2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠣᠯᠵᠣᠭ᠎ᠠ

2022-02-02 08:45:40

ᠵᠣᠬᠢᠶᠠᠭ᠍ᠴᠢ᠄ ᠴᠠᠶ ᠰᠧ ᠶᠤᠸᠠᠨ ᠣᠩᠱᠢᠭ᠍ᠰᠠᠨ ᠣᠳᠠᠭ᠎ᠠ᠄ 3

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠬᠦ᠌ ᠭᠡᠵᠦ᠍ ᠪᠠᠢᠭ᠎ᠠ ᠦᠶ᠎ᠡ᠎ᠳᠦ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ 3 ᠲᠣᠨ ᠬᠦᠨᠳᠦ ᠬᠤᠪᠴᠠᠰᠤ ᠤᠬᠢᠶᠠᠬᠤ 2《ᠠᠪᠤᠷᠭᠤ》 ᠮᠠᠱᠢᠨ᠂ 1 ᠲᠣᠨ ᠬᠦᠨᠳᠦ 3 ᠬᠠᠳᠠᠭᠠᠬᠤ ᠮᠠᠱᠢᠨ᠎ᠢ ᠣᠷᠣᠭᠤᠯᠤᠨ ᠠᠪᠴᠢᠷᠠᠵᠤ᠂ ᠮᠥᠰᠥᠨ ᠪᠥᠮᠪᠥᠭᠡ᠎ᠶ᠋ᠢᠨ ᠤᠷᠤᠯᠳᠤᠭᠠᠨ ᠵᠢᠴᠢ ᠲᠠᠯᠠᠪᠠᠶ ᠣᠷᠳᠣᠨ᠎ᠤ ᠪᠣᠯᠪᠠᠰᠤᠷᠠᠯ᠎ᠳᠤ ᠣᠷᠣᠯᠴᠠᠬᠤ ᠲᠠᠮᠢᠷᠴᠢᠨ᠂ ᠬᠢᠨᠠᠭ᠍ᠴᠢ ᠵᠡᠷᠭᠡ 7000 ᠬᠥᠮᠦᠨ ᠤᠳᠠᠭ᠎ᠠ᠎ᠳᠤ ᠬᠤᠪᠴᠠᠰᠤ ᠤᠬᠢᠶᠠᠬᠤ ᠦᠶ᠋ᠯᠡᠴᠢᠯᠡᠭᠡ ᠬᠠᠩᠭᠠᠬᠤ ᠪᠣᠯᠤᠨ᠎ᠠ᠃

ᠣᠢᠯᠠᠭᠠᠭ᠍ᠰᠠᠨ᠎ᠢᠶᠠᠷ᠂ ᠮᠥᠰᠥᠨ ᠪᠥᠮᠪᠥᠭᠡ ᠵᠢᠨ ᠬᠦᠳᠡᠯᠭᠡᠭᠡᠨ ᠪᠣᠯ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠥᠷᠥᠯ ᠵᠦᠶ᠋ᠯ᠎ᠦᠨ ᠳᠣᠲᠣᠷᠠᠬᠢ ᠦᠷᠢᠰᠦᠯᠳᠦᠭᠡᠨ᠎ᠢᠶᠡᠷ ᠬᠠᠮᠤᠭ᠎ᠤᠨ ᠬᠤᠷᠴᠠ ᠱᠢᠷᠦᠭᠦᠨ ᠬᠥᠳᠡᠯᠭᠡᠭᠡᠨ ᠪᠤᠯᠤᠨ᠎ᠠ᠂ ᠶᠡᠷᠦ᠍᠎ᠳᠡᠭᠡᠨ ᠨᠢᠭᠡ ᠲᠠᠯᠠᠪᠠᠢ ᠤᠷᠤᠯᠳᠤᠭᠠᠨ᠎ᠳᠤ ᠲᠠᠮᠢᠷᠴᠢᠨ ᠶᠡᠬᠡ ᠬᠥᠯᠥᠷᠡᠵᠦ᠍᠂ ᠪᠥᠬᠥ᠌ ᠪᠡᠶ᠎ᠡ ᠨᠢ ᠲᠡᠪᠳᠦᠭᠡᠳ᠂ ᠴᠠᠭ ᠲᠤᠬᠠᠶ᠎ᠳᠤᠨᠢ ᠬᠤᠪᠴᠠᠰᠤ᠎ᠪᠠᠨ ᠰᠣᠯᠢᠬᠤ ᠴᠢᠬᠤᠯᠠᠲᠠᠶ ᠪᠠᠢᠵᠤ᠂ ᠬᠤᠪᠴᠠᠰᠤ ᠤᠬᠢᠶᠠᠬᠤ ᠦᠶ᠋ᠯᠡᠴᠢᠯᠡᠭᠡ ᠮᠠᠰᠢ ᠶᠡᠬᠡ ᠱᠠᠭᠠᠷᠳᠠᠭᠳᠠᠳᠠᠭ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 12 ᠤᠷᠤᠯᠳᠤᠭᠠᠨ᠎ᠤ ᠲᠠᠯᠠᠪᠤᠷ ᠣᠷᠳᠣᠨ᠎ᠳᠤ᠂ ᠵᠥᠪᠬᠡᠨ ᠮᠥᠰᠥᠨ ᠪᠥᠮᠪᠥᠭᠡ᠎ᠶ᠋ᠢᠨ ᠤᠷᠤᠯᠳᠤᠭᠠᠨ ᠡᠷᠬᠢᠯᠡᠬᠦ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ ᠪᠠ ᠡᠦ ᠺᠧ ᠰᠦᠩ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠯᠠ ᠡᠢᠮᠦᠷᠬᠦᠦ ᠦᠢᠯᠡᠴᠢᠯᠡᠭᠡ᠎ᠶ᠋ᠢ ᠬᠠᠩᠭᠠᠨ᠎ᠠ᠃

2 ᠰᠠᠷ᠎ᠠ᠎ᠶ᠋ᠢᠨ 1 ᠤ᠋ ᠡᠳᠦᠷ᠂ ᠰᠤᠷᠪᠤᠯᠵᠢᠯᠠᠭ᠍ᠴᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠤ ᠵᠡᠭᠦᠨ ᠲᠠᠯ᠎ᠠ᠎ᠶ᠋ᠢᠨ ᠴᠠᠭᠠᠷᠢᠭ ᠬᠣᠩᠭᠢᠯ᠎ᠤᠨ ᠨᠢᠭᠡᠳᠦᠭᠡᠷ ᠳᠠᠪᠬᠤᠷᠯᠢᠭ᠎ᠲᠤ ᠪᠠᠢᠷᠢᠯᠠᠭ᠎ᠠ ᠬᠤᠪᠴᠠᠰᠤ ᠤᠬᠢᠶᠠᠬᠤ ᠦᠷᠦᠭᠡ᠎ᠳᠤ ᠬᠦᠷᠬᠦ᠌᠎ᠳᠦ᠂ 2.2 ᠮᠧᠲ᠋ᠷ ᠥᠨᠳᠥᠷ᠂ 2 ᠮᠧᠲ᠋ᠷ ᠥᠷᠭᠡᠨ 2 ᠬᠤᠪᠴᠠᠰᠤ ᠤᠬᠢᠶᠠᠬᠤ ᠮᠠᠱᠢᠨ᠎ᠢ ᠬᠠᠮᠲᠤ ᠵᠡᠷᠭᠡᠴᠡᠬᠦᠯᠦᠨ ᠲᠠᠯᠪᠢᠵᠤ᠂ ᠨᠥᠭᠥᠭᠡ ᠲᠠᠯ᠎ᠠ᠎ᠳᠤᠨᠢ 3 ᠬᠠᠲᠠᠭᠠᠬᠤ ᠮᠠᠱᠢᠨ᠎ᠢ ᠲᠠᠯᠪᠢᠵᠠᠶ᠃ ᠬᠠᠳᠠᠭᠠᠬᠤ ᠮᠠᠱᠢᠨ ᠬᠡᠷ᠎ᠦᠨ ᠣᠷᠣᠶ᠎ᠶ᠋ᠢᠨ ᠰᠠᠯᠬᠢ ᠭᠠᠳᠠᠭ᠍ᠰᠢᠯᠠᠭᠤᠯᠬᠤ ᠬᠣᠭᠣᠯᠠᠶ ᠲᠠᠢ ᠬᠠᠷᠢᠯᠴᠠᠨ ᠨᠡᠪᠲᠡᠷᠡᠯᠴᠡᠵᠦ᠍᠂ ᠮᠠᠱᠢᠨ᠎ᠤ ᠲᠠᠭᠤᠨ ᠬᠦᠷᠴᠢᠭᠢᠨᠡᠵᠦ ᠲᠦᠷᠭᠡᠨ ᠬᠤᠷᠳᠤᠴᠠ᠎ᠪᠠᠷ ᠡᠷᠭᠢᠯᠳᠦᠵᠦ᠍᠂ ᠬᠤᠪᠴᠠᠰᠤ ᠬᠤᠨᠠᠷ᠎ᠢ ᠬᠠᠳᠠᠭᠠᠵᠤ ᠪᠠᠢᠯ᠎ᠠ᠃ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠤ ᠲᠠᠯᠠᠪᠤᠷ ᠣᠷᠳᠣᠨ᠎ᠤ ᠬᠤᠪᠴᠠᠰᠤ ᠤᠬᠢᠶᠠᠬᠤ ᠦᠶ᠋ᠯᠡᠴᠢᠯᠡᠭᠡᠨ᠎ᠦ ᠬᠠᠷᠢᠭᠤᠴᠠᠯᠭᠠᠲᠠᠨ ᠮᠠ ᠯᠢᠩ ᠨᠠᠨ ᠲᠠᠨᠢᠯᠴᠠᠭᠤᠯᠬᠤ᠎ᠳᠠᠭᠠᠨ᠂ ᠲᠤᠬᠠᠶ᠎ᠶ᠋ᠢᠨ ᠦᠶ᠎ᠡ᠎ᠳᠦ ᠮᠥᠰᠥᠨ ᠪᠥᠮᠪᠥᠭᠡ᠎ᠶ᠋ᠢᠨ ᠤᠷᠤᠯᠳᠤᠭᠠᠨ ᠶᠠᠪᠤᠬᠳᠠᠬᠤ ᠪᠦᠷᠢ ᠵᠢᠴᠢ ᠤᠳᠠᠭ᠎ᠠ ᠪᠦᠷᠢ᠎ᠶ᠋ᠢᠨ ᠪᠣᠯᠪᠠᠰᠤᠷᠠᠯ᠎ᠤᠨ ᠳᠠᠷᠠᠭ᠎ᠠ᠂ ᠲᠠᠮᠢᠷᠴᠢᠳ ᠬᠤᠪᠴᠠᠰᠤ ᠰᠣᠯᠢᠬᠤ ᠥᠷᠥᠭᠡᠨ᠎ᠳᠦ ᠣᠷᠣᠵᠤ ᠤᠬᠢᠶᠠᠯᠭ᠎ᠠ ᠬᠢᠵᠦ᠍᠂ ᠬᠤᠪᠴᠠᠰᠤ ᠬᠤᠨᠠᠷ᠎ᠢ ᠨᠢ ᠲᠠᠯᠠᠪᠤᠷ ᠣᠷᠳᠣᠨ᠎ᠤ ᠰᠠᠢᠨ ᠳᠤᠷᠠᠴᠤᠳ ᠡᠴᠡ ᠨᠢᠭᠡᠳ ᠨᠢᠭᠡ᠎ᠪᠡᠷ ᠰᠠᠢᠳᠤᠷ ᠪᠤᠭᠤᠳᠠᠯᠯᠠᠨ᠂ ᠬᠤᠪᠴᠠᠰᠤ ᠤᠬᠢᠶᠠᠬᠤ ᠦᠷᠦᠭᠡ᠎ᠳᠤ ᠬᠦᠷᠭᠡᠵᠦ᠍ ᠤᠬᠢᠶᠠᠯᠭᠠᠳᠠᠭ ᠭᠡᠪᠠ᠃

ᠮᠠ ᠯᠢᠩ ᠨᠠᠨ᠄《ᠠᠳᠠᠯᠢ ᠪᠤᠰᠤ ᠮᠠᠲᠧᠷᠢᠶᠠᠯ᠎ᠢᠶᠡᠷ ᠬᠢᠭᠰᠡᠨ ᠬᠤᠪᠴᠠᠰᠤ ᠬᠤᠨᠠᠷ ᠨᠢ ᠠᠳᠠᠯᠢ ᠪᠤᠰᠤ ᠪᠡᠷ ᠤᠬᠢᠶᠠᠬᠤ ᠱᠠᠭᠠᠷᠳᠠᠯᠭ᠎ᠠ᠎ᠲᠠᠶ᠂ ᠡᠭᠦᠨ᠎ᠡᠴᠡ ᠭᠠᠳᠠᠨ᠎ᠠ ᠪᠠᠰᠠ ᠮᠠᠨ᠎ᠤ ᠲᠠᠯᠠᠪᠤᠷ᠎ᠠᠴᠠ ᠲᠠᠮᠢᠷᠴᠢᠳ᠎ᠲᠤ ᠬᠠᠩᠭᠠᠬᠤ ᠨᠢᠭᠤᠷ᠎ᠤᠨ ᠠᠯᠴᠢᠭᠤᠷ ᠪᠠ ᠤᠬᠢᠶᠠᠯᠭ᠎ᠠ᠎ᠶ᠋ᠢᠨ ᠠᠯᠴᠢᠭᠤᠷ᠎ᠢ ᠤᠬᠢᠶᠠᠬᠤ ᠬᠡᠷᠡᠭᠳᠡᠢ᠃ ᠪᠢᠳᠡ ᠡᠭᠦᠨ᠎ᠦ ᠲᠤᠬᠠᠶ ᠠᠩᠬ᠎ᠠ ᠠᠯᠬᠤᠮ ᠲᠦᠰᠦᠭᠡᠯᠡᠵᠦ ᠪᠣᠳᠣᠪᠠᠯ᠂ ᠲᠠᠯᠠᠪᠠᠢ ᠣᠷᠳᠣᠨ᠎ᠳᠤ ᠪᠠᠷᠤᠭ 180 ᠲᠠᠯᠠᠪᠤᠷ ᠤᠳᠠᠭ᠎ᠠ ᠤᠷᠴᠢᠮ᠎ᠤᠨ ᠪᠣᠯᠪᠠᠰᠤᠷᠠᠯ ᠪᠠ 30 ᠲᠠᠯᠠᠪᠤᠷ ᠤᠷᠴᠢᠮ᠎ᠤᠨ ᠵᠢᠩᠬᠢᠨᠢ ᠤᠷᠤᠯᠳᠤᠭᠠᠨ ᠶᠠᠪᠤᠭᠳᠠᠵᠤ᠂ ᠪᠠᠷᠤᠭ 7000 ᠬᠥᠮᠦᠨ ᠤᠳᠠᠭ᠎ᠠ᠎ᠶ᠋ᠢᠨ ᠲᠠᠮᠢᠷᠴᠢᠨ ᠪᠠ ᠬᠢᠨᠠᠭ᠍ᠴᠢ᠎ᠳᠤ ᠦᠢᠯᠡᠴᠢᠯᠡᠨ᠎ᠡ᠂ ᠬᠡᠷᠪᠡ ᠬᠥᠮᠦᠨ ᠪᠦᠷᠢ ᠵᠢᠨ 6 ᠡᠴᠡ 7 ᠵᠠᠬ᠎ᠠ ᠬᠤᠪᠴᠠᠰᠤ ᠵᠢ ᠤᠬᠢᠶᠠᠬᠤ ᠪᠡᠷ ᠪᠤᠳᠤᠪᠠᠯ᠂ ᠨᠡᠢ᠌ᠲᠡ 5 ᠲᠦᠮᠡ ᠭᠠᠷᠤᠶ ᠵᠠᠬ᠎ᠠ ᠬᠤᠪᠴᠠᠰᠤ ᠬᠤᠨᠠᠷ ᠤᠬᠢᠶᠠᠨ᠎ᠠ᠃ ᠤᠷᠤᠯᠳᠤᠭᠠᠨ ᠬᠠᠮᠤᠭ᠎ᠤᠨ ᠨᠢᠭ᠍ᠲᠠᠷᠠᠭᠰᠠᠨ ᠨᠢᠭᠡ ᠡᠳᠦᠷ᠎ᠲᠦ ᠪᠠᠷᠤᠭ 20 ᠲᠠᠯᠠᠪᠤᠷ ᠤᠳᠠᠭ᠎ᠠ ᠵᠢᠨ ᠪᠣᠯᠪᠠᠰᠤᠷᠠᠯ ᠪᠠ ᠤᠷᠤᠯᠳᠤᠭᠠᠨ ᠶᠠᠪᠤᠭᠳᠠᠵᠤ᠂ ᠲᠤᠬᠠᠶ᠎ᠶ᠋ᠢᠨ ᠡᠳᠦᠷ᠎ᠦᠨ ᠬᠤᠪᠴᠠᠰᠤ ᠤᠬᠢᠶᠠᠬᠤ ᠬᠡᠮᠵᠢᠶ᠎ᠡ ᠳᠥᠷᠪᠡ ᠲᠠᠪᠤᠨ ᠮᠢᠩᠭᠠᠨ ᠵᠠᠬ᠎ᠠ᠎ᠪᠤᠯᠤᠨ᠎ᠠ》 ᠭᠡᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面