2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠣᠯᠵᠣᠭ᠎ᠠ

2022-02-22 09:29:49

ᠵᠣᠬᠢᠶᠠᠭ᠍ᠴᠢ᠄ ᠱᠢᠨᠬᠤᠸᠠ ᠬᠣᠷᠢᠶᠠᠨ᠎ᠤ ᠰᠤᠷᠪᠤᠯᠵᠢᠯᠠᠭ᠍ᠴᠢ ᠸᠠᠩ ᠴᠢᠨ ᠡᠸᠦ ᠮᠠ ᠺᠠᠶ ᠰᠣ᠌ ᠪᠢᠨ ᠣᠩᠱᠢᠭ᠍ᠰᠠᠨ ᠣᠳᠠᠭ᠎ᠠ᠄ 3

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ ᠳᠠᠭᠤᠰᠴᠤ᠂ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ ᠤᠷᠤᠯᠳᠤᠭᠠᠨ᠎ᠳᠤ ᠣᠷᠣᠯᠴᠠᠭ᠍ᠰᠠᠨ ᠲᠡᠦᠬᠡᠨ ᠳᠡᠭᠡᠷᠡᠬᠢ ᠬᠠᠮᠤᠭ᠎ᠤᠨ ᠰᠠᠢ᠌ᠨ ᠬᠢᠷᠢ ᠪᠦᠲᠦᠮᠵᠢ᠎ᠶ᠋ᠢ ᠡᠭᠦᠳᠴᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠱᠢᠨ᠎ᠡ ᠦᠨᠳᠦᠷᠴᠡ᠎ᠶ᠋ᠢ ᠡᠭᠦᠳᠴᠦ᠍᠂ ᠱᠢᠨ᠎ᠡ ᠠᠶᠠᠨ᠎ᠢᠶᠠᠨ ᠡᠬᠢᠯᠡᠭᠦᠯᠪᠡ᠃ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠠᠮᠢᠷᠴᠢᠳ ᠪᠠᠰᠠ ᠰᠢᠯᠢᠳᠡᠭ ᠰᠠᠢᠨ ᠤᠷᠤᠯᠳᠤᠭᠠᠨ᠎ᠤ ᠬᠢᠷᠢ ᠪᠦᠲᠦᠮᠵᠢ ᠪᠠ ᠣᠶᠤᠨ ᠰᠠᠨᠠᠭᠠᠨ᠎ᠤ ᠳᠦᠷᠰᠦ ᠪᠠᠢᠳᠠᠯ ᠎ᠢᠶᠡᠷ᠎ᠢᠶᠡᠨ ᠳᠡᠯᠡᠬᠡᠶ ᠳ᠋ᠠᠬᠢᠨ᠎ᠳᠤ ᠢᠲᠡᠭᠡᠯ ᠲᠡᠭᠦᠯᠳᠡᠷ᠂ ᠪᠠᠭ᠍ᠲᠠᠭᠠᠮᠵᠢᠲᠠᠶ᠂ ᠤᠷᠤᠭ᠍ᠰᠢᠯᠠᠨ ᠳᠠᠪᠱᠢᠭ᠍ᠰᠠᠨ ᠳᠤᠮᠳᠠᠳᠤ ᠤᠯᠤᠰ᠎ᠤᠨ ᠳᠦᠷᠢ ᠲᠥᠷᠬᠦ᠌᠎ᠵᠢ ᠤᠯᠠᠮ ᠨᠢᠭᠡ ᠠᠯᠬᠤᠮ ᠢᠯᠡᠷᠡᠭᠦᠯᠪᠡ᠃


ᠶᠢᠰᠦᠨ ᠠᠯᠲᠠᠨ ᠮᠧᠳᠠᠯ᠎ᠢᠶᠠᠷ ᠳᠤᠮᠳᠠᠳᠤ ᠤᠯᠤᠰ᠎ᠤᠨ ᠮᠥᠰᠥ᠍ ᠴᠠᠰᠤᠨ᠎ᠤ ᠱᠢᠨ᠎ᠡ ᠦᠨᠳᠦᠷᠴᠡ ᠵᠢ ᠪᠢᠴᠢᠭ᠌ᠯᠡᠪᠡ


ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ 9 ᠠᠯᠲᠠᠨ ᠮᠧᠳᠠᠯ 4 ᠮᠥᠩᠭᠥᠨ ᠮᠧᠳᠠᠯ 2 ᠬᠦᠷᠡᠯ ᠮᠧᠳᠠᠯ᠎ᠢᠶᠠᠷ ᠠᠯᠳᠠᠨ ᠮᠸᠳᠠᠯ᠎ᠤᠨ ᠵᠢᠭᠰᠠᠭᠠᠯᠲᠠ᠎ᠳᠤ ᠭᠤᠷᠪᠠᠳᠤᠭᠠᠷ᠎ᠲᠤ ᠣᠷᠣᠵᠤ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠲᠡᠦᠬᠡᠨ ᠳᠡᠭᠡᠷᠡᠬᠢ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠪᠡ᠃ ᠠᠯᠲᠠᠨ ᠮᠧᠳᠠᠯ ᠣᠯᠤᠭ᠍ᠰᠠᠨ ᠲᠥᠷᠥᠯ ᠵᠦᠢᠯ ᠨᠢ ᠲᠠᠪᠤᠨ ᠲᠥᠷᠥᠯ ᠵᠦᠢᠯ᠎ᠦᠨ ᠳᠣᠲᠣᠷ᠎ᠠ ᠲᠠᠷᠬᠠᠵᠤ᠂ ᠳᠠᠪᠠᠭᠤᠯᠢᠭ ᠲᠥᠷᠥᠯ ᠵᠦᠢᠯ᠎ᠦᠨ ᠲᠤᠭ᠎ᠠ ᠬᠡᠮᠵᠢᠶ᠎ᠡ ᠨᠢ ᠶᠡᠬᠡ᠎ᠪᠡᠷ ᠥᠷᠭᠡᠵᠢᠪᠡ᠃ ᠡᠨᠡ ᠬᠦ᠌ ᠬᠢᠷᠢ ᠪᠦᠲᠦᠮᠵᠢ᠎ᠶ᠋ᠢᠨ ᠬᠠᠭᠤᠳᠠᠰᠤ ᠨᠢ ᠳᠤᠮᠳᠠᠳᠤ ᠤᠯᠤᠰ᠎ᠤᠨ ᠮᠥᠰᠥ᠍ ᠴᠠᠰᠤᠨ᠎ᠤ ᠤᠷᠤᠯᠳᠤᠭᠠᠨ᠎ᠤ ᠬᠢᠷᠢ ᠲᠦᠪᠱᠢᠨ ᠱᠢᠨ᠎ᠡ ᠥᠨᠳᠥᠷᠴᠡ᠎ᠳᠦ ᠬᠦᠷᠦᠭ᠌ᠰᠡᠨ᠎ᠢ ᠬᠠᠷᠠᠭᠤᠯᠵᠤ ᠪᠠᠢᠨ᠎ᠠ᠃

ᠤᠯᠠᠮᠵᠢᠯᠠᠯᠲᠤ ᠬᠦᠴᠦᠷᠬᠡᠭ ᠤᠷᠤᠯᠳᠤᠭᠠᠨ᠎ᠤ ᠲᠥᠷᠥᠯ ᠵᠦᠢᠯ᠎ᠳᠦ᠂ ᠣᠢᠷ᠎ᠠ ᠵᠠᠢ᠎ᠶᠢᠨ ᠲᠦᠷᠭᠡᠨ ᠲᠡᠱᠢᠯᠲᠡ ᠨᠢ ᠮᠥᠨ ᠯᠡ ᠠᠯᠲᠠᠨ ᠮᠧᠳᠠᠯ ᠣᠯᠬᠤ 《ᠬᠣᠱᠢᠭᠤᠴᠢ》ᠪᠣᠯᠵᠤ᠂ ᠲᠠᠮᠢᠷ᠎ᠤᠨ ᠴᠤᠭᠯᠠᠭᠠᠨ ᠡᠬᠢᠯᠡᠭᠰᠡᠨ᠎ᠤ ᠳᠠᠷᠠᠭᠠᠬᠢ ᠠᠩᠬᠠᠳᠠᠭ᠍ᠴᠢ ᠤᠷᠤᠯᠳᠤᠭᠠᠨ᠎ᠤ ᠡᠳᠦᠷ ᠡᠷᠡᠭᠲᠡᠢ ᠡᠮᠡᠭᠲᠡᠢ᠎ᠶᠢᠨ ᠪᠦᠯᠬᠦᠮ᠎ᠦᠨ ᠪᠤᠤᠬᠢᠶ᠎ᠠ ᠤᠷᠤᠯᠳᠤᠭᠠᠨ᠎ᠳᠤ ᠳᠤᠮᠳᠠᠳᠤ ᠤᠯᠤᠰ᠎ᠤᠨ ᠠᠩᠭᠢ᠎ᠳᠤ ᠠᠩᠬᠠᠨ᠎ᠤ ᠠᠯᠲᠠᠨ ᠮᠧᠳᠠᠯ᠎ᠢ ᠣᠯᠵᠤ ᠥᠭ᠌ᠪᠡ᠃ ᠤᠢᠷ᠎ᠠ ᠵᠠᠢ᠎ᠶᠢᠨ ᠲᠥᠷᠭᠡᠨ ᠲᠠᠰᠢᠯᠲᠠ᠎ᠶᠢᠨ ᠬᠤᠷᠴᠠ ᠰᠢᠷᠦᠭᠦᠨ ᠥᠷᠢᠰᠦᠯᠳᠦᠭᠡᠨ᠎ᠤ ᠲᠥᠯᠥᠪ ᠪᠠᠢᠳᠠᠯ᠎ᠤᠨ ᠳᠤᠤᠷ᠎ᠠ᠂ ᠳᠤᠮᠳᠠᠳᠤ ᠤᠯᠤᠰ᠎ᠤᠨ 2 ᠠᠯᠲᠠᠨ ᠮᠧᠳᠠᠯ᠂ 1 ᠮᠥᠩᠭᠥᠨ ᠮᠧᠳᠠᠯ᠂ 1 ᠬᠦᠷᠡᠯ ᠮᠧᠳᠠᠯ᠎ᠤᠨ ᠬᠢᠷᠢ ᠪᠦᠲᠦᠮᠵᠢ ᠨᠢ ᠮᠥᠨ᠎ᠬᠦ ᠥᠪᠡᠷ᠎ᠦᠨ ᠪᠣᠳᠠᠲᠤ ᠬᠦᠴᠦᠨ᠎ᠢᠶᠡᠨ ᠭᠡᠷᠡᠴᠢᠯᠡᠵᠡᠶ᠃

ᠪᠤᠰᠤᠳ ᠤᠯᠠᠮᠵᠢᠯᠠᠯᠲᠤ ᠳᠠᠪᠠᠭᠤᠯᠢᠭ ᠲᠥᠷᠥᠯ ᠵᠦᠢᠯ᠎ᠳᠦ᠂ ᠣᠯᠠᠨ ᠪᠣᠳᠠᠲᠤ ᠬᠦᠴᠦᠨ᠎ᠲᠡᠶ ᠬᠠᠰᠢᠷ ᠲᠠᠮᠢᠷᠴᠢᠳ ᠰᠢᠯᠢᠳᠡᠭ ᠬᠢᠷᠢ ᠪᠦᠲᠦᠮᠵᠢ ᠤᠯᠤᠭᠰᠠᠨ ᠪᠠᠢᠨ᠎ᠠ᠃ ᠴᠢᠯᠥᠭᠡᠲᠦ ᠴᠡᠨᠡᠯᠡᠯᠲᠡ᠎ᠶ᠋ᠢᠨ ᠳᠥᠷᠪᠡ ᠤᠳᠠᠭ᠎ᠠ ᠤᠯᠢᠮᠫᠢᠺ ᠎ᠤᠨ ᠲᠠᠮᠢᠷ᠎ᠤᠨ ᠴᠤᠭᠯᠠᠭᠠᠨ᠎ᠳᠤ ᠤᠷᠤᠯᠴᠠᠭᠰᠠᠨ ᠬᠠᠰᠢᠷ ᠲᠠᠮᠢᠷᠴᠢᠨ ᠴᠢ ᠭᠤᠸᠠᠩ ᠫᠦ᠂ ᠱᠢᠤᠢ ᠮᠸᠩ ᠲᠤᠤ ᠲᠤᠰ ᠲᠤᠰ ᠡᠷᠡᠭ᠌ᠲᠡᠶ ᠡᠮᠡᠭ᠌ᠲᠡᠶ᠎ᠶ᠋ᠢᠨ ᠴᠢᠯᠥᠭᠡᠲᠦ ᠴᠡᠨᠡᠯᠡᠯᠲᠡ᠎ᠶ᠋ᠢᠨ ᠤᠭᠳᠠᠷᠭᠤᠢ ᠎ᠳᠡᠬᠢ ᠤᠷ᠎ᠠ ᠮᠡᠷᠭᠡᠵᠢᠯ᠎ᠤᠨ ᠤᠷᠤᠯᠳᠤᠭᠠᠨ᠎ᠳᠤ ᠮᠠᠩᠯᠠᠢᠯᠠᠵᠤ᠂ ᠣᠯᠠᠨ ᠵᠢᠯ᠎ᠦᠨ ᠬᠠᠢᠷ᠎ᠠ ᠪᠠᠬ᠎ᠠ ᠪᠠ ᠪᠠᠷᠢᠮᠲᠠᠯᠠᠯ ᠨᠢ ᠡᠨᠡ ᠬᠣᠶᠠᠷ ᠠᠯᠲᠠᠨ ᠮᠧᠳᠠᠯ᠎ᠳᠤ ᠨᠠᠩ ᠣᠯᠠᠨ ᠥᠨᠭᠭᠡ ᠭᠡᠷᠡᠯ ᠨᠡᠮᠡᠷᠢᠯᠡᠵᠡᠶ᠃ ᠤᠷᠠᠨ ᠲᠡᠱᠢᠯᠲᠡ᠎ᠶ᠋ᠢᠨ ᠤᠷᠤᠯᠳᠤᠭᠠᠨ᠎ᠤ ᠲᠠᠯᠠᠪᠠᠢ᠎ᠳᠤ᠂ ᠰᠦᠢ ᠸᠸᠨ ᠵᠢᠩ / ᠬᠠᠨ ᠼᠦᠩ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠮᠤᠭ᠎ᠤᠨ ᠥᠨᠳᠥᠷ ᠱᠠᠩᠨᠠᠯ᠎ᠤᠨ ᠲᠠᠢᠰᠠᠨ᠎ᠳᠤ ᠭᠠᠷᠪᠠ᠃ ᠲᠡᠳᠡ ᠬᠦᠴᠢᠷ ᠪᠡᠷᠬᠡᠰᠢᠶᠡᠯ᠎ᠢ ᠲᠤᠭᠤᠯᠤᠨ ᠬᠠᠮᠲᠤ᠎ᠪᠡᠷ ᠲᠡᠮᠡᠴᠡᠵᠦ᠂ 15 ᠵᠢᠯ᠎ᠦᠨ ᠳᠠᠷᠠᠭ᠎ᠠ᠂ ᠡᠴᠦᠰ᠎ᠲᠡᠬᠡᠨ ᠢᠯᠠᠯᠳᠠ ᠤᠯᠤᠭᠰᠠᠨ ᠪᠠᠢᠨ᠎ᠠ᠃

ᠬᠡᠷᠪᠡ ᠤᠯᠠᠮᠵᠢᠯᠠᠯᠲᠤ ᠳᠠᠪᠠᠭᠤᠯᠢᠭ ᠲᠥᠷᠥᠯ ᠵᠦᠶ᠋ᠯ ᠨᠢ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠤ ᠪᠠᠲᠤ ᠰᠠᠭᠤᠷᠢ ᠰᠢᠯᠢᠳᠡᠭ ᠪᠦᠲᠦᠮᠵᠢ᠎ᠵᠢ ᠬᠠᠷᠠᠭᠤᠯᠵᠤ ᠪᠤᠢ ᠭᠡᠵᠦ ᠬᠡᠯᠡᠬᠦ᠎ᠳᠤ ᠬᠦᠷᠪᠡᠯ᠂ ᠬᠥ᠋ ᠠᠶ ᠯᠢᠩ᠂ ᠰᠦ᠍ ᠢ ᠮᠢᠩ᠂ ᠭᠤᠤ ᠲᠢᠩ ᠢᠦᠶ᠎ᠪᠡᠷ ᠲᠥᠯᠥᠭᠡᠯᠡᠭᠦᠯᠦᠭ᠌ᠰᠡᠨ ᠱᠢᠨ᠎ᠡ ᠲᠠᠮᠢᠷᠴᠢᠳ ᠪᠣᠯ ᠳᠠᠷᠤᠢ ᠡᠪᠦᠯ᠎ᠦᠨ ᠤᠯᠠᠷᠢᠯ᠎ᠤᠨ ᠲᠥᠷᠥᠯ ᠵᠦᠶ᠋ᠯ᠎ᠦᠨ ᠬᠥᠭ᠌ᠵᠢᠯᠲᠡ᠎ᠶ᠋ᠢᠨ ᠵᠠᠮ ᠶᠠᠪᠤᠬᠤ ᠲᠤᠲᠤᠮ ᠥᠷᠭᠡᠵᠢᠵᠦ᠍ ᠪᠠᠢᠭ᠎ᠠ᠎ᠶ᠋ᠢᠨ ᠭᠡᠷᠡᠴᠢ ᠪᠣᠯᠤᠨ᠎ᠠ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠎ᠤ ᠴᠠᠰᠤᠨ ᠳᠡᠭᠡᠷᠡᠬᠢ ᠲᠦᠷᠦᠯ ᠵᠦᠢᠯ ᠤᠳᠠᠭ᠎ᠠ ᠳᠠᠷᠠᠭᠠᠯᠠᠨ ᠢᠯᠠᠯᠲᠠ᠎ᠶ᠋ᠢᠨ ᠴᠢᠮᠡᠭᠡ ᠳᠠᠮᠵᠢᠭᠤᠯᠪᠠ᠂ ᠡᠨᠡ ᠪᠣᠯ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ ᠲᠦᠷᠦᠯ ᠵᠦᠢᠯ ᠠᠯᠤᠰᠯᠠᠬᠤ ᠠᠷᠭ᠎ᠠ ᠬᠡᠯᠪᠡᠷᠢ᠎ᠪᠡᠷ ᠴᠢᠳᠠᠪᠤᠷᠢᠲᠠᠨ᠎ᠢ ᠥᠷᠭᠡᠨ᠎ᠢᠶᠡᠷ ᠴᠤᠭ᠍ᠯᠠᠭᠤᠯᠤᠭ᠍ᠰᠠᠨ᠎ᠤ ᠦᠷ᠎ᠡ ᠪᠦᠲᠦᠭᠡᠯ ᠮᠥᠨ᠂ ᠪᠠᠰᠠ᠎ᠴᠤ᠌ ᠠᠷᠠᠳ᠎ᠤᠨ ᠴᠠᠰᠤᠨ᠎ᠤ ᠬᠦᠳᠡᠯᠭᠡᠭᠡᠨ᠎ᠤ ᠲᠤᠭᠤᠷᠢᠭ ᠪᠣᠯᠤᠨ ᠲᠤᠰᠭᠠᠢ ᠮᠡᠷᠭᠡᠵᠢᠯ᠎ᠦᠨ ᠤᠷᠤᠯᠳᠤᠭᠠᠨ᠎ᠤ ᠪᠡᠶ᠎ᠡ᠎ᠶ᠋ᠢᠨ ᠲᠠᠮᠢᠷ᠎ᠤᠨ ᠰᠠᠢ᠌ᠨ ᠦᠢᠯᠡᠳᠦᠯᠴᠡᠯ᠎ᠤᠨ ᠦᠷ᠎ᠡ ᠪᠦᠲᠦᠭᠡᠯ ᠮᠥᠨ᠃ ᠡᠭᠦᠨ᠎ᠳᠤ ᠭᠤᠤ ᠲᠢᠩ ᠢᠦᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠢᠨ᠎ᠡ ᠲᠡᠮᠳᠡᠭ᠌ᠯᠡᠯ ᠢ᠋ ᠡᠭᠦᠳᠦᠭᠰᠡᠨ ᠰᠢᠯᠢᠳᠡᠭ ᠬᠢᠷᠢ ᠪᠦᠲᠦᠮᠵᠢ᠎ᠪᠡᠷ ᠲᠦᠷᠭᠡᠨ ᠲᠡᠱᠢᠯᠲᠡ᠎ᠶ᠋ᠢᠨ ᠡᠷᠡᠭ᠌ᠲᠡᠶ᠎ᠶ᠋ᠢᠨ 500 ᠮᠧᠲ᠋ᠷ᠎ᠦᠨ ᠱᠢᠨ᠎ᠡ ᠮᠠᠨᠭᠯᠠᠢᠯᠠᠭᠴᠢ ᠪᠤᠯᠵᠤ᠂ ᠳᠤᠮᠳᠠᠳᠤ ᠤᠯᠤᠰ᠎ᠤᠨ ᠡᠷᠡᠭ᠌ᠲᠡᠶ᠎ᠶ᠋ᠢᠨ ᠲᠦᠷᠭᠡᠨ ᠲᠡᠱᠢᠯᠲᠡ᠎ᠶ᠋ᠢᠨ ᠲᠠᠮᠢᠷᠴᠢᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠲᠠᠨ ᠮᠧᠳᠠᠯ᠎ᠤᠨ ᠬᠤᠭᠤᠰᠤᠨ᠎ᠢ ᠨᠦᠬᠦᠪᠦᠷᠢᠯᠡᠭᠰᠡᠨ ᠱᠢᠪᠲᠤᠯᠤᠯᠲᠠ᠎ᠶ᠋ᠢ ᠪᠡᠶᠡᠯᠡᠭᠦᠯᠦᠭ᠌ᠰᠡᠨ ᠨᠢ ᠳᠤᠮᠳᠠᠳᠤ ᠤᠯᠤᠰ᠎ᠤᠨ ᠬᠤᠷᠳᠤᠴᠠ᠎ᠶ᠋ᠢᠨ ᠬᠠᠷᠢᠴᠠᠯᠠᠰᠢ ᠦᠭᠡᠢ ᠢᠲᠡᠭᠡᠯ᠎ᠢ ᠢᠯᠡᠷᠡᠭᠦᠯᠦᠭ᠌ᠰᠡᠨ ᠪᠠᠢᠨ᠎ᠠ᠃


ᠪᠦᠬᠦ᠌ ᠲᠦᠷᠦᠯ ᠵᠦᠢᠯ᠎ᠦᠨ ᠤᠷᠤᠯᠳᠤᠭᠠᠨ᠎ᠳᠤ ᠣᠷᠣᠯᠴᠠᠭ᠍ᠰᠠᠨ ᠨᠢ ᠳᠤᠮᠳᠠᠳᠤ ᠤᠯᠤᠰ᠎ᠤᠨ ᠮᠥᠰᠥ᠍ ᠴᠠᠰᠤᠨ᠎ᠤ ᠱᠢᠨ᠎ᠡ ᠭᠠᠷᠤᠭ᠎ᠠ᠎ᠶ᠋ᠢ ᠬᠠᠷᠠᠭᠤᠯᠪᠠ


ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠭᠤᠶᠤᠴᠢᠯᠠᠯ ᠠᠮᠵᠢᠯᠲᠠ ᠣᠯᠤᠭ᠍ᠰᠠᠨ ᠡᠬᠢᠨ᠎ᠦ ᠦᠶ᠎ᠡ᠎ᠳᠦ᠂ ᠪᠠᠷᠤᠭ ᠭᠤᠷᠪᠠᠨ᠎ᠤ ᠨᠢᠭᠡ ᠬᠤᠪᠢ᠎ᠶ᠋ᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠠᠭ᠎ᠠ ᠲᠦᠷᠦᠯ᠎ᠢ ᠳᠤᠮᠳᠠᠳᠤ ᠤᠯᠤᠰ ᠡᠭᠦᠨ᠎ᠡᠴᠡ ᠡᠮᠦᠨ᠎ᠡ ᠶᠡᠷᠦ ᠨᠢ ᠥᠷᠨᠢᠭᠦᠯᠵᠦ᠍ ᠥᠩᠭᠡᠷᠡᠭ᠌ᠰᠡᠨ ᠦᠭᠡᠢ ᠪᠠᠢᠵᠤ᠂ ᠪᠠᠰᠠ ᠭᠤᠷᠪᠠᠨ᠎ᠤ ᠨᠢᠭᠡ ᠬᠤᠪᠢ ᠨᠢ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠡᠴᠡ ᠬᠤᠯᠠ ᠬᠣᠴᠣᠷᠴᠤ᠌ ᠪᠠᠢᠪᠠ᠃ 2022 ᠣᠨ᠎ᠢ ᠣᠨᠢᠯᠠᠵᠤ᠂ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷᠴᠢᠳ ᠪᠦᠬᠦ᠌ ᠲᠦᠷᠦᠯ ᠵᠦᠢᠯ᠎ᠦᠨ ᠤᠷᠤᠯᠳᠤᠭᠠᠨ᠎ᠳᠤ ᠣᠷᠣᠯᠴᠠᠬᠤ ᠪᠠ ᠲᠡᠦᠬᠡ᠎ᠶ᠋ᠢᠨ ᠬᠠᠮᠤᠭ ᠰᠠᠢ᠌ᠨ ᠬᠢᠷᠢ ᠪᠦᠲᠦᠮᠵᠢ ᠤᠯᠬᠤ᠎ᠪᠡᠷ ᠤᠷᠤᠯᠳᠤᠭᠠᠨ᠎ᠳᠤ ᠤᠷᠤᠯᠴᠠᠬᠤ ᠬᠠᠷᠠᠯᠲᠠ᠎ᠪᠠᠨ ᠪᠣᠯᠭᠠᠵᠤ᠂ 《ᠬᠡᠪᠴᠢᠶ᠎ᠡ᠎ᠶ᠋ᠢ ᠥᠷᠭᠡᠳᠭᠡᠬᠦ᠌᠂ ᠴᠡᠭ᠎ᠢ ᠪᠡᠬᠢᠵᠢᠭᠦᠯᠬᠦ᠌᠂ ᠲᠠᠮᠢᠷᠴᠢᠨ᠎ᠢ ᠱᠢᠯᠢᠳᠡᠭ᠌ᠵᠢᠭᠦᠯᠬᠦ᠌᠂ ᠱᠢᠪᠲᠤᠯᠤᠯᠲᠠ ᠬᠢᠬᠦ᠌》 ᠪᠠᠢᠯᠳᠤᠬᠤ ᠪᠤᠳᠤᠯᠭ᠎ᠠ᠎ᠶ᠋ᠢ ᠲᠣᠭ᠍ᠲᠠᠭᠠᠪᠠ᠃

ᠡᠨᠡ ᠬᠦ᠌ ᠬᠠᠷᠠᠯᠲᠠ᠎ᠨᠢ ᠨᠢᠭᠡᠨᠲᠡ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠪᠡᠶᠡᠯᠡᠭᠳᠡᠪᠡ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ᠂ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ 7 ᠶᠡᠬᠡ ᠲᠦᠷᠦᠯ ᠵᠦᠢᠯ᠂ 15 ᠬᠤᠪᠢᠶᠠᠷᠢ ᠲᠦᠷᠦᠯ ᠵᠦᠢᠯ᠎ᠦᠨ ᠤᠷᠤᠯᠳᠤᠭᠠᠨ᠎ᠳᠤ ᠣᠷᠣᠯᠴᠠᠵᠤ᠂ ᠠᠩᠬ᠎ᠠ ᠤᠳᠠᠭ᠎ᠠ ᠪᠦᠬᠦ᠌ ᠲᠦᠷᠦᠯ ᠵᠦᠢᠯ᠎ᠦᠨ ᠤᠷᠤᠯᠳᠤᠭᠠᠨ᠎ᠳᠤ ᠣᠷᠣᠯᠴᠠᠬᠤ᠎ᠶ᠋ᠢ ᠪᠡᠶᠡᠯᠡᠭᠦᠯᠪᠡ᠂ ᠡᠭᠦᠨ᠎ᠳᠦ 35 ᠪᠠᠭ᠎ᠠ ᠲᠦᠷᠦᠯ ᠵᠦᠢᠯ ᠨᠢ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠦᠬᠡᠨ᠎ᠳᠤ ᠠᠩᠬ᠎ᠠ ᠤᠳᠠᠭ᠎ᠠ ᠤᠷᠤᠯᠴᠠᠵᠤ ᠪᠠᠢᠭ᠎ᠠ ᠶᠤᠮ᠃

ᠤᠷᠤᠯᠳᠤᠭᠠᠨ᠎ᠳᠤ ᠣᠷᠣᠯᠴᠠᠭ᠍ᠰᠠᠨ ᠬᠢᠷᠢ ᠪᠦᠲᠦᠮᠵᠢ᠎ᠶᠢᠨ ᠲᠠᠯ᠎ᠠ᠎ᠪᠡᠷ᠂ ᠣᠯᠠᠨ ᠲᠥᠷᠥᠯ ᠵᠦᠶ᠋ᠯ᠎ᠦᠨ ᠳᠤᠮᠳᠠ《ᠠᠩᠬ᠎ᠠ ᠤᠳᠠᠭ᠎ᠠ》 ᠂ 《ᠨᠢᠭᠡᠳᠦᠭᠡᠷ》᠂ 《ᠲᠡᠦᠬᠡ ᠎ᠶᠢᠨ ᠬᠠᠮᠤᠭ᠎ᠤᠨ ᠰᠠᠢᠨ》 ᠎ᠢ᠋ ᠡᠭᠦᠳᠪᠡ; ᠱᠠᠩᠨᠠᠯ᠎ᠤᠨ ᠮᠧᠳᠠᠯ᠎ᠤᠨ ᠲᠠᠷᠬᠠᠯᠲᠠ ᠨᠡᠩ ᠲᠡᠭ᠌ᠰᠢ ᠪᠣᠯᠵᠤ᠂ 《ᠮᠥᠰᠦᠨ᠎ᠳᠤ ᠬᠦᠴᠦᠷᠬᠡᠭ ᠴᠠᠰᠤᠨ᠎ᠳᠤ ᠪᠠᠭᠤᠷᠠᠶ》 ᠪᠠᠢᠳᠠᠯ᠎ᠢ ᠵᠣᠬᠢᠬᠤ ᠬᠡᠮᠵᠢᠶ᠎ᠡ᠎ᠪᠡᠷ ᠬᠤᠪᠢᠷᠠᠭᠤᠯᠪᠠ᠃

ᠡᠷᠡᠭ᠌ᠲᠡᠶ᠎ᠶ᠋ᠢᠨ ᠪᠣᠯᠣᠳ ᠵᠢᠶᠠᠰᠠᠲᠤ ᠴᠠᠰᠤᠨ ᠲᠡᠷᠭᠡᠨ᠎ᠦ ᠤᠷᠤᠯᠳᠤᠭᠠᠨ᠎ᠳᠤ᠂ ᠶᠠᠨ ᠸᠧᠨ ᠭᠠᠩ 《ᠰᠢᠤᠸᠠᠢ ᠶᠢᠦ ᠯᠥᠩ》 ᠎ᠳ᠋ᠤ ᠨᠢᠭᠡᠨ ᠬᠣᠪᠣᠷ ᠨᠠᠨᠳᠢᠨ ᠬᠦᠷᠡᠯ ᠮᠧᠳᠠᠯ ᠣᠯᠪᠠ᠂ ᠡᠨᠡ ᠪᠣᠯ ᠳᠤᠮᠳᠠᠳᠤ ᠤᠯᠤᠰ᠎ᠤᠨ ᠲᠠᠮᠢᠷᠴᠢᠨ ᠠᠩᠬ᠎ᠠ ᠤᠳᠠᠭ᠎ᠠ ᠲᠤᠰ ᠲᠥᠷᠥᠯ ᠵᠦᠢᠯ᠎ᠳᠦ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠱᠠᠩᠨᠠᠯ ᠲᠤᠰᠭᠤ ᠲᠠᠢᠰᠠᠨ᠎ᠳᠤ ᠭᠠᠷᠴᠤ᠌ ᠪᠠᠢᠭ᠎ᠠ ᠶᠠᠪᠤᠳᠠᠯ ᠪᠣᠯᠤᠨ᠎ᠠ᠃ ᠳᠤᠷᠠᠳᠤᠭᠤᠱᠢᠲᠠᠶ ᠨᠢ᠂ ᠳᠤᠮᠳᠠᠳᠤ ᠤᠯᠤᠰ᠎ᠤᠨ ᠲᠠᠮᠢᠷᠴᠢᠨ 2018 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠠᠩᠬ᠎ᠠ ᠤᠳᠠᠭ᠎ᠠ ᠪᠣᠯᠣᠳ ᠵᠢᠶᠠᠰᠠᠳᠤ ᠴᠠᠰᠤᠨ ᠲᠡᠷᠭᠡᠨ᠎ᠦ ᠤᠷᠤᠯᠳᠤᠭᠠᠨ᠎ᠳᠤ ᠣᠷᠣᠯᠴᠠᠵᠤ᠂ ᠬᠣᠶᠠᠷ ᠤᠳᠠᠭ᠎ᠠ ᠤᠷᠤᠯᠳᠤᠭᠠᠨ᠎ᠳᠤ ᠤᠷᠤᠯᠴᠠᠮᠠᠭᠴᠠ ᠳᠠᠷᠤᠢ ᠱᠠᠨᠭᠨᠠᠯ᠎ᠤᠨ ᠮᠧᠳᠠᠯ ᠣᠯᠵᠤ᠂ ᠳᠤᠮᠳᠠᠳᠤ ᠤᠯᠤᠰ᠎ᠤᠨ ᠤᠷᠤᠯᠳᠤᠭᠠᠨ᠎ᠤ ᠪᠡᠯᠡᠳᠭᠡᠯ ᠠᠵᠢᠯ᠎ᠤᠨ ᠦᠷ᠎ᠡ ᠪᠦᠲᠦᠭᠡᠯ᠎ᠢ ᠢᠯᠡᠷᠡᠭᠦᠯᠪᠡ᠃

16 ᠵᠢᠯ᠎ᠦᠨ ᠳᠠᠷᠠᠭ᠎ᠠ ᠳᠠᠬᠢᠨᠲᠠ ᠠᠯᠲᠠᠨ ᠮᠧᠳᠠᠯ ᠣᠯᠤᠭ᠍ᠰᠠᠨ᠎ᠡᠴᠡ ᠭᠠᠳᠠᠨ᠎ᠠ᠂ ᠴᠠᠰᠤᠨ ᠳᠡᠭᠡᠷᠡᠬᠢ ᠲᠥᠷᠥᠯ ᠵᠦᠢᠯ ᠨᠢ ᠣᠯᠠᠨ ᠤᠷᠤᠯᠳᠤᠭᠠᠨ᠎ᠤ ᠵᠦᠢᠯ᠎ᠳᠦ ᠲᠡᠦᠬᠡ᠎ᠶ᠋ᠢᠨ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠦᠭ᠌ᠰᠡᠨ ᠪᠠᠢᠨ᠎ᠠ᠃ ᠥᠨᠳᠥᠷ ᠠᠭᠤᠯᠠ᠎ᠶ᠋ᠢᠨ ᠴᠠᠨᠠᠯᠠᠯᠲᠠ᠎ᠵᠢᠨ ᠤᠷᠤᠯᠳᠤᠭᠠᠨ᠎ᠳᠤ᠂ ᠳᠤᠮᠳᠠᠳᠤ ᠤᠯᠤᠰ᠎ᠤᠨ ᠲᠠᠮᠢᠷᠴᠢᠨ ᠠᠩᠬ᠎ᠠ ᠤᠳᠠᠭ᠎ᠠ ᠭᠤᠯᠭᠤᠨ ᠪᠠᠭᠤᠬᠤ ᠲᠦᠷᠦᠯ ᠵᠦᠢᠯ᠎ᠳᠦ ᠣᠷᠣᠯᠴᠠᠭ᠍ᠰᠠᠨ ᠪᠥᠭᠡᠳ ᠤᠷᠤᠯᠳᠤᠭᠠᠨ ᠵᠢᠨᠨ ᠳᠠᠭᠤᠰᠬᠠᠵᠤ᠌᠂ ᠳᠡᠯᠡᠬᠡᠢ᠎ᠵᠢᠨ ᠣᠯᠢᠮᠫᠢᠺ᠎ᠤᠨ ᠪᠡᠶ᠎ᠡ᠎ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠲᠡᠷᠢᠭᠦᠯᠡᠭ᠌ᠴᠢ ᠪᠠᠾᠸ ᠵᠢᠨ ᠨᠤᠲᠠᠯᠠᠯᠲᠠ᠎ᠶ᠋ᠢ ᠤᠯᠪᠠ; ᠺᠦᠩ ᠹᠠᠨ ᠶᠢᠩ ᠡᠮᠡᠭ᠌ᠲᠡᠶ᠎ᠶ᠋ᠢᠨ ᠪᠦᠷᠢᠨ ᠴᠢᠳᠠᠪᠤᠷᠢ ᠵᠢᠨ ᠤᠷᠤᠯᠳᠤᠭᠠᠨ᠎ᠳᠤ 15 ᠳ᠋ᠤᠭᠠᠷ ᠲᠦ᠍ ᠵᠢᠬᠰᠠᠵᠤ᠂ ᠲᠤᠰ ᠲᠥᠷᠥᠯ ᠵᠦᠢᠯ᠎ᠦᠨ ᠲᠡᠦᠬᠡ᠎ᠶ᠋ᠢᠨ ᠬᠠᠮᠤᠭ ᠰᠠᠢᠨ ᠨᠡᠷᠡᠰ᠎ᠦᠨ ᠵᠢᠭ᠍ᠰᠠᠭᠠᠯᠲᠠ᠎ᠶ᠋ᠢ ᠱᠢᠨᠡᠳᠭᠡᠪᠡ᠃ ᠬᠡᠬᠡᠷᠡᠯᠡᠨ ᠴᠡᠨᠡᠯᠡᠯᠳᠡ᠎ᠶ᠋ᠢᠨ ᠪᠦᠬᠦ᠌ ᠳᠦᠷᠦᠯ ᠵᠦᠢᠯ᠎ᠤᠨ ᠤᠷᠤᠯᠳᠤᠭᠠᠨ᠎ᠳᠤ ᠣᠷᠣᠯᠴᠠᠵᠤ᠂ ᠤᠮᠠᠷᠠᠲᠤ ᠧᠦ᠋ᠷᠣᠫᠠ᠎ᠶ᠋ᠢᠨ ᠬᠣᠶᠠᠷ ᠳᠦᠷᠦᠯ ᠵᠦᠢᠯ᠎ᠳᠤ ᠠᠩᠬ᠎ᠠ ᠤᠳᠠᠭ᠎ᠠ ᠣᠷᠣᠯᠴᠠᠵᠤ᠂ ᠡᠪᠦᠯ᠎ᠦᠨ ᠤᠯᠠᠷᠢᠯ᠎ᠤᠨ ᠬᠣᠶᠠᠷ ᠳᠦᠷᠦᠯ ᠵᠦᠢᠯ᠎ᠳᠤ 30 ᠵᠢᠯ᠎ᠦᠨ ᠳᠠᠷᠠᠭ᠎ᠠ ᠳᠠᠬᠢᠨ 8 ᠰᠠᠭᠤᠳᠠᠯ ᠣᠯᠵᠤ᠂ ᠬᠠᠷᠠᠢᠯᠲᠠ᠎ᠵᠢᠨ ᠲᠠᠪᠴᠠᠩ᠎ᠤᠨ ᠴᠡᠨᠡᠯᠡᠯᠳᠡ᠎ᠶ᠋ᠢᠨ ᠤᠷᠤᠯᠳᠤᠭᠠᠨ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠪᠣᠯᠤᠨ ᠳᠦᠷᠦᠯ ᠵᠦᠢᠯ᠎ᠦᠨ ᠲᠣᠭ᠎ᠠ ᠨᠢ ᠴᠥᠮ ᠲᠡᠦᠬᠡ᠎ᠶ᠋ᠢᠨ ᠲᠡᠮᠳᠡᠭ᠌ᠯᠡᠯ᠎ᠢ ᠡᠭᠦᠳᠪᠡ᠃

ᠳᠤᠮᠳᠠᠳᠤ ᠤᠯᠤᠰ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ ᠪᠣᠯᠬᠤ ᠠᠶᠠᠨ ᠵᠠᠮ᠎ᠳᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢᠭᠡᠨᠲᠡ ᠴᠢᠬᠤᠯᠠ ᠲᠡᠦᠬᠡ᠎ᠵᠢᠨ ᠪᠠᠢᠷᠢᠰᠢᠯ ᠪᠤᠯᠵᠤ᠂ ᠱᠢᠨ᠎ᠡ ᠠᠶᠠᠨ᠎ᠤ ᠡᠬᠢᠯᠡᠯᠲᠡ᠎ᠵᠢᠨ ᠴᠡᠭ᠎ᠢ ᠬᠠᠷᠠᠭᠤᠯᠵᠠᠢ᠃


ᠲᠠᠮᠢᠷᠴᠢᠨ᠎ᠤ ᠵᠣᠷᠢᠭ ᠰᠠᠨᠠᠭ᠎ᠠ ᠳᠤᠮᠳᠠᠳᠤ ᠤᠯᠤᠰ᠎ᠤᠨ ᠱᠢᠨ᠎ᠡ ᠲᠦᠷᠢ ᠲᠥᠷᠬᠦ᠌᠎ᠶ᠋ᠢ᠎ᠳᠤᠪᠤᠢᠯᠭᠠᠪᠠ


ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠲᠣᠭ᠎ᠠ ᠲᠣᠮᠰᠢ ᠦᠭᠡᠢ ᠤᠯᠠᠨ ᠴᠠᠰᠤᠨ ᠴᠡᠴᠡᠭ ᠴᠤᠭ᠍ᠯᠠᠷᠠᠵᠤ᠂ ᠳᠡᠯᠡᠬᠡᠢ᠎ᠶ᠋ᠢᠨ ᠪᠥᠮᠪᠥᠷᠴᠡᠭ᠎ᠦᠨ ᠲᠣᠰᠭᠣᠨ᠎ᠳᠤ ᠬᠠᠮᠲᠤ ᠰᠠᠭᠤᠭ᠎ᠠ 《ᠮᠠᠨ》᠎ᠤ᠋ ᠦᠯᠢᠭᠡᠷ᠎ᠢ ᠶᠠᠷᠢᠪᠠ᠃ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠠᠯᠠᠪᠤᠷ᠎ᠲᠤ᠂ ᠳᠤᠮᠳᠠᠳᠤ ᠤᠯᠤᠰ᠎ᠤᠨ ᠮᠥᠰᠥ᠍ ᠴᠠᠰᠤᠨ᠎ᠤ ᠲᠠᠮᠢᠷᠴᠢᠳ ᠦᠷᠢᠰᠦᠯᠳᠦᠭᠴᠢ ᠪᠠᠨ ᠬᠦᠨᠳᠦᠳᠭᠡᠬᠦ᠌᠂ ᠳᠦᠷᠢᠮ ᠲᠤᠭᠲᠠᠭᠠᠯ᠎ᠢ ᠬᠦᠨᠳᠦᠳᠭᠡᠬᠦ᠌ ᠬᠡᠪ ᠨᠠᠮᠪᠠ᠎ᠶ᠋ᠢ ᠢᠯᠡᠷᠡᠭᠦᠯᠵᠦ᠍᠂ ᠡᠯ᠎ᠡ ᠤᠯᠤᠰ (ᠭᠠᠵᠠᠷ ᠣᠷᠣᠨ) ᠎ᠤᠨ ᠲᠠᠮᠢᠷᠴᠢᠳ᠎ᠲᠠᠶ ᠭᠦᠨ ᠵᠤᠵᠠᠭᠠᠨ ᠨᠥᠬᠥᠷᠯᠡᠯ ᠪᠠᠢᠭᠤᠯᠵᠤ᠂ ᠪᠦᠬᠦ᠌ ᠪᠥᠮᠪᠥᠷᠴᠡᠭ᠎ᠦᠨ ᠡᠯ᠎ᠡ ᠭᠠᠵᠠᠷ᠎ᠤᠨ ᠲᠠᠮᠢᠷᠴᠢᠳ᠎ᠲᠠᠶ ᠬᠠᠮᠲᠤ᠎ᠪᠠᠷ ᠬᠥᠮᠦᠨ ᠲᠥᠷᠥᠯᠬᠢᠲᠡᠨ᠎ᠦ ᠲᠤᠢᠯ᠎ᠢ ᠥᠷᠢᠰᠦᠯᠳᠦᠵᠦ᠍᠂ ᠳᠤᠮᠳᠠᠳᠤ ᠤᠯᠤᠰ᠎ᠤᠨ ᠳᠡᠯᠡᠬᠡᠢ ᠳ᠋ᠠᠬᠢᠨ᠎ᠲᠠᠶ ᠬᠠᠷᠢᠯᠴᠠᠬᠤ ᠤᠶᠤᠨ ᠤᠬᠠᠭᠠᠨ᠎ᠢ ᠳᠡᠯᠡᠬᠡᠢ ᠳ᠋ᠠᠬᠢᠨ᠎ᠳᠤ ᠱᠢᠭᠤᠳ ᠳᠠᠮᠵᠢᠭᠤᠯᠪᠠ᠃

ᠬᠥᠮᠦᠰ ᠳᠤᠮᠳᠠᠳᠤ ᠠᠮᠧᠷᠢᠺᠠ᠎ᠶ᠋ᠢᠨ ᠭᠤᠯᠭᠤᠭᠤᠷ ᠴᠢᠯᠠᠭᠤᠨ ᠪᠦᠮᠪᠦᠭᠡ ᠶ᠋ᠢᠨ ᠠᠩᠭᠢ᠎ᠶ᠋ᠢᠨ ᠬᠣᠭᠣᠷᠣᠨᠳᠣᠬᠢ 《ᠰᠦᠯᠳᠡ ᠲᠡᠮᠳᠡᠭ᠎ᠵᠢᠡᠷ ᠬᠠᠷᠢᠯᠴᠠᠨ ᠬᠥᠳᠡᠯᠦᠯᠴᠡᠭ᠌ᠰᠡᠨ》 ᠎ᠢ᠋ ᠴᠡᠭᠡᠵᠢᠯᠡᠵᠦ᠍ ᠪᠠᠢᠨ᠎ᠠ᠂ ᠪᠠᠰᠠ ᠬᠥ᠋ ᠠᠶ ᠯᠢᠩ ᠠᠯᠲᠠᠨ ᠮᠧᠳᠠᠯ ᠣᠯᠤᠭ᠍ᠰᠠᠨ᠎ᠤ ᠳᠠᠷᠠᠭ᠎ᠠ ᠲᠠᠢᠰᠸ·ᠯᠧᠳ᠋᠎ᠤᠨ ᠨᠢᠯᠪᠤᠰᠤ ᠵᠢ ᠠᠷᠴᠢᠵᠤ ᠲᠠᠢᠳᠬᠤᠷᠠᠭᠤᠯᠤᠭᠰᠠᠨ᠎ᠢ ᠴᠡᠭᠡᠵᠢᠯᠡᠵᠦ᠍ ᠪᠠᠢᠨ᠎ᠠ᠃ ᠦᠷᠢᠰᠦᠯᠳᠦᠭᠴᠢ ᠨᠢ ᠦᠷᠢᠰᠦᠯᠳᠦᠭᠴᠢ ᠪᠣᠯᠬᠤ᠎ᠪᠠᠷ ᠪᠠᠷᠠᠬᠤ ᠦᠭᠡᠢ᠂ ᠪᠠᠰᠠ ᠨᠠᠢᠵᠠ ᠮᠥᠨ᠂ ᠨᠠᠩ ᠴᠤ᠌ ᠥᠪᠡᠷ᠎ᠢ᠎ᠪᠡᠨ ᠵᠣᠷᠢᠭ᠍ᠵᠢᠭᠤᠯᠤᠨ ᠤᠷᠤᠭ᠍ᠰᠢᠯᠠᠭᠤᠯᠬᠤ ᠢᠳᠡᠪᠬᠢ ᠬᠦᠴᠦᠨ ᠮᠥᠨ᠃ ᠳᠤᠮᠳᠠᠳᠤ ᠤᠯᠤᠰ᠎ᠤᠨ ᠠᠩᠭᠢ᠎ᠶ᠋ᠢᠨ ᠲᠠᠮᠢᠷᠴᠢᠳ ᠦᠷᠢᠰᠦᠯᠳᠦᠭᠴᠢ᠎ᠵᠢᠨ ᠡᠷᠬᠢᠮ ᠨᠠᠨᠳᠢᠨ᠎ᠢ ᠭᠦᠨ ᠣᠢᠯᠠᠭᠠᠵᠤ᠂ ᠦᠷᠢᠰᠦᠯᠳᠦᠭᠴᠢ᠎ᠵᠢᠨ᠎ᠵᠢᠡᠨ ᠴᠢᠷᠮᠠᠢᠯᠭ᠎ᠠ᠎ᠶ᠋ᠢ ᠨᠠᠨᠳᠢᠩᠨᠠᠵᠤ᠂ ᠤᠷᠤᠯᠳᠤᠭᠠᠨ ᠨᠢ 《ᠪᠤᠰᠤᠳ᠎ᠢ ᠢᠯᠠᠬᠤ᠎ᠶ᠋ᠢᠨ ᠲᠥᠯᠥᠭᠡ ᠪᠢᠰᠢ》᠂ 《 ᠪᠡᠶ᠎ᠡ᠎ᠶ᠋ᠢᠨ ᠲᠠᠮᠢᠷ ᠪᠣᠯ ᠬᠥᠮᠦᠨ᠎ᠢ ᠬᠠᠭᠠᠴᠡᠭᠤᠯᠬᠤ᠎ᠶ᠋ᠢᠨ ᠲᠥᠯᠥᠭᠡ ᠪᠢᠰᠢ ᠬᠠᠷᠢᠨ ᠬᠥᠮᠦᠨ᠎ᠢ ᠪᠦᠯᠬᠦᠮᠳᠡᠭᠦᠯᠬᠦ᠌᠎ᠶ᠋ᠢᠨ ᠲᠥᠯᠥᠭᠡ ᠶᠤᠮ》 ᠭᠡᠬᠦ᠌ ᠶᠣᠰᠣ᠎ᠶ᠋ᠢ ᠨᠠᠩ ᠴᠤ᠌ ᠣᠢᠯᠠᠭᠠᠵᠤ ᠪᠠᠢᠨ᠎ᠠ᠃

ᠬᠢᠨᠠᠭᠴᠢ ᠵᠢᠨ ᠬᠤᠪᠢ ᠥᠭ᠌ᠭᠦᠭ᠌ᠰᠡᠨ᠎ᠡᠴᠡ ᠪᠣᠯᠵᠤ ᠯᠤᠲᠤ ᠶᠡᠬᠡ ᠮᠠᠷᠭᠤᠭᠠᠨ ᠡᠭᠦᠰᠦᠭ᠌ᠰᠡᠨ᠎ᠦ ᠳᠠᠷᠠᠭ᠎ᠠ᠂ ᠰᠤ᠌ ᠢ ᠮᠢᠩ ᠪᠣᠯᠤᠨ ᠲᠡᠭᠦᠨ᠎ᠦ ᠳᠠᠰᠭᠠᠯᠵᠢᠭᠤᠯᠤᠭ᠍ᠴᠢ᠎ᠵᠢᠨ ᠠᠭᠤᠳᠠᠮᠴᠢ ᠬᠠᠷᠢᠭᠤ ᠳᠤᠰᠬᠠᠯ ᠪᠠ ᠲᠡᠳᠡᠨ᠎ᠦ ᠤᠷᠤᠯᠳᠤᠭᠠᠨ᠎ᠤ ᠵᠦᠢᠯ᠎ᠦᠨ ᠰᠣᠶᠣᠯ᠎ᠢ ᠨᠠᠨᠳᠢᠩᠨᠠᠵᠤ ᠦᠵᠡᠵᠦ ᠪᠠᠢᠭ᠎ᠠ᠎ᠵᠢ ᠬᠥᠮᠦᠰ ᠴᠡᠭᠡᠵᠢᠯᠡᠵᠦ᠍ ᠪᠠᠢᠨ᠎ᠠ᠃ ᠲᠠᠮᠢᠷᠴᠢᠨ᠂ ᠳᠠᠰᠭᠠᠯᠵᠢᠭᠤᠯᠤᠭ᠍ᠴᠢ᠎ᠶ᠋ᠢᠨ ᠠᠷᠠᠰᠤᠲᠠᠨ᠂ ᠠᠷᠠᠰᠤᠨ᠎ᠤ ᠥᠩᠭᠡ᠂ ᠤᠯᠤᠰ᠎ᠤᠨ ᠢᠯᠭᠠᠯ ᠵᠡᠷᠭᠡ ᠵᠠᠭᠠᠭ ᠬᠢᠵᠠᠭᠠᠷ᠎ᠢ ᠳᠠᠪᠠᠵᠤ ᠪᠠᠢᠭᠤᠯᠤᠭ᠍ᠰᠠᠨ ᠬᠠᠮᠲᠤ᠎ᠶ᠋ᠢᠨ ᠴᠣᠭ᠍ᠴᠠ ᠪᠣᠯ ᠬᠥᠮᠦᠨ ᠲᠥᠷᠥᠯᠬᠢᠲᠡᠨ᠎ᠦ ᠡᠷᠬᠢᠮ ᠨᠠᠨᠳᠢᠨ ᠡᠳ᠋ ᠪᠠᠶᠠᠯᠢᠭ ᠮᠥᠨ᠃ ᠲᠠᠪᠤᠨ ᠴᠠᠭᠠᠷᠢᠭ᠍ᠲᠤ ᠲᠤᠭ᠎ᠤᠨ ᠳᠣᠣᠷ᠎ᠠ᠂ ᠳᠤᠮᠳᠠᠳᠤ ᠤᠯᠤᠰ᠎ᠤᠨ ᠲᠠᠮᠢᠷᠴᠢᠳ ᠡᠨᠡ ᠬᠦ᠌ ᠬᠠᠮᠲᠤ᠎ᠶ᠋ᠢᠨ ᠴᠣᠭ᠍ᠴᠠ᠎ᠶ᠋ᠢ ᠨᠠᠨᠳᠢᠩᠨᠠᠬᠤ ᠵᠢᠴᠢ ᠪᠦᠯᠬᠦᠮᠳᠡᠯ᠎ᠢᠶᠡᠷ ᠳᠠᠮᠵᠢᠭᠤᠯᠤᠨ ᠳᠡᠯᠡᠬᠡᠶ᠎ᠶ᠋ᠢᠨ ᠠᠷᠠᠳ ᠲᠦᠮᠡᠨ᠎ᠢ ᠵᠣᠷᠢᠭ᠍ᠵᠢᠭᠤᠯᠬᠤ ᠬᠦᠰᠡᠯ ᠡᠷᠡᠮᠡᠯᠵᠡᠯ᠎ᠢᠶᠡᠨ ᠳᠡᠯᠭᠡᠨ ᠦᠵᠡᠭᠦᠯᠵᠡᠶ᠃

ᠱᠢᠤᠢ ᠮᠸᠩ ᠲᠤᠤ ᠮᠠᠩᠯᠠᠢᠯᠠᠭ᠍ᠰᠠᠨ᠎ᠤ ᠳᠠᠷᠠᠭ᠎ᠠ᠂ ᠠᠮᠧᠷᠢᠺᠠ᠎ᠶ᠋ᠢᠨ ᠲᠠᠮᠢᠷᠴᠢᠨ ᠠᠱᠯᠢ·ᠺᠤᠸ᠋ᠳ᠋ᠸᠯ ᠲᠡᠭᠦᠨ᠎ᠲᠠᠢ ᠬᠠᠯᠠᠭᠤᠨ ᠲᠡᠪᠡᠷᠢᠯᠴᠡᠭᠰᠡᠨ᠎ᠢ ᠬᠥᠮᠦᠰ ᠴᠡᠭᠡᠵᠢᠯᠡᠵᠦ᠍ ᠪᠠᠢᠨ᠎ᠠ᠃ ᠡᠨᠡ ᠪᠣᠯ ᠬᠣᠶᠠᠷ ᠭᠠᠷᠮᠠᠭᠠᠢ ᠲᠠᠮᠢᠷᠴᠢᠨ᠎ᠤ ᠬᠣᠭᠣᠷᠣᠨᠳᠣᠬᠢ ᠪᠡᠶ᠎ᠡ ᠪᠡᠶ᠎ᠡ ᠪᠠᠨ ᠬᠠᠢᠷᠠᠯᠠᠨ ᠬᠦᠨᠳᠦᠳᠭᠡᠵᠤ ᠪᠠᠢᠭ᠎ᠠ ᠶᠠᠪᠤᠳᠠᠯ᠂ ᠮᠥᠨ ᠴᠦ᠍ ᠳᠤᠮᠳᠠᠳᠤ ᠤᠯᠤᠰ᠎ᠤᠨ ᠲᠠᠮᠢᠷᠴᠢᠨ ᠱᠢᠷᠭᠠᠭᠤ ᠬᠠᠲᠠᠭᠤᠵᠢᠯᠲᠠᠢ᠂ ᠨᠥᠬᠥᠷᠰᠡᠭ᠂ ᠢᠲᠡᠭᠡᠯ᠎ᠲᠡᠶ ᠳᠦᠷᠢ᠎ᠪᠡᠷ ᠳᠡᠯᠡᠬᠡᠢ ᠳ᠋ᠠᠬᠢᠨ᠎ᠳᠤ ᠮᠡᠳᠡᠷᠡᠭ᠌ᠳᠡᠭ᠌ᠰᠡᠨ ᠎ᠤ ᠭᠡᠷᠡᠴᠢ ᠪᠣᠯᠤᠨ᠎ᠠ᠃ ᠶᠤᠰᠤ ᠰᠤᠷᠲᠠᠬᠤᠨ ᠲᠠᠢ ᠬᠦᠮᠦᠨ ᠭᠠᠭᠴᠠᠭᠠᠷᠳᠠᠬᠤ ᠦᠭᠡᠢ᠂ ᠯᠠᠪᠲᠠᠢ ᠨᠦᠬᠦᠷᠯᠡᠬᠦ ᠬᠦᠮᠦᠨ ᠲᠠᠢ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠳᠤᠮᠳᠠᠳᠤ ᠤᠯᠤᠰ ᠪᠣᠯᠤᠨ ᠡᠯ᠎ᠡ ᠤᠯᠤᠰ ( ᠭᠠᠵᠠᠷ ᠣᠷᠣᠨ) ᠎ᠤ᠋ᠨ ᠲᠠᠮᠢᠷᠴᠢᠳ᠎ᠤᠨ ᠨᠥᠬᠥᠷᠯᠡᠯ᠎ᠦᠨ ᠦᠯᠢᠭᠡᠷ ᠪᠣᠯ ᠳᠤᠮᠳᠠᠳᠤ ᠤᠯᠤᠰ ᠪᠣᠯᠤᠨ ᠡᠩᠬᠡ ᠲᠠᠢᠪᠤᠩ᠂ ᠪᠦᠯᠬᠦᠮᠳᠡᠯ᠎ᠢ ᠬᠦᠰᠡᠵᠦ᠍ ᠪᠠᠢᠭ᠎ᠠ ᠳᠡᠯᠡᠬᠡᠢ᠎ᠶ᠋ᠢᠨ ᠠᠷᠠᠳ ᠲᠦᠮᠡᠨ᠎ᠦ 《ᠬᠣᠣᠰ ᠴᠢᠭ᠌ᠯᠡᠯ᠎ᠢᠶᠡᠷ ᠤᠷᠤᠭ᠍ᠰᠢᠯᠠᠬᠤ》 ᠵᠢᠨ ᠵᠢᠷᠤᠭ᠍ᠯᠠᠯ ᠪᠣᠯᠤᠨ᠎ᠠ᠃

ᠭᠠᠯ ᠪᠠᠮᠪᠠᠷ ᠤᠨᠲᠠᠷᠠᠬᠤ ᠦᠶ᠎ᠡ᠎ᠳᠦ᠂ ᠶᠡᠬᠡ ᠬᠥᠱᠢᠭᠡ ᠪᠠᠭᠤᠬᠤ ᠦᠶ᠎ᠡ᠎ᠳᠦ᠂ ᠡᠳᠡᠭᠡᠷ ᠰᠠᠢᠨ ᠰᠠᠢᠬᠠᠨ ᠦᠵᠡᠭ᠌ᠳᠡᠯ ᠨᠢ ᠮᠥᠨ ᠯᠡ ᠬᠥᠮᠦᠰ᠎ᠦᠨ ᠰᠡᠳᠭᠢᠯ᠎ᠳᠦ ᠤᠳᠠᠭᠠᠨ ᠬᠣᠨᠣᠭ᠍ᠰᠢᠨ᠎ᠠ᠃

(ᠰᠢᠨᠬᠤᠸᠠ ᠬᠤᠷᠢᠶᠠᠨ᠎ᠤ ᠪᠡᠭᠡᠵᠢᠩ᠎ᠤᠨ 2 ᠰᠠᠷ᠎ᠠ᠎ᠶᠢᠨ 20 ᠎ᠤ᠋ ᠴᠠᠬᠢᠯᠭᠠᠨ ᠮᠡᠳᠡᠭᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面