ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠠᠨ᠎ᠤ᠋ ᠱᠢᠨ᠎᠎ᠡ ᠴᠠᠭ ᠦᠶ᠎ᠡ

2022-06-09 10:49:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



2015 ᠣᠨ᠎ᠳᠤ᠂ ᠭᠤᠤ ᠹᠸᠩ ᠥᠪᠥᠷ ᠮᠣᠩᠭᠣᠯ ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠠᠴᠠ ᠲᠡᠭᠦᠰᠪᠡ᠃ ᠲᠡᠭᠦᠰᠦᠭ᠌ᠰᠡᠨ ᠎ᠦ᠎ᠪᠡᠨ ᠲᠠᠷᠠᠭ᠎ᠠ᠂ ᠲᠡᠷᠡ ᠦᠢᠯᠡᠰ ᠪᠤᠰᠭᠠᠬᠤ᠎ᠶᠢᠨ ᠲᠠᠭᠠᠤ ᠰᠠᠢ᠌ᠨ ᠳᠤᠷ᠎ᠠ ᠎ᠶ᠋ᠢᠨ ᠦᠢᠯᠡᠴᠢᠯᠡᠭᠴᠢ ᠪᠤᠯᠵᠤ᠂ ᠪᠠᠰᠠ ᠰᠡᠳᠭᠢᠴᠡ᠎ᠶ᠋ᠢᠨ ᠵᠥᠪᠯᠡᠯᠭᠡ ᠥᠭ᠌ᠬᠦ ᠬᠢᠷᠢ ᠬᠡᠮ᠎ᠦᠨ ᠦᠨᠡᠮᠯᠡᠯ ᠣᠯᠤᠭ᠍ᠰᠠᠨ ᠪᠥᠭᠡᠳ ᠲᠤᠱᠢᠶᠠᠯ ᠬᠠᠪᠰᠤᠷᠭᠠᠭ᠍ᠰᠠᠨ ᠬᠠᠤᠯᠢᠴᠢ ᠪᠣᠯᠵᠠᠢ᠃

ᠭᠤᠤ ᠹᠸᠩ᠎ᠤᠨ ᠠᠪᠤ ᠨᠢ ᠴᠡᠷᠢᠭ᠎ᠡᠴᠡ ᠬᠠᠯᠠᠭ᠍ᠳᠠᠭ᠍ᠰᠠᠨ ᠠᠬᠠᠮᠠᠳ ᠴᠡᠷᠢᠭ ᠪᠤᠯᠤᠨ᠎ᠠ᠃ ᠠᠪᠤ ᠨᠢ ᠲᠡᠭᠦᠨ᠎ᠤ ᠪᠠᠭ᠍ᠰᠢ ᠪᠣᠯᠬᠤ᠎ᠶ᠋ᠢ ᠬᠦᠰᠡᠭ᠌ᠰᠡᠭᠡᠷ ᠢᠷᠡᠵᠡᠶ᠃ 2018 ᠣᠨ᠎ᠳᠤ᠂ ᠭᠤᠤ ᠹᠸᠩ ᠥᠪᠥᠷ ᠮᠣᠩᠭᠣᠯ ᠎ᠤᠨ ᠮᠠᠱᠢᠨ ᠴᠠᠬᠢᠯᠭᠠᠨ ᠎ᠤ ᠠᠵᠢᠯ ᠮᠡᠷᠭᠡᠵᠢᠯ ᠎ᠦᠨ ᠳᠡᠭᠡᠳᠦ ᠰᠤᠷᠭᠠᠭᠤᠯᠢ ᠎ᠳᠤ ᠱᠢᠯᠭᠠᠨ ᠣᠷᠣᠵᠤ᠂ ᠮᠠᠷᠺᠰ᠎ᠤᠨ ᠦᠵᠡᠯ ᠎ᠦᠨ ᠵᠢᠭᠠᠨ ᠰᠤᠳᠤᠯᠬᠤ ᠲᠠᠰᠤᠭ᠎ᠤᠨ ᠲᠤᠰᠭᠠᠶ ᠪᠠᠭ᠍ᠰᠢ ᠪᠣᠯᠤᠭ᠍ᠰᠠᠨ ᠪᠥᠭᠡᠳ ᠮᠠᠱᠢᠨ ᠴᠠᠬᠢᠯᠭᠠᠨ ᠎ᠤ ᠰᠠᠯᠪᠤᠷᠢ ᠎ᠶ᠋ᠢᠨ ᠬᠠᠪᠰᠤᠷᠤᠨ ᠵᠢᠯᠣᠭᠣᠳᠣᠭ᠍ᠴᠢ᠂ ᠤᠶᠤᠲᠠᠳ᠎ᠤᠨ ᠰᠡᠳᠭᠢᠴᠡ᠎ᠶ᠋ᠢᠨ ᠡᠷᠡᠭᠦᠯ ᠬᠥᠭ᠌ᠵᠢᠯᠲᠡ ᠎ᠶ᠋ᠢᠨ ᠲᠥᠪ ᠎ᠦᠨ ᠲᠤᠱᠢᠶᠠᠯ ᠬᠠᠪᠰᠤᠷᠭᠠᠭ᠍ᠰᠠᠨ ᠪᠠᠭ᠍ᠰᠢ ᠪᠣᠯᠪᠠ᠃

ᠪᠠᠭ᠍ᠰᠢ ᠪᠣᠯᠤᠭ᠍ᠰᠠᠨ᠎ᠠᠴᠠ ᠨᠠᠭᠠᠰᠢ᠂ ᠭᠤᠤ ᠹᠸᠩ ᠢᠮᠠᠭ᠍ᠲᠠ ᠪᠢᠴᠢᠭ ᠵᠢᠭᠠᠵᠤ ᠬᠥᠮᠦᠨ᠎ᠢ ᠬᠥᠮᠦᠵᠢᠭᠦᠯᠬᠦ᠌ ᠎ᠪᠡᠷ ᠪᠠᠶᠠᠷ ᠵᠢᠷᠭᠠᠯ ᠎ᠢᠶᠠᠨ ᠪᠣᠯᠭᠠᠵᠤ᠂ ᠨᠡᠢᠭᠡᠮ ᠎ᠳᠦ ᠦᠢᠯᠡᠴᠢᠯᠡᠬᠦ᠌ ᠴᠢᠳᠠᠪᠤᠷᠢᠲᠠᠨ᠎ᠢ ᠬᠥᠮᠦᠵᠢᠭᠦᠯᠬᠦ᠌ ᠎ᠪᠡᠷ ᠥᠪᠡᠷ᠎ᠦᠨ ᠡᠭᠦᠷᠭᠡ ᠎ᠪᠡᠨ ᠪᠣᠯᠭᠠᠪᠠ᠃ ᠲᠡᠷᠡ᠄ 《ᠪᠢ ᠥᠪᠡᠷ᠎ᠦᠨ᠎ᠢᠶᠡᠨ ᠦᠵᠡᠯ ᠰᠠᠨᠠᠭ᠎ᠠ ᠤᠯᠤᠰ ᠲᠦᠷᠦ᠍ ᠎ᠶ᠋ᠢᠨ ᠪᠠᠭ᠍ᠰᠢ ᠪᠣᠯᠤᠭ᠍ᠰᠠᠨ᠎ᠳᠠᠭᠠᠨ ᠣᠮᠣᠭ᠍ᠰᠢᠵᠤ ᠪᠠᠢᠨ᠎ᠠ᠂ ᠪᠢᠳᠡ ᠶᠣᠰᠣ ᠰᠤᠷᠲᠠᠬᠤᠨ ᠎ᠢᠶᠠᠷ ᠬᠥᠮᠦᠨ ᠎ᠢ ᠬᠥᠮᠦᠵᠢᠭᠦᠯᠬᠦ᠌ ᠎ᠪᠡᠷ ᠡᠭᠦᠷᠭᠡ ᠬᠠᠷᠢᠭᠤᠴᠠᠯᠭ᠎ᠠ᠎ᠪᠡᠨ ᠪᠣᠯᠭᠠᠵᠤ᠂ ᠬᠥᠮᠦᠵᠢᠭᠦᠯᠵᠦ᠍ ᠭᠠᠷᠭᠠᠭ᠍ᠰᠠᠨ ᠰᠤᠷᠤᠭ᠍ᠴᠢᠳ ᠎ᠢᠶᠠᠨ ᠨᠡᠩ ᠰᠠᠢ᠌ᠨ᠎ᠴᠢᠳᠠᠪᠤᠷᠢᠲᠠᠨ ᠪᠤᠯᠭᠠᠵᠦ᠂ ᠬᠣᠢᠱᠢᠳᠠ ᠎ᠶ᠋ᠢᠨ ᠠᠵᠢᠯ ᠎ᠤᠨ ᠪᠠᠢᠷᠢᠨ᠎ᠳᠠᠭᠠᠨ ᠦᠪᠡᠷ᠎ᠤᠨ ᠭᠡᠷᠡᠯ ᠬᠢᠯᠪᠠᠭ᠎ᠠ ᠪᠠᠨ ᠰᠠᠴᠤᠷᠠᠭᠤᠯᠵᠦ ᠶᠠᠪᠤᠬᠤ ᠎ᠵᠢ ᠬᠦᠰᠡᠵᠦ᠍ ᠪᠠᠢᠨ᠎ᠠ》 ᠬᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄ ᠯᠢᠦ ᠯᠠᠨ ᠯᠠᠨ

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面