2022-02-12 20:42:56
ᠲᠡᠳᠡ ᠤᠷᠤᠯᠳᠤᠭᠠᠨ᠎ᠤ ᠲᠠᠯᠠᠪᠠᠶ ᠣᠷᠳᠣᠨ᠎ᠳᠤ ᠶᠠᠭᠠᠷᠠᠵᠤ᠂ ᠦᠵᠡᠭ᠌ᠴᠢᠳ᠎ᠢ ᠬᠥᠲᠥᠯᠥᠨ ᠵᠢᠯᠣᠭᠣᠳᠴᠤ᠌᠂ ᠡᠮᠬᠢ ᠵᠢᠷᠤᠮ᠎ᠢ ᠪᠠᠳᠤᠯᠠᠨ᠎ᠠ ;
ᠲᠡᠳᠡ ᠪᠢᠲᠡᠭᠦᠮᠵᠢᠯᠡᠭ᠌ᠰᠡᠨ ᠰᠠᠭᠤᠭ᠎ᠠ ᠭᠠᠵᠠᠷ᠎ᠲᠤ ᠦᠢᠯᠡᠴᠢᠯᠡᠵᠦ᠍᠂ ᠶᠡᠬᠡ ᠪᠠᠭ᠎ᠠ ᠶᠠᠪᠤᠳᠠᠯ ᠭᠡᠵᠦ ᠢᠯᠭᠠᠯ ᠦᠭᠡᠢ ᠪᠦᠬᠦ᠌ ᠰᠡᠳᠭᠢᠯ᠎ᠢᠶᠡᠷ᠎ᠢᠶᠡᠨ ᠦᠢᠯᠡᠴᠢᠯᠡᠨ᠎ᠠ;
ᠲᠡᠳᠡ ᠠᠳᠠᠯᠢ ᠪᠤᠰᠤ ᠬᠦᠷᠢᠶ᠎ᠡ ᠴᠠᠷᠠᠭ᠎ᠠ᠎ᠶ᠋ᠢ ᠪᠠᠲᠤ ᠰᠠᠬᠢᠵᠤ᠂ ᠬᠠᠯᠠᠭᠤᠮᠰᠤᠭ᠎ᠢᠶᠠᠷ ᠦᠢᠯᠡᠴᠢᠯᠡᠵᠦ᠍᠂ ᠵᠠᠯᠠᠭᠤ ᠨᠠᠰᠤᠨ᠎ᠤ ᠵᠢᠪᠬᠤᠭ᠎ᠠ᠎ᠶᠢ ᠴᠤᠬᠤᠯᠵᠠᠭᠤᠯᠤᠨᠠ᠃
ᠲᠡᠳᠡ ᠪᠣᠯ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳ᠋ᠦ ᠬᠠᠷᠠᠮ ᠦᠭᠡᠢ ᠬᠤᠪᠢ ᠨᠡᠮᠡᠷᠢ ᠦᠵᠡᠭᠦᠯᠵᠦ ᠪᠠᠢᠭ᠎ᠠ ᠰᠠᠢ᠌ᠨ ᠲᠤᠷᠠᠴᠤᠤᠯ ᠪᠢᠯᠡ᠃
《ᠬᠤᠶᠠᠷ ᠣᠯᠢᠮᠫᠢᠺ᠎ᠤᠨ ᠲᠠᠮᠢᠷ᠎ᠤᠨ ᠴᠤᠭ᠍ᠯᠠᠭᠠᠨ》 ᠢ᠋ ᠥᠩᠭᠡᠷᠡᠭᠦᠯᠵᠦ᠍ ᠬᠠᠯᠠᠭᠤᠨ ᠰᠡᠳᠭᠢᠯᠭᠡ ᠬᠡᠵᠢᠶᠡᠳᠡ ᠬᠤᠪᠢᠷᠠᠰᠢ ᠦᠭᠡᠢ
《ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠠᠢ᠌ᠨ ᠲᠤᠷᠠᠴᠤᠤᠯ ᠪᠣᠯᠤᠭ᠍ᠰᠠᠨ᠎ᠤ ᠬᠤᠪᠢ᠎ᠳᠤ᠂ ᠦᠢᠯᠡᠴᠢᠯᠡᠭᠡ᠎ᠪᠡᠨ ᠰᠠᠢᠲᠤᠷ ᠬᠢᠬᠦ᠌᠎ᠶ᠋ᠢᠨ ᠬᠠᠮᠲᠤ ᠪᠠᠰᠠ ᠳᠤᠮᠳᠠᠳᠤ ᠤᠯᠤᠰ᠎ᠤᠨ ᠦᠯᠢᠭᠡᠷ᠎ᠢ ᠰᠠᠢᠲᠤᠷ ᠶᠠᠷᠢᠵᠤ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠢ ᠤᠢ᠍ᠢᠯᠠᠭᠠᠭᠤᠯᠬᠤ ᠲᠠᠷᠬᠠᠨ ᠡᠬᠦᠷᠬᠡ ᠵᠢ ᠡᠭᠦᠷᠭᠡᠯᠡᠵᠦ᠍ ᠪᠠᠢᠨ᠎ᠠ》 ᠭᠡᠵᠦ ᠴᠢᠩᠬᠤᠸᠠ ᠶᠡᠬᠡ ᠰᠤᠷᠭᠠᠭᠤᠯᠢ᠎ᠠᠴᠠ ᠢᠷᠡᠭ᠌ᠰᠡᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠠᠢ᠌ᠨ ᠲᠤᠷᠠᠴᠤᠤᠯ ᠢᠦᠢ ᠵᠦᠩ ᠴᠢ ᠤᠮᠤᠭᠰᠢᠯᠳᠠᠢ ᠶᠠᠷᠢᠨ᠎ᠠ᠃
ᠣᠳᠣ᠂ ᠴᠢᠩᠬᠤᠸᠠ ᠶᠡᠬᠡ ᠰᠤᠷᠭᠠᠭᠤᠯᠢ᠎ᠶ᠋ᠢᠨ ᠣᠯᠠᠨ ᠨᠡᠢᠲᠡ᠎ᠶ᠋ᠢᠨ ᠬᠠᠮᠢᠶᠠᠷᠤᠯᠲᠠ᠎ᠶ᠋ᠢᠨ ᠳᠡᠭᠡᠳᠦ ᠰᠤᠷᠭᠠᠭᠤᠯᠢ᠎ᠶ᠋ᠢᠨ ᠳ᠋ᠣᠺᠲ᠋ᠣᠷᠠᠨᠲ ᠪᠣᠯᠤᠭ᠍ᠰᠠᠨ ᠲᠡᠷᠡ ᠣᠯᠢᠮᠫᠢᠺ᠎ᠤᠨ ᠲᠠᠮᠢᠷ᠎ᠤᠨ ᠴᠤᠭ᠍ᠯᠠᠭᠠᠨᠯᠤᠭᠠᠶ᠋ᠢᠨ ᠬᠤᠪᠢ ᠪᠠᠷᠢᠯᠳᠤᠯᠭ᠎ᠠ ᠪᠠᠨ ᠡᠷᠬᠢᠴᠡᠭᠦᠯᠭᠦᠶᠠ ᠶᠠᠭ ᠯᠡ ᠦᠴᠦᠭᠡᠳᠦᠷᠭᠡᠨᠤ ᠶᠤᠮ ᠰᠢᠭ᠋ ᠲᠤᠳᠤᠬᠠᠨ ᠪᠠᠢᠯ᠎ᠠ᠃
2008 ᠣᠨ᠎ᠤ ᠵᠤᠨ᠎ᠤ ᠠᠮᠠᠷᠠᠯᠲᠠ᠎ᠳᠤ᠂ ᠲᠤᠬᠠᠶ᠎ᠶ᠋ᠢᠨ ᠦᠶ᠎ᠡ᠎ᠳᠦ ᠪᠠᠭ᠎ᠠ ᠰᠤᠷᠭᠠᠭᠤᠯᠢ᠎ᠶ᠋ᠢᠨ ᠲᠠᠪᠤᠳᠤᠭᠠᠷ ᠣᠨ᠎ᠳᠤ ᠰᠤᠷᠤᠯᠴᠠᠵᠤ ᠪᠠᠢᠭ᠍ᠰᠠᠨ ᠢᠦᠶ ᠵᠥᠩ ᠴᠢ ᠨᠡᠷ᠎ᠡ ᠮᠡᠳᠡᠭᠦᠯᠦᠨ ᠪᠢᠴᠢᠬᠠᠨ ᠰᠠᠢᠨ ᠳᠤᠷ᠎ᠠ᠎ᠶ᠋ᠢᠨ ᠦᠢᠯᠡᠴᠢᠯᠡᠭ᠌ᠴᠢ ᠪᠣᠯᠵᠤ᠂ ᠣᠯᠢᠮᠫᠢᠺ᠎ᠦᠨ ᠲᠠᠮᠢᠷ ᠤ᠋ᠨ ᠴᠤᠭ᠍ᠯᠠᠭᠠᠨ᠎ᠤ ᠠᠭᠤᠷ ᠠᠮᠢᠰᠬᠤᠯ᠎ᠢ ᠪᠡᠶᠡᠴᠢᠯᠡᠨ ᠣᠢᠯᠠᠭᠠᠬᠤ᠎ᠶ᠋ᠢᠨ ᠬᠠᠮᠲᠤ᠂ ᠤᠷᠳᠤᠨ ᠲᠠᠯᠠᠪᠠᠶ᠎ᠶ᠋ᠢᠨ ᠡᠷᠭᠢᠨ ᠲᠣᠭᠣᠷᠢᠨ᠎ᠳᠤ ᠪᠠᠢᠭᠤᠯᠤᠭ᠍ᠰᠠᠨ ᠲᠢᠩᠬᠢᠮ᠎ᠳᠦ ᠴᠢᠳᠠᠯ᠎ᠤᠨ᠎ᠢᠶᠡᠨ ᠬᠢᠷᠢᠪᠡᠷᠴᠢᠷᠮᠠᠢᠵᠠᠢ᠂ ᠡᠨᠡ ᠬᠦ᠌ ᠥᠩᠭᠡᠷᠡᠯᠲᠡ ᠨᠢ ᠲᠡᠭᠦᠨ᠎ᠢ ᠣᠯᠢᠮᠫᠢᠺ᠎ᠦᠨ ᠲᠠᠮᠢᠷ᠎ᠤᠨ ᠴᠤᠭ᠍ᠯᠠᠭᠠᠨ᠎ᠲᠠᠶ ᠨᠢᠭ᠍ᠲᠠ ᠬᠣᠯᠪᠣᠭ᠍ᠰᠠᠨ ᠪᠠᠢᠨ᠎ᠠ᠃
《ᠨᠠᠰᠤ ᠪᠠᠭ᠎ᠠ᠎ᠠᠴᠠ ᠪᠤᠯᠵᠤ᠂ ᠪᠢ ᠲᠤᠬᠠᠢ᠎ᠶ᠋ᠢᠨ ᠦᠶ᠎ᠡ᠎ᠳᠦ ᠭᠣᠣᠯᠳᠠᠭᠤ ᠰᠠᠢ᠌ᠨ ᠳᠤᠷ᠎ᠠ᠎ᠶ᠋ᠢᠨ ᠠᠵᠢᠯᠯᠠᠭ᠍ᠴᠢ ᠠᠬ᠎ᠠ ᠡᠭᠡᠴᠢᠨᠡᠷᠲᠦ ᠲᠤᠰᠠᠯᠠᠮᠵᠢ ᠪᠤᠯᠵᠤ ᠪᠠᠢᠵᠠᠢ᠂ ᠦᠪᠡᠷ᠎ᠢᠶᠡᠨ ᠴᠦ᠍ ᠲᠤᠮᠤ ᠪᠤᠯᠤᠭᠰᠠᠨ᠎ᠤ ᠲᠠᠷᠠᠭ᠎ᠠ ᠣᠯᠢᠮᠫᠢᠺ᠎ᠤᠨ ᠰᠠᠢᠨ ᠳᠤᠷ᠎ᠠ᠎ᠶ᠋ᠢᠨ ᠠᠵᠢᠯᠯᠠᠭ᠍ᠴᠢ ᠪᠣᠯᠬᠤ᠎ᠶ᠋ᠢ ᠬᠦᠰᠡᠵᠦ᠍ ᠪᠠᠢᠯ᠎ᠠ》 ᠭᠡᠵᠦ ᠲᠡᠷᠡ ᠶᠠᠷᠢᠨ᠎ᠠ᠃
14 ᠵᠢᠯ᠎ᠦᠨ ᠳᠠᠷᠠᠭ᠎ᠠ᠂ ᠬᠦᠰᠡᠯ ᠮᠦᠷᠦᠭᠡᠳᠦᠯ ᠨᠢ ᠪᠡᠶᠡᠯᠡᠭ᠌ᠳᠡᠵᠦ᠍᠂ ᠢᠦᠶ ᠵᠥᠩ ᠴᠢ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠤᠤᠯᠯᠠᠬᠤ ᠠᠵᠢᠯ᠎ᠤᠨ ᠪᠠᠢᠷᠢ — ᠣᠯᠢᠮᠫᠢᠺ᠎ᠤᠨ ᠶᠡᠬᠡ ᠬᠡᠷ ᠪᠦᠯᠢ᠎ᠶ᠋ᠢᠨ ᠲᠤᠰᠠᠯᠠᠭ᠍ᠴᠢ᠂ ᠬᠠᠮᠤᠭ᠎ᠤᠨ ᠡᠷᠲᠡ ᠠᠵᠢᠯ᠎ᠤᠨ ᠪᠠᠢᠷᠢ᠎ᠳᠤ ᠭᠠᠷᠤᠭ᠍ᠰᠠᠨ ᠨᠢᠭᠡ ᠪᠦᠯᠦᠭ ᠰᠠᠢᠨ ᠲᠤᠷᠠᠴᠤᠤᠯ ᠪᠣᠯᠵᠣ᠂ ᠭᠤᠤᠯᠳᠠᠭᠤ ᠣᠯᠠᠨ ᠤᠯᠤᠰ᠎ᠤᠨ ᠣᠯᠢᠮᠫᠢᠺ᠎ᠤᠨ ᠶᠡᠬᠡ ᠬᠡᠷ ᠪᠦᠯᠢ᠎ᠶ᠋ᠢᠨ ᠪᠦᠷᠢᠯᠳᠦᠬᠦᠨ᠎ᠳᠦ ᠬᠣᠯᠪᠣᠭ᠎ᠠ ᠠᠪᠬᠤ᠂ ᠭᠥᠯᠢᠶᠡᠨ ᠠᠪᠬᠤ᠂ ᠣᠷᠴᠢᠭᠤᠯᠬᠤ ᠵᠡᠷᠭᠡ ᠦᠶ᠋ᠯᠡᠴᠢᠯᠡᠭᠡ ᠬᠠᠩᠭᠠᠪᠠ᠃
《ᠥᠪᠡᠷ᠎ᠢᠶᠡᠨ ᠦᠢᠯᠡᠴᠢᠯᠡᠭᠡᠨ᠎ᠦ ᠠᠵᠢᠯ᠎ᠢᠶᠠᠨ ᠰᠠᠢᠲᠤᠷ ᠬᠢᠵᠦ᠍᠂ ᠨᠡᠩ ᠠᠷᠪᠢᠨ ᠤᠯᠠᠨ ᠤᠯᠤᠰ᠎ᠤᠨ ᠨᠥᠬᠥᠷᠰᠡᠭ ᠬᠥᠮᠦᠰ᠎ᠲᠡᠶ ᠨᠠᠢᠵᠠᠯᠠᠵᠤ᠂ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠵᠠᠯᠠᠭᠤᠴᠤᠳ᠎ᠤᠨ ᠢᠳᠡᠪᠬᠢᠲᠡᠢ᠂ ᠬᠠᠯᠠᠭᠤᠮᠰᠤᠭ᠂ ᠥᠭᠡᠳᠡᠷᠬᠡᠭ ᠲᠦᠷᠢ ᠲᠥᠷᠬᠦ᠌᠎ᠶ᠋ᠢ ᠢᠯᠡᠷᠡᠭᠦᠯᠬᠦ᠌᠎ᠶ᠋ᠢ ᠬᠦᠰᠡᠵᠦ᠍ ᠪᠠᠢᠨ᠎ᠠ》᠃ ᠡᠨᠡ ᠪᠣᠯ ᠢᠦᠶ ᠵᠥᠩ ᠴᠢ᠎ᠶ᠋ᠢᠨ ᠥᠪᠡᠷ᠎ᠦᠨ ᠪᠡᠶ᠎ᠡ᠎ᠳᠡᠭᠡᠨ ᠲᠠᠯᠪᠢᠭᠰᠠᠨ ᠱᠠᠭᠠᠷᠳᠠᠯᠭ᠎ᠠ ᠮᠥᠨ᠂ ᠪᠠᠰᠠ ᠴᠤ᠌ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠠᠢᠨ ᠳᠤᠷ᠎ᠠ᠎ᠶ᠋ᠢᠨ ᠠᠵᠢᠯᠯᠠᠭ᠍ᠴᠢ ᠨᠢᠭᠡ ᠪᠦᠷᠢ᠎ᠶ᠋ᠢᠨ ᠰᠡᠳᠭᠢᠯ᠎ᠦᠨ ᠦᠭᠡ ᠮᠥᠨ᠃
ᠤᠷᠤᠯᠳᠤᠭᠠᠨ ᠤ᠋ ᠲᠠᠯᠠᠪᠤᠷ ᠢ᠋ ᠬᠠᠢᠷ᠎ᠠ ᠪᠡᠷ ᠲᠤᠯᠠᠭᠠᠴᠠᠭᠤᠯᠵᠤ ᠬᠠᠷᠠᠮ ᠦᠬᠡᠢ ᠵᠤᠷᠢᠭᠤᠯᠬᠤ ᠵᠣᠷᠢᠭ ᠰᠠᠨᠠᠭ᠎ᠠ᠎ᠶᠢ ᠭᠠᠢᠬᠠᠭᠤᠯᠤᠨ᠎ᠠ
ᠵᠡᠭᠦᠨ ᠬᠣᠢᠲᠤ ᠣᠷᠣᠨ ᠡᠴᠡ ᠢᠷᠡᠭ᠌ᠰᠡᠨ ᠵᠠᠩ ᠬᠣᠩ ᠪᠥᠸᠧ᠄《ᠤᠳᠠᠭᠠᠨ ᠵᠤᠭᠰᠤᠪᠠᠯ ᠠᠭᠤᠯᠠᠨ ᠬᠥᠨᠳᠡᠢ ᠵᠢᠨ ᠰᠠᠯᠬᠢ ᠬᠠᠪᠢᠷᠭ᠎ᠠ ᠵᠢ ᠨᠡᠪᠳᠡ ᠦᠯᠢᠶᠡᠵᠦ᠂ ᠶᠤᠰᠤᠳᠠᠢ ᠶᠠᠰᠤ ᠶᠠᠩᠭᠢᠨᠠᠭᠤᠯᠤᠨᠠ》 ᠬᠡᠵᠤ ᠴᠦᠩ ᠯᠢ ᠵᠢᠨ ᠭᠦᠢᠳᠡ᠎ᠨᠢ ᠭᠠᠢᠬᠠᠵᠤ ᠪᠠᠢᠯ᠎ᠠ᠃
ᠶᠠᠨᠱᠠᠨ ᠶᠡᠬᠡ ᠰᠤᠷᠭᠠᠭᠤᠯᠢ᠎ᠶ᠋ᠢᠨ ᠳᠥᠷᠪᠡᠳᠦᠭᠡᠷ ᠣᠨ᠎ᠤ ᠣᠶᠤᠲᠠᠨ ᠵᠠᠩ ᠬᠤᠩ ᠪᠦᠸᠸ ᠪᠣᠯ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠴᠢᠭᠤᠯᠤᠯᠲᠤ ᠬᠠᠭᠠᠯᠭ᠎ᠠ᠎ᠶ᠋ᠢᠨ ᠤᠷᠤᠯᠳᠤᠭᠠᠨ᠎ᠤ ᠲᠣᠭᠣᠷᠢᠭ᠎ᠤᠨ ᠨᠢᠭᠡᠨ ᠰᠠᠢᠨ ᠲᠤᠷᠠᠴᠤᠤᠯ ᠪᠢᠯᠡ᠃ ᠵᠠᠩ ᠬᠣᠩ ᠪᠥᠸᠧ᠎ᠶ᠋ᠢᠨ ᠠᠵᠢᠯ ᠨᠢ ᠳᠥᠭᠥᠮ ᠬᠡᠪᠡᠯ ᠲᠦᠬᠦᠮ᠂ ᠬᠦᠴᠢᠷ ᠭᠡᠪᠡᠯ ᠪᠠᠰᠠ ᠦᠨᠡᠨ ᠬᠦᠴᠢᠷ᠃ ᠲᠦᠭᠦᠮ ᠭᠡᠳᠡᠭ ᠨᠢ᠂ ᠤᠷᠤᠯᠳᠤᠭᠠᠨ᠎ᠤ ᠵᠠᠮ᠎ᠤᠨ ᠣᠷᠣᠬᠤ ᠡᠭᠦᠳᠡᠨ᠎ᠳᠦ ᠬᠢᠨᠠᠭ᠍ᠴᠢ ᠪᠠ ᠲᠠᠮᠢᠷᠴᠢᠨ᠎ᠤ ᠦᠨᠡᠮᠯᠡᠯ ᠪᠦᠷᠢᠨ ᠡᠰᠡᠬᠦ᠌᠎ᠶ᠋ᠢ ᠪᠠᠢᠴᠠᠭᠠᠪᠠᠯ ᠪᠤᠯᠴᠢᠬᠠᠨ᠎ᠠ᠃ ᠬᠦᠴᠢᠷ ᠭᠡᠳᠡᠭ ᠨᠢ᠂ ᠪᠣᠯᠪᠠᠰᠤᠷᠠᠭᠰᠠᠨ ᠴᠤ᠌ ᠲᠡᠷᠡ᠂ ᠤᠷᠤᠯᠳᠤᠭᠰᠠᠨ ᠴᠤ᠌ ᠲᠡᠷᠡ᠂ ᠤᠷᠤᠯᠳᠤᠭᠠᠨ᠎ᠤ ᠵᠠᠮ ᠨᠡᠭᠡᠭᠡᠭ᠌ᠳᠡᠬᠦ᠌ᠳᠦ ᠯᠡ ᠬᠦᠷᠪᠡᠯ ᠳᠠᠷᠤᠶ ᠲᠦᠷᠭᠡᠨ ᠠᠵᠢᠯ᠎ᠤᠨ ᠪᠠᠢᠷᠢ᠎ᠳᠤ ᠭᠠᠷᠬᠤ ᠬᠡᠷᠡᠭ᠌ᠲᠡᠶ᠂ ᠤᠷᠤᠯᠳᠤᠭᠠᠨ᠎ᠤ ᠡᠳᠦᠷ ᠳᠦ᠍ ᠶᠡᠷᠦ᠍᠎ᠳᠡᠭᠡᠨ ᠤᠷᠤᠯᠳᠤᠭᠠᠨ ᠡᠬᠢᠯᠡᠬᠦ ᠡᠴᠡ ᠱᠠᠩᠨᠠᠯ ᠣᠯᠭᠣᠬᠤ ᠶᠤᠰᠤᠯᠠᠯ ᠲᠠᠭᠤᠰᠳᠠᠯ᠎ᠠ ᠠᠵᠢᠯᠯᠠᠵᠤ᠂ ᠰᠠᠢᠨ ᠲᠤᠷᠠᠴᠤᠤᠯ ᠴᠠᠰᠤᠨ ᠳᠡᠭᠡᠷ᠎ᠡ ᠡᠭᠡᠯᠵᠢᠯᠡᠨ ᠵᠤᠭᠰᠤᠵᠤ ᠰᠥᠨᠢ ᠪᠣᠯᠲᠠᠯ᠎ᠠ ᠵᠢᠵᠢᠭᠦᠷᠯᠡᠳᠡᠭ᠃
ᠨᠥᠬᠥᠴᠡᠯ ᠬᠡᠴᠢᠨᠡᠬᠡᠨ ᠬᠠᠲᠠᠭᠤᠵᠢᠯᠲᠠᠢ ᠪᠠᠢᠭᠰᠠᠨ ᠴᠦ᠍ ᠵᠠᠩ ᠬᠣᠩ ᠪᠥᠸᠧ ᠶᠡᠷᠦ᠍᠎ᠡᠴᠡ ᠭᠣᠮᠣᠳᠠᠯ ᠲᠣᠭᠠᠴᠢᠵᠤ ᠥᠩᠭᠡᠷᠡᠭ᠌ᠰᠡᠨ ᠦᠭᠡᠢ᠂ ᠡᠨᠡ ᠬᠦ᠌ ᠬᠣᠪᠣᠷ ᠨᠠᠨᠳᠢᠨ ᠥᠩᠭᠡᠷᠡᠯᠲᠡ᠎ᠪᠡᠨ ᠤᠯᠠᠮ ᠨᠠᠨᠳᠢᠩᠨᠠᠬᠤ ᠪᠣᠯᠵᠠᠢ᠃ 《ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠠᠢᠨ ᠲᠤᠷᠠᠴᠤᠤᠯ᠎ᠤᠨ ᠠᠵᠢᠯ ᠮᠠᠰᠢ ᠲᠠᠲᠠᠬᠤ ᠬᠦᠴᠦᠨ᠎ᠲᠡᠶ᠂ ᠪᠤᠰᠤᠳ᠎ᠢ ᠬᠠᠪᠰᠤᠷᠬᠤ᠎ᠶ᠋ᠢᠨ ᠬᠠᠮᠲᠤ ᠪᠠᠰᠠ ᠣᠯᠠᠨ ᠮᠡᠳᠡᠯᠭᠡ ᠰᠤᠷᠴᠤ᠌ ᠲᠡᠢᠯᠦᠨ᠎ᠠ᠂ ᠰᠠᠢᠨ ᠲᠤᠷᠠᠴᠤᠤᠯ᠎ᠢᠶᠡᠷ ᠠᠵᠠ ᠲᠠᠢ ᠰᠣᠩᠭᠣᠭ᠍ᠳᠠᠬᠰᠠᠨ ᠳ᠋ᠠᠭᠠᠨ ᠮᠠᠰᠢ ᠪᠠᠶᠠᠷᠯᠠᠵᠤ ᠪᠠᠢᠨ᠎ᠠ》 ᠭᠡᠵᠡᠢ᠃
ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ ᠢᠳᠡᠪᠬᠢᠲᠡᠶ ᠣᠷᠣᠯᠴᠠᠵᠤ ᠪᠠᠢᠭ᠎ᠠ ᠰᠠᠢᠨ ᠲᠤᠷᠠᠴᠤᠤᠯ ᠲᠣᠰ ᠲᠣᠰ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠂ ᠱᠢᠷᠭᠠᠭᠤ ᠬᠠᠲᠠᠭᠤᠵᠢᠯᠲᠠᠶ ᠠᠵᠢᠯᠯᠠᠵᠤ᠂ ᠨᠢᠭᠡ ᠤᠳᠠᠭᠠᠨ᠎ᠤ ᠭᠠᠢᠬᠠᠮᠰᠢᠭᠳᠤ ᠤᠷᠤᠯᠳᠤᠭᠠᠨ᠎ᠤ ᠤᠷᠤᠭ᠍ᠰᠢᠲᠠᠶ ᠶᠠᠪᠤᠭ᠍ᠳᠠᠬᠤ᠎ᠶ᠋ᠢ ᠪᠠᠲᠤᠯᠠᠭᠰᠠᠭᠠᠷ ᠪᠤᠢ᠃
ᠪᠦᠬᠦ ᠰᠡᠳᠭᠢᠯ ᠵᠢᠡᠷ ᠦᠢᠯᠡᠴᠢᠯᠡᠵᠦ ᠬᠠᠢᠷ᠎ᠠ ᠬᠠᠯᠠᠮᠵᠢ᠎ᠶᠢ ᠮᠡᠳᠡᠷᠡᠭᠦᠯᠦᠨ᠎ᠠ
ᠰᠦᠨᠢ ᠵᠢᠨ ᠬᠦᠨ ᠪᠤᠯᠬᠤ ᠳ᠋ᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠣᠣᠯ ᠵᠠᠭᠤᠴᠢᠯᠠᠭᠤᠷ᠎ᠤᠨ ᠲᠥᠪ᠎ᠦᠨ ᠨᠢᠭᠡᠳᠦᠭᠡᠷ ᠳᠠᠪᠬᠤᠷᠯᠢᠭ᠎ᠤᠨ ᠶᠡᠬᠡ ᠲᠢᠩᠬᠢᠮ᠎ᠳᠦ ᠮᠥᠨ ᠬᠦ᠌ ᠳ᠋ᠧᠩ᠎ᠦᠨ ᠭᠡᠷᠡᠯ ᠤᠴᠢᠯᠠᠵᠤ᠂ ᠡᠭᠦᠨ᠎ᠳᠦ ᠰᠠᠢ᠌ᠨ ᠲᠤᠷᠠᠴᠤᠤᠯ ᠶᠠᠭᠠᠷᠠᠯᠲᠠᠢ ᠠᠵᠢᠯᠯᠠᠭᠰᠠᠭᠠᠷ ᠁
ᠬᠣᠶᠠᠳᠤᠭᠠᠷ ᠡᠳᠦᠷ᠎ᠦᠨ ᠪᠢᠲᠡᠭᠦᠮᠵᠢᠯᠡᠭᠰᠡᠨ ᠮᠠᠰᠢᠨ ᠲᠡᠷᠭᠡ ᠨᠢ ᠶᠠᠮᠠᠷ ᠶᠠᠮᠠᠷ ᠵᠠᠮ ᠵᠢᠨᠷ ᠶᠠᠪᠤᠬᠤ᠂ ᠲᠡᠷᠭᠡᠨ᠎ᠦ ᠳ᠋ᠤᠭᠠᠷ ᠵᠢᠴᠢ ᠴᠠᠭ᠎ᠢ ᠬᠡᠷᠬᠢᠨ ᠲᠣᠬᠢᠷᠠᠭᠤᠯᠬᠤ᠂ ᠤᠷᠤᠯᠳᠤᠭᠠᠨ᠎ᠤ ᠲᠣᠭᠣᠷᠢᠭ ᠠᠯᠤᠰᠯᠠᠨ ᠬᠡᠷᠬᠢᠨ ᠰᠣᠯᠢᠵᠤ ᠰᠠᠭᠤᠬᠤ ᠁ ᠵᠠᠮ ᠬᠠᠷᠢᠯᠴᠠᠭᠠᠨ᠎ᠤ ᠮᠡᠳᠡᠭᠡ ᠵᠠᠩᠭᠢ᠎ᠶ᠋ᠢᠨ ᠠᠰᠠᠭᠤᠨ ᠯᠠᠪᠯᠠᠬᠤ ᠲᠠᠪᠴᠠᠩ᠎ᠤᠨ ᠡᠮᠦᠨ᠎ᠡ᠂ ᠪᠡᠭᠡᠵᠢᠩ᠎ᠦᠨ ᠣᠶ ᠱᠢᠭᠤᠶ᠎ᠶ᠋ᠢᠨ ᠶᠡᠬᠡ ᠰᠤᠷᠭᠠᠭᠤᠯᠢ᠎ᠡᠴᠡ ᠢᠷᠡᠭᠰᠡᠨ ᠰᠠᠢᠨ ᠲᠤᠷᠠᠴᠤᠤᠯ ᠭᠤᠸᠠᠨ ᠴᠢ ᠶᠦᠨ᠎ᠤ ᠨᠠᠭᠠᠭ᠍ᠰᠠᠨ ᠬᠤᠤᠰ ᠬᠡᠯᠡᠨ᠎ᠦ ᠲᠠᠢᠯᠪᠤᠷᠢ ᠵᠢᠷᠤᠭ᠎ᠨᠢ ᠡᠲᠡᠭᠡᠷ ᠠᠰᠠᠭᠤᠳᠠᠯ᠎ᠢ ᠠᠮᠠᠷᠬᠠᠨ ᠱᠢᠶ᠋ᠳᠪᠦᠷᠢᠯᠡᠵᠠᠢ᠃
《ᠬᠠᠯᠠᠮᠱᠢᠯ᠎ᠳᠤ ᠤᠷᠤᠯᠳᠤᠭᠠᠨ ᠤᠯᠠᠰᠢᠷᠠᠬᠤ᠎ᠶᠢ ᠲᠠᠭᠠᠯᠳᠤᠨ ᠪᠢᠳᠡ ᠡᠨᠡ ᠬᠦ᠌ ᠠᠷᠭ᠎ᠠ᠎ᠶ᠋ᠢ ᠪᠤᠳᠤᠵᠤ ᠤᠯᠪᠠ᠂ ᠵᠢᠷᠤᠭ ᠵᠢᠷᠤᠬᠤ ᠵᠥᠭᠡᠯᠡᠨ ᠲᠣᠨᠣᠭ᠎ᠢᠶᠠᠷ ᠲᠤᠰᠭᠠᠢᠯᠠᠨ ᠰᠡᠳᠭᠢᠬᠦᠶ᠎ᠶ᠋ᠢᠨ ᠤᠳᠤᠷᠢᠳᠭᠠᠯ ᠵᠢᠷᠤᠭ ᠪᠠ ᠬᠦᠰᠦᠨᠦᠭᠳᠤ ᠵᠢ ᠵᠣᠬᠢᠶᠠᠵᠤ᠂ ᠣᠯᠠᠨ᠎ᠤ ᠡᠲᠡᠭᠡᠷ ᠮᠡᠳᠡᠭᠡ ᠵᠠᠩᠭᠢ᠎ᠶ᠋ᠢ ᠱᠢᠭᠤᠳ ᠲᠣᠳᠣᠷᠬᠠᠶ ᠣᠢᠯᠠᠭᠠᠬᠤ᠎ᠳᠤ ᠲᠥᠬᠥᠮ ᠪᠣᠯᠭᠠᠪᠠ》 ᠭᠡᠵᠦ᠍ ᠭᠤᠸᠠᠨ ᠴᠢ ᠶᠦᠨ ᠬᠡᠯᠡᠪᠡ᠃
1 ᠰᠠᠷ᠎ᠠ᠎ᠶ᠋ᠢᠨ ᠲᠤᠮᠳᠠᠴᠢ ᠪᠠᠷ ᠭᠤᠤᠯ ᠵᠠᠭᠤᠴᠢᠯᠠᠭᠤᠷ᠎ᠤᠨ ᠲᠥᠪ᠎ᠲᠦ ᠢᠷᠡᠵᠦ᠍᠂ ᠲᠡᠷᠡ ᠬᠠᠮᠲᠤ ᠰᠤᠷᠤᠭ᠍ᠴᠢᠳ᠎ᠲᠠᠶ᠎ᠪᠠᠨ ᠨᠢᠭᠡ ᠡᠳᠦᠷ ᠭᠤᠷᠪᠠᠨ ᠡᠭᠡᠯᠵᠢ ᠠᠵᠢᠯᠯᠠᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠠᠭᠤᠰᠭᠤ ᠪᠣᠯᠲᠠᠯ᠎ᠠ ᠡᠨᠳᠡ ᠠᠵᠢᠯᠯᠠᠬᠤ ᠪᠣᠯᠤᠨ᠎ᠠ᠃
ᠬᠡᠳᠦᠢᠪᠡᠷ ᠴᠠᠭ᠎ᠤᠨ ᠠᠯᠭᠠᠰᠠᠯ ᠨᠡᠯᠢᠶᠡᠳ ᠤᠷᠲᠤ ᠪᠣᠯᠪᠠᠴᠤ᠌ ᠭᠤᠸᠠᠨ ᠴᠢ ᠶᠦᠨ ᠪᠣᠯᠤᠨ ᠬᠠᠮᠲᠤ ᠰᠤᠷᠤᠭ᠍ᠴᠢᠳ᠎ᠤᠨ ᠬᠠᠯᠠᠭᠤᠨ ᠰᠡᠳᠭᠢᠯᠭᠡ ᠥᠴᠦᠬᠡᠨ ᠴᠦ᠍ ᠪᠠᠭᠤᠷᠠᠭ᠍ᠰᠠᠨ ᠦᠭᠡᠢ᠂ ᠲᠡᠳᠡ᠄ 《ᠣᠯᠠᠨ᠎ᠢ ᠬᠠᠪᠰᠤᠷᠬᠤ ᠪᠣᠯ ᠪᠢᠳᠡᠨ᠎ᠦ ᠬᠠᠮᠤᠭ᠎ᠤᠨ ᠪᠠᠶᠠᠷᠲᠠᠶ ᠶᠠᠪᠤᠳᠠᠯ ᠮᠥᠨ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠬᠦᠴᠦ᠍᠎ᠪᠡᠨ ᠡᠷᠭᠦᠬᠦ᠌ ᠵᠠᠪᠱᠢᠶᠠᠨᠤᠯᠤᠬᠰᠠᠨ ᠳ᠋ᠠᠭᠠᠨ ᠮᠠᠰᠢ ᠠᠵᠠ᠎ᠲᠠᠶ᠂ ᠮᠠᠰᠢ ᠵᠣᠯ ᠵᠢᠷᠭᠠᠯ᠎ᠲᠠᠶ ᠰᠠᠨᠠᠭᠳᠠᠵᠤ ᠪᠠᠢᠨ᠎ᠠ 》 ᠭᠡᠵᠡᠢ᠃
ᠣᠮᠣᠭᠯᠠᠩ ᠶᠠᠷᠢᠶ᠎ᠠ ᠪᠠᠢᠬᠤ ᠦᠬᠡᠢ᠂ ᠪᠠᠢᠳᠠᠭ ᠨᠢ ᠦᠭᠡ ᠳᠠᠭᠤᠨ ᠦᠭᠡᠢ ᠵᠢᠳᠭᠦᠯ; ᠬᠤᠪᠢ ᠬᠥᠮᠦᠨ᠎ᠦ ᠣᠯᠵᠤ ᠠᠯᠳᠠᠬᠤ᠎ᠶ᠋ᠢ ᠪᠣᠳᠣᠬᠤ ᠦᠭᠡᠢ᠂ ᠪᠤᠳᠤᠳᠠᠭ ᠨᠢ ᠪᠤᠰᠤᠳ᠎ᠲᠤ ᠳᠥᠭᠥᠮ ᠦᠵᠡᠭᠦᠯᠬᠦ ᠶᠠᠪᠤᠳᠠᠯ᠂ ᠡᠨᠡ ᠪᠣᠯ ᠰᠠᠢᠨ ᠳᠤᠷ᠎ᠠ᠎ᠶ᠋ᠢᠨ ᠦᠶ᠋ᠯᠡᠴᠢᠯᠡᠭᠡ ᠵᠢᠨ ᠵᠣᠷᠢᠭ ᠰᠠᠨᠠᠭᠠᠨ᠎ᠤ ᠬᠠᠮᠤᠭ ᠰᠠᠢᠨ ᠵᠡᠬᠦᠯᠳᠠ ᠪᠢᠯᠡ᠃
(ᠱᠢᠨᠬᠤᠸᠠ ᠬᠣᠷᠢᠶᠠᠨ᠎ᠤ ᠪᠡᠭᠡᠵᠢᠩ᠎ᠦᠨ 2 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃