2022-02-09 09:18:25
ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ (ᠰᠤᠷᠪᠤᠯᠵᠢᠯᠠᠭ᠍ᠴᠢ ᠯᠦ᠍ ᠱᠢᠶᠠᠨ ᠲᠢᠩ ᠸᠠᠩ ᠴᠢᠨ ᠡᠸᠤ ᠱᠢᠶᠠ ᠽᠢ ᠯᠢᠨ) ᠶᠡᠬᠡ ᠰᠠᠯᠬᠢᠨ᠎ᠠᠴᠠ ᠪᠣᠯᠵᠣ ᠬᠣᠢᠱᠢᠯᠠᠭᠠᠳ 7 ᠤ᠋ ᠡᠳᠦᠷ ᠶᠠᠪᠤᠭ᠍ᠳᠠᠭ᠍ᠰᠠᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠡᠨᠡᠯᠡᠯᠲᠡ᠎ᠶ᠋ᠢᠨ ᠡᠷᠡᠭ᠌ᠲᠡᠶ᠎ᠶ᠋ᠢᠨ ᠭᠤᠯᠭᠤᠨ ᠪᠠᠭᠤᠬᠤ ᠤᠷᠤᠯᠳᠤᠭᠠᠨ᠎ᠳᠤ ᠱᠢᠨ᠎ᠡ ᠮᠠᠨᠭᠯᠠᠢ ᠲᠤᠳᠤᠷᠠᠵᠤ᠂ ᠰᠸᠢᠰ᠎ᠦᠨ ᠠᠬᠠᠮᠠᠳ ᠲᠠᠮᠢᠷᠴᠢᠨ ᠪᠸᠶᠠᠷᠲ· ᠹᠦᠽ ᠠᠯᠲᠠᠨ ᠮᠧᠳᠠᠯ ᠲᠤᠰᠴᠤ᠌᠂ ᠹᠷᠠᠨᠼᠢ᠎ᠵᠢᠨ 41 ᠨᠠᠰᠤᠲᠠᠶ ᠠᠬᠠᠮᠠᠳ ᠲᠠᠮᠢᠷᠴᠢᠨ ᠶᠤᠬᠠᠨ·ᠺᠷᠠᠷᠸ᠋ ᠮᠥᠩᠭᠥᠨ ᠮᠧᠳᠠᠯ ᠣᠯᠵᠤ᠂ ᠠᠦ᠋ᠰᠲ᠋ᠷᠢᠶ᠎ᠠ᠎ᠶ᠋ᠢᠨ ᠨᠠᠷᠠᠲᠤ ᠲᠠᠮᠢᠷᠴᠢᠨ ᠮᠠᠲ᠋ᠢᠶᠠᠰ·ᠮᠠᠢᠷ ᠬᠦᠷᠡᠯ ᠮᠧᠳᠠᠯ ᠭᠠᠷᠳᠠᠪᠠ᠃ ᠳᠤᠮᠳᠠᠳᠤ ᠤᠯᠤᠰ᠎ᠤᠨ ᠲᠠᠮᠢᠷᠴᠢᠨ ᠱᠢᠤᠢ ᠮᠢᠩ ᠹᠦ᠋ 1 ᠮᠢᠨᠦ᠋ᠲ 56 ᠰᠧᠺᠦ᠋ᠨ᠋ᠳ᠋ 93 ᠵᠢᠨ ᠬᠢᠷᠢ ᠪᠦᠲᠦᠮᠵᠢ᠎ᠪᠡᠷ ᠤᠷᠤᠯᠳᠤᠭᠠᠨ᠎ᠢᠶᠠᠨ ᠳᠠᠭᠤᠰᠭᠠᠵᠤ᠂ ᠳᠤᠮᠳᠠᠳᠤ ᠤᠯᠤᠰ᠎ᠤᠨ ᠲᠠᠮᠢᠷᠴᠢᠳ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠯᠭᠤᠨ ᠪᠠᠭᠤᠬᠤ ᠲᠥᠷᠥᠯ ᠵᠦᠢᠯ᠎ᠦᠨ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠪᠡ᠃

7 ᠤ᠋ ᠡᠳᠦᠷ᠂ ᠶᠠᠨᠴᠢᠩ᠎ᠤᠨ ᠤᠷᠤᠯᠳᠤᠭᠠᠨ᠎ᠤ ᠲᠣᠭᠣᠷᠢᠭ᠎ᠤᠨ ᠪᠠᠭ᠎ᠠ ᠬᠠᠢ ᠲᠦᠸᠧ ᠱᠠᠨ ᠠᠭᠤᠯᠠᠨ᠎ᠳᠤ ᠪᠠᠢᠭ᠎ᠠ ᠤᠯᠤᠰ᠎ᠤᠨ ᠥᠨᠳᠥᠷ ᠠᠭᠤᠯᠠ᠎ᠶ᠋ᠢᠨ ᠴᠠᠨᠠᠯᠠᠯᠲᠠ᠎ᠶ᠋ᠢᠨ ᠲᠥᠪ ᠲᠸ᠋ ᠨᠠᠷᠠ ᠳᠤᠯᠠᠢᠵᠤ᠂ ᠡᠷᠡᠭ᠌ᠲᠡᠶ᠎ᠶ᠋ᠢᠨ ᠴᠠᠨᠠᠯᠠᠯᠲᠠ᠎ᠶ᠋ᠢᠨ ᠤᠷᠤᠯᠳᠤᠭᠠᠨ ᠤᠷᠤᠭ᠍ᠰᠢᠲᠠᠶ ᠡᠬᠢᠯᠡᠪᠡ᠃ ᠶᠢᠰᠦᠳᠦᠭᠡᠷ ᠲᠸ᠋ ᠲᠠᠯᠠᠪᠠᠢ ᠳ᠋ᠦ ᠤᠷᠤᠭᠰᠠᠨ ᠮᠠᠢᠷ ᠲᠤᠰ ᠤᠳᠠᠭᠠᠨ᠎ᠤ ᠭᠤᠯᠭᠤᠨ ᠪᠠᠭᠤᠬᠤ ᠤᠷᠤᠯᠳᠤᠭᠠᠨ ᠳ᠋ᠦ ᠮᠠᠩᠯᠠᠢᠯᠠᠬᠤ ᠪᠤᠯᠤᠯᠴᠠᠭ᠎ᠠ ᠶᠡᠬᠡ ᠪᠠᠢᠪᠠ᠂ ᠲᠡᠷᠡ ᠪᠣᠯ 2014 ᠣᠨ᠎ᠤ ᠰᠣᠴᠢ᠎ᠶ᠋ᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠯᠭᠤᠨ ᠪᠠᠭᠤᠬᠤ ᠤᠷᠤᠯᠳᠤᠭᠠᠨ᠎ᠤ ᠮᠠᠩᠯᠠᠶ᠂ 2018 ᠣᠨ᠎ᠤ ᠫᠢᠶᠸᠩᠼᠠᠩᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠬᠡᠳᠦ ᠶᠡᠬᠡ ᠡᠷᠭᠢᠯᠲᠡ᠎ᠶ᠋ᠢᠨ ᠮᠠᠩᠯᠠᠶ ᠪᠣᠯᠤᠨ᠎ᠠ᠃ ᠲᠡᠷᠡ ᠲᠤᠰ ᠡᠳᠦᠷ᠎ᠦᠨ ᠤᠷᠤᠯᠳᠤᠭᠠᠨ᠎ᠳᠤ ᠲᠣᠭ᠍ᠲᠠᠭᠤᠨᠵᠢᠡᠷ ᠤᠷ᠎ᠠ ᠴᠢᠳᠠᠪᠤᠷᠢ ᠪᠠᠨ ᠪᠠᠳᠠᠷᠠᠭᠤᠯᠵᠤ᠂ 1 ᠮᠢᠨᠦ᠋ᠲ 42 ᠰᠧᠺᠦ᠋ᠨ᠋ᠳ᠋ 85 ᠵᠢᠨ ᠬᠢᠷᠢ ᠪᠦᠲᠦᠮᠵᠢ᠎ᠪᠡᠷ ᠨᠡᠷᠡᠰ᠎ᠤᠨ ᠵᠢᠭᠰᠠᠭᠠᠯᠲᠠ ᠵᠢᠨ ᠲᠡᠷᠢᠭᠦᠨ ᠪᠠᠢᠷᠢ ᠪᠠᠨ ᠰᠢᠨᠡᠳᠭᠡᠭᠰᠡᠨ ᠪᠤᠯᠪᠠᠴᠤ ᠬᠠᠮᠤᠭ᠎ᠤᠨ ᠰᠡᠭᠦᠯ ᠳ᠋ᠦ ᠹᠦᠽ 1ᠮᠢᠨᠦ᠋ᠲ 42 ᠰᠧᠺᠦ᠋ᠨ᠋ᠳ᠋ 69ᠵᠢᠨ ᠬᠢᠷᠢ ᠪᠦᠲᠦᠮᠵᠢ᠎ᠪᠡᠷ ᠮᠠᠨᠭᠯᠠᠢᠯᠠᠪᠠ᠃

ᠪᠡᠭᠡᠵᠢᠩᠡᠪᠦᠯᠦᠨᠤᠯᠠᠷᠢᠯᠤᠨᠣᠯᠢᠮᠫᠢᠺᠤᠨᠲᠠᠮᠢᠷᠤᠨ ᠴᠤᠭ᠍ᠯᠠᠭᠠᠨ᠎ᠢ ᠡᠷᠬᠢᠯᠡᠬᠦ᠌᠎ᠪᠡᠷ ᠭᠤᠶᠤᠴᠢᠯᠠᠭᠠᠳᠠᠮᠵᠢᠯᠲᠠ ᠣᠯᠤᠭ᠍ᠰᠠᠨ᠎ᠤ ᠳᠠᠷᠠᠭ᠎ᠠ᠂ ᠳᠤᠮᠳᠠᠳᠤ ᠤᠯᠤᠰ ᠰᠠᠶᠢ ᠬᠤᠷᠳᠤᠴᠠ᠎ᠶ᠋ᠢᠨ ᠲᠥᠷᠥᠯ ᠵᠦᠢᠯ᠎ᠦᠨ ᠪᠣᠯᠪᠠᠰᠤᠷᠠᠯ ᠬᠢᠵᠦ᠍ ᠡᠬᠢᠯᠡᠪᠡ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ᠂ ᠳᠤᠮᠳᠠᠳᠤ ᠤᠯᠤᠰ᠎ᠤᠨ ᠲᠠᠮᠢᠷᠴᠢᠨ 11 ᠪᠠᠭ᠎ᠠ ᠲᠦᠷᠦᠯ᠎ᠦᠨ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠣᠯᠵᠠᠢ᠂ ᠡᠭᠦᠨ᠎ᠳᠦ ᠡᠷᠡᠭ᠌ᠲᠡᠢ᠂ ᠡᠮᠡᠭ᠌ᠲᠡᠢ᠎ᠶ᠋ᠢᠨ ᠭᠤᠯᠭᠤᠨ ᠪᠠᠭᠤᠬᠤ᠂ ᠬᠡᠳᠦ ᠶᠡᠬᠡ ᠡᠷᠭᠢᠯᠲᠡ᠂ ᠪᠦᠷᠢᠨ ᠴᠢᠳᠠᠪᠤᠷᠢ ᠪᠠ ᠡᠷᠡᠭᠳᠡᠢ ᠡᠮᠡᠭᠳᠡᠢ ᠵᠢᠨ ᠪᠦᠯᠬᠦᠮ ᠵᠡᠷᠭᠡ ᠲᠦᠷᠦᠯ ᠵᠦᠢᠯ ᠳ᠋ᠦ ᠴᠥᠮ ᠠᠩᠬ᠎ᠠ ᠤᠳᠠᠭ᠎ᠠ ᠤᠷᠤᠯᠳᠤᠭᠠᠨᠳᠤᠣᠷᠣᠯᠴᠠᠬᠤᠪᠣᠯᠤᠨᠠ᠃ᠱᠢᠤᠢᠮᠢᠩᠹᠦ᠋ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠪᠡ!

《ᠡᠷᠡᠭ᠌ᠲᠡᠶ᠎ᠶ᠋ᠢᠨ ᠭᠤᠯᠭᠤᠨ ᠪᠠᠭᠤᠬᠤ ᠲᠥᠷᠥᠯ ᠵᠦᠶ᠋ᠯ᠎ᠢ ᠮᠠᠨ᠎ᠤ ᠤᠯᠤᠰ᠎ᠲᠤ ᠥᠷᠨᠢᠭᠦᠯᠦᠭ᠌ᠰᠡᠨ ᠴᠠᠭ ᠨᠢ ᠨᠡᠯᠢᠶᠡᠳ ᠣᠬᠣᠷ ᠪᠠᠢᠵᠤ᠂ ᠪᠢᠳᠡ ᠮᠠᠰᠢ ᠶᠡᠬᠡ ᠴᠢᠷᠮᠠᠢᠯᠭ᠎ᠠ ᠭᠠᠷᠭᠠᠪᠠ᠂ ᠥᠨᠥᠳᠦᠷ ᠤᠷᠤᠯᠳᠤᠭᠠᠨ ᠳᠠᠭᠤᠰᠴᠤ᠌᠂ ᠨᠢᠭᠡ ᠬᠤᠪᠢ ᠬᠠᠨᠤᠮᠵᠢᠲᠠᠶ ᠬᠠᠷᠢᠭᠤᠯᠲᠠ ᠲᠤᠱᠢᠶᠠᠭ᠍ᠰᠠᠨ᠎ᠳᠤ ᠲᠣᠭᠠᠴᠠᠭ᠍ᠳᠠᠨᠠ》 ᠭᠡᠵᠦ ᠱᠢᠤᠢ ᠮᠢᠩ ᠹᠦ᠋ ᠤᠷᠤᠯᠳᠤᠭᠠᠨ᠎ᠤ ᠳᠠᠷᠠᠭ᠎ᠠ ᠬᠡᠯᠡᠵᠦ ᠪᠠᠢᠯ᠎ᠠ᠃


- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃