2022-02-05 08:09:00
ᠱᠢᠨ᠎ᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠤᠯᠠᠭᠠᠨ ᠬᠦᠨᠳᠡᠢᠷᠡᠬᠦᠯᠬᠦ ᠮᠠᠲ᠋ᠧᠷᠢᠶᠠᠯ ᠪᠠ ᠱᠢᠨᠵᠢᠯᠡᠬᠦ᠌ ᠤᠬᠠᠭᠠᠨᠴᠢᠯᠠᠭ᠍ᠰᠠᠨ ᠴᠤᠪᠤᠷᠠᠯ᠎ᠤᠨ ᠵᠢᠷᠤᠭ ᠲᠥᠯᠥᠪᠯᠡᠭᠡ᠎ᠶ᠋ᠢ ᠠᠱᠢᠭ᠍ᠯᠠᠨ᠂ 6 ᠴᠠᠭ᠎ᠤᠨ ᠳᠣᠲᠣᠷ᠎ᠠ 《ᠮᠥᠰᠥᠨ ᠰᠠᠭ᠍ᠰᠤ᠎ᠶ᠋ᠢ ᠰᠣᠯᠢᠬᠤ》 ᠶ᠋ᠢ ᠪᠡᠶᠡᠯᠡᠭᠦᠯᠪᠡ; 2008 ᠣᠨ᠎ᠤ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠦᠶ᠎ᠡ᠎ᠳᠦ ᠬᠡᠷᠡᠭ᠌ᠯᠡᠭ᠌ᠰᠡᠨ ᠠᠯᠲᠠᠨ ᠬᠠᠯᠤᠬᠧᠨ ᠳ᠋ᠧᠩ᠎ᠢ ᠪᠦᠬᠦᠨ᠎ᠢ ᠡᠨᠧᠷᠭᠢ ᠠᠷᠪᠢᠯᠠᠵᠤ ᠣᠷᠴᠢᠨ ᠲᠤᠭᠤᠷᠢᠨ ᠳ᠋ᠤ ᠪᠤᠬᠢᠷᠳᠤᠯ ᠦᠬᠡᠢ᠂ ᠲᠤᠰᠤᠯᠳᠠ ᠨᠢ ᠵᠢᠭ᠌ᠳᠡ LED ᠭᠡᠷᠡᠯᠲᠦᠭᠦᠯᠭᠡ ᠪᠣᠯᠭᠠᠨ ᠰᠣᠯᠢᠪᠠ; ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ᠎ᠦᠨ ᠬᠢᠵᠠᠭᠠᠷ ᠠᠯᠤᠰᠯᠠᠨ ᠱᠢᠭᠤᠳ ᠬᠥᠯᠳᠡᠭᠡᠬᠦ᠌ ᠮᠡᠷᠭᠡᠵᠢᠯ ᠵᠢᠡᠷ ᠬᠢᠭᠰᠡᠨ《ᠮᠥᠰᠥᠨ ᠷᠣᠮᠪ ᠴᠡᠴᠡᠭ》 ᠨᠢ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠬᠡᠳᠤ ᠳᠤᠤᠷ᠎ᠠ ᠡᠨᠧᠷᠭᠢ᠎ᠶ᠋ᠢᠨ ᠬᠣᠷᠣᠭ᠍ᠳᠠᠯ ᠪᠦᠬᠦᠢ ᠪᠡᠶ᠎ᠡ᠎ᠶ᠋ᠢᠨ ᠲᠠᠮᠢᠷ᠎ᠤᠨ ᠲᠥᠬᠥᠭᠡᠷᠦᠮᠵᠢ ᠪᠣᠯᠪᠠ ᠁
ᠥᠩᠭᠡᠷᠡᠭ᠌ᠰᠡᠨ 10 ᠵᠢᠯ᠎ᠳᠦ᠂ ᠡᠸ᠋ ᠺᠧ ᠰᠦᠩ ᠶᠡᠷᠦ᠍ ᠨᠢ ᠰᠠᠭ᠍ᠰᠤᠨ ᠪᠥᠮᠪᠥᠭᠡ᠎ᠲᠡᠶ ᠨᠢᠭ᠍ᠲᠠ ᠬᠠᠷᠢᠴᠠᠭ᠎ᠠ᠎ᠲᠠᠶ ᠪᠠᠢᠪᠠ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠡᠮᠡᠭ᠌ᠲᠡᠢ ᠵᠢᠨ ᠮᠥᠰᠥᠨ ᠪᠥᠮᠪᠥᠭᠡ ᠵᠢᠨ ᠤᠷᠤᠯᠳᠤᠭᠠᠨ ᠵᠢᠴᠢ ᠬᠡᠰᠡᠭ ᠡᠷᠡᠭ᠌ᠳᠡᠢ ᠵᠢᠨ ᠮᠥᠰᠥᠨ ᠪᠥᠮᠪᠥᠭᠡ᠎ᠶ᠋ᠢᠨ ᠤᠷᠤᠯᠳᠤᠭᠠᠨ᠎ᠢ ᠡᠭᠦᠷᠭᠡᠯᠡᠬᠦ᠌《ᠬᠣᠶᠠᠷ ᠬᠤᠭᠤᠴᠠᠭᠠᠨ᠎ᠤ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠯᠠᠪᠤᠷ ᠣᠷᠳᠣᠨ》ᠡᠸ᠋ ᠺᠧ ᠰᠦᠩ ᠪᠡᠶ᠎ᠡ᠎ᠶ᠋ᠢᠨ ᠲᠠᠮᠢᠷ᠎ᠤᠨ ᠲᠥᠪ᠎ᠨᠢ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠪᠦᠷᠢᠨ ᠠᠭᠤᠯᠤᠭ᠍ᠰᠠᠨ ᠬᠡᠲᠦ ᠳᠣᠣᠷ᠎ᠠ ᠡᠨᠧᠷᠭᠢ᠎ᠶ᠋ᠢᠨ ᠬᠣᠷᠣᠭ᠍ᠳᠠᠯ᠎ᠢᠶᠠᠷ ᠭᠤᠴᠤ ᠬᠤᠪᠢᠷᠠᠯᠳᠠ ᠶ᠋ᠢ ᠵᠢᠷᠤᠬᠯᠠᠬᠤ ᠪᠣᠯᠤᠨ᠎ᠠ᠃ ᠤᠤᠯ᠎ᠤᠨ ᠲᠠᠯᠠᠪᠤᠷ ᠣᠷᠳᠣᠨ᠎ᠤ ᠤᠰᠤ ᠱᠢᠶ᠋ᠳᠪᠦᠷᠢᠯᠡᠬᠦ᠌ ᠱᠢᠰᠲ᠋ᠧᠮ᠎ᠢ ᠪᠥᠬᠥ᠌ ᠲᠠᠯ᠎ᠠ᠎ᠪᠠᠷ ᠰᠢᠨᠡᠳᠬᠡᠨ ᠰᠠᠢᠵᠢᠷᠠᠭᠤᠯᠵᠥ᠂ ᠮᠦᠰᠦᠳᠦᠬᠦᠯᠬᠦ ᠱᠢᠰᠲ᠋ᠧᠮ᠎ᠢ ᠴᠤ ᠱᠢᠨ᠎ᠡ᠎ᠪᠡᠷ ᠤᠭ᠍ᠰᠠᠷᠠᠵᠤ᠂ ᠤᠰᠤ ᠰᠠᠴᠤᠬᠤ ᠲᠥᠬᠥᠭᠡᠷᠦᠮᠵᠢ ᠳ᠋ᠤ ᠳᠡᠭᠡᠳᠦ ᠲᠠᠰ᠎ᠤᠨ ᠲᠣᠬᠢᠷᠠᠭᠤᠯᠤᠯᠲᠠ ᠬᠢᠭᠰᠡᠨ ᠵᠢᠡᠷ ᠪᠠᠷᠠᠬᠤ ᠦᠬᠡᠢ᠂ ᠪᠠᠰᠠ ᠭᠣᠶᠣ ᠰᠠᠢᠬᠠᠨ ᠱᠢᠨ᠎ᠡ ᠣᠷᠳᠣᠨ — ᠡᠸ᠋ ᠺᠸ ᠰᠦᠩ ᠮᠥᠰᠥᠨ ᠳᠡᠭᠡᠷᠡᠬᠢ ᠲᠥᠪ᠎ᠦᠨ 《 ᠮᠥᠰᠥᠨ ᠷᠣᠮᠪ ᠴᠡᠴᠡᠭ 》 ᠢ᠋ ᠪᠠᠢᠭᠤᠯᠪᠠ᠃
ᠡᠸ᠋ ᠺᠧ ᠰᠥᠩ ᠭᠡᠷᠡᠯᠲᠦᠭᠦᠯᠭᠡ᠎ᠶ᠋ᠢᠨ ᠱᠢᠰᠲ᠋ᠧᠮ᠎ᠦᠨ ᠴᠤ ᠱᠢᠨ᠎ᠡ ᠲᠠᠰ ᠳᠠᠪᠱᠢᠯᠲᠠ ᠨᠢ ᠬᠢᠯᠪᠠᠷ ᠪᠤᠰᠤ ᠪᠡᠷ ᠢᠷᠡᠭᠰᠡᠨ ᠬᠡᠳᠡᠭ᠎ᠢ ᠰᠤᠷᠪᠤᠯᠵᠢᠯᠠᠭ᠎ᠠ ᠪᠡᠷ ᠲᠠᠮᠵᠢᠵᠦ ᠤᠢᠯᠠᠭᠠᠵᠠᠢ᠃ ᠡᠸ᠋ ᠺᠧ ᠰᠥᠩ ᠭᠡᠷᠡᠯᠲᠦᠭᠦᠯᠭᠡ᠎ᠶ᠋ᠢᠨ ᠪᠦᠯᠬᠦᠮ᠎ᠦᠨ᠎ᠬᠢᠨ 8 ᠲᠥᠰᠦᠯ᠎ᠢ ᠰᠤᠳᠤᠯᠤᠨ ᠭᠠᠷᠭᠠᠵᠤ ᠬᠡᠮᠵᠢᠨ ᠲᠤᠷᠱᠢᠪᠠ᠃ 《ᠬᠠᠮᠤᠭ᠎ᠤᠨ ᠡᠴᠦᠰ ᠲᠸ᠋ ᠪᠦᠯᠬᠦᠮ᠎ᠤᠨ ᠬᠢᠨ ᠭᠠᠳᠠᠷ ᠴᠠᠭᠠᠷᠢᠭ᠎ᠤᠨ ᠳ᠋ᠧᠩ᠎ᠦᠨ ᠬᠡᠷᠡᠯ᠎ᠢ ᠬᠠᠭᠠᠬᠤ᠎ᠶ᠋ᠢᠨ ᠬᠠᠮᠲᠤ ᠳ᠋ᠧᠩ ᠪᠦᠷᠢ᠎ᠳ᠋ᠤ ᠣᠨᠢᠯᠠᠬᠤ ᠪᠠᠭᠠᠵᠢ ᠬᠡᠷᠡᠭ᠌ᠯᠡᠵᠦ᠍᠂ ᠳᠠᠬᠢᠨ ᠭᠠᠷ᠎ᠢᠶᠠᠷ ᠵᠤᠬᠢᠴᠠᠭᠤᠯᠬᠤ ᠠᠷᠭ᠎ᠠ᠎ᠪᠠᠷ ᠳᠣᠲᠣᠷ ᠴᠠᠭᠠᠷᠢᠭ᠎ᠤᠨ ᠬᠡᠰᠡᠭ ᠳ᠋ᠧᠩ᠎ᠦᠨ ᠥᠨᠴᠥᠭ᠎ᠢ ᠲᠣᠬᠢᠷᠠᠭᠤᠯᠪᠠ᠃ ᠲᠣᠭ᠎ᠠ ᠲᠤᠮᠰᠢ ᠦᠭᠡᠢ ᠣᠯᠠᠨ ᠤᠳᠠᠭᠠᠨ᠎ᠤ ᠲᠤᠷᠱᠢᠯᠲᠠ ᠪᠠ ᠬᠡᠮᠵᠢᠨ ᠪᠣᠳᠣᠯᠲᠠ᠎ᠪᠠᠷ ᠳᠠᠮᠵᠢᠨ᠂ ᠡᠴᠦᠰ᠎ᠲᠡᠬᠡᠨ ᠰᠡᠭᠦᠳᠡᠷ ᠭᠠᠷᠬᠤ ᠠᠰᠠᠭᠤᠳᠠᠯ᠎ᠢ ᠦᠨᠳᠦᠰᠦᠨ ᠳ᠋ᠡᠬᠡᠨ ᠰᠢᠢᠳᠪᠦᠷᠢᠯᠡᠵᠠᠢ》 ᠭᠡᠵᠦ᠍ ᠡᠸ᠋ ᠺᠧ ᠰᠦᠩ ᠪᠡᠶ᠎ᠡ᠎ᠶ᠋ᠢᠨ ᠲᠠᠮᠢᠷ᠎ᠤᠨ ᠠᠵᠢᠯᠯᠠᠭᠠᠨ᠎ᠤ ᠪᠦᠯᠬᠦᠮ᠎ᠤᠨ ᠳᠤᠨᠤᠭ ᠲᠥᠬᠥᠭᠡᠷᠦᠮᠵᠢ᠎ᠶ᠋ᠢᠨ ᠳᠤᠭᠤᠢᠯᠠᠩ᠎ᠤᠨ ᠳᠡᠳ᠋ ᠳᠠᠭᠠᠭᠠᠮᠠᠯ᠂ ᠰᠠᠭᠠᠳ ᠦᠭᠡᠢ ᠬᠠᠮᠢᠶᠠᠷᠤᠯᠲᠠ᠎ᠶ᠋ᠢᠨ ᠳᠤᠭᠤᠢᠯᠠᠩ᠎ᠤᠨ ᠳᠠᠭᠠᠭᠠᠮᠠᠯ ᠬᠠᠨ ᠯᠢ ᠹᠧᠨ ᠬᠡᠯᠡᠪᠡ᠃
2022 ᠣᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠮᠡᠭ᠌ᠲᠡᠶ᠎ᠶ᠋ᠢᠨ ᠮᠥᠰᠥᠨ ᠪᠥᠮᠪᠥᠭᠡ᠎ᠶ᠋ᠢᠨ ᠪᠣᠯᠪᠠᠰᠤᠷᠠᠯ᠎ᠤᠨ ᠲᠠᠯᠠᠪᠤᠷ ᠣᠷᠳᠣᠨ ᠪᠤᠯᠬᠤ ᠡᠸ᠋ ᠺᠸ ᠰᠦᠩ ᠮᠥᠰᠥᠨ ᠳᠡᠭᠡᠷᠡᠬᠢ ᠬᠥᠳᠡᠯᠭᠡᠭᠡᠨ᠎ᠦ ᠲᠥᠪ᠎ᠤᠨ《 ᠮᠥᠰᠥᠨ ᠷᠣᠮᠪ ᠴᠡᠴᠡᠭ》᠎ᠨᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠣᠷᠴᠢᠨ ᠲᠣᠭᠣᠷᠢᠨ᠎ᠳ᠋ᠤ ᠪᠤᠬᠢᠷᠳᠤᠯ ᠦᠬᠡᠢ ᠪᠠᠢᠯᠭᠠᠬᠤ ᠳᠠᠯ᠎ᠠ ᠪᠡᠷ ᠶᠡᠬᠡᠬᠡᠨ ᠬᠦᠴᠦ᠍ ᠤᠷᠤᠭᠤᠯᠵᠠᠢ᠃ 《 ᠮᠥᠰᠥᠨ ᠷᠣᠮᠪ ᠴᠡᠴᠡᠭ》 ᠲᠸ᠋ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠬᠢᠵᠠᠭᠠᠷ ᠠᠯᠤᠰᠯᠠᠨ ᠱᠢᠭᠤᠳ ᠬᠥᠯᠳᠡᠭᠡᠬᠦ᠌ ᠮᠡᠷᠭᠡᠵᠢᠯ᠎ᠢ ᠬᠡᠷᠡᠭ᠌ᠯᠡᠵᠦ᠍᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 15 ᠮᠥᠰᠥᠨ ᠲᠠᠯᠠᠪᠤᠷ᠎ᠤᠨ 7 ᠨᠢ ᠡᠨᠡ ᠬᠦ᠌ ᠮᠡᠷᠭᠡᠵᠢᠯ᠎ᠢ ᠬᠡᠷᠡᠭ᠌ᠯᠡᠪᠡ᠂ ᠡᠨᠡ᠎ᠨᠢ ᠮᠥᠨ ᠴᠦ᠍ ᠡᠨᠡ ᠬᠦ᠌ ᠮᠡᠷᠭᠡᠵᠢᠯ᠎ᠢ ᠠᠩᠬ᠎ᠠ ᠤᠳᠠᠭ᠎ᠠ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠬᠡᠷᠡᠭ᠌ᠯᠡᠵᠦ᠍ ᠪᠠᠢᠭ᠎ᠠ ᠶᠠᠪᠤᠳᠠᠯ ᠪᠣᠯᠤᠨ᠎ᠠ᠃ ᠣᠢᠯᠠᠭᠠᠭ᠍ᠰᠠᠨ᠎ᠢᠶᠠᠷ᠂ 7 ᠮᠥᠰᠥᠨ ᠲᠠᠯᠠᠪᠤᠷ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢᠶᠡᠷ ᠮᠥᠰᠥ᠍ᠳᠦᠬᠦᠯᠦᠭᠰᠡᠨ ᠨᠢ 3900 ᠮᠠᠱᠢᠨ ᠲᠡᠷᠭᠡᠨ᠎ᠦ ᠨᠢᠬᠡ ᠵᠢᠯ᠎ᠦᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠭ᠍ᠰᠠᠨ᠎ᠲᠠᠶ ᠲᠡᠩᠴᠡᠨ᠎ᠡ᠂ ᠮᠥᠨ ᠴᠦ᠍ 120 ᠭᠠᠷᠤᠶ ᠲᠦᠮᠡᠨ ᠰᠠᠭᠤᠷᠢ ᠮᠣᠳᠣ ᠳᠠᠷᠢᠵᠤ ᠨᠡᠬᠦᠷᠡᠰᠤᠳᠦ᠋ᠷᠦᠭᠴᠢ ᠵᠢᠨ ᠭᠠᠳᠠᠭ᠍ᠰᠢᠯᠠᠭᠤᠯᠤᠯᠲᠠ᠎ᠶ᠋ᠢ ᠪᠠᠭᠠᠰᠭᠠᠭ᠍ᠰᠠᠨ ᠬᠡᠮᠵᠢᠶ᠎ᠡ᠎ᠲᠡᠶ ᠲᠡᠩᠴᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃