2022-02-01 09:04:01
ᠪᠠᠷᠰ ᠵᠢᠯ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠠᠢ ᠵᠤᠯᠭᠠᠯ᠎ᠠ᠂ ᠠᠳᠠᠯᠢ ᠪᠤᠰᠤ ᠪᠤᠯᠤᠭᠰᠠᠨ ᠴᠠᠭᠠᠨ ᠰᠠᠷ᠎ᠠ᠎ᠶ᠋ᠢᠨ ᠦᠨᠦᠷ ᠠᠮᠲᠠ ᠨᠢ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠢᠲᠡᠭᠦᠦ ᠭᠤᠭᠴᠤᠭᠠᠲᠤ ᠬᠠᠮᠢᠶᠠᠷᠤᠯᠲᠠ᠎ᠳᠤ ᠪᠠᠢᠭ᠎ᠠ ᠡᠯ᠎ᠡ ᠤᠯᠤᠰ᠎ᠤᠨ ᠰᠤᠷᠪᠤᠯᠵᠢᠯᠠᠭ᠍ᠴᠢ ᠪᠣᠯᠤᠨ ᠰᠠᠢᠨ ᠲᠤᠷᠠᠴᠤᠳ᠎ᠲᠤ ᠤᠨᠳᠤᠤ ᠨᠢᠭᠡ ᠵᠦᠢᠯ᠎ᠤᠨ ᠥᠩᠭᠡᠷᠡᠯᠲᠡ ᠠᠪᠴᠢᠷᠠᠵᠠᠶ᠃
1 ᠰᠠᠷ᠎ᠠ᠎ᠶ᠋ᠢᠨ 31 ᠤ᠋ ᠡᠳᠦᠷ᠎ᠦᠨ ᠪᠢᠲᠡᠭᠦᠨ ᠳ᠋ᠦ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠤᠤᠯ ᠵᠠᠭᠤᠴᠢᠯᠠᠭᠤᠷ᠎ᠤᠨ ᠲᠥᠪ᠎ᠤᠨ ᠬᠢᠨ ᠮᠥᠨ ᠯᠡ ᠶᠠᠭᠠᠷᠠᠯᠲᠠᠶ ᠠᠵᠢᠯᠯᠠᠵᠤ᠂ ᠰᠠᠢᠨ ᠳᠤᠷᠠᠴᠤᠳ ᠪᠠ ᠠᠵᠢᠯᠲᠠᠳ᠎ᠤᠨ ᠨᠠᠷᠢᠨ ᠨᠢᠮᠪᠠᠶ ᠪᠠᠢᠷᠢᠯᠠᠭᠤᠯᠤᠯᠲᠠ ᠪᠠ ᠤᠬᠠᠭᠠᠯᠠᠭ᠎ᠠ ᠳᠤᠤᠷ᠎ᠠ᠂ ᠡᠯ᠎ᠡ ᠤᠯᠤᠰ᠎ᠤᠨ ᠰᠤᠷᠪᠤᠯᠵᠢᠯᠠᠭ᠍ᠴᠢ ᠴᠥᠮ ᠴᠠᠭᠠᠨ ᠰᠠᠷ᠎ᠠ᠎ᠶ᠋ᠢᠨ ᠵᠦᠨᠭᠨᠡᠯᠢ ᠬᠦᠷᠲᠡᠵᠦ᠂ ᠴᠠᠭᠠᠨ ᠰᠠᠷ᠎ᠠ᠎ᠶ᠋ᠢᠨ ᠭᠦᠨ ᠵᠤᠵᠠᠭᠠᠨ ᠦᠨᠦᠷ ᠠᠮᠲᠠ᠎ᠶ᠋ᠢ ᠮᠡᠳᠡᠷᠡᠪᠡ᠃
ᠭᠤᠤᠯ ᠵᠠᠭᠤᠴᠢᠯᠠᠭᠤᠷ᠎ᠤᠨ ᠲᠥᠪ᠎ᠲᠦ ᠬᠦᠷᠴᠦ ᠢᠷᠡᠪᠡᠯ᠂ ᠴᠠᠬᠢᠯᠭᠠᠨ ᠱᠠᠲᠤ᠎ᠶ᠋ᠢᠨ ᠭᠤᠤᠯ ᠳᠤᠮᠳᠠ ᠡᠯᠭᠦᠵᠦ᠍ ᠪᠠᠢᠭ᠎ᠠ ᠤᠨᠴᠠ ᠲᠤᠮᠤ ᠳᠤᠮᠳᠠᠳᠤ ᠤᠯᠤᠰ᠎ᠤᠨ ᠦᠯᠵᠡᠢ ᠵᠠᠨᠭᠭᠢᠶᠠᠨᠢ ᠬᠤᠪᠢ ᠵᠢᠨ ᠭᠠᠳᠠᠨ᠎ᠠ ᠲᠣᠳᠣ ᠬᠠᠷᠠᠭ᠍ᠳᠠᠨ᠎ᠠ; ᠲᠥᠪ᠎ᠦᠨ ᠡᠯ᠎ᠡ ᠭᠠᠵᠠᠷ᠎ᠢᠶᠠᠷ ᠲᠠᠷᠬᠠᠵᠤ ᠪᠠᠢᠭ᠎ᠠ ᠦᠢᠯᠡᠴᠢᠯᠡᠭᠡᠨ᠎ᠦ ᠲᠠᠪᠴᠠᠩ ᠪᠣᠯᠤᠨ ᠠᠰᠠᠭᠤᠨ ᠯᠠᠪᠯᠠᠬᠤ ᠲᠠᠪᠴᠠᠩ ᠳᠡᠭᠡᠷ᠎ᠡ ᠪᠦᠷ ᠭᠠᠯ ᠤᠯᠠᠭᠠᠨ ᠬᠣᠣᠰ ᠤᠶᠠᠩᠭ᠎ᠠ ᠨᠠᠭᠠᠵᠤ᠂ ᠪᠠᠷᠰ᠎ᠤᠨ ᠭᠡᠯᠪᠡᠷᠢᠳᠠᠢ ᠬᠥᠭᠡᠷᠦᠬᠦᠨ ᠬᠡᠦᠬᠡᠯᠳᠡᠢ ᠡᠯᠭᠦᠵᠡᠢ; ᠵᠠᠭᠤᠴᠢᠯᠠᠭᠤᠷ᠎ᠤᠨ ᠬᠣᠭᠣᠯᠠᠨ ᠭᠡᠷ᠎ᠲᠦ 《 ᠪᠤᠶᠠᠨ》 ᠦᠰᠦᠭᠪᠢᠴᠢᠵᠦ ᠪᠠᠢᠭ᠎ᠠ ᠮᠠᠱᠢᠨ᠎ᠢ ᠬᠥᠮᠦᠰ ᠲᠣᠭᠣᠷᠢᠨ ᠦᠵᠡᠵᠦ᠍᠂ ᠪᠤᠶᠠᠨ ᠦᠰᠦᠭ᠎ᠢ ᠭᠠᠷᠳᠠᠭᠰᠠᠨ ᠭᠠᠳᠠᠭᠠᠳᠤ᠎ᠶ᠋ᠢᠨ ᠰᠤᠷᠪᠤᠯᠵᠢᠯᠠᠭ᠍ᠴᠢ ᠣᠯᠳᠠᠰᠢ ᠦᠭᠡᠢ ᠣᠷᠬᠣᠳᠠᠶ ᠣᠯᠤᠭᠰᠠᠨ ᠮᠡᠲᠦ ᠪᠠᠢᠵᠤ᠂ ᠡᠨᠡ ᠬᠦ᠌ ᠳᠤᠮᠳᠠᠳᠤ ᠤᠯᠤᠰ᠎ᠡᠴᠡ ᠢᠷᠡᠭ᠌ᠰᠡᠨ ᠵᠥᠩᠨᠡᠯ᠎ᠢ ᠳᠡᠯᠭᠡᠴᠡ ᠪᠡᠷ ᠳᠠᠮᠵᠢᠭᠤᠯᠤᠨ ᠦᠵᠡᠭ᠌ᠴᠢᠳ᠎ᠲᠦ ᠦᠵᠡᠭᠦᠯᠵᠦ ᠪᠠᠢᠯ᠎ᠠ ᠁
ᠫᠤᠯᠠᠨᠳ᠋ ᠡᠴᠡ ᠢᠷᠡᠭ᠌ᠰᠡᠨ ᠨᠢᠭᠡᠨ ᠰᠣᠨᠢᠨ ᠮᠡᠳᠡᠭᠡᠨ᠎ᠦ ᠠᠵᠢᠯᠳᠠᠨ᠄ 《 ᠪᠢ ᠠᠩᠬ᠎ᠠ ᠤᠳᠠᠭ᠎ᠠ ᠳᠤᠮᠳᠠᠳᠤ ᠤᠯᠤᠰ᠎ᠲᠤ ᠢᠷᠡᠵᠦ᠍ ᠪᠠᠢᠨ᠎ᠠ᠃ ᠡᠢᠮᠦ᠍ ᠴᠠᠭ ᠮᠥᠴᠡ᠎ᠳᠦ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠨᠢ ᠮᠠᠰᠢ ᠬᠢᠯᠪᠠᠷ ᠪᠤᠰᠤ ᠶᠤᠮ᠂ ᠨᠡᠳᠡ ᠳ᠋ᠦ ᠡᠨᠳᠡᠬᠢ ᠠᠯᠢᠪᠠ ᠪᠦᠬᠦᠨ ᠡᠮᠬᠢ ᠳᠢᠭ᠌ᠯᠢᠮ᠎ᠲᠡᠶ᠂ ᠲᠠᠭᠠᠯᠠᠮᠵᠢᠲᠠᠶ ᠰᠠᠨᠠᠭ᠍ᠳᠠᠵᠤ ᠪᠠᠢᠨ᠎ᠠ᠃ ᠡᠨᠡ ᠣᠷᠣᠢ ᠪᠣᠯ ᠳᠤᠮᠳᠠᠳᠤ ᠤᠯᠤᠰ᠎ᠤᠨ ᠪᠢᠲᠡᠭᠦᠨ ᠪᠤᠯᠤᠨ᠎ᠠ᠂ ᠪᠢ ᠨᠣᠮ ᠤᠩᠱᠢᠬᠤ᠎ᠪᠠᠷ ᠳᠠᠮᠵᠢᠨ ᠳᠤᠮᠳᠠᠳᠤ ᠤᠯᠤᠰ᠎ᠤᠨ ᠴᠠᠭᠠᠨ ᠰᠠᠷ᠎ᠠ ᠭᠡᠬᠦ ᠡᠨᠡ ᠬᠦ᠌ ᠤᠯᠠᠮᠵᠢᠯᠠᠯᠲᠤ ᠪᠠᠶᠠᠷ᠎ᠤᠨ ᠡᠳᠦᠷ᠎ᠢ ᠤᠯᠠᠮ ᠴᠢᠨᠠᠭᠰᠢᠳᠠ ᠣᠢᠯᠭᠠᠬᠤ᠎ᠪᠠᠷ ᠲᠥᠯᠥᠪᠯᠡᠵᠦ᠍ ᠪᠠᠢᠨ᠎ᠠ》ᠭᠡᠪᠡ᠃ ᠶᠠᠫᠣᠨ᠎ᠤ ᠨᠢᠭᠡᠨ ᠰᠤᠷᠪᠤᠯᠵᠢᠯᠠᠭ᠍ᠴᠢ ᠵᠠᠭᠤᠴᠢᠯᠠᠭᠤᠷ᠎ᠤᠨ ᠠᠵᠢᠯ ᠳᠤᠮᠳᠠᠬᠢ ᠪᠠᠷᠰ ᠵᠢᠯ᠎ᠦᠨ ᠤᠨᠴᠠᠭᠠᠢ ᠪᠠᠢᠳᠠᠯ᠎ᠢ ᠠᠩᠬᠠᠷᠴᠤ᠌ ᠄ 《ᠲᠠ ᠦᠵᠡ᠂ ᠥᠨᠥᠳᠦᠷ᠎ᠦᠨ ᠮᠡᠳᠡᠭᠡ ᠵᠠᠩᠭᠢ᠎ᠶ᠋ᠢᠨ ᠰᠠᠨᠠᠭᠤᠯᠤᠮᠵᠢ᠎ᠶ᠋ᠢᠨ ᠬᠠᠪᠲᠠᠰᠤ ᠳᠡᠭᠡᠷ᠎ᠡ ᠴᠠᠭᠠᠨ ᠰᠠᠷ᠎ᠠ᠎ᠶ᠋ᠢᠨ ᠬᠣᠣᠰ ᠤᠶᠠᠩᠭ᠎ᠠ ᠪᠠ ᠪᠤᠶᠠᠨ ᠦᠰᠦᠭ ᠨᠠᠭᠠᠵᠤ ᠪᠠᠢᠨ᠎ᠠ᠂ ᠡᠨᠡ ᠪᠣᠯ ᠳᠤᠮᠳᠠᠳᠤ ᠤᠯᠤᠰ᠎ᠤᠨ ᠬᠥᠮᠦᠨ᠎ᠦ ᠶᠣᠰᠣᠯᠠᠯ᠎ᠤᠨ ᠰᠡᠳᠭᠢᠯᠭᠡ ᠪᠣᠯᠤᠨ᠎ᠠ!》ᠭᠡᠪᠡ᠃ 《 ᠳᠤᠮᠳᠠᠳᠤ ᠤᠯᠤᠰ᠎ᠤᠨ ᠭᠡᠷᠡᠯ ᠵᠢᠷᠤᠭ ᠰᠣᠨᠢᠨ 》 ᠤ᠋ ᠰᠤᠷᠪᠤᠯᠵᠢᠯᠠᠭ᠍ᠴᠢ ᠵᠤᠤ ᠶᠢᠩ ᠱᠢᠨ᠄ 《ᠵᠢᠯ ᠪᠦᠷᠢ᠎ᠶ᠋ᠢᠨ ᠴᠠᠭᠠᠨ ᠰᠠᠷ᠎ᠠ ᠪᠣᠯ ᠭᠡᠷ᠎ᠦᠨ ᠬᠥᠮᠦᠰ᠎ᠲᠡᠶ᠎ᠪᠡᠨ ᠬᠠᠮᠲᠤ ᠱᠢᠨᠡᠯᠡᠬᠦ᠌ ᠴᠠᠭ ᠮᠥᠴᠡ ᠪᠣᠯᠤᠨ᠎ᠠ᠂ ᠡᠨᠡ ᠵᠢᠯ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠢᠷᠡᠵᠦ᠍᠂ ᠡᠨᠡ ᠬᠦ᠌ ᠶᠡᠬᠡ ᠭᠡᠷ ᠪᠦᠯᠢ᠎ᠳᠦ ᠱᠢᠨᠡᠯᠡᠬᠦ᠌ ᠪᠣᠯ ᠣᠯᠳᠠᠰᠢ ᠦᠭᠡᠢ ᠠᠮᠢᠳᠤᠷᠠᠯ᠎ᠤᠨ ᠥᠩᠭᠡᠷᠡᠯᠲᠡ ᠪᠤᠯᠤᠨ᠎ᠠ 》ᠭᠡᠪᠡ᠃
ᠤᠷᠤᠢ᠎ᠶ᠋ᠢᠨ 8 ᠴᠠᠭ᠎ᠲᠤ᠂ ᠭᠣᠣᠯ ᠰᠣᠨᠢᠨ ᠮᠡᠳᠡᠭᠡᠨ᠎ᠦ ᠲᠥᠪ᠎ᠦᠨ ᠵᠠᠭᠤᠴᠢᠯᠠᠭᠤᠷ᠎ᠤᠨ ᠠᠵᠢᠯ᠎ᠤᠨ ᠲᠠᠰᠤᠭ᠎ᠲᠤ᠂ ᠶᠡᠬᠡ ᠪᠠᠭ᠎ᠠ ᠳᠡᠯᠭᠡᠴᠡ ᠳᠡᠭᠡᠷ᠎ᠡ ᠴᠦᠮ 2022 ᠣᠨ᠎ᠤ ᠲᠥᠪ ᠲᠧᠯᠸᠢᠰ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ ᠨᠡᠪᠲᠡᠷᠡᠭᠦᠯᠵᠦ᠍᠂ ᠡᠯ᠎ᠡ ᠤᠯᠤᠰ᠎ᠤᠨ ᠰᠤᠷᠪᠤᠯᠵᠢᠯᠠᠭ᠍ᠴᠢ ᠪᠣᠯᠤᠨ ᠰᠠᠢ᠌ᠨ ᠲᠤᠷᠠᠴᠤᠳ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ ᠰᠣᠨᠢᠷᠬᠠᠬᠤ᠎ᠶ᠋ᠢᠨ ᠳᠠᠭᠠᠤ ᠴᠠᠭᠠᠨ ᠰᠠᠷ᠎ᠠ᠎ᠶ᠋ᠢᠨ ᠦᠨᠦᠷ ᠠᠮᠲᠠ᠎ᠶ᠋ᠢ ᠮᠡᠳᠡᠷᠡᠵᠦ᠍᠂ ᠡᠨᠡ ᠬᠦ᠌ ᠥᠪᠡᠷᠮᠢᠴᠡ ᠰᠣᠶᠣᠯ᠎ᠤᠨ ᠪᠠᠲᠤ ᠪᠠᠷᠢᠮᠲᠠᠯᠠᠯ ᠪᠣᠯᠤᠨ ᠬᠠᠢᠷ᠎ᠠ ᠰᠡᠳᠭᠢᠯᠭᠡ᠎ᠶ᠋ᠢ ᠡᠳ᠋ᠯᠡᠵᠦ᠍ ᠪᠠᠢᠯ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃