2022-02-22 09:35:33
ᠰᠢᠨᠬᠤᠸᠠ ᠬᠤᠷᠢᠶᠠᠨ᠎ᠤ ᠪᠡᠭᠡᠵᠢᠩ᠎ᠤᠨ 2 ᠰᠠᠷ᠎ᠠ ᠵᠢᠨ 19 ᠤ᠋ ᠴᠠᠬᠢᠯᠭᠠᠨ ᠮᠡᠳᠡᠭᠡ 19᠎ᠤ᠋ ᠡᠳᠦᠷ ᠪᠡᠭᠡᠵᠢᠩ᠎ᠳᠦ ᠶᠠᠪᠤᠭ᠍ᠳᠠᠭ᠍ᠰᠠᠨ ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ 139 ᠳ᠋ᠤᠭᠡᠷ ᠤᠳᠠᠭ᠎ᠠ᠎ᠶ᠋ᠢᠨ ᠪᠦᠬᠦᠳᠡ ᠬᠤᠷᠠᠯ ᠳᠡᠭᠡᠷ᠎ᠡ᠂ ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠲᠡᠷᠢᠭᠦᠯᠡᠭ᠌ᠴᠢ ᠪᠠᠾᠸ ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠳᠦ ᠣᠯᠢᠮᠫᠢᠺ᠎ᠤᠨ ᠱᠠᠩᠨᠠᠯ᠎ᠤᠨ ᠬᠤᠨᠳᠠᠭ᠎ᠠ ᠣᠯᠭᠣᠵᠤ᠂ ᠳᠤᠮᠳᠠᠳᠤ ᠤᠯᠤᠰ᠎ᠤᠨ ᠠᠷᠠᠳᠲᠦᠮᠡᠨᠦᠪᠡᠭᠡᠵᠢᠩᠦᠨ2022 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠳᠡᠮᠵᠢᠭ᠌ᠰᠡᠨ᠎ᠳᠦ ᠲᠠᠯᠠᠷᠬᠠᠵᠤ ᠪᠠᠢᠬᠤ᠎ᠪᠠᠨ ᠢᠯᠡᠳᠭᠡᠪᠡ᠃
ᠪᠠᡁᠸ ᠱᠠᠩᠨᠠᠯ ᠣᠯᠭᠣᠬᠤ᠎ᠳᠠᠭᠠᠨ᠄《ᠬᠡᠷᠪᠡ ᠳᠤᠮᠳᠠᠳᠤ ᠤᠯᠤᠰ᠎ᠤᠨ ᠠᠷᠠᠳ ᠲᠦᠮᠡᠨ᠎ᠦ ᠳᠡᠮᠵᠢᠯᠭᠡ ᠪᠠᠢᠬᠰᠠᠨ ᠦᠭᠡᠢ ᠪᠣᠯ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠢᠮᠦ᠍ ᠦᠨᠳᠤᠷ ᠲᠦᠪᠱᠢᠨ ᠲᠠᠢ ᠶᠠᠪᠤᠬᠳᠠᠵᠤ ᠴᠢᠳᠠᠬᠤ ᠦᠭᠡᠢ ᠶᠤᠮ᠃ ᠪᠢᠲᠡᠭᠦᠮᠵᠢᠯᠡᠭᠰᠡᠨ ᠬᠠᠮᠢᠶᠡᠷᠤᠯᠳᠠ ᠵᠢᠨ ᠳᠤᠮᠳᠠ ᠪᠠᠰᠠ᠌ ᠪᠢᠳᠡ ᠳᠤᠮᠳᠠᠳᠤ ᠤᠯᠤᠰ᠎ᠤᠨ ᠠᠷᠠᠳ ᠲᠦᠮᠡᠨ᠎ᠦ ᠳᠡᠮᠵᠢᠯᠭᠡ᠎ᠶ᠋ᠢ ᠣᠯᠤᠬᠰᠡᠨᠢ ᠮᠡᠳᠡᠷᠡᠵᠤ ᠪᠠᠢᠨ᠎ᠠ》 ᠭᠡᠵᠤ ᠬᠡᠯᠡᠪᠡ᠃
ᠪᠠᡁᠸ᠄ 《ᠪᠢᠳᠠᠡ ᠳ᠋ᠤ ᠬᠠᠯᠠᠭᠤᠨ ᠳᠤᠯᠠᠭᠠᠨ᠂ ᠠᠮᠢᠵᠢᠷᠠᠯ᠎ᠤᠨ ᠬᠦᠴᠦᠨ᠂ ᠬᠠᠯᠠᠭᠤᠨ ᠰᠡᠳᠭᠢᠯᠭᠡ ᠪᠠ ᠳᠡᠮᠵᠢᠯᠭᠡ᠎ᠶ᠋ᠢ ᠮᠡᠳᠡᠷᠡᠬᠦᠯᠦᠯ᠎ᠡ᠃ ᠡᠯ᠎ᠡ ᠠᠵᠢᠯ ᠲᠥᠷᠥᠯ᠂ ᠠᠳᠠᠯᠢ ᠪᠤᠰᠤ ᠴᠠᠭ ᠦᠶ᠎ᠡ᠎ᠳᠦ ᠲᠥᠷᠥᠭ᠌ᠰᠡᠨ ᠳᠤᠮᠳᠠᠳᠤ ᠤᠯᠤᠰ᠎ᠤᠨ ᠠᠷᠠᠳ ᠲᠦᠮᠡᠨ ᠵᠢᠴᠢ ᠳᠤᠮᠳᠠᠳᠤ ᠤᠯᠤᠰ᠎ᠤᠨ ᠰᠣᠶᠣᠯ᠎ᠤᠨ ᠡᠲᠡᠭᠡᠳ᠎ᠦᠨ ᠬᠥᠮᠦᠰ᠂ ᠤᠷᠠᠯᠢᠭ᠍ᠴᠢᠨ᠂ ᠱᠢᠨᠵᠢᠯᠡᠬᠦ᠌ ᠤᠬᠠᠭᠠᠨᠲᠠᠨ᠂ ᠢᠨᠵᠧᠨᠧᠷ᠂ ᠰᠤᠷᠤᠭ᠍ᠴᠢ ᠪᠠ ᠲᠦᠭ ᠲᠦᠮᠡᠨ ᠰᠠᠢᠨ ᠳᠤᠷᠠᠴᠤᠳ ᠴᠥᠮ ᠲᠠᠮᠢᠷᠴᠢᠳ ᠪᠠ ᠪᠢᠳᠡᠨ᠎ᠢ ᠮᠠᠰᠢ ᠬᠠᠯᠠᠭᠤᠨ᠎ᠢᠶᠠᠷ ᠤᠭ᠍ᠲᠤᠯ᠎ᠠ᠃ ᠲᠡᠳᠡ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠮᠵᠢᠯᠲᠠ᠎ᠶ᠋ᠢᠨ ᠲᠥᠯᠥᠭᠡ ᠮᠠᠰᠢ ᠴᠢᠷᠮᠠᠢᠬᠰᠠᠨ ᠪᠠᠢᠨ᠎ᠠ》 ᠭᠡᠵᠤ ᠢᠯᠡᠳᠭᠡᠪᠡ᠃
ᠪᠠᡁᠸ᠄ 《ᠡᠨᠡ ᠨᠢ ᠦᠨᠡᠬᠡᠷ ᠰᠡᠳᠭᠢᠯ᠎ᠢ ᠳᠤᠯᠠᠭᠠᠴᠠᠭᠤᠯᠤᠨ᠎ᠠ᠂ ᠡᠨᠡ ᠨᠢ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠮᠵᠢᠯᠲᠠ ᠤᠯᠬᠤ᠎ᠳᠤ ᠲᠤᠢᠯ᠎ᠤᠨ ᠴᠢᠬᠤᠯᠠ ᠶᠤᠮ᠃ ᠡᠢᠮᠦ᠍᠎ᠡᠴᠡ᠂ ᠥᠨᠥᠳᠦᠷ᠂ ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ ᠡᠴᠡ ᠳᠤᠮᠳᠠᠳᠤ ᠤᠯᠤᠰ᠎ᠤᠨ ᠠᠷᠠᠳ ᠲᠦᠮᠡᠨ᠎ᠳᠤ ᠣᠯᠢᠮᠫᠢᠺ᠎ᠤᠨ ᠱᠠᠩᠨᠠᠯ᠎ᠤᠨ ᠬᠤᠨᠳᠠᠭ᠎ᠠ᠎ᠶ᠋ᠢ ᠣᠯᠭᠣᠭ᠍ᠰᠠᠨᠢ ᠪᠢ ᠮᠠᠰᠢ ᠢᠷᠠᠭᠤ ᠠᠯᠳᠠᠷ ᠲᠠᠢ ᠪᠠᠶᠠᠷ ᠲᠠᠢ᠎ᠪᠠᠷ ᠵᠠᠷᠯᠠᠵᠤ ᠪᠠᠢᠨ᠎ᠠ》 ᠭᠡᠵᠤ ᠬᠡᠯᠡᠪᠡ᠃
ᠲᠤᠰ ᠡᠳᠦᠷ᠎ᠦᠨ ᠪᠦᠭᠦᠳᠡ ᠬᠤᠷᠠᠯ ᠳᠡᠭᠡᠷ᠎ᠡ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ ᠪᠣᠯᠤᠨ ᠲᠡᠯᠡᠭᠡᠢ ᠵᠢᠨ ᠣᠯᠢᠮᠫᠢᠺ᠎ᠤᠨ ᠪᠠᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠴᠠᠭᠤᠯᠬᠤ ᠺᠣᠮᠢᠰ᠎ᠤᠨ ᠲᠡᠷᠢᠭᠦᠯᠡᠭ᠌ᠴᠢ ᠪᠠᠭ᠎ᠠ ᠰᠠᠮᠠᠷᠠᠨᠴᠢ ᠪᠦᠭᠦᠳᠡ ᠬᠤᠷᠠᠯ᠎ᠳᠤ ᠮᠡᠳᠡᠬᠦᠯᠦᠯᠳᠠ ᠬᠢᠵᠡᠶ᠃ ᠪᠥᠬᠥᠳᠡ ᠬᠤᠷᠠᠯ᠎ᠡᠴᠡ ᠪᠡᠭᠡᠵᠢᠩ᠎ᠦᠨ 2022 ᠣᠨ᠎ᠤ ᠡᠪᠦᠯᠦᠨᠤᠯᠠᠷᠢᠯᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠭ᠌ᠰᠡᠨ᠂ ᠪᠡᠭᠡᠵᠢᠩ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠤ ᠵᠤᠬᠢᠶᠠᠨ ᠪᠠᠢᠭᠤᠯᠬᠤ ᠺᠤᠮᠢᠰ᠎ᠤᠨ ᠲᠠᠮᠢᠷᠴᠢᠳ ᠪᠤᠯᠤᠨ ᠡᠪᠤᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠤ ᠪᠤᠢ ᠪᠦᠬᠦᠢ ᠤᠷᠤᠯᠴᠠᠬᠴᠢ᠎ᠳᠦ ᠰᠢᠯᠢᠳᠡᠭ ᠦᠢᠯᠡᠴᠢᠯᠡᠭᠡ ᠬᠠᠨᠭᠭᠠᠬᠰᠡᠨᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃
ᠣᠯᠢᠮᠫᠢᠺ᠎ᠦᠨ ᠱᠠᠩᠨᠠᠯ᠎ᠤᠨ ᠬᠤᠨᠳᠠᠭ᠎ᠠ᠎ᠶ᠋ᠢ ᠣᠳᠣ ᠦᠶ᠎ᠡ᠎ᠶ᠋ᠢᠨ ᠣᠯᠢᠮᠫᠢᠺ᠎ᠦᠨ ᠲᠠᠮᠢᠷ᠎ᠤᠨ ᠴᠤᠭ᠍ᠯᠠᠭᠠᠨ᠎ᠢ ᠡᠭᠦᠰᠭᠡᠨ ᠪᠠᠢᠭᠤᠯᠤᠭ᠍ᠴᠢ ᠬᠦᠪᠠᠢᠳᠠᠨ 1906 ᠣᠨ᠎ᠳᠤ ᠡᠭᠦᠰᠭᠡᠨ ᠪᠠᠢᠭᠤᠯᠵᠤ᠂ ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠡᠴᠡ ᠵᠢᠯ ᠪᠦᠷᠢ ᠣᠯᠢᠮᠫᠢᠺ᠎ᠦᠨ ᠲᠠᠮᠢᠷ᠎ᠤᠨ ᠴᠤᠭ᠍ᠯᠠᠭᠠᠨ᠎ᠤ ᠬᠥᠭ᠌ᠵᠢᠯᠲᠡ᠎ᠳᠦ ᠢᠳᠡᠪᠬᠢᠲᠡᠶ᠂ ᠪᠦᠲᠦᠮᠵᠢᠲᠡᠶ ᠬᠤᠪᠢ ᠨᠡᠮᠡᠷᠢ ᠦᠵᠡᠭᠦᠯᠦᠭ᠌ᠰᠡᠨ ᠵᠣᠬᠢᠶᠠᠨ ᠪᠠᠢᠭᠤᠯᠤᠯᠲᠠ ᠪᠠ ᠨᠡᠢᠭᠡᠮᠯᠢᠭ᠎ᠲᠦ ᠣᠯᠭᠣᠳᠠᠭ᠃ ᠪᠡᠭᠡᠵᠢᠩ᠎ᠦᠨ 2008 ᠣᠨ᠎ᠤ ᠣᠯᠢᠮᠫᠢᠺ᠎ᠤᠨ ᠲᠠᠮᠢᠷ᠎ᠤᠨ ᠴᠤᠬᠯᠠᠭᠠᠨ᠎ᠤ ᠳᠠᠷᠠᠭ᠎ᠠ᠂ ᠲᠡᠯᠡᠭᠡᠢ ᠵᠢᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠦᠪᠯᠡᠯ ᠡᠴᠡ ᠡᠷᠬᠢᠯᠡᠭᠰᠡᠨ ᠤᠯᠤᠰ ᠲᠤ᠌ ᠣᠯᠢᠮᠫᠢᠺ᠎ᠤᠨ ᠱᠠᠩᠨᠠᠯ᠎ᠤᠨ ᠬᠤᠨᠳᠠᠭ᠎ᠠ ᠣᠯᠭᠣᠪᠠ᠃
ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ 20᠎ᠤ᠋ ᠣᠷᠣᠶ ᠲᠡᠭᠦᠰᠭᠦ ᠶᠣᠰᠣᠯᠠᠯ ᠶᠠᠪᠤᠭᠤᠯᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃