2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠣᠯᠵᠣᠭ᠎ᠠ

2022-02-09 09:10:25

ᠵᠣᠬᠢᠶᠠᠭ᠍ᠴᠢ᠄ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠯᠢᠦ ᠶᠠᠩ ᠲᠤᠤ ᠸᠠᠩ ᠴᠢᠨ ᠡᠸᠤ ᠣᠩᠱᠢᠭ᠍ᠰᠠᠨ ᠣᠳᠠᠭ᠎ᠠ᠄ 3

ᠮᠠᠨ᠎ᠤ ᠤᠯᠤᠰ 35ᠤᠷᠤᠯᠳᠤᠭᠠᠨ᠎ᠤ ᠲᠥᠷᠤᠯ᠎ᠳᠤ ᠠᠨᠭᠬ᠎ᠠ ᠤᠳᠡᠭ᠎ᠠ ᠲᠠᠮᠢᠷᠴᠢᠨ ᠲᠤᠮᠢᠯᠠᠬᠰᠡᠨ᠎ᠤ ᠠᠷᠤ ᠎ᠳᠤ ᠁

7 ᠤ᠋ ᠡᠳᠦᠷ᠂ ᠳᠤᠮᠳᠠᠳᠤ ᠤᠯᠤᠰ᠎ᠤᠨ ᠥᠨᠳᠥᠷ ᠠᠭᠤᠯᠠ᠎ᠶ᠋ᠢᠨ ᠴᠡᠨᠡᠯᠡᠯᠲᠡ᠎ᠶ᠋ᠢᠨ ᠲᠠᠮᠢᠷᠴᠢᠨ ᠱᠢᠤᠢ ᠮᠢᠩ ᠹᠦ᠋ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠷᠡᠭ᠌ᠲᠡᠶ᠎ᠶ᠋ᠢᠨ ᠭᠤᠯᠭᠤᠨ ᠪᠠᠭᠤᠬᠤ ᠤᠷᠤᠯᠳᠤᠭᠠᠨ᠎ᠳᠤ ᠡᠴᠦᠰ᠎ᠦᠨ ᠴᠡᠭ᠎ᠢ ᠳᠠᠪᠠᠬᠤ ᠦᠶ᠎ᠡ᠎ᠳᠦ᠂ ᠳᠤᠮᠳᠠᠳᠤ ᠤᠯᠤᠰ᠎ᠤᠨ ᠥᠨᠳᠥᠷ ᠠᠭᠤᠯᠠ᠎ᠶ᠋ᠢᠨ ᠴᠡᠨᠡᠯᠡᠯᠲᠡ᠎ᠶ᠋ᠢᠨ ᠲᠠᠮᠢᠷ᠎ᠤᠨ ᠬᠥᠳᠡᠯᠭᠡᠭᠡᠨ ᠴᠦ᠍ ᠡᠨᠡ ᠬᠦ᠌ ᠴᠠᠭ ᠮᠥᠴᠡ᠎ᠳᠦ ᠲᠡᠦᠬᠡᠲᠦ ᠴᠢᠨᠠᠷᠲᠠᠢ ᠱᠢᠪᠲᠤᠯᠤᠯᠲᠠ᠎ᠲᠠᠶ ᠪᠣᠯᠪᠠ — ᠡᠨᠡ ᠪᠣᠯ ᠲᠡᠦᠬᠡᠨ ᠳᠡᠭᠡᠷ᠎ᠡ ᠳᠤᠮᠳᠠᠳᠤ ᠤᠯᠤᠰ᠎ᠤᠨ ᠲᠠᠮᠢᠷᠴᠢᠨ ᠠᠩᠬ᠎ᠠ ᠤᠳᠠᠭ᠎ᠠ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠡᠨᠡᠯᠡᠯᠲᠡ᠎ᠶ᠋ᠢᠨ ᠡᠷᠡᠭ᠌ᠲᠡᠶ᠎ᠶ᠋ᠢᠨ ᠭᠤᠯᠭᠤᠨ ᠪᠠᠭᠤᠬᠤ ᠤᠷᠤᠯᠳᠤᠭᠠᠨ᠎ᠳᠤ ᠣᠷᠣᠯᠴᠠᠵᠤ ᠪᠡᠶᠡᠯᠡᠭᠦᠯᠦᠭ᠌ᠰᠡᠨ ᠶᠠᠪᠤᠳᠠᠯ ᠪᠣᠯᠤᠨ᠎ᠠ᠃

ᠦᠨᠳᠤᠷ ᠠᠭᠤᠯᠠ᠎ᠶ᠋ᠢᠨ ᠴᠡᠨᠡᠯᠡᠯᠲᠡ ᠨᠢ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 《ᠬᠠᠭᠠᠨ᠎ᠤ ᠲᠢᠲᠢᠮ ᠳᠡᠭᠡᠷᠡᠬᠢ ᠭᠡᠷᠡᠯᠲᠦ ᠰᠤᠪᠤᠳ》 ᠬᠡᠮᠡᠭ᠌ᠳᠡᠪᠡ᠃ ᠥᠩᠭᠡᠷᠡᠭ᠌ᠰᠡᠨ᠎ᠳᠦ᠂ ᠳᠤᠮᠳᠠᠳᠤ ᠤᠯᠤᠰ᠎ᠤᠨ ᠲᠠᠮᠢᠷᠴᠢᠨ ᠵᠥᠪᠬᠡᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠡᠷᠭᠡᠵᠢᠯ᠎ᠦᠨ ᠬᠡᠯᠪᠡᠷᠢ᠎ᠶ᠋ᠢᠨ ᠡᠷᠭᠢᠯᠲᠡ᠂ ᠶᠡᠬᠡ ᠡᠷᠭᠢᠯᠲᠡ᠎ᠶ᠋ᠢᠨ ᠤᠷᠤᠯᠳᠤᠭᠠᠨ᠎ᠳᠤ ᠣᠷᠣᠯᠴᠠᠵᠤ᠂ ᠬᠤᠷᠳᠤᠴᠠ᠎ᠶ᠋ᠢᠨ ᠲᠥᠷᠥᠯ᠎ᠦᠨ ᠭᠤᠯᠭᠤᠨ ᠪᠠᠭᠤᠬᠤ ᠪᠠ ᠳᠡᠰ᠎ᠠᠴᠠ ᠳᠠᠪᠠᠭ᠍ᠰᠠᠨ ᠶᠡᠬᠡ ᠡᠷᠭᠢᠯᠲᠡ᠎ᠶ᠋ᠢᠨ ᠤᠷᠤᠯᠳᠤᠭᠠᠨ᠎ᠳᠤ ᠶᠡᠷᠦ᠍᠎ᠡᠴᠡ ᠤᠷᠤᠯᠴᠠᠵᠤ ᠥᠩᠭᠡᠷᠡᠭ᠌ᠰᠡᠨ ᠦᠭᠡᠢ ᠪᠠᠢᠯ᠎ᠠ᠃ 7 ᠤ᠋ ᠡᠳᠦᠷ᠂ ᠱᠢᠤᠢ ᠮᠢᠩ ᠹᠦ᠋ ᠲᠡᠦᠬᠡ᠎ᠶ᠋ᠢ ᠥᠭᠡᠷᠡᠴᠢᠯᠡᠨ ᠪᠢᠴᠢᠪᠡ᠃

ᠡᠨᠡ ᠤᠳᠠᠭᠠᠨ᠎ᠤ ᠤᠷᠤᠯᠳᠤᠭᠠᠨ᠎ᠳᠤ ᠣᠷᠣᠯᠴᠠᠬᠤ ᠠᠴᠢ ᠬᠣᠯᠪᠣᠭ᠍ᠳᠠᠯ᠎ᠤᠨ ᠲᠤᠬᠠᠶ ᠱᠢᠤᠢ ᠮᠢᠩ ᠹᠦ᠋ ᠬᠡᠯᠡᠬᠦ᠌᠎ᠳᠡᠭᠡᠨ᠄ 《ᠳᠤᠮᠳᠠᠳᠤ ᠤᠯᠤᠰ᠎ᠤᠨ ᠥᠨᠳᠥᠷ ᠠᠭᠤᠯᠠ᠎ᠶ᠋ᠢᠨ ᠴᠠᠰᠤᠨ᠎ᠳᠤ ᠭᠤᠯᠭᠤᠬᠤ ᠬᠥᠳᠡᠯᠭᠡᠭᠡᠨ ᠥᠷᠨᠢᠭᠦᠯᠦᠭ᠌ᠰᠡᠨ ᠴᠠᠭ ᠨᠡᠯᠢᠶᠡᠳ ᠣᠷᠣᠢ᠂ ᠭᠡᠪᠡᠴᠦ᠍ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠡᠨᠡ ᠬᠦ᠌ ᠲᠥᠷᠥᠯ᠎ᠦᠨ ᠲᠦᠷᠭᠡᠨ ᠬᠥᠭ᠌ᠵᠢᠯᠲᠡ᠎ᠳᠦ ᠠᠵᠠ ᠲᠣᠬᠢᠶᠠᠯ ᠬᠠᠩᠭᠠᠪᠠ᠃ ᠪᠢᠳᠡ ᠨᠢᠭᠡᠨᠲᠡ ᠠᠩᠬᠠᠨ᠎ᠤ ᠠᠯᠬᠤᠮ᠎ᠢᠶᠠᠨ ᠠᠯᠬᠤᠯ᠎ᠠ᠂ ᠢᠷᠡᠭᠡᠳᠦᠶ᠎ᠳᠦ ᠥᠨᠳᠥᠷ ᠠᠭᠤᠯᠠ᠎ᠶ᠋ᠢᠨ ᠴᠠᠨᠠᠯᠠᠯᠲᠠ ᠳᠤᠮᠳᠠᠳᠤ ᠤᠯᠤᠰ᠎ᠲᠤ ᠶᠠᠪᠤᠬᠤ ᠲᠤᠲᠤᠮ ᠰᠠᠢᠨ ᠪᠣᠯᠬᠤ᠎ᠶ᠋ᠢ ᠢᠲᠡᠭᠡᠵᠦ᠍ ᠪᠠᠢᠨ᠎ᠠ》 ᠬᠡᠪᠡ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ ᠬᠥᠷ ᠬᠥᠭ᠌ᠵᠢᠶᠡᠨ᠎ᠢᠶᠡᠷ ᠪᠢᠯᠬᠠᠵᠤ᠂ ᠤᠷᠤᠯᠳᠤᠭᠠᠨ᠎ᠤ ᠶᠠᠪᠤᠴᠠ᠎ᠶ᠋ᠢᠨ ᠥᠷᠨᠢᠯᠲᠡ᠎ᠶ᠋ᠢ ᠳᠠᠭᠠᠯᠳᠤᠨ᠂ ᠤᠯᠠᠮ᠎ᠠᠴᠠ ᠤᠯᠠᠮ ᠣᠯᠠᠨ ᠲᠥᠷᠥᠯ ᠳᠤᠮᠳᠠᠳᠤ ᠤᠯᠤᠰ᠎ᠤᠨ ᠲᠠᠮᠢᠷᠴᠢᠳ᠎ᠤᠨ ᠲᠡᠦᠬᠡ᠎ᠶ᠋ᠢᠨ ᠠᠩᠬᠠᠨ᠎ᠤ ᠦᠵᠡᠭᠦᠯᠭᠡ᠎ᠶ᠋ᠢ ᠤᠭ᠍ᠲᠤᠨ ᠠᠪᠴᠢᠷᠠᠪᠠ᠃ ᠲᠣᠰ ᠬᠤᠭᠤᠴᠠᠭᠠᠨ᠎ᠤ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ 35 ᠪᠠᠭ᠎ᠠ ᠲᠥᠷᠥᠯ ᠳᠡᠭᠡᠷ᠎ᠡ ᠤᠷᠤᠯᠳᠤᠭᠠᠨ᠎ᠳᠤ ᠣᠷᠣᠯᠴᠠᠬᠤ 《ᠲᠡᠭ᠎ᠦᠨ ᠱᠢᠪᠲᠤᠯᠤᠯᠲᠠ》 ᠎ᠶ᠋ᠢ ᠪᠡᠶᠡᠯᠡᠭᠦᠯᠬᠦ᠌ ᠪᠣᠯᠤᠨ᠎ᠠ᠃ ᠡᠨᠡ ᠬᠦ᠌ ᠲᠣᠭᠠᠨ᠎ᠤ ᠠᠷᠤ᠎ᠳᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠬᠢᠭᠤᠯᠤᠯ ᠳᠣᠣᠷ᠎ᠠ ᠳᠤᠮᠳᠠᠳᠤ ᠤᠯᠤᠰ᠎ᠤᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠤ ᠤᠢ᠍ᠢᠷ᠎ᠠ᠎ᠶ᠋ᠢᠨ ᠵᠢᠯ᠎ᠳᠦ ᠣᠯᠤᠭ᠍ᠰᠠᠨ ᠲᠠᠪᠠᠯᠳᠠᠳᠤ ᠬᠥᠭ᠌ᠵᠢᠯᠲᠡ ᠨᠢᠭᠤᠭᠳᠠᠵᠤ ᠪᠤᠢ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠵᠦ᠍᠂ ᠳᠤᠮᠳᠠᠳᠤ ᠤᠯᠤᠰ᠎ᠤᠨ ᠬᠦᠰᠡᠯ ᠵᠣᠷᠢᠭ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠦ ᠲᠦᠷᠭᠡᠨ ᠬᠥᠭ᠌ᠵᠢᠯᠲᠡ᠎ᠶ᠋ᠢ ᠠᠬᠢᠭᠤᠯᠤᠨ᠎ᠠ᠃ ᠲᠣᠰ ᠬᠤᠭᠤᠴᠠᠭᠠᠨ᠎ᠤ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ 177 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ᠂ ᠨᠡᠢᠲᠡ 104 ᠪᠠᠭ᠎ᠠ ᠲᠥᠷᠥᠯ᠂ 190 ᠭᠠᠷᠤᠶ ᠤᠷᠤᠯᠳᠤᠭᠠᠨ᠎ᠳᠤ ᠣᠷᠣᠯᠴᠠᠬᠤ ᠬᠢᠷᠢ ᠬᠡᠮ᠎ᠢ ᠣᠯᠵᠤ᠂ ᠪᠥᠬᠥ᠌ 109 ᠪᠠᠭ᠎ᠠ ᠲᠥᠷᠥᠯ᠎ᠦᠨ 95% ᠎ᠡᠴᠡ ᠳᠡᠭᠡᠭ᠌ᠰᠢᠬᠢ᠎ᠶ᠋ᠢ ᠡᠵᠡᠯᠡᠵᠦ᠍᠂ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠳᠤᠮᠳᠠᠳᠤ ᠤᠯᠤᠰ᠎ᠤᠨ ᠡᠪᠦᠯ᠎ᠦᠨ ᠣᠯᠢᠮᠫᠢᠺ᠎ᠤᠨ ᠨᠢᠭᠡᠳᠭᠡᠯ ᠠᠷᠮᠢ᠎ᠶ᠋ᠢ ᠪᠦᠷᠢᠯᠳᠦᠭᠦᠯᠵᠡᠶ᠃

《ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠪᠴᠠᠩ᠎ᠳᠤ ᠠᠩᠬ᠎ᠠ ᠭᠠᠷᠤᠭ᠍ᠰᠠᠨ ᠳᠤᠮᠳᠠᠳᠤ ᠤᠯᠤᠰ᠎ᠤᠨ ᠴᠢᠷᠭ᠎ᠠ᠎ᠶ᠋ᠢᠨ ᠲᠠᠮᠢᠷᠴᠢᠨ ᠪᠣᠯᠤᠭ᠍ᠰᠠᠨ᠎ᠤ ᠬᠤᠪᠢ᠎ᠳᠤ᠂ ᠪᠢ ᠡᠨᠡ ᠤᠳᠠᠭᠠᠨ᠎ᠤ ᠤᠷᠤᠯᠳᠤᠭᠠᠨ᠎ᠢᠶᠠᠷ ᠳᠠᠮᠵᠢᠭᠤᠯᠵᠦ᠂ ᠨᠠᠩ ᠣᠯᠠᠨ ᠬᠥᠮᠦᠨ᠎ᠳᠦ ᠴᠢᠷᠭ᠎ᠠ᠎ᠶ᠋ᠢᠨ ᠲᠥᠷᠥᠯ ᠵᠦᠶ᠋ᠯ᠎ᠢ ᠣᠢᠯᠠᠭᠠᠭᠤᠯᠬᠤ᠎ᠶ᠋ᠢᠨ ᠬᠠᠮᠲᠤ ᠲᠠᠨᠢᠭᠤᠯᠵᠤ᠂ ᠮᠠᠨ᠎ᠤ ᠳᠤᠮᠳᠠᠳᠤ ᠤᠯᠤᠰ᠎ᠤᠨ ᠴᠢᠷᠭ᠎ᠠ᠎ᠶ᠋ᠢᠨ ᠠᠩᠭᠢ᠎ᠶ᠋ᠢᠨ ᠦᠷᠭᠦᠯᠵᠢᠯᠡᠨ ᠤᠷᠤᠭᠰᠢᠯᠠᠬᠤ᠎ᠶᠢ ᠳᠡᠮᠵᠢᠬᠦ᠌᠎ᠪᠤᠯᠤᠭᠠᠰᠠᠢ ᠬᠦᠰᠡᠵᠦ᠍ ᠪᠠᠢᠨ᠎ᠠ》᠃ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ ᠡᠬᠢᠯᠡᠬᠦ᠌᠎ᠶ᠋ᠢ ᠳᠠᠭᠠᠯᠳᠤᠨ᠂ ᠳᠤᠮᠳᠠᠳᠤ ᠤᠯᠤᠰ᠎ᠤᠨ ᠠᠩᠬᠠᠳᠠᠭ᠍ᠴᠢ ᠴᠢᠷᠭ᠎ᠠ᠎ᠶ᠋ᠢᠨ ᠤᠷᠤᠯᠳᠤᠭᠠᠨ᠎ᠤ ᠵᠠᠮ ᠪᠡᠭᠡᠵᠢᠩ᠎ᠦᠨ ᠶᠠᠨᠴᠢᠩ ᠲᠣᠭᠣᠷᠢᠭ᠎ᠲᠤ ᠪᠠᠢᠭᠤᠯᠤᠭ᠍ᠳᠠᠪᠠ᠃ 《ᠡᠨᠡ ᠬᠦ᠌ ᠤᠷᠤᠯᠳᠤᠭᠠᠨ᠎ᠤ ᠵᠠᠮ ᠨᠢ ᠳᠤᠮᠳᠠᠳᠤ ᠤᠯᠤᠰ᠎ᠤᠨ ᠴᠠᠰᠤᠨ ᠲᠡᠷᠭᠡ ᠴᠢᠷᠭ᠎ᠠ᠎ᠶ᠋ᠢᠨ ᠬᠠᠮᠤᠭ᠎ᠤᠨ ᠥᠨᠳᠥᠷ ᠬᠢᠷᠢ ᠲᠦᠪᠱᠢᠨ ᠪᠦᠬᠦᠢ ᠤᠷᠤᠯᠳᠤᠭᠠᠨ᠎ᠤ ᠵᠠᠮ ᠪᠠᠢᠭᠰᠠᠨ ᠦᠭᠡᠢ ᠬᠣᠭᠣᠰᠣᠨ᠎ᠢ ᠨᠥᠬᠥᠪᠥᠷᠢᠯᠡᠵᠦ᠍᠂ ᠳᠤᠮᠳᠠᠳᠤ ᠤᠯᠤᠰ᠎ᠤᠨ ᠲᠠᠮᠢᠷᠴᠢᠳ᠎ᠤᠨ ᠲᠤᠰ ᠲᠥᠷᠥᠯ ᠵᠦᠢᠯ᠎ᠦᠨ ᠲᠠᠯ᠎ᠠ᠎ᠪᠠᠷ ᠬᠢ ᠲᠦᠷᠭᠡᠨ ᠳᠠᠪᠱᠢᠯᠲᠠ᠎ᠳᠤ ᠰᠠᠭᠤᠷᠢ ᠲᠠᠯᠪᠢᠬᠤ ᠪᠣᠯᠤᠨ᠎ᠠ》 ᠭᠡᠵᠦ᠍ 5 ᠤ᠋ ᠣᠷᠣᠢ ᠶᠠᠪᠤᠭ᠍ᠳᠠᠭ᠍ᠰᠠᠨ ᠴᠢᠷᠭ᠎ᠠ᠎ᠶ᠋ᠢᠨ ᠤᠷᠤᠯᠳᠤᠭᠠᠨ᠎ᠤ ᠡᠷᠡᠭ᠌ᠲᠡᠶ᠎ᠶ᠋ᠢᠨ ᠭᠠᠭ᠍ᠴᠠ ᠬᠥᠮᠦᠨ᠎ᠦ ᠤᠷᠤᠯᠳᠤᠭᠠᠨ᠎ᠤ ᠳᠠᠷᠠᠭ᠎ᠠ᠂ ᠳᠤᠮᠳᠠᠳᠤ ᠤᠯᠤᠰ᠎ᠤᠨ ᠲᠠᠮᠢᠷᠴᠢᠨ ᠳ᠋ᠦᠸᠸ ᠶᠣᠣ ᠬᠡᠯᠡᠪᠡ᠃

ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠪᠡᠯᠡᠳᠭᠡᠨ ᠡᠷᠭᠢᠯᠡᠬᠦ᠌ ᠶᠠᠪᠤᠴᠠ᠎ᠳᠤ᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠲᠠᠰᠤᠷᠠᠯᠲᠠ ᠥᠬᠡᠶ 《ᠡᠮᠦᠨᠡᠰᠢ ᠲᠡᠯᠡᠵᠦ ᠪᠠᠷᠠᠭᠤᠨᠰᠢ ᠥᠷᠭᠡᠳᠭᠡᠨ ᠵᠡᠭᠦᠨᠰᠢ ᠤᠷᠤᠭ᠍ᠰᠢᠯᠠᠬᠤ》 ᠪᠠᠢᠳᠠᠯ᠎ᠢ ᠪᠤᠢ ᠪᠤᠯᠭᠠᠵᠤ᠂ ᠮᠥᠰᠥ᠍ ᠴᠠᠰᠤᠨ᠎ᠤ ᠲᠥᠷᠥᠯ ᠵᠦᠶ᠋ᠯ᠎ᠦᠨ ᠬᠢᠷᠢ ᠲᠦᠪᠱᠢᠨ᠎ᠢ ᠲᠦᠷᠭᠡᠨ ᠳᠡᠭᠡᠭ᠌ᠰᠢᠯᠡᠭᠦᠯᠬᠦ᠌ ᠪᠠ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠭᠠᠵᠠᠷ᠎ᠤᠨ ᠵᠢᠷᠤᠭ᠎ᠢ ᠶᠡᠬᠡ᠎ᠪᠡᠷ ᠥᠷᠭᠡᠳᠭᠡᠪᠡ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠨᠠᠷᠢᠨ ᠪᠢᠴᠢᠭ᠎ᠦᠨ ᠳᠠᠷᠤᠭ᠎ᠠ ᠨᠢᠢ ᠬᠤᠢ ᠵᠥᠩ᠎ᠤᠨ ᠲᠠᠨᠢᠯᠴᠠᠭᠤᠯᠤᠭᠰᠠᠨ᠎ᠢᠶᠡᠷ᠂ ᠲᠣᠰ ᠤᠳᠠᠭ᠎ᠠ ᠤᠷᠤᠯᠳᠤᠭᠠᠨ᠎ᠳᠤ ᠣᠷᠣᠯᠴᠠᠭ᠍ᠰᠠᠨ 177 ᠲᠠᠮᠢᠷᠴᠢᠨ ᠪᠥᠬᠥ᠌ ᠤᠯᠤᠰ᠎ᠤᠨ 20 ᠮᠤᠵᠢ ᠣᠷᠣᠨ ᠬᠣᠲᠠ᠎ᠠᠴᠠ ᠢᠷᠡᠵᠦ᠍᠂ ᠬᠠᠮᠤᠷᠬᠤ ᠤᠷᠤᠨ ᠪᠦᠰᠡ ᠨᠢ ᠤᠮᠠᠷᠠᠳᠤ ᠵᠢᠨ ᠬᠠᠷᠠᠮᠥ᠋ᠷᠡᠨ ᠮᠤᠵᠢ ᠡᠴᠡ ᠡᠮᠦᠨᠡᠳᠤ ᠵᠢᠨ ᠭᠤᠸᠠᠩᠳᠦ᠋ᠩ ᠮᠤᠵᠢ᠂ ᠵᠡᠭᠦᠨᠳᠡᠬᠢ ᠱᠠᠩᠬᠠᠶ ᠬᠣᠲᠠ ᠡᠴᠡ ᠪᠠᠷᠠᠭᠤᠨᠳᠡᠬᠢ ᠱᠢᠨᠵᠢᠶᠠᠩ᠎ᠤᠨ ᠤᠢᠭᠤᠷ᠎ᠤᠨ ᠥᠪᠡᠷᠲᠡᠭᠡᠨ ᠵᠠᠰᠠᠬᠤ ᠣᠷᠣᠨ᠎ᠳᠤ ᠬᠦᠷᠴᠡᠶ᠂ ᠡᠭᠦᠨ᠎ᠳᠦ ᠪᠠᠷᠤᠭ 1\ 5 ᠎ᠶ᠋ᠢᠨ ᠲᠠᠮᠢᠷᠴᠢᠨ᠎ᠨᠢ ᠬᠢᠯᠢ ᠠᠯᠤᠰᠯᠠᠨ ᠮᠥᠰᠥ᠍ ᠴᠠᠰᠤᠨ᠎ᠤ ᠲᠥᠷᠥᠯ ᠵᠦᠶ᠋ᠯ᠎ᠦᠨ ᠲᠤᠰᠭᠠᠶ ᠮᠡᠷᠭᠡᠵᠢᠯ᠎ᠦᠨ ᠪᠣᠯᠪᠠᠰᠤᠷᠠᠯ ᠬᠢᠵᠦ᠍᠂ ᠮᠥᠰᠥ᠍ ᠴᠠᠰᠤᠨ᠎ᠤ ᠲᠥᠷᠥᠯ ᠵᠦᠶ᠋ᠯ ᠨᠢ ᠵᠥᠪᠬᠡᠨ ᠣᠨᠴᠠ ᠵᠠᠷᠢᠮ ᠮᠤᠵᠢ ᠣᠷᠣᠨ᠎ᠳᠤ ᠲᠦᠱᠢᠭ᠌ᠯᠡᠵᠦ ᠪᠠᠢᠳᠠᠯ᠎ᠢ ᠲᠤᠢᠯᠪᠤᠷᠢᠲᠠᠶ ᠬᠤᠪᠢᠷᠠᠭᠤᠯᠵᠠᠶ᠃

《ᠡᠲᠡᠭᠡᠷ ᠲᠠᠮᠢᠷᠴᠢᠳ ᠪᠣᠯ ᠳᠠᠷᠤᠶ 〈ᠤᠴᠢ〉 ᠮᠥᠨ᠂ ᠲᠠᠳᠠ ᠡᠯ᠎ᠡ ᠮᠤᠵᠢ ᠣᠷᠣᠨ ᠬᠣᠲᠠ᠎ᠶ᠋ᠢᠨ ᠪᠥᠬᠥ᠌ ᠤᠯᠤᠰ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠰᠠᠭᠤᠷᠢ ᠬᠦᠴᠦᠨ ᠪᠣᠯᠵᠣ᠂ ᠢᠷᠡᠭᠡᠳᠦᠶ᠎ᠶ᠋ᠢᠨ ᠰᠤᠷᠭᠠᠭ᠍ᠴᠢ᠂ ᠬᠠᠮᠢᠶᠠᠷᠤᠭ᠍ᠴᠢ ᠪᠣᠯᠬᠤ ᠪᠥᠭᠡᠳ ᠨᠠᠩ ᠣᠯᠠᠨ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠬᠥᠳᠡᠯᠭᠡᠭᠡᠨ᠎ᠳᠦ ᠣᠷᠣᠯᠴᠠᠭᠤᠯᠬᠤ ᠪᠣᠯᠤᠨ᠎ᠠ᠃ ᠡᠭᠦᠨ᠎ᠡᠴᠡ ᠭᠠᠳᠠᠨ᠎ᠠ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠯᠤᠰ᠎ᠤᠨ ᠳᠣᠲᠣᠭᠠᠳᠤ᠎ᠶ᠋ᠢᠨ ᠮᠡᠷᠭᠡᠵᠢᠯ᠎ᠦᠨ ᠲᠤᠱᠢᠶᠠᠯᠲᠠᠨ᠎ᠤ ᠳᠣᠲᠣᠷ᠎ᠠ᠂ ᠡᠮᠦᠨᠡᠬᠢ ᠬᠤᠭᠤᠴᠠᠭᠠᠨ᠎ᠤ ᠮᠥᠰᠥ᠍ ᠴᠠᠰᠤᠨ᠎ᠤ ᠪᠣᠯᠪᠠᠰᠤᠷᠠᠯ᠎ᠳᠤ ᠣᠷᠣᠯᠴᠠᠵᠤ ᠥᠩᠭᠡᠷᠡᠭ᠌ᠰᠡᠨ ᠦᠯᠡᠮᠵᠢ ᠤᠯᠠᠨ ᠲᠠᠮᠢᠷᠴᠢᠨ ᠪᠣᠯᠤᠨ ᠠᠵᠢᠯᠳᠠᠨ ᠪᠤᠢ᠂ ᠲᠡᠳᠡ ᠪᠣᠯ ᠪᠦᠷ 〈ᠤᠴᠢ〉 ᠪᠣᠯᠤᠨ᠎ᠠ᠃ ᠡᠳᠡᠭᠡᠷ᠎ᠬᠥᠮᠦᠰ᠎ᠮᠠᠨ᠎ᠤ᠎ᠤᠯᠤᠰ᠎ᠤᠨ᠎ᠮᠥᠰᠥ᠍᠎ᠴᠠᠰᠤᠨ᠎ᠤ᠎ᠲᠠᠮᠢᠷ᠎ᠤᠨ᠎ᠬᠥᠳᠡᠯᠭᠡᠭᠡᠨ᠎ᠦ ᠬᠥᠭ᠌ᠵᠢᠯᠲᠡ᠎ᠶ᠋ᠢᠨ ᠰᠠᠭᠤᠷᠢ᠎ᠶ᠋ᠢ ᠨᠡᠩ ᠪᠡᠬᠢᠵᠢᠭᠦᠯᠵᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳ᠋ᠦ ᠣᠷᠣᠯᠴᠠᠬᠤ ᠬᠡᠪᠴᠢᠶ᠎ᠡ᠎ᠶ᠋ᠢ ᠨᠡᠩ ᠥᠷᠭᠡᠳᠭᠡᠬᠦ᠌ ᠪᠣᠯᠤᠨ᠎ᠠ》 ᠬᠡᠵᠤ ᠨᠢᠢ ᠬᠤᠢ ᠵᠦᠩ ᠬᠡᠯᠡᠪᠡ᠃

《ᠤᠢᠷ᠎ᠠ᠎ᠶ᠋ᠢᠨ ᠵᠢᠯ᠎ᠳᠦ᠂ ᠳᠤᠮᠳᠠᠳᠤ ᠤᠯᠤᠰ᠎ᠤᠨ ᠴᠠᠨᠠᠯᠠᠯᠳᠠ ᠵᠢᠨ ᠲᠠᠮᠢᠷᠴᠢᠨ᠎ᠤ ᠬᠢᠷᠢ ᠲᠦᠪᠱᠢᠨ ᠮᠠᠰᠢ ᠶᠡᠬᠡ ᠳᠠᠪᠱᠢᠯᠲᠠ᠎ᠲᠠᠶ ᠪᠣᠯᠵᠠᠶ᠃ ᠲᠡᠳᠡᠨ᠎ᠳᠦ ᠣᠳᠣ ᠨᠠᠩ ᠲᠣᠬᠢᠷᠠᠮᠵᠢᠲᠠᠶ ᠪᠣᠯᠪᠠᠰᠤᠷᠠᠯ ᠪᠠ ᠨᠠᠩ ᠥᠨᠳᠥᠷ ᠬᠢᠷᠢ ᠲᠦᠪᠰᠢᠨ ᠪᠦᠬᠦᠢ ᠤᠷᠤᠯᠳᠤᠭᠠᠨ᠎ᠳᠤ ᠣᠷᠣᠯᠴᠠᠬᠤ ᠲᠣᠬᠢᠶᠠᠯ ᠴᠢᠬᠤᠯᠠᠳᠠᠢ ᠪᠠᠢᠨ᠎ᠠ》᠃ ᠢᠲ᠋ᠠᠯᠢ ᠨᠤᠲᠤᠭ᠎ᠲᠠᠶ ᠴᠠᠨᠠᠯᠠᠯᠳᠠ ᠵᠢᠨ ᠰᠤᠷᠭᠠᠬᠴᠢ ᠹᠷᠠᠨᠼ ᠶᠤᠱᠢᠹ ᠭᠠᠨᠫᠸᠢ᠌ᠷ᠄ 《ᠮᠢᠨᠦ᠍ ᠦᠵᠡᠬᠦ᠌᠎ᠪᠡᠷ ᠲᠡᠳᠡ 2022 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠱᠠᠩᠨᠠᠯ᠎ᠤᠨ ᠮᠧᠳᠠᠯ ᠣᠯᠬᠤ ᠪᠣᠯᠤᠯᠴᠠᠭ᠎ᠠ ᠳᠡᠮᠡᠶ ᠦᠭᠡᠢ᠂ ᠭᠡᠪᠡᠴᠦ᠍ ᠲᠡᠳᠡ ᠢᠷᠡᠭᠡᠳᠦᠢ᠎ᠳᠦ ᠱᠢᠯᠢᠳᠡᠭ ᠴᠠᠨᠠᠯᠠᠯᠳᠠ ᠵᠢᠨ ᠲᠠᠮᠢᠷᠴᠢᠨ᠎ᠢ ᠬᠥᠮᠦᠵᠢᠭᠦᠯᠵᠦ᠍ ᠪᠣᠯᠤᠨ᠎ᠠ᠂ ᠬᠡᠷᠪᠡ ᠠᠯᠢᠪᠠ ᠪᠦᠬᠦᠨ ᠤᠷᠤᠭ᠍ᠰᠢᠲᠠᠶ ᠪᠣᠯ ᠲᠠᠪᠤᠨ ᠵᠢᠯ᠎ᠦᠨ ᠳᠠᠷᠠᠭ᠎ᠠ ᠱᠢᠪᠲᠤᠯᠤᠯᠲᠠ ᠭᠠᠷᠭᠠᠵᠤ ᠮᠡᠳᠡᠨ᠎ᠡ》 ᠭᠡᠪᠡ᠃

(ᠰᠤᠷᠪᠤᠯᠵᠢᠯᠠᠭ᠍ᠴᠢ ᠄ ᠯᠦ᠍ ᠱᠢᠶᠠᠨ ᠲᠢᠩ ᠱᠢᠶᠠ ᠽᠢ ᠯᠢᠨ ᠮᠠ ᠪᠠᠩ ᠵᠢᠶ᠍ᠸ )

(ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面