2022-07-05 09:15:53
— ᠮᠠᠨ᠎ᠦ ᠤᠷᠤᠨ᠎ᠦ ᠡᠮᠡᠭᠳᠡᠢᠴᠤᠳ ᠬᠡᠦᠭᠡᠳ᠎ᠤᠨ ᠠᠵᠢᠯ᠎ᠢ ᠪᠦᠬᠦ ᠲᠠᠯ᠎ᠠ ᠪᠠᠷ ᠠᠬᠢᠭᠤᠯᠤᠭᠰᠠᠨ ᠳᠤᠬᠠᠢ ᠬᠦᠦᠷᠨᠢᠯ
ᠤᠯᠤᠰ᠎ᠤᠨ ᠭᠦᠶ᠋ᠴᠡᠳᠭᠡᠯ ᠲᠣᠭ᠎ᠠ 56 ᠵᠦᠶ᠋ᠯ ᠪᠠᠢᠬᠰᠠᠨ᠎ᠢ ᠥᠪᠡᠷᠲᠡᠭᠡᠨ ᠵᠠᠰᠠᠬᠤ ᠣᠷᠣᠨ 75 ᠵᠦᠶ᠋ᠯ ᠪᠤᠯᠭᠠᠨ ᠨᠡᠮᠡᠭᠳᠡᠭᠦᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ ᠲᠣᠰ ᠲᠣᠰ 96.4% ᠪᠠ 94.7% ᠪᠣᠯᠵᠠᠶ;
ᠤᠯᠤᠰ᠎ᠤᠨ ᠭᠦᠶ᠋ᠴᠡᠳᠭᠡᠯ ᠲᠣᠭ᠎ᠠ 34 ᠵᠦᠶ᠋ᠯ ᠪᠠᠢᠬᠰᠡᠨᠢ ᠥᠪᠡᠷᠲᠡᠭᠡᠨ ᠵᠠᠰᠠᠬᠤ ᠣᠷᠣᠨ 41ᠵᠦᠶ᠋ᠯ ᠪᠤᠯᠭᠠᠨ ᠨᠡᠮᠡᠭᠳᠡᠭᠦᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠪᠠᠷᠢᠮᠵᠢᠶ᠎ᠠ᠎ᠳᠤ ᠭᠦᠷᠦᠭ᠌ᠰᠡᠨ ᠨᠣᠷᠮ᠎ᠠ ᠲᠣᠰ ᠲᠣᠰ 94.1% ᠪᠠ 95.1% ᠪᠣᠯᠵᠠᠶ᠃
ᠡᠨᠡ ᠪᠣᠯ ᠡᠮᠡᠭ᠌ᠲᠡᠢᠴᠦᠳ᠂ ᠬᠡᠦᠬᠡᠳ᠎ᠦᠨ ᠬᠥᠭ᠌ᠵᠢᠯᠲᠡ᠎ᠶ᠋ᠢᠨ ᠬᠦᠳᠦᠯᠪᠦᠷᠢ (2011 — 2020 ᠣᠨ) ᠵᠢᠨ ᠰᠡᠭᠦᠯᠴᠢ᠎ᠶ᠋ᠢᠨ ᠬᠤᠭᠤᠴᠠᠭᠠᠨ᠎ᠤ ᠦᠨᠡᠯᠡᠯᠲᠡ ᠵᠢᠨ ᠮᠠᠨ᠎ᠤ ᠣᠷᠣᠨ᠎ᠤ ᠬᠢᠨᠠᠨ ᠬᠡᠮᠵᠢᠯᠳᠠ ᠵᠢᠨ ᠲᠣᠭ᠎ᠠ ᠪᠠᠷᠢᠮᠲᠠᠪᠤᠯᠤᠨᠠ᠂ ᠡᠨᠡ ᠨᠢ ᠮᠠᠨ᠎ᠤ ᠣᠷᠣᠨ᠎ᠤ 《ᠬᠣᠶᠠᠷ ᠬᠥᠲᠥᠯᠪᠦᠷᠢ》 ᠶ᠋ᠢ ᠬᠡᠷᠡᠭ᠌ᠵᠢᠭᠦᠯᠬᠦ᠌ ᠠᠵᠢᠯ ᠮᠥᠨ ᠴᠢᠨᠠᠷ᠎ᠤᠨ ᠦᠷ᠎ᠡ ᠪᠦᠲᠦᠮᠵᠢ ᠣᠯᠤᠭ᠍ᠰᠠᠨ᠎ᠢ ᠬᠠᠷᠠᠭᠤᠯᠵᠤ ᠪᠤᠶ᠃ ᠡᠳᠡᠭᠡᠷ ᠠᠯᠢ ᠤᠯᠠᠨ ᠲᠤᠭ᠎ᠠ ᠨᠤᠭᠤᠳ ᠨᠢ ᠬᠠᠯᠠᠭᠤᠨ ᠬᠠᠯᠠᠮᠵᠢᠯᠠᠯ᠎ᠢ ᠲᠤᠰᠭᠠᠵᠤ ᠪᠠᠢᠨ᠎ᠠ᠃ ᠡᠳᠡᠭᠡᠷ ᠬᠠᠯᠠᠮᠵᠢᠯᠠᠯ ᠨᠢ ᠡᠮᠡᠭ᠌ᠲᠡᠢᠴᠦᠳ ᠬᠡᠦᠬᠡᠳ᠎ᠦᠨ ᠡᠷᠡᠭᠦᠯ ᠮᠡᠨᠳᠦ᠂ ᠰᠤᠷᠭᠠᠨ ᠬᠥᠮᠦᠵᠢᠯ᠂ ᠠᠵᠤ ᠠᠬᠤᠢ᠂ ᠠᠰᠠᠷᠠᠮᠵᠢ᠂ ᠬᠠᠮᠠᠭᠠᠯᠠᠯᠲᠠ ᠵᠡᠷᠭᠡ᠎ᠳᠦ ᠬᠣᠯᠪᠣᠭ᠍ᠳᠠᠵᠤ ᠪᠠᠢᠳᠠᠭ᠃
ᠨᠢᠳᠤᠨᠤᠨ᠂ ᠤᠯᠤᠰ᠎ᠤᠨ ᠱᠢᠨ᠎ᠡ 《ᠬᠣᠶᠠᠷ ᠬᠥᠲᠥᠯᠪᠦᠷᠢ》 ᠲᠠᠢ ᠪᠠᠷᠢᠮᠵᠢᠶᠠᠯᠠᠨ ᠬᠠᠷᠭᠤᠭᠤᠯᠵᠤ᠂ ᠥᠪᠥᠷ ᠮᠣᠩᠭᠣᠯ᠎ᠤᠨ ᠱᠢᠨ᠎ᠡ ᠨᠢᠭᠡ ᠡᠭᠡᠯᠵᠢ᠎ᠶ᠋ᠢᠨ ᠡᠮᠡᠭ᠌ᠲᠡᠢᠴᠦᠳ ᠬᠡᠦᠬᠡᠳ ᠦᠨ ᠬᠥᠭ᠌ᠵᠢᠯᠲᠡ᠎ᠶ᠋ᠢᠨ ᠬᠥᠲᠥᠯᠪᠦᠷᠢ (2021— 2030 ᠣᠨ) ᠵᠢ ᠨᠡᠢᠲᠡᠯᠡᠵᠦ᠍᠂ ᠭᠣᠣᠯ ᠬᠠᠷᠠᠯᠲᠠ᠂ ᠲᠦᠪᠱᠢᠨ ᠳᠠᠬᠢᠨᠲᠠ ᠳᠡᠭᠡᠭ᠌ᠰᠢᠯᠡᠪᠡ᠃ ᠡᠮᠡᠭ᠌ᠲᠡᠢᠴᠦᠳ ᠬᠡᠦᠬᠡᠳ᠎ᠦᠨ ᠭᠦᠶ᠋ᠴᠡᠳᠭᠡᠯ ᠲᠣᠭ᠎ᠠ ᠲᠣᠰ ᠲᠣᠰ 81 ᠵᠦᠶ᠋ᠯ ᠪᠠ 72 ᠵᠦᠶ᠋ᠯ᠎ᠳᠦ ᠬᠥᠷᠪᠡ᠃
ᠥᠷᠭᠡᠨ ᠣᠯᠠᠨ ᠡᠮᠡᠭ᠌ᠲᠡᠢᠴᠦᠳ ᠬᠡᠦᠬᠡᠳ ᠲᠦ᠍ ᠨᠠᠩ ᠰᠠᠢᠨ ᠰᠠᠢᠬᠠᠨ ᠠᠮᠢᠳᠤᠷᠠᠯ ᠢ ᠡᠳ᠋ᠯᠡᠭᠦᠯᠬᠦ᠌᠎ᠶ᠋ᠢᠨ ᠲᠥᠯᠥᠭᠡ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ ᠥᠪᠥᠷ ᠮᠣᠩᠭᠣᠯ ᠡᠮᠡᠭ᠌ᠲᠡᠢᠴᠦᠳ ᠬᠡᠦᠬᠡᠳ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠮᠡᠭ᠌ᠲᠡᠢᠴᠦᠳ ᠬᠡᠦᠬᠡᠳ᠎ᠦᠨ ᠬᠥᠭ᠌ᠵᠢᠯᠲᠡ᠎ᠶ᠋ᠢᠨ ᠬᠥᠲᠥᠯᠪᠦᠷᠢ᠎ᠶ᠋ᠢ ᠭᠦᠨᠵᠡᠭᠡᠶ ᠬᠡᠷᠡᠭ᠌ᠵᠢᠭᠦᠯᠬᠦ᠌᠎ᠶ᠋ᠢ ᠠᠬᠢᠭᠤᠯᠵᠤ᠂ ᠡᠮᠡᠭ᠌ᠲᠡᠢᠴᠦᠳ ᠬᠡᠦᠬᠡᠳ᠎ᠢ ᠬᠠᠯᠠᠮᠵᠢᠯᠠᠨ ᠬᠠᠢᠷᠠᠯᠠᠬᠤ ᠨᠡᠢᠭᠡᠮ ᠦᠨ ᠠᠭᠤᠷ ᠠᠮᠢᠰᠭᠤᠯ ᠨᠠᠩ ᠥᠳᠭᠡᠨ ᠪᠣᠯᠵᠤ᠂ ᠡᠮᠡᠭ᠌ᠲᠡᠢᠴᠦᠳ ᠬᠡᠦᠬᠡᠳ᠎ᠦᠨ ᠠᠰᠠᠷᠠᠮᠵᠢ ᠪᠠᠲᠤᠯᠠᠭ᠎ᠠ᠎ᠶ᠋ᠢᠨ ᠲᠦᠪᠱᠢᠨ ᠲᠣᠭ᠍ᠲᠠᠭᠤᠨ᠎ᠢᠶᠠᠷ ᠳᠡᠭᠡᠭ᠌ᠰᠢᠯᠡᠵᠠᠢ᠃
ᠡᠬᠡ ᠤᠯᠤᠰ᠎ᠲᠠᠶ᠎ᠪᠠᠨ ᠬᠤᠪᠢ ᠵᠠᠶᠠᠭ᠎ᠠ᠎ᠪᠠᠨ ᠬᠠᠮᠲᠤᠳᠭᠠᠵᠤ᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠵᠤ᠂ ᠥᠪᠥᠷ ᠮᠣᠩᠭᠣᠯ ᠡᠮᠡᠭ᠌ᠲᠡᠢᠴᠦᠳ ᠬᠡᠦᠬᠡᠳ᠎ᠦᠨ ᠵᠣᠯ ᠵᠢᠷᠭᠠᠯᠲᠤ ᠠᠮᠢᠳᠤᠷᠠᠯ᠎ᠢ ᠵᠢᠷᠤᠭᠯᠠᠵᠦ ᠪᠤᠢ᠃
ᠪᠦᠬᠦ᠌ ᠰᠡᠳᠭᠢᠯ᠎ᠢᠶᠡᠷ᠎ᠢᠶᠡᠨ ᠬᠠᠯᠠᠮᠵᠢᠯᠠᠵᠤ ᠡᠮᠡᠭ᠌ᠲᠡᠢᠴᠦᠳ᠎ᠦᠨ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠪᠠ
ᠡᠨᠡ ᠵᠢᠯ᠎ᠦᠨ 1 ᠰᠠᠷ᠎ᠠ᠎ᠳᠤ᠂ ᠤᠯᠠᠭᠠᠨᠴᠠᠪ ᠬᠣᠲᠠ᠎ᠶ᠋ᠢᠨ ᠱᠠᠩᠳᠤ ᠱᠢᠶᠠᠨ᠎ᠤ ᠰᠢ ᠵᠢᠩ ᠽᠢ ᠪᠠᠯᠭᠠᠰᠤᠨ᠎ᠤ ᠴᠢ ᠬᠥ᠋ ᠳ᠋ᠢ ᠲᠣᠰᠭᠣᠨ᠎ᠤ ᠬᠥᠬᠥᠨ ᠪᠤᠯᠴᠢᠷᠬᠠᠶ᠎ᠶ᠋ᠢᠨ ᠥᠮᠡᠨ ᠤᠯᠤᠭᠰᠠᠨ ᠸᠠᠩ ᠠᠪᠠᠬᠠᠶ ᠳᠤᠤᠷ᠎ᠠ ᠣᠷᠣᠯᠭ᠎ᠠ᠎ᠲᠠᠶ ᠡᠮᠡᠭ᠌ᠲᠡᠢᠴᠦᠳ᠎ᠦᠨ ᠬᠣᠶᠠᠷ ᠥᠮᠡᠨᠦ ᠠᠪᠤᠷᠠᠨ ᠲᠤᠰᠠᠯᠠᠬᠤ ᠮᠥᠩᠭᠥ᠌1ᠲᠦᠮᠡᠨ ᠲᠥᠭᠥᠷᠢᠭ᠎ᠢ ᠣᠯᠵᠤ ᠮᠠᠰᠢ ᠰᠡᠳᠭᠢᠯ ᠳᠣᠭ᠍ᠳᠣᠯᠤᠨᠠ᠃ ᠵᠥᠪᠬᠡᠨ 2010 — 2020 ᠣᠨ᠎ᠳᠤ᠂ ᠮᠠᠨ᠎ᠤ ᠣᠷᠣᠨ ᠰᠠᠪᠠ᠎ᠶ᠋ᠢᠨ ᠬᠦᠵᠦᠭᠦᠨ᠎ᠦ ᠥᠮᠡᠨ᠂ ᠬᠥᠬᠥᠨ ᠪᠤᠯᠴᠢᠷᠬᠠᠶ᠎ᠶ᠋ᠢᠨ ᠥᠮᠡᠨ ᠤ᠋ ᠡᠪᠡᠳᠴᠢᠳᠡᠨ ᠢ᠋ ᠠᠪᠤᠷᠠᠨ ᠲᠤᠰᠠᠯᠠᠬᠤ ᠪᠠᠯᠠ ᠮᠥᠩᠭᠥ᠎ᠶ᠋ᠢ 10056 ᠲᠦᠮᠡᠨ ᠲᠥᠭᠥᠷᠢᠭ ᠲᠠᠷᠬᠠᠭᠠᠪᠠ᠃
ᠡᠮᠡᠭ᠌ᠲᠡᠢᠴᠦᠳ ᠬᠡᠦᠬᠡᠳ᠎ᠦᠨ ᠡᠷᠡᠭᠦᠯ ᠮᠡᠨᠳᠦ ᠪᠣᠯ ᠪᠦᠬᠦ᠌ ᠠᠷᠠᠳ᠎ᠤᠨ ᠡᠷᠡᠭᠦᠯ ᠮᠡᠨᠳᠦ᠍ ᠶ᠋ᠢᠨ ᠰᠠᠭᠤᠷᠢ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢᠨ ᠡᠷᠬᠡ ᠠᠱᠢᠭ᠎ᠤᠨ ᠪᠠᠲᠤᠯᠠᠭ᠎ᠠ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠡᠮᠡᠭ᠌ᠲᠡᠢᠴᠦᠳ᠎ᠦᠨ ᠡᠷᠡᠭᠦᠯ ᠮᠡᠨᠳᠦ᠍᠎ᠶ᠋ᠢᠨ ᠪᠠᠢᠳᠠᠯ ᠶᠡᠬᠡᠪᠡᠷ ᠰᠠᠢᠵᠢᠷᠠᠪᠠ᠃ 2020 ᠣᠨ ᠪᠣᠯᠲᠠᠯ᠎ᠠ ᠪᠥᠬᠥ᠌ ᠣᠷᠣᠨ᠎ᠤ ᠡᠮᠡᠭ᠌ᠲᠡᠢᠴᠦᠳ᠎ᠦᠨ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ 80.45 ᠳ᠋ᠤ ᠬᠦᠷᠴᠦ᠍᠂ 2010 ᠣᠨ᠎ᠤ ᠬᠢ᠎ᠡᠴᠡ 3.18 ᠨᠠᠰᠤ ᠳᠡᠭᠡᠭ᠌ᠰᠢᠯᠡᠪᠡ᠃ ᠵᠢᠷᠮᠦᠰᠦᠨ ᠪᠠ ᠬᠦᠨᠭᠭᠡᠵᠢᠭᠦ ᠡᠮᠡᠭ᠌ᠲᠡᠶ᠎ᠶ᠋ᠢᠨ ᠦᠬᠦᠯ᠎ᠤᠨ ᠨᠣᠷᠮ᠎ᠠ 2021 ᠣᠨ᠎ᠳᠤ 2012 ᠣᠨ᠎ᠤ ᠬᠢ᠎ᠡᠴᠡ 10.72/10 ᠲᠦᠮᠡ ᠪᠠᠭᠤᠷᠠᠪᠠ᠃ ᠡᠭᠦᠨ᠎ᠦ ᠬᠠᠮᠲᠤ᠂ ᠡᠬᠡ ᠨᠢᠯᠬᠠᠰ᠎ᠤᠨ ᠡᠷᠡᠭᠦᠯ ᠬᠠᠮᠠᠭᠠᠯᠠᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠬᠡ ᠨᠢᠯᠬᠠᠰ᠎ᠤᠨ ᠡᠷᠡᠭᠦᠯᠵᠢᠯ ᠤ᠋ᠨ ᠪᠠᠢᠭᠤᠯᠤᠮᠵᠢ᠎ᠶ᠋ᠢᠨ ᠪᠦᠲᠦᠭᠡᠨ ᠪᠠᠢᠭᠤᠯᠤᠯᠲᠠ ᠡᠳᠦᠷ ᠢᠷᠡᠬᠦᠶ᠎ᠡ ᠲᠡᠭᠦᠯᠳᠡᠷᠵᠢᠪᠡ᠃
ᠡᠮᠡᠭᠳᠠᠢ ᠬᠡᠤᠬᠡᠳ᠂ ᠡᠮᠡᠭᠳᠠᠢ ᠰᠤᠷᠤᠭᠴᠢ ᠵᠢᠨ ᠡᠷᠬᠡ ᠲᠡᠭᠰᠢ ᠪᠡᠷ ᠰᠤᠷᠭᠠᠨ ᠬᠦᠮᠦᠵᠢᠯ ᠬᠦᠷᠳᠡᠬᠦ ᠲᠠᠯ᠎ᠠ ᠪᠡᠷ ᠦᠪᠡᠷᠳᠡᠭᠡᠨ ᠵᠠᠰᠠᠬᠤ ᠤᠷᠤᠨ ᠡᠴᠡ ᠰᠤᠷᠭᠠᠨ ᠬᠦᠮᠦᠵᠢᠯ ᠤ᠋ᠨ ᠤᠷᠤᠭᠤᠯᠤᠯᠳᠠ ᠵᠢ ᠲᠠᠰᠤᠷᠠᠯᠳᠠ ᠦᠭᠡᠢ ᠳᠡᠭᠡᠭᠰᠢᠯᠡᠭᠦᠯᠵᠠᠢ᠃ 2020 ᠣᠨ᠎ᠳᠤ ᠡᠮᠡᠭ᠌ᠲᠡᠶ ᠵᠠᠯᠠᠭᠤ ᠢᠳᠡᠷᠴᠦᠳ᠎ᠦᠨ ᠰᠤᠶᠤᠯ᠎ᠦᠨ ᠪᠠᠯᠠᠶ᠎ᠶ᠋ᠢᠨ ᠨᠣᠷᠮ᠎ᠠ 0.94% ᠪᠠᠢᠵᠤ᠂ 2010 ᠣᠨ᠎ᠤ ᠬᠢ᠎ᠡᠴᠡ ᠵᠠᠭᠤᠨ ᠤ᠋ ᠬᠠᠷᠢᠴᠠᠯ ᠵᠢᠡᠷ 0.62 ᠬᠤᠪᠢ ᠪᠠᠭᠤᠷᠠᠪᠠ; ᠠᠵᠢᠯ ᠣᠯᠭᠣᠬᠤ ᠪᠣᠯᠪᠠᠰᠤᠷᠠᠯ᠎ᠤᠨ ᠲᠥᠪ ᠪᠣᠯᠤᠨ ᠠᠷᠠᠳ᠎ᠡᠴᠡ ᠡᠷᠬᠢᠯᠡᠭ᠌ᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ ᠵᠢᠨ ᠡᠷᠬᠢᠯᠡᠭ᠌ᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠳᠠᠬᠢ ᠡᠮᠡᠭ᠌ᠲᠡᠢᠴᠦᠳ ᠦᠨ ᠡᠵᠡᠯᠡᠬᠦ᠌ ᠬᠠᠷᠢᠴᠠᠯ 56.48% ᠳ᠋ᠤ᠌ ᠬᠦᠷᠴᠤ᠂ 2010 ᠣᠨ᠎ᠤ ᠬᠢ ᠡᠴᠡ ᠵᠠᠭᠤᠨ᠎ᠤ ᠬᠠᠷᠢᠴᠠᠯ ᠵᠢᠡᠷ 10 ᠬᠤᠪᠢ ᠣᠷᠴᠢᠮ ᠳᠡᠭᠡᠭ᠌ᠰᠢᠯᠡᠵᠠᠢ᠃
ᠮᠠᠨ᠎ᠤ ᠣᠷᠣᠨ ᠡᠮᠡᠭ᠌ᠲᠡᠢᠴᠦᠳ᠎ᠦᠨ ᠡᠷᠬᠡ ᠲᠡᠭ᠌ᠰᠢ᠎ᠪᠡᠷ ᠠᠵᠢᠯ ᠤᠯᠬᠤ᠎ᠶ᠋ᠢ ᠬᠦᠴᠦᠯᠡᠨ ᠠᠬᠢᠭᠤᠯᠵᠤ᠂ ᠠᠵᠢᠯ᠎ᠤᠨ ᠪᠠᠢᠷᠢ᠎ᠶ᠋ᠢ ᠶᠡᠬᠡᠪᠡᠷ ᠨᠡᠮᠡᠭᠳᠡᠭᠦᠯᠵᠤ᠂ ᠡᠮᠡᠭ᠌ᠲᠡᠢᠴᠦᠳ᠎ᠦᠨ ᠠᠵᠢᠯ ᠣᠯᠭᠣᠯᠲᠠ᠎ᠶ᠋ᠢᠨ ᠬᠦᠷᠢᠶ᠎ᠡ ᠴᠠᠷᠠᠭ᠎ᠠ᠎ᠶ᠋ᠢ ᠥᠷᠭᠡᠳᠭᠡᠵᠦ᠍᠂ ᠲᠥᠷᠥ᠎ᠶ᠋ᠢᠨ ᠪᠣᠳᠣᠯᠭ᠎ᠠ᠂ ᠪᠠᠯᠠ ᠮᠥᠩᠭᠥ᠌᠂ ᠲᠥᠷᠥᠯ ᠵᠦᠶ᠋ᠯ ᠵᠡᠷᠭᠡ ᠲᠠᠯ᠎ᠠ᠎ᠪᠠᠷ ᠬᠦᠴᠦᠯᠡᠵᠦ᠍᠂ ᠡᠮᠡᠭ᠌ᠲᠡᠢᠴᠦᠳ᠎ᠦᠨ ᠱᠢᠨ᠎ᠡ᠎ᠶ᠋ᠢ ᠡᠭᠦᠳᠴᠦ᠍ ᠦᠶ᠋ᠯᠡᠰ ᠪᠤᠰᠭᠠᠬᠤ᠎ᠶ᠋ᠢ ᠬᠥᠭ᠌ᠵᠢᠭᠡᠵᠦ᠍᠂ ᠡᠮᠡᠭ᠌ᠲᠡᠢᠴᠦᠳ᠎ᠦᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠨᠡᠮᠡᠭ᠌ᠳᠡᠭᠦᠯᠪᠡ᠃《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠬᠠᠮᠢᠶᠠᠷᠤᠯᠲᠠ᠎ᠶ᠋ᠢᠨ ᠲᠦᠷ ᠬᠡᠷᠡᠭ᠌ᠵᠢᠭᠦᠯᠬᠦ᠌ ᠠᠷᠭ᠎ᠠ》 ᠪᠣᠯᠤᠨ《ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠵᠢᠯᠣᠭᠣᠳᠭᠤ ᠦᠶ᠋ᠯᠡᠴᠢᠯᠡᠭᠡᠨ᠎ᠦ ᠲᠥᠷᠥᠯ ᠵᠦᠶ᠋ᠯ》 ᠢ᠋ ᠨᠡᠢᠲᠡᠯᠡᠵᠦ᠍᠂ ᠭᠡᠷ ᠪᠦᠯᠢ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠭᠡᠷ ᠤ᠋ᠨ ᠶᠠᠪᠤᠳᠠᠯ ᠤ᠋ᠨ ᠦᠶ᠋ᠯᠡᠴᠢᠯᠡᠭᠡᠨ᠎ᠦ ᠠᠵᠤ ᠠᠬᠤᠢᠯᠠᠯ᠎ᠤᠨ《ᠪᠦᠬᠦ᠌ ᠣᠷᠣᠨ᠎ᠤ ᠭᠡᠷ ᠤ᠋ᠨ ᠶᠠᠪᠤᠳᠠᠯ ᠤ᠋ᠨ ᠦᠶ᠋ᠯᠡᠴᠢᠯᠡᠭᠡᠨ᠎ᠦ ᠱᠢᠯᠢᠳᠡᠭ ᠠᠵᠤ ᠠᠬᠤᠢᠯᠠᠯ》 ᠢ᠋ ᠱᠢᠯᠭᠠᠷᠠᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠭᠡᠷ ᠤ᠋ᠨ ᠶᠠᠪᠤᠳᠠᠯ ᠤ᠋ᠨ ᠱᠢᠯᠢᠳᠡᠭ ᠠᠵᠤ ᠠᠬᠤᠢᠯᠠᠯ᠎ᠤᠨ ᠵᠢᠱ᠌ᠢᠶ᠎ᠡ ᠦᠵᠡᠭᠦᠯᠦᠨ ᠳᠠᠢᠴᠢᠯᠠᠬᠤ ᠦᠶ᠋ᠯᠡᠳᠦᠯ᠎ᠢ ᠪᠠᠳᠠᠷᠠᠭᠤᠯᠵᠤ᠂ ᠡᠮᠡᠭ᠌ᠲᠡᠢᠴᠦᠳ᠎ᠦᠨ ᠠᠵᠢᠯ ᠣᠯᠬᠤ ᠴᠢᠳᠠᠪᠤᠷᠢ᠎ᠶ᠋ᠢ ᠨᠡᠮᠡᠭ᠌ᠳᠡᠭᠦᠯᠵᠠᠢ᠃ ᠣᠢᠷ᠎ᠠ᠎ᠶ᠋ᠢᠨ ᠵᠢᠯ᠎ᠦᠳ᠎ᠲᠦ ᠪᠥᠬᠥ᠌ ᠠᠵᠢᠯ ᠣᠯᠤᠭ᠍ᠰᠠᠳ᠎ᠤᠨ ᠳᠣᠲᠣᠷ᠎ᠠ ᠡᠮᠡᠭ᠌ᠲᠡᠢ ᠠᠵᠢᠯ ᠣᠯᠤᠭ᠍ᠰᠠᠳ᠎ᠤᠨ ᠡᠵᠡᠯᠡᠬᠦ᠌ ᠬᠠᠷᠢᠴᠠᠯ ᠦᠷᠭᠦᠯᠵᠢᠯᠡᠨ 40% ᠡᠴᠡ ᠳᠡᠭᠡᠭ᠌ᠰᠢ ᠪᠠᠢᠬᠤ᠎ᠶ᠋ᠢ ᠪᠠᠲᠤᠯᠠᠪᠠ᠃
ᠡᠯ᠎ᠡ ᠲᠥᠷᠥᠯ᠎ᠦᠨ ᠳᠡᠭᠡᠳᠤ ᠳᠡᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠱᠢᠯᠭᠠᠷᠠᠭᠤᠯᠬᠤ᠂ ᠴᠢᠳᠠᠪᠤᠷᠢᠲᠠᠨ᠎ᠤ ᠢᠨᠵᠧᠨᠧᠷᠢᠩ ᠤᠨ ᠬᠥᠮᠦᠵᠢᠭᠦᠯᠬᠦ᠌ ᠲᠥᠷᠥᠯ ᠵᠦᠶ᠋ᠯ᠂ ᠮᠡᠷᠭᠡᠵᠢᠯ᠎ᠦᠨ ᠴᠣᠯᠠ᠎ᠶ᠋ᠢ ᠱᠢᠯᠭᠠᠷᠠᠭᠤᠯᠬᠤ ᠠᠵᠢᠯ ᠳᠤᠮᠳᠠ᠂ ᠡᠮᠡᠭ᠌ᠲᠡᠶ ᠲᠤᠰᠭᠠᠶ ᠮᠡᠷᠭᠡᠵᠢᠯ᠎ᠦᠨ ᠴᠢᠳᠠᠪᠤᠷᠢᠲᠠᠨ ᠲᠡᠢᠰᠢ ᠭᠤᠤᠯᠳᠠᠯᠭ᠎ᠠ᠎ᠲᠠᠶ ᠬᠡᠯᠪᠡᠢᠯᠭᠡᠵᠠᠢ᠃ 2020 ᠣᠨ᠎ᠳᠤ ᠨᠡᠢᠲᠡ ᠶ᠋ᠢᠨ ᠥᠮᠴᠢᠯᠡᠯ᠎ᠦᠨ ᠠᠵᠤ ᠠᠬᠤᠶ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢᠨ ᠳᠡᠭᠡᠳᠦ ᠵᠡᠷᠭᠡ᠎ᠶ᠋ᠢᠨ ᠲᠤᠰᠭᠠᠶ ᠮᠡᠷᠭᠡᠵᠢᠯ᠎ᠦᠨ ᠠᠵᠢᠯᠲᠠᠨ᠎ᠤ ᠳᠣᠲᠣᠷ᠎ᠠ ᠡᠮᠡᠭ᠌ᠲᠡᠢᠴᠦᠳ᠎ᠦᠨ ᠡᠵᠡᠯᠡᠬᠦ᠌ ᠬᠠᠷᠢᠴᠠᠯ 56.2% ᠪᠣᠯᠪᠠ᠃
ᠰᠠᠢ᠌ᠨ ᠲᠦᠷᠦ᠍᠎ᠶ᠋ᠢᠨ ᠪᠤᠳᠤᠯᠭ᠎ᠠ ᠰᠠᠢ᠌ᠨ ᠠᠷᠭ᠎ᠠ ᠬᠡᠮᠵᠢᠶ᠎ᠡ ᠵᠢᠨ ᠦᠷᠭᠦᠯᠵᠢᠯᠡᠨ ᠬᠦᠴᠦᠯᠡᠭᠰᠡᠨ ᠡᠴᠡ ᠡᠮᠡᠭ᠌ᠲᠡᠢᠴᠦᠳ᠎ᠦᠨ ᠠᠵᠢᠯ ᠬᠢᠵᠦ᠍ ᠦᠢᠯᠡᠰ ᠪᠤᠰᠭᠠᠬᠤ ᠤᠷᠮ᠎ᠠ ᠰᠡᠳᠭᠢᠯᠭᠡ ᠶᠡᠬᠡᠪᠡᠷ ᠪᠠᠳᠠᠷᠠᠪᠠ᠄
ᠢᠷᠭᠤᠢ ᠡᠭᠡᠴᠢ ᠳᠡᠭᠦᠦ᠍ ᠨᠠᠷ ᠵᠢᠡᠨ ᠳᠠᠭᠠᠭᠤᠯᠤᠨ 《ᠪᠦᠰᠡᠭᠦᠢ》 ᠬᠡᠮᠡᠬᠦ ᠲᠦᠷᠦᠯ ᠳᠡᠮᠳᠡᠭ ᠵᠢᠡᠨ ᠭᠠᠳᠠᠭᠠᠳᠤ᠎ᠳᠤ ᠬᠦᠷᠳᠡᠯ᠎ᠠ ᠠᠯᠳᠠᠷᠰᠢᠭᠤᠯᠤᠭᠰᠠᠨ᠎ᠢᠶᠠᠷ ᠪᠠᠷᠠᠬᠤ ᠦᠭᠡᠢ ᠨᠡᠩ ᠤᠯᠠᠨ ᠵᠡᠮᠳᠡᠭ ᠡᠮᠡᠭᠳᠡᠢᠴᠤᠳ ᠲᠤ᠌ ᠠᠵᠢᠯ ᠣᠯᠭᠣᠪᠠ;
ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭ᠌ᠰᠡᠨ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠪᠠᠶᠠᠨᠭᠤᠤᠯ ᠪᠠᠯᠭᠠᠰᠤᠨ᠎ᠤ ᠡᠮᠡᠭ᠌ᠲᠡᠢ ᠵᠢᠶᠠᠩ ᡁᠢ ᠬᠤᠸᠠ 20 ᠵᠢᠯ᠎ᠦᠨ ᠲᠤᠷᠰᠢ 200 ᠭᠠᠷᠤᠢ ᠮᠦ᠍ ᠠᠭ᠍ᠯᠠᠭ ᠠᠭᠤᠯᠠ᠎ᠶ᠋ᠢ ᠨᠣᠭᠣᠭᠠᠷᠠᠭᠤᠯᠵᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ ᠵᠠᠬ᠎ᠠ ᠳᠡᠯᠭᠡᠭᠦᠷ᠎ᠦᠨ ᠠᠶᠤᠯ ᠲᠦᠭ᠌ᠰᠢᠭᠦᠷᠢ᠎ᠶ᠋ᠢ ᠡᠰᠡᠷᠭᠦᠴᠡᠵᠦ᠍᠂ ᠵᠢᠯ᠎ᠦᠨ ᠴᠡᠪᠡᠷ ᠣᠷᠣᠯᠭ᠎ᠠ ᠨᠢ 100 ᠲᠦᠮᠡ ᠱᠢᠬᠠᠮ ᠲᠥᠭᠥᠷᠢᠭ᠎ᠲᠦ ᠬᠦᠷᠴᠡᠢ;
ᠣᠯᠠᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ᠎ᠤ ᠠᠵᠤ ᠦᠶ᠋ᠯᠡᠳᠪᠦᠷᠢ᠎ᠶ᠋ᠢᠨ ᠵᠢᠷᠭᠤᠳᠤᠭᠠᠷ ᠬᠦᠷᠢᠶᠡᠯᠡᠩ᠎ᠦᠨ 46 ᠳ᠋ᠤᠭᠠᠷ ᠰᠤᠳᠤᠯᠬᠤ ᠭᠠᠵᠠᠷ᠎ᠤᠨ ᠰᠤᠳᠤᠯᠤᠭ᠍ᠴᠢ ᠹᠸᠩ ᠶᠠᠨ ᠯᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠢᠶᠡᠨ ᠳᠠᠭᠠᠭᠤᠯᠤᠨ ᠣᠯᠠᠨ ᠵᠦᠶ᠋ᠯ᠎ᠦᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠮᠡᠷᠭᠡᠵᠢᠯ᠎ᠦᠨ ᠡᠭᠦᠳᠦᠯᠲᠡ᠎ᠶ᠋ᠢᠨ ᠲᠤᠰᠭᠠᠶ ᠠᠱᠢᠭ ᠭᠥᠷᠳᠡᠵᠡᠶ;
ᠥᠨᠥᠳᠦᠷ᠂ ᠨᠡᠩ ᠤᠯᠠᠨ ᠵᠢᠶᠠᠩ ᡁᠢ ᠬᠤᠸᠠ᠂ ᠹᠸᠩ ᠶᠠᠨ ᠯᠢ ᠵᠡᠷᠭᠡ ᠡᠯ᠎ᠡ ᠬᠦᠷᠢᠶᠡᠨ᠎ᠦ ᠡᠮᠡᠭᠳᠠᠢᠴᠤᠳ ᠭᠠᠪᠢᠶ᠎ᠠ ᠪᠠᠢᠭᠤᠯᠵᠤ ᠦᠢᠯᠡᠰ ᠪᠤᠰᠬᠠᠵᠤ᠂ ᠣᠮᠣᠭ ᠲᠡᠭᠦᠯᠳᠡᠷ ᠢᠶᠡᠷ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠦᠵᠡᠰᠭᠦᠯᠡᠩᠲᠦ ᠰᠠᠢᠬᠠᠨ ᠬᠠᠭᠤᠳᠠᠰᠤ᠎ᠶ᠋ᠢ ᠵᠢᠷᠤᠭ᠍ᠯᠠᠵᠤ ᠪᠠᠢᠨ᠎ᠠ᠃
ᠬᠠᠢᠷ᠎ᠠ ᠬᠠᠯᠠᠮᠵᠢ ᠵᠢᠨ ᠬᠦᠴᠦᠨ᠎ᠳᠤ ᠬᠦᠢᠰ ᠬᠦᠢᠰ 《ᠴᠣᠮᠣᠷᠯᠢᠭ》 ᠳᠡᠯᠭᠡᠷᠡᠨ᠎ᠠ
ᠭᠡᠷ᠎ᠲᠡᠭᠡᠨ ᠬᠣᠴᠣᠷᠤᠭ᠍ᠰᠠᠨ ᠬᠡᠦᠬᠡᠳ ᠶᠣᠣ ᠶᠣᠣ ᠭᠠᠷᠠᠭ᠎ᠤᠨ ᠰᠡᠭᠦᠯᠴᠢ ᠪᠣᠯᠭᠠᠨ 《ᠭᠠᠷᠠᠭ᠎ᠤᠨ ᠰᠡᠭᠦᠯᠴᠢ᠎ᠶ᠋ᠢᠨ ᠡᠵᠢ》ᠲᠡᠶ ᠬᠠᠮᠲᠤ ᠪᠠᠢᠳᠠᠭ᠃ 6 ᠵᠢᠯ᠎ᠦᠨ ᠬᠤᠭᠤᠴᠠᠭᠠᠨ᠎ᠳᠤ᠂ ᠪᠠᠶᠠᠨᠨᠠᠭᠤᠷ ᠬᠤᠳᠠ᠎ᠶ᠋ᠢᠨ ᠤᠷᠠᠳ᠎ᠤᠨ ᠬᠣᠢᠲᠤ ᠬᠣᠱᠢᠭᠤᠨ᠎ᠤ ᠡᠮᠡᠭ᠌ᠲᠡᠢᠴᠦᠳ ᠦᠨ ᠬᠣᠯᠪᠣᠭ᠎ᠠ ᠶ᠋ᠢᠨ ᠲᠡᠷᠢᠭᠦᠯᠡᠭ᠌ᠴᠢ ᠸᠠᠩ ᠶᠠᠨ《ᠭᠠᠷᠠᠭ᠎ᠤᠨ ᠰᠡᠭᠦᠯᠴᠢ᠎ᠶ᠋ᠢᠨ ᠡᠵᠢ》 ᠪᠤᠯᠵᠤ ᠤᠶᠤᠨ ᠰᠠᠨᠠᠭᠠᠨ᠎ᠤ ᠲᠠᠢᠳᠭᠤᠷᠠᠭᠤᠯᠤᠯ ᠡᠴᠡ ᠡᠳ᠋ ᠪᠣᠳᠠᠰ᠎ᠤᠨ ᠬᠠᠪᠰᠤᠷᠤᠯᠭ᠎ᠠ ᠬᠦᠷᠲᠡᠯ᠎ᠡ᠂ ᠴᠢᠳᠠᠬᠤ᠎ᠶ᠋ᠢᠨ ᠬᠢᠷᠢ᠎ᠪᠡᠷ ᠶᠣᠣ ᠶᠣᠣ ᠳ᠋ᠤ ᠡᠵᠢ ᠬᠦᠮᠦᠨ ᠤ᠋ ᠬᠠᠢᠷ᠎ᠠ ᠬᠠᠯᠠᠮᠵᠢ ᠵᠢ ᠬᠦᠷᠲᠡᠭᠡᠪᠡ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠬᠡᠦᠬᠡᠳ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠍᠂ ᠬᠡᠦᠬᠡᠳ᠎ᠦᠨ ᠦᠶ᠋ᠯᠡᠰ᠎ᠦᠨ ᠬᠥᠭ᠌ᠵᠢᠯᠲᠡ᠎ᠳᠦ ᠲᠠᠰᠤᠷᠠᠯᠲᠠ ᠥᠬᠡᠶ ᠱᠢᠨ᠎ᠡ ᠰᠠᠢᠨ ᠰᠠᠢᠬᠠᠨ ᠨᠥᠬᠥᠴᠡᠯ᠎ᠢ ᠪᠦᠷᠢᠯᠳᠦᠭᠦᠯᠦᠨ ᠥᠭ᠌ᠴᠦ᠂ ᠬᠡᠦᠬᠡᠳ᠎ᠦᠨ ᠡᠷᠡᠭᠦᠯ ᠮᠡᠨᠳᠦ᠍᠎ᠶ᠋ᠢᠨ ᠲᠦᠪᠱᠢᠨ᠎ᠢ ᠤᠯᠠᠮ ᠳᠡᠭᠡᠭ᠌ᠰᠢᠯᠡᠭᠦᠯᠦᠨ᠂ ᠰᠤᠷᠭᠠᠨ ᠬᠥᠮᠦᠵᠢᠯ ᠭᠥᠷᠳᠡᠭᠡᠬᠦ᠌ ᠬᠢᠷᠢ ᠲᠦᠪᠱᠢᠨ᠎ᠢ ᠤᠯᠠᠮ ᠴᠢᠨᠠᠭᠰᠢᠳᠠ ᠳᠡᠭᠡᠭ᠌ᠰᠢᠯᠡᠭᠦᠯᠵᠦ᠍᠂ ᠠᠰᠠᠷᠠᠮᠵᠢ ᠪᠠᠲᠤᠯᠠᠭ᠎ᠠ᠎ᠶ᠋ᠢᠨ ᠲᠦᠷᠢᠮ᠎ᠢ ᠤᠯᠠᠮ ᠲᠡᠭᠦᠯᠳᠡᠷᠵᠢᠭᠦᠯᠦᠨ᠂ ᠬᠡᠦᠬᠡᠳ᠎ᠦᠨ ᠣᠷᠣᠱᠢᠨ ᠠᠮᠢᠳᠤᠷᠠᠬᠤ ᠣᠷᠴᠢᠨ ᠨᠥᠬᠥᠴᠡᠯ᠎ᠢ ᠤᠯᠠᠮ ᠱᠢᠯᠢᠳᠡᠭ᠌ᠵᠢᠭᠦᠯᠪᠡ᠃
2020 ᠣᠨ ᠪᠣᠯᠲᠠᠯ᠎ᠠ᠂ ᠮᠠᠨ᠎ᠤ ᠣᠷᠣᠨ ᠬᠦᠨᠳᠦ ᠲᠦᠭ᠌ᠰᠢᠭᠦᠷᠢᠲᠡᠶ ᠨᠢᠷᠠᠶ ᠬᠡᠦᠬᠡᠳ᠎ᠢ ᠠᠪᠤᠷᠠᠨ ᠵᠠᠰᠠᠬᠤ ᠲᠥᠪ᠎ᠢ ᠨᠢᠭᠡᠨᠲᠡ 106 ᠪᠥᠲᠥᠭᠡᠨ ᠪᠠᠢᠭᠤᠯᠵᠤ᠂ ᠨᠡᠢᠲᠡ 4 ᠡᠮᠴᠢᠯᠡᠭᠡᠨ᠎ᠦ ᠪᠠᠢᠭᠤᠯᠤᠮᠵᠢ᠎ᠶ᠋ᠢ ᠥᠪᠡᠷᠲᠡᠭᠡᠨ ᠵᠠᠰᠠᠬᠤ ᠣᠷᠣᠨ᠎ᠤ ᠬᠡᠦᠬᠡᠳ᠎ᠦᠨ ᠠᠩᠬᠠᠨ᠎ᠤ ᠬᠥᠭ᠌ᠵᠢᠯᠲᠡ᠎ᠶ᠋ᠢᠨ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠭᠠᠨ ᠡᠭᠦᠳᠦᠨ ᠪᠠᠢᠭᠤᠯᠪᠠ᠃
ᠬᠡᠦᠬᠡᠳ᠎ᠦᠨ ᠰᠤᠷᠭᠠᠨ ᠬᠥᠮᠦᠵᠢᠯ᠎ᠦᠨ ᠲᠦᠪᠰᠢᠨ᠎ᠢ ᠳᠡᠭᠡᠭ᠌ᠰᠢᠯᠡᠭᠦᠯᠬᠦ᠌᠎ᠶ᠋ᠢᠨ ᠲᠤᠰᠠᠳᠠ᠂ ᠮᠠᠨ᠎ᠤ ᠣᠷᠣᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠪᠠᠭᠤᠷᠠᠶ ᠲᠠᠯ᠎ᠠ᠎ᠶ᠋ᠢ ᠰᠠᠢᠵᠢᠷᠠᠭᠤᠯᠬᠤ ᠬᠢᠭᠡᠳ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠢᠯ ᠪᠣᠯᠤᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤ ᠦᠶ᠎ᠡ᠎ᠶ᠋ᠢᠨ ᠲᠦᠭᠡᠮᠡᠯᠵᠢᠭᠦᠯᠬᠦ᠌ ᠲᠥᠯᠥᠪᠯᠡᠭᠡ ᠶ᠋ᠢ ᠢᠳᠡᠪᠬᠢᠲᠡᠶ ᠬᠡᠷᠡᠭ᠌ᠵᠢᠭᠦᠯᠵᠦ᠍᠂ ᠲᠤᠰᠭᠠᠶ ᠲᠦᠷᠦᠯ᠎ᠦᠨ ᠲᠤᠰᠠᠯᠠᠮᠵᠢ᠎ᠶ᠋ᠢᠨ ᠪᠡᠯᠡ ᠮᠥᠩᠭᠥ᠎ᠶ᠋ᠢ 11.25 ᠳ᠋ᠦᠩᠱᠢᠭᠤᠷ ᠲᠥᠭᠥᠷᠢᠭ ᠪᠠᠭᠤᠯᠭᠠᠪᠠ᠃ ᠨᠡᠢᠲᠡ 93.2 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ 308 ᠲᠦᠮᠡᠨ ᠲᠡᠭ᠌ᠰᠢ ᠳᠥᠷᠪᠡᠯᠵᠢᠨ ᠮᠧᠲᠷ᠎ᠤᠨ ᠰᠤᠷᠭᠠᠭᠤᠯᠢ᠎ᠶ᠋ᠢᠨ ᠪᠠᠢᠷᠢ᠎ᠶ᠋ᠢ ᠱᠢᠨ᠎ᠡ᠎ᠪᠡᠷ ᠪᠠᠢᠭᠤᠯᠤᠭ᠍ᠰᠠᠨ ᠪᠠ ᠥᠭᠡᠷᠡᠴᠢᠯᠡᠨ ᠪᠠᠢᠭᠤᠯᠵᠤ᠂ 27.22 ᠳ᠋ᠦᠩᠱᠢᠭᠤᠷ ᠲᠥᠭᠥᠷᠢᠭ ᠦᠨ ᠲᠣᠨᠣᠭ ᠲᠥᠬᠥᠭᠡᠷᠦᠮᠵᠢ ᠬᠤᠳᠠᠯᠳᠤᠨ ᠠᠪᠤᠪᠠ᠃
ᠰᠤᠷᠭᠠᠨ ᠬᠥᠮᠦᠵᠢᠯ᠎ᠦᠨ ᠭᠣᠣᠯᠴᠢ ᠪᠠᠢᠬᠤ᠎ᠶ᠋ᠢ ᠢᠳᠡᠪᠬᠢᠲᠡᠢ ᠠᠬᠢᠭᠤᠯᠵᠤ᠂ ᠲᠡᠩᠴᠡᠭᠦᠷᠢᠲᠡᠢ ᠬᠥᠭ᠌ᠵᠢᠯᠲᠡ᠎ᠶ᠋ᠢᠨ ᠰᠠᠭᠤᠷᠢ᠎ᠶ᠋ᠢ ᠪᠡᠬᠢᠵᠢᠭᠦᠯᠵᠠᠢ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ 《ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠲᠡᠩᠴᠡᠭᠦᠷᠢᠲᠡᠶ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》 ᠵᠡᠷᠭᠡ ᠪᠢᠴᠢᠭ ᠮᠠᠲ᠋ᠧᠷᠢᠶᠠᠯ᠎ᠢ ᠨᠡᠢᠲᠡᠯᠡᠵᠦ᠍᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠰᠤᠷᠭᠠᠭᠤᠯᠢ᠎ᠶ᠋ᠢᠨ ᠰᠤᠷᠭᠠᠭᠤᠯᠢ ᠡᠷᠭᠢᠯᠡᠬᠦ᠌ ᠨᠥᠬᠥᠴᠡᠯ᠂ ᠰᠤᠷᠭᠠᠭᠤᠯᠢ ᠡᠷᠭᠢᠯᠡᠬᠦ᠌ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃
ᠮᠠᠨ᠎ᠤ ᠣᠷᠣᠨ᠎ᠤ ᠥᠨᠥᠴᠢᠨ ᠬᠡᠦᠬᠡᠳ ᠪᠣᠯᠤᠨ ᠪᠤᠳᠠᠳᠠᠢ ᠠᠰᠠᠷᠠᠨ ᠲᠡᠵᠢᠭᠡᠬᠦ᠌ ᠬᠥᠮᠦᠨ ᠦᠭᠡᠶ ᠬᠡᠦᠬᠡᠳ᠎ᠦᠨ ᠦᠨᠳᠦᠰᠦᠨ ᠠᠮᠢᠳᠤᠷᠠᠯ᠎ᠢ ᠪᠦᠬᠦ᠌ ᠬᠦᠴᠦᠨ᠎ᠢᠶᠡᠷ᠎ᠢᠶᠡᠨ ᠪᠠᠲᠤᠯᠠᠵᠠᠢ᠃ 2019 ᠣᠨ᠎ᠳᠤ 《ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠢ ᠪᠠᠲᠤᠯᠠᠬᠤ ᠠᠵᠢᠯ᠎ᠢ ᠤᠯᠠᠮ ᠴᠢᠩᠭᠠᠳᠭᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭ᠌ᠵᠢᠭᠦᠯᠬᠦ᠌ ᠰᠠᠨᠠᠯ》 ᠢ᠋ ᠨᠡᠢᠲᠡᠯᠡᠵᠦ᠍᠂ ᠪᠥᠬᠥ᠌ ᠣᠷᠣᠨ᠎ᠤ ᠪᠣᠳᠠᠲᠠᠶ ᠠᠰᠠᠷᠠᠨ ᠲᠡᠵᠢᠭᠡᠬᠦ᠌ ᠬᠥᠮᠦᠨ ᠥᠬᠡᠶ 2144 ᠬᠡᠦᠬᠡᠳ᠎ᠢ ᠠᠩᠬ᠎ᠠ ᠤᠳᠠᠭ᠎ᠠ ᠪᠦᠬᠦᠨ᠎ᠢ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠬᠡᠪᠴᠢᠶᠡᠨ᠎ᠳᠦ ᠣᠷᠣᠭᠤᠯᠵᠤ᠂ ᠲᠡᠨᠦᠭᠦᠴᠢᠯᠡᠵᠦ᠍ ᠪᠠᠢᠭ᠎ᠠ ᠬᠡᠦᠬᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠲᠥᠪ᠎ᠢ 2021 ᠣᠨ᠎ᠳᠤ 2012 ᠣᠨ᠎ᠤ᠎ᠬᠢ᠎ᠡᠴᠡ 27 ᠨᠡᠮᠡᠭ᠌ᠳᠡᠭᠦᠯᠪᠡ᠃
ᠡᠭᠦᠨ᠎ᠦ ᠬᠠᠮᠲᠤ ᠬᠡᠦᠬᠡᠳ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠶ᠋ᠯ᠎ᠢ ᠴᠢᠷᠮᠠᠢᠨ ᠣᠯᠵᠤ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠠᠮᠢᠳᠤᠷᠠᠯ ᠪᠠ ᠰᠤᠷᠤᠯᠭ᠎ᠠ ᠳᠤᠮᠳᠠᠬᠢ ᠬᠦᠴᠢᠷᠳᠡᠯ᠎ᠢ ᠰᠢᠢᠳᠪᠦᠷᠢᠯᠡᠪᠡ᠃ 《ᠴᠣᠮᠣᠷᠯᠢᠭ ᠲᠥᠯᠥᠪᠯᠡᠭᠡ》᠂ 《ᠮᠥᠩᠬᠡ ᠬᠠᠢᠷ᠎ᠠ᠎ᠶ᠋ᠢᠨ ᠠᠵᠢᠯᠯᠠᠭ᠎ᠠ》 ᠵᠡᠷᠭᠡ ᠨᠡᠢᠲᠡ᠎ᠶ᠋ᠢᠨ ᠠᠰᠠᠷᠠᠮᠵᠢ᠎ᠶ᠋ᠢᠨ ᠲᠥᠷᠥᠯ ᠵᠦᠢᠯ ᠢ᠋ ᠢᠳᠡᠪᠬᠢᠳᠠᠢ ᠬᠡᠷᠡᠭᠵᠢᠭᠦᠯᠬᠦ ᠵᠢᠨ ᠬᠠᠮᠲᠤ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠬᠡᠦᠬᠡᠳ ᠲᠡᠢᠰᠢ ᠬᠡᠯᠪᠡᠢᠯᠭᠡᠵᠠᠢ᠃
ᠡᠨᠡ ᠵᠢᠯ ᠤ᠋ᠨ 《6·1》 ᠤ᠋ ᠬᠡᠤᠬᠡᠳ ᠤ᠋ᠨ ᠪᠠᠶᠠᠷ᠎ᠤᠨ ᠬᠤᠭᠤᠴᠠᠭᠠᠨ ᠳ᠋ᠦ ᠬᠥᠯᠥᠨ ᠪᠣᠢᠷ ᠬᠣᠲᠠ᠎ᠶ᠋ᠢᠨ《ᠬᠠᠢᠷ᠎ᠠ ᠬᠠᠯᠠᠮᠵᠢᠳᠤ ᠡᠵᠢ》᠎ᠶ᠋ᠢᠨ ᠪᠦᠯᠬᠦᠮ ᠣᠨᠴᠠᠭᠠᠶ ᠰᠤᠷᠭᠠᠨ ᠬᠥᠮᠦᠵᠢᠯ᠎ᠦᠨ ᠰᠤᠷᠭᠠᠭᠤᠯᠢ᠂ ᠣᠨᠴᠠᠭᠠᠶ ᠰᠤᠷᠭᠠᠨ ᠬᠥᠮᠦᠵᠢᠯ᠎ᠦᠨ ᠲᠥᠪ᠎ᠲᠦ ᠬᠦᠷᠴᠦ᠍᠂ ᠵᠡᠮᠳᠡᠭ ᠬᠡᠦᠬᠡᠳ᠎ᠲᠦ ᠬᠠᠢᠷ᠎ᠠ ᠬᠠᠯᠠᠮᠵᠢ᠎ᠶ᠋ᠢᠨ ᠪᠡᠯᠡᠭ᠂ ᠰᠡᠳᠭᠢᠴᠡ᠎ᠶ᠋ᠢᠨ ᠡᠷᠡᠭᠦᠯ ᠮᠡᠨᠳᠦ᠂ ᠬᠠᠤᠯᠢ ᠴᠠᠭᠠᠵᠠ᠎ᠶ᠋ᠢᠨ ᠮᠡᠳᠡᠯᠭᠡ ᠬᠦᠷᠭᠡᠵᠦ᠍᠂ ᠪᠠᠰᠠ ᠲᠡᠳᠡᠨ᠎ᠢ ᠭᠠᠯ ᠤᠨᠲᠠᠷᠠᠭᠠᠬᠤ ᠥᠷᠲᠡᠭᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠳᠣᠨ᠂ ᠨᠣᠮ᠎ᠤᠨ ᠰᠠᠩ ᠵᠡᠷᠭᠡ ᠭᠠᠵᠠᠷ ᠵᠢᠡᠷ ᠲᠤᠭᠤᠷᠢᠭᠤᠯᠵᠠᠢ᠃
6 ᠰᠠᠷ᠎ᠠ᠎ᠶ᠋ᠢᠨ 1 ᠤ᠋ ᠡᠳᠦᠷ᠂ ᠬᠥᠬᠡᠬᠣᠲᠠ᠎ᠶ᠋ᠢᠨ 300 ᠭᠠᠷᠤᠢ ᠬᠡᠦᠬᠡᠳ ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠴᠡᠴᠡᠷᠯᠢᠭ᠎ᠲᠦ ᠪᠠᠶᠠᠷ᠎ᠤᠨ ᠡᠳᠦᠷ᠎ᠢᠶᠡᠨ ᠪᠠᠶᠠᠷ ᠬᠦᠷ᠎ᠲᠡᠶ ᠥᠩᠭᠡᠷᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ ᠬᠡᠦᠬᠡᠳ᠎ᠦᠳ᠎ᠲᠦ ᠲᠣᠭ᠍ᠯᠠᠯᠲᠠ ᠦᠵᠡᠭᠦᠯᠵᠤ᠂ ᠪᠡᠯᠡᠭ ᠬᠦᠷᠭᠡᠵᠦ᠍᠂ ᠬᠡᠤᠬᠡᠳ᠎ᠤᠳ ᠤᠯᠵᠠ ᠤᠮᠤᠭ ᠲᠦᠭᠦᠷᠡᠩ ᠪᠠᠢᠯ᠎ᠠ᠃
ᠥᠪᠥᠷ ᠮᠣᠩᠭᠣᠯ᠎ᠤᠨ ᠡᠮᠡᠭ᠌ᠲᠡᠢᠴᠦᠳ ᠬᠡᠦᠬᠡᠳ᠎ᠦᠨ ᠵᠢᠷᠭᠠᠯᠳᠤ ᠠᠮᠢᠳᠤᠷᠠᠯ ᠢ ᠨᠢᠭᠡᠨᠲᠡ ᠵᠢᠷᠤᠭ᠍ᠯᠠᠪᠠ᠂ ᠱᠢᠨ᠎ᠡ ᠨᠢᠭᠡᠨ ᠡᠭᠡᠯᠵᠢ᠎ᠶ᠋ᠢᠨ ᠡᠮᠡᠭ᠌ᠲᠡᠢᠴᠦᠳ ᠬᠡᠦᠬᠡᠳ᠎ᠦᠨ ᠬᠥᠭ᠌ᠵᠢᠯᠲᠡ᠎ᠶ᠋ᠢᠨ ᠬᠥᠲᠥᠯᠪᠦᠷᠢ (2021 —2030 ᠣᠨ) ᠵᠢ ᠬᠡᠷᠡᠭ᠌ᠵᠢᠭᠦᠯᠬᠦ ᠨᠢ ᠡᠮᠡᠭ᠌ᠲᠡᠢᠴᠦᠳ ᠬᠡᠦᠬᠡᠳ᠎ᠲᠦ ᠨᠡᠩ ᠤᠯᠠᠨ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ ᠪᠠ ᠠᠮᠤᠷ ᠲᠦᠪᠱᠢᠨ᠎ᠦ ᠲᠦᠷᠦᠭ᠌ᠳᠡᠯ ᠤᠯᠭᠤᠨ᠎ᠠ ᠭᠡᠳᠡᠭ ᠳᠦ᠍ ᠪᠢᠳᠡ ᠢᠳᠡᠭᠡᠯ ᠲᠦᠭᠦᠷᠡᠩ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃