2022-03-05 08:08:39
ᠰᠢ ᠵᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ
ᠯᠢ ᠺᠸ ᠴᠢᠶᠠᠩ ᠯᠢ ᠵᠠᠨ ᠱᠸ᠋ ᠸᠠᠩ ᠶᠠᠩ ᠸᠠᠩ ᠬ᠍ᠸ᠋ ᠨᠢᠩ ᠵᠤᠤ ᠯᠸ ᠵᠶ᠋ᠢ ᠬᠠᠨ ᠵᠧᠩ ᠸᠠᠩ ᠴᠢ ᠱᠠᠨ ᠳᠡᠯᠡᠬᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ ᠵᠢᠨ ᠳᠠᠮᠢᠷ᠎ᠤᠨ ᠬᠦᠳᠡᠯᠬᠡᠬᠡᠨ᠎ᠤ ᠵᠥᠪᠯᠡᠯ᠎ᠦᠨ ᠲᠡᠷᠢᠭᠦᠯᠡᠭ᠌ᠴᠢ ᠫᠠᠰᠸᠨᠰ ᠣᠷᠣᠯᠴᠠᠪᠠ

3 ᠰᠠᠷ᠎ᠠ ᠵᠢᠨ 4 ᠤ᠋ ᠤᠷᠤᠢ᠂ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠪᠡᠭᠡᠵᠢᠩ᠎ᠦᠨ 2022 ᠤᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠶᠤᠸᠠᠢ ᠶᠤᠸᠠᠢ ᠸᠸᠢ ᠰᠡᠬᠦᠳᠡᠷᠯᠡᠪᠡ

3 ᠰᠠᠷ᠎ᠠ ᠵᠢᠨ 4 ᠤ᠋ ᠤᠷᠤᠢ᠂ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠃ ᠰᠢ ᠵᠢᠨ ᠫᠢᠩ᠂ ᠯᠢ ᠺᠸ ᠴᠢᠶᠠᠩ᠂ ᠯᠢ ᠵᠠᠨ ᠱᠸ᠋᠂ ᠸᠠᠩ ᠶᠠᠩ᠂ ᠸᠠᠩ ᠬ᠍ᠸ᠋ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠵᠡᠷᠭᠡ ᠨᠠᠮ ᠪᠠ ᠲᠦᠷᠦ᠍᠎ᠶ᠋ᠢᠨ ᠤᠳᠤᠷᠢᠳᠭᠤ ᠬᠥᠮᠦᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃
ᠰᠢᠨᠬᠤᠸᠠ ᠬᠤᠷᠢᠶᠠᠨ᠎ᠤ ᠰᠤᠷᠪᠤᠯᠵᠢᠯᠠᠬᠴᠢ ᠰᠢᠶᠸ ᠬᠤᠸᠠᠨ ᡂᠢ ᠰᠡᠬᠦᠳᠡᠷᠯᠡᠪᠡ
ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 4 ᠤ᠋ ᠴᠠᠬᠢᠯᠭᠠᠨ ᠮᠡᠳᠡᠭᠡ ᠠᠮᠢ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠬᠦᠴᠦᠷᠬᠡᠭᠵᠢᠬᠦ ᠪᠡᠷ ᠬᠦᠴᠦᠯᠡᠨ ᠴᠢᠷᠮᠠᠢᠬᠰᠠᠳ ᠲᠸ᠋ ᠮᠠᠬᠳᠠᠭᠠᠯ ᠳᠡᠪᠰᠢᠬᠦᠯᠦᠨ᠎ᠡ᠃ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ 4 ᠤ᠋ ᠤᠷᠤᠢ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠦᠪᠡᠳᠡᠭ᠌ᠰᠢ ᠶᠡᠬᠡᠪᠡᠷ ᠶᠠᠪᠤᠭ᠍ᠳᠠᠪᠠ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃
ᠯᠢ ᠺᠸ ᠴᠢᠶᠠᠩ᠂ ᠯᠢ ᠵᠠᠨ ᠱᠸ᠋᠂ ᠸᠠᠩ ᠶᠠᠩ᠂ ᠸᠠᠩ ᠬ᠍ᠸ᠋ ᠨᠢᠩ᠂ ᠵᠤᠤ ᠯᠸ ᠵᠶ᠋ᠢ᠂ ᠬᠠᠨ ᠵᠧᠩ᠂ ᠸᠠᠩ ᠴᠢ ᠱᠠᠨ ᠵᠡᠷᠭᠡ ᠨᠠᠮᠪᠠᠲᠦᠷᠦ᠍ᠶ᠋ᠢᠨ ᠤᠳᠤᠷᠢᠳᠭᠤ ᠬᠥᠮᠦᠨ᠂ ᠳᠡᠯᠡᠬᠡᠢ᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠦᠳᠡᠯᠬᠡᠬᠡᠨ᠎ᠤ ᠵᠥᠪᠯᠡᠯ᠎ᠦᠨ ᠲᠡᠷᠢᠭᠦᠯᠡᠭ᠌ᠴᠢ ᠫᠠᠰᠸᠨᠰ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃
ᠵᠡᠮᠳᠡᠭ᠌ᠴᠦᠳ ᠪᠦᠬᠦ᠌ ᠪᠥᠮᠪᠥᠷᠴᠡᠭ᠎ᠦᠨ ᠶᠡᠷᠦᠩᠬᠡᠢ ᠬᠥᠮᠦᠨ ᠠᠮᠠ᠎ᠶ᠋ᠢᠨ 15% ᠱᠢᠬᠠᠮ᠎ᠢ ᠡᠵᠡᠯᠡᠵᠦ᠍ ᠪᠠᠢᠳᠠᠭ᠂ ᠳᠡᠳᠡ ᠪᠤᠯ ᠵᠢᠷᠭᠠᠯ ᠵᠣᠪᠠᠯᠠᠩ᠎ᠢᠶᠠᠨ ᠬᠠᠮᠲᠤᠳᠭᠠᠭ᠍ᠰᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠴᠢᠬᠤᠯᠠ ᠪᠦᠷᠢᠯᠳᠦᠬᠦᠨ ᠬᠡᠰᠡᠭ ᠮᠦᠨ᠃ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯ ᠪᠡᠭᠡᠵᠢᠩ᠎ᠦᠨ 2008 ᠣᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭᠠᠬᠢ ᠳᠤᠮᠳᠠᠳᠤ ᠤᠯᠤᠰ ᠡᠴᠡ ᠡᠷᠬᠢᠯᠡᠭ᠌ᠰᠡᠨ ᠪᠠᠰᠠ ᠨᠢᠭᠡᠨ ᠪᠦᠬᠦ᠌ ᠪᠥᠮᠪᠥᠷᠴᠡᠭ᠎ᠦᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠤᠨ᠎ᠠ᠃
ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠥᠩᠭᠡᠲᠦ ᠳ᠋ᠧᠩ ᠳᠤᠸᠠᠯᠠᠵᠤ᠂ ᠬᠡᠷᠡᠯ ᠬᠢᠯᠪᠠᠭ᠎ᠠ ᠰᠠᠴᠤᠷᠠᠨ᠎ᠠ᠃ 19 ᠴᠠᠭ 57 ᠮᠢᠨᠦ᠋ᠲ᠎ᠲᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠦᠯᠳᠡ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠶ᠋ᠢᠨ ᠲᠥᠪ᠎ᠲᠡᠬᠢ ᠲᠤᠮᠤ ᠳᠡᠯᠭᠡᠴᠡ ᠳᠡᠭᠡᠷ᠎ᠡ ᠢᠯᠡᠷᠡᠪᠡ᠃ 《ᠡᠩᠬᠡ ᠲᠠᠢᠪᠤᠩ — ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ》 ᠭᠡᠬᠦ᠌ ᠬᠥᠭ᠌ᠵᠢᠮ᠎ᠦᠨ ᠠᠶᠠᠰ ᠳᠤᠮᠳᠠ᠂ ᠰᠢ ᠵᠢᠨ ᠫᠢᠩ ᠬᠠᠳᠤᠨ ᠫᠸᠩ ᠯᠢ ᠶᠤᠸᠠᠨ ᠲᠠᠢ ᠪᠠᠨ ᠬᠠᠮᠳᠤ ᠫᠠᠰᠸᠨᠰ ᠨᠠᠷ ᠳᠠᠢ ᠲᠡᠷᠢᠭᠦᠯᠡᠭ᠌ᠴᠢ᠎ᠶ᠋ᠢᠨ ᠲᠠᠢᠰᠠᠨ᠎ᠳᠤ ᠭᠠᠷᠴᠤ᠌᠂ ᠦᠵᠡᠭ᠌ᠴᠢᠳ᠎ᠦᠨ ᠵᠦᠭ ᠭᠠᠷ ᠳᠠᠯᠠᠯᠤᠨ ᠮᠡᠨᠳᠦᠴᠢᠯᠡᠪᠡ᠃ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠱᠢᠵᠠᠭᠠᠯᠠ᠃
ᠲᠠᠯᠠᠪᠠᠶ᠎ᠶ᠋ᠢᠨ ᠲᠥᠪᠲᠦᠮᠳᠠ᠂ ᠬᠡᠷᠡᠯ ᠰᠠᠴᠤᠷᠠᠬᠰᠠᠨ ᠣᠳᠣᠨ ᠮᠡᠴᠢᠳ᠎ᠦᠨ ᠲᠡᠯᠡᠶ᠎ᠳᠦ᠂ ᠦᠩᠬᠡᠷᠡᠭᠰᠡᠨ 12 ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ ᠡᠷᠭᠢᠯᠡᠭᠰᠡᠨ ᠬᠣᠲᠠ᠎ᠶ᠋ᠢᠨ ᠨᠡᠷᠡᠢᠳᠦᠯ ᠢᠯᠡᠷᠡᠵᠦ᠍᠂ ᠡᠴᠦᠰ᠎ᠲᠡᠬᠡᠨ 《2022 ᠪᠡᠭᠡᠵᠢᠩ》 ᠳ᠋ᠤ ᠲᠣᠭ᠍ᠳᠠᠪᠠ᠃ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠢᠷᠭᠤᠭᠠᠨ ᠶᠡᠬᠡ ᠤᠷᠤᠯᠳᠤᠭᠠᠨ᠎ᠤ ᠲᠦᠷᠦᠯ ᠵᠦᠢᠯ᠎ᠢ ᠳᠦᠯᠦᠬᠡᠯᠡᠭᠰᠡᠨ ᠲᠠᠮᠢᠷᠴᠢᠳ ᠨᠢᠭᠡ ᠵᠤᠷᠪᠤᠰ ᠴᠠᠰᠤᠨ ᠵᠠᠮ᠎ᠢᠶᠠᠷ ᠲᠦᠷᠭᠡᠨ ᠳᠡᠰᠢᠨ ᠪᠠᠭᠤᠵᠤ᠂ ᠲᠠᠯᠠᠪᠠᠢ᠎ᠳᠤ ᠭᠤᠯᠭᠤᠨ ᠣᠷᠣᠵᠠᠭᠠᠪᠠ᠃ ᠲᠠᠯᠠᠪᠤᠷ᠎ᠤᠨ ᠭᠣᠣᠯᠳᠤᠮᠳᠠ ᠨᠢᠭᠡ ᠭᠤᠯᠭᠤᠭᠤᠷ ᠴᠢᠯᠠᠭᠤᠨ ᠪᠦᠮᠪᠦᠬᠡ᠎ᠶ᠋ᠢᠨ ᠤᠷᠤᠯᠳᠤᠭᠠᠨ᠎ᠤ ᠵᠠᠮ ᠢᠯᠡᠷᠡᠵᠦ᠍᠂ ᠭᠤᠯᠭᠤᠭᠤᠷ ᠴᠢᠯᠠᠭᠤᠨ ᠪᠦᠮᠪᠦᠬᠡ᠎ᠶ᠋ᠢᠨ ᠭᠤᠯᠭᠤᠨ ᠭᠠᠷᠬᠤ᠎ᠶ᠋ᠢ ᠳᠠᠭᠠᠯᠳᠤᠨ᠂ ᠲᠤᠭᠠᠨ᠎ᠤ ᠰᠤᠯᠢᠬᠳᠠᠯ ᠲᠠᠯᠠᠪᠠᠢ ᠳᠤ ᠢᠯᠡᠷᠡᠨ᠎ᠡ ᠄ 10᠂ 9᠂ 8᠂ 7᠂ 6᠂ 5᠂ 4᠂ 3᠂ 2᠂ 1 ᠁ ᠲᠠᠯᠠᠪᠠᠢᠳᠠᠶᠠᠭᠠᠷ ᠤᠷᠠᠢ ᠬᠠᠰᠬᠢᠷᠤᠨᠡ᠃
ᠨᠡᠪᠲᠡᠷᠡᠭᠦᠯᠦᠭ᠌ᠴᠢᠡᠴᠡᠦᠵᠡᠭ᠌ᠴᠢᠳᠲᠦᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ᠂ ᠳᠡᠯᠡᠬᠡᠢ᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠦᠳᠡᠯᠬᠡᠬᠡᠨ᠎ᠤ ᠵᠥᠪᠯᠡᠯ᠎ᠦᠨ ᠲᠡᠷᠢᠭᠦᠯᠡᠭ᠌ᠴᠢ ᠫᠠᠰᠸᠨᠰᠢ ᠲᠠᠨᠢᠯᠴᠠᠭᠤᠯᠵᠤ᠂ ᠰᠢ ᠵᠢᠨ ᠫᠢᠩ ᠪᠣᠯᠤᠨ ᠫᠠᠰᠸᠨᠰ ᠤᠯᠠᠨ᠎ᠲᠠᠶ ᠭᠠᠷ ᠳᠠᠯᠠᠯᠤᠨ ᠮᠡᠨᠳᠦᠴᠢᠯᠡᠬᠦ᠌ᠳᠦ ᠳᠠᠯᠠᠪᠠᠢ ᠳᠠᠶᠠᠭᠠᠷ ᠳᠠᠬᠢᠨᠲᠠ ᠨᠢᠵᠢᠭᠢᠨᠡᠲᠡᠯ᠎ᠡ ᠠᠯᠠᠭ᠎ᠠ ᠳᠠᠱᠢᠵᠠᠭᠠᠪᠠ᠃
ᠵᠡᠮᠳᠡᠭ᠌ᠴᠦᠳ᠎ᠦᠨ ᠨᠠᠢᠷᠠᠯ ᠳᠠᠭᠤᠤ᠎ᠶ᠋ᠢᠨ ᠪᠦᠯᠬᠦᠮ᠎ᠦᠨ 《ᠪᠢ ᠡᠬᠡ ᠤᠯᠤᠰ᠎ᠲᠠᠶ᠎ᠪᠠᠨ》 ᠭᠡᠬᠦ᠌ ᠭᠦᠨ ᠰᠡᠳᠭᠢᠯᠭᠡ᠎ᠲᠡᠶ ᠳᠠᠭᠤᠤ᠎ᠶ᠋ᠢᠨ ᠳᠤᠮᠳᠠ᠂ ᠳᠤᠮᠳᠠᠳᠤ ᠤᠯᠤᠰ᠎ᠤᠨ 8 ᠵᠡᠮᠳᠡᠭ ᠲᠠᠮᠢᠷᠴᠢᠨ ᠪᠣᠯᠤᠨ ᠵᠡᠮᠳᠡᠭ᠌ᠴᠦᠳ᠎ᠦᠨ ᠦᠢᠯᠡᠰ᠎ᠲᠦ ᠬᠤᠪᠢ ᠨᠡᠮᠡᠷᠢ ᠦᠵᠡᠭᠦᠯᠦᠭ᠌ᠰᠡᠨ ᠬᠥᠮᠦᠰ᠎ᠦᠨ ᠲᠥᠯᠥᠭᠡᠯᠡᠭ᠌ᠴᠢ ᠲᠠᠪᠤᠨ ᠣᠳᠣᠲᠤ ᠤᠯᠠᠭᠠᠨ ᠲᠤᠭ᠎ᠢ ᠡᠷᠬᠦᠨ ᠲᠠᠮᠢᠷ᠎ᠤᠨ ᠲᠠᠯᠠᠪᠠᠢ᠎ᠶ᠋ᠢᠨ ᠲᠤᠭ ᠮᠠᠨᠳᠤᠭᠤᠯᠬᠤ ᠲᠣᠭᠣᠷᠢᠭ᠎ᠲᠤ ᠬᠦᠷᠪᠡ᠃ 20 ᠴᠠᠭ 08 ᠮᠢᠨᠦ᠋ᠲ᠎ᠲᠦ᠂ ᠰᠦᠷ ᠵᠢᠪᠬᠤᠯᠠᠩᠲᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶ᠋ᠢᠨ ᠳᠤᠮᠳᠠ᠂ ᠲᠠᠪᠤᠨ ᠣᠳᠣᠲᠤ ᠤᠯᠠᠭᠠᠨ ᠲᠣᠭ ᠠᠯᠭᠤᠷᠬᠠᠨ ᠮᠠᠨᠳᠤᠪᠠ᠃
ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 4 ᠬᠥᠭᠡᠷᠦᠬᠦᠨ ᠥᠯᠵᠡᠢᠲᠦ ᠠᠮᠢᠲᠠᠨ 《ᠰᠢᠥᠸᠠᠢ ᠷᠦᠩ ᠷᠦᠩ》 ᠲᠠᠯᠠᠪᠠᠢ᠎ᠳᠤ ᠭᠤᠯᠭᠤᠨ ᠣᠷᠣᠵᠤ᠂ ᠲᠠᠮᠢᠷᠴᠢᠳ᠎ᠤᠨ ᠲᠠᠯᠠᠪᠠᠢ᠎ᠳᠤ ᠣᠷᠣᠬᠤ ᠶᠣᠰᠣᠯᠠᠯ ᠡᠬᠢᠯᠡᠪᠡ᠃ ᠳᠡᠯᠡᠬᠡᠶ᠎ᠶ᠋ᠢᠨ ᠡᠯ᠎ᠡ ᠭᠠᠵᠠᠷ᠎ᠡᠴᠡ ᠬᠦᠷᠦᠯᠴᠡᠨ ᠢᠷᠡᠭ᠌ᠰᠡᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ᠎ᠤᠨ ᠲᠥᠯᠥᠭᠡᠯᠡᠭ᠌ᠴᠢᠳ ᠴᠣᠭ ᠵᠢᠪᠬᠤᠭ᠎ᠠ᠎ᠲᠠᠶ᠎ᠪᠠᠷ ᠲᠠᠮᠢᠷ᠎ᠤᠨ ᠲᠠᠯᠠᠪᠠᠶ᠎ᠳᠤ ᠣᠷᠣᠵᠠᠭᠠᠪᠠ᠃ ᠠᠬᠤᠶ ᠲᠠᠯᠠᠪᠠᠶ᠎ᠶ᠋ᠢᠨ ᠦᠵᠡᠭ᠌ᠴᠢᠳ ᠬᠠᠯᠠᠭᠤᠨ ᠠᠯᠠᠭ᠎ᠠ ᠲᠡᠱᠢᠯᠲᠡ ᠪᠠ ᠤᠷᠠᠢᠯᠠᠬᠤ ᠲᠠᠭᠤᠨ᠎ᠢᠶᠠᠷ ᠲᠡᠳᠡᠨ᠎ᠢ ᠪᠠᠶᠠᠷᠯᠠᠨ ᠤᠭ᠍ᠲᠤᠵᠤ ᠪᠠᠢᠬᠤ ᠪᠠ ᠬᠦᠨᠳᠦᠳᠭᠡᠯ ᠳᠡᠪᠱᠢᠭᠦᠯᠵᠦ᠍ ᠪᠠᠢᠬᠤ᠎ᠪᠠᠨ ᠢᠯᠡᠳᠭᠡᠪᠡ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠨᠡᠢ᠌ᠲᠡ 46 ᠤᠯᠤᠰ (ᠭᠠᠵᠠᠷ ᠣᠷᠣᠨ) ᠡᠴᠡ ᠢᠷᠡᠭ᠌ᠰᠡᠨ ᠲᠥᠯᠥᠭᠡᠯᠡᠭ᠌ᠴᠢᠳ᠎ᠦᠨ ᠪᠦᠯᠬᠦᠮ ᠣᠷᠣᠯᠴᠠᠨᠡ᠃ ᠢᠷᠡᠬᠦ᠌ 9 ᠡᠳᠦᠷ᠎ᠲᠦ 600 ᠱᠢᠬᠠᠮ ᠵᠡᠮᠳᠡᠭ ᠲᠠᠮᠢᠷᠴᠢᠨ 6 ᠶᠡᠬᠡ ᠤᠷᠤᠯᠳᠤᠭᠠᠨ᠎ᠤ ᠳᠦᠷᠦᠯ ᠵᠦᠢᠯ᠎ᠳᠦ ᠣᠷᠣᠯᠴᠠᠬᠤ ᠪᠣᠯᠤᠨ᠎ᠠ᠃
《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠠᠶᠠᠰ᠎ᠤᠨ ᠳᠤᠮᠳᠠ᠂ ᠡᠷᠬᠢᠯᠡᠭ᠌ᠴᠢ ᠤᠯᠤᠰ ᠪᠤᠯᠬᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ ᠬᠠᠮᠤᠭ᠎ᠤᠨ ᠰᠡᠭᠦᠯ᠎ᠳᠦ ᠲᠠᠯᠠᠪᠠᠢ᠎ᠳᠤ ᠣᠷᠣᠪᠠ᠃ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠡᠭᠡᠷᠡᠯᠡᠨ ᠴᠡᠨᠡᠯᠡᠯᠲᠡ ᠪᠠ ᠡᠪᠦᠯ᠎ᠦᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠬᠯᠠᠭᠠᠨ᠎ᠤ ᠬᠣᠶᠠᠷ ᠵᠦᠢᠯ᠎ᠦᠨ ᠤᠷᠤᠯᠳᠤᠭᠠᠨ᠎ᠤ ᠲᠠᠮᠢᠷᠴᠢᠨ ᠭᠦᠸᠧ ᠢᠦᠶ ᠵᠢᠶᠧ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠬᠯᠠᠭᠠᠨ᠎ᠤ ᠮᠥᠰᠥᠨ ᠪᠥᠮᠪᠥᠭᠡ᠎ᠶ᠋ᠢᠨ ᠲᠠᠮᠢᠷᠴᠢᠨ ᠸᠠᠩ ᡁᠢ ᠳ᠋ᠦᠩ ᠲᠠᠪᠤᠨ ᠣᠳᠣᠲᠤ ᠤᠯᠠᠭᠠᠨ ᠲᠤᠭ ᠢ ᠡᠷᠭᠦᠵᠦ᠍᠂ ᠡᠩᠨᠡᠭᠡᠨ᠎ᠦ᠎ᠪᠡᠨ ᠬᠠᠮᠤᠭ᠎ᠤᠨ ᠡᠮᠦᠨ᠎ᠡ ᠨᠢ ᠶᠠᠪᠤᠨ᠎ᠠ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠬᠤ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠳᠤ ᠨᠡᠢ᠌ᠳᠡ 217 ᠬᠥᠮᠦᠨ ᠪᠤᠢ᠂ ᠡᠭᠦᠨ᠎ᠳᠦ 96 ᠲᠠᠮᠢᠷᠴᠢᠨ ᠪᠠᠢᠵᠤ᠂ 6 ᠶᠡᠬᠡ ᠲᠦᠷᠦᠯ᠂ 73 ᠪᠠᠭ᠎ᠠ ᠲᠦᠷᠦᠯ᠎ᠦᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃ ᠡᠨᠡ ᠪᠣᠯ ᠮᠠᠨ᠎ᠤ ᠤᠯᠤᠰ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ᠎ᠡᠴᠡ ᠨᠠᠭᠠᠰᠢ᠂ ᠲᠥᠯᠥᠭᠡᠯᠡᠭ᠌ᠴᠢᠳ᠎ᠦᠨ ᠪᠦᠯᠬᠦᠮ᠎ᠦᠨ ᠬᠡᠪᠴᠢᠶ᠎ᠡ ᠬᠠᠮᠤᠭ᠎ᠤᠨ ᠶᠡᠬᠡ᠂ ᠲᠠᠮᠢᠷᠴᠢᠳ᠎ᠤᠨ ᠲᠣᠭ᠎ᠠ ᠬᠠᠮᠤᠭ᠎ᠤᠨ ᠤᠯᠠᠨ᠂ ᠤᠷᠤᠯᠳᠤᠭᠠᠨ᠎ᠳᠤ ᠣᠷᠣᠯᠴᠠᠭ᠍ᠰᠠᠨ ᠲᠦᠷᠦᠯ ᠵᠦᠢᠯ ᠬᠠᠮᠤᠭ᠎ᠤᠨ ᠪᠦᠷᠢᠨ ᠨᠢᠭᠡ ᠬᠤᠭᠤᠴᠠᠭ᠎ᠠ ᠪᠣᠯᠤᠨ᠎ᠠ᠃
ᠲᠠᠮᠢᠷᠴᠢᠳ ᠲᠠᠯᠠᠪᠠᠶ᠎ᠳᠤ ᠣᠷᠣᠵᠤ ᠪᠠᠷᠠᠭ᠍ᠰᠠᠨ᠎ᠤ ᠳᠠᠷᠠᠭ᠎ᠠ᠂ ᠲᠣᠮᠣ ᠳᠡᠯᠭᠡᠴᠡ ᠳᠡᠭᠡᠷ᠎ᠡ ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠣᠬᠣᠷ ᠹᠢᠯᠢᠮ《ᠮᠠᠨ᠎ᠤ ᠡᠨᠡ 15%》 ᠶ᠋ᠢ ᠨᠡᠪᠲᠡᠷᠡᠭᠦᠯᠵᠦ᠍᠂ ᠵᠡᠮᠳᠡᠭ᠌ᠴᠦᠳ᠎ᠦᠨ ᠢᠲᠡᠭᠡᠯ ᠵᠣᠷᠢᠭ ᠪᠠ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠴᠣᠭ ᠵᠢᠪᠬᠤᠭ᠎ᠠ᠎ᠶ᠋ᠢ ᠢᠯᠡᠷᠡᠭᠦᠯᠵᠦ᠍᠂ ᠪᠥᠬᠥ᠌ ᠳᠡᠯᠡᠬᠡᠶ᠎ᠶ᠋ᠢᠨ 12 ᠳ᠋ᠦᠩᠱᠢᠭᠤᠷ ᠵᠡᠮᠳᠡᠭ᠌ᠴᠦᠳ᠎ᠦᠨ ᠲᠤᠬᠠᠢ ᠠᠩᠬᠠᠷᠤᠯ᠎ᠤᠨ ᠬᠡᠮᠵᠢᠶ᠎ᠠ᠂ ᠪᠠᠬᠳᠠᠭᠠᠮᠵᠢ᠎ᠳᠤ ᠴᠢᠨᠠᠷ ᠪᠠ ᠰᠠᠭᠠᠳ ᠦᠭᠡᠢ ᠲᠦᠪᠰᠢᠨ᠎ᠢ ᠤᠯᠠᠮ ᠴᠢᠨᠠᠬᠰᠢᠳᠠ ᠳᠡᠭᠡᠭ᠌ᠰᠢᠯᠡᠭᠦᠯᠬᠦ᠌᠎ᠶ᠋ᠢ ᠤᠷᠢᠶᠠᠯᠠᠪᠠ᠃
ᠲᠠᠷᠠᠭ᠎ᠠ ᠨᠢ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠲᠡᠷᠢᠭᠦᠯᠡᠭ᠌ᠴᠢ ᠼᠠᠢ ᠴᠢ ᠪᠠᠶᠠᠷ᠎ᠤᠨ ᠦᠭᠡ ᠬᠡᠯᠡᠪᠠ᠃ ᠲᠡᠷᠡ᠂ ᠲᠡᠷᠢᠭᠦᠯᠡᠭ᠌ᠴᠢ ᠰᠢ ᠵᠢᠨ ᠫᠢᠩ ᠦᠪᠠᠷ ᠤᠨ ᠪᠡᠶ᠎ᠡ᠎ᠪᠡᠷ᠎ᠢᠶᠡᠨ ᠠᠬᠢᠭᠤᠯᠤᠬᠰᠡᠨ ᠪᠠ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠪᠣᠬᠢᠷᠲᠤᠯ ᠦᠭᠡᠢ᠂ ᠬᠠᠮᠲᠤ᠎ᠪᠠᠷ ᠡᠳ᠋ᠯᠡᠬᠦ᠌᠂ ᠨᠡᠭᠡᠭᠡᠯᠲᠡᠲᠦ᠂ ᠠᠷᠢᠭᠤᠨ ᠴᠢᠬᠡᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ ᠵᠡᠷᠭᠡ ᠲᠠᠯ᠎ᠠ᠎ᠶ᠋ᠢᠨ ᠬᠢᠨ᠎ᠲᠡᠶ ᠬᠦᠴᠦ᠍᠎ᠪᠡᠨ ᠬᠠᠮᠲᠤᠳᠭᠠᠨ ᠬᠠᠮᠲᠤᠷᠠᠯᠴᠠᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠡᠯᠡᠳᠭᠡᠯ ᠠᠵᠢᠯ᠎ᠢ ᠨᠠᠷᠢᠨ ᠨᠢᠮᠪᠠᠢ ᠰᠠᠢᠲᠤᠷ ᠬᠢᠵᠦ᠍᠂《ᠬᠣᠶᠠᠷ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠠᠳᠠᠯᠢᠬᠠᠨ ᠭᠣᠢᠳᠠ ᠰᠠᠢᠬᠠᠨ》ᠪᠠᠢᠬᠤ ᠵᠢ ᠪᠠᠳᠤᠯᠠᠪᠠ᠃ ᠵᠡᠮᠳᠡᠭ᠌ᠴᠦᠳ᠎ᠦᠨ ᠣᠯᠢᠮᠫᠢᠺᠤᠨᠲᠠᠮᠢᠷᠤᠨᠴᠤᠭ᠍ᠯᠠᠭᠠᠨᠤᠲᠠᠮᠢᠷᠴᠢᠳᠤᠨᠭᠣᠢᠳᠠᠰᠠᠢᠬᠠᠨ ᠢᠯᠡᠷᠡᠯ᠎ᠢ ᠬᠦᠰᠡᠵᠦ ᠪᠠᠢᠨ᠎ᠠ᠂ ᠪᠢᠳᠡ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠪᠴᠢᠷᠠᠭ᠍ᠰᠠᠨ ᠤᠷᠤᠯᠳᠤᠭᠠᠨ᠎ᠤ ᠭᠤᠤ᠎ᠠ ᠰᠠᠢᠬᠠᠨ᠂ ᠤᠶᠤᠨ ᠰᠠᠨᠠᠭᠠᠨ᠎ᠤ ᠭᠤᠤ᠎ᠠ ᠰᠠᠢᠬᠠᠨ᠂ ᠠᠮᠢ ᠨᠠᠰᠤᠨ᠎ᠤ ᠭᠤᠤ᠎ᠠ ᠰᠠᠢᠬᠠᠨ᠎ᠢ ᠡᠳ᠋ᠯᠡᠶ᠎ᠡ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠯᠡᠬᠡᠢ ᠳ᠋ᠠᠬᠢᠨ᠎ᠳᠤ ᠢᠲᠡᠭᠡᠯ ᠵᠣᠷᠢᠭ᠂ ᠨᠥᠬᠥᠷᠰᠡᠭ ᠬᠠᠢᠷ᠎ᠠ ᠪᠠ ᠬᠦᠰᠡᠯ ᠡᠷᠡᠮᠡᠯᠵᠡᠯ᠎ᠢ ᠳᠠᠮᠵᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠢᠯᠡᠷᠡᠭᠦᠯᠬᠦ᠌᠎ᠶ᠋ᠢ ᠢᠲᠡᠭᠡᠵᠦ᠍ ᠪᠠᠢᠨ᠎ᠠ᠃ ᠪᠢᠳᠠ ᠭᠠᠷ ᠬᠣᠯᠪᠣᠯᠴᠠᠨ ᠢᠷᠡᠭᠡᠳᠦᠢ ᠵᠦᠭ ᠤᠷᠤᠭ᠍ᠰᠢᠯᠠᠵᠤ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠵᠡᠭᠡᠶᠡ ᠭᠡᠵᠤ ᠬᠡᠯᠡᠪᠡ᠃
ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠲᠡᠷᠢᠭᠦᠯᠡᠭ᠌ᠴᠢ ᠫᠠᠰᠸᠨᠰ ᠪᠠᠶᠠᠷ᠎ᠤᠨ ᠦᠭᠡ ᠬᠡᠯᠡᠪᠡ᠃ ᠲᠡᠷᠡ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠤᠷ ᠣᠷᠳᠣᠨ᠎ᠤ ᠲᠥᠬᠥᠭᠡᠷᠦᠮᠵᠢ ᠥᠪᠡᠷᠮᠢᠴᠡ ᠤᠷᠠᠨ ᠰᠡᠳᠬᠢᠮᠵᠢ ᠲᠠᠢ᠂ ᠤᠷᠤᠯᠳᠤᠭᠠᠨ᠎ᠤ ᠪᠠᠲᠤᠯᠠᠭ᠎ᠠ ᠨᠠᠷᠢᠨ ᠨᠢᠭ᠍ᠲᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠠᠮᠤᠷ ᠲᠦᠪᠱᠢᠨ ᠥᠨᠳᠥᠷ ᠪᠦᠲᠦᠮᠵᠢᠲᠡᠢ᠂ ᠳᠤᠮᠳᠠᠳᠤ ᠤᠯᠤᠰ᠎ᠤᠨ ᠠᠷᠠᠳ ᠲᠦᠮᠡᠨ ᠬᠠᠯᠠᠭᠤᠮᠰᠤᠭ ᠵᠣᠴᠢᠨᠰᠠᠭ ᠪᠠᠢᠵᠤ᠂ ᠠᠳᠠᠯᠢ ᠪᠤᠰᠤ ᠤᠯᠤᠰ (ᠭᠠᠵᠠᠷ ᠣᠷᠣᠨ)᠎ᠤ᠋ᠨ ᠲᠠᠮᠢᠷᠴᠢᠳ᠎ᠲᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠷᠢᠳᠢ ᠱᠢᠳᠢ᠎ᠶ᠋ᠢ ᠭᠦᠢᠴᠡᠳ ᠢᠯᠡᠷᠡᠭᠦᠯᠬᠦ᠌ ᠲᠠᠪᠴᠠᠩ ᠬᠠᠩᠭᠠᠪᠠ᠃ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠶ᠋ᠢ ᠵᠣᠷᠢᠭ᠍ᠵᠢᠭᠤᠯᠤᠨ ᠳᠠᠢᠴᠢᠯᠠᠭ᠍ᠰᠠᠨ ᠳᠤᠮᠳᠠᠳᠤ ᠤᠯᠤᠰ᠎ᠤᠨ ᠠᠵᠢᠯ᠎ᠤᠨ ᠠᠮᠵᠢᠯᠲᠠ ᠪᠦᠲᠦᠮᠵᠢ ᠲᠤᠪᠤᠢ᠌ᠮ᠎ᠠ ᠪᠠᠢᠨ᠎ᠠ ᠭᠡᠵᠤ ᠢᠯᠡᠳᠭᠡᠪᠡ᠃
21 ᠴᠠᠭ 02 ᠮᠢᠨᠦ᠋ᠲ᠎ᠲᠦ᠂ ᠡᠬᠢᠯᠡᠯᠲᠡ᠎ᠶ᠋ᠢᠨ ᠶᠣᠰᠣᠯᠠᠯ᠎ᠤᠨ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠮᠦᠴᠡ ᠬᠦᠷᠴᠦ ᠢᠷᠡᠯ᠎ᠡ᠃ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ! ᠭᠱᠠᠨ ᠵᠠᠭᠤᠷ᠎ᠠ᠂ ᠴᠠᠰᠤᠨ ᠯᠠᠪᠰᠠ ᠵᠢᠨ ᠬᠡᠯᠪᠡᠷᠢᠲᠡᠶ ᠬᠤᠸᠠᠷ ᠫᠤᠤᠵᠢᠩ ᠰᠥᠨᠢ᠎ᠶ᠋ᠢᠨ ᠣᠭ᠍ᠲᠠᠷᠭᠤᠶ᠎ᠳᠤ ᠳᠡᠯᠭᠡᠷᠡᠵᠦ᠍᠂ ᠣᠯᠢᠮᠫᠢᠺ᠎ᠤᠨ ᠴᠡᠴᠡᠷᠯᠢᠭ᠎ᠢ ᠣᠨᠴᠠᠭᠠᠶ ᠦᠵᠡᠰᠬᠦᠯᠡᠩ ᠭᠤᠶᠤ ᠪᠣᠯᠭᠠᠵᠠᠶ᠃
ᠡᠯ᠎ᠡ ᠠᠵᠢᠯ ᠲᠥᠷᠥᠯ᠎ᠡᠴᠡ ᠢᠷᠡᠭ᠌ᠰᠡᠨ ᠲᠥᠯᠥᠭᠡᠯᠡᠭ᠌ᠴᠢᠳ᠂ ᠵᠡᠮᠳᠡᠭ ᠪᠠ ᠡᠷᠡᠭᠦᠯ ᠴᠢᠭᠢᠷᠠᠭ ᠬᠠᠮᠲᠤ᠎ᠪᠠᠷ ᠠᠭᠤᠰᠤᠯᠴᠠᠭ᠍ᠰᠠᠨ ᠬᠠᠯᠠᠭᠤᠨ ᠳᠤᠯᠠᠭᠠᠨ ᠴᠠᠭ ᠮᠥᠴᠡ᠎ᠶ᠋ᠢ ᠬᠠᠮᠲᠤ᠎ᠪᠠᠷ ᠲᠣᠭ᠍ᠯᠠᠪᠠ᠃ 8 ᠲᠤᠭ᠍ᠴᠢᠨ ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠵᠥᠪᠯᠡᠯ᠎ᠦᠨ ᠲᠤᠭ᠎ᠢ ᠡᠷᠬᠦᠨ ᠲᠠᠯᠠᠪᠠᠢ᠎ᠳᠤ ᠣᠷᠣᠪᠠ᠃ ᠲᠡᠳᠡ ᠪᠣᠯ᠄ ᠳᠤᠮᠳᠠᠳᠤ ᠤᠯᠤᠰ᠎ᠤᠨ ᠡᠮᠡᠭ᠌ᠲᠡᠶ᠎ᠶ᠋ᠢᠨ ᠬᠦᠷᠳᠦᠲᠦ ᠰᠠᠨᠳᠠᠯᠢ᠎ᠶ᠋ᠢᠨ ᠰᠠᠭ᠍ᠰᠤᠨ ᠪᠥᠮᠪᠥᠭᠡ᠎ᠶ᠋ᠢᠨ ᠤᠯᠤᠰ᠎ᠤᠨ ᠠᠩᠭᠢ᠎ᠶ᠋ᠢᠨ ᠳᠠᠰᠭᠠᠯᠵᠢᠭᠤᠯᠤᠭ᠍ᠴᠢ ᠴᠧᠨ ᠴᠢ᠂ ᠬᠠᠷᠠᠭ᠎ᠠ ᠦᠭᠡᠢ ᠬᠥᠮᠦᠨ᠎ᠦ ᠡᠭᠦᠳᠡᠨ ᠪᠥᠮᠪᠥᠭᠡ᠎ᠶ᠋ᠢᠨ ᠣᠯᠠᠨ ᠤᠯᠤᠰ᠎ᠤᠨ ᠲᠡᠰ᠎ᠤᠨ ᠬᠢᠨᠠᠭ᠍ᠴᠢ ᠬᠤᠤ ᠭᠦᠸᠧ ᠬᠤᠸᠠ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠳᠥᠨ ᠪᠥᠮᠪᠥᠭᠡ᠎ᠶ᠋ᠢᠨ ᠠᠯᠲᠠᠨ ᠮᠧᠳᠠᠯ ᠬᠦᠷᠲᠡᠭ᠌ᠴᠢ ᠯᠢᠦ ᠢᠦᠶ ᠲᠦᠩ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠱᠢᠳᠡᠬᠦ᠌ ᠲᠥᠷᠥᠯ ᠵᠦᠶ᠋ᠯ᠎ᠦᠨ ᠠᠯᠲᠠᠨ ᠮᠧᠳᠠᠯ ᠬᠦᠷᠲᠡᠭ᠌ᠴᠢ ᠶᠣᠣ ᠵᠢᠦᠸᠠᠨ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠮᠪᠠᠯᠲᠠ᠎ᠶ᠋ᠢᠨ ᠠᠯᠲᠠᠨ ᠮᠧᠳᠠᠯ ᠬᠦᠷᠲᠡᠭ᠌ᠴᠢ ᠵᠠᠩ ᠯᠢ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠰᠡᠯᠡᠮ᠎ᠡ᠎ᠶ᠋ᠢᠨ ᠲᠡᠮᠡᠴᠡᠭᠡᠨ᠎ᠤ ᠠᠯᠲᠠᠨ ᠮᠧᠳᠠᠯ ᠬᠦᠷᠲᠡᠭ᠌ᠴᠢ ᠰᠦᠨ ᠭᠠᠩ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠫᠢᠩᠫᠠᠩ ᠪᠥᠮᠪᠥᠭᠡ᠎ᠶ᠋ᠢᠨ ᠠᠯᠲᠠᠨ ᠮᠧᠳᠠᠯ ᠬᠦᠷᠲᠡᠭ᠌ᠴᠢ ᠱᠢᠤᠸᠠᠢ ᠵᠢᠦᠸᠠᠨ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠰᠡᠯᠡᠮ᠎ᠡ᠎ᠶ᠋ᠢᠨ ᠲᠡᠮᠡᠴᠡᠭᠡᠨ᠎ᠤ ᠠᠯᠲᠠᠨ ᠮᠧᠳᠠᠯ ᠬᠦᠷᠲᠡᠭ᠌ᠴᠢ ᠯᠢ ᠬᠤᠤ ᠨᠠᠷ ᠪᠣᠯᠤᠨ᠎ᠠ᠃ ᠬᠠᠷᠠᠭ᠎ᠠ ᠵᠡᠮᠳᠡᠭ ᠰᠤᠷᠤᠭ᠍ᠴᠢᠳ᠎ᠢᠶᠠᠷ ᠪᠦᠷᠢᠯᠳᠦᠭ᠌ᠰᠡᠨ ᠦᠯᠢᠶᠡᠬᠦᠷ ᠬᠥᠭ᠌ᠵᠢᠮ᠎ᠦᠨ ᠪᠦᠯᠬᠦᠮ ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠦᠳᠡᠯᠭᠡᠭᠡᠨ᠎ᠤ ᠵᠦᠪᠯᠡᠯ᠎ᠤᠨ ᠳᠠᠭᠤᠤ᠎ᠶ᠋ᠢ ᠬᠥᠭ᠌ᠵᠢᠮᠳᠡᠪᠡ᠃ ᠲᠡᠯᠡᠭᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠠ ᠵᠢᠨ ᠲᠠᠮᠢᠷ᠎ᠤᠨ ᠬᠥᠳᠡᠯᠭᠡᠭᠡᠨ᠎ᠦ ᠵᠥᠪᠯᠡᠯ᠎ᠦᠨ ᠲᠤᠭ ᠠᠯᠭᠤᠷᠬᠠᠨ ᠮᠠᠨᠳᠤᠵᠤ᠂ ᠲᠠᠪᠤᠨ ᠣᠳᠣᠲᠤ ᠤᠯᠠᠭᠠᠨ ᠲᠤᠭ᠎ᠲᠠᠶ ᠬᠠᠮᠲᠤ ᠥᠨᠳᠥᠷ᠎ᠲᠤ ᠨᠠᠮᠢᠷᠠᠨ᠎ᠠ᠃
ᠲᠠᠷᠠᠭ᠎ᠡ ᠨᠢ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠡᠨᠡᠯᠡᠯᠳᠡ᠎ᠶ᠋ᠢᠨ ᠲᠠᠮᠢᠷᠴᠢᠨ ᠵᠠᠩ ᠮᠸᠩ ᠴᠢᠦ᠂ ᠬᠦᠷᠳᠦᠲᠦ ᠰᠠᠨᠳᠠᠯᠢ᠎ᠶ᠋ᠢᠨ ᠭᠤᠯᠭᠤᠭᠤᠷ ᠴᠢᠯᠠᠭᠤᠨ ᠪᠦᠮᠪᠦᠭᠡ᠎ᠶ᠋ᠢᠨ ᠲᠠᠮᠢᠷᠴᠢᠨ ᠴᠧᠨ ᠵᠢᠶᠠᠨ ᠱᠢᠨ ᠪᠦᠬᠦ᠌ ᠤᠷᠤᠯᠳᠤᠭᠠᠨ᠎ᠳᠤ ᠣᠷᠣᠯᠴᠠᠬᠤ ᠲᠠᠮᠢᠷᠴᠢᠳ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠎ᠶ᠋ᠢᠨ ᠲᠦᠷᠦᠯ ᠵᠦᠢᠯ᠎ᠦᠨ ᠬᠢᠨᠠᠭ᠍ᠴᠢ ᠵᠠᠩ ᠯᠢ ᠾᠧᠩ ᠪᠦᠬᠦ᠌ ᠬᠢᠨᠠᠭ᠍ᠴᠢ᠂ ᠳᠤᠮᠳᠠᠳᠤ ᠤᠯᠤᠰ᠎ᠤᠨ ᠬᠦᠷᠳᠦᠲᠦ ᠰᠠᠨᠳᠠᠯᠢ᠎ᠶ᠋ᠢᠨ ᠭᠤᠯᠭᠤᠭᠤᠷ ᠴᠢᠯᠠᠭᠤᠨ ᠪᠦᠮᠪᠦᠭᠡ᠎ᠶ᠋ᠢᠨ ᠳᠠᠰᠭᠠᠯᠵᠢᠭᠤᠯᠤᠭ᠍ᠴᠢ ᠶᠤᠸᠠᠢ ᠴᠢᠩ ᠱᠤᠸᠠᠩ ᠪᠦᠬᠦ᠌ ᠳᠠᠰᠭᠠᠯᠵᠢᠭᠤᠯᠤᠭ᠍ᠴᠢ ᠵᠢᠴᠢ ᠠᠯᠪᠠᠨ ᠲᠤᠱᠢᠶᠠᠯᠲᠠᠳᠢ ᠲᠥᠯᠥᠭᠡᠯᠡᠨ ᠲᠤᠰ ᠲᠤᠰ ᠲᠠᠩᠭᠠᠷᠢᠭ᠍ᠯᠠᠪᠠ᠃
ᠲᠣᠮᠣ ᠳᠡᠯᠭᠡᠴᠡ ᠳᠡᠭᠡᠷᠡᠬᠢ《ᠪᠠᠳᠮᠠᠷᠠᠯ》 ᠭᠡᠰᠡᠨ ᠤᠬᠤᠷ ᠹᠢᠯᠢᠮ ᠨᠢ ᠦᠵᠡᠭ᠌ᠴᠢᠳ᠎ᠦᠨ ᠠᠩᠬᠠᠷᠤᠯ᠎ᠢ ᠲᠠᠲᠠᠵᠠᠶ᠃ ᠬᠠᠷᠠᠭ᠎ᠠ ᠪᠡᠨ ᠠᠯᠳᠠᠭᠰᠠᠨ ᠬᠡᠳᠦᠨ ᠬᠥᠭᠡᠷᠦᠬᠦᠨ ᠬᠡᠦᠬᠡᠳ ᠨᠢᠭᠡᠨ ᠭᠡᠷᠡᠯ ᠰᠠᠴᠤᠷᠠᠬᠰᠠᠨ ᠢᠨᠢᠶᠡᠳᠦ᠍ ᠪᠢᠯᠬᠠᠮ᠎ᠠ ᠵᠢᠷᠤᠭ ᠢ᠋ ᠵᠢᠷᠤᠵᠠᠢ᠃ ᠲᠠᠯᠠᠪᠤᠷ᠎ᠤᠨ ᠲᠥᠪ ᠳᠤᠮᠳᠠ᠂ ᠰᠣᠯᠣᠩᠭᠠᠷᠠᠭ᠍ᠰᠠᠨ ᠥᠩᠭᠡ ᠪᠤᠳᠤᠭ ᠢᠯᠡᠷᠡᠵᠦ᠍᠂ ᠡᠨᠡ ᠪᠣᠯ ᠬᠠᠷᠠᠭ᠎ᠠ ᠪᠡᠨ ᠠᠯᠳᠠᠭᠰᠠᠨ ᠬᠡᠦᠬᠡᠳ ᠤᠳ ᠰᠡᠳᠭᠢᠯ᠎ᠦᠨ ᠬᠡᠷᠡᠯ ᠭᠢᠯᠪᠠᠭ᠎ᠠ᠎ᠪᠠᠷ᠎ᠢᠶᠠᠨ ᠵᠢᠷᠤᠭ᠍ᠯᠠᠭ᠍ᠰᠠᠨ ᠰᠠᠢᠨ ᠰᠠᠢᠬᠠᠨ ᠵᠢᠷᠤᠭ ᠳᠦᠷᠰᠦ ᠪᠢᠯᠠ᠃《ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠦᠵᠢᠭ ᠤ᠋ᠨ ᠠᠶᠠᠰ》 ᠤ᠋ᠨ ᠠᠶ᠎ᠠ᠎ᠶ᠋ᠢ ᠳᠠᠭᠠᠯᠳᠤᠨ᠂ ᠨᠢᠭᠡ ᠪᠦᠯᠦᠭ ᠰᠣᠨᠣᠷ᠎ᠤᠨ ᠰᠠᠭᠠᠳ᠎ᠲᠠᠶ ᠪᠥᠵᠢᠭ᠌ᠴᠢᠳ ᠳᠣᠬᠢᠶᠠᠨ᠎ᠤ ᠬᠡᠯᠡᠨ᠎ᠦ ᠪᠠᠭ᠍ᠰᠢ᠎ᠶ᠋ᠢᠨ ᠵᠢᠯᠣᠭᠣᠳᠣᠯᠭ᠎ᠠ ᠳᠤᠤᠷ᠎ᠠ᠂ ᠡᠷᠡᠭᠦᠯ ᠪᠦᠲᠦᠨ ᠪᠥᠵᠢᠭ᠌ᠴᠢᠳᠲᠡᠶ ᠰᠡᠳᠭᠢᠯ ᠨᠢᠭᠡᠳᠦᠨ ᠬᠠᠮᠵᠢᠯᠴᠠᠵᠤ᠂ ᠤᠶᠠᠬᠠᠨ ᠲᠡᠭᠵᠢᠨ ᠪᠥᠵᠢᠭ᠌ᠯᠡᠵᠦ᠍᠂ ᠬᠦᠮᠦᠰ᠎ᠦᠨ ᠬᠣᠭᠣᠷᠣᠨᠳᠣᠬᠢ ᠨᠥᠬᠥᠷᠯᠡᠯ᠂ ᠠᠮᠢ ᠨᠠᠰᠤᠨ᠎ᠤ ᠠᠮᠢᠵᠢᠷᠠᠯ᠎ᠤᠨ ᠬᠦᠴᠦᠨ ᠪᠠ ᠳᠠᠯᠳᠠ ᠴᠢᠳᠠᠪᠤᠷᠢ᠎ᠶ᠋ᠢ ᠢᠯᠡᠷᠡᠭᠦᠯᠦᠭ᠌ᠰᠡᠨ ᠪᠠᠢᠨ᠎ᠠ᠃
21 ᠴᠠᠭ 23 ᠮᠢᠨᠦ᠋ᠲ᠎ᠲᠦ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ ᠬᠤᠷᠠᠯ᠎ᠤᠨ ᠲᠠᠯᠠᠪᠠᠢ᠎ᠳᠤ ᠣᠷᠣᠯ᠎ᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠷᠢᠭᠤᠨ ᠭᠠᠯ ᠨᠢ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠭᠦᠰᠦᠯ᠎ᠦᠨ ᠭᠠᠵᠠᠷ ᠪᠣᠯᠬᠤ ᠠᠨᠭ᠌ᠭ᠌ᠯᠢ᠎ᠶ᠋ᠢᠨ ᠮᠠᠨᠳᠧᠸᠢᠯ ᠪᠣᠯᠤᠨ ᠪᠡᠭᠡᠵᠢᠩ᠂ ᠶᠠᠨᠴᠢᠩ᠂ ᠴᠢᠭᠤᠯᠤᠯᠲᠤ ᠬᠠᠭᠠᠯᠭ᠎ᠠ ᠭᠤᠷᠪᠠᠨ ᠤᠷᠤᠯᠳᠤᠭᠠᠨ᠎ᠤ ᠲᠣᠭᠣᠷᠢᠭ᠎ᠡᠴᠡ ᠢᠷᠡᠭᠰᠡᠨ ᠨᠡᠢᠲᠡ 9 ᠠᠷᠢᠭᠤᠨ ᠭᠠᠯ᠎ᠡᠴᠡ ᠪᠦᠷᠢᠯᠳᠦᠵᠡᠶ᠃ 3 ᠰᠠᠷ᠎ᠠ᠎ᠶ᠋ᠢᠨ 2 ᠤ᠋ᠨ ᠡᠳᠦᠷ᠎ᠡᠴᠡ 4 ᠤ᠋ ᠡᠳᠦᠷ ᠪᠣᠯᠲᠠᠯ᠎ᠠ᠂ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠴᠤᠭ᠍ᠯᠠᠭᠠᠨ᠎ᠤ ᠭᠠᠯ ᠪᠠᠮᠪᠠᠷ᠎ᠢ ᠪᠡᠭᠡᠵᠢᠩ᠂ ᠶᠠᠨᠴᠢᠩ᠂ ᠴᠢᠭᠤᠯᠤᠯᠲᠤᠬᠠᠭᠠᠯᠭᠠᠭᠤᠷᠪᠠᠨᠤᠷᠤᠯᠳᠤᠭᠠᠨᠤᠲᠣᠭᠣᠷᠢᠭᠲᠤ ᠳᠠᠮᠵᠢᠭᠤᠯᠪᠠ᠃ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠤᠷ᠎ᠲᠤ᠌᠂ ᠫᠢᠶ᠍ᠸᠩᠼᠠᠩᠤᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠠᠨᠠᠯᠠᠯᠳᠠ ᠵᠢᠨ ᠡᠮᠡᠭ᠌ᠲᠡᠢ᠎ᠶ᠋ᠢᠨ ᠰᠠᠭᠤᠭ᠎ᠠ ᠬᠡᠯᠪᠡᠷᠢ ᠵᠢᠨ ᠳᠤᠭᠤᠢᠯᠠᠩ᠎ᠤᠨ ᠲᠠᠮᠢᠷᠴᠢᠨ ᠯᠢᠦ ᠰᠧ ᠲᠦᠩ᠂ ᠷᠢᠦ᠋ ᠳ᠋ᠢ ᠿᠸᠨ᠋ᠸᠢ᠌ᠷᠦ᠋ ᠵᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠲᠣᠣᠺᠢᠣ᠋ ᠵᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ 5 ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ ᠠᠯᠲᠠᠨ ᠮᠧᠳᠠᠯ ᠬᠦᠷᠲᠡᠭ᠌ᠴᠢ ᠸᠸᠨ ᠱᠢᠶᠤᠤ ᠶᠠᠨ᠂ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠮᠪᠠᠯᠲᠠ᠎ᠶ᠋ᠢᠨ ᠤᠷᠤᠯᠳᠤᠭᠠᠨ᠎ᠤ 2ᠠᠯᠲᠠᠨ ᠮᠧᠳᠠᠯ ᠬᠦᠷᠲᠡᠭ᠌ᠴᠢ ᠮᠠ ᠵᠢᠶᠠ᠂ ᠲᠣᠣᠺᠢᠣ᠋᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠦᠷᠳᠦᠲᠦ ᠰᠠᠨᠳᠠᠯᠢ᠎ᠶ᠋ᠢᠨ ᠰᠠᠭ᠍ᠰᠤᠨ ᠪᠥᠮᠪᠥᠭᠡ᠎ᠶ᠋ᠢᠨ ᠳᠡᠳ᠋ᠯᠡᠭ᠌ᠴᠢ ᠵᠠᠩ ᠱᠢᠤᠸᠠᠢ ᠮᠧᠶ᠂ ᠷᠢᠦ᠋ ᠳ᠋ᠢ ᠿᠸᠨ᠋ᠸᠢ᠌ᠷᠦ᠋ ᠵᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠲᠣᠣᠺᠢᠣ᠋ ᠵᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠦᠨᠳᠦ ᠬᠥᠩᠭᠡᠨ ᠲᠠᠮᠢᠷ᠎ᠤᠨ ᠤᠷᠤᠯᠳᠤᠭᠠᠨ᠎ᠤ 4 ᠠᠯᠲᠠᠨ ᠮᠧᠳᠠᠯ ᠬᠦᠷᠲᠡᠭ᠌ᠴᠢ ᠯᠢᠦ ᠼᠦᠢ ᠴᠢᠩ᠂ ᠵᠠᠯᠭᠠᠭ᠎ᠠ᠎ᠪᠠᠷ ᠭᠤᠷᠪᠠᠨ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠫᠤᠤᠳᠠᠯᠭᠠᠶ᠋ᠢᠨᠤᠷᠤᠯᠳᠤᠭᠠᠨᠤᠠᠯᠲᠠᠨᠮᠧᠳᠠᠯᠬᠦᠷᠲᠡᠭ᠌ᠴᠢᠳ᠋ᠦᠩᠴᠤᠤ᠂ ᠵᠠᠯᠭᠠᠭ᠎ᠠ᠎ᠪᠠᠷ ᠭᠤᠷᠪᠠᠨ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠰᠠᠭᠤᠭ᠎ᠠ ᠮᠠᠶᠢᠭ᠎ᠤᠨ ᠠᠯᠠᠭᠠᠳᠠᠬᠤ ᠪᠥᠮᠪᠥᠭᠡ᠎ᠶ᠋ᠢᠨ ᠤᠷᠤᠯᠳᠤᠭᠠᠨ᠎ᠤ ᠱᠠᠩᠨᠠᠯ ᠬᠦᠷᠲᠡᠭ᠌ᠴᠢ ᠳᠠᠩ ᠱᠢᠤᠸᠠᠢ ᠮᠧᠶ ᠵᠡᠷᠭᠡ 7 ᠭᠠᠯ ᠪᠠᠮᠪᠠᠷᠴᠢᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠠᠯ ᠪᠠᠮᠪᠠᠷ᠎ᠢ ᠤᠯᠠᠮᠵᠢᠯᠠᠵᠦ᠂ ᠪᠤᠤᠬᠢᠶᠠᠲᠠᠮᠵᠢᠨ ᠤᠷᠤᠭ᠍ᠰᠢᠯᠠᠬᠤ᠂ ᠪᠦᠬᠦ᠌ ᠲᠠᠯᠠᠪᠠᠢ᠎ᠶ᠋ᠢᠨ ᠦᠵᠡᠭ᠌ᠴᠢᠳ᠎ᠦᠨ ᠬᠠᠯᠠᠭᠤᠨ ᠤᠬᠳᠤᠯᠳᠠ ᠵᠢ ᠬᠦᠯᠢᠶᠡᠪᠡ᠃
ᠤᠯᠠᠨ᠎ᠤ ᠠᠩᠬᠠᠷᠤᠯ ᠲᠤᠤᠷ᠎ᠠ ᠬᠠᠮᠤᠭ᠎ᠤᠨ ᠡᠴᠦᠰ᠎ᠦᠨ ᠨᠢᠭᠡ ᠭᠠᠯ ᠪᠠᠮᠪᠠᠷᠴᠢᠨ — ᠠᠲᠸᠨ ᠵᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠪᠡᠭᠡᠵᠢᠩ᠎ᠦᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠤᠯᠠ ᠬᠠᠷᠠᠢᠯᠳᠠ᠂ ᠭᠤᠷᠪᠠᠨ ᠳᠡᠰ᠎ᠤᠨ ᠬᠤᠯᠠ ᠬᠠᠷᠠᠢᠯᠲᠠ᠎ᠶ᠋ᠢᠨ ᠮᠠᠩᠯᠠᠢ ᠪᠣᠯᠤᠭ᠍ᠰᠠᠨ ᠪᠥᠭᠡᠳ ᠳᠡᠯᠡᠬᠡᠢ᠎ᠶ᠋ᠢᠨ ᠲᠡᠮᠳᠡᠭ᠌ᠯᠡᠯ᠎ᠢ ᠡᠭᠦᠳᠦᠭ᠌ᠰᠡᠨ ᠯᠢ ᠳ᠋ᠤᠸᠠᠨ ᠭᠠᠷ᠎ᠲᠠᠬᠢ ᠭᠠᠯ ᠪᠠᠮᠪᠠᠷ᠎ᠢᠶᠠᠨ 《ᠶᠡᠬᠡ ᠴᠠᠰᠤᠨ ᠯᠠᠪᠰᠠ》᠎ᠤ᠋ᠨ ᠭᠣᠣᠯ ᠭᠠᠯ ᠪᠠᠮᠪᠠᠷ᠎ᠤᠨ ᠰᠤᠪᠤᠷᠭ᠎ᠠ᠎ᠶ᠋ᠢᠨ ᠲᠥᠪ᠎ᠲᠦ ᠱᠢᠭᠢᠳᠭᠡᠪᠡ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠨᠢ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠭᠣᠣᠯ ᠭᠠᠯ ᠪᠠᠮᠪᠠᠷ᠎ᠢ ᠵᠢᠷᠤᠵᠤ ᠲᠥᠯᠥᠪᠯᠡᠬᠦ᠌ ᠠᠷᠭᠠᠬᠡᠯᠪᠡᠷᠢ ᠶ᠋ᠢ ᠦᠷᠭᠦᠯᠵᠢᠯᠡᠨ ᠬᠡᠷᠡᠭ᠌ᠯᠡᠵᠦ᠍᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭᠠᠯᠠᠬᠤ ᠣᠢᠯᠠᠭᠠᠭ᠍ᠳᠠᠬᠤᠨ᠎ᠢ ᠳᠠᠬᠢᠨᠲᠠ ᠢᠯᠡᠷᠡᠭᠦᠯᠪᠡ᠃
ᠥᠩᠭᠡᠳᠦ ᠫᠤᠤᠵᠢᠩ ᠣᠭ᠍ᠲᠠᠷᠭᠤᠶ᠎ᠳᠤ ᠰᠤᠯᠤᠩᠭᠠᠷᠠᠨ᠂ ᠬᠥᠮᠦᠰ᠎ᠦᠨ ᠰᠡᠳᠭᠢᠯ᠎ᠢ ᠬᠥᠭ᠌ᠵᠢᠭᠡᠬᠦ᠎ᠳᠦ ᠪᠡᠶ᠎ᠡ᠎ᠶ᠋ᠢᠨ ᠲᠠᠮᠢᠷ᠎ᠤᠨ ᠲᠠᠯᠠᠪᠠᠶ᠎ᠳᠤ ᠬᠥᠷ ᠬᠥᠭ᠌ᠵᠢᠶᠡᠨ᠎ᠢᠶᠡᠷ ᠪᠢᠯᠬᠠᠪᠠ᠃
ᠨᠠᠮ᠎ᠤᠨ ᠲᠥᠪ ᠬᠣᠷᠢᠶᠠᠨ᠎ᠤ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠱᠦᠵᠢ᠎ᠨᠡᠷ᠎ᠦᠨ ᠭᠠᠵᠠᠷ᠎ᠤᠨ ᠱᠦᠵᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶᠠᠨ᠎ᠤ ᠳᠡᠳ᠋ ᠬᠤᠷᠢᠶᠠᠨ ᠳᠠᠷᠤᠭ᠎ᠠ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ᠂ ᠠᠷᠠᠳ᠎ᠤᠨ ᠳᠡᠭᠡᠳᠦ ᠱᠢᠭᠦᠬᠦ᠌ ᠬᠣᠷᠢᠶᠠᠨ᠎ᠤ ᠳᠠᠷᠤᠭ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶᠠᠨ᠎ᠤ ᠭᠡᠱᠢᠭᠦᠨ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃
ᠲᠡᠯᠡᠬᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ ᠵᠢᠨ ᠲᠠᠮᠢᠷ ᠤ᠋ᠨ ᠬᠦᠳᠡᠯᠭᠡᠭᠡᠨ ᠤ᠋ ᠵᠥᠪᠯᠡᠯ᠎ᠦᠨ ᠬᠠᠷᠢᠭᠤᠴᠠᠯᠭᠠᠲᠠᠳ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃