2022-03-14 10:40:56
ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠦᠯᠦᠭᠡᠯᠡᠭᠴᠢᠳ᠎ᠤᠨ ᠪᠦᠯᠬᠦᠮ ᠳ᠋ᠤ᠄
ᠪᠡᠭᠡᠵᠢᠩ᠎ᠦᠨ13 ᠳ᠋ᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠳᠤᠮᠳᠠᠳᠤ ᠤᠯᠤᠰ ᠤᠨ ᠪᠡᠶ᠎ᠡ ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠡᠷᠡᠯᠬᠡᠭ᠌ᠯᠡᠨ ᠲᠡᠮᠡᠴᠡᠵᠤ᠂ 18 ᠠᠯᠲᠠᠨ ᠮᠧᠳᠠᠯ᠂ 20 ᠮᠥᠩᠭᠥᠨ ᠮᠧᠳᠠᠯ᠂ 23 ᠬᠦᠷᠡᠯ ᠮᠧᠳᠠᠯ ᠣᠯᠵᠤ᠂ ᠠᠯᠲᠠᠨ ᠮᠧᠳᠠᠯ ᠤᠨ ᠵᠢᠭ᠍ᠰᠠᠭᠠᠯᠲᠠ᠂ ᠱᠠᠩᠨᠠᠯ᠎ᠤᠨ ᠮᠧᠳᠠᠯ ᠤᠨ ᠵᠢᠭ᠍ᠰᠠᠭᠠᠯᠲᠠ ᠳᠤ ᠨᠢᠭᠡᠳᠦᠭᠡᠷ ᠲᠦ ᠣᠷᠣᠵᠤ᠂ ᠮᠠᠨ᠎ᠤ ᠤᠯᠤᠰ᠎ᠤᠨ ᠵᠡᠮᠳᠡᠭ᠌ᠴᠦᠳ᠎ᠦᠨ ᠡᠪᠦᠯ᠎ᠦᠨ ᠤᠯᠠᠷᠢᠯ ᠤᠨ ᠣᠯᠢᠮᠫᠢᠺ ᠤᠨ ᠲᠠᠮᠢᠷ᠎ᠤᠨ ᠴᠤᠭ᠍ᠯᠠᠭᠠᠨ ᠳᠤ ᠣᠷᠣᠯᠴᠠᠭ᠍ᠰᠠᠨ ᠲᠡᠦᠬᠡ ᠶ᠋ᠢᠨ ᠬᠠᠮᠤᠭ᠎ᠤᠨ ᠰᠠᠢᠨ ᠬᠢᠷᠢ ᠪᠦᠲᠦᠮᠵᠢ ᠶ᠋ᠢ ᠣᠯᠵᠤ᠂ ᠡᠬᠡ ᠤᠯᠤᠰ ᠪᠠ ᠠᠷᠠᠳ ᠲᠦᠮᠡᠨ᠎ᠳᠡᠭᠡᠨ ᠢᠷᠠᠭᠤ ᠠᠯᠳᠠᠷ ᠣᠯᠭᠣᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ ᠤᠨ ᠲᠠᠮᠢᠷ ᠤᠨ ᠴᠤᠭ᠍ᠯᠠᠭᠠᠨ᠎ᠢ ᠠᠮᠵᠢᠯᠲᠠ᠎ᠲᠠᠶ ᠡᠷᠭᠢᠯᠡᠬᠦ᠌ ᠳᠦ ᠴᠢᠬᠤᠯᠠ ᠶᠡᠬᠡ ᠬᠤᠪᠢ ᠨᠡᠮᠡᠷᠢ ᠦᠵᠡᠭᠦᠯᠵᠠᠢ᠃ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ ᠤᠨ ᠬᠣᠷᠢᠶ᠎ᠠ ᠲᠠᠨᠠᠷ᠎ᠲᠤ ᠬᠠᠯᠠᠭᠤᠨ ᠪᠠᠶᠠᠷ ᠬᠦᠷᠭᠡᠬᠦ ᠵᠢᠨ ᠬᠠᠮᠳᠤ ᠳᠣᠲᠣᠨᠣ ᠮᠡᠨᠳᠦᠴᠢᠯᠡᠯ ᠲᠡᠪᠰᠢᠭᠦᠯᠵᠦ ᠪᠠᠢᠨ᠎ᠠ !
ᠲᠤᠰ ᠬᠤᠭᠤᠴᠠᠭᠠᠨ᠎ᠤ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ᠂ ᠲᠠ ᠨᠠᠷ ᠨᠠᠮ ᠪᠣᠯᠤᠨ ᠠᠷᠠᠳ ᠲᠦᠮᠡᠨ ᠦ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠂ ᠭᠠᠪᠰᠢᠭᠠᠢᠯᠠᠨ ᠲᠡᠮᠡᠴᠡᠬᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠦᠬᠦ᠌ ᠲᠦᠷᠦᠯ ᠵᠦᠢᠯ ᠤ᠋ᠨ ᠤᠷᠤᠯᠳᠤᠭᠠᠨ᠎ᠳᠤ ᠣᠷᠣᠯᠴᠠᠵᠤ᠂ ᠵᠣᠷᠢᠭ᠍ᠲᠠᠢ ᠪᠠᠷ ᠳᠠᠪᠰᠢᠵᠤ᠂ ᠬᠦᠴᠦᠷᠬᠡᠭ᠌ᠵᠢᠬᠦ᠌ ᠪᠡᠷ ᠬᠦᠴᠦᠯᠡᠨ ᠴᠢᠷᠮᠠᠢᠵᠤ᠂ ᠪᠦᠯᠬᠦᠮᠳᠡᠨ ᠲᠡᠮᠡᠴᠡᠵᠤ᠂ ᠰᠢᠨᠳᠠᠷᠠᠰᠢ ᠦᠭᠡᠢ ᠴᠢᠷᠮᠠᠢᠵᠤ᠂ ᠪᠠᠶᠠᠰᠤᠩᠭᠤᠢ ᠪᠡᠷ ᠤᠷᠤᠭ᠍ᠰᠢᠯᠠᠨ ᠲᠠᠪᠱᠢᠬᠤ ᠠᠮᠢ ᠨᠠᠰᠤᠨ ᠤ ᠢᠯᠠᠯᠲᠠ ᠶ᠋ᠢᠨ ᠳᠠᠭᠤᠤ ᠶ᠋ᠢ ᠬᠠᠩᠭᠢᠨᠠᠭᠤᠯᠵᠤ᠂ ᠲᠠᠮᠢᠷ᠎ᠤᠨ ᠬᠥᠳᠡᠯᠭᠡᠭᠡᠨ᠎ᠦ ᠬᠢᠷᠢ ᠪᠦᠲᠦᠮᠵᠢ ᠪᠣᠯᠤᠨ ᠤᠶᠤᠨ᠎ᠤ ᠪᠣᠯᠪᠠᠰᠤᠨ᠎ᠤ ᠬᠣᠣᠰ ᠡᠯᠪᠡᠭ ᠬᠤᠷᠢᠶᠠᠯᠲᠠ᠎ᠶ᠋ᠢ ᠪᠡᠶᠡᠯᠡᠭᠦᠯᠪᠠ᠃ ᠲᠠ ᠨᠠᠷ ᠶᠣᠰᠣ ᠰᠤᠷᠲᠠᠬᠤᠨ᠎ᠤ ᠠᠯᠳᠠᠨ ᠮᠧᠳᠠᠯ᠂ ᠬᠡᠪ ᠨᠠᠮᠪᠠ᠎ᠶ᠋ᠢᠨ ᠠᠯᠳᠠᠨ ᠮᠧᠳᠠᠯ᠂ ᠠᠷᠢᠭᠤᠨ ᠴᠡᠪᠡᠷ᠎ᠤᠨ ᠠᠯᠳᠠᠨ ᠮᠧᠳᠠᠯ ᠣᠯᠬᠤ ᠱᠠᠭᠠᠷᠳᠠᠯᠭ᠎ᠠ ᠶ᠋ᠢ ᠪᠣᠳᠠᠲᠤ ᠠᠵᠢᠯᠯᠠᠭ᠎ᠠ᠎ᠪᠠᠷ᠎ᠢᠶᠠᠨ ᠨᠠᠢᠳᠠᠪᠤᠷᠢᠵᠢᠭᠤᠯᠵᠤ᠂ ᠳᠡᠯᠡᠬᠡᠢ᠎ᠶ᠋ᠢᠨ ᠡᠯ᠎ᠡ ᠤᠯᠤᠰ ᠡᠯ᠎ᠡ ᠭᠠᠵᠠᠷ ᠣᠷᠣᠨ᠎ᠤ ᠵᠡᠮᠳᠡᠭ ᠲᠠᠮᠢᠷᠴᠢᠳ᠎ᠲᠠᠢ ᠬᠠᠷᠢᠯᠴᠠᠨ ᠰᠤᠷᠤᠯᠴᠠᠵᠤ᠂ ᠨᠥᠬᠦᠷᠰᠡᠭ ᠢᠶᠠᠷ ᠰᠣᠯᠢᠯᠴᠠᠵᠤ᠂ ᠦᠪᠡᠳᠡᠭ᠌ᠰᠢ ᠴᠤᠭ᠍ᠯᠠᠭᠠᠨ᠎ᠢ ᠬᠠᠮᠲᠤ ᠪᠠᠷ ᠡᠳ᠋ᠯᠡᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠤᠶᠤᠨ ᠰᠠᠨᠠᠭᠠᠨ᠎ᠤ ᠳᠦᠷᠰᠦ ᠪᠠᠢᠳᠠᠯ᠎ᠢ ᠭᠦᠢᠴᠡᠳ ᠢᠯᠡᠷᠡᠭᠦᠯᠪᠡ᠃ ᠲᠠ ᠨᠠᠷ᠎ᠤᠨ ᠭᠠᠷᠮᠠᠭᠠᠢ ᠢᠯᠡᠷᠡᠯ ᠳᠤᠮᠳᠠᠳᠤ᠎ᠶ᠋ᠢᠨ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠬᠥᠮᠥᠨ᠎ᠤ ᠡᠷᠬᠡ ᠶ᠋ᠢᠨ ᠪᠠᠲᠤᠯᠠᠭ᠎ᠠ ᠪᠣᠯᠣᠨ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ᠎ᠶ᠋ᠢ ᠭᠦᠢᠴᠡᠳ ᠢᠯᠡᠷᠡᠭᠦᠯᠵᠦ᠍᠂ ᠤᠯᠤᠰ᠎ᠤᠨ ᠳᠣᠲᠣᠭᠠᠳᠤ ᠭᠠᠳᠠᠭᠠᠳᠤ ᠶ᠋ᠢᠨ ᠳᠤᠮᠳᠠᠳᠤ ᠶ᠋ᠢᠨ ᠬᠥᠪᠡᠭᠦᠳ ᠥᠬᠢᠳ᠎ᠤᠨ ᠤᠯᠤᠰ᠎ᠢᠶᠠᠨ ᠬᠠᠢᠷᠠᠯᠠᠬᠤᠬᠠᠯᠠᠭᠤᠨᠰᠡᠳᠭᠢᠯᠭᠡᠶ᠋ᠢ ᠤᠯᠠᠮ ᠴᠢᠨᠠᠭ᠍ᠰᠢᠳᠠ ᠬᠥᠭ᠌ᠵᠢᠭᠡᠵᠦ᠍᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠳᠤ ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠭᠠᠵᠤ᠂ ᠪᠦᠯᠬᠦᠮᠳᠡᠨ ᠲᠡᠮᠡᠴᠡᠬᠦ᠌ ᠳᠤ ᠤᠶᠤᠨ ᠰᠠᠨᠠᠭᠠᠨ᠎ᠤ ᠬᠦᠴᠦᠨ ᠴᠢᠳᠠᠯ ᠨᠡᠮᠡᠷᠢᠯᠡᠵᠡᠢ᠃ ᠡᠬᠡ ᠤᠯᠤᠰ ᠪᠤᠯᠤᠨ ᠠᠷᠠᠳ ᠲᠦᠮᠡᠨ ᠴᠢᠨᠢ ᠲᠠ ᠨᠠᠷ᠎ᠤᠨ ᠤᠯᠤᠭᠰᠠᠨ ᠠᠮᠵᠢᠯᠳᠠ ᠳ᠋ᠦ ᠤᠮᠤᠭᠰᠢᠵᠤ ᠪᠠᠢᠨ᠎ᠠ!
ᠣᠳᠣᠬᠠᠨ᠎ᠳᠤ᠂ ᠰᠢ᠎ᠶ᠋ᠢᠨ ᠫᠢᠩ ᠨᠥᠬᠦᠷ᠎ᠢᠶᠠᠷ ᠭᠤᠣᠯ ᠪᠣᠯᠭᠠᠭ᠍ᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠶᠠᠭ ᠬᠤᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠲᠡᠢᠰᠢ ᠤᠮᠤᠭ ᠲᠡᠭᠦᠯᠳᠡᠷ ᠤᠷᠤᠭ᠍ᠰᠢᠯᠠᠵᠤ ᠪᠠᠢᠨ᠎ᠠ᠃ ᠲᠠ ᠨᠠᠷ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠵᠤ᠂ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠢᠷᠠᠭᠤ ᠠᠯᠳᠠᠷᠲᠤ ᠤᠯᠠᠮᠵᠢᠯᠠᠯ᠎ᠢ ᠦᠷᠭᠦᠯᠵᠢᠯᠡᠨ ᠪᠠᠳᠠᠷᠠᠭᠤᠯᠵᠤ᠂ ᠡᠬᠡ ᠤᠯᠤᠰ᠎ᠲᠠᠢ᠎ᠪᠠᠨ ᠰᠡᠳᠭᠢᠯ ᠵᠢᠷᠦᠬᠡ᠎ᠪᠠᠨ ᠬᠤᠯᠪᠣᠵᠤ᠂ ᠡᠷᠡᠯᠬᠡᠭ᠌ᠯᠡᠨ ᠲᠡᠮᠡᠴᠡᠵᠦ᠍᠂ ᠱᠢᠯᠢᠳᠡᠭ ᠠᠮᠵᠢᠯᠲᠠ᠎ᠶ᠋ᠢ ᠳᠠᠬᠢᠨᠲᠠ ᠡᠭᠦᠳᠴᠦ᠍᠂ ᠮᠠᠨ᠎ᠤ ᠤᠯᠤᠰ᠎ᠤᠨ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠵᠤ᠂ ᠥᠷᠭᠡᠨ ᠤᠯᠠᠨ ᠵᠡᠮᠳᠡᠭ᠌ᠴᠦᠳ᠎ᠤᠨ ᠥᠪᠡᠷ᠎ᠢ᠎ᠪᠠᠨ ᠬᠦᠨᠳᠦᠳᠭᠡᠬᠦ᠂ ᠥᠪᠡᠷ᠎ᠢ᠎ᠪᠠᠨ ᠢᠲᠡᠭᠡᠬᠦ᠂ ᠥᠪᠡᠷ᠎ᠢ᠎ᠪᠠᠨ ᠬᠦᠴᠦᠷᠬᠡᠭ᠌ᠵᠢᠭᠦᠯᠬᠦ᠂ ᠪᠡᠶ᠎ᠡ᠎ᠪᠠᠨ ᠳᠠᠭᠠᠭᠠᠬᠤ᠎ᠶ᠋ᠢ ᠬᠦᠬᠢᠭᠦᠯᠦᠨ ᠵᠣᠷᠢᠭ᠍ᠵᠢᠭᠤᠯᠵᠤ᠂ ᠵᠣᠷᠢᠭ᠍ᠲᠠᠢ᠎ᠪᠠᠷ ᠥᠷᠢᠰᠦᠯᠳᠦᠭᠡᠨ ᠳᠤ ᠬᠠᠨᠳᠤᠵᠤ᠂ ᠢᠳᠡᠪᠬᠢᠲᠡᠢ᠎ᠪᠠᠷ ᠡᠷᠡᠭᠦᠯᠵᠢᠵᠦ ᠪᠡᠶ᠎ᠡ᠎ᠪᠠᠨ ᠴᠢᠭᠢᠷᠠᠭ᠍ᠵᠢᠭᠤᠯᠵᠤ᠂ ᠭᠤᠢᠳᠠ ᠰᠠᠢᠬᠠᠨ ᠬᠥᠮᠥᠨ᠎ᠤ ᠠᠮᠢᠳᠤᠷᠠᠯ᠎ᠢ ᠪᠢᠴᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ ᠵᠢ ᠬᠦᠰᠡᠵᠦ ᠪᠠᠢᠨ᠎ᠠ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ
ᠲᠦᠷᠦ᠍᠎ᠶ᠋ᠢᠨ ᠶᠠᠪᠤᠳᠠᠯ᠎ᠤᠨ ᠬᠤᠷᠢᠶ᠎ᠠ
2022 ᠣᠨ᠎ᠤ 3 ᠰᠠᠷ᠎ᠠ᠎ᠶ᠋ᠢᠨ 13 ᠤ ᠡᠳᠦᠷ
(ᠱᠢᠨᠬᠤᠸᠠ ᠬᠣᠷᠢᠶᠠᠨ᠎ᠤ ᠪᠡᠭᠡᠵᠢᠩ ᠦᠨ 3 ᠰᠠᠷ᠎ᠠ᠎ᠶ᠋ᠢᠨ 13 ᠤ᠋ ᠴᠠᠬᠢᠯᠭᠠᠨ ᠮᠡᠳᠡᠭᠡ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃