ᠱᠢᠨ᠎᠎ᠡ ᠴᠠᠭ ᠦᠶ᠎ᠡ᠎ᠳ᠋ᠦ᠍ ᠭᠠᠪᠢᠶ᠎ᠠ ᠪᠠᠢᠭᠤᠯᠤᠶ᠎ᠠ > ᠮᠠᠨ᠎ᠤ᠋ ᠱᠢᠨ᠎᠎ᠡ ᠴᠠᠭ ᠦᠶ᠎ᠡ

2022-06-09 10:58:39

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3



35 ᠨᠠᠰᠤᠲᠠᠶ ᠯᠢ ᠹᠦ᠋ ᠴᠢᠶᠠᠩ ᠳᠠᠯᠠᠨ ᠬᠠᠷ᠎ᠠ ᠠᠭᠤᠯᠠ᠎ᠶ᠋ᠢᠨ ᠤᠯᠤᠰ᠎ᠤᠨ ᠲᠠᠰ᠎ᠤᠨ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ᠎ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠥᠬᠡᠬᠣᠲᠠ᠎ᠶ᠋ᠢᠨ ᠬᠤᠪᠢᠶᠠᠷᠢ ᠲᠣᠪᠴᠢᠶ᠎ᠠ᠎ᠶ᠋ᠢᠨ ᠭᠤᠷᠪᠠᠨ ᠪᠠᠢᠱᠢᠩ ᠬᠠᠮᠢᠶᠠᠷᠤᠯᠲᠠ᠎ᠶ᠋ᠢᠨ ᠥᠷᠲᠡᠭᠡ ( ᠣᠶ ᠱᠢᠭᠤᠶ᠎ᠶ᠋ᠢᠨ ᠲᠠᠯᠠᠪᠠᠶ ) ᠎ᠳ᠋ᠤ ᠠᠵᠢᠯᠯᠠᠭᠠᠳ ᠨᠢᠬᠡᠨᠳᠡ 7 ᠵᠢᠯ ᠪᠤᠯᠪᠠ᠃

ᠭᠤᠷᠪᠠᠨ ᠪᠠᠢᠱᠢᠩ ᠤᠢ ᠱᠢᠭᠤᠢ᠎ᠶ᠋ᠢᠨ ᠲᠠᠯᠠᠪᠠᠢ ᠨᠢ ᠬᠥᠬᠡᠬᠣᠲᠠ᠎ᠶ᠋ᠢᠨ ᠱᠢᠨ᠎ᠡ ᠬᠤᠳᠠ ᠲᠣᠭᠣᠷᠢᠭ᠎ᠤᠨ ᠬᠣᠢᠲᠤ ᠬᠡᠰᠡᠭ᠎ᠲᠦ ᠪᠠᠢᠷᠢᠯᠠᠵᠤ᠂ ᠵᠡᠭᠦᠨᠰᠢ ᠪᠠᠨ ᠤᠯᠠᠭᠠᠨᠴᠠᠪ ᠬᠤᠳᠠ᠎ᠲᠠᠶ ᠬᠥᠷᠱᠢᠯᠡᠵᠦ᠍᠂ ᠬᠠᠷᠢᠶ᠎ᠠ ᠣᠷᠣᠨ᠎ᠤ ᠲᠠᠯᠠᠪᠠᠢ ᠨᠢ 66.01 ᠲᠦᠮᠡᠨ ᠮᠦ᠍ ᠪᠠᠢᠵᠦ᠂ 5 ᠲᠦᠮᠡᠨ ᠮᠦ᠍ ᠤᠢ ᠱᠢᠭᠤᠢ᠎ᠶ᠋ᠢᠨ ᠴᠡᠴᠡᠷᠯᠢᠭ ᠪᠤᠢ᠃ ᠡᠯ᠎ᠡ ᠵᠦᠶ᠋ᠯ᠎ᠦᠨ ᠬᠠᠮᠠᠭᠠᠯᠠᠯᠲᠠ᠎ᠶ᠋ᠢᠨ ᠠᠷᠭ᠎ᠠ ᠬᠡᠮᠵᠢᠶ᠎ᠡ᠎ᠶ᠋ᠢᠨ ᠬᠡᠷᠡᠭ᠌ᠵᠢᠭᠦᠯᠦᠭ᠌ᠳᠡᠬᠦ᠌᠎ᠶ᠋ᠢ ᠳᠠᠭᠠᠯᠳᠤᠨ᠂ ᠭᠤᠷᠪᠠᠨ ᠪᠠᠢᠱᠢᠩ ᠣᠶ ᠱᠢᠭᠤᠶ᠎ᠶ᠋ᠢᠨ ᠲᠠᠯᠠᠪᠠᠶ᠎ᠶ᠋ᠢᠨ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 55.5% ᠎ᠳ᠋ᠤ ᠬᠦᠷᠴᠡᠶ᠃


4.jpg


ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢᠨ ᠬᠡᠷᠡᠭ᠌ᠵᠢᠭᠦᠯᠦᠭ᠌ᠳᠡᠬᠦ᠌᠎ᠶ᠋ᠢ ᠳᠠᠭᠠᠯᠳᠤᠨ᠂ ᠬᠠᠮᠠᠭᠠᠯᠠᠯᠲᠠ᠎ᠶ᠋ᠢᠨ ᠣᠷᠣᠨ᠎ᠤ ᠳᠣᠲᠣᠷᠠᠬᠢ ᠪᠣᠳᠠ ᠮᠣᠳᠣ᠂ ᠡᠯᠳᠡᠪ ᠡᠪᠡᠰᠦ ᠵᠡᠷᠭᠡ ᠤᠷᠭᠤᠮᠠᠯ᠎ᠤᠨ ᠲᠣᠭ᠎ᠠ ᠬᠡᠮᠵᠢᠶ᠎ᠡ ᠠᠭᠠᠵᠢᠮ᠎ᠢᠶᠠᠷ ᠨᠡᠮᠡᠭ᠌ᠳᠡᠵᠦ᠍᠂ ᠲᠦᠢᠮᠡᠷ ᠎ᠢ ᠰᠡᠷᠭᠡᠢᠯᠡᠬᠦ᠌ ᠠᠵᠢᠯ᠎ᠤᠨ ᠲᠠᠷᠤᠭᠠᠰᠤ᠎ᠴᠤ ᠬᠦᠨᠳᠦᠷᠦᠭᠰᠡᠨ ᠪᠠᠢᠨ᠎ᠠ᠃ ᠡᠭᠦᠨ᠎ᠦ ᠳᠡᠭᠡᠷ᠎ᠡ ᠬᠠᠮᠠᠭᠠᠯᠠᠯᠲᠠ᠎ᠶ᠋ᠢᠨ ᠣᠷᠣᠨ᠎ᠳᠤ ᠪᠠᠰᠠ ᠪᠠᠷᠤᠭ 1.2 ᠲᠦᠮᠡ ᠭᠠᠷᠤᠶ ᠲᠠᠷᠠᠬᠠᠶ ᠣᠩᠭᠣᠨ ᠪᠤᠯᠠᠰᠢ ᠪᠠᠢᠳᠠᠭ ᠪᠤᠯᠬᠤᠷ ᠣᠶ ᠱᠢᠭᠤᠶ᠎ᠶ᠋ᠢᠨ ᠲᠦᠶ᠋ᠮᠡᠷ᠎ᠦᠨ ᠠᠶᠤᠯ᠎ᠤᠨ ᠳᠠᠯᠳᠠ ᠬᠡᠮ ᠶᠡᠬᠡ᠎ᠪᠡᠷ ᠨᠡᠮᠡᠭ᠌ᠳᠡᠵᠦ᠂ ᠯᠢ ᠹᠦ ᠴᠢᠶᠠᠩ᠎ᠤᠨ ᠠᠵᠢᠯ᠎ᠤᠨ ᠬᠦᠴᠢᠷ᠎ᠤᠨ ᠬᠡᠮᠵᠢᠶ᠎ᠠ᠎ᠴᠤ ᠨᠡᠮᠡᠭᠳᠡᠵᠡᠢ᠃

5.jpg


《ᠡᠳᠤᠷ᠎ᠲᠤ ᠪᠢ ᠠᠭᠤᠯᠠ᠎ᠪᠠᠷ ᠴᠠᠭ᠍ᠳᠠᠨ ᠪᠠᠢᠴᠠᠭᠠᠬᠤ ᠡᠴᠡ ᠭᠠᠳᠠᠨ᠎ᠠ ᠪᠠᠰᠠ ᠠᠭᠤᠯᠠᠨ ᠳᠣᠲᠣᠷᠠᠬᠢ ᠡᠪᠡᠰᠦ ᠮᠣᠳᠣ ᠬᠤᠧᠠᠷ ᠴᠡᠴᠡᠭ᠂ ᠭᠣᠶᠣ ᠦᠵᠡᠮᠵᠢ᠎ᠶ᠋ᠢ ᠤᠯᠵᠦ ᠦᠵᠡᠪᠡᠯ ᠰᠡᠬᠦᠳᠡᠷᠯᠡᠴᠢᠬᠡᠬᠡᠳ ᠵᠢᠷᠬᠢᠶ᠎ᠠ᠎ᠶᠢᠨ ᠨᠠᠢᠵᠠ᠎ᠶ᠋ᠢᠨ ᠲᠣᠭᠣᠷᠢᠭ᠎ᠲᠤ ᠲᠠᠷᠬᠠᠭᠠᠵᠤ᠂ ᠮᠠᠨ᠎ᠤ ᠤᠷᠤᠨ᠎ᠤ ᠬᠥᠬᠡᠮᠳᠦᠭ ᠨᠣᠭᠣᠭᠠᠨ ᠠᠭᠤᠯᠠ ᠤᠰᠤ᠎ᠪᠠᠨ ᠨᠠᠩ ᠣᠯᠠᠨ ᠬᠥᠮᠦᠨ᠎ᠳᠦ ᠣᠢᠯᠠᠭᠠᠭᠤᠯᠳᠠᠭ》 ᠬᠡᠵᠦ ᠯᠢ ᠹᠦ᠋ ᠴᠢᠶᠠᠩ ᠭᠠᠷ ᠤᠲᠠᠰᠤ᠎ᠪᠠᠨ ᠭᠠᠷᠭᠠᠨ ᠰᠡᠬᠦᠳᠡᠷᠯᠡᠵᠦ ᠪᠠᠢᠯ᠎ᠠ᠃

6.jpg


ᠵᠢᠯ ᠪᠦᠷᠢ᠎ᠶ᠋ᠢᠨ ᠬᠠᠩᠰᠢ᠎ᠶ᠋ᠢᠨ ᠡᠳᠦᠷ ᠪᠣᠯ ᠤᠢ ᠱᠢᠭᠤᠢ ᠬᠠᠮᠠᠭᠠᠯᠠᠭ᠍ᠴᠢᠳ᠎ᠤᠨ ᠬᠠᠮᠤᠭ᠎ᠤᠨ ᠶᠠᠭᠠᠷᠠᠯᠲᠠᠢ ᠦᠶ᠎ᠡ ᠪᠣᠯᠤᠨ᠎ᠠ᠂ ᠲᠡᠳᠡ ᠨᠢᠭᠡ ᠲᠠᠯ᠎ᠠ᠎ᠪᠠᠷ ᠤᠩᠭᠤᠨ᠎ᠳᠦ ᠰᠢᠷᠤᠢ ᠨᠡᠮᠡᠬᠦ ᠪᠡᠷ ᠢᠷᠡᠭᠰᠡᠨ ᠬᠥᠮᠦᠰ᠎ᠢ ᠴᠠᠭᠠᠰᠤ ᠱᠢᠲᠠᠭᠠᠵᠤ ᠪᠣᠯᠬᠤ ᠦᠭᠡᠢ ᠭᠡᠵᠦ᠍ ᠢᠳᠭᠠᠨ ᠬᠤᠷᠢᠭᠯᠠᠵᠦ᠂ ᠨᠦᠬᠦᠭᠡ ᠲᠠᠯ᠎ᠠ᠎ᠪᠠᠷ ᠲᠡᠳᠡᠨᠡᠷ ᠲᠦ᠍ ᠲᠦᠢᠮᠡᠷ᠎ᠢ ᠰᠡᠷᠭᠡᠢᠯᠡᠬᠦ᠌ ᠮᠡᠳᠡᠯᠭᠡ ᠪᠣᠯᠤᠨ ᠪᠣᠯᠪᠠᠰᠤᠨ ᠲᠠᠬᠢᠯᠭ᠎ᠠ᠎ᠶ᠋ᠢᠨ ᠠᠷᠭ᠎ᠠ ᠬᠡᠯᠪᠡᠷᠢ᠎ᠶ᠋ᠢ ᠤᠬᠠᠭᠤᠯᠳᠠᠭ᠃ ᠲᠠᠬᠢᠯᠭ᠎ᠠ ᠳᠠᠭᠤᠰᠤᠭ᠍ᠰᠠᠨ᠎ᠤ ᠳᠠᠷᠠᠭ᠎ᠠ᠂ ᠲᠡᠳᠡ ᠪᠠᠰᠠ ᠤᠩᠭᠤᠨ᠎ᠤ ᠡᠯᠳᠡᠪ ᠳᠠᠬᠢᠯᠭ᠎ᠠ᠎ᠶᠢᠨ ᠪᠣᠳᠠᠰ᠎ᠢ ᠴᠡᠪᠡᠷᠯᠡᠵᠦ᠍᠂ ᠠᠯᠢᠪᠠ ᠳᠠᠯᠳᠠ ᠭᠡᠮ᠎ᠢ ᠠᠷᠢᠯᠭᠠᠳᠠᠭ᠃ ᠣᠢ ᠬᠠᠮᠠᠭᠠᠯᠠᠭ᠍ᠴᠢᠳ᠎ᠤᠨ ᠠᠵᠢᠯ ᠨᠢ ᠵᠥᠪᠬᠡᠨ ᠤᠢ ᠰᠢᠭᠤᠢ᠎ᠶᠢᠨ ᠲᠦᠢᠮᠡᠷ᠎ᠢ ᠰᠡᠷᠭᠡᠢᠯᠡᠬᠦ᠌ ᠲᠡᠳᠦᠢ ᠪᠢᠰᠢ᠂ ᠪᠠᠰᠠ ᠬᠡᠭᠡᠷ᠎ᠡ᠎ᠶ᠋ᠢᠨ ᠠᠮᠢᠲᠠᠨ᠎ᠢ ᠬᠠᠮᠠᠭᠠᠯᠠᠵᠤ᠂ ᠣᠢ ᠮᠣᠳᠣᠨ᠎ᠤ ᠡᠪᠡᠳᠴᠢᠨ ᠬᠣᠷᠣᠬᠠᠢ᠎ᠶ᠋ᠢᠨ ᠭᠠᠮᠱᠢᠭ ᠪᠠᠢᠬᠤ ᠡᠰᠡᠬᠦ᠌᠎ᠶ᠋ᠢ ᠪᠠᠢᠴᠠᠭᠠᠵᠦ᠂ ᠬᠡᠷᠪᠡ ᠠᠰᠠᠭᠤᠳᠠᠯ᠎ᠢ ᠣᠯᠵᠤ ᠮᠡᠳᠡᠪᠡᠯ ᠳᠠᠷᠤᠢ ᠲᠦᠷᠭᠡᠨ ᠳᠡᠭᠡᠭ᠌ᠰᠢ ᠮᠡᠳᠡᠭᠦᠯᠳᠡᠭ ᠪᠠᠢᠨ᠎ᠠ᠃


7.jpg

ᠯᠢ ᠹᠦ᠋ ᠴᠢᠶᠠᠩ᠎ᠲᠠᠶ ᠠᠳᠠᠯᠢ᠎ᠪᠠᠷ᠂ ᠳᠠᠯᠠᠨ ᠬᠠᠷ᠎ᠠ ᠠᠭᠤᠯᠠ᠎ᠶ᠋ᠢᠨ ᠬᠠᠮᠠᠭᠠᠯᠠᠯᠲᠠ᠎ᠶ᠋ᠢᠨ ᠣᠷᠣᠨ᠎ᠤ ᠬᠥᠬᠡᠬᠣᠲᠠ᠎ᠶ᠋ᠢᠨ ᠬᠤᠪᠢᠶᠠᠷᠢ ᠲᠣᠪᠴᠢᠶ᠎ᠠ᠎ᠶ᠋ᠢᠨ ᠭᠤᠷᠪᠠᠨ ᠪᠠᠢᠰᠢᠩ ᠬᠠᠮᠢᠶᠠᠷᠤᠯᠲᠠ᠎ᠶ᠋ᠢᠨ ᠥᠷᠲᠡᠭᠡ᠎ᠳᠦ ᠨᠡᠢᠲᠡ 141 ᠣᠶ ᠬᠠᠮᠠᠭᠠᠯᠠᠭ᠍ᠴᠢ ᠲᠠᠶ᠂ ᠲᠠᠳᠠ ᠵᠢᠯ᠎ᠤᠨ ᠲᠦᠷᠪᠡᠨ ᠤᠯᠠᠷᠢᠯ᠎ᠳᠦ ᠶᠠᠮᠠᠷ ᠮᠠᠭᠤ ᠴᠠᠭ ᠠᠭᠤᠷ ᠲᠤᠬᠢᠶᠠᠯᠳᠤᠬᠰᠠᠨ ᠴᠦ᠍ ᠬᠡᠵᠢᠶᠡᠳᠡ ᠠᠵᠢᠯ᠎ᠤᠨ ᠪᠠᠢᠷᠢ ᠪᠠᠨ ᠪᠠᠳᠤ ᠰᠠᠬᠢᠵᠦ ᠡᠨᠡ ᠬᠦ᠌ ᠬᠥᠬᠡᠮᠳᠦᠭ ᠨᠣᠭᠣᠭᠠᠨ ᠣᠶ ᠮᠣᠳᠣ᠎ᠶ᠋ᠢ ᠰᠠᠬᠢᠨ ᠬᠠᠮᠠᠭᠠᠯᠠᠵᠦ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面