2022-06-14 10:13:03
ᠱᠢᠨ᠎ᠡ ᠴᠠᠭ ᠦᠶ᠎ᠡ᠎ᠳᠦ᠂ ᠥᠪᠥᠷ ᠮᠣᠩᠭᠣᠯ᠎ᠤᠨ ᠵᠠᠯᠠᠭᠤᠴᠤᠳ ᠦᠪᠡᠷ ᠦᠪᠡᠷ᠎ᠤᠨ ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠤᠷᠢ ᠵᠠᠯᠠᠭᠤ ᠨᠠᠰᠤ ᠪᠠᠨ ᠡᠷᠬᠢᠯᠡᠭᠰᠡᠨ ᠦᠢᠯᠡᠰ ᠲᠡᠭᠡᠨ ᠵᠤᠷᠢᠭᠤᠯᠵᠦ ᠪᠠᠢᠨ᠎ᠠ᠃ ᠥᠨᠥᠳᠦᠷ᠂ ᠪᠢᠳᠡ ᠥᠪᠥᠷ ᠮᠣᠩᠭᠣᠯ᠎ᠤᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶᠠᠨ᠎ᠤ ᠲᠠᠷᠢᠬᠢᠨ᠎ᠤ ᠡᠪᠡᠳᠴᠢᠨ᠎ᠦ ᠰᠠᠯᠠᠭ᠎ᠠ᠎ᠶᠢᠨ ᠨᠢᠭᠡᠨ ᠱᠢᠯᠢᠳᠡᠭ ᠡᠮᠴᠢ᠎ᠲᠡᠶ ᠲᠠᠨᠢᠯᠴᠠᠶ᠎ᠠ᠃
ᠪᠦᠦ ᠱᠠᠨ᠂ 1977 ᠣᠨ᠎ᠳᠤ ᠲᠦᠩᠯᠢᠶᠣᠤ ᠬᠤᠳᠠ᠎ᠳᠤ ᠲᠦᠷᠤᠵᠤ᠂ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ ᠲᠠᠷᠠᠭ᠎ᠠ ᠶᠠᠫᠣᠨ᠎ᠳᠤ ᠬᠦᠷᠴᠦ᠍ ᠰᠤᠳᠤᠯᠤᠨ ᠰᠤᠷᠤᠯᠴᠠᠭᠠᠳ᠂ 6 ᠵᠢᠯ᠎ᠤᠨ ᠰᠤᠷᠤᠯᠭ᠎ᠠ᠎ᠪᠠᠨ ᠲᠡᠭᠦᠰᠭᠡᠵᠦ᠍᠂ ᠡᠷᠡᠰ ᠱᠢᠭᠤᠷᠬᠠᠢ᠎ᠪᠠᠷ ᠥᠪᠥᠷ ᠮᠣᠩᠭᠣᠯ᠎ᠳᠠᠭᠠᠨ ᠪᠤᠴᠠᠨ ᠢᠷᠡᠵᠤ᠂ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ᠎ᠪᠡᠷ ᠡᠮ ᠡᠮᠨᠡᠯᠭᠡ᠎ᠶ᠋ᠢᠨ ᠦᠢᠯᠡᠰ᠎ᠲᠦ ᠭᠠᠪᠰᠢᠭᠠᠢᠯᠠᠪᠠ᠃

ᠲᠡᠷᠡ᠂ ᠵᠢᠯ᠎ᠦᠨ 365 ᠡᠳᠦᠷ ᠲᠦ᠍ ᠠᠵᠢᠯ᠎ᠤᠨ ᠪᠠᠢᠷᠢ ᠪᠠᠨ ᠪᠠᠲᠤ ᠰᠠᠬᠢᠲᠠᠭ᠃ ᠥᠷᠥᠭᠡ ᠪᠠᠢᠴᠠᠭᠠᠬᠤ᠂ ᠣᠨᠣᠱᠢᠯᠠᠨ ᠡᠮᠨᠡᠬᠦ᠌᠂ ᠵᠡᠭᠦᠦ ᠲᠥᠭᠡᠨᠡᠯᠭᠡ ᠬᠢᠬᠦ ᠁ ᠬᠡᠳ ᠪᠤᠷᠪᠢ ᠪᠤᠬᠢᠰᠬᠢᠯ ᠦᠬᠡᠢ ᠶᠠᠭᠠᠷᠠᠬᠤ᠎ᠶᠢᠨ ᠬᠠᠮᠲᠦ᠂ ᠡᠲᠦᠷ ᠪᠦᠷᠢ ᠴᠠᠭ ᠭᠠᠷᠭᠠᠨ ᠡᠪᠡᠳᠴᠢᠲᠡᠨ ᠲᠠᠢ ᠪᠠᠨ ᠵᠤᠭᠤᠭᠲᠠᠵᠦ᠂ ᠪᠠᠢᠲᠠᠯ᠎ᠢ ᠨᠢ ᠤᠢᠯᠭᠠᠲᠠᠭ᠃ ᠡᠳᠦᠷ ᠤᠳᠠᠭᠠᠨ᠎ᠳᠠᠭᠠᠨ ᠡᠨᠡ ᠨᠢ ᠲᠡᠬᠦᠨ᠎ᠤ ᠨᠢᠭᠡ ᠵᠦᠢᠯ᠎ᠦᠨ ᠳᠠᠳᠭᠠᠯ ᠪᠣᠯᠵᠤᠬᠰᠠᠨ ᠪᠦᠬᠡᠳ ᠮᠦᠨ ᠴᠦ᠍ ᠲᠡᠬᠦᠨ᠎ᠤ ᠡᠲᠦᠷ ᠪᠦᠷᠢ᠎ᠶᠢᠨ ᠬᠠᠮᠤᠭ᠎ᠤᠨ ᠵᠣᠯ ᠵᠢᠷᠭᠠᠯ᠎ᠲᠠᠶ ᠮᠦᠴᠡ ᠪᠤᠯᠵᠠᠢ᠃

ᠲᠡᠷᠡ ᠠᠵᠢᠯᠶ᠋ᠢᠡᠨ ᠰᠠᠢᠲᠦᠷ ᠪᠡᠶᠡᠯᠡᠬᠦᠯᠬᠦ᠎ᠶᠢᠨ ᠬᠠᠮᠲᠦ ᠡᠷᠳᠡᠮ ᠰᠢᠨᠵᠢᠯᠡᠬᠡᠨ᠎ᠳᠤ ᠢᠳᠡᠪᠬᠢᠳᠡᠢ ᠤᠷᠤᠯᠴᠠᠲᠠᠭ᠃ ᠠᠵᠢᠯ᠎ᠤᠨ ᠴᠢᠯᠥᠭᠡ ᠵᠠᠪ᠎ᠢᠶᠠᠷ᠎ᠢᠶᠠᠨ ᠲᠤᠬᠠᠢᠯᠠᠭ᠍ᠰᠠᠨ ᠠᠵᠢᠯ᠎ᠤᠨ ᠤᠨᠤᠯ᠎ᠤᠨ ᠰᠤᠷᠤᠯᠴᠠᠯᠭ᠎ᠠ᠎ᠪᠠᠨ ᠲᠠᠰᠤᠷᠠᠯᠳᠡ ᠦᠭᠡᠢ ᠴᠢᠩᠭᠠᠳᠭᠠᠵᠤ᠂ ᠶᠡᠬᠡ ᠬᠡᠮᠵᠢᠶᠡᠨ᠎ᠦ ᠠᠨᠠᠭᠠᠬᠤ ᠤᠬᠠᠭᠠᠨ᠎ᠤ ᠰᠡᠳᠬᠦᠯ ᠵᠢᠴᠢ ᠨᠣᠮ ᠰᠡᠳᠬᠦᠯ ᠤᠩᠱᠢᠵᠤ᠂ ᠠᠨᠠᠭᠠᠬᠤ ᠤᠬᠠᠭᠠᠨ᠎ᠤ ᠲᠤᠰᠭᠠᠢ ᠮᠡᠷᠭᠡᠵᠢᠯ᠎ᠦᠨ ᠶᠠᠷᠢᠶᠠᠨ᠎ᠤ ᠲᠠᠪᠴᠠᠩ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠲᠡᠰ᠎ᠤᠨ ᠰᠡᠳᠬᠦᠯ᠎ᠳᠦ 10 ᠭᠠᠷᠤᠢ ᠡᠷᠳᠡᠮ ᠱᠢᠨᠵᠢᠯᠡᠭᠡᠨ᠎ᠦ ᠥᠭᠦᠯᠡᠯ ᠨᠡᠢᠲᠡᠯᠡᠭᠰᠡᠨ ᠪᠠᠢᠨ᠎ᠠ᠃

ᠣᠳᠣᠬᠠᠨ᠎ᠳᠤ᠂ ᠲᠡᠷᠡ ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠪᠦᠯᠦᠭ᠎ᠤᠨ ᠤᠯᠠᠮᠵᠢᠯᠠᠯᠲᠦ ᠮᠣᠩᠭᠣᠯ ᠬᠢᠲᠠᠳ ᠡᠮ ᠡᠮᠨᠡᠯᠭᠡ᠎ᠶ᠋ᠢᠨ ᠲᠤᠰᠭᠠᠶ ᠮᠡᠷᠭᠡᠵᠢᠯᠲᠡᠨ᠎ᠦ ᠡᠷᠳᠡᠮ ᠱᠢᠨᠵᠢᠯᠡᠭᠡᠨ᠎ᠦ ᠲᠤᠷᠱᠢᠯᠭ᠎ᠠ᠎ᠶ᠋ᠢᠨ ᠵᠠᠯᠭᠠᠮᠵᠢᠯᠠᠭ᠍ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠡᠷᠡᠭᠦᠯ ᠬᠠᠮᠠᠭᠠᠯᠠᠯ᠎ᠤᠨ ᠦᠶ᠋ᠯᠡᠰ᠎ᠢ ᠠᠬᠢᠭᠤᠯᠬᠤ ᠨᠡᠢᠬᠡᠮᠯᠢᠭ᠎ᠤᠨ ᠲᠠᠷᠢᠬᠢ ᠵᠢᠷᠦᠬᠡ᠎ᠶ᠋ᠢ ᠬᠠᠮᠲᠤ᠎ᠪᠠᠷ ᠵᠠᠰᠠᠬᠤ ᠲᠤᠰᠭᠠᠶ ᠮᠡᠷᠭᠡᠵᠢᠯ᠎ᠦᠨ ᠵᠥᠪᠯᠡᠯ᠎ᠦᠨ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠡᠮ ᠡᠮᠨᠡᠯᠭᠡ᠎ᠶ᠋ᠢᠨ ᠨᠡᠢᠭᠡᠮᠯᠢᠭ᠎ᠦᠨ ᠲᠠᠷᠢᠬᠢᠨ᠎ᠤ ᠡᠪᠡᠳᠴᠢᠨ᠎ᠦ ᠲᠤᠰᠭᠠᠶ ᠮᠡᠷᠭᠡᠵᠢᠯ᠎ᠦᠨ ᠵᠥᠪᠯᠡᠯ᠎ᠦᠨ ᠭᠡᠱᠢᠭᠦᠨ ᠵᠡᠷᠭᠡ ᠨᠡᠢᠬᠡᠮ᠎ᠤᠨ ᠲᠤᠰᠢᠶᠠᠯ᠎ᠢ ᠡᠬᠦᠷᠭᠡᠯᠡᠵᠦ ᠪᠠᠢᠨ᠎ᠠ᠃
2021 ᠣᠨ᠎ᠳᠤ᠂ ᠪᠦᠦ ᠱᠠᠨ ᠥᠴᠦᠬᠡᠨ ᠴᠦ᠍ ᠡᠷᠡᠭᠡᠯᠵᠡᠯ ᠦᠭᠡᠢ᠎ᠪᠡᠷ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠲᠤ ᠭᠠᠪᠱᠢᠭᠠᠢᠯᠠᠪᠠ᠃ 2022 ᠣᠨ᠎ᠳᠤ᠂ ᠬᠥᠬᠡᠬᠣᠲᠠ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠡᠨᠡᠳᠲᠡ ᠡᠭᠦᠰᠬᠦ᠎ᠳᠤ ᠲᠡᠷᠡ ᠳᠠᠬᠢᠨᠲᠠ ᠰᠠᠨᠠᠭᠠᠴᠢᠯᠠᠭ᠎ᠠ᠎ᠠᠴᠠ᠎ᠪᠠᠨ ᠡᠷᠭᠦᠳᠡᠯ ᠭᠠᠷᠭᠠᠵᠤ᠂ ᠬᠢᠵᠢᠭ᠎ᠲᠡᠶ ᠲᠡᠮᠡᠴᠡᠬᠦ᠌ ᠡᠮᠦᠨ᠎ᠡ ᠹᠷᠣᠨᠲ᠎ᠤᠨ ᠠᠵᠢᠯ᠎ᠳᠤ ᠣᠷᠣᠯᠴᠠᠪᠠ᠃

ᠣᠳᠣᠬᠠᠨ᠎ᠳᠤ᠂ ᠪᠦᠦ ᠱᠠᠨ ᠣᠯᠠᠨ ᠤᠯᠤᠰ᠎ᠤᠨ ᠮᠣᠩᠭᠣᠯ ᠡᠮᠨᠡᠯᠭᠡ᠎ᠶ᠋ᠢᠨ ᠬᠣᠷᠢᠶ᠎ᠠ᠎ᠳᠤ ᠨᠢᠭᠡᠨᠲᠡ ᠪᠦᠬᠦᠯᠢ 10 ᠵᠢᠯ ᠠᠵᠢᠯᠯᠠᠵᠤ᠂ ᠨᠢᠭᠡᠨ ᠪᠣᠯᠪᠠᠰᠤᠷᠠᠩᠭᠤᠶ ᠮᠡᠷᠭᠡᠵᠢᠯ ᠴᠢᠳᠠᠪᠤᠷᠢ᠎ᠲᠠᠶ᠂ ᠡᠮᠴᠢᠯᠡᠭᠡᠨ᠎ᠦ ᠪᠠᠶᠠᠯᠢᠭ ᠲᠤᠷᠰᠢᠯᠭ᠎ᠠ ᠲᠠᠢ᠂ ᠡᠪᠡᠳᠴᠢᠲᠡᠨ᠎ᠦ ᠪᠠᠨ ᠢᠲᠡᠭᠡᠯ᠎ᠢ ᠣᠯᠤᠭ᠍ᠰᠠᠨ ᠳᠡᠳ᠋ ᠡᠷᠬᠢᠯᠡᠭ᠌ᠴᠢ ᠡᠮᠴᠢ ᠪᠣᠯᠤᠭ᠍ᠰᠠᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄ ᠱᠢᠶᠠᠩ ᠲᠤᠣ




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃