2022-03-04 10:43:38
3 ᠰᠠᠷ᠎ᠠ᠎ᠶ᠋ᠢᠨ 1᠎ᠦ ᠡᠳᠦᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨᠤᠭᠣᠸ᠋ᠯᠵᠠᠭᠤᠴᠢᠯᠠᠭᠤᠷᠤᠨᠲᠥᠪ ᠰᠣᠨᠢᠨ ᠮᠡᠳᠡᠭᠡ ᠨᠡᠢᠲᠡᠯᠡᠬᠦ᠌ ᠬᠤᠷᠠᠯ ᠬᠢᠵᠦ᠍᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠳᠠᠮᠵᠢᠭᠤᠯᠬᠤ ᠬᠠᠮᠢᠶ᠎ᠠ ᠪᠦᠬᠦᠢ ᠲᠤᠬᠢᠷᠠᠭᠤᠯᠤᠯᠲᠠ᠎ᠶᠢ ᠲᠠᠨᠢᠯᠴᠠᠭᠤᠯᠵᠠᠢ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠭᠠᠯ ᠪᠠᠮᠪᠠᠷ ᠳᠠᠮᠵᠢᠭᠤᠯᠬᠤ ᠲᠤᠰᠭᠠᠶ ᠳᠤᠭᠤᠢᠯᠠᠩ᠎ᠦᠨ ᠡᠷᠬᠢᠯᠡᠭ᠌ᠴᠢ ᠱᠢᠤᠢ ᡁᠢ ᠵᠢᠶᠦ᠋ᠨ᠎ᠦ ᠲᠠᠨᠢᠯᠴᠠᠭᠤᠯᠤᠭ᠍ᠰᠠᠨ᠎ᠢᠶᠠᠷ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ᠎ᠶᠢ 2022 ᠣᠨ᠎ᠤ 3 ᠰᠠᠷ᠎ᠠ᠎ᠶ᠋ᠢᠨ 2 ᠤᠨ ᠡᠳᠦᠷ᠎ᠡᠴᠡ 4᠎ᠦ ᠡᠳᠦᠷ ᠪᠣᠯᠲᠠᠯ᠎ᠠ ᠪᠡᠭᠡᠵᠢᠩ᠂ ᠶᠠᠨ ᠴᠢᠩ᠂ ᠴᠢᠭᠤᠯᠤᠯᠲᠤᠬᠠᠭᠠᠯᠭᠠ ᠵᠡᠷᠭᠡ ᠭᠤᠷᠪᠠᠨ ᠤᠷᠤᠯᠳᠤᠭᠠᠨ᠎ᠤ ᠲᠣᠭᠣᠷᠢᠭ᠎ᠲᠤ ᠶᠠᠪᠤᠭ᠍ᠳᠠᠭᠤᠯᠵᠤ᠂ ᠭᠠᠯ ᠠᠰᠠᠭᠠᠬᠤ᠂ ᠤᠴᠢ ᠴᠤᠭ᠍ᠯᠠᠭᠤᠯᠬᠤ ᠪᠠ ᠭᠠᠯ ᠪᠠᠮᠪᠠᠷ ᠳᠠᠮᠵᠢᠭᠤᠯᠬᠤ ᠭᠤᠷᠪᠠᠨ ᠬᠡᠰᠡᠭ᠎ᠢᠶᠡᠷ ᠶᠠᠪᠤᠭ᠍ᠳᠠᠭᠤᠯᠤᠨ᠎ᠠ᠃ ᠪᠣᠳᠠᠲᠠᠶ ᠵᠠᠮ ᠱᠤᠭᠤᠮ ᠨᠢ᠄
3 ᠰᠠᠷ᠎ᠠ᠎ᠶ᠋ᠢᠨ 2 ᠤᠨ ᠡᠳᠦᠷ ᠪᠡᠭᠡᠵᠢᠩ᠂ ᠶᠠᠨ ᠴᠢᠩ᠂ ᠴᠢᠭᠤᠯᠤᠯᠲᠤ ᠬᠠᠭᠠᠯᠭ᠎ᠠ ᠵᠡᠷᠭᠡ ᠭᠤᠷᠪᠠᠨ ᠤᠷᠤᠯᠳᠤᠭᠠᠨ᠎ᠤ ᠲᠣᠭᠣᠷᠢᠭ᠎ᠤᠨ 8 ᠭᠠᠯ ᠠᠰᠠᠭᠠᠬᠤ ᠭᠠᠵᠠᠷ᠎ᠲᠤ ᠭᠠᠯ ᠠᠰᠠᠭᠠᠬᠤ ᠶᠣᠰᠣᠯᠠᠯ ᠶᠠᠪᠤᠭᠤᠯᠵᠤ᠂ ᠲᠤᠰ ᠲᠤᠰ ᠪᠡᠭᠡᠵᠢᠩ ᠬᠣᠲᠠ᠎ᠶ᠋ᠢᠨ ᠬᠠᠷᠠᠭ᠎ᠠ ᠪᠠᠨ ᠠᠯᠳᠠᠭᠰᠠᠳ᠎ᠤᠨ ᠰᠤᠷᠭᠠᠭᠤᠯᠢ᠎ᠳᠤ 《ᠭᠡᠷᠡᠯ ᠭᠡᠭᠡᠶᠢᠨᠤᠴᠢ》 ᠵᠢ ᠴᠤᠭ᠍ᠯᠠᠭᠤᠯᠵᠤ᠂ ᠸᠠᠩ ᠵᠢᠩ ᠵᠡᠭᠡᠯᠢ ᠭᠤᠳᠤᠮᠵᠢ᠎ᠶ᠋ᠢᠨ ᠸᠧᠨ ᠰᠢᠨ ᠰᠠᠭᠤᠭᠠᠯᠢ ᠲᠤᠭᠤᠷᠢᠭ᠎ᠠᠴᠠ《ᠬᠠᠷᠢᠯᠴᠠᠨ ᠬᠠᠪᠰᠤᠷᠤᠯᠴᠠᠬᠤᠢᠶᠢᠨ ᠤᠴᠢ》᠎ᠶᠢ ᠴᠤᠭ᠍ᠯᠠᠭᠤᠯᠵᠤ᠂ ᠳᠤᠮᠳᠠᠳᠤ ᠤᠯᠤᠰ᠎ᠤᠨ ᠬᠠᠷᠠᠭ᠎ᠠ ᠪᠠᠨ ᠠᠯᠳᠠᠭᠰᠠᠳ᠎ᠤᠨ ᠪᠢᠴᠢᠭ᠎ᠦᠨ ᠨᠣᠮ᠎ᠤᠨ ᠰᠠᠩ᠎ᠠᠴᠠ《ᠬᠦᠰᠡᠯᠡᠩ᠎ᠦᠨ ᠤᠴᠢ》᠎ᠶᠢ ᠴᠤᠭ᠍ᠯᠠᠭᠤᠯᠵᠤ᠂ ᠶᠡᠬᠡ ᠲᠠᠲᠠᠮᠠᠯ ᠭᠣᠣᠯ᠎ᠤᠨ ᠤᠰᠤᠨ ᠵᠠᠮ᠎ᠤᠨ ᠵᠥᠭᠡᠭᠡᠪᠦᠷᠢ᠎ᠶ᠋ᠢᠨ ᠭᠠᠷᠠᠮ᠎ᠠᠴᠠ《ᠡᠬᠢ ᠤᠷᠤᠰᠭᠠᠯ᠎ᠤᠨ ᠤᠴᠢ》᠎ᠶᠢ ᠴᠤᠭ᠍ᠯᠠᠭᠤᠯᠵᠤ᠂ ᠪᠠ ᠳ᠋ᠠ ᠯᠢᠩ ᠳᠠᠪᠠᠭᠠᠨ᠎ᠤ ᠡᠷᠲᠡᠨ᠎ᠦ ᠤᠷᠳᠤ ᠴᠠᠭᠠᠨ ᠬᠡᠷᠡᠮ᠎ᠡᠴᠡ 《ᠡᠩᠬᠡ ᠲᠠᠢᠪᠤᠩ᠎ᠤᠨ ᠤᠴᠢ》᠎ᠶᠢ ᠴᠤᠭ᠍ᠯᠠᠭᠤᠯᠵᠤ᠂ ᠴᠢᠭᠤᠯᠤᠯᠳᠦ ᠬᠠᠭᠠᠯᠭ᠎ᠠ ᠶ᠋ᠢᠨ《ᠴᠤᠸᠠᠩ ᠪᠠ》 ᠬᠦᠷᠢᠶᠡᠯᠡᠩ ᠲᠣᠭᠣᠷᠢᠭ ᠠᠴᠠ《ᠤᠰᠤᠲᠥ᠋ᠷᠥᠭ᠌ᠴᠢ·ᠠᠷᠢᠭᠤᠨ ᠴᠡᠪᠡᠷ᠎ᠦᠨ ᠤᠴᠢ》ᠵᠢ ᠴᠤᠭ᠍ᠯᠠᠭᠤᠯᠵᠤ᠂ ᠬᠤᠸᠠᠩᠳ᠋ᠢ ᠬᠤᠲᠠ᠎ᠠᠴᠠ《ᠪᠣᠯᠪᠠᠰᠤᠨ᠎ᠤ ᠤᠴᠢ》᠎ᠶᠢ ᠴᠤᠭ᠍ᠯᠠᠭᠤᠯᠵᠤ᠂ ᠲᠢᠶᠠᠨᠲ᠋ᠠᠨ ᠴᠡᠴᠡᠷᠯᠢᠭ᠎ᠡᠴᠡ 《ᠵᠤᠨ᠎ᠤ ᠤᠯᠢᠮᠫᠢᠺ᠎ᠤᠨ ᠤᠴᠢ》 ᠵᠢ ᠴᠤᠭ᠍ᠯᠠᠭᠤᠯᠤᠨᠠ᠃ ᠭᠠᠯ᠎ᠤᠨ ᠤᠴᠢ ᠪᠦᠷᠢ᠎ᠶᠢ ᠪᠠᠰᠠ ᠲᠤᠬᠠᠢ ᠶᠢᠨ ᠬᠤᠲᠠ ᠳ᠋ᠤ 20 ᠪᠤᠤᠭᠢᠶ᠎ᠠ᠎ᠶᠢᠨ ᠳᠤᠲᠤᠷ᠎ᠠ ᠭᠠᠯ ᠪᠠᠮᠪᠠᠷ᠎ᠤᠨ ᠳᠠᠮᠵᠢᠭᠤᠯᠭ᠎ᠠ ᠶᠢᠨ ᠬᠡᠯᠪᠡᠷᠢ ᠪᠡᠷ ᠳᠠᠮᠵᠢᠭᠤᠯᠤᠨ᠎ᠠ᠃
3 ᠰᠠᠷ᠎ᠠ᠎ᠶ᠋ᠢᠨ 2᠎ᠤᠨ ᠡᠳᠦᠷ᠎ᠦᠨ ᠦᠳᠡ᠎ᠶ᠋ᠢᠨ ᠬᠣᠢᠨ᠎ᠠ᠂ ᠲᠢᠶᠠᠨᠲ᠋ᠠᠨ ᠴᠡᠴᠡᠷᠯᠢᠭ᠎ᠲᠦ ᠭᠠᠯ᠎ᠤᠨ ᠤᠴᠢ᠎ᠶᠢ ᠪᠦᠷᠢᠳᠦᠭᠦᠯᠬᠦ ᠶᠣᠰᠣᠯᠠᠯ ᠶᠠᠪᠤᠭᠤᠯᠵᠤ᠂ ᠪᠡᠭᠡᠵᠢᠩ᠂ ᠶᠠᠨ ᠴᠢᠩ᠂ ᠴᠢᠭᠤᠯᠤᠯᠳᠤ ᠬᠠᠭᠠᠯᠭ᠎ᠠ᠎ᠶ᠋ᠢᠨ ᠭᠤᠷᠪᠠᠨ ᠤᠷᠤᠯᠳᠤᠭᠠᠨ᠎ᠤ ᠲᠣᠭᠣᠷᠢᠭ᠎ᠠᠴᠠ ᠴᠤᠭ᠍ᠯᠠᠭᠤᠯᠤᠭ᠍ᠰᠠᠨ 8 ᠭᠠᠯ᠎ᠤᠨ ᠤᠴᠢ᠎ᠶᠢ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠭᠦᠰᠦᠭ᠌ᠰᠡᠨ ᠭᠠᠵᠠᠷ ᠪᠣᠯᠬᠤ ᠠᠩᠭᠯᠢ᠎ᠶ᠋ᠢᠨ ᠮᠠᠨᠳᠧᠸᠢᠯᠯᠧ ᠡᠴᠡ ᠴᠤᠭ᠍ᠯᠠᠭᠤᠯᠤᠭ᠍ᠰᠠᠨ 9 ᠭᠠᠯ᠎ᠤᠨ ᠤᠴᠢ᠎ᠲᠡᠶ ᠨᠡᠢᠯᠡᠭᠦᠯᠵᠦ᠂ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠪᠠᠨ᠎ᠤ ᠲᠠᠯ᠎ᠠ᠎ᠶ᠋ᠢᠨ ᠭᠠᠯ᠎ᠤᠨ ᠤᠴᠢ᠎ᠶᠢ ᠪᠦᠷᠢᠯᠳᠦᠭᠦᠯᠦᠨ᠎ᠡ᠃ ᠭᠠᠯ᠎ᠤᠨ ᠤᠴᠢ ᠪᠦᠷᠢᠳᠦᠭᠦᠯᠬᠦ ᠶᠣᠰᠣᠯᠠᠯ᠎ᠤᠨ ᠲᠠᠷᠠᠭ᠎ᠠ᠂ ᠦᠷᠭᠦᠯᠵᠢᠯᠡᠨ《ᠶᠢᠰᠦᠨ ᠲᠩᠷᠢ᠎ᠶ᠋ᠢᠨ ᠭᠠᠯ》ᠵᠢᠡᠷ ᠭᠣᠣᠯ ᠰᠡᠳᠦᠪ ᠪᠣᠯᠭᠠᠭ᠍ᠰᠠᠨ ᠲᠢᠶᠠᠨᠲ᠋ᠠᠨ ᠴᠡᠴᠡᠷᠯᠢᠭ᠎ᠤᠨ ᠭᠠᠯ ᠪᠠᠮᠪᠠᠷ ᠳᠠᠮᠵᠢᠭᠤᠯᠭ᠎ᠠ ᠶᠠᠪᠤᠭᠳᠠᠨ᠎ᠠ᠃
3 ᠰᠠᠷ᠎ᠠ ᠶ᠋ᠢᠨ 3 ᠤ ᠡᠳᠦᠷ᠎ᠦᠨ ᠦᠳᠡ ᠶ᠋ᠢᠨ ᠡᠮᠦᠨ᠎ᠡ 《ᠡᠪᠦᠯ᠎ᠦᠨ ᠤᠯᠠᠷᠢᠯ᠎ᠤᠨ ᠣᠯᠢᠮᠫᠢᠺᠲᠤ᠌ ᠬᠦᠰᠡᠯ᠎ᠢᠶᠡᠨ ᠲᠡᠷᠭᠡᠯᠰᠢᠭᠦᠯᠬᠦ》 ᠪᠠᠷ ᠭᠣᠣᠯ ᠰᠡᠳᠦᠪ ᠪᠣᠯᠭᠠᠭ᠍ᠰᠠᠨ ᠴᠢᠭᠤᠯᠤᠯᠲᠤ ᠬᠠᠭᠠᠯᠭ᠎ᠠ ᠶ᠋ᠢᠨ ᠬᠣᠲᠠ ᠶ᠋ᠢᠨ ᠠᠷᠠᠳ᠎ᠤᠨ ᠠᠭᠤᠳᠠᠮ ᠲᠠᠯᠠᠪᠠᠶ᠂ 《ᠴᠠᠰᠤᠨ ᠪᠦᠵᠢᠭ᠎ᠤᠨ ᠬᠥᠭ ᠠᠶᠠᠰ》᠎ᠢᠶᠠᠷ ᠭᠣᠣᠯ ᠰᠡᠳᠦᠪ ᠪᠣᠯᠭᠠᠭ᠍ᠰᠠᠨ ᠴᠥᠩ ᠯᠢᠲᠡᠶ ᠡᠤ ᠶᠢᠨ ᠴᠠᠨᠠᠯᠠᠯᠲᠠ᠎ᠶᠢᠨ ᠲᠠᠯᠠᠪᠠᠶ᠂《ᠡᠷᠲᠡᠨ᠎ᠦ ᠪᠠᠯᠭᠠᠰᠤᠨ᠎ᠤ ᠱᠢᠨ᠎ᠡ ᠳᠦᠷᠬᠦ》 ᠪᠡᠷ ᠭᠣᠣᠯ ᠰᠡᠳᠦᠪ ᠪᠣᠯᠭᠠᠭ᠍ᠰᠠᠨ ᠸᠧᠶ ᠱᠢᠶᠠᠨ᠎ᠤ ᠨᠤᠸᠠᠨ ᠴᠢᠤᠸᠠᠨ᠎ᠤ ᠡᠷᠲᠡᠨ᠎ᠦ ᠪᠠᠯᠭᠠᠰᠤ ᠪᠣᠯᠤᠨ 《ᠪᠣᠬᠢᠷᠲᠤᠯ ᠦᠭᠡᠶ ᠠᠮᠢ ᠠᠬᠤᠶ》 ᠪᠠᠷ ᠭᠣᠣᠯ ᠰᠡᠳᠦᠪ ᠪᠣᠯᠭᠠᠭ᠍ᠰᠠᠨ ᠬᠤᠸᠠᠢ ᠯᠠᠶ᠎ᠶᠢᠨ ᠭᠤᠸᠠᠨ ᠲᠢᠩ ᠤᠰᠤᠨ ᠴᠥᠭᠥᠷᠥᠮ᠎ᠦᠨ ᠨᠤᠭᠤ ᠭᠠᠵᠠᠷ᠎ᠤᠨ ᠴᠡᠴᠡᠷᠯᠢᠭ᠎ᠲᠦ ᠭᠠᠯ ᠪᠠᠮᠪᠠᠷ ᠳᠠᠮᠵᠢᠭᠤᠯᠤᠨ᠎ᠠ ᠃
3 ᠰᠠᠷ᠎ᠠ᠎ᠶ᠋ᠢᠨ 3᠎ᠤ ᠡᠳᠦᠷ᠎ᠦᠨ ᠦᠳᠡ᠎ᠶ᠋ᠢᠨ ᠬᠣᠢᠨ᠎ᠠ᠂《ᠳᠠᠶᠠᠭᠠᠷ ᠤᠯᠤᠰ᠎ᠤᠨ ᠴᠡᠴᠡᠷᠯᠢᠭ》 ᠵᠢᠡᠷ ᠭᠣᠸ᠋ᠯ ᠰᠡᠳᠦᠪ ᠪᠣᠯᠭᠠᠭ᠍ᠰᠠᠨ ᠪᠡᠭᠡᠵᠢᠩ᠎ᠦᠨ ᠱ᠌ᠢ ᠶᠤᠸᠠᠨ ᠴᠡᠴᠡᠷᠯᠢᠭ᠎ᠲᠦ ᠭᠠᠯ ᠪᠠᠮᠪᠠᠷ ᠳᠠᠮᠵᠢᠭᠤᠯᠤᠨ᠎ᠠ᠃ 3᠎ᠤ ᠦᠳᠡ᠎ᠶ᠋ᠢᠨ ᠬᠣᠢᠨ᠎ᠠ ᠪᠠᠰᠠ ᠣᠯᠢᠮᠫᠢᠺ᠎ᠤᠨ ᠤᠢ ᠱᠢᠭᠤᠢ᠎ᠶ᠋ᠢᠨ ᠴᠡᠴᠡᠷᠯᠢᠭ᠎ᠦᠨ ᠡᠮᠦᠨ᠎ᠡ ᠬᠦᠷᠢᠶᠡᠯᠡᠩ᠎ᠳᠦ ᠪᠢᠲᠡᠭᠦᠮᠵᠢᠯᠡᠭᠰᠡᠨ ᠲᠤᠭᠤᠷᠢᠭ ᠳᠣᠲᠣᠷᠠᠬᠢ ᠭᠠᠯ ᠪᠠᠮᠪᠠᠷ᠎ᠤᠨ ᠳᠠᠮᠵᠢᠭᠤᠯᠭ᠎ᠠ ᠶᠠᠪᠤᠭᠳᠠᠵᠤ᠂ ᠤᠯᠠᠨ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠵᠥᠪᠯᠡᠯ᠎ᠦᠨ ᠶᠡᠬᠡ ᠭᠡᠷ ᠪᠦᠯᠢ᠎ᠶ᠋ᠢᠨ 20 ᠭᠠᠷᠤᠢ ᠭᠠᠯ ᠪᠠᠮᠪᠠᠷᠴᠢᠨ ᠳᠠᠮᠵᠢᠭᠤᠯᠬᠤ ᠠᠵᠢᠯ᠎ᠢ ᠭᠦᠢᠴᠡᠳᠬᠡᠨ᠎ᠡ᠃
3 ᠰᠠᠷ᠎ᠠ᠎ᠶ᠋ᠢᠨ 4᠎ᠦ ᠡᠳᠦᠷ 《ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ》 ᠪᠡᠷ ᠭᠣᠸ᠋ᠯ ᠰᠡᠳᠦᠪ ᠪᠣᠯᠭᠠᠭ᠍ᠰᠠᠨ ᠪᠡᠭᠡᠵᠢᠩ ᠬᠣᠲᠠ᠎ᠶ᠋ᠢᠨ ᠵᠡᠮᠳᠡᠭ᠌ᠴᠦᠳ᠎ᠦᠨ ᠰᠣᠶᠣᠯ ᠪᠡᠶ᠎ᠡ᠎ᠶ᠋ᠢᠨ ᠲᠠᠮᠢᠷ᠎ᠤᠨ ᠵᠢᠯᠣᠭᠣᠳᠭᠤ ᠲᠥᠪ᠂ 《ᠬᠦᠰᠡᠯ᠎ᠢᠶᠡᠨ ᠲᠡᠷᠭᠡᠯᠰᠢᠭᠦᠯᠬᠦ ᠵᠠᠮ》 ᠵᠢᠡᠷ ᠭᠣᠸ᠋ᠯ ᠰᠡᠳᠦᠪ ᠪᠣᠯᠭᠠᠭ᠍ᠰᠠᠨ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠬᠠᠮᠢᠶᠠᠷᠤᠯᠲᠠ᠎ᠶ᠋ᠢᠨ ᠲᠥᠪ ᠪᠠ 《ᠡᠪᠦᠯ᠎ᠦᠨ ᠣᠯᠢᠮᠫᠢᠺ᠎ᠤᠨ ᠬᠡᠷ》 ᠵᠢᠡᠷ ᠭᠣᠸ᠋ᠯ ᠰᠡᠳᠦᠪ ᠪᠣᠯᠭᠠᠭ᠍ᠰᠠᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠰᠠᠭᠤᠭ᠎ᠠ ᠭᠠᠵᠠᠷ᠎ᠲᠤ ᠭᠠᠯ ᠪᠠᠮᠪᠠᠷ ᠳᠠᠮᠵᠢᠭᠤᠯᠤᠨ᠎ᠠ᠃
ᠢᠷᠡᠯᠲᠡ᠄ ᠲᠦᠪ ᠲᠧᠯᠸᠢᠰ᠎ᠤᠨ ᠰᠤᠨᠢᠨ ᠮᠡᠳᠡᠭᠡᠨ᠎ᠤ ᠰᠢᠯᠵᠢᠶ᠎ᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃