2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠡᠭᠡᠵᠢᠩ᠎ᠦ᠋ᠨ ᠡᠪᠦᠯ᠎ᠦ᠋ᠨ ᠤᠯᠠᠷᠢᠯ᠎ᠤ᠋ᠨ ᠵᠮᠲᠭᠴᠤᠳ᠎ᠤ᠋ᠨ ᠣᠯᠢᠮᠫᠢᠺ᠎ᠤ᠋ᠨ ᠲᠠᠮᠢᠷ᠎ᠤ᠋ᠨ ᠴᠤᠭᠯᠠᠭᠠᠨ

2022-03-14 10:44:55

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

— ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ ᠎ᠤᠨ ᠲᠠᠮᠢᠷ᠎ᠤᠨ ᠴᠤᠭ᠍ᠯᠠᠭᠠᠨ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠠ

3 ᠰᠠᠷ᠎ᠠ᠎ᠶ᠋ᠢᠨ 13 ᠤ᠋ ᠤᠷᠤᠢ᠂ ᠪᠡᠭᠡᠵᠢᠩ᠎ᠦᠨ 2022 ᠣᠨ ᠎ᠤ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠡᠭᠦᠰᠭᠦ ᠶᠣᠰᠣᠯᠠᠯ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ ᠦᠪᠡᠳᠡᠭ᠌ᠰᠢ ᠶᠡᠬᠡ ᠪᠡᠷ ᠶᠠᠪᠤᠭᠳᠠᠪᠠ᠃ ᠦᠩᠭᠡ ᠢᠯᠭᠠᠷᠠᠭᠰᠠᠨ ᠬᠤᠸᠠᠷ ᠫᠤᠤᠵᠢᠩ ᠪᠣᠯᠤᠨ ᠬᠦᠷ ᠬᠦᠭᠵᠢᠶᠡᠨᠳᠤ ᠬᠦᠭᠵᠢᠮ᠎ᠤᠨ ᠠᠶᠠᠰ ᠳᠤᠮᠳᠠ᠂ ᠪᠡᠭᠡᠵᠢᠩ᠎ᠦᠨ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ ᠥᠨᠳᠥᠷᠯᠡᠪᠡ᠃

ᠶᠡᠷᠦᠩᠬᠡᠢ ᠱᠦᠵᠢ ᠰᠢ ᠵᠢᠨ ᠫᠢᠩ᠄ 《ᠪᠡᠭᠡᠵᠢᠩ᠎ᠦᠨ ᠡᠪᠦᠯ ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠰᠠᠢᠲᠤᠷ ᠡᠷᠬᠢᠯᠡᠬᠦ᠌ ᠪᠣᠯ ᠳᠤᠮᠳᠠᠳᠤ ᠤᠯᠤᠰ᠎ᠤᠨ ᠳᠡᠯᠡᠬᠡᠢ ᠨᠡᠢᠭᠡᠮ᠎ᠳᠦ ᠬᠢᠭ᠌ᠰᠡᠨ ᠲᠥᠪ ᠶᠡᠬᠡᠮᠰᠦᠭ ᠠᠮᠠᠯᠠᠯᠲᠠ ᠮᠥᠨ》 ᠭᠡᠵᠦ᠍ ᠲᠥᠪ ᠴᠢᠩᠭ᠎ᠠ᠎ᠪᠠᠷ ᠲᠤᠩᠬᠠᠭ᠍ᠯᠠᠪᠠ᠃ ᠳᠡᠯᠡᠬᠡᠢ᠎ᠶ᠋ᠢᠨ ᠠᠩᠬᠠᠳᠠᠭ᠍ᠴᠢ 《ᠬᠣᠣᠰ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠤᠳᠠ》 ᠪᠣᠯᠤᠭ᠍ᠰᠠᠨ᠎ᠤ ᠬᠤᠪᠢ᠎ᠳᠤ᠂ ᠪᠡᠭᠡᠵᠢᠩ ᠳᠡᠯᠡᠬᠡᠢ᠎ᠶ᠋ᠢᠨ ᠡᠯ᠎ᠡ ᠭᠠᠵᠠᠷ ᠎ᠡᠴᠡ ᠢᠷᠡᠭ᠌ᠰᠡᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ ᠤ᠋ᠨ ᠤᠷᠤᠯᠳᠤᠭᠠᠨ᠎ᠤ ᠲᠠᠯᠠᠪᠤᠷ᠎ᠲᠤ ᠡᠷᠡᠯᠬᠡᠭ᠌ᠯᠡᠨ ᠲᠡᠮᠡᠴᠡᠵᠦ᠍᠂ ᠥᠪᠡᠷ ᠢ᠋ ᠪᠠᠨ ᠢᠯᠠᠨ ᠳᠠᠪᠠᠭᠰᠠᠨ ᠪᠠᠢᠳᠠᠯ ᠢ᠋ ᠭᠡᠷᠡᠴᠢᠯᠡᠵᠤ᠂ ᠳᠡᠯᠡᠬᠡᠢ᠎ᠳ᠋ᠠᠬᠢᠨ ᠳ᠋ᠤ ᠲᠤᠪᠴᠢ ᠠᠪᠰᠠᠷᠬᠠᠨ᠂ ᠠᠮᠤᠷ ᠲᠦᠪᠱᠢᠨ᠂ ᠭᠣᠢᠳᠠ ᠰᠠᠢᠬᠠᠨ ᠡᠪᠦᠯ ᠎ᠦᠨ ᠤᠯᠠᠷᠢᠯ ᠎ᠤᠨ ᠵᠡᠮᠳᠡᠭᠴᠤᠳ᠎ᠤᠨ ᠣᠯᠢᠮᠫᠢᠺ ᠎ᠤᠨ ᠲᠠᠮᠢᠷ᠎ᠤᠨ ᠴᠤᠭ᠍ᠯᠠᠭᠠᠨ ᠢ᠋ ᠡᠷᠭᠦᠨ ᠳᠡᠪᠰᠢᠭᠦᠯᠪᠡ᠃ ᠪᠡᠭᠡᠵᠢᠩ᠎ᠦᠨ ᠡᠪᠦᠯ ᠎ᠦᠨ ᠤᠯᠠᠷᠢᠯ᠎ᠤᠨ ᠵᠡᠮᠳᠡᠭ᠌ᠴᠦᠳ ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠡ ᠨᠢ《ᠰᠥᠰᠥ᠍ ᠵᠣᠷᠢᠭ᠂ ᠡᠷᠡᠰ ᠵᠣᠷᠢᠭ᠂ ᠤᠷᠮᠠᠰᠢᠭᠤᠯᠤᠯ ᠵᠣᠷᠢᠭ᠍ᠵᠢᠭᠤᠯᠤᠯ᠂ ᠡᠷᠬᠡ ᠲᠡᠭ᠌ᠰᠢ》 ᠭᠡᠬᠦ᠌ ᠵᠡᠮᠳᠡᠭ᠌ᠴᠦᠳ ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠦᠷᠳᠡᠭ᠎ᠦᠨ ᠦᠵᠡᠯᠲᠡ ᠎ᠶ᠋ᠢ ᠪᠠᠳᠠᠷᠠᠭᠤᠯᠵᠤ᠂ 《ᠤᠶᠤᠨ ᠰᠠᠨᠠᠭ᠎ᠠ ᠨᠢ ᠲᠠᠮᠢᠷ ᠤ᠋ᠨ ᠬᠥᠳᠡᠯᠭᠡᠭᠡᠨ᠎ᠳᠦ ᠠᠭᠤᠯᠤᠭ᠍ᠳᠠᠵᠤ ᠪᠠᠢᠬᠤ》 ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠣᠢᠯᠠᠭᠠᠭ᠍ᠳᠠᠬᠤᠨ ᠪᠠ 《ᠡᠷᠬᠡ ᠲᠡᠭ᠌ᠰᠢ᠂ ᠣᠷᠣᠯᠴᠠᠯᠭ᠎ᠠ᠂ ᠬᠠᠮᠲᠤ ᠪᠠᠷ ᠡᠳ᠋ᠯᠡᠬᠦ᠌》 ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠦᠢᠯᠡᠰ ᠎ᠦᠨ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠢ ᠤᠯᠠᠮᠵᠢᠯᠠᠵᠤ᠂ 《ᠢᠷᠡᠭᠡᠳᠦᠢ ᠵᠦᠭ ᠬᠠᠮᠳᠦ ᠪᠡᠷ ᠤᠷᠤᠭᠰᠢᠯᠠᠬᠤ》 ᠢᠷᠠᠭᠤ ᠰᠠᠢᠬᠠᠨ ᠠᠶᠠᠰ᠎ᠢ ᠬᠠᠩᠭᠢᠨᠠᠭᠤᠯᠤᠭ᠍ᠰᠠᠨ ᠪᠠᠢᠨ᠎ᠠ᠃ ᠡᠨᠡ ᠪᠣᠯ ᠪᠡᠭᠡᠵᠢᠩ᠎ᠦᠨ 2008 ᠣᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ ᠳᠤᠮᠳᠠᠳᠤ ᠤᠯᠤᠰ᠎ᠤᠨ ᠡᠷᠭᠢᠯᠡᠭ᠌ᠰᠡᠨ ᠪᠠᠰᠠ ᠨᠢᠭᠡ ᠤᠳᠠᠭᠠᠨ᠎ᠤ ᠪᠦᠬᠦ᠌ ᠪᠥᠮᠪᠥᠷᠴᠡᠭ᠎ᠦᠨ ᠵᠡᠮᠳᠡᠭ᠌ᠴᠦᠳ᠎ᠦᠨ ᠪᠡᠶ᠎ᠡ ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠤᠯᠤᠨ᠎ᠠ᠂ ᠯᠠᠪᠳᠠᠢ ᠳᠡᠯᠡᠬᠡᠶ ᠵᠢᠨ ᠵᠡᠮᠳᠡᠭ᠌ᠴᠦᠳ᠎ᠦᠨ ᠪᠡᠶ᠎ᠡ ᠵᠢᠨ ᠲᠠᠮᠢᠷ ᠤ᠋ᠨ ᠦᠢᠯᠡᠰ ᠤ᠋ᠨ ᠲᠡᠤᠬᠡᠨ ᠲᠡᠮᠳᠡᠭᠯᠡᠯ ᠳ᠋ᠤ ᠲᠡᠮᠳᠡᠭᠯᠡᠭᠳᠡᠬᠦ ᠶᠤᠮ᠃

ᠡᠨᠡ ᠪᠣᠯ ᠥᠪᠡᠷ ᠎ᠦᠨ ᠪᠡᠶ᠎ᠡ ᠲᠠᠢ ᠪᠠᠨ ᠦᠷᠢᠰᠦᠯᠳᠦᠵᠦ᠍᠂ ᠲᠦᠢᠯ ᠳ᠋ᠠᠭᠠᠨ ᠲᠤᠯᠬᠤ ᠪᠠᠷ ᠲᠡᠮᠡᠴᠡᠭᠰᠡᠨ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ ᠪᠣᠯᠤᠨ᠎ᠠ᠃ ᠤᠷᠤᠯᠳᠤᠭᠠᠨ ᠎ᠤ ᠲᠠᠯᠠᠪᠤᠷ ᠎ᠲᠤ᠌᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠨ ᠨᠢᠭᠡᠪᠦᠷᠢ ᠴᠥᠮ ᠬᠥᠮᠦᠰ᠎ᠢ ᠪᠢᠱᠢᠷᠡᠭᠦᠯᠦᠮ᠎ᠡ ᠢᠯᠠᠭ᠍ᠴᠢ ᠶᠤᠮ᠂ ᠲᠡᠳᠡ ᠰᠡᠳᠭᠢᠭ᠌ᠳᠡᠰᠢ ᠦᠭᠡᠢ ᠬᠦᠴᠢᠷ ᠪᠡᠷᠬᠡᠱᠢᠶᠡᠯ᠎ᠢ ᠢᠯᠠᠨ ᠳᠠᠪᠠᠵᠤ᠂ ᠶᠡᠷᠦ᠍ ᠪᠤᠰᠤ᠎ᠶ᠋ᠢᠨ ᠵᠣᠪᠠᠭᠤᠷᠢ ᠵᠦᠳᠡᠭᠦᠷᠢ᠎ᠶ᠋ᠢ ᠲᠡᠰᠪᠦᠷᠢᠯᠡᠵᠤ᠂ ᠬᠥᠮᠦᠰ᠎ᠢ ᠭᠠᠢᠬᠠᠰᠢ ᠠᠯᠳᠠᠭᠤᠯᠤᠮ᠎ᠠ ᠢᠯᠡᠷᠡᠯ᠎ᠢᠶᠡᠷ ᠵᠢᠡᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠭᠤᠤ᠎ᠠ ᠰᠠᠢᠬᠠᠨ᠂ ᠤᠶᠤᠨ ᠰᠠᠨᠠᠭᠠᠨ᠎ᠤ ᠭᠤᠤ᠎ᠠ ᠰᠠᠢᠬᠠᠨ᠂ ᠠᠮᠢ ᠨᠠᠰᠤᠨ᠎ᠤ ᠭᠤᠤ᠎ᠠ ᠰᠠᠢᠬᠠᠨ᠎ᠢ ᠦᠵᠡᠭᠦᠯᠵᠦ᠍᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠵᠤ᠂ ᠲᠡᠷᠢᠭᠦᠨ ᠤ᠋ ᠬᠢ ᠪᠤᠯᠬᠤ ᠪᠡᠷ ᠡᠷᠡᠯᠬᠡᠭ᠌ᠯᠡᠨ ᠲᠡᠮᠡᠴᠡᠬᠦ ᠠᠮᠢ ᠨᠠᠰᠤᠨ᠎ᠤ ᠪᠠᠭᠠᠲᠤᠷᠯᠢᠭ ᠳᠠᠭᠤᠤ᠎ᠶ᠋ᠢ ᠪᠢᠴᠢᠭ᠌ᠯᠡᠪᠡ᠃ ᠳᠤᠮᠳᠠᠳᠤ ᠤᠯᠤᠰ ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠭᠠᠪᠰᠢᠭᠠᠢᠯᠠᠨ ᠲᠡᠮᠡᠴᠡᠬᠦ ᠵᠤᠷᠢᠭ ᠰᠠᠨᠠᠭ᠎ᠠ ᠵᠢ ᠡᠪᠦᠷᠯᠡᠨ᠂ ᠵᠣᠷᠢᠭ᠍ᠲᠠᠢ ᠪᠡᠷ ᠲᠡᠮᠡᠴᠡᠵᠦ᠍᠂ ᠵᠣᠷᠢᠭ᠍ᠲᠠᠢ᠎ᠪᠠᠷ ᠳᠠᠪᠰᠢᠵᠤ᠂ 18 ᠠᠯᠳᠠᠨ ᠮᠧᠳᠠᠯ᠂ 20 ᠮᠥᠩᠭᠥᠨ ᠮᠧᠳᠠᠯ᠂ 23 ᠬᠦᠷᠡᠯ ᠮᠧᠳᠠᠯ᠎ᠤᠨ ᠱᠢᠯᠢᠳᠡᠭ ᠬᠢᠷᠢ ᠪᠦᠲᠦᠮᠵᠢ ᠣᠯᠵᠤ᠂ ᠳᠤᠮᠳᠠᠳᠤ ᠤᠯᠤᠰ ᠎ᠤᠨ ᠪᠡᠶ᠎ᠡ᠎ᠶ᠋ᠢᠨ ᠲᠠᠮᠢᠷ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ ᠎ᠡᠴᠡ ᠨᠠᠭᠠᠰᠢᠬᠢ ᠱᠢᠨ᠎ᠡ ᠲᠡᠮᠳᠡᠭ᠌ᠯᠡᠯ᠎ᠢ ᠡᠭᠦᠳᠴᠦ᠍᠂ᠥᠷᠭᠡᠨ ᠤᠯᠠᠨ ᠵᠡᠮᠳᠡᠭ᠌ᠴᠦᠳ᠎ᠦᠨ ᠥᠪᠡᠷ᠎ᠢ᠎ᠪᠡᠨ ᠬᠦᠨᠳᠦᠳᠭᠡᠬᠦ᠂ᠥᠪᠡᠷ᠎ᠢ᠎ᠪᠡᠨ ᠢᠲᠡᠭᠡᠬᠦ᠂ ᠥᠪᠡᠷ᠎ᠢ᠎ᠪᠡᠨ ᠬᠦᠴᠦᠷᠬᠡᠭ᠌ᠵᠢᠭᠦᠯᠬᠦ᠂ ᠪᠡᠶ᠎ᠡ᠎ᠪᠡᠨ ᠳᠠᠭᠠᠭᠠᠬᠤ᠎ᠶ᠋ᠢ ᠵᠣᠷᠢᠭ᠍ᠵᠢᠭᠤᠯᠵᠤ᠂ ᠪᠦᠬᠦ᠌ ᠤᠯᠤᠰ᠎ᠤᠨ ᠠᠷᠠᠳ ᠲᠦᠮᠡᠨ᠎ᠳᠦ ᠱᠢᠨ᠎ᠡ ᠠᠶᠠᠨ ᠳ᠋ᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠦᠴᠦᠷᠬᠡᠭ ᠶᠡᠬᠡ ᠬᠦᠴᠦᠨ ᠴᠢᠳᠠᠯ᠎ᠢ ᠤᠯᠭᠤᠵᠠᠢ᠃

ᠡᠨᠡ ᠪᠣᠯ ᠪᠦᠯᠬᠦᠮᠳᠡᠯ᠎ᠢ ᠠᠬᠢᠭᠤᠯᠵᠤ᠂ ᠨᠥᠬᠥᠷᠯᠡᠯ᠎ᠢ ᠵᠤᠵᠠᠭᠠᠳᠬᠠᠭᠰᠠᠨ ᠪᠡᠶ᠎ᠡ᠎ᠶ᠋ᠢᠨ ᠲᠠᠮᠢᠷ ᠎ᠤᠨ ᠦᠪᠡᠳᠡᠭ᠌ᠰᠢ ᠴᠤᠭ᠍ᠯᠠᠭᠠᠨ ᠪᠣᠯᠤᠨ᠎ᠠ᠃ ᠱᠢᠨ᠎ᠡ ᠲᠢᠳᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠡᠴᠡ ᠪᠣᠯᠤᠭ᠍ᠰᠠᠨ ᠬᠦᠴᠢᠷᠳᠡᠯ ᠪᠠ ᠳᠥᠭᠥᠮ ᠦᠭᠡᠢ ᠪᠠᠢᠳᠠᠯ᠎ᠤᠨ ᠡᠮᠦᠨ᠎ᠡ᠂ ᠳᠤᠮᠳᠠᠳᠤ ᠤᠯᠤᠰ ᠪᠣᠬᠢᠷᠲᠤᠯ ᠦᠭᠡᠢ᠂ ᠬᠠᠮᠲᠤ᠎ᠪᠠᠷ ᠡᠳ᠋ᠯᠡᠬᠦ᠂ ᠨᠡᠭᠡᠭᠡᠯᠲᠡᠲᠠᠢ᠂ ᠠᠷᠢᠭᠤᠨ ᠴᠢᠬᠡᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠷᠬᠢᠯᠡᠬᠦ᠌ ᠣᠢᠯᠠᠭᠠᠭ᠍ᠳᠠᠬᠤᠨ ᠎ᠢ ᠦᠢᠯᠡᠳᠦᠯᠭᠡᠵᠢᠭᠦᠯᠵᠦ᠍᠂ ᠬᠢᠵᠢᠭ ᠎ᠦᠨ ᠨᠥᠯᠥᠭᠡ ᠎ᠶ᠋ᠢ ᠪᠦᠬᠦ᠌ ᠬᠦᠴᠦᠨ ᠎ᠢᠶᠡᠷ ᠎ᠢᠯᠠᠨ ᠲᠠᠪᠠᠵᠤ᠂ ᠲᠡᠯᠡᠬᠡᠢ ᠵᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠵᠥᠪᠯᠡᠯ ᠵᠡᠷᠭᠡ ᠲᠠᠯ᠎ᠠ᠎ᠶ᠋ᠢᠨ ᠬᠢᠨ᠎ᠲᠡᠶ ᠬᠠᠮᠲᠤᠷᠠᠯᠴᠠᠵᠤ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠯ᠎ᠡ ᠵᠦᠢᠯ᠎ᠦᠨ ᠠᠵᠢᠯ᠎ᠢ ᠨᠠᠷᠢᠯᠢᠭ ᠰᠠᠢᠳᠤᠷ ᠬᠢᠵᠠᠢ᠃ ᠬᠠᠷᠰᠢ ᠰᠠᠭᠠᠳ ᠥᠬᠡᠶ ᠲᠥᠬᠥᠭᠡᠷᠦᠮᠵᠢ᠎ᠶ᠋ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠲᠠᠮᠢᠷᠴᠢᠳ᠂ ᠬᠠᠮᠳᠤ ᠢᠷᠡᠭᠰᠡᠨ ᠲᠤᠱᠢᠶᠠᠯᠲᠠᠨ ᠵᠢᠴᠢ ᠠᠵᠢᠯᠲᠠᠳ᠎ᠲᠤ ᠴᠢᠨᠠᠷ ᠰᠠᠢᠲᠠᠶ ᠦᠶ᠋ᠯᠡᠴᠢᠯᠡᠭᠡ ᠬᠠᠩᠭᠠᠵᠠᠢ; ᠤᠷᠤᠯᠳᠤᠭᠠᠨ᠎ᠤ ᠶᠠᠪᠤᠳᠠᠯ᠎ᠤᠨ ᠪᠠᠲᠤᠯᠠᠭ᠎ᠠ᠂ ᠡᠮᠴᠢᠯᠡᠭᠡᠨ᠎ᠤ ᠠᠪᠤᠷᠠᠨ ᠲᠤᠰᠠᠯᠠᠯᠲᠠ᠂ ᠵᠠᠮ ᠬᠠᠷᠢᠯᠴᠠᠭ᠎ᠠ᠂ ᠬᠥᠮᠦᠯᠢᠭ ᠠᠮᠤᠷ ᠲᠦᠪᠱᠢᠨ᠎ᠦ ᠪᠠᠢᠴᠠᠭᠠᠯᠲᠠ ᠵᠡᠷᠭᠡ᠎ᠶ᠋ᠢ ᠨᠠᠷᠢᠯᠢᠭ ᠪᠥᠭᠡᠳ ᠥᠨᠳᠥᠷ ᠪᠦᠲᠦᠮᠵᠢᠲᠡᠶ ᠵᠣᠬᠢᠶᠠᠨ ᠪᠠᠢᠭᠤᠯᠵᠤ᠂ ᠲᠠᠮᠢᠷᠴᠢᠳ᠎ᠤᠨ ᠤᠷᠤᠯᠳᠤᠭᠠᠨ᠎ᠳᠤ ᠣᠷᠣᠯᠴᠠᠬᠤ ᠎ᠳᠤ ᠲᠥᠬᠥᠮ ᠦᠵᠡᠭᠦᠯᠪᠡ; ᠳᠠᠬᠢᠭᠠᠳ 9000 ᠭᠠᠷᠤᠢ ᠰᠠᠢᠨ ᠳᠤᠷᠠᠴᠤᠳ ᠬᠠᠯᠠᠭᠤᠨ ᠳᠣᠲᠣᠨᠣ ᠰᠠᠢᠨ ᠳᠤᠷ᠎ᠠ᠎ᠶ᠋ᠢᠨ ᠦᠢᠯᠡᠴᠢᠯᠡᠭᠡ᠎ᠪᠠᠷ᠎ᠵᠢᠡᠨ ᠳᠠᠮᠵᠢᠭᠤᠯᠤᠨ᠂ ᠡᠷᠬᠡ ᠲᠡᠭ᠌ᠰᠢ᠂ ᠠᠭᠤᠰᠤᠯᠴᠠᠭ᠍ᠰᠠᠨ᠂ ᠪᠠᠭ᠍ᠲᠠᠭᠠᠮᠵᠢᠲᠠᠢ ᠪᠠᠢᠬᠤ ᠡᠷᠬᠢᠮ ᠳᠡᠭᠡᠳᠦ ᠵᠣᠷᠢᠭ ᠰᠠᠨᠠᠭ᠎ᠠ᠎ᠶ᠋ᠢ ᠳᠡᠯᠭᠡᠨ ᠦᠵᠡᠭᠦᠯᠪᠡ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠳ᠎ᠲᠤ ᠵᠡᠮᠳᠡᠭ᠌ᠴᠦᠳ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠷᠢᠳᠢ ᠱᠢᠳᠢ᠎ᠶ᠋ᠢ ᠭᠦᠢᠴᠡᠳ ᠢᠯᠡᠷᠡᠭᠦᠯᠬᠦ᠌ ᠲᠠᠪᠴᠠᠩ ᠪᠠᠢᠭᠤᠯᠤᠨ ᠦᠭᠴᠦ᠂ ᠡᠯ᠎ᠡ ᠤᠯᠤᠰ᠎ᠤᠨ ᠠᠷᠠᠳ ᠲᠦᠮᠡᠨ᠎ᠤ ᠶᠠᠪᠤᠯᠴᠠᠭ᠎ᠠ᠂ ᠣᠢᠯᠠᠭᠠᠯᠴᠠᠭ᠎ᠠ ᠪᠠ ᠨᠥᠬᠦᠷᠯᠡᠯ᠎ᠢ ᠠᠬᠢᠭᠤᠯᠵᠠᠢ᠃

ᠪᠦᠬᠦ᠌ ᠪᠥᠮᠪᠥᠷᠴᠡᠭ᠎ᠤᠨ ᠪᠦᠬᠦ᠌ ᠬᠥᠮᠥᠨ ᠠᠮᠠ᠎ᠶ᠋ᠢᠨ ᠳᠣᠲᠣᠷ᠎ᠠ ᠵᠡᠮᠳᠡᠭ᠌ᠴᠦᠳ᠎ᠤᠨ ᠡᠵᠡᠯᠡᠬᠦ᠌ ᠬᠠᠷᠢᠴᠠᠯ ᠪᠠᠷᠤᠭ 15% ᠪᠠᠢᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠭ᠍ᠰᠠᠨ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠵᠡᠮᠳᠡᠭ᠌ᠴᠦᠳ᠎ᠤᠨ ᠦᠢᠯᠡᠰ ᠪᠣᠯ ᠡᠷᠬᠢᠮ ᠳᠡᠭᠡᠳᠦ ᠬᠥᠮᠦᠯᠢᠭ ᠦᠵᠡᠯ᠎ᠤᠨ ᠦᠢᠯᠡᠰ ᠮᠥᠨ᠂ ᠪᠡᠶ᠎ᠡ᠎ᠶ᠋ᠢᠨ ᠲᠠᠮᠢᠷ᠎ᠨᠢ ᠵᠡᠮᠳᠡᠭ᠌ᠴᠦᠳ᠎ᠲᠤ ᠪᠠᠶᠠᠯᠢᠭ ᠰᠠᠢᠬᠠᠨ ᠠᠮᠢᠳᠤᠷᠠᠯ᠎ᠳᠤ ᠨᠡᠪᠲᠡᠷᠡᠬᠦ᠌ ᠲᠤᠮᠤ ᠬᠠᠭᠠᠯᠭ᠎ᠠ᠎ᠶ᠋ᠢ ᠨᠡᠭᠡᠭᠡᠨ ᠥᠭ᠌ᠴᠦ᠂ ᠲᠡᠳᠡᠨ᠎ᠢ ᠬᠠᠪᠰᠤᠷᠤᠨ ᠡᠷᠬᠡ ᠲᠡᠭ᠌ᠰᠢ᠎ᠪᠠᠷ ᠨᠡᠢᠭᠡᠮ᠎ᠳᠤ ᠠᠭᠤᠰᠤᠯᠴᠠᠬᠤ ᠵᠠᠮ᠎ᠢᠶᠠᠷ ᠵᠠᠮᠨᠠᠭᠤᠯᠤᠭ᠍ᠰᠠᠨ ᠪᠠᠢᠨ᠎ᠠ᠃ ᠪᠡᠭᠡᠵᠢᠩ᠎ᠤᠨ 2008 ᠣᠨ᠎ᠤ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠠᠴᠠ ᠪᠡᠭᠡᠵᠢᠩ᠎ᠤᠨ 2022 ᠣᠨ᠎ᠤ ᠡᠪᠦᠯ᠎ᠤᠨ ᠤᠯᠠᠷᠢᠯ᠎ᠤᠨ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠬᠦᠷᠲᠡᠯ᠎ᠡ᠂ ᠨᠡᠭᠡᠭᠡᠯᠲᠡᠲᠤ ᠳᠤᠮᠳᠠᠳᠤ ᠤᠯᠤᠰ ᠳᠡᠯᠡᠬᠡᠢ ᠎ᠶ᠋ᠢᠨ ᠡᠭᠦᠷᠭᠡ᠎ᠶ᠋ᠢ ᠢᠳᠡᠪᠬᠢᠲᠡᠢ ᠡᠭᠦᠷᠭᠡᠯᠡᠵᠦ᠍᠂ ᠳᠡᠯᠡᠬᠡᠢ ᠎ᠶ᠋ᠢᠨ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠬᠡᠷᠡᠭ ᠶᠠᠪᠤᠳᠠᠯ᠎ᠳᠤ ᠪᠦᠬᠦ᠌ ᠲᠠᠯ᠎ᠠ᠎ᠪᠠᠷ ᠣᠷᠣᠯᠴᠠᠵᠤ᠂ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠦᠢᠯᠡᠰ᠎ᠤᠨ ᠬᠥᠭ᠌ᠵᠢᠯᠲᠡ᠎ᠶ᠋ᠢ ᠬᠦᠴᠦᠲᠡᠢ ᠠᠬᠢᠭᠤᠯᠵᠤ᠂ ᠳᠡᠯᠡᠬᠡᠢ᠎ᠶ᠋ᠢᠨ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠬᠥᠭ᠌ᠵᠢᠯᠲᠡ᠎ᠳᠤ ᠲᠣᠪᠣᠢᠮ᠎ᠠ ᠬᠤᠪᠢ ᠨᠡᠮᠡᠷᠢ ᠦᠵᠡᠭᠦᠯᠪᠡ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠢ ᠡᠷᠭᠢᠯᠡᠭᠰᠡᠨ ᠨᠢ ᠵᠡᠮᠳᠡᠭ᠌ᠴᠦᠳ᠎ᠤᠨ ᠢᠲᠡᠭᠡᠯ ᠵᠣᠷᠢᠭ ᠪᠠ ᠠᠮᠢᠵᠢᠷᠠᠯ ᠎ᠤᠨ ᠬᠦᠴᠦᠨ ᠎ᠢᠶᠠᠷ ᠪᠢᠯᠬᠠᠭᠰᠠᠨ ᠴᠤᠭ ᠵᠢᠪᠬᠤᠭ᠎ᠠ᠎ᠶ᠋ᠢ ᠢᠯᠡᠷᠡᠭᠦᠯᠵᠦ᠍᠂ ᠬᠥᠮᠥᠰ᠎ᠤᠨ ᠵᠡᠮᠳᠡᠭ᠌ᠴᠦᠳ᠎ᠤᠨ ᠲᠤᠬᠠᠢ ᠣᠢᠯᠠᠭᠠᠯᠲᠠ᠂ ᠬᠦᠨᠳᠦᠳᠭᠡᠯ ᠪᠠ ᠬᠠᠢᠷ᠎ᠠ ᠬᠠᠯᠠᠮᠵᠢ᠎ᠶ᠋ᠢ ᠨᠡᠩ ᠢᠯᠡᠭᠦᠦ ᠬᠥᠭ᠌ᠵᠢᠭᠡᠵᠦ᠍᠂ ᠪᠦᠬᠦ᠌ ᠪᠥᠮᠪᠥᠷᠴᠡᠭ ᠎ᠤᠨ 12 ᠳ᠋ᠦᠩᠱᠢᠭᠤᠷ ᠵᠡᠮᠳᠡᠭ᠌ᠴᠦᠳ᠎ᠤᠨ ᠲᠤᠬᠠᠢ ᠠᠩᠬᠠᠷᠤᠯ ᠎ᠤᠨ ᠬᠡᠮᠵᠢᠶ᠎ᠡ᠂ ᠪᠠᠭ᠍ᠲᠠᠭᠠᠮᠵᠢᠲᠤ ᠴᠢᠨᠠᠷ ᠪᠠ ᠬᠠᠷᠰᠢ ᠰᠠᠭᠠᠳ ᠦᠭᠡᠢ ᠪᠤᠯᠭᠠᠬᠤ ᠲᠦᠪᠱᠢᠨ᠎ᠢ ᠴᠢᠨᠠᠭ᠍ᠰᠢᠳᠠ ᠳᠡᠭᠡᠭ᠌ᠰᠢᠯᠡᠭᠦᠯᠵᠦ᠍᠂ ᠳᠡᠯᠡᠬᠡᠢ ᠳ᠋ᠠᠬᠢᠨ᠎ᠳᠤ ᠢᠲᠡᠭᠡᠯ ᠵᠣᠷᠢᠭ᠂ ᠨᠥᠬᠦᠷᠰᠡᠭ ᠬᠠᠢᠷ᠎ᠠ ᠪᠠ ᠬᠦᠰᠡᠯ ᠡᠷᠡᠮᠡᠯᠵᠡᠯ᠎ᠢ ᠳᠠᠮᠵᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠰᠠᠢᠨ ᠰᠠᠢᠬᠠᠨ ᠬᠦᠰᠡᠯ ᠡᠷᠡᠮᠡᠯᠵᠡᠯ᠎ᠢ ᠭᠦᠢᠴᠡᠳ ᠢᠯᠡᠷᠡᠭᠦᠯᠬᠦ᠌ ᠨᠢ ᠯᠠᠪᠲᠠᠢ ᠶᠤᠮ᠃

ᠶᠡᠷᠦᠩᠬᠡᠢ ᠱᠦᠵᠢ ᠰᠢ᠎ᠶ᠋ᠢᠨ ᠫᠢᠩ᠄ 《ᠵᠡᠮᠳᠡᠭ᠌ᠴᠦᠳ ᠪᠣᠯ ᠨᠢᠭᠡᠨ ᠣᠨᠴᠠᠭᠠᠶ ᠬᠦᠴᠢᠷᠳᠡᠯ᠎ᠲᠠᠢ ᠬᠦᠮᠦᠰ ᠮᠥᠨ ᠪᠣᠯᠬᠤᠷ ᠣᠨᠴᠠᠭᠠᠶ ᠬᠠᠷᠠᠭᠠᠯᠵᠠᠯ ᠦᠵᠡᠭᠦᠯᠵᠦ᠍᠂ ᠣᠨᠴᠠᠭᠠᠶ ᠠᠨᠭᠬᠠᠷᠴᠤ ᠬᠠᠯᠠᠮᠵᠢᠯᠠᠬᠤ ᠬᠡᠷᠡᠭ᠌ᠲᠡᠢ》 ᠭᠡᠵᠦ ᠵᠢᠭᠠᠵᠤ ᠭᠠᠷᠭᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠰᠢ᠂ ᠳᠤᠮᠳᠠᠳᠤ ᠤᠯᠤᠰ ᠵᠡᠮᠳᠡᠭ᠌ᠴᠦᠳ᠎ᠤᠨ ᠦᠢᠯᠡᠰ᠎ᠢ 《ᠲᠠᠪᠤ᠎ᠶ᠋ᠢ ᠨᠢᠭᠡ ᠴᠣᠭ᠍ᠴᠠᠵᠢᠭᠤᠯᠬᠤ》 ᠶᠡᠷᠦᠩᠬᠡᠢ ᠪᠠᠢᠷᠢᠱᠢᠭᠤᠯᠤᠯᠲᠠ ᠪᠠ 《ᠲᠦᠷᠪᠡᠨ ᠪᠦᠬᠦ᠌ ᠲᠠᠯ᠎ᠠ》᠎ᠶ᠋ᠢᠨ ᠪᠠᠢᠯᠳᠤᠬᠤ ᠪᠣᠳᠣᠯᠭ᠎ᠠ ᠎ᠶ᠋ᠢᠨ ᠪᠠᠢᠷᠢᠱᠢᠭᠤᠯᠤᠯᠲᠠ᠎ᠳᠤ ᠣᠷᠣᠭᠤᠯᠵᠤ᠂ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌ ᠪᠠᠢᠭᠠᠳ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠥᠷᠨᠢᠩᠭᠦᠢ ᠬᠥᠭ᠌ᠵᠢᠯᠲᠡ᠎ᠶ᠋ᠢ ᠠᠬᠢᠭᠤᠯᠪᠠ᠃ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠤ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠵᠦ᠍᠂ ᠵᠡᠮᠳᠡᠭ ᠲᠠᠮᠢᠷᠴᠢᠳ ᠬᠦᠴᠦᠷᠬᠡᠭ᠌ᠵᠢᠬᠦ᠌᠎ᠪᠠᠷ ᠬᠦᠴᠦᠯᠡᠨ ᠴᠢᠷᠮᠠᠢᠵᠤ᠂ ᠡᠷᠡᠯᠬᠡᠭ᠌ᠯᠡᠨ ᠲᠡᠮᠡᠴᠡᠵᠦ᠍᠂ ᠡᠬᠡ ᠤᠯᠤᠰ᠎ᠲᠠᠭᠠᠨ ᠢᠷᠠᠭᠤ ᠠᠯᠳᠠᠷ ᠣᠯᠭᠤᠵᠤ᠂ ᠨᠡᠢᠭᠡᠮ ᠨᠡᠢᠲᠡ ᠵᠢ ᠵᠤᠷᠢᠭᠵᠢᠭᠤᠯᠵᠤ᠂ ᠵᠡᠮᠳᠡᠭ᠌ᠴᠦᠳ᠎ᠤᠨ ᠪᠡᠶ᠎ᠡ᠎ᠶ᠋ᠢᠨ ᠲᠠᠮᠢᠷ᠎ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠦᠢᠯᠡᠰ᠎ᠤᠨ ᠬᠥᠭ᠌ᠵᠢᠯᠲᠡ᠎ᠶ᠋ᠢ ᠠᠬᠢᠭᠤᠯᠬᠤ ᠳᠦᠷᠢᠮ᠎ᠤᠨ ᠳᠠᠪᠠᠭᠤᠯᠢᠭ᠎ᠢ ᠢᠯᠡᠷᠡᠭᠦᠯᠵᠦ᠍᠂ ᠳᠤᠮᠳᠠᠳᠤ ᠤᠯᠤᠰ᠎ᠤᠨ ᠵᠡᠮᠳᠡᠭ᠌ᠴᠦᠳ᠎ᠤᠨ ᠡᠷᠬᠡ ᠠᠱᠢᠭ᠎ᠢ ᠬᠦᠨᠳᠦᠳᠭᠡᠨ ᠪᠠᠲᠤᠯᠠᠭ᠍ᠰᠠᠨ ᠮᠡᠳᠡᠭ᠌ᠳᠡᠮ᠎ᠡ ᠠᠮᠵᠢᠯᠲᠠ ᠪᠦᠲᠦᠮᠵᠢ᠎ᠶ᠋ᠢ ᠢᠯᠡᠷᠡᠭᠦᠯᠪᠡ᠃ ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠨᠡᠩ ᠤᠯᠠᠨ ᠬᠥᠮᠥᠰ᠎ᠲᠤ ᠵᠡᠮᠳᠡᠭ᠌ᠴᠦᠳ᠎ᠤᠨ ᠦᠢᠯᠡᠰ᠎ᠢ ᠬᠠᠯᠠᠮᠵᠢᠯᠠᠨ ᠣᠢᠯᠠᠭᠠᠭᠤᠯᠵᠤ᠂ ᠵᠡᠮᠳᠡᠭ᠌ᠴᠦᠳ ᠪᠠ ᠡᠷᠡᠭᠦᠯ ᠬᠦᠮᠦᠰ᠎ᠢ ᠠᠭᠤᠰᠤᠯᠴᠠᠭᠤᠯᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌ ᠪᠠᠭ᠍ᠲᠠᠭᠠᠮᠵᠢᠲᠤ ᠨᠡᠢᠭᠡᠮ᠎ᠤᠨ ᠰᠠᠢᠨ ᠰᠠᠢᠬᠠᠨ ᠠᠭᠤᠷ ᠠᠮᠢᠰᠭᠤᠯ᠎ᠢ ᠪᠤᠢ ᠪᠣᠯᠭᠠᠪᠠᠯ᠂ ᠵᠡᠮᠳᠡᠭ᠌ᠴᠦᠳ᠎ᠤᠨ ᠦᠢᠯᠡᠰ᠎ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠵᠤ᠂ ᠵᠡᠮᠳᠡᠭ᠌ᠴᠦᠳ ᠎ᠤᠨ ᠰᠠᠢᠨ ᠰᠠᠢᠬᠠᠨ ᠠᠮᠢᠳᠤᠷᠠᠯ᠎ᠤᠨ ᠬᠡᠷᠡᠭ᠌ᠴᠡᠭᠡ᠎ᠶ᠋ᠢ ᠳᠠᠰᠤᠷᠠᠯᠳᠠ ᠦᠭᠡᠢ ᠬᠠᠩᠭᠠᠵᠤ ᠴᠢᠳᠠᠬᠤ ᠨᠢ ᠯᠠᠪᠳᠠᠢ ᠃

ᠬᠠᠪᠤᠷ ᠪᠣᠯ ᠲᠠᠷᠢᠵᠤ ᠤᠷᠭᠤᠭᠤᠯᠬᠤ ᠤᠯᠠᠷᠢᠯ ᠪᠤᠯᠤᠨ᠎ᠠ᠃ ᠤᠷᠢᠬᠠᠨ ᠬᠠᠪᠤᠷ᠎ᠤᠨ ᠡᠶᠡᠪᠡᠷᠬᠦᠦ ᠰᠠᠯᠬᠢᠨ᠎ᠤ ᠠᠶ᠎ᠠ ᠪᠡᠷ ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭ᠌ᠴᠦᠳ ᠦ᠋ᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠩᠬᠡ ᠲᠠᠢᠪᠤᠩ᠂ ᠨᠥᠬᠦᠷᠯᠡᠯ᠂ ᠬᠠᠢᠷ᠎ᠠ ᠬᠠᠯᠠᠮᠵᠢ᠎ᠶ᠋ᠢᠨ ᠦᠷ᠎ᠡ᠎ᠶᠢ ᠨᠡᠩ ᠤᠯᠠᠨ ᠬᠥᠮᠥᠨ᠎ᠤ ᠰᠡᠳᠭᠢᠯ᠎ᠳᠤ ᠰᠠᠴᠤᠯ᠎ᠠ᠂ ᠡᠯᠪᠡᠭ ᠪᠠᠶᠠᠯᠢᠭ ᠦᠷ᠎ᠡ ᠵᠢᠮᠢᠰ ᠬᠤᠷᠢᠶᠠᠬᠤ᠎ᠨᠢ ᠯᠠᠪᠲᠠᠢ ᠶᠤᠮ᠃ ᠪᠢᠳᠠ ᠭᠠᠷ ᠭᠠᠷ᠎ᠢᠶᠠᠨ ᠬᠤᠯᠪᠣᠯᠴᠠᠨ ᠬᠠᠮᠲᠤ ᠪᠠᠷ ᠤᠷᠤᠭ᠍ᠰᠢᠯᠠᠵᠤ᠂ ᠬᠠᠮᠲᠤ ᠪᠠᠷ ᠢᠷᠡᠭᠡᠳᠦᠢ ᠲᠡᠢᠰᠢ ᠤᠷᠤᠭ᠍ᠰᠢᠯᠠᠵᠤ᠂ ᠵᠡᠮᠳᠡᠭ᠌ᠴᠦᠳ᠎ᠤᠨ ᠦᠢᠯᠡᠰ᠎ᠤᠨ ᠲᠠᠰᠤᠷᠠᠯᠲᠠ ᠦᠭᠡᠢ ᠬᠥᠭ᠌ᠵᠢᠨ ᠳᠠᠪᠱᠢᠬᠤ᠎ᠶ᠋ᠢ ᠬᠠᠮᠲᠤ ᠪᠠᠷ ᠠᠬᠢᠭᠤᠯᠵᠤ᠂ ᠬᠥᠮᠥᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠴᠣ ᠱᠢᠨ᠎ᠡ ᠬᠠᠭᠤᠳᠠᠰᠤ᠎ᠶ᠋ᠢ ᠬᠠᠮᠲᠤ ᠪᠠᠷ ᠪᠢᠴᠢᠭ᠌ᠯᠡᠵᠡᠭᠡᠶ᠎ᠠ!

(ᠱᠢᠨᠬᠤᠸᠠ ᠬᠣᠷᠢᠶᠠᠨ᠎ᠤ ᠪᠡᠭᠡᠵᠢᠩ᠎ᠦᠨ 3 ᠰᠠᠷ᠎ᠠ᠎ᠶ᠋ᠢᠨ 13 ᠎ᠤ ᠴᠠᠬᠢᠯᠭᠠᠨ ᠮᠡᠳᠡᠬᠡ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面