2022-02-04 09:24:30
ᠴᠠᠰᠤ ᠴᠡᠪᠡᠷᠯᠡᠬᠦ᠌ ᠦᠶ᠋ᠯᠡᠴᠢᠯᠡᠭ᠌ᠴᠢ᠎ᠶ᠋ᠢ ᠡᠩ᠎ᠤᠨ ᠦᠶ᠎ᠠ ᠳ᠋ᠤ《ᠴᠠᠰᠤᠨ ᠬᠡᠤᠬᠡᠳ》 ᠭᠡᠳᠡᠭ᠃ 2 ᠰᠠᠷ᠎ᠠ᠎ᠶ᠋ᠢᠨ 1 ᠤ᠋ ᠡᠳᠦᠷ᠂ ᠰᠤᠷᠪᠤᠯᠵᠢᠯᠠᠭ᠍ᠴᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠢᠷᠡᠵᠦ᠍᠂ ᠮᠦᠰᠦᠨ ᠤ᠋ ᠲᠠᠰᠢᠭᠦᠷ ᠭᠢᠰᠭᠢᠯᠡᠵᠦ᠍᠂ ᠲᠣᠮᠣ ᠬᠦᠷᠵᠡ ᠪᠠᠷᠢᠭᠰᠠᠨ 20 ᠭᠠᠷᠤᠶ 《ᠴᠠᠰᠤᠨ ᠬᠡᠦᠬᠡᠳ》 ᠡᠮᠬᠢ ᠵᠢᠷᠤᠮ᠎ᠲᠠᠶ ᠪᠣᠯᠪᠠᠰᠤᠷᠠᠵᠤ ᠪᠠᠢᠯ᠎ᠠ᠃
ᠣᠢᠯᠠᠭᠠᠭ᠍ᠰᠠᠨ᠎ᠢᠶᠠᠷ᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠳᠤ ᠨᠡᠢᠲᠡ 24 《ᠴᠠᠰᠤᠨ ᠬᠡᠦᠬᠡᠳ》 ᠪᠣᠶ᠂ ᠡᠭᠦᠨ᠎ᠳᠦ 14 ᠨᠢ ᠴᠢᠴᠢᠬᠠᠷ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠡᠪᠦᠯ᠎ᠦᠨ ᠤᠯᠠᠷᠢᠯ᠎ᠤᠨ ᠲᠠᠮᠢᠷ᠎ᠤᠨ ᠤᠷᠤᠯᠳᠤᠭᠠᠨ᠎ᠤ ᠲᠥᠷᠥᠯ ᠵᠦᠶ᠋ᠯ᠎ᠦᠨ ᠬᠠᠮᠢᠶᠠᠷᠤᠯᠲᠠ᠎ᠶ᠋ᠢᠨ ᠲᠥᠪ ᠡᠴᠡ ᠢᠷᠡᠵᠦ᠍᠂ ᠴᠢᠴᠢᠬᠠᠷ ᠬᠣᠲᠠ᠎ᠶ᠋ᠢᠨ ᠡᠷᠡᠭ᠌ᠲᠡᠶ᠎ᠶ᠋ᠢᠨ ᠮᠥᠰᠥᠨ ᠪᠥᠮᠪᠥᠭᠡ᠎ᠶ᠋ᠢᠨ ᠵᠠᠯᠠᠭᠤᠴᠤᠳ᠎ᠤᠨ ᠠᠩᠭᠢ᠎ᠳᠤ ᠬᠠᠷᠢᠶᠠᠯᠠᠭ᠍ᠳᠠᠨ᠎ᠠ᠃ ᠡᠭᠦᠨ᠎ᠡᠴᠡ ᠭᠠᠳᠠᠨ᠎ᠠ ᠪᠡᠭᠡᠵᠢᠩ᠎ᠦᠨ ᠪᠡᠶ᠎ᠡ᠎ᠶ᠋ᠢᠨ ᠲᠠᠮᠢᠷ᠎ᠤᠨ ᠶᠡᠬᠡ ᠰᠤᠷᠭᠠᠭᠤᠯᠢ᠎ᠶ᠋ᠢᠨ ᠳᠤᠮᠳᠠᠳᠤ ᠤᠯᠤᠰ᠎ᠤᠨ ᠮᠥᠰᠥᠨ ᠳᠡᠭᠡᠷᠡᠬᠢ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠤ᠋ ᠳᠡᠭᠡᠳᠦ ᠰᠤᠷᠭᠠᠭᠤᠯᠢ᠎ᠡᠴᠡ ᠢᠷᠡᠭ᠌ᠰᠡᠨ 10 ᠬᠥᠮᠦᠨ ᠪᠣᠯ ᠰᠤᠷᠭᠠᠭᠤᠯᠢ ᠳ᠋ᠤ ᠰᠤᠷᠤᠯᠴᠠᠵᠤ ᠪᠠᠢᠭ᠎ᠠ ᠵᠢᠩᠬᠢᠨᠢ ᠠᠩᠭᠢ᠎ᠶ᠋ᠢᠨ ᠰᠤᠷᠤᠭ᠍ᠴᠢ ᠪᠤᠶᠤ ᠠᠰᠫᠢᠷᠠᠨᠲ ᠪᠣᠯᠤᠨ᠎ᠠ᠃
ᠡᠨᠡ 24 《ᠴᠠᠰᠤᠨ ᠬᠡᠦᠬᠡᠳ》 ᠢ᠋ 3 ᠡᠭᠡᠯᠵᠢ᠎ᠶ᠋ᠢᠨ ᠱᠢᠯᠭᠠᠯᠲᠠ᠎ᠪᠠᠷ ᠱᠢᠯᠢᠨ ᠰᠣᠩᠭᠣᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠪᠡᠶ᠎ᠡ᠎ᠶ᠋ᠢᠨ ᠲᠠᠮᠢᠷ᠎ᠤᠨ ᠬᠡᠯᠳᠡᠰ ᠤ᠋ᠨ ᠮᠥᠰᠥᠨ ᠪᠥᠮᠪᠥᠭᠡ᠎ᠶ᠋ᠢᠨ ᠤᠷᠤᠯᠳᠤᠭᠠᠨ᠎ᠤ ᠪᠦᠯᠬᠦᠮ ᠡᠴᠡ ᠬᠠᠷᠢᠭᠤᠴᠠᠨ ᠱᠢᠯᠢᠵᠤ᠂ ᠤᠷᠤᠯᠳᠤᠭᠠᠨ᠎ᠤ ᠪᠦᠯᠬᠦᠮ ᠨᠢ ᠣᠯᠠᠨ ᠤᠯᠤᠰ᠎ᠤᠨ ᠮᠥᠰᠥᠨ ᠪᠥᠮᠪᠥᠭᠡ᠎ᠶ᠋ᠢᠨ ᠬᠣᠯᠪᠣᠭᠠᠨ᠎ᠤ ᠱᠢᠯᠭᠠᠯᠲᠠ᠎ᠶ᠋ᠢᠨ ᠱᠢᠰᠲ᠋ᠧᠮ ᠪᠠ ᠪᠠᠷᠢᠮᠵᠢᠶ᠎ᠠ᠎ᠲᠠᠶ ᠤᠶᠠᠯᠳᠤᠭᠤᠯᠤᠨ ᠴᠠᠰᠤᠨ ᠬᠡᠦᠬᠡᠳ ᠱᠢᠯᠭᠠᠷᠠᠭᠤᠯᠬᠤ ᠱᠢᠯᠭᠠᠯᠲᠠ᠎ᠶ᠋ᠢᠨ ᠠᠭᠤᠯᠭ᠎ᠠ᠎ᠶ᠋ᠢ ᠲᠣᠭ᠍ᠲᠠᠭᠠᠵᠤ᠂ ᠱᠢᠯᠢᠨ ᠰᠣᠩᠭᠣᠬᠤ ᠡᠭᠦᠷᠭᠡ ᠵᠢ ᠱᠢᠨᠵᠢᠯᠡᠬᠦ᠌ ᠤᠬᠠᠭᠠᠨᠴᠢ ᠪᠥᠭᠡᠳ ᠨᠠᠷᠢᠨ ᠬᠢᠨᠠᠮᠠᠭᠠᠶ ᠪᠡᠶᠡᠯᠡᠭᠦᠯᠵᠡᠶ᠃ ᠡᠭᠦᠨ᠎ᠳᠦ ᠣᠯᠠᠩᠬᠢ《ᠴᠠᠰᠤᠨ ᠬᠡᠦᠬᠡᠳ》᠎ᠨᠢ 2021 ᠣᠨ᠎ᠤ 4 ᠰᠠᠷ᠎ᠠ ᠪᠠ 11 ᠰᠠᠷ᠎ᠠ ᠵᠢᠨ ᠪᠡᠭᠡᠵᠢᠩ᠎ᠦᠨ ᠱᠢᠯᠭᠠᠯᠲᠠ᠎ᠶ᠋ᠢᠨ ᠤᠷᠤᠯᠳᠤᠭᠠᠨ᠎ᠳᠤ ᠣᠷᠣᠯᠴᠠᠭ᠍ᠰᠠᠨ ᠪᠠᠢᠨ᠎ᠠ᠃ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠤ 《ᠴᠠᠰᠤᠨ ᠬᠡᠦᠬᠡᠳ》ᠡᠨᠡ ᠤᠳᠠᠭ᠎ᠠ ᠠᠵᠢᠯ᠎ᠤᠨ ᠪᠠᠢᠷᠢ ᠳ᠋ᠠᠭᠠᠨ ᠭᠠᠷᠤᠭ᠍ᠰᠠᠨ᠎ᠤ ᠳᠠᠷᠠᠭ᠎ᠠ ᠭᠤᠤᠯ ᠪᠤᠯᠬᠤ ᠮᠥᠰᠥ ᠵᠤᠬᠢᠶᠠᠬᠴᠢ DON ᠪᠠ ᠴᠠᠰᠤ ᠴᠡᠪᠡᠷᠯᠡᠬᠦ᠌ ᠦᠶ᠋ᠯᠡᠴᠢᠯᠡᠭᠡᠨ᠎ᠦ ᠬᠢᠨᠠᠯᠲᠠ ᠲᠠᠯᠪᠢᠭ᠍ᠴᠢ ᠸᠠᠩ ᠱᠢᠶᠤᠤ ᠯᠢᠶᠠᠩ ᠪᠠᠭ᠍ᠰᠢ ᠬᠤᠪᠢ ᠬᠥᠮᠦᠨ᠎ᠦ ᠣᠨᠴᠠᠯᠢᠭ ᠪᠠ ᠪᠦᠬᠦᠯᠢ ᠴᠣᠭ᠍ᠴᠠ᠎ᠶ᠋ᠢᠨ ᠲᠣᠬᠢᠷᠠᠭᠤᠯᠤᠯᠲᠠᠲᠠᠶᠪᠠᠨ ᠤᠶᠠᠯᠳᠤᠭᠤᠯᠤᠨ 2 ᠠᠩᠭᠢ ᠪᠤᠯᠭᠠᠨ ᠬᠤᠪᠢᠶᠠᠨ᠎ᠠ᠃ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠎ᠶ᠋ᠢᠨ ᠤᠷᠤᠯᠳᠤᠭᠠᠨ᠎ᠤ ᠬᠤᠭᠤᠴᠠᠭᠠᠨ᠎ᠳᠤ ᠬᠣᠶᠠᠷ ᠳᠤᠭᠤᠢᠯᠠᠩ ᠤ᠋ᠨ《ᠴᠠᠰᠤᠨ ᠬᠡᠦᠬᠡᠳ》᠎ᠤᠳᠠᠭ᠎ᠠ ᠪᠦᠷᠢ᠎ᠶ᠋ᠢᠨ ᠤᠷᠤᠯᠳᠤᠭᠠᠨ᠎ᠳᠤ 9 ᠤᠳᠠᠭ᠎ᠠ ᠴᠠᠰᠤ ᠴᠡᠪᠡᠷᠯᠡᠬᠦ᠌ ᠦᠢᠯᠡᠴᠢᠯᠡᠭᠡ ᠬᠢᠵᠦ᠍᠂ ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ᠎ᠤ ᠮᠥᠰᠥᠨ ᠭᠠᠳᠠᠷᠭᠤ᠎ᠶ᠋ᠢᠨ ᠭᠤᠯᠭᠤᠯᠳᠠ ᠵᠢᠨ ᠬᠡᠮᠵᠢᠶ᠎ᠡ᠎ᠶ᠋ᠢ ᠪᠠᠲᠤᠯᠠᠵᠤ᠂ ᠮᠥᠰᠥᠨ᠎ᠦ ᠶᠠᠪᠤᠳᠠᠯ᠎ᠤᠨ ᠪᠦᠯᠬᠦᠮ᠎ᠲᠡᠶ ᠬᠠᠮᠲᠤ᠎ᠪᠠᠷ ᠲᠠᠮᠢᠷᠴᠢᠳ᠎ᠲᠤ ᠬᠠᠮᠤᠭ᠎ᠤᠨ ᠰᠠᠢᠨ ᠮᠥᠰᠥᠨ ᠭᠠᠳᠠᠷᠭᠤ᠎ᠶ᠋ᠢᠨ ᠤᠷᠤᠯᠳᠤᠭᠠᠨ᠎ᠤ ᠨᠥᠬᠥᠴᠡᠯ᠎ᠢ ᠬᠠᠩᠭᠠᠬᠤ ᠪᠣᠯᠤᠨ᠎ᠠ᠃
ᠤᠯᠤᠰ᠎ᠤᠨ ᠪᠡᠶ᠎ᠡ᠎ᠶ᠋ᠢᠨ ᠲᠠᠮᠢᠷ᠎ᠤᠨ ᠣᠷᠳᠣᠨ ᠤ᠋ ᠴᠠᠰᠤ ᠴᠡᠪᠡᠷᠯᠡᠬᠦ᠌ ᠦᠢᠯᠡᠴᠢᠯᠡᠭᠡᠨ᠎ᠦ ᠪᠦᠯᠬᠦᠮ᠎ᠦᠨ ᠳᠠᠷᠤᠭ᠎ᠠ ᠬᠤᠸᠠᠩ ᠬᠤᠸᠠᠨ᠄ 《ᠮᠥᠰᠥᠨ ᠪᠥᠮᠪᠥᠭᠡ᠎ᠶ᠋ᠢᠨ ᠤᠷᠤᠯᠳᠤᠭᠠᠨ 3 ᠨᠤᠭᠤᠯᠤᠭ᠎ᠠ ᠪᠡᠷ ᠶᠠᠪᠤᠭ᠍ᠳᠠᠨ᠎ᠠ᠂ ᠪᠢᠳᠡ ᠨᠤᠭᠤᠯᠤᠭ᠎ᠠ ᠪᠦᠷᠢ ᠴᠡᠪᠡᠷᠯᠡᠨ᠎ᠠ᠂ ᠤᠳᠠᠭ᠎ᠠ ᠪᠦᠷᠢ᠎ᠶ᠋ᠢᠨ ᠴᠠᠰᠤ ᠴᠡᠪᠡᠷᠯᠡᠬᠦ᠌ ᠴᠠᠭ᠎ᠢ 70 ᠰᠧᠺᠦ᠋ᠨ᠋ᠳ᠋᠎ᠦᠨ ᠳᠣᠲᠣᠷ᠎ᠠ ᠬᠢᠵᠠᠭᠠᠷᠯᠠᠨ᠎ᠠ᠃ ᠴᠠᠰᠤ ᠴᠡᠪᠡᠷᠯᠡᠬᠦ᠌ ᠡᠭᠦᠷᠭᠡ ᠵᠢ ᠤᠷᠤᠭ᠍ᠰᠢᠲᠠᠶ ᠪᠡᠶᠡᠯᠡᠭᠦᠯᠬᠦ᠌᠎ᠳᠦ᠂ ᠪᠢᠳᠡ ᠮᠥᠰᠥᠨ ᠳᠡᠭᠡᠷ᠎ᠡ ᠲᠦᠷᠭᠡᠨ ᠭᠤᠯᠭᠤᠬᠤ ᠴᠢᠳᠠᠪᠤᠷᠢ ᠲᠠᠢ ᠪᠠᠢᠵᠤ᠂ ᠴᠠᠰᠤᠨ ᠬᠦᠷᠵᠡ ᠵᠢ ᠬᠡᠷᠡᠭ᠌ᠯᠡᠬᠦ᠌ ᠤᠷ᠎ᠠ ᠮᠡᠷᠭᠡᠵᠢᠯ᠎ᠢ ᠡᠵᠡᠮᠱᠢᠬᠦ᠌ ᠬᠡᠷᠡᠭ᠌ᠲᠡᠶ ᠮᠥᠷᠲᠡᠭᠡᠨ ᠳᠤᠭᠤᠢᠯᠠᠩ ᠪᠦᠷᠢ ᠵᠢᠨ 12 〈 ᠴᠠᠰᠤᠨ ᠬᠡᠦᠬᠡᠳ〉 ᠤ᠋ᠨ ᠲᠠᠯᠠᠪᠤᠷ᠎ᠲᠤ ᠤᠷᠤᠬᠤ ᠪᠠ ᠲᠠᠯᠠᠪᠤᠷ᠎ᠡᠴᠡ ᠭᠠᠷᠬᠤ᠎ᠨᠢ ᠪᠠᠰᠠ ᠵᠣᠬᠢᠬᠤ ᠡᠩᠨᠡᠭᠡ ᠵᠢ ᠪᠠᠳᠤᠯᠠᠬᠤ ᠱᠠᠭᠠᠷᠳᠠᠯᠭ᠎ᠠ᠎ᠲᠠᠶ ᠶᠤᠮ》ᠭᠡᠵᠤ ᠲᠠᠨᠢᠯᠴᠠᠭᠤᠯᠪᠠ᠃ ᠬᠤᠸᠠᠩ ᠬᠤᠸᠠᠨ᠎ᠤ ᠦᠵᠡᠬᠦ ᠪᠡᠷ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ᠂ ᠱᠢᠯᠢᠳᠡᠭ ᠲᠠᠮᠢᠷᠴᠢᠳ᠎ᠲᠤ ᠴᠠᠰᠤ ᠴᠡᠪᠡᠷᠯᠡᠬᠦ᠌ ᠦᠢᠯᠡᠴᠢᠯᠡᠭᠡ ᠬᠠᠩᠭᠠᠬᠤ ᠪᠣᠯ ᠣᠯᠳᠠᠰᠢ ᠦᠭᠡᠢ ᠠᠵᠠ ᠲᠣᠬᠢᠶᠠᠯ ᠮᠥᠨ᠃ ᠲᠡᠷᠡ᠄《ᠪᠢᠳᠡ ᠨᠢᠭᠡᠨᠲᠡ ᠠᠵᠢᠯ ᠳ᠋ᠠᠭᠠᠨ ᠭᠠᠷᠬᠤ ᠪᠡᠷ ᠪᠡᠯᠡᠬᠡᠨ ᠪᠣᠯᠵᠤ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠎ᠶ᠋ᠢᠨ ᠤᠷᠤᠯᠳᠤᠭᠠᠨ᠎ᠢ ᠰᠠᠢᠲᠤᠷ ᠬᠢᠬᠦ᠌᠎ᠳᠦ ᠬᠦᠴᠦᠨ ᠴᠢᠳᠠᠯ᠎ᠢᠶᠠᠨ ᠡᠷᠭᠦᠨ᠎ᠠ!》 ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃