2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠣᠯᠵᠣᠭ᠎ᠠ

2022-02-21 09:12:31

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠬᠦᠳᠡᠩ ᠤᠨᠢᠶᠠᠷ ᠪᠦᠬᠦ᠌ ᠪᠥᠮᠪᠥᠷᠴᠡᠭ᠎ᠢ ᠨᠦᠯᠦᠭᠡᠯᠡᠵᠦ ᠪᠠᠢᠭ᠎ᠠ ᠠᠬᠤᠢ ᠪᠠᠢᠳᠠᠯ ᠲᠤᠤᠷ᠎ᠠ᠂ ᠪᠠᠭᠡᠵᠢᠨᠭ᠌᠎ᠤᠨ ᠡᠪᠦᠯ᠎ᠤᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠨᠢ ᠪᠦᠬᠦ ᠳᠡᠯᠡᠭᠡᠢ᠎ᠶᠢᠨ ᠬᠦᠴᠦᠨ ᠴᠢᠳᠠᠯ᠎ᠢ ᠨᠢᠭ᠍ᠲᠠᠷᠠᠭᠤᠯᠵᠦ᠂ ᠬᠠᠮᠲᠤ᠎ᠪᠠᠷ ᠬᠢᠵᠢᠭ᠎ᠲᠡᠶ ᠲᠡᠮᠡᠴᠡᠬᠦ᠌᠂ ᠬᠠᠮᠳᠤ ᠪᠡᠷ ᠡᠯ᠎ᠡ ᠵᠦᠢᠯ᠎ᠤᠨ ᠦᠷᠢᠰᠦᠯᠳᠦᠭᠡᠨ᠎ᠢ ᠢᠯᠠᠨ ᠳᠠᠪᠠᠬᠤ ᠢᠳᠡᠭᠡᠯ ᠵᠤᠷᠢᠭ᠎ᠢ ᠳᠠᠢᠴᠢᠯᠠᠪᠠ᠃ 2 ᠰᠠᠷ᠎ᠠ᠎ᠶᠢᠨ 4 ᠤ᠋ ᠤᠷᠤᠢ ᠪᠦᠬᠦ ᠲᠡᠯᠡᠭᠡᠢ᠎ᠶᠢᠨ ᠠᠨᠭᠬᠠᠷᠤᠯ᠎ᠳᠦ ᠬᠦᠷᠦᠭᠰᠡᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶᠢᠨ ᠶᠤᠰᠤᠯᠠᠯ ᠠᠮᠵᠢᠯᠲᠠᠲᠠᠢ ᠬᠦᠰᠢᠭᠡ ᠪᠠᠨ ᠰᠡᠭᠦᠵᠦ᠂ ᠲᠠᠮᠢᠷᠴᠢᠳ᠎ᠲᠤ ᠥᠪᠡᠷ᠎ᠢ᠎ᠪᠡᠨ ᠢᠯᠡᠷᠡᠭᠦᠯᠬᠦ᠌᠂ ᠥᠪᠡᠷ᠎ᠢ᠎ᠪᠡᠨ ᠳᠠᠪᠠᠬᠤ᠂ ᠬᠦᠰᠡᠯ ᠵᠡᠭᠦᠳᠦ᠍᠎ᠪᠡᠨ ᠪᠡᠶᠡᠯᠡᠭᠦᠯᠬᠦ᠌ ᠲᠠᠪᠴᠠᠩ᠎ᠢ ᠬᠠᠨᠭᠭᠠᠯ᠎ᠠ᠃


QQ图片20220221090804.png


ᠣᠢᠷ᠎ᠠ ᠵᠠᠢ᠎ᠶᠢᠨ᠎ᠲᠦᠢᠷᠭᠡᠨ ᠲᠡᠱᠢᠯᠲᠡ᠎ᠶ᠋ᠢᠨ ᠡᠷᠡᠭᠲᠠᠢ ᠡᠮᠡᠭᠲᠠᠢ ᠬᠠᠮᠳᠤᠷᠠᠭᠰᠠᠨ ᠪᠦᠯᠬᠦᠮ


QQ图片20220221090819.png


ᠷᠸᠨ ᠽᠢ ᠸᠸᠢ



QQ图片20220221090828.png


ᠰᠤ᠌ ᠢ ᠮᠢᠩ


QQ图片20220221090835.png


ᠭᠣᠣ ᠲᠢᠩ ᠢᠦᠶ


ᠤᠳᠤᠬᠠᠨ ᠪᠤᠯᠲᠠᠯ᠎ᠠ ᠪᠡᠭᠡᠵᠢᠨᠭ᠌᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠢᠲᠡᠭᠦᠮᠵᠢᠲᠦ ᠤᠷᠤᠯᠳᠤᠭᠠᠨ᠎ᠤ ᠲᠤᠭᠤᠷᠢᠭ᠎ᠲᠤ ᠬᠢᠵᠢᠭ᠎ᠦᠨ ᠪᠠᠢᠳᠠᠯ ᠭᠠᠷᠤᠭ᠍ᠰᠠᠨ ᠦᠭᠡᠢ᠂ ᠪᠦᠬᠦ᠌ ᠪᠥᠮᠪᠥᠷᠴᠡᠭ᠎ᠦᠨ ᠲᠠᠮᠢᠷᠴᠢᠳ᠂ ᠳᠠᠰᠭᠠᠯᠵᠢᠭᠤᠯᠤᠭ᠍ᠴᠢᠳ᠂ ᠠᠯᠪᠠᠨ ᠲᠤᠱᠢᠶᠠᠯᠲᠠᠳ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠠᠢ ᠣᠷᠳᠣᠨ᠎ᠤ ᠲᠥᠬᠥᠭᠡᠷᠦᠮᠵᠢ ᠢᠵᠢ ᠪᠦᠷᠢᠨ᠂ ᠤᠷᠤᠯᠳᠤᠭᠠᠨ᠎ᠤ ᠵᠣᠬᠢᠶᠠᠨ ᠪᠠᠢᠭᠤᠯᠤᠯᠲᠠ ᠨᠢᠭ᠍ᠲᠠ ᠴᠢᠩᠭ᠎ᠠ ᠪᠠ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠯᠠᠭᠤᠮᠰᠤᠭ ᠵᠣᠴᠢᠨᠰᠠᠭ᠎ᠢ ᠮᠠᠭ᠍ᠲᠠᠨ ᠰᠠᠢᠱᠢᠶᠠᠵᠠᠭᠠᠨ᠎ᠠ᠃ ᠲᠡᠦᠬᠡᠨ᠎ᠳᠡᠬᠢ ᠠᠩᠬᠠᠳᠠᠭ᠍ᠴᠢ 《ᠬᠣᠣᠰ ᠣᠯᠢᠮᠫᠢᠺ᠎ᠤᠨ ᠬᠤᠳᠠ》 ᠭᠡᠮᠡᠭᠳᠡᠭᠰᠡᠨ ᠪᠡᠭᠡᠵᠢᠩ 《ᠠᠷᠪᠢᠴᠢ ᠭᠠᠮᠲᠠᠶ᠂ ᠠᠮᠤᠷ ᠲᠦᠪᠱᠢᠨ᠂ ᠭᠣᠢᠳᠠ ᠰᠠᠢᠬᠠᠨ》 ᠭᠡᠬᠦ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠣᠢᠯᠠᠭᠠᠭ᠍ᠳᠠᠬᠤᠨ᠎ᠢ ᠲᠠᠮᠢᠷ᠎ᠤᠨ ᠴᠤᠭ᠍ᠯᠠᠭᠠᠨ᠎ᠤ ᠨᠠᠷᠢᠨ ᠵᠦᠶ᠋ᠯᠡᠰ ᠨᠢᠭᠡ ᠪᠦᠷᠢ᠎ᠳᠦ ᠠᠭᠤᠰᠭᠠᠭ᠍ᠰᠠᠨ ᠪᠢᠯᠡ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠡᠭᠦᠰᠦᠭ᠌ᠰᠡᠨ᠎ᠡᠴᠡ ᠨᠠᠭᠠᠰᠢ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠴᠥᠮ 《ᠠᠮᠤᠷ ᠲᠦᠪᠱᠢᠨ》 ᠎ᠤ᠋ ᠱᠢᠯᠭᠠᠯᠲᠠ᠎ᠳᠤ ᠲᠤᠯᠭᠠᠷᠠᠪᠠ᠃ ᠣᠳᠣᠬᠠᠨ᠎ᠤ ᠪᠠᠢᠳᠠᠯ᠎ᠠᠴᠠ ᠦᠵᠡᠪᠡᠯ᠂ ᠲᠤᠰ ᠬᠤᠭᠤᠴᠠᠭᠠᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯ ᠨᠢᠭᠡ ᠬᠤᠭᠤᠴᠠᠭᠠᠨ᠎ᠤ ᠲᠤᠢᠯ᠎ᠦᠨ ᠠᠮᠤᠷ ᠲᠦᠪᠱᠢᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠤᠯᠤᠯ᠎ᠠ᠃ ᠠᠮᠤᠷ ᠲᠦᠪᠱᠢᠨ ᠪᠥᠭᠡᠳ ᠭᠤᠢᠲᠠ ᠰᠠᠢᠬᠠᠨ ᠣᠷᠴᠢᠨ ᠲᠣᠭᠣᠷᠢᠨ ᠨᠢ ᠲᠠᠮᠢᠷᠴᠢᠳ᠎ᠢ ᠮᠠᠰᠢ ᠲᠠᠭᠠᠯᠠᠮᠵᠢᠲᠠᠶ ᠰᠠᠨᠠᠭ᠍ᠳᠠᠭᠤᠯᠤᠨ᠎ᠠ᠂ ᠬᠣᠯᠠᠨᠳ᠋᠎ᠤᠨ ᠲᠦᠷᠭᠡᠨ ᠲᠡᠱᠢᠯᠲᠡ᠎ᠶ᠋ᠢᠨ ᠨᠠᠷᠠᠲᠤ ᠲᠠᠮᠢᠷᠴᠢᠨ ᠺᠸᠷᠤᠯ᠄ 《ᠬᠡᠷᠪᠡ ᠵᠥᠪᠬᠡᠨ ᠨᠢᠭᠡ ᠯᠡ ᠤᠯᠤᠰ(ᠭᠠᠵᠠᠷ ᠣᠷᠣᠨ) ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠬᠢᠵᠢᠭ᠎ᠤᠨ ᠪᠠᠢᠳᠠᠯ ᠲᠤᠤᠷ᠎ᠠ ᠡᠷᠬᠢᠯᠡᠵᠦ᠍ ᠴᠢᠳᠠᠨ᠎ᠠ ᠭᠡᠪᠡᠯ᠂ ᠲᠡᠷᠡ ᠨᠢ ᠯᠠᠪᠲᠠᠶ ᠳᠤᠮᠳᠠᠳᠤ ᠤᠯᠤᠰ ᠪᠠᠢᠬ᠎ᠠ》 ᠭᠡᠯ᠎ᠡ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠰᠢᠪᠲᠤᠷᠠᠭᠠᠨ᠎ᠳᠦ ᠪᠠᠨ ᠤᠷᠤᠵᠦ᠂ ᠮᠠᠨ᠎ᠤ ᠤᠯᠤᠰ 2 ᠰᠠᠷ᠎ᠠ᠎ᠶᠢᠨ 18᠎ᠤ᠋ ᠡᠳᠦᠷ ᠪᠤᠯᠲᠠᠯ᠎ᠠ᠂ ᠨᠡᠢᠲᠡ 8 ᠠᠯᠲᠠᠨ ᠮᠧᠳᠠᠯ ᠲᠤᠰᠤᠯ᠎ᠠ᠃ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ ᠠᠩᠬ᠎ᠠ ᠤᠳᠠᠭ᠎ᠠ 7 ᠶᠡᠬᠡ ᠲᠥᠷᠥᠯ᠂ 15 ᠬᠤᠪᠢᠶᠠᠷᠢ ᠲᠥᠷᠥᠯ᠎ᠤᠨ《ᠪᠥᠬᠥ᠌ ᠲᠥᠷᠥᠯ᠎ᠢᠶᠡᠷ ᠤᠷᠤᠯᠳᠤᠭᠠᠨ᠎ᠳᠤ ᠣᠷᠣᠯᠴᠠᠬᠤ》 ᠵᠢ ᠪᠡᠶᠡᠯᠡᠭᠦᠯᠪᠡ᠂ ᠡᠭᠦᠨ᠎ᠳᠦ 35 ᠪᠠᠭ᠎ᠠ ᠲᠥᠷᠥᠯ ᠨᠢ ᠠᠩᠬ᠎ᠠ ᠤᠳᠠᠭ᠎ᠠ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠪᠴᠠᠩ᠎ᠳᠤ ᠭᠠᠷᠴᠤ᠌ ᠪᠠᠢᠭ᠎ᠠ ᠶᠤᠮ᠃ ᠨᠢᠭᠡᠨᠲᠡ ᠳᠠᠭᠤᠰᠤᠭᠰᠠᠨ ᠤᠷᠤᠯᠳᠤᠭᠠᠨ᠎ᠳᠤ᠂ ᠲᠣᠭ᠎ᠠ ᠲᠣᠮᠰᠢ ᠦᠭᠡᠢ 《ᠠᠨᠭᠬ᠎ᠠ ᠤᠳᠠᠭ᠎ᠠ》᠂ ᠠᠯᠢ ᠣᠯᠠᠨ 《ᠲᠡᠦᠬᠡ᠎ᠶ᠋ᠢᠨ ᠬᠠᠮᠤᠭ ᠰᠠᠢᠨ ᠬᠢᠷᠢ ᠪᠦᠲᠦᠮᠵᠢ》 ᠵᠢ ᠡᠭᠦᠳᠴᠦ᠂ ᠳᠤᠮᠳᠠᠳᠤ ᠤᠯᠤᠰ᠎ᠤᠨ ᠲᠠᠮᠢᠷᠴᠢᠳ᠎ᠤᠨ ᠴᠤᠭ ᠵᠢᠪᠬᠤᠭ᠎ᠠ ᠪᠠ ᠴᠢᠷᠮᠠᠢᠯᠭ᠎ᠠ᠎ᠶ᠋ᠢ ᠳᠠᠬᠢᠨᠲᠠ ᠳᠡᠯᠡᠬᠡᠶ ᠳ᠋ᠠᠬᠢᠨ᠎ᠳᠤ ᠭᠠᠢᠬᠠᠭᠤᠯᠤᠭᠰᠠᠨ ᠪᠢᠯᠡ᠃ ᠳᠤᠮᠳᠠᠳᠤ ᠤᠯᠤᠰ᠎ᠤᠨ ᠲᠠᠮᠢᠷᠴᠢᠨ ᠭᠤᠤ ᠲᠢᠩ ᠢᠦᠶ ᠲᠦᠷᠭᠡᠨ ᠲᠡᠱᠢᠯᠲᠡ᠎ᠶ᠋ᠢᠨ ᠡᠷᠡᠭ᠌ᠲᠡᠶ᠎ᠶ᠋ᠢᠨ 500 ᠮᠧᠲ᠋ᠷ᠎ᠦᠨ ᠤᠷᠤᠯᠳᠤᠭᠠᠨ᠎ᠳᠦ ᠠᠯᠲᠠᠨ ᠮᠧᠳᠠᠯ ᠭᠠᠷᠳᠠᠵᠠᠢ᠂ ᠳᠤᠮᠳᠠᠳᠤ ᠤᠯᠤᠰ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠦᠷᠭᠡᠨ ᠲᠡᠱᠢᠯᠲᠡ᠎ᠶ᠋ᠢᠨ ᠤᠷᠤᠯᠳᠤᠭᠠᠨ᠎ᠤ ᠡᠷᠡᠭ᠌ᠲᠡᠶ᠎ᠶ᠋ᠢᠨ ᠠᠩᠬᠠᠨ᠎ᠤ ᠠᠯᠲᠠᠨ ᠮᠧᠳᠠᠯ ᠪᠣᠯᠬᠤ ᠪᠥᠭᠡᠳ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠳᠥᠷᠪᠡᠳᠡᠬᠢ ᠠᠯᠲᠠᠨ ᠮᠧᠳᠠᠯ ᠪᠤᠯᠤᠯ᠎ᠠ ᠁ ᠳᠤᠮᠳᠠᠳᠤ ᠤᠯᠤᠰ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ ᠡᠮᠦᠨ᠎ᠡ ᠡᠩᠨᠡᠭᠡᠨ᠎ᠳᠦ ᠤᠷᠤᠵᠦ᠂ ᠨᠢᠭᠡᠨᠲᠡ ᠳᠡᠭᠡᠷ᠎ᠡ ᠬᠣᠶᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠢᠷᠢ ᠪᠦᠲᠦᠮᠵᠢ᠎ᠵᠢ ᠳᠠᠪᠠᠵᠤ᠂ ᠡᠨᠡ ᠨᠢ 2010 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 5 ᠠᠯᠲᠠᠨ ᠮᠧᠳᠠᠯ᠎ᠤᠨ ᠬᠠᠮᠤᠭ᠎ᠤᠨ ᠰᠠᠢᠨ ᠠᠮᠵᠢᠯᠲᠠ ᠪᠦᠲᠦᠮᠵᠢ᠎ᠵᠢ ᠴᠤ᠌ ᠰᠢᠨᠡᠳᠭᠡᠯ᠎ᠡ᠃


QQ图片20220221090900.png


ᠱᠢᠤᠢ ᠮᠸᠩ ᠲᠤᠤ


QQ图片20220221090851.png


ᠬᠥ᠋ ᠠᠶ ᠯᠢᠩ


00ca6ce285b048bd8f16aed020a39334.jpeg


ᠴᠢ ᠭᠤᠸᠠᠨᠭ᠌ ᠫᠦ


ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠱᠠᠨᠭᠨᠠᠯ᠎ᠤᠨ ᠮᠧᠳᠠᠯ ᠡᠴᠡ ᠭᠠᠳᠠᠨ᠎ᠠ ᠬᠦᠮᠦᠰ᠎ᠤᠨ ᠰᠡᠳᠬᠢᠯ᠎ᠢ ᠳᠤᠭᠳᠤᠯᠤᠭᠤᠯᠤᠮ᠎ᠠ ᠦᠯᠢᠭᠡᠷ ᠴᠤ᠌ ᠮᠠᠰᠢ ᠣᠯᠠᠨ ᠪᠤᠢ᠃ 24 ᠨᠠᠰᠤᠲᠠᠶ ᠠᠢᠷᠯᠠᠨᠳ᠋᠎ᠤᠨ ᠴᠢᠷᠭ᠎ᠠ᠎ᠶ᠋ᠢᠨ ᠲᠠᠮᠢᠷᠴᠢᠨ ᠠᠢᠷᠰᠠ ᠳ᠋ᠸ᠋ᠰᠮᠸᠳ᠋ 15 ᠵᠢᠯ᠎ᠤᠨ ᠴᠢᠷᠮᠠᠢᠯᠭ᠎ᠠ ᠪᠡᠷ ᠳᠠᠮᠵᠢᠨ᠂ ᠠᠢᠷᠯᠠᠨᠳ᠋᠎ᠤᠨ ᠲᠡᠦᠬᠡᠨ ᠳᠡᠭᠡᠷᠡᠬᠢ ᠠᠩᠬᠠᠳᠠᠭ᠍ᠴᠢ ᠴᠢᠷᠭ᠎ᠠ᠎ᠶ᠋ᠢᠨ ᠲᠠᠮᠢᠷᠴᠢᠨ ᠪᠤᠯᠵᠦ᠂ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠳᠦ ᠤᠷᠤᠯᠴᠠᠯ᠎ᠠ; ᠺᠠᠷᠢᠯᠧᠶ ᠪᠣᠯ ᠮᠧᠺᠱᠢᠺᠣ᠎ᠶ᠋ᠢᠨ ᠤᠢᠷ᠎ᠠ᠎ᠶᠢᠨ 30 ᠵᠢᠯ᠎ᠦᠨ ᠲᠤᠷᠰᠢᠬᠢ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠠᠩᠬᠠᠳᠠᠭ᠍ᠴᠢ ᠤᠷᠠᠨ ᠲᠡᠱᠢᠯᠲᠡ᠎ᠶ᠋ᠢᠨ ᠲᠠᠮᠢᠷᠴᠢᠨ ᠪᠣᠯᠬᠤ ᠪᠥᠭᠡᠳ ᠴᠢᠯᠥᠭᠡᠲᠦ ᠲᠡᠱᠢᠯᠲᠡ ᠪᠠ ᠶᠡᠷᠦᠩᠬᠡᠶ ᠬᠢᠷᠢ ᠪᠦᠲᠦᠮᠵᠢ ᠨᠢ ᠴᠥᠮ ᠬᠤᠪᠢ ᠬᠥᠮᠦᠨ᠎ᠦ ᠲᠡᠦᠬᠡ᠎ᠶ᠋ᠢᠨ ᠬᠠᠮᠤᠭ᠎ᠤᠨ ᠰᠠᠢᠨ ᠬᠢᠷᠢ ᠪᠦᠲᠦᠮᠵᠢ᠎ᠶ᠋ᠢ ᠡᠭᠦᠳᠦᠭ᠌ᠰᠡᠨ ᠪᠠᠢᠨ᠎ᠠ ᠁

ᠤᠢᠯᠠᠭᠠᠭᠰᠠᠨ᠎ᠶ᠋ᠢᠡᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯ ᠣᠲᠣ ᠪᠣᠯᠲᠠᠯ᠎ᠠ ᠭᠥᠯᠢᠶᠡᠨ ᠠᠪᠴᠤ᠌ ᠦᠵᠡᠭ᠌ᠰᠡᠨ ᠨᠣᠷᠮ᠎ᠠ᠎ᠪᠠᠷ ᠬᠠᠮᠤᠭ᠎ᠤᠨ ᠥᠨᠳᠥᠷ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠤᠯᠤᠯ᠎ᠠ᠃ ᠲᠣᠭᠠᠴᠢᠯᠠᠭ᠍ᠰᠠᠨ ᠵᠠᠭᠤᠴᠢᠯᠠᠭᠤᠷ ᠪᠣᠯᠤᠨ ᠰᠦᠯᠵᠢᠶᠡᠨ ᠳᠡᠭᠡᠷ᠎ᠡ ᠱᠢᠭᠤᠳ ᠨᠡᠪᠲᠡᠷᠡᠭᠦᠯᠦᠭᠰᠡᠨ ᠲᠣᠭ᠎ᠠ ᠪᠦᠷᠢᠳᠭᠡᠯ ᠨᠢ ᠴᠥᠮ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠴᠦ᠍᠂ ᠳᠠᠮᠵᠢᠭᠤᠯᠤᠨ ᠨᠡᠪᠲᠡᠷᠡᠭᠦᠯᠦᠭᠰᠡᠨ ᠠᠭᠤᠯᠭ᠎ᠠ᠎ᠶ᠋ᠢᠨ ᠶᠡᠷᠦᠩᠬᠡᠶ ᠴᠠᠭ ᠨᠢ 6000 ᠴᠠᠭ᠎ᠲᠤ ᠬᠦᠷᠴᠦ᠍᠂ ᠫᠢᠶ᠍ᠸᠩᠼᠠᠩ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 5600 ᠴᠠᠭ᠎ᠠᠴᠠ ᠤᠷᠳᠦ ᠪᠣᠯᠵᠠᠶ᠃ ᠣᠳᠣᠬᠠᠨ᠎ᠳᠤ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠬᠦᠯᠢᠶᠡᠨ ᠠᠪᠴᠦ ᠦᠵᠡᠭ᠌ᠰᠡᠨ ᠬᠥᠮᠦᠨ᠎ᠦ ᠲᠣᠭ᠎ᠠ ᠨᠢᠭᠡᠨᠲᠡ 2022 ᠣᠨ᠎ᠤ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢ ᠬᠦᠯᠢᠶᠡᠨ ᠠᠪᠴᠦ ᠦᠵᠡᠭ᠌ᠰᠡᠨ ᠬᠥᠮᠦᠨ᠎ᠦ ᠲᠣᠭ᠎ᠠ᠎ᠠᠴᠠ ᠳᠠᠪᠠᠵᠤ᠂ 2018 ᠣᠨ᠎ᠤ ᠫᠢᠶ᠍ᠸᠩᠼᠠᠩ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠬᠦᠯᠢᠶᠡᠨ ᠠᠪᠴᠦ ᠦᠵᠡᠭ᠌ᠰᠡᠨ ᠬᠥᠮᠦᠨ᠎ᠦ ᠲᠣᠭ᠎ᠠ᠎ᠵᠢ ᠴᠤ᠌ ᠳᠠᠪᠠᠪᠠ᠃

ᠪᠡᠭᠡᠵᠢᠩ ᠣᠯᠢᠮᠫᠢᠺ᠎ᠤᠨ ᠲᠠᠮᠢᠷ᠎ᠤᠨ ᠴᠤᠭᠯᠠᠭᠠᠨ᠎ᠦ ᠱᠢᠨ᠎ᠡ ᠲᠡᠦᠬᠡᠨ ᠬᠠᠭᠤᠳᠠᠰᠤ᠎ᠶ᠋ᠢ ᠪᠢᠴᠢᠭ᠌ᠯᠡᠵᠦ᠍᠂ ᠲᠡᠦᠬᠡᠨ᠎ᠳᠡᠬᠢ ᠵᠤᠨ᠎ᠤ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠵᠦ᠍ ᠥᠩᠭᠡᠷᠡᠭ᠌ᠰᠡᠨ ᠮᠥᠷᠲᠡᠭᠡᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠵᠦ᠍ ᠥᠩᠭᠡᠷᠡᠭ᠌ᠰᠡᠨ ᠠᠩᠬᠠᠳᠠᠭ᠍ᠴᠢ ᠬᠤᠲᠠ ᠪᠤᠯᠤᠯ᠎ᠠ᠃ ᠳᠤᠷᠠᠳᠤᠭᠤᠰᠢᠲᠠᠢ ᠨᠢ᠂ ᠳᠤᠮᠳᠠᠲᠤ ᠤᠯᠤᠰ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ ᠠᠵᠠ ᠲᠤᠬᠢᠶᠠᠯ᠎ᠢ ᠠᠰᠢᠭᠯᠠᠨ ᠮᠥᠰᠥ᠍ ᠴᠠᠰᠤᠨ᠎ᠤ ᠬᠥᠳᠡᠯᠭᠡᠭᠡᠨ᠎ᠢ ᠲᠦᠭᠡᠮᠡᠯᠵᠢᠭᠦᠯᠬᠦ᠌ ᠠᠤᠭ᠎ᠠ ᠶᠡᠬᠡ ᠠᠯᠤᠰ᠎ᠤᠨ ᠲᠥᠰᠦᠪ᠎ᠢ ᠪᠡᠶᠡᠯᠡᠭᠦᠯᠵᠡᠢ᠂ ᠡᠨᠡ ᠪᠣᠯ ᠳᠤᠮᠳᠠᠳᠤ ᠤᠯᠤᠰ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠦᠵᠡᠭᠦᠯᠦᠭ᠌ᠰᠡᠨ ᠬᠤᠪᠢ ᠨᠡᠮᠡᠷᠢ ᠮᠥᠨ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠨᠢ ᠡᠷᠭᠢᠯᠡᠬᠦ᠌᠎ᠪᠡᠷ ᠭᠤᠶᠤᠴᠢᠯᠠᠬᠤ᠎ᠠᠴᠠ ᠡᠬᠢᠯᠡᠨ ᠣᠯᠠᠨ ᠤᠯᠤᠰ᠎ᠤᠨ ᠣᠯᠢᠮᠫᠢᠺ᠎ᠤᠨ ᠵᠥᠪᠯᠡᠯ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠷᠭᠢᠯᠡᠬᠦ᠌ ᠱᠢᠨ᠎ᠡ ᠵᠠᠭ᠍ᠪᠤᠷ᠎ᠢ ᠪᠥᠬᠥ᠌ ᠲᠠᠯ᠎ᠠ᠎ᠪᠠᠷ ᠦᠶ᠋ᠯᠡᠳᠦᠯᠭᠡᠵᠢᠭᠦᠯᠬᠦ᠌ ᠠᠩᠬᠠᠳᠠᠭ᠍ᠴᠢ ᠤᠳᠠᠭᠠᠨ᠎ᠤ ᠦᠪᠡᠳᠡᠭ᠌ᠰᠢ ᠴᠤᠭ᠍ᠯᠠᠭᠠᠨ ᠪᠣᠯᠵᠣ᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠷᠭᠢᠯᠡᠬᠦ᠌ ᠵᠠᠭ᠍ᠪᠤᠷ᠎ᠲᠤ ᠱᠢᠨ᠎ᠡ ᠬᠡᠪ ᠳᠠᠭᠤᠷᠢᠶᠠᠯ ᠦᠵᠡᠭᠦᠯᠪᠡ᠂ ᠪᠣᠬᠢᠷᠲᠤᠯ ᠥᠬᠡᠶ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡ᠎ᠲᠡᠶ᠂ ᠠᠷᠢᠭᠤᠨ ᠴᠢᠬᠡᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌ ᠣᠢᠯᠠᠭᠠᠭ᠍ᠳᠠᠬᠤᠨ᠎ᠢ ᠭᠦᠶ᠋ᠴᠡᠳ ᠢᠯᠡᠷᠡᠭᠦᠯᠪᠡ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠭᠰᠡᠨ ᠨᠢ ᠮᠠᠨ᠎ᠤ ᠣᠳᠣᠬᠢᠴᠢᠯᠠᠯᠲᠠ᠎ᠶ᠋ᠢᠨ ᠠᠬᠢᠴᠠ᠎ᠳᠤ ᠬᠦᠴᠦᠷᠬᠡᠭ ᠶᠡᠬᠡ ᠲᠦᠯᠬᠢᠬᠦ᠌ ᠬᠦᠴᠦᠨ ᠨᠡᠮᠡᠷᠢᠯᠡᠬᠦ᠌ ᠨᠢ ᠳᠠᠮᠵᠢᠭ ᠦᠭᠡᠢ ᠶᠤᠮ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠬᠡᠯᠲᠡᠰ᠎ᠦᠨ ᠳᠠᠷᠤᠭ᠎ᠠ ᠯᠢᠦ ᠢᠦᠶ ᠮᠢᠨ ᠲᠠᠨᠢᠯᠴᠠᠭᠤᠯᠬᠤ᠎ᠳᠠᠭᠠᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠮᠤᠭ᠎ᠤᠨ ᠶᠡᠬᠡ ᠦᠷ᠎ᠡ ᠪᠦᠲᠦᠭᠡᠯ ᠪᠣᠯ 《3 ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠬᠥᠳᠡᠯᠭᠡᠭᠡᠨ᠎ᠳᠦ ᠣᠷᠣᠯᠴᠠᠭᠤᠯᠬᠤ》 ᠬᠠᠷᠠᠯᠲᠠ᠎ᠶ᠋ᠢ ᠪᠡᠶᠡᠯᠡᠭᠦᠯᠦᠭ᠌ᠰᠡᠨ ᠶᠠᠪᠤᠳᠠᠯ ᠪᠣᠯᠤᠨ᠎ᠠ ᠭᠡᠵᠡᠶ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠬᠦ᠌᠎ᠪᠡᠷ ᠭᠤᠶᠤᠴᠢᠯᠠᠭ᠍ᠰᠠᠨ᠎ᠠᠴᠠ ᠠᠪᠤᠭᠠᠳ 2021 ᠣᠨ᠎ᠤ ᠰᠡᠭᠦᠯᠴᠢ ᠪᠣᠯᠲᠠᠯ᠎ᠠ᠂ ᠪᠥᠬᠥ᠌ ᠤᠯᠤᠰ᠎ᠤᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭ᠍ᠰᠠᠨ ᠬᠥᠮᠦᠨ᠎ᠦ ᠲᠣᠭ᠎ᠠ 3.46 ᠳ᠋ᠦᠩᠱᠢᠭᠤᠷ᠎ᠲᠤ ᠬᠦᠷᠴᠦ᠍᠂ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭ᠍ᠰᠠᠨ ᠨᠣᠷᠮ᠎ᠠ 24% ᠵᠢ ᠳᠠᠪᠠᠵᠤ᠂ 《3 ᠳ᠋ᠦᠩᠱᠢᠭᠤᠷ ᠬᠥᠮᠦᠨ᠎ᠢ ᠳᠠᠢᠴᠢᠯᠠᠨ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠎ᠳᠦ ᠣᠷᠣᠯᠴᠠᠭᠤᠯᠬᠤ》ᠠᠮᠠᠯᠠᠯᠲᠠ ᠨᠢᠭᠡᠨᠲᠡ ᠪᠡᠶᠡᠯᠡᠭ᠌ᠳᠡᠵᠡᠶ᠂ ᠡᠨᠡ ᠪᠣᠯ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠠᠮᠤᠭ᠎ᠤᠨ ᠶᠡᠬᠡ ᠦᠷ᠎ᠡ ᠪᠦᠲᠦᠭᠡᠯ ᠪᠣᠯᠤᠨ᠎ᠠ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠨᠢ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠬᠤ᠎ᠪᠠᠷ ᠪᠠᠷᠠᠬᠤ ᠥᠬᠡᠶ ᠨᠠᠩ ᠴᠤ᠌ ᠨᠢᠭᠡ ᠤᠳᠠᠭᠠᠨ᠎ᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠪᠣᠯᠵᠣᠭ᠎ᠠ ᠮᠦᠨ᠃ ᠵᠠᠭᠤᠨ ᠵᠢᠯ ᠳᠠᠮᠵᠢᠭᠳᠠᠭᠰᠠᠨ ᠣᠯᠢᠮᠫᠢᠺ᠎ᠤᠨ ᠵᠤᠷᠢᠭ ᠰᠠᠨᠠᠭ᠎ᠠ 《ᠨᠡᠩ ᠲᠦᠷᠭᠡᠨ᠂ ᠨᠡᠩ ᠥᠨᠳᠥᠷ᠂ ᠨᠡᠩ ᠬᠦᠴᠦᠷᠬᠡᠭ》᠎ᠶ᠋ᠢᠨ ᠰᠠᠭᠤᠷᠢᠨ ᠳᠡᠭᠡᠷ᠎ᠡ 《ᠨᠡᠩ ᠪᠦᠯᠬᠦᠮᠳᠡᠯ᠎ᠲᠡᠶ》 ᠪᠠᠢᠬᠤ᠎ᠵᠢ ᠴᠢᠬᠤᠯᠠᠴᠢᠯᠠᠵᠦ᠂ ᠪᠦᠬᠦ ᠳᠡᠯᠡᠬᠡᠢ᠎ᠶ᠋ᠢᠨ ᠠᠷᠠᠳ ᠲᠦᠮᠡᠨ᠎ᠦ ᠭᠠᠷ ᠬᠣᠯᠪᠣᠨ ᠡᠷᠡᠯᠬᠡᠭ᠌ᠯᠡᠨ ᠤᠷᠤᠭ᠍ᠰᠢᠯᠠᠬᠤ᠂ ᠬᠦᠴᠢᠷ ᠪᠡᠷᠬᠡ᠎ᠶ᠋ᠢ ᠬᠠᠮᠲᠤ᠎ᠪᠠᠷ ᠲᠤᠭᠤᠯᠬᠤ᠂ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠰᠥᠰᠥ᠍ ᠵᠣᠷᠢᠭ᠎ᠢ ᠢᠯᠡᠷᠡᠭᠦᠯᠪᠡ᠃ 2022 ᠣᠨ᠎ᠤ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ 《ᠢᠷᠡᠭᠡᠳᠦᠢ᠎ᠵᠢ ᠴᠢᠭᠯᠡᠨ ᠬᠠᠮᠲᠤ᠎ᠪᠠᠷ ᠤᠷᠤᠭᠰᠢᠯᠠᠬᠤ》 ᠬᠦᠰᠡᠯ ᠡᠷᠡᠮᠡᠯᠵᠡᠯ᠎ᠢ ᠠᠴᠢᠶᠠᠯᠠᠵᠤ᠂ ᠰᠠᠢ᠌ᠨ ᠰᠠᠢᠬᠠᠨ ᠢᠷᠡᠭᠡᠳᠦᠢ ᠎ᠶᠢ ᠵᠢᠷᠤᠬᠯᠠᠨ᠎ᠠ ᠃

( ᠨᠠᠷᠠᠨᠲᠤᠨᠭᠭᠠᠯᠠᠬ 《 ᠲᠤᠮᠲᠠᠲᠤ ᠤᠯᠤᠰ᠎ᠤᠨ ᠪᠡᠶ᠎ᠡ ᠵᠢᠨ ᠲᠠᠮᠢᠷ᠎ᠤᠨ ᠰᠤᠨᠢᠨ》 ᠡᠴᠡ ᠨᠠᠢᠷᠠᠭᠤᠯᠤᠨ ᠤᠷᠴᠢᠭᠤᠯᠪᠠ)

( ᠭᠡᠷᠡᠯ ᠵᠢᠷᠤᠭ᠎ᠤᠳ᠎ᠢ ᠰᠢᠬᠠᠤᠸᠠ ᠰᠦᠯᠵᠢᠶᠡᠨ ᠡᠴᠡ ᠠᠪᠤᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面