ᠎ᠦ ᠲᠦᠷᠦᠭ᠌ᠳᠡᠯ᠂ ᠳᠠᠢᠴᠢᠯᠠᠵᠥ ᠭᠠᠷᠭᠠᠬᠰᠠᠨ ᠦᠷᠢᠰᠦᠯᠳᠦᠬᠦ᠌ ᠬᠦᠴᠦᠨ》ᠬᠣᠯᠪᠣᠯᠳᠤᠭ᠍ᠰᠠᠨ ᠦᠢᠯᠡᠳᠦᠯ ᠢᠯᠡᠷᠡᠭ᠌ᠰᠡᠨ᠎ᠢ ᠭᠡᠷᠡᠴᠢᠯᠡᠵᠤ᠂ ᠡᠨᠡ ᠨᠢ ᠮᠠᠨ᠎ᠤ ᠣᠷᠣᠨ᠎ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ ᠢᠲᠡᠭᠡᠯ ᠵᠣᠷᠢᠭ᠎ᠢ ᠤᠯᠠᠮ ᠬᠥᠪᠴᠢᠯᠡᠵᠡᠢ᠃
ᠦᠢᠯᠡᠳᠪᠦᠷᠢᠯᠡᠵᠥ ᠭᠠᠷᠭᠠᠬᠰᠠᠨ ᠦᠨᠳᠤᠷ ᠴᠢᠨᠠᠷ ᠴᠢᠨᠰᠠᠭ᠎ᠠ
ᠵᠠᠯᠠᠢᠳ᠎ᠤᠨ ᠲᠤᠲᠤᠷᠭ᠎ᠠ ᠭᠡᠭᠴᠢ ᠨᠡᠷ᠎ᠡ ᠠᠯᠳᠠᠷᠰᠢᠭᠰᠠᠨ ᠶᠡᠷᠦ ᠪᠤᠰᠤ ᠵᠢᠨ ᠲᠤᠲᠤᠷᠭ᠎ᠠ᠃
ᠬᠢᠩᠭᠠᠨ ᠠᠢᠮᠠᠭ᠎ᠤᠨ ᠵᠠᠯᠠᠢᠳ ᠬᠣᠱᠢᠭᠤ ᠪᠣᠯ ᠥᠪᠡᠷᠲᠡᠭᠡᠨ ᠵᠠᠰᠠᠬᠤ ᠣᠷᠣᠨ᠂ ᠬᠢᠩᠭᠠᠨ ᠠᠢᠮᠠᠭ᠎ᠤᠨ ᠴᠢᠬᠤᠯᠠ ᠤᠰᠤᠨ ᠲᠤᠲᠤᠷᠭ᠎ᠠ᠎ᠶ᠋ᠢᠨ ᠦᠢᠯᠡᠳᠪᠦᠷᠢᠯᠡᠯ᠎ᠦᠨ ᠰᠠᠭᠤᠷᠢᠨ ᠪᠣᠯᠤᠨ᠎ᠠ᠃ ᠪᠥᠬᠥ᠌ ᠬᠣᠱᠢᠭᠤᠨ᠎ᠤ ᠤᠰᠤᠨ ᠲᠤᠲᠤᠷᠭ᠎ᠠ ᠳᠠᠷᠢᠬᠤ ᠲᠠᠯᠠᠪᠠᠶ ᠨᠢ 90 ᠲᠦᠮᠡᠨ ᠮᠸ᠋᠎ᠳᠦ ᠬᠦᠷᠴᠦ᠍᠂ ᠵᠠᠯᠠᠢᠳ᠎ᠤᠨ ᠲᠤᠲᠤᠷᠭ᠎ᠠ ᠨᠢ ᠤᠯᠤᠰ᠎ᠤᠨ ᠭᠠᠵᠠᠷ ᠵᠦᠶ᠎ᠶ᠋ᠢᠨ ᠢᠯᠡᠷᠭᠡᠢᠯᠡᠯᠳᠦ ᠲᠠᠷᠢᠶᠠᠯᠠᠩ᠎ᠤᠨ ᠪᠦᠲᠦᠭᠡᠭ᠌ᠳᠡᠬᠦᠨ ᠪᠤᠯᠵᠦ᠂ ᠨᠡᠷᠡᠳᠤ ᠲᠡᠮᠳᠡᠭ᠎ᠢ ᠨᠢ ᠬᠡᠷᠡᠭ᠌ᠯᠡᠭ᠌ᠰᠡᠨ ᠠᠵᠤ ᠠᠬᠤᠢᠯᠠᠯ ᠨᠢᠭᠡᠨᠲᠡ 26 ᠪᠣᠯᠵᠠᠶ᠃
ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠳᠤ ᠬᠦᠷᠬᠦ᠌᠎ᠳᠦ᠂ ᠵᠢᠭᠳᠡᠷᠡᠭᠰᠡᠨ ᠨᠣᠭᠣᠭᠠᠨ ᠴᠢᠬᠢ ᠨᠢ ᠲᠤᠲᠤᠷᠭ᠎ᠠ᠎ᠶ᠋ᠢᠨ ᠲᠠᠷᠢᠶᠠᠨ᠎ᠳᠤ ᠠᠮᠢᠯᠠᠯ᠎ᠤᠨ ᠦᠩᠬᠡ ᠨᠡᠮᠡᠷᠢᠯᠡᠵᠥ᠂ ᠲᠠᠷᠢᠶᠠᠨ ᠵᠠᠬ᠎ᠠ᠎ᠳᠤ ᠵᠣᠭ᠍ᠰᠣᠨ ᠪᠠᠷᠠᠯᠠᠬᠤᠶ᠎ᠠ ᠨᠣᠮᠢᠨ ᠨᠣᠭᠣᠭᠠᠨ ᠲᠤᠲᠤᠷᠭ᠎ᠠ᠎ᠶ᠋ᠢᠨ ᠳᠠᠪᠠᠯᠭᠠᠨ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ᠃
ᠱᠦᠢ ᠲᠢᠶᠠᠨ ᠲᠣᠰᠭᠣᠨ᠎ᠳᠤ᠂ ᠵᠠᠯᠠᠢᠳ ᠬᠣᠱᠢᠭᠤᠨ᠎ᠤ ᠸᠧᠢ ᠵᠢᠶᠠ ᠠᠮᠤ ᠪᠤᠳᠠᠭᠠᠨ᠎ᠤ ᠦᠢᠯᠡᠰ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠸᠧᠢ ᠵᠢᠶᠠᠨ ᠮᠢᠩ ᠲᠠᠷᠢᠶᠠᠨ ᠭᠠᠵᠠᠷ᠎ᠲᠠᠭᠠᠨ ᠳᠠᠷᠢᠶᠠᠨ ᠴᠢᠬᠢ᠎ᠶ᠋ᠢᠨ ᠪᠠᠢᠴᠠᠭᠠᠯᠲᠠ ᠬᠢᠵᠦ᠍ ᠪᠠᠢᠯ᠎ᠠ᠃ 《ᠡᠨᠡ ᠪᠣᠯ ᠮᠠᠨ᠎ᠤ ᠥᠪᠡᠷ᠎ᠦᠨ ᠤᠰᠤᠨ ᠲᠤᠲᠤᠷᠭ᠎ᠠ᠎ᠶ᠋ᠢᠨ ᠲᠠᠷᠢᠮᠠᠯ᠎ᠤᠨ ᠰᠠᠭᠤᠷᠢᠨ ᠮᠥᠨ᠃ ᠲᠤᠲᠤᠷᠭᠠᠨᠤ〈ᠴᠡᠪᠡᠷᠴᠡ〉ᠵᠢ ᠪᠠᠲᠤᠯᠠᠬᠤ᠎ᠶ᠋ᠢᠨ ᠲᠥᠯᠥᠭᠡ ᠪᠦᠷ ᠨᠤᠳᠤᠬ᠎ᠤᠨ ᠪᠣᠷᠲᠣᠭᠣᠷ ᠬᠡᠷᠡᠭ᠌ᠯᠡᠭᠰᠡᠨᠤ ᠬᠠᠮᠲᠤ ᠬᠥᠮᠦᠨ᠎ᠦ ᠬᠦᠴᠦ᠍᠎ᠪᠡᠷ ᠡᠪᠡᠰᠦ ᠵᠢ ᠨᠢ ᠠᠷᠢᠯᠭᠠᠵᠤ᠂ ᠹᠢᠽᠢᠺ᠎ᠦᠨ ᠠᠷᠭ᠎ᠠ᠎ᠪᠠᠷ ᠲᠠᠷᠢᠶᠠᠨ ᠬᠣᠷᠣᠬᠠᠶ ᠵᠢ ᠨᠢ ᠠᠯᠠᠵᠦ ᠪᠠᠢᠨ᠎ᠠ᠃ ᠨᠠᠢ᠍ᠮᠠᠯᠵᠢ᠎ᠶ᠋ᠢᠨ ᠲᠤᠲᠤᠷᠭ᠎ᠠ᠂ ᠨᠤᠭᠤᠰᠤᠨ ᠲᠤᠲᠤᠷᠭ᠎ᠠ᠎ᠶ᠋ᠢ ᠬᠠᠮᠲᠤ᠎ᠪᠠᠷ ᠪᠣᠢᠵᠢᠭᠤᠯᠬᠤ ᠤᠤᠭᠠᠯ ᠠᠮᠢ ᠠᠬᠤᠢ᠎ᠶ᠋ᠢᠨ ᠲᠠᠷᠢᠵᠤ ᠲᠡᠵᠢᠭᠡᠬᠦ᠌᠎ᠶ᠋ᠢ ᠲᠠᠷᠢᠶᠠᠨ ᠭᠠᠵᠠᠷ᠎ᠤᠨ ᠬᠠᠮᠢᠶᠠᠷᠤᠯᠲᠠ᠎ᠶ᠋ᠢᠨ ᠵᠠᠭ᠍ᠪᠤᠷ᠎ᠲᠠᠶ ᠤᠶᠠᠯᠳᠤᠭᠤᠯᠵᠤ᠂ ᠪᠢᠳᠡ ᠲᠠᠷᠢᠭ᠍ᠰᠠᠨ ᠤᠰᠤᠨ ᠲᠤᠲᠤᠷᠭ᠎ᠠ᠎ᠪᠠᠨ ᠨᠡᠩ ᠴᠡᠪᠡᠷ ᠪᠣᠬᠢᠷᠲᠤᠯ ᠦᠭᠡᠢ ᠪᠣᠯᠭᠠᠪᠠ᠃ ᠪᠢᠳᠡ ᠣᠷᠭᠠᠨᠢᠭ ᠦᠶ᠋ᠯᠡᠳᠪᠦᠷᠢᠯᠡᠯ᠎ᠦᠨ ᠪᠠᠷᠢᠮᠵᠢᠶ᠎ᠠ᠎ᠶ᠋ᠢ ᠴᠢᠩᠭ᠎ᠠ ᠵᠢᠷᠤᠮᠯᠠᠨ ᠦᠶ᠋ᠯᠡᠳᠪᠦᠷᠢᠯᠡᠯ᠎ᠦᠨ ᠶᠠᠪᠤᠴᠠ᠎ᠶ᠋ᠢ ᠲᠣᠭ᠍ᠲᠠᠭᠠᠵᠦ᠂ ᠡᠨᠡ ᠵᠢᠯ ᠨᠢᠭᠡᠨᠲᠡ ᠣᠷᠭᠠᠨᠢᠭ ᠲᠠᠷᠢᠶᠠᠯᠠᠩ᠎ᠤᠨ ᠰᠣᠯᠢᠭ᠍ᠳᠠᠯ᠎ᠤᠨ ᠬᠤᠭᠤᠴᠠᠭ᠎ᠠ᠎ᠶ᠋ᠢᠨ ᠭᠤᠷᠪᠠᠳᠤᠭᠠᠷ ᠵᠢᠯ ᠪᠣᠯᠵᠣ᠂ ᠤᠳᠠᠯ ᠦᠬᠡᠢ ᠣᠷᠭᠠᠨᠢᠭ ᠭᠡᠷᠡᠴᠢᠯᠡᠯ᠎ᠢ ᠤᠯᠬᠤ ᠪᠣᠯᠤᠮᠵᠢᠲᠠᠶ ᠪᠠᠢᠨ᠎ᠠ》ᠭᠡᠵᠦ᠍ ᠸᠧᠶ ᠵᠢᠶᠠᠨ ᠮᠢᠩ ᠬᠡᠯᠡᠪᠡ᠃
ᠦᠢᠯᠡᠳᠬᠦᠨ᠎ᠦ 《ᠪᠤᠬᠢᠷᠳᠤᠯ ᠦᠬᠡᠢ ᠡᠰᠡᠬᠦ᠌》 ᠵᠢᠨ ᠵᠠᠩᠬᠢᠯᠠᠭ᠎ᠠ ᠪᠤᠯ ᠡᠬᠢ ᠰᠤᠷᠪᠤᠯᠵᠢ ᠶᠤᠮ᠃ 2021 ᠣᠨ᠎ᠳᠤ᠂ ᠬᠥᠳᠡᠭᠡ ᠠᠵᠤ ᠠᠬᠤᠶ ᠬᠥᠳᠡᠭᠡ ᠲᠣᠰᠭᠣᠨ᠎ᠤ ᠶᠠᠮᠤᠨ ᠲᠦᠷᠦᠬᠦᠦ ᠪᠦᠯᠦᠭ᠎ᠤᠨ ᠪᠥᠬᠥ᠌ ᠤᠯᠤᠰ᠎ᠤᠨ ᠲᠠᠷᠢᠮᠠᠯ᠎ᠤᠨ ᠦᠶ᠋ᠯᠡᠰ᠎ᠦᠨ 《ᠭᠤᠷᠪᠠᠨ ᠪᠦᠲᠦᠭᠡᠭ᠌ᠳᠡᠬᠦᠨ ᠨᠢᠭᠡ ᠲᠡᠮᠳᠡᠭ 》 ᠤ᠋ᠨ 100 ᠰᠠᠭᠤᠷᠢᠨ᠎ᠢ ᠨᠡᠢᠲᠡᠯᠡᠭᠰᠡᠨ ᠳ᠋ᠤ ᠬᠣᠯᠪᠣᠭ᠎ᠠ ᠪᠠᠯᠭᠠᠰᠤᠨ᠎ᠤ ᠤᠰᠤᠨ ᠲᠤᠲᠤᠷᠭ᠎ᠠ ᠠᠮᠵᠢᠯᠲᠠ᠎ᠲᠠᠶ ᠰᠣᠩᠭᠣᠭ᠍ᠳᠠᠭ᠍ᠰᠠᠨ᠎ᠨᠢ ᠲᠣᠰ ᠭᠠᠵᠠᠷ᠎ᠤᠨ ᠨᠠᠩ ᠥᠨᠳᠥᠷ ᠲᠠᠰ ᠳᠠᠪᠬᠤᠷᠭ᠎ᠠ᠂ ᠨᠠᠩ ᠭᠦᠨ ᠬᠦᠷᠢᠶᠡᠨ᠎ᠳᠦ ᠲᠠᠷᠢᠶᠠᠯᠠᠩ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠤᠬᠰᠠᠨ ᠲᠠᠯ᠎ᠠ᠎ᠪᠠᠷ ᠦᠷ᠎ᠡ ᠪᠦᠲᠦᠮᠵᠢ ᠣᠯᠤᠭ᠍ᠰᠠᠨ᠎ᠢ ᠬᠠᠷᠠᠭᠤᠯᠵᠡᠢ᠃
ᠤᠭ ᠦᠨᠳᠦᠰᠦ ᠡᠴᠡ ᠨᠢ ᠪᠤᠬᠢᠷᠳᠤᠯ ᠦᠬᠡᠢ ᠪᠠᠢᠬᠤ ᠲᠠᠯ᠎ᠠ ᠪᠡᠷ ᠭᠠᠬᠴᠠ ᠬᠦ᠌ ᠵᠠᠯᠠᠢᠳ ᠬᠣᠱᠢᠭᠤ ᠯᠡ ᠬᠢᠵᠦ᠍ ᠪᠠᠢᠭ᠎ᠠ ᠪᠢᠰᠢ ᠶᠤᠮ᠃ ᠮᠠᠨ᠎ᠤ ᠣᠷᠣᠨ ᠲᠥᠷᠥᠯ ᠵᠦᠶ᠋ᠯ᠎ᠢ ᠱᠢᠯᠢᠳᠡᠭ᠌ᠵᠢᠭᠦᠯᠦᠨ ᠪᠣᠢᠵᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠨᠠᠷᠠᠲᠤ ᠲᠥᠷᠥᠯ ᠲᠡᠮᠳᠡᠭ᠌᠎ᠢ ᠡᠬᠦᠳᠦᠨ ᠴᠣᠭ᠍ᠴᠠᠯᠠᠬᠤ ᠪᠠ ᠪᠠᠷᠢᠮᠵᠢᠶᠠᠵᠢᠭᠤᠯᠤᠨ ᠦᠶ᠋ᠯᠡᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠣᠢᠵᠢᠭᠤᠯᠤᠨ ᠭᠡᠷᠡᠴᠢᠯᠡᠬᠦ᠌᠎ᠶ᠋ᠢ ᠴᠢᠩᠭᠠᠳᠬᠠᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠲᠦᠷᠭᠡᠨ ᠪᠥᠭᠡᠳ ᠯᠠᠪᠳᠠᠭᠤᠨ᠎ᠢᠶᠠᠷ ᠪᠥᠲᠥᠭᠡᠨ ᠪᠠᠢᠭᠤᠯᠵᠥ ᠪᠤᠢ᠃
— ᠲᠠᠷᠢᠶᠠᠯᠠᠩ ᠮᠠᠯ ᠠᠵᠤ ᠠᠬᠤᠶ᠎ᠶ᠋ᠢᠨ ᠴᠢᠬᠤᠯᠠ ᠶᠡᠬᠡ ᠬᠠᠮᠵᠢᠯᠴᠠᠨ ᠳᠡᠯᠭᠡᠷᠡᠭᠦᠯᠬᠦ᠌ 9 ᠪᠦᠯᠬᠦᠮ᠎ᠢ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ 40 ᠭᠠᠷᠤᠶ ᠪᠠᠭ᠎ᠠ ᠬᠤᠪᠢᠶᠠᠷᠢ ᠠᠩᠭᠢ᠎ᠶ᠋ᠢ ᠵᠣᠬᠢᠶᠠᠨ ᠪᠠᠢᠭᠤᠯᠵᠦ ᠦᠶ᠋ᠯᠡᠳᠪᠦᠷᠢᠯᠡᠯ᠎ᠦᠨ ᠡᠮᠤᠨ᠎ᠡ ᠹᠷᠣᠨᠲ᠎ᠲᠤ ᠭᠦᠨᠵᠡᠭᠡᠢᠷᠡᠭᠦᠯᠦᠨ᠂ ᠡᠷᠳᠡᠨᠢ ᠱᠢᠰᠢ᠎ᠶ᠋ᠢ ᠭᠦᠢᠭᠡᠨ ᠪᠤᠯᠠᠵᠤ ᠳᠤᠰᠤᠯᠠᠭᠠᠨ ᠤᠰᠤᠯᠠᠬᠤ᠂ ᠱᠢᠷ᠎ᠠ ᠪᠤᠷᠴᠠᠭ ᠡᠷᠳᠡᠨᠢ ᠱᠢᠰᠢ᠎ᠶ᠋ᠢ ᠪᠦᠰᠡᠯᠢᠭ ᠨᠡᠢᠯᠡᠮᠡᠯ ᠳᠠᠷᠢᠬᠤ ᠵᠡᠷᠭᠡ ᠪᠣᠬᠢᠷᠲᠤᠯ ᠥᠬᠡᠶ ᠥᠨᠳᠥᠷ ᠪᠦᠲᠦᠮᠵᠢᠲᠡᠶ ᠮᠡᠷᠭᠡᠵᠢᠯ᠎ᠢ 350 ᠭᠠᠷᠤᠶ ᠵᠦᠶ᠋ᠯ ᠳᠡᠯᠭᠡᠷᠡᠭᠦᠯᠪᠡ;
— ᠲᠠᠷᠢᠶᠠᠨ ᠡᠮ᠎ᠦᠨ ᠬᠢᠨᠠᠯᠲᠠ ᠬᠠᠮᠢᠶᠠᠷᠤᠯᠲᠠ᠎ᠶ᠋ᠢᠨ ᠡᠷᠴᠢᠮ ᠵᠢᠡᠨ ᠴᠢᠩᠭᠠᠷᠠᠭᠤᠯᠵᠥ᠂ ᠲᠠᠷᠢᠶᠠᠨ ᠡᠮ ᠬᠡᠷᠡᠭ᠌ᠯᠡᠬᠦ᠌ ᠵᠢ ᠬᠢᠵᠠᠭᠠᠷᠯᠠᠬᠤ ᠴᠡᠭ ᠲᠣᠭ᠍ᠲᠠᠭᠠᠨ ᠡᠵᠡᠩᠨᠡᠬᠦ᠌᠎ᠶ᠋ᠢ ᠴᠢᠩᠭ᠎ᠠ ᠨᠠᠢᠳᠠᠪᠤᠷᠢᠵᠢᠭᠤᠯᠤᠨ᠂ ᠲᠠᠷᠢᠶᠠᠨ ᠡᠮᠬᠡᠷᠡᠭᠯᠡᠬᠦ ᠬᠡᠮᠵᠢᠶ᠎ᠡ᠎ᠶ᠋ᠢ ᠪᠠᠭᠠᠰᠭᠠᠬᠤ᠎ᠶ᠋ᠢ ᠠᠬᠢᠭᠤᠯᠵᠤ᠂ ᠦᠶ᠋ᠯᠡᠳᠪᠦᠷᠢᠯᠡᠭ᠌ᠴᠢᠳᠢ ᠵᠢᠯᠣᠭᠣᠳᠤᠨ ᠠᠶᠤᠯᠬᠦᠶ ᠦᠶ᠋ᠯᠡᠳᠪᠦᠷᠢᠯᠡᠯ᠎ᠦᠨ ᠠᠯᠤᠰᠯᠠᠬᠤ ᠬᠤᠭᠤᠴᠠᠭ᠎ᠠ᠎ᠶ᠋ᠢ ᠨᠠᠢᠳᠠᠪᠤᠷᠢᠵᠢᠭᠤᠯᠤᠨ᠂ ᠱᠢᠨᠵᠢᠯᠡᠬᠦ᠌ ᠤᠬᠠᠭᠠᠨᠴᠢ᠎ᠪᠠᠷ ᠠᠮᠤᠷ ᠲᠦᠪᠱᠢᠨ᠎ᠢᠶᠡᠷ ᠡᠮ ᠬᠡᠷᠡᠭ᠌ᠯᠡᠬᠦ᠌ ᠤᠬᠠᠭᠤᠯᠭ᠎ᠠ᠎ᠶ᠋ᠢ ᠴᠢᠩᠭᠠᠳᠭᠠᠪᠡ;
— ᠡᠷᠡᠭᠦᠯ ᠵᠢᠡᠷ ᠲᠡᠵᠢᠭᠡᠨ ᠦᠷᠡᠵᠢᠭᠦᠯᠬᠦ᠌ ᠬᠠᠮᠢᠶᠠᠷᠤᠯᠲᠠ᠎ᠶ᠋ᠢ ᠴᠢᠩᠳᠠᠯᠠᠵᠤ᠂ ᠦᠶ᠋ᠯᠡᠳᠪᠦᠷᠢᠯᠡᠯ᠎ᠦᠨ ᠭᠤᠤᠯ ᠴᠣᠭ᠍ᠴᠠ᠎ᠶ᠋ᠢ ᠱᠠᠯᠠᠪᠳᠠᠭᠤᠯᠵᠥ ᠪᠠᠢᠭᠠᠳ ᠲᠡᠵᠢᠭᠡᠨ ᠦᠷᠡᠵᠢᠭᠦᠯᠬᠦ᠌ ᠲᠠᠩᠰᠠ ᠡᠪᠬᠡᠮᠡᠯ᠎ᠢ ᠪᠦᠷᠢᠨᠱᠢᠬᠦᠯᠥᠨ᠂ ᠰᠢᠨ᠎ᠠ ᠰᠤᠷᠭᠤᠬ ᠲᠦᠭᠦᠬᠡᠶ ᠰᠦ᠂ ᠭᠠᠬᠠᠶ ᠨᠢᠲᠤᠯᠬᠤ ᠭᠣᠭ᠍ᠴᠣᠭ᠎ᠠ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠪᠠ᠃ ᠠᠮᠢᠲᠠᠨ᠎ᠤ ᠴᠢᠨᠠᠷᠲᠠᠶ ᠢᠳᠡᠭᠡᠨ᠎ᠦ ᠠᠮᠤᠷ ᠲᠦᠪᠱᠢᠨ᠎ᠢ ᠪᠠᠲᠤᠯᠠᠵᠤ᠂ ᠡᠮ ᠬᠡᠷᠡᠭ᠌ᠯᠡᠬᠦ᠌ ᠬᠠᠮᠢᠶᠠᠷᠤᠯᠲᠠ᠎ᠶ᠋ᠢ ᠴᠢᠩᠭᠠᠳᠬᠠᠪᠠ᠃ ᠮᠠᠯ᠎ᠳᠤ ᠬᠡᠷᠡᠭ᠌ᠯᠡᠬᠦ᠌ ᠪᠠᠺᠲ᠋ᠧᠷᠢ ᠡᠰᠡᠷᠭᠦᠴᠡᠬᠦ᠌ ᠡᠮ᠎ᠦᠨ ᠬᠡᠮᠵᠢᠶ᠎ᠡ᠎ᠶ᠋ᠢ ᠪᠠᠭᠠᠰᠭᠠᠬᠤ ᠠᠵᠢᠯᠯᠠᠭ᠎ᠠ᠎ᠶ᠋ᠢ ᠶᠠᠪᠤᠭᠳᠠᠭᠤᠯᠵᠦ᠂ ᠲᠡᠵᠢᠭᠡᠨ ᠦᠷᠡᠵᠢᠭᠦᠯᠬᠦ᠌ ᠭᠤᠤᠯ ᠴᠣᠭ᠍ᠴᠠ᠎ᠶ᠋ᠢ ᠱᠠᠯᠠᠪᠳᠠᠭᠤᠯᠵᠥ ᠪᠠᠢᠭᠠᠳ ᠡᠮ᠎ᠢ ᠵᠣᠭ᠍ᠰᠣᠭᠠᠬᠤ ᠬᠤᠭᠤᠴᠠᠭᠠᠨ᠎ᠤ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠪᠠ;
᠁
ᠡᠨᠡ ᠪᠤᠯ ᠦᠢᠯᠡᠳᠪᠦᠷᠢᠯᠡᠵᠥ ᠭᠠᠷᠭᠠᠬᠰᠠᠨ ᠥᠨᠳᠥᠷ ᠴᠢᠨᠠᠷ ᠴᠢᠨᠰᠠᠭ᠎ᠠ ᠶᠤᠮ᠃ ᠡᠯ᠎ᠡ ᠠᠵᠢᠯ ᠲᠥᠷᠥᠯ ᠡᠯ᠎ᠡ ᠰᠠᠯᠠᠭ᠎ᠠ ᠮᠥᠴᠢᠷ᠎ᠦᠳ ᠲᠤᠰ ᠲᠤᠰ᠎ᠤᠨ ᠡᠭᠦᠷᠭᠡ ᠲᠤᠱᠢᠶᠠᠯ᠎ᠢᠶᠠᠨ ᠭᠦᠢᠴᠡᠳᠭᠡᠨ᠂ ᠬᠦᠴᠦ᠍᠎ᠪᠡᠨ ᠬᠠᠮᠲᠤᠳᠭᠠᠨ ᠬᠠᠮᠵᠢᠯᠴᠠᠵᠤ᠂ ᠮᠠᠨ᠎ᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠵᠠᠬ᠎ᠠ ᠳᠡᠯᠭᠡᠭᠦᠷ᠎ᠲᠦ ᠭᠠᠷᠭᠠᠬᠤ ᠡᠴᠡ ᠡᠮᠦᠨᠡᠬᠢ ᠪᠦᠬᠦ᠌ ᠶᠠᠪᠤᠴᠠ᠎ᠶ᠋ᠢᠨ ᠶᠠᠰᠤ ᠴᠢᠨᠠᠷ᠎ᠢ ᠡᠵᠡᠮᠳᠡᠵᠦ᠍ ᠪᠣᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠪᠠ᠃
ᠶᠠᠰᠤ ᠴᠢᠨᠠᠷ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠨ᠎ᠡ᠃ ᠭᠡᠳᠡᠰᠦ ᠴᠠᠳᠬᠤ ᠡᠴᠡ ᠰᠠᠢᠨ᠎ᠢ ᠢᠳᠡᠬᠦ᠌ ᠬᠦᠷᠲᠡᠯ᠎ᠡ᠂ ᠲᠠᠬᠢᠭᠠᠳ ᠡᠷᠡᠭᠦᠯ ᠮᠡᠨᠳᠦ ᠢᠳᠡᠵᠥ᠂ ᠠᠮᠤᠷ ᠲᠦᠪᠱᠢᠨ ᠢᠳᠡᠬᠦ᠌ ᠬᠦᠷᠲᠡᠯ᠎ᠡ᠂ ᠮᠠᠨ᠎ᠤ ᠣᠷᠣᠨ ᠮᠠᠯ ᠠᠵᠤ ᠠᠬᠤᠢ ᠲᠠᠷᠢᠶᠠᠯᠠᠩ᠎ᠤᠨ ᠬᠡᠯᠪᠡᠷᠢ᠎ᠶ᠋ᠢ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠬᠤ ᠠᠬᠢᠴᠠ ᠳᠤᠮᠳᠠ᠂ 《 ᠥᠪᠥᠷ ᠮᠣᠩᠭᠣᠯ᠎ᠤᠨ ᠦᠨᠦᠷ ᠠᠮᠲᠠ 》 ᠵᠢᠨ ᠪᠣᠬᠢᠷᠲᠤᠯ ᠦᠭᠡᠢ ᠭᠸᠨ᠎ᠢ ᠳᠡᠯᠬᠡᠨ ᠦᠵᠡᠬᠦᠯᠪᠡ᠃
2021 ᠣᠨ᠎ᠳᠤ᠂ ᠱᠢᠨ᠎ᠡ᠎ᠪᠡᠷ ᠭᠡᠷᠡᠴᠢᠯᠡᠭ᠌ᠰᠡᠨ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ᠎ᠤᠨ ᠪᠦᠲᠦᠭᠡᠭ᠌ᠳᠡᠬᠦᠨ᠂ ᠭᠠᠵᠠᠷ ᠵᠦᠶ᠎ᠶ᠋ᠢᠨ ᠢᠯᠡᠷᠭᠡᠢᠯᠡᠯᠳᠦ ᠲᠠᠷᠢᠶᠠᠯᠠᠩ᠎ᠤᠨ ᠪᠦᠲᠦᠭᠡᠭ᠌ᠳᠡᠬᠦᠨ 233 ᠪᠤᠯᠵᠤ᠂ ᠱᠢᠨ᠎ᠡ᠎ᠪᠡᠷ ᠵᠢᠭ᠍ᠰᠠᠭᠠᠭ᠍ᠳᠠᠭ᠍ᠰᠠᠨ ᠨᠠᠷᠠᠲᠤ ᠣᠨᠴᠠ ᠱᠢᠯᠢᠳᠡᠭ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ155 ᠪᠠᠢᠵᠤ᠂ ᠶᠡᠷᠦᠩᠬᠡᠶ ᠲᠣᠭ᠎ᠠ᠎ᠨᠢ ᠲᠣᠰ ᠲᠣᠰ 2046 ᠪᠠ 429 ᠳ᠋ᠤ ᠬᠦᠷᠴᠤ᠂ ᠪᠥᠬᠥ᠌ ᠤᠯᠤᠰ᠎ᠤᠨ 14% ᠪᠠ 19% ᠶ᠋ᠢ ᠡᠵᠡᠯᠡᠪᠡ᠃ ᠨᠠᠷᠠᠲᠤ ᠣᠨᠴᠠ ᠱᠢᠯᠢᠳᠡᠭ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠡᠷᠦᠩᠬᠡᠶ ᠲᠣᠭ᠎ᠠ ᠪᠥᠬᠥ᠌ ᠤᠯᠤᠰ᠎ᠲᠤ ᠨᠢᠭᠡᠳᠦᠭᠡᠷ᠎ᠲᠦ ᠵᠢᠭ᠍ᠰᠠᠭᠠᠭ᠍ᠳᠠᠪᠠ᠃ ᠪᠣᠬᠢᠷᠲᠤᠯ ᠥᠬᠡᠶ ᠣᠷᠭᠠᠨᠢᠭ ᠭᠠᠷᠤᠯᠲᠠ 599.65 ᠲᠦᠮᠡᠨ ᠲᠣᠨ᠎ᠳᠤ ᠬᠦᠷᠴᠦ᠍᠂ ᠵᠢᠯ᠎ᠦᠨ ᠨᠡᠮᠡᠭ᠌ᠳᠡᠯ᠎ᠦᠨ ᠬᠡᠮᠵᠢᠶ᠎ᠡ᠎ᠨᠢ 7.35% ᠳ᠋ᠤ ᠬᠦᠷᠴᠡᠶ᠃
ᠬᠠᠮᠢᠶᠠᠷᠴᠤ᠌ ᠭᠠᠷᠭᠠᠭ᠍ᠰᠠᠨ ᠠᠮᠤᠷ ᠲᠦᠪᠱᠢᠨ᠎ᠦ ᠲᠦᠷᠦᠭᠳᠡᠯ
ᠥᠯᠢᠭᠡᠷ ᠡᠳ᠋ ᠭᠠᠷᠭᠠᠨ ᠠᠪᠬᠤ᠂ ᠪᠣᠯᠪᠠᠰᠤᠷᠠᠭᠤᠯᠬᠤ᠂ ᠨᠡᠪᠴᠢᠭᠦᠯᠦᠨ ᠠᠪᠬᠤ ᠡᠮ ᠲᠠᠯᠪᠢᠬᠤ᠂ ᠱᠢᠩᠭᠡᠨ ᠪᠡᠶᠡᠲᠦ᠍᠎ᠶ᠋ᠢ ᠱᠢᠩᠭᠡᠭᠡᠨ ᠠᠪᠬᠤ᠂ ᠢᠰᠭᠡᠭᠦᠷ ᠪᠠ ᠥᠩᠭᠡ ᠢᠯᠡᠷᠡᠭᠦᠯᠦᠭ᠌ᠴᠢ ᠵᠢ ᠳᠠᠷᠠᠭᠠᠯᠠᠨ ᠤᠷᠤᠭᠤᠯᠬᠤ᠂ ᠥᠩᠭᠡ ᠬᠠᠷᠢᠴᠠᠭᠤᠯᠬᠤ᠂ ᠬᠠᠷᠰᠢᠯᠳᠤᠬᠤ ᠨᠣᠷᠮ᠎ᠠ᠎ᠶ᠋ᠢ ᠤᠩᠰᠢᠬᠤ᠂ ᠬᠢᠷᠢ ᠲᠡᠩᠴᠡᠭ᠌ᠰᠡᠨ ᠡᠰᠡᠬᠦ᠌᠎ᠶ᠋ᠢ ᠮᠠᠭᠠᠳᠯᠠᠬᠤ ᠁ ᠠᠷᠤᠨ ᠬᠣᠱᠢᠭᠤᠨ᠎ᠤ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠳᠦᠬᠡᠭᠳᠡᠬᠦᠨᠤ᠋ ᠶᠠᠰᠤ ᠴᠢᠨᠠᠷ᠎ᠤᠨ ᠠᠮᠤᠷ ᠲᠦᠪᠱᠢᠨ᠎ᠦ ᠲᠥᠪ᠎ᠦᠨ ᠠᠵᠢᠯᠲᠠᠨ᠎ᠳᠤ ᠠᠪᠴᠤ᠌ ᠬᠡᠯᠡᠪᠡᠯ᠂ ᠡᠢᠮᠦᠷᠬᠦᠦ ᠲᠦᠷᠭᠡᠨ ᠬᠡᠮᠵᠢᠬᠦ᠌ ᠶᠠᠪᠤᠴᠠ ᠨᠢ ᠵᠥᠪᠬᠡᠨ ᠨᠢᠭᠡ ᠵᠦᠶ᠋ᠯ᠎ᠦᠨ ᠡᠩ᠎ᠦᠨ ᠡᠳᠦᠷ ᠲᠤᠲᠤᠮ᠎ᠤᠨ ᠠᠵᠢᠯ ᠲᠡᠳᠦᠶ ᠪᠢᠰᠢ᠂ ᠨᠠᠩ ᠴᠤ᠌ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠳᠦᠬᠡᠭᠳᠡᠬᠦᠨᠤ᠋ ᠶᠠᠰᠤ ᠴᠢᠨᠠᠷ᠎ᠤᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠭᠣᠭ᠍ᠴᠣᠭ᠎ᠠ ᠪᠣᠯᠬᠤ ᠶᠤᠮ᠃
《ᠪᠠᠢᠴᠠᠭᠠᠨ ᠱᠢᠯᠭᠠᠬᠤ ᠲᠥᠪ᠎ᠲᠦ ᠬᠡᠷᠡᠯ ᠵᠢᠭ᠍ᠰᠠᠯ᠎ᠤᠨ ᠲᠠᠰᠤᠭ᠂ ᠥᠩᠭᠡ ᠵᠢᠭ᠍ᠰᠠᠯ᠎ᠤᠨ ᠲᠠᠰᠤᠭ᠂ ᠤᠷᠢᠳ ᠵᠢᠡᠷ ᠱᠢᠶ᠋ᠳᠪᠦᠷᠢᠯᠡᠬᠦ᠌ ᠲᠠᠰᠤᠭ ᠵᠡᠷᠭᠡ 18 ᠪᠠᠢᠴᠠᠭᠠᠨ ᠱᠢᠯᠭᠠᠬᠤ ᠲᠠᠰᠤᠭ ᠲᠣᠬᠢᠷᠠᠭᠤᠯᠵᠤ᠂ ᠬᠡᠶ ᠲᠦᠯᠦᠪ᠎ᠤᠨ ᠥᠩᠭᠡ ᠵᠢᠭ᠍ᠰᠠᠯ᠎ᠤᠨ ᠬᠡᠮᠵᠢᠭᠦᠷᠯᠢᠭ᠂ ᠱᠢᠩᠭᠡᠨ ᠲᠦᠯᠦᠪ᠎ᠤᠨ ᠥᠩᠭᠡ ᠵᠢᠭ᠍ᠰᠠᠯ᠎ᠤᠨ ᠬᠡᠮᠵᠢᠭᠦᠷᠯᠢᠭ᠂ ᠠᠲ᠋ᠣᠮ᠎ᠤᠨ ᠬᠡᠷᠡᠯ ᠱᠢᠩᠭᠡᠭᠡᠭ᠌ᠰᠡᠨ ᠬᠡᠮᠵᠢᠭᠦᠷ ᠵᠡᠷᠭᠡ ᠬᠡᠮᠵᠢᠭᠦᠷᠯᠢᠭ᠎ᠢ 80 ᠢᠵᠢ ᠲᠣᠬᠢᠷᠠᠭᠤᠯᠵᠤ᠂ ᠪᠠᠢᠴᠠᠭᠠᠨ ᠱᠢᠯᠭᠠᠬᠤ ᠬᠡᠪᠴᠢᠶ᠎ᠡ᠎ᠨᠢ ᠬᠥᠷᠥᠰᠥ᠍ ᠱᠢᠷᠣᠶ᠂ ᠪᠣᠷᠲᠣᠭᠣᠷ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠠᠷᠢᠶᠠᠨ ᠡᠮ᠎ᠦᠨ ᠦᠯᠡᠳᠡᠭ᠌ᠳᠡᠯ ᠵᠡᠷᠭᠡ ᠭᠤᠷᠪᠠᠨ ᠶᠡᠬᠡ ᠲᠥᠷᠥᠯ᠂ 39 ᠲᠥᠷᠥᠯ ᠵᠦᠶ᠋ᠯ᠎ᠢ ᠬᠠᠮᠤᠷᠴᠤ᠌᠂ 2018 ᠣᠨ᠎ᠳᠤ ᠥᠪᠡᠷᠲᠡᠭᠡᠨ ᠵᠠᠰᠠᠬᠤ ᠣᠷᠣᠨ᠎ᠤ ᠬᠤᠤᠰ ᠭᠡᠷᠡᠴᠢᠯᠡᠯ᠎ᠢ ᠣᠯᠤᠭ᠍ᠰᠠᠨ ᠪᠠᠢᠴᠠᠭᠠᠨ ᠱᠢᠯᠭᠠᠵᠤ ᠪᠠᠢᠴᠠᠭᠠᠨ ᠬᠡᠮᠵᠢᠬᠦ᠌ ᠪᠠᠢᠭᠤᠯᠤᠮᠵᠢ ᠪᠣᠯᠬᠤ ᠪᠥᠭᠡᠳ ᠪᠠᠰᠠ ᠴᠤ᠌ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠶᠠᠮᠤᠨ᠎ᠤ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠪᠠᠷᠢᠮᠵᠢᠶᠠᠵᠢᠭᠤᠯᠤᠯᠲᠠ᠎ᠶ᠋ᠢᠨ ᠲᠤᠷᠱᠢᠯᠲᠠ᠎ᠶ᠋ᠢᠨ ᠲᠠᠰᠤᠭ ᠪᠣᠯᠤᠨ᠎ᠠ》ᠭᠡᠵᠦ᠍ ᠠᠷᠤᠨ ᠬᠣᠱᠢᠭᠤᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠲᠥᠪ᠎ᠦᠨ ᠡᠷᠬᠢᠯᠡᠭ᠌ᠴᠢ ᠴᠧᠨ ᠯᠢ ᠵᠢᠶᠧ ᠲᠠᠨᠢᠯᠴᠠᠭᠤᠯᠪᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠳ᠋ᠤ ᠲᠦᠰᠢᠭᠯᠡᠵᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠢ ᠢᠯᠡ ᠪᠣᠯᠭᠠᠪᠠ᠃ ᠲᠤᠰ ᠲᠥᠪ ᠨᠢ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠠᠶᠤᠯ ᠲᠦᠭ᠌ᠰᠢᠭᠦᠷᠢ᠎ᠶ᠋ᠢ ᠬᠢᠨᠠᠨ ᠬᠡᠮᠵᠢᠬᠦ᠌ ᠵᠢᠴᠢ ᠰᠡᠷᠡᠮᠵᠢᠯᠡᠭᠦᠯᠬᠦ᠌ ᠠᠵᠢᠯ᠎ᠢ ᠥᠷᠨᠢᠭᠦᠯᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠳᠠᠩ ᠴᠤᠯᠭᠤᠢ ᠶᠠᠪᠤᠴᠠ᠎ᠶ᠋ᠢᠨ ᠡᠵᠡᠮᠳᠡᠯ ᠬᠠᠮᠢᠶᠠᠷᠤᠯᠲᠠ᠎ᠡᠴᠡ ᠤᠷᠢᠳᠠᠴᠢ ᠡᠵᠡᠮᠳᠡᠯ ᠬᠠᠮᠢᠶᠠᠷᠤᠯᠲᠠ᠎ᠳᠤ ᠣᠷᠣᠭᠤᠯᠤᠭ᠍ᠰᠠᠨ ᠪᠠᠢᠨ᠎ᠠ᠃
《ᠴᠢᠨᠠᠷ ᠰᠠᠢᠲᠠᠶ᠂ ᠠᠮᠤᠷ ᠲᠦᠪᠱᠢᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠤᠳᠠᠯᠳᠤᠨ ᠠᠪᠬᠤ ᠨᠢ ᠨᠢᠭᠡᠨᠲᠡ ᠣᠳᠣᠬᠠᠨ᠎ᠤ ᠬᠡᠷᠡᠭ᠌ᠯᠡᠭ᠌ᠴᠢᠳ᠎ᠦᠨ ᠨᠡᠢᠳᠡᠮ᠎ᠦᠨ ᠱᠠᠭᠠᠷᠳᠠᠯᠭ᠎ᠠ ᠪᠣᠯᠵᠣ᠂ ᠣᠯᠠᠨ ᠲᠦᠮᠡᠨ ᠢᠯᠠᠩᠭᠤᠶ᠎ᠠ ᠲᠠᠷᠢᠶᠠᠨ ᠡᠮ᠎ᠦᠨ ᠦᠯᠡᠳᠡᠭ᠌ᠳᠡᠯ᠂ ᠱᠢᠮ᠎ᠡ ᠲᠡᠵᠢᠭᠡᠯ᠎ᠦᠨ ᠪᠦᠷᠢᠯᠳᠦᠬᠦᠨ ᠵᠡᠷᠭᠡ ᠲᠠᠯ᠎ᠠ᠎ᠪᠠᠷ ᠨᠠᠩ ᠢᠯᠡᠭᠦᠦ ᠠᠩᠬᠠᠷᠤᠯ ᠲᠠᠯᠪᠢᠵᠤ ᠪᠠᠢᠨ᠎ᠠ᠂ ᠡᠨᠡ ᠨᠢ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠳᠦ ᠨᠠᠩ ᠥᠨᠳᠥᠷ ᠱᠠᠭᠠᠷᠳᠠᠯᠭ᠎ᠠ ᠳᠤᠷᠠᠳᠤᠭ᠍ᠰᠠᠨ ᠪᠥᠭᠡᠳ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠱᠢᠯᠭᠠᠨ ᠪᠠᠢᠴᠠᠭᠠᠬᠤ ᠪᠠᠢᠴᠠᠭᠠᠨ ᠬᠡᠮᠵᠢᠬᠦ᠌ ᠪᠠ ᠶᠠᠰᠤ ᠴᠢᠨᠠᠷ᠎ᠤᠨ ᠠᠮᠤᠷ ᠲᠦᠪᠱᠢᠨ᠎ᠦ ᠬᠠᠮᠢᠶᠠᠷᠤᠯᠲᠠ᠎ᠶ᠋ᠢᠨ ᠮᠡᠷᠭᠡᠵᠢᠯ᠎ᠦᠨ ᠲᠦᠪᠱᠢᠨ᠎ᠢ ᠤᠯᠠᠮ ᠴᠢᠨᠠᠬᠰᠢᠳᠠ ᠳᠡᠭᠡᠭ᠌ᠰᠢᠯᠡᠭᠦᠯᠵᠦ᠍᠂ ᠢᠳᠡᠭᠡᠨ᠎ᠦ ᠠᠮᠤᠷ ᠲᠦᠪᠱᠢᠨ᠎ᠦ ᠪᠠᠷᠢᠮᠵᠢᠶ᠎ᠠ᠎ᠶ᠋ᠢ ᠴᠢᠩᠭ᠎ᠠ ᠬᠡᠷᠡᠭ᠌ᠵᠢᠭᠦᠯᠦᠨ᠂ ᠠᠷᠠᠳ ᠣᠯᠠᠨ᠎ᠤ ᠢᠳᠡᠭᠡᠨ ᠤᠮᠳᠠᠭᠠᠨ᠎ᠤ ᠠᠮᠤᠷ ᠲᠦᠪᠱᠢᠨ᠎ᠢ ᠰᠠᠢᠲᠤᠷ ᠰᠠᠬᠢᠬᠤ᠎ᠶ᠋ᠢ ᠱᠠᠭᠠᠷᠳᠠᠵᠦ ᠪᠠᠢᠨ᠎ᠠ》ᠭᠡᠵᠦ᠍ ᠴᠧᠨ ᠯᠢ ᠵᠢᠶᠧ ᠬᠡᠯᠡᠪᠡ᠃
ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠬᠠᠮᠠᠭᠠᠯᠠᠬᠤ᠎ᠳᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠬᠦᠴᠦᠯᠡᠬᠦ᠌ᠪᠦᠭᠡᠳ ᠪᠠᠰᠠ ᠦᠷᠭᠦᠯᠵᠢᠯᠡᠨ ᠰᠦᠷ ᠬᠦᠴᠦᠳᠦ ᠪᠠᠢᠳᠠᠯ ᠪᠦᠬᠦᠢ ᠬᠢᠨᠠᠯᠳᠠ ᠬᠠᠮᠢᠶᠠᠷᠤᠯᠳᠠ ᠵᠢᠨ ᠡᠷᠴᠢᠮ᠎ᠢᠶᠡᠨ ᠪᠠᠲᠤᠯᠠᠬᠤ ᠬᠡᠷᠡᠭ᠌ᠲᠡᠶ᠃
2021 ᠣᠨ᠎ᠳᠤ᠂ ᠮᠠᠨ᠎ᠤ ᠣᠷᠣᠨ᠎ᠤ 99 ᠬᠣᠱᠢᠭᠤ ᠱᠢᠶᠠᠨ ᠲᠣᠭᠣᠷᠢᠭ᠎ᠤᠨ 2739 ᠲᠡᠵᠢᠭᠡᠨ ᠦᠷᠡᠵᠢᠭᠦᠯᠬᠦ᠌ ᠲᠠᠯᠠᠪᠠᠶ᠂ ᠬᠣᠷᠱᠢᠶ᠎ᠠ᠂ ᠠᠵᠤ ᠠᠬᠤᠢᠯᠠᠯ ᠵᠢᠴᠢ ᠮᠠᠯᠵᠢᠬᠤ ᠲᠠᠷᠢᠶᠠᠯᠠᠬᠤ ᠡᠷᠦᠬᠡ᠎ᠳᠦ ᠥᠯᠢᠭᠡᠷ ᠡᠳ᠋᠎ᠢ 4 .1 ᠲᠦᠮᠡᠨ ᠪᠦᠯᠦᠭ ᠤᠳᠠᠭ᠎ᠠ ᠰᠤᠭᠤᠴᠢᠨ ᠪᠠᠢᠴᠠᠭᠠᠵᠤ᠂ ᠤᠤᠯ᠎ᠤᠨ ᠲᠥᠯᠥᠪᠯᠡᠭ᠌ᠰᠡᠨ᠎ᠡᠴᠡ1.2 ᠲᠦᠮᠡ ᠭᠠᠷᠤᠶ ᠪᠦᠯᠦᠭ ᠤᠳᠠᠭ᠎ᠠ ᠳᠠᠪᠠᠵᠠᠶ᠃ ᠪᠠᠰᠠ《ᠴᠠᠭᠠᠵᠠᠯᠠᠬᠰᠠᠨᠢ ᠵᠦᠷᠢᠴᠡᠭᠰᠡᠳ᠎ᠢ ᠵᠠᠰᠠᠬᠤ᠂ ᠡᠮ᠎ᠦᠨ ᠦᠯᠡᠳᠡᠭ᠌ᠳᠡᠯ᠎ᠢ ᠬᠢᠵᠠᠭᠠᠷᠯᠠᠬᠤ᠂ ᠳᠡᠭᠡᠭ᠌ᠰᠢᠯᠡᠯᠳᠠ ᠶ᠋ᠢ ᠠᠬᠢᠭᠤᠯᠬᠤ》ᠭᠤᠷᠪᠠᠨ ᠵᠢᠯ᠎ᠦᠨ ᠠᠵᠢᠯᠯᠠᠭᠠᠨ᠎ᠤ ᠲᠥᠰᠦᠯ᠎ᠢ ᠲᠣᠭ᠍ᠲᠠᠭᠠᠵᠤ᠂ ᠠᠰᠠᠭᠤᠳᠠᠯ ᠨᠡᠯᠢᠶᠡᠳ ᠲᠣᠪᠣᠢᠮ᠎ᠠ ᠪᠠᠢᠭ᠎ᠠ 11 ᠲᠥᠷᠥᠯ ᠵᠦᠶ᠋ᠯ᠎ᠳᠦ ᠲᠤᠰᠭᠠᠶ ᠴᠡᠭ᠌ᠴᠡᠯᠡᠨ ᠵᠠᠰᠠᠯᠲᠠ ᠥᠷᠨᠢᠭᠦᠯᠵᠦ᠍᠂ ᠬᠠᠤᠯᠢ ᠬᠡᠷᠡᠭ᠌ᠵᠢᠭᠦᠯᠵᠦ᠍ ᠬᠢᠨᠠᠨ ᠬᠠᠮᠢᠶᠠᠷᠬᠤ ᠠᠵᠢᠯᠲᠠᠨ᠎ᠢ 1.2 ᠲᠦᠮᠡᠨ ᠬᠥᠮᠦᠨ ᠤᠳᠠᠭ᠎ᠠ ᠲᠤᠮᠢᠯᠠᠵᠤ᠂ ᠦᠶ᠋ᠯᠡᠳᠪᠦᠷᠢᠯᠡᠯ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ 3889 ᠡᠷᠦᠬᠡ ᠤᠳᠠᠭ᠎ᠠ ᠪᠠᠢᠴᠠᠭᠠᠪᠠ᠃
《ᠣᠶᠤᠨᠴᠢ ᠬᠢᠨᠠᠯᠲᠠ ᠬᠠᠮᠢᠶᠠᠷᠤᠯᠲᠠ》᠎ᠪᠠᠷ《ᠲᠠᠷᠢᠶᠠᠨ ᠭᠠᠵᠠᠷ᠎ᠡᠴᠡ ᠬᠣᠭᠣᠯᠠᠨ ᠱᠢᠷᠡᠭᠡ ᠬᠦᠷᠲᠡᠯᠡᠬᠢ》ᠠᠮᠤᠷ ᠲᠦᠪᠱᠢᠨ᠎ᠢ ᠦᠨᠡᠨ ᠬᠦ᠌ ᠪᠠᠲᠤᠯᠠᠪᠠ᠃ ᠮᠠᠨ᠎ᠤ ᠣᠷᠣᠨ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠲᠣᠮᠣ ᠳ᠋ᠠᠢᠲ᠋ᠠ᠎ᠶ᠋ᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠶ᠋ᠯᠡᠴᠢᠯᠡᠭᠡᠨ᠎ᠦ ᠲᠠᠪᠴᠠᠩ᠎ᠢ ᠠᠱᠢᠭ᠍ᠯᠠᠨ᠂ ᠠᠩᠬ᠎ᠠ ᠤᠳᠠᠭ᠎ᠠ 2.3 ᠲᠦᠮᠡᠨ ᠦᠶ᠋ᠯᠡᠳᠪᠦᠷᠢᠯᠡᠯ᠎ᠦᠨ ᠭᠤᠤᠯ ᠴᠣᠭ᠍ᠴᠠ᠎ᠶ᠋ᠢ ᠱᠢᠰᠲ᠋ᠧᠮ᠎ᠳᠦ ᠪᠦᠷᠢᠳᠭᠡᠨ ᠳᠡᠩᠰᠡᠯᠡᠵᠦ᠍ ᠲᠡᠮᠳᠡᠭ᠌ᠯᠡᠬᠦ᠌᠎ᠶ᠋ᠢᠨ ᠬᠠᠮᠳᠤ ᠦᠶ᠋ᠯᠡᠳᠪᠦᠷᠢᠯᠡᠯ᠎ᠦᠨ ᠭᠤᠤᠯ ᠴᠣᠭ᠍ᠴᠠ᠎ᠳᠤ ᠮᠦᠷᠳᠡᠬᠦ ᠺᠣᠳ᠋ ᠣᠯᠭᠣᠵᠤ᠂ 《ᠨᠢᠭᠡ ᠭᠤᠤᠯ ᠴᠣᠭ᠍ᠴᠠ ᠳ᠋ᠤ ᠨᠢᠭᠡ ᠮᠦᠷᠳᠡᠬᠦ ᠺᠣᠳ᠋》᠎ᠲᠠᠢ ᠪᠤᠯᠭᠠᠪᠠ᠃ ᠬᠠᠮᠳᠤ ᠳ᠋ᠤᠨᠢ᠂ ᠪᠥᠬᠥ᠌ ᠣᠷᠣᠨ᠎ᠤ ᠪᠠᠷᠢᠮᠵᠢᠶ᠎ᠠ᠎ᠳᠤ ᠬᠦᠷᠦᠭ᠌ᠰᠡᠨ ᠠᠮᠠᠯᠠᠯᠲᠠ᠎ᠶ᠋ᠢᠨ ᠬᠢᠷᠢ ᠲᠡᠩᠴᠡᠭ᠌ᠰᠡᠨ ᠦᠨᠡᠮᠯᠡᠯ᠎ᠢ ᠨᠢᠭᠡᠨᠲᠡ ᠨᠠᠢᠳᠠᠪᠤᠷᠢᠵᠢᠭᠤᠯᠤᠭ᠍ᠰᠠᠨ ᠦᠶ᠋ᠯᠡᠳᠪᠦᠷᠢᠯᠡᠯ᠎ᠦᠨ ᠭᠤᠤᠯ ᠴᠣᠭ᠍ᠴᠠ᠎ᠶ᠋ᠢ ᠪᠦᠬᠦᠨ᠎ᠢ ᠱᠢᠰᠲ᠋ᠧᠮ᠎ᠳᠦ ᠣᠷᠣᠭᠤᠯᠤᠨ ᠰᠦᠯᠵᠢᠶᠡᠨ ᠳᠡᠭᠡᠷ᠎ᠡ ᠬᠠᠮᠢᠶᠠᠷᠴᠤ᠂《ᠦᠶ᠋ᠯᠡᠳᠪᠦᠷᠢᠯᠡᠯ᠎ᠦᠨ ᠭᠤᠤᠯ ᠴᠣᠭ᠍ᠴᠠ᠎ᠶ᠋ᠢᠨ ᠦᠶ᠋ᠯᠡᠳᠪᠦᠷᠢᠯᠡᠯ᠎ᠦᠨ ᠶᠠᠪᠤᠴᠠ᠎ᠶ᠋ᠢᠨ ᠬᠠᠮᠢᠶᠠᠷᠤᠯᠲᠠ᠎ᠶ᠋ᠢᠨ ᠮᠡᠳᠡᠭᠡ ᠵᠠᠩᠭᠢ᠎ᠶ᠋ᠢᠨ ᠱᠢᠰᠲ᠋ᠧᠮ᠎ᠦᠨ ᠰᠢᠯᠵᠢᠶ᠎ᠠ》᠎ᠶ᠋ᠢ ᠪᠠᠭᠤᠯᠭᠠᠨ ᠠᠪᠬᠤ᠎ᠪᠠᠷ ᠳᠠᠮᠵᠢᠭᠤᠯᠤᠨ᠂《ᠪᠠᠷᠢᠮᠵᠢᠶ᠎ᠠ᠎ᠳᠤ ᠬᠦᠷᠦᠭ᠌ᠰᠡᠨ ᠡᠯᠧᠺᠲ᠋ᠷᠣᠨ ᠠᠮᠠᠯᠠᠯᠲᠠ᠎ᠶ᠋ᠢᠨ ᠬᠢᠷᠢ ᠲᠡᠩᠴᠡᠭ᠌ᠰᠡᠨ ᠦᠨᠡᠮᠯᠡᠯ + ᠮᠥᠷᠳᠡᠨ ᠬᠠᠮᠢᠶᠠᠷᠬᠤ》᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠦ ᠢᠷᠡᠯᠲᠡ᠎ᠶ᠋ᠢ ᠪᠠᠢᠴᠠᠭᠠᠵᠤ ᠪᠣᠯᠬᠤ᠂ ᠮᠦᠷᠳᠡᠵᠤ ᠪᠣᠯᠬᠤ᠂ ᠡᠵᠡᠮᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠵᠤ᠂ ᠡᠴᠦᠰ᠎ᠲᠦᠨᠢ ᠲᠤᠯᠲᠠᠯ᠎ᠠ 《ᠮᠥᠷᠳᠡᠵᠦ》ᠲᠡᠢᠯᠬᠦ ᠪᠤᠯᠵᠠᠢ᠃
ᠳᠠᠢᠴᠢᠯᠠᠵᠥ ᠭᠠᠷᠭᠠᠬᠰᠠᠨ ᠥᠷᠢᠰᠥᠯᠳᠦᠬᠦ᠌ ᠬᠦᠴᠦᠨ
ᠪᠠᠶᠠᠨᠨᠠᠭᠤᠷ ᠬᠣᠲᠠ᠎ᠶ᠋ᠢᠨ ᠦᠶᠤᠸᠠᠨ ᠱᠢᠶᠠᠨ᠎ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ《ᠡᠷᠡᠭᠦᠯ ᠮᠡᠨᠳᠦ᠍᠎ᠶ᠋ᠢᠨ ᠺᠣᠳ᠋》ᠲᠠᠢ᠎ᠪᠡᠷ ᠵᠠᠬ᠎ᠠ ᠳᠡᠯᠭᠡᠭᠦᠷ᠎ᠲᠦ ᠭᠠᠷᠬᠤ᠎ᠨᠢ ᠨᠢᠭᠡᠨᠲᠡ ᠱᠢᠨ᠎ᠡ ᠰᠡᠪᠡᠭᠦᠨ ᠶᠠᠪᠤᠳᠠᠯ ᠪᠢᠰᠢ ᠪᠣᠯᠵᠠᠶ᠃
《ᠪᠢᠳᠡ ᠮᠦᠷᠳᠡᠬᠦ ᠺᠣᠳ᠋᠎ᠲᠠᠶ ᠠᠮᠠᠯᠠᠯᠲᠠ᠎ᠶ᠋ᠢᠨ ᠪᠠᠷᠢᠮᠵᠢᠶ᠎ᠠ᠎ᠳᠤ ᠬᠦᠷᠦᠭ᠌ᠰᠡᠨ ᠬᠢᠷᠢ ᠲᠡᠩᠴᠡᠭ᠌ᠰᠡᠨ ᠦᠨᠡᠮᠯᠡᠯ᠎ᠳᠦ〈ᠡᠷᠡᠭᠦᠯ ᠮᠡᠨᠳᠦ᠍᠎ᠶ᠋ᠢᠨ ᠺᠣᠳ᠋〉ᠭᠡᠬᠦ᠌ ᠥᠭᠡᠷ᠎ᠡ ᠨᠡᠷ᠎ᠡ ᠥᠭ᠌ᠴᠡᠶ᠃ ᠡᠨᠡ ᠨᠢ ᠦᠵᠡᠬᠦ ᠳ᠋ᠤ ᠶᠠᠯᠢᠮ ᠦᠬᠡᠢ ᠨᠢᠭᠡ ᠨᠢᠮᠭᠡᠭᠡᠨ ᠬᠢᠷᠢ ᠲᠡᠩᠴᠡᠭ᠌ᠰᠡᠨ ᠦᠨᠡᠮᠯᠡᠯ ᠭᠡᠳᠡᠭ ᠪᠣᠯᠪᠠᠴᠤ᠌ ᠦᠢᠯᠡᠳᠦᠯ ᠨᠢ ᠮᠠᠰᠢ ᠶᠡᠬᠡ᠂ ᠪᠢᠳᠡ ᠶᠠᠭᠤᠮ᠎ᠠ ᠬᠤᠳᠠᠯᠳᠤᠬᠤ᠎ᠳᠤ ᠨᠠᠩ ᠢᠳᠡ᠎ᠲᠠᠶ ᠪᠣᠯᠵᠠᠶ᠂ ᠬᠡᠷᠡᠭ᠌ᠯᠡᠭ᠌ᠴᠢ ᠪᠢᠳᠡᠨ᠎ᠦ ᠪᠦᠲᠦᠭᠡᠭ᠌ᠳᠡᠬᠦᠨ᠎ᠢ ᠪᠠᠰᠠ ᠨᠠᠩ ᠮᠡᠳᠡᠷᠡᠵᠦ᠍ ᠪᠠᠢᠨ᠎ᠠ》᠃ ᠬᠢᠷᠢ ᠲᠡᠩᠴᠡᠭ᠌ᠰᠡᠨ ᠦᠨᠡᠮᠯᠡᠯ᠎ᠦᠨ ᠲᠤᠬᠠᠶ ᠶᠠᠷᠢᠬᠤ᠎ᠳᠤ᠂ ᠶᠠᠨ ᠠᠨ ᠪᠤᠯᠤᠨ ᠴᠢᠶᠣᠤ ᠱᠢᠶᠠᠩ ᠪᠡᠯ᠎ᠳᠤ ᠬᠡᠮᠭᠡ ᠵᠢᠨ ᠲᠠᠷᠢᠶᠠᠴᠢᠳ᠎ᠤᠨ ᠲᠤᠰᠭᠠᠶ ᠠᠵᠢᠯ᠎ᠤᠨ ᠬᠣᠷᠱᠢᠶᠠᠨ᠎ᠤ ᠳᠠᠭᠠᠭᠤᠯᠤᠭ᠍ᠴᠢ ᠵᠠᠩ ᠵᠢᠶᠠᠨ ᠵᠢᠶᠦ᠋ᠨ᠎ᠤ ᠵᠤᠭᠤᠭ᠎ᠤᠨ ᠤᠭᠤᠳᠠ ᠠᠶᠠᠨᠳᠠᠭᠠᠨ ᠲᠡᠯᠭᠡᠭᠳᠡᠨ᠎ᠠ᠃
ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ ᠱᠢᠶᠠᠨ ᠪᠣᠯᠤᠭ᠍ᠰᠠᠨ᠎ᠤ ᠬᠤᠪᠢ᠎ᠳᠤ᠂ 2020 ᠣᠨ᠎ᠳᠤ ᠦᠶᠤᠸᠠᠨ ᠱᠢᠶᠠᠨ᠎ᠨᠢ ᠤᠯᠤᠰ᠎ᠡᠴᠡ ᠮᠥᠷᠳᠡᠬᠦ ᠲᠠᠪᠴᠠᠩ ᠪᠠ ᠠᠮᠠᠯᠠᠯᠲᠠ᠎ᠵᠢᠨ ᠪᠠᠷᠢᠮᠵᠢᠶ᠎ᠠ᠎ᠳᠤ ᠬᠦᠷᠦᠭ᠌ᠰᠡᠨ ᠬᠢᠷᠢ ᠲᠡᠩᠴᠡᠭ᠌ᠰᠡᠨ ᠦᠨᠡᠮᠯᠡᠯ᠎ᠢ ᠳᠡᠯᠭᠡᠷᠡᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠭᠤᠤᠯ ᠴᠣᠭ᠍ᠴᠠ᠎ᠶ᠋ᠢ ᠨᠠᠢᠳᠠᠪᠤᠷᠢᠵᠢᠭᠤᠯᠬᠤ᠂ ᠵᠠᠭ᠍ᠪᠤᠷ ᠢ᠋ ᠨᠢᠭᠡᠳᠭᠡᠬᠦ᠌᠂ ᠳᠠᠩᠰᠠᠯᠠᠨ ᠲᠡᠮᠳᠡᠭ᠌ᠯᠡᠬᠦ᠌᠂ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠷᠡᠲᠦ ᠲᠥᠷᠥᠯ ᠲᠡᠮᠳᠡᠭ᠌᠎ᠤᠨ ᠪᠠᠢᠭᠤᠯᠤᠯᠲᠠ ᠪᠠᠨ ᠳᠡᠰ ᠳᠡᠪᠱᠢᠬᠦᠯᠪᠡ᠃
《ᠪᠢᠳᠡ ᠵᠢᠷᠬᠢᠶ᠎ᠠ᠂ ᠴᠤᠤᠷᠢᠶ᠎ᠠ᠂ ᠪᠤᠱᠢᠭᠤ ᠭᠠᠷ ᠵᠡᠷᠭᠡ ᠲᠠᠪᠴᠠᠩ᠎ᠢᠶᠠᠷ ᠳᠡᠮᠵᠢᠨ ᠣᠯᠠᠨ᠎ᠳᠤ ᠶᠠᠭᠤ᠎ᠶ᠋ᠢ ᠠᠮᠠᠯᠠᠯᠲᠠ᠎ᠶ᠋ᠢᠨ ᠪᠠᠷᠢᠮᠵᠢᠶ᠎ᠠ᠎ᠳᠤ ᠬᠦᠷᠦᠭᠰᠡᠨ ᠬᠢᠷᠢ ᠲᠡᠩᠴᠡᠭ᠌ᠰᠡᠨ ᠦᠨᠡᠮᠯᠡᠯ ᠭᠡᠬᠦ᠌᠂ ᠶᠠᠭᠠᠬᠢᠵᠦ ᠬᠢᠷᠢ ᠲᠡᠩᠴᠡᠭ᠌ᠰᠡᠨ ᠦᠨᠡᠮᠯᠡᠯ ᠣᠯᠵᠤ ᠴᠢᠳᠠᠬᠤ ᠵᠢ ᠲᠠᠢᠯᠪᠤᠷᠢᠯᠠᠵᠤ᠂ ᠡᠭᠦᠨ᠎ᠦ ᠤᠯᠠᠮ᠎ᠡᠴᠡ ᠬᠡᠷᠡᠭ᠌ᠯᠡᠭ᠌ᠴᠢᠳ᠎ᠦᠨ ᠪᠢᠳᠡᠨ᠎ᠢ ᠢᠲᠡᠭᠡᠮᠵᠢ ᠵᠢᠨ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠦᠶ᠋ᠯᠡᠳᠬᠦᠨ᠎ᠦ ᠪᠣᠷᠣᠯᠠᠭᠤᠯᠭ᠎ᠠ᠎ᠶ᠋ᠢᠨ ᠬᠡᠮᠵᠢᠶ᠎ᠡ᠎ᠶ᠋ᠢ ᠨᠢᠳᠤᠨᠤᠨ᠎ᠤ᠎ᠬᠢ᠎ᠡᠴᠡ 10% ᠪᠠᠷ ᠨᠡᠮᠡᠭ᠌ᠳᠡᠭᠦᠯᠵᠠᠢ》᠃ ᠵᠠᠩ ᠵᠢᠶᠠᠨ ᠵᠢᠶᠦ᠋ᠨ᠂ ᠬᠡᠷᠡᠭ᠌ᠯᠡᠭ᠌ᠴᠢᠳ ᠥᠩᠭᠡᠷᠡᠭ᠌ᠰᠡᠨ᠎ᠳᠦ ᠭᠠᠳᠠᠷ ᠳᠦᠷᠰᠦ᠎ᠪᠡᠷ ᠦᠨᠳᠦᠰᠦᠯᠡᠯ ᠪᠣᠯᠭᠠᠨ ᠦᠶ᠋ᠯᠡᠳᠬᠦᠨ ᠰᠣᠩᠭᠣᠵᠤ ᠬᠤᠳᠠᠯᠳᠤᠨ ᠠᠪᠬᠤ᠎ᠶ᠋ᠢ ᠮᠠᠭᠠᠳᠯᠠᠵᠤ ᠪᠠᠢᠭ᠍ᠰᠠᠨ᠎ᠡᠴᠡ᠎ᠪᠠᠨ ᠮᠦᠷᠳᠡᠬᠦ ᠺᠣᠳ᠋᠎ᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠠᠷᠢᠮᠵᠢᠶ᠎ᠠ᠎ᠳᠤ ᠭᠦᠷᠦᠭ᠌ᠰᠡᠨ ᠬᠢᠷᠢ ᠲᠡᠩᠴᠡᠭ᠌ᠰᠡᠨ ᠦᠨᠡᠮᠯᠡᠯ᠎ᠢᠶᠡᠷ ᠦᠶ᠋ᠯᠡᠳᠬᠦᠨ ᠰᠣᠩᠭᠣᠵᠤ ᠬᠤᠳᠠᠯᠳᠤᠨ ᠠᠪᠬᠤ ᠪᠣᠯᠵᠣ᠂ ᠬᠡᠷᠡᠭ᠌ᠯᠡᠭ᠌ᠴᠢᠳ᠎ᠦᠨ ᠦᠶ᠋ᠯᠡᠳᠬᠦᠨ ᠬᠤᠳᠠᠯᠳᠤᠨ ᠠᠪᠬᠤ ᠬᠣᠯᠪᠣᠭ᠍ᠳᠠᠯ ᠪᠥᠬᠥᠶ ᠮᠡᠳᠡᠭᠡ ᠵᠠᠩᠭᠢ᠎ᠶ᠋ᠢ ᠮᠡᠳᠡᠬᠦ᠌ ᠬᠡᠪᠴᠢᠶ᠎ᠡ᠎ᠶ᠋ᠢ ᠶᠡᠬᠡᠪᠡᠷ ᠳᠡᠭᠡᠭ᠌ᠰᠢᠯᠡᠭᠦᠯᠦᠭ᠌ᠰᠡᠨ ᠪᠥᠭᠡᠳ ᠬᠤᠳᠠᠯᠳᠤᠨ ᠠᠪᠬᠤ ᠨᠣᠷᠮ᠎ᠠ᠎ᠶ᠋ᠢ ᠴᠤ᠌ ᠳᠡᠭᠡᠭ᠌ᠰᠢᠯᠡᠭᠦᠯᠦᠭ᠌ᠰᠡᠨ ᠪᠠᠢᠨ᠎ᠠ ᠭᠡᠵᠤ ᠲᠠᠨᠢᠯᠴᠠᠭᠤᠯᠪᠠ᠃
ᠭᠠᠷᠤᠯᠲᠠ ᠰᠠᠢᠳᠠᠢ ᠮᠥᠷᠲᠡᠭᠡᠨ ᠪᠣᠷᠣᠯᠠᠭᠤᠯᠭ᠎ᠠ ᠰᠠᠢᠳᠠᠢ ᠪᠠᠢᠬᠤ ᠭᠡᠷᠡᠭᠳᠠᠢ᠃《ᠢᠳᠡᠭᠡᠨ ᠤᠮᠳᠠᠭᠠᠨ᠎ᠤ ᠠᠮᠤᠷ ᠲᠦᠪᠱᠢᠨ》᠎ᠢ᠋ ᠪᠠᠲᠤᠯᠠᠬᠤ ᠠᠯᠢ ᠣᠯᠠᠨ ᠠᠷᠭ᠎ᠠ ᠬᠡᠮᠵᠢᠶ᠎ᠡ ᠨᠢ ᠨᠠᠷᠠᠲᠤ ᠲᠡᠮᠳᠡᠭ᠎ᠦᠨ ᠨᠥᠯᠥᠭᠡᠯᠡᠬᠦ᠌ ᠬᠦᠴᠦᠨ ᠪᠠ ᠵᠠᠬ᠎ᠠ ᠳᠡᠯᠭᠡᠭᠦᠷ᠎ᠦᠨ ᠥᠷᠢᠰᠦᠯᠳᠦᠬᠦ᠌ ᠬᠦᠴᠦᠨ᠎ᠢ ᠶᠡᠬᠡᠪᠡᠷ ᠳᠡᠭᠡᠭ᠌ᠰᠢᠯᠡᠭᠦᠯᠵᠦ᠍᠂ ᠨᠠᠷᠠᠲᠤ ᠲᠡᠮᠳᠡᠭ᠎ᠦᠨ ᠳᠠᠢᠴᠢᠯᠠᠬᠤ ᠬᠦᠴᠦᠨ᠎ᠢ ᠢᠯᠡᠳᠲᠡ ᠴᠢᠩᠭᠠᠤᠨᠬᠠᠨ᠂ ᠮᠠᠯᠴᠢᠨ ᠲᠠᠷᠢᠶᠠᠴᠢᠨ ᠳᠤ 《ᠠᠯᠲᠠᠨ ᠠᠶᠠᠭ᠎ᠠ》᠎ᠶ᠋ᠢ ᠨᠢ ᠨᠠᠩ ᠪᠠᠲᠤ ᠠᠳᠬᠤᠭᠤᠯᠪᠠ᠃
ᠮᠠᠨ᠎ᠤ ᠣᠷᠣᠨ 2012 ᠣᠨ᠎ᠳᠤ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ ᠬᠣᠱᠢᠭᠤ ᠱᠢᠶᠠᠨ᠎ᠢ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠡᠬᠢᠯᠡᠭᠦᠯᠵᠦ᠍᠂ ᠣᠳᠣᠬᠠᠨ᠎ᠳᠤ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ ᠱᠢᠶᠠᠨ 9᠂ ᠲᠤᠷᠱᠢᠯᠲᠠ᠎ᠶ᠋ᠢᠨ ᠨᠢᠭᠡᠴᠢ 4 ᠶ᠋ᠢ ᠡᠭᠦᠳᠦᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠰᠢᠨ ᠱᠢᠶᠠᠨ 35 ᠶ᠋ᠢ ᠡᠭᠦᠳᠦᠨ ᠪᠠᠢᠭᠤᠯᠪᠠ᠃
《ᠦᠢᠯᠡᠳᠪᠦᠷᠢᠯᠡᠬᠦ᠌》᠂《ᠬᠠᠮᠢᠶᠠᠷᠬᠤ》 ᠶ᠋ᠢ ᠵᠡᠷᠭᠡ᠎ᠳᠦᠨᠢ ᠡᠷᠬᠢᠮᠯᠡᠬᠦ᠌᠂ 《ᠪᠠᠢᠴᠠᠭᠠᠬᠤ》᠂ 《ᠮᠥᠷᠳᠡᠬᠦ᠌》 ᠶ᠋ᠢ ᠵᠡᠷᠭᠡ᠎ᠳᠦᠨᠢ ᠴᠢᠬᠤᠯᠠᠴᠢᠯᠠᠬᠤ᠎ᠶ᠋ᠢ ᠪᠠᠷᠢᠮᠲᠠᠯᠠᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ《ᠨᠡᠮᠡᠬᠦ᠌ ᠬᠠᠰᠤᠬᠤ ᠦᠷᠡᠵᠢᠭᠦᠯᠬᠦ᠌ ᠬᠤᠪᠢᠶᠠᠬᠤ》᠎ᠶ᠋ᠢ ᠰᠠᠢᠲᠤᠷ ᠬᠢᠪᠠ᠃ ᠮᠠᠨ᠎ᠤ ᠣᠷᠣᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠱᠢᠶᠠᠨ᠎ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠪᠣᠬᠢᠷᠲᠤᠯ ᠥᠬᠡᠶ᠂ ᠣᠷᠭᠠᠨᠢᠭ ᠪᠠ ᠭᠠᠵᠠᠷ ᠵᠦᠶ᠎ᠶ᠋ᠢᠨ ᠢᠯᠡᠷᠭᠡᠢᠯᠡᠯᠳᠦ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠢᠵᠢᠭᠤᠯᠤᠨ ᠭᠡᠷᠡᠴᠢᠯᠡᠬᠦ᠌ᠯᠦᠭᠡ ᠵᠡᠷᠭᠡ ᠪᠡᠷ ᠠᠬᠢᠭᠤᠯᠵᠤ᠂ ᠮᠠᠨ᠎ᠤ ᠣᠷᠣᠨ᠎ᠤ ᠳᠠᠪᠠᠭᠤᠯᠢᠭ ᠣᠨᠴᠠᠯᠢᠠᠠᠳᠦ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠴᠢᠨᠠᠷ ᠰᠠᠢᠲᠠᠶ ᠰᠠᠢᠨ ᠦᠨ᠎ᠡ ᠬᠠᠩᠰᠢ᠎ᠶ᠋ᠢᠨ ᠦᠶ᠋ᠯᠡᠳᠦᠯ᠎ᠢ ᠪᠠᠳᠠᠷᠠᠭᠤᠯᠤᠨ᠂ ᠮᠠᠯᠴᠢᠨ ᠲᠠᠷᠢᠶᠠᠴᠢᠨ᠎ᠢ ᠳᠠᠢᠴᠢᠯᠠᠨ ᠭᠠᠷᠤᠯᠲᠠ᠎ᠶ᠋ᠢ᠎ᠨᠢ ᠨᠡᠮᠡᠭ᠌ᠳᠡᠭᠦᠯᠦᠨ ᠣᠷᠣᠯᠭ᠎ᠠ᠎ᠶ᠋ᠢ᠎ᠨᠢ ᠨᠡᠮᠡᠭ᠌ᠳᠡᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠱᠢᠶᠠᠨ᠎ᠤ ᠢᠷᠠᠭᠤ ᠠᠯᠳᠠᠷ᠎ᠤᠨ ᠦᠶ᠋ᠯᠡᠳᠦᠯ᠎ᠢ ᠭᠦᠶ᠋ᠴᠡᠳ ᠢᠯᠡᠷᠡᠭᠦᠯᠪᠡ᠃
ᠦᠢᠯᠡᠳᠬᠦᠨ᠎ᠦ ᠶᠠᠰᠤ ᠴᠢᠨᠠᠷ᠎ᠤᠨ ᠠᠮᠤᠷ ᠲᠦᠪᠱᠢᠨ ᠪᠠᠲᠤᠯᠠᠭ᠎ᠠ᠎ᠲᠠᠶ ᠪᠣᠯᠪᠠᠯ ᠰᠠᠶᠢ ᠭᠣᠣᠯᠯᠠᠬᠤ ᠥᠷᠢᠰᠥᠯᠳᠦᠬᠦ᠌ ᠬᠦᠴᠦᠨ᠎ᠲᠡᠶ ᠪᠣᠯᠤᠨ᠎ᠠ᠃ ᠮᠠᠨ᠎ᠤ ᠣᠷᠣᠨ ᠪᠠᠷᠢᠮᠵᠢᠶᠠᠵᠢᠭ᠍ᠰᠠᠨ ᠱᠢᠶᠠᠩ ᠪᠠᠯᠭᠠᠰᠤ᠎ᠶ᠋ᠢᠨ ᠥᠷᠲᠡᠭᠡ᠎ᠶ᠋ᠢᠨ ᠪᠥᠲᠥᠭᠡᠨ ᠪᠠᠢᠭᠤᠯᠤᠯᠲᠠ᠂ ᠲᠤᠤᠷᠵᠢᠭᠤᠯᠤᠭ᠍ᠰᠠᠨ ᠬᠠᠮᠢᠶᠠᠷᠤᠯᠲᠠ ᠪᠠ ᠠᠮᠠᠯᠠᠯᠲᠠ ᠪᠠᠷᠢᠮᠵᠢᠶ᠎ᠠ᠎ᠳᠤ ᠬᠦᠷᠦᠭ᠌ᠰᠡᠨ ᠬᠢᠷᠢ ᠲᠡᠩᠴᠡᠭ᠌ᠰᠡᠨ ᠦᠨᠡᠮᠯᠡᠯ᠎ᠢ ᠲᠤᠷᠱᠢᠨ ᠬᠡᠷᠡᠭ᠌ᠵᠢᠭᠦᠯᠬᠦ᠌ ᠵᠡᠷᠭᠡ ᠠᠵᠢᠯ᠎ᠢ ᠪᠥᠬᠥ᠌ ᠬᠦᠴᠦᠨ᠎ᠢᠶᠡᠷ᠎ᠢᠶᠡᠨ ᠥᠷᠨᠢᠭᠦᠯᠵᠦ᠍᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ ᠱᠢᠶᠠᠨ᠎ᠤ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠵᠤ ᠳᠠᠢᠴᠢᠯᠠᠬᠤ ᠦᠶ᠋ᠯᠡᠳᠦᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ 2021 ᠣᠨ᠎ᠳᠤ᠂ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠱᠢᠶᠠᠨ᠎ᠤ ᠵᠤᠷᠱᠢᠯᠲᠤ ᠱᠢᠯᠭᠠᠨ ᠪᠠᠢᠴᠠᠭᠠᠯᠲᠠ᠎ᠶ᠋ᠢᠨ ᠬᠢᠷᠢ ᠲᠡᠩᠴᠡᠭ᠌ᠰᠡᠨ ᠨᠣᠷᠮ᠎ᠠ 99.6% ᠳ᠋ᠤ ᠬᠦᠷᠴᠦ᠍᠂ ᠪᠥᠬᠥ᠌ ᠣᠷᠣᠨ᠎ᠤ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ ᠵᠢᠡᠷ 0.2 ᠬᠤᠪᠢ ᠥᠨᠳᠥᠷ ᠪᠣᠯᠵᠣ᠂ ᠶᠠᠰᠤ ᠴᠢᠨᠠᠷ᠎ᠤᠨ ᠠᠮᠤᠷ ᠲᠦᠪᠱᠢᠨ᠎ᠦ ᠲᠦᠪᠱᠢᠨ ᠲᠣᠭ᠍ᠲᠠᠭᠤᠨ᠎ᠢᠶᠠᠷ ᠰᠠᠢᠵᠢᠷᠠᠵᠤ᠂ ᠰᠠᠢᠨ ᠦᠶ᠋ᠯᠡᠳᠬᠦᠨ᠎ᠢ ᠦᠶ᠋ᠯᠡᠳᠪᠦᠷᠢᠯᠡᠵᠦ᠍ ᠲᠡᠢᠯᠬᠦ ᠮᠦᠷᠳᠡᠬᠡᠨ ᠪᠤᠷᠤᠯᠠᠭᠤᠯᠭ᠎ᠠ ᠰᠠᠢᠳᠠᠢ ᠪᠤᠯᠭᠠᠪᠠ᠃
ᠡᠬᠢ ᠡᠭᠦᠰᠦᠯ᠎ᠡᠴᠡ ᠨᠢ ᠵᠠᠰᠠᠵᠤ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠪᠦᠬᠦ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠪᠠᠷ ᠠᠶᠤᠯ ᠲᠦᠭ᠌ᠰᠢᠭᠦᠷᠢ᠎ᠶ᠋ᠢ ᠴᠢᠩᠭ᠎ᠠ ᠡᠵᠡᠮᠳᠡᠪᠡ᠃ ᠮᠠᠨ᠎ᠤ ᠣᠷᠣᠨ ᠬᠢᠨᠠᠯᠲᠠ ᠬᠠᠮᠢᠶᠠᠷᠤᠯᠲᠠ᠎ᠶ᠋ᠢᠨ ᠳᠦᠷᠢᠮ᠂ ᠵᠠᠭ᠍ᠪᠤᠷ᠎ᠤᠨ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠲᠦᠷᠭᠡᠳᠭᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠢᠨᠠᠯᠲᠠ ᠬᠠᠮᠢᠶᠠᠷᠤᠯᠲᠠ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠦᠨ᠂ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠲᠠᠰᠤᠷᠠᠯᠲᠠ ᠥᠬᠡᠶ ᠲᠡᠭᠡᠭᠰᠢᠯᠡᠬᠦᠯᠵᠦ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠨᠠᠩ ᠪᠠᠲᠤ ᠪᠡᠬᠢ ᠪᠣᠯᠭᠠᠵᠦ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃