2022-03-15 10:16:30
— ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰᠥᠭᠰᠡᠨ ᠲᠠᠱᠢᠷᠠᠮ᠎ᠳᠤ
3 ᠰᠠᠷ᠎ᠠ᠎ᠶ᠋ᠢᠨ 13᠎ᠤ᠋ ᠤᠷᠤᠢ᠂ ᠥᠩᠭᠡ ᠢᠯᠭᠠᠷᠠᠭ᠍ᠰᠠᠨ ᠬᠤᠸᠠᠷ ᠫᠤᠤᠵᠢᠩ ᠪᠡᠭᠡᠵᠢᠩ᠎ᠦᠨ ᠰᠥᠨᠢ᠎ᠶ᠋ᠢᠨ ᠣᠭ᠍ᠲᠠᠷᠭᠤᠢ᠎ᠶ᠋ᠢ ᠭᠡᠷᠡᠯᠳᠦᠭᠦᠯᠵᠦ᠂ ᠪᠡᠭᠡᠵᠢᠩ᠎ᠦᠨ 2022 ᠣᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠦᠬᠦᠷᠡᠩ ᠠᠮᠵᠢᠯᠳᠠ ᠲᠠᠢᠥᠨᠳᠥᠷᠯᠡᠪᠡ᠃ ᠲᠤᠰ ᠬᠤᠭᠤᠴᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠳᠥᠭᠥᠮ ᠳᠥᠲᠡ᠂ ᠠᠮᠤᠷ ᠲᠦᠪᠱᠢᠨ᠂ ᠭᠣᠢᠳᠠ ᠰᠠᠢᠬᠠᠨ ᠦᠪᠡᠳᠡᠭ᠌ᠰᠢ ᠴᠤᠭ᠍ᠯᠠᠭᠠᠨ ᠪᠤᠯᠵᠤ᠂ ᠪᠡᠶ᠎ᠡ ᠪᠠᠨ ᠲᠠᠭᠠᠭᠠᠵᠦ᠍ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠴᠥᠬᠥᠷᠡᠰᠢ ᠦᠭᠡᠢ ᠲᠡᠮᠡᠴᠡᠬᠦ᠌ ᠠᠮᠢ ᠨᠠᠰᠤᠨ᠎ᠤ ᠭᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠪᠦᠯᠬᠦᠮᠳᠡᠯ ᠪᠠ ᠨᠥᠬᠥᠷᠯᠡᠯ᠎ᠦᠨ ᠬᠦᠰᠡᠯ ᠡᠷᠡᠮᠡᠯᠵᠡᠯ᠎ᠦᠨ ᠠᠷᠢᠭᠤᠨ ᠭᠠᠯ ᠢ᠋ ᠳᠠᠮᠵᠢᠭᠤᠯᠵᠤ᠂ ᠳᠡᠯᠡᠬᠡᠢ᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠪᠦᠬᠦ᠌ ᠪᠥᠮᠪᠥᠷᠴᠡᠭ᠎ᠦᠨ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢᠨ ᠲᠡᠦᠬᠡᠨ᠎ᠳᠦ ᠭᠡᠷᠡᠯ ᠰᠠᠴᠤᠷᠠᠩᠭᠤᠢ ᠨᠢᠬᠡᠨ ᠬᠠᠭᠤᠳᠠᠰᠤ ᠵᠢ ᠪᠢᠴᠢᠭᠯᠡᠭᠰᠡᠨ ᠪᠠᠢᠨ᠎ᠠ᠃
ᠡᠨᠡ ᠪᠣᠯ ᠲᠡᠦᠬᠡᠨ ᠳᠡᠭᠡᠷᠡᠬᠢ ᠤᠷᠤᠯᠳᠤᠭᠠᠨ᠎ᠳᠤ ᠣᠷᠣᠯᠴᠠᠭ᠍ᠰᠠᠨ ᠲᠠᠮᠢᠷᠴᠢᠳ᠎ᠤᠨ ᠲᠣᠭ᠎ᠠ᠎ᠪᠠᠷ ᠬᠠᠮᠤᠭ᠎ᠤᠨ ᠤᠯᠠᠨ ᠨᠢᠬᠡᠨ ᠤᠳᠠᠭ᠎ᠠ ᠵᠢᠨ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠤᠯᠵᠠᠢ᠃《ᠰᠥᠰᠥ᠍ ᠵᠣᠷᠢᠭ᠂ ᠡᠷᠡᠰ ᠵᠣᠷᠢᠭ᠂ ᠵᠣᠷᠢᠭ᠍ᠵᠢᠭᠤᠯᠤᠯ᠂ ᠡᠷᠬᠡ ᠲᠡᠭ᠌ᠰᠢ》᠎ᠪᠡᠷ ᠭᠤᠤᠯᠯᠠᠭᠤᠯᠤᠭ᠍ᠰᠠᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠷᠲᠡᠭ᠎ᠦᠨ ᠦᠵᠡᠯᠲᠡ᠎ᠶ᠋ᠢᠨ ᠤᠷᠢᠶᠠᠯᠠᠯ ᠳᠤᠤᠷ᠎ᠠ᠂ 46 ᠤᠯᠤᠰ(ᠭᠠᠵᠠᠷ ᠣᠷᠣᠨ)᠎ᠡᠴᠡ ᠢᠷᠡᠭ᠌ᠰᠡᠨ 600 ᠱᠢᠬᠠᠮ ᠵᠡᠮᠳᠡᠭ ᠲᠠᠮᠢᠷᠴᠢᠨ 6 ᠶᠡᠬᠡ ᠲᠥᠷᠥᠯ᠂ 78 ᠵᠢᠵᠢᠭ ᠲᠥᠷᠥᠯ᠎ᠦᠨ ᠤᠷᠤᠯᠳᠤᠭᠠᠨ᠎ᠳᠦ ᠣᠷᠣᠯᠴᠠᠵᠠᠶ᠃ ᠤᠷᠤᠯᠳᠤᠭᠠᠨ᠎ᠤ ᠲᠠᠯᠠᠪᠠᠢ᠎ᠳᠤ᠂ ᠲᠡᠳᠡ ᠤᠯᠠᠨ ᠤᠳᠠᠭ᠎ᠠ᠎ᠶ᠋ᠢᠨ ᠬᠠᠲᠠᠭᠤ ᠪᠡᠷᠬᠡᠱᠢᠶᠡᠯᠲᠦ ᠦᠰᠦᠷᠦᠯᠲᠡ᠂ ᠤᠯᠠᠨ ᠤᠳᠠᠭ᠎ᠠ᠎ᠶ᠋ᠢᠨ ᠣᠷᠭᠢᠯᠤᠮ᠎ᠠ ᠬᠠᠯᠠᠭᠤᠨ ᠰᠡᠳᠭᠢᠯᠭᠡ᠎ᠲᠠᠢ ᠱᠢᠪᠲᠤᠯᠤᠯᠲᠠ᠎ᠪᠠᠷ ᠨᠤᠭᠤᠷᠠᠰᠢ ᠦᠭᠡᠢ ᠪᠠᠲᠤ ᠴᠢᠩᠭ᠎ᠠ ᠠᠮᠢ ᠨᠠᠰᠤᠨ᠎ᠤ ᠭᠠᠢᠬᠠᠮᠱᠢᠭ᠎ᠢ ᠪᠢᠴᠢᠭ᠌ᠯᠡᠪᠡ᠃ ᠬᠣᠶᠠᠷ ᠭᠠᠷ ᠵᠢᠡᠨ ᠠᠯᠳᠠᠭᠰᠠᠨ ᠰᠦᠨ ᠬᠣᠩ ᠱᠧᠩ ᠥᠨᠳᠥᠷ ᠠᠭᠤᠯᠠᠨ᠎ᠡᠴᠡ ᠬᠠᠯᠢᠨ ᠪᠠᠭᠤᠬᠤ ᠦᠶ᠎ᠠ᠎ᠳᠤ᠂ ᠠᠯᠬᠤᠵᠦ ᠲᠡᠢᠯᠬᠦ ᠦᠭᠡᠢ ᠪᠣᠯᠤᠭ᠍ᠰᠠᠨ ᠶᠠᠨ ᠵᠦᠸᠸ ᠯᠠᠪᠳᠠᠭᠤᠨ᠎ᠢᠶᠠᠷ ᠭᠤᠯᠭᠤᠭᠤᠷ ᠴᠢᠯᠠᠭᠤᠨ ᠪᠦᠮᠪᠦᠭᠡ᠎ᠶ᠋ᠢ ᠲᠣᠭᠣᠷᠢᠭ᠎ᠤᠨ ᠲᠥᠪ᠎ᠲᠦ ᠲᠦᠯᠬᠢᠨ ᠣᠷᠣᠭᠤᠯᠬᠤ ᠦᠶ᠎ᠠ ᠳ᠋ᠤ᠂ ᠵᠢᠷᠭᠤᠳᠤᠭᠠᠷ ᠤᠳᠠᠭ᠎ᠠ ᠤᠷᠤᠯᠳᠤᠭᠠᠨ᠎ᠳᠤ ᠣᠷᠣᠯᠴᠠᠭ᠍ᠰᠠᠨ ᠺᠠᠨᠠᠳᠠ᠎ᠶ᠋ᠢᠨ ᠠᠬᠠᠮᠠᠳ ᠵᠠᠩᠵᠤᠨ ᠪᠦᠷᠠᠢ᠌ᠨ·ᠮᠠᠢ᠌ᠭᠢᠹᠸ ᠬᠤᠪᠢ ᠬᠥᠮᠦᠨ᠎ᠦ ᠤᠷᠤᠯᠳᠤᠭᠠᠨ ᠤ᠋ ᠠᠷᠪᠠᠨ ᠵᠢᠷᠭᠤᠳᠤᠭᠠᠷ ᠡᠪᠦᠯ᠎ᠦᠨ ᠤᠯᠠᠷᠢᠯ ᠤ᠋ᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠯᠳᠠᠨ ᠮᠧᠳᠠᠯ᠎ᠢ ᠭᠠᠷᠳᠠᠬᠤ ᠦᠶ᠎ᠠ ᠳ᠋ᠤ᠂ ᠲᠡᠳᠡᠨ᠎ᠦ ᠠᠮᠢ ᠨᠠᠰᠤᠨ᠎ᠤ ᠭᠡᠷᠡᠯ ᠭᠢᠯᠪᠠᠭ᠎ᠠ᠎ᠪᠠᠨ ᠰᠠᠴᠤᠷᠠᠭᠤᠯᠤᠭᠰᠠᠨ ᠭᠣᠢᠳᠠ ᠰᠠᠢᠬᠠᠨ ᠢᠯᠡᠷᠡᠯ ᠨᠢ ᠠᠯᠢ ᠬᠡᠳᠦᠢᠨ ᠤᠷᠤᠯᠳᠤᠭᠠᠨ᠎ᠤ ᠲᠤᠰ ᠪᠡᠶ᠎ᠡ ᠵᠢᠨ ᠤᠳᠬ᠎ᠠ ᠠᠭᠤᠯᠭ᠎ᠠ ᠡᠴᠡ ᠲᠠᠪᠠᠵᠤ᠂ ᠳᠡᠯᠡᠬᠡᠢ ᠳ᠋ᠠᠬᠢᠨ᠎ᠤ ᠬᠥᠮᠦᠰ᠎ᠦᠨ ᠮᠠᠭ᠍ᠲᠠᠭᠠᠯ ᠪᠠ ᠬᠦᠨᠳᠦᠳᠭᠡᠯ᠎ᠢ ᠣᠯᠤᠭ᠍ᠰᠠᠨ ᠪᠠᠢᠨ᠎ᠠ᠃
ᠠᠮᠵᠢᠯᠲᠠ᠎ᠲᠠᠶ ᠪᠤᠯᠬᠤ ᠦᠪᠡᠳᠡᠭ᠌ᠰᠢ ᠴᠤᠭ᠍ᠯᠠᠭᠠᠨ ᠨᠢ ᠭᠣᠢᠳᠠ ᠰᠠᠢᠬᠠᠨ ᠤᠷᠤᠯᠳᠤᠭᠠᠨ᠎ᠤ ᠶᠠᠪᠤᠳᠠᠯ ᠪᠤᠯᠤᠨ ᠡᠷᠬᠢᠯᠡᠭ᠌ᠴᠢ ᠤᠯᠤᠰ᠎ᠤᠨ ᠪᠦᠷᠢᠨ ᠭᠦᠢᠴᠡᠳ ᠦᠢᠯᠡᠴᠢᠯᠡᠭᠡ ᠪᠠ ᠬᠦᠴᠦᠲᠡᠢ ᠪᠠᠲᠤᠯᠠᠭ᠎ᠠ ᠡᠴᠡ ᠰᠠᠯᠵᠤ ᠴᠢᠳᠠᠬᠤ ᠦᠬᠡᠢ᠃ ᠵᠤᠨ᠎ᠤ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠡᠴᠡ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠬᠦᠷᠲᠡᠯ᠎ᠡ᠂ 14 ᠵᠢᠯ᠎ᠦᠨ ᠬᠤᠭᠤᠴᠠᠭᠠᠨ᠎ᠳᠤ᠂ ᠪᠡᠭᠡᠵᠢᠩ᠎ᠦᠨ ᠬᠠᠷᠰᠢ ᠰᠠᠭᠠᠳ ᠦᠭᠡᠢ ᠵᠢ ᠪᠠᠳᠤᠯᠠᠬᠤ ᠲᠦᠪᠱᠢᠨ ᠮᠡᠳᠡᠭ᠌ᠳᠡᠮ᠎ᠡ ᠳᠡᠭᠡᠭ᠌ᠰᠢᠯᠡᠵᠦ᠍᠂ ᠵᠡᠮᠳᠡᠭ᠌ᠴᠦᠳ᠎ᠢ ᠲᠤᠰᠠᠯᠠᠬᠤ ᠣᠢᠯᠠᠭᠠᠭ᠍ᠳᠠᠬᠤᠨ ᠬᠥᠮᠦᠰ᠎ᠦᠨ ᠰᠡᠳᠭᠢᠯ᠎ᠳᠦ ᠬᠠᠳᠠᠩᠱᠢᠵᠤ᠂《ᠬᠣᠣᠰ ᠣᠯᠢᠮᠫᠢᠺ᠎ᠤᠨ ᠬᠤᠳᠠ》᠎ᠨᠢ ᠨᠡᠩ ᠳᠥᠭᠥᠮ ᠳᠥᠲᠡ᠂ ᠨᠡᠩ ᠬᠥᠮᠦᠯᠢᠭ ᠴᠢᠨᠠᠷᠲᠠᠶ᠂ ᠨᠡᠩ ᠬᠠᠯᠠᠭᠤᠨ ᠳᠤᠯᠠᠭᠠᠬᠠᠨ ᠬᠡᠪ ᠨᠠᠮᠪᠠ᠎ᠪᠠᠷ ᠨᠠᠢ᠍ᠮᠠᠨ ᠵᠣᠪᠬᠢᠰ᠎ᠡᠴᠡ ᠢᠷᠡᠭ᠌ᠰᠡᠨ ᠵᠣᠴᠢᠳ᠎ᠢ ᠤᠭ᠍ᠲᠤᠪᠠ᠃ ᠤᠷᠤᠯᠳᠤᠭᠠᠨ᠎ᠤ ᠲᠠᠯᠠᠪᠤᠷ᠎ᠤᠨ ᠳᠣᠲᠣᠨ᠎ᠠ ᠭᠠᠳᠠᠨ᠎ᠠ᠂ ᠲᠤᠰᠭᠠᠶ ᠮᠡᠷᠭᠡᠵᠢᠯ᠎ᠤᠨ ᠲᠠᠭᠠᠯᠠᠮᠵᠢᠲᠠᠶ ᠪᠦᠬᠡᠳ ᠬᠠᠷᠰᠢ ᠰᠠᠭᠠᠳ ᠥᠬᠡᠶ ᠣᠷᠴᠢᠨ ᠲᠣᠭᠣᠷᠢᠨ᠂ ᠳᠤᠯᠠᠭᠠᠨ ᠪᠥᠭᠡᠳ ᠥᠨᠳᠥᠷ ᠪᠦᠲᠦᠮᠵᠢᠲᠡᠶ ᠦᠶ᠋ᠯᠡᠴᠢᠯᠡᠭᠡ ᠵᠢᠴᠢ ᠠᠮᠤᠷ ᠲᠦᠪᠱᠢᠨ ᠪᠥᠭᠡᠳ ᠨᠠᠢᠳᠠᠪᠤᠷᠢᠲᠠᠶ ᠬᠢᠵᠢᠭ᠎ᠢ ᠰᠡᠷᠭᠡᠢᠯᠡᠬᠦ᠌ ᠠᠷᠭ᠎ᠠ ᠬᠡᠮᠵᠢᠶ᠎ᠡ ᠨᠢ ᠲᠠᠮᠢᠷᠴᠢᠳ᠎ᠤᠨ ᠮᠠᠭ᠍ᠲᠠᠭᠠᠯ ᠰᠠᠢᠱᠢᠶᠠᠯ᠎ᠢ ᠣᠯᠵᠠᠢ᠃ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠳᠠᠬᠢᠨ ᠳᠠᠪᠲᠠᠨ ᠥᠷᠪᠢᠰᠦᠨ ᠳᠡᠯᠭᠡᠷᠡᠵᠦ᠂ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠬᠠᠷᠰᠢᠯᠠᠯ ᠳᠠᠭᠠᠷᠢᠯᠲᠠ᠎ᠳᠤ ᠤᠴᠠᠷᠠᠵᠤ ᠪᠠᠢᠭ᠎ᠠ ᠠᠬᠤᠶ ᠪᠠᠢᠳᠠᠯ ᠳᠣᠣᠷ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠲᠠᠯ᠎ᠠ᠎ᠪᠠᠷ ᠢᠳᠡᠪᠬᠢᠲᠡᠶ ᠵᠢᠱ᠌ᠢᠶᠡᠴᠢ ᠦᠢᠯᠡᠳᠦᠯ ᠦᠵᠡᠭᠦᠯᠪᠡ᠃ ᠳᠤᠮᠳᠠᠳᠤ ᠤᠯᠤᠰ ᠪᠣᠬᠢᠷᠲᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡᠲᠦ᠍᠂ ᠠᠷᠢᠭᠤᠨ ᠴᠢᠬᠡᠴᠢ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠍᠂ ᠳᠡᠯᠡᠬᠡᠢ᠎ᠶᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠤ ᠵᠥᠪᠯᠡᠯ ᠵᠡᠷᠭᠡ ᠡᠯ᠎ᠡ ᠲᠠᠯ᠎ᠠ᠎ᠶ᠋ᠢᠨ ᠬᠢᠨ᠎ᠲᠡᠶ ᠬᠦᠴᠦ᠍᠎ᠪᠡᠨ ᠬᠠᠮᠲᠤᠳᠭᠠᠨ ᠬᠠᠮᠲᠤᠷᠠᠯᠴᠠᠵᠤ᠂ ᠤᠷᠤᠯᠳᠤᠭᠠᠨ᠎ᠢ ᠵᠣᠬᠢᠶᠠᠨ ᠪᠠᠢᠭᠤᠯᠵᠤ ᠡᠷᠬᠢᠯᠡᠨ ᠭᠣᠢᠳᠠ ᠰᠠᠢᠬᠠᠨ ᠱᠢᠯᠭᠠᠯᠲᠠ᠎ᠶ᠋ᠢᠨ ᠬᠠᠭᠤᠳᠠᠰᠤ᠎ᠶ᠋ᠢ ᠲᠤᠱᠢᠶᠠᠭ᠍ᠰᠠᠨ ᠪᠠᠢᠨ᠎ᠠ᠃ ᠶᠠᠭ ᠳᠡᠯᠡᠬᠡᠢ᠎ᠶ᠋ᠢᠨ ᠵᠡᠮᠳᠡᠭ᠌ᠴᠦᠳ᠎ᠦᠨ ᠣᠯᠢᠮᠫᠢᠺ᠎ᠤᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠵᠥᠪᠯᠡᠯ᠎ᠦᠨ ᠲᠡᠷᠢᠭᠦᠯᠡᠭ᠌ᠴᠢ ᠠᠨᠳ᠋ᠸᠷᠦ᠋·ᠫᠠᠰᠸᠨᠰᠤᠨ ᠬᠡᠯᠡᠭ᠌ᠰᠡᠨᠴᠢᠯᠡᠨ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠨᠢ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠢ ᠰᠢᠨ᠎ᠡ ᠥᠨᠳᠥᠷᠴᠡ᠎ᠳᠤ ᠬᠦᠷᠭᠡᠭᠰᠡᠨ ᠪᠠᠢᠨ᠎ᠠ᠃
ᠪᠡᠭᠡᠵᠢᠩ᠎ᠦᠨ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯ ᠲᠠᠮᠢᠷᠴᠢᠳ᠎ᠤᠨ ᠤᠷᠤᠯᠳᠤᠭᠠᠨ᠎ᠤ ᠲᠠᠯᠠᠪᠤᠷ ᠪᠣᠯᠬᠤ ᠪᠥᠭᠡᠳ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶᠢᠨ ᠠᠮᠵᠢᠯᠲᠠ ᠪᠦᠲᠦᠮᠵᠢ᠎ᠵᠢ ᠬᠠᠷᠠᠭᠤᠯᠬᠤ ᠴᠤᠩᠬᠤᠪᠴᠢ ᠮᠥᠨ᠃ᠡᠨᠡ ᠪᠣᠯ ᠳᠤᠮᠳᠠᠳᠤ ᠤᠯᠤᠰ᠎ᠤᠨ ᠵᠢᠷᠭᠤᠳᠤᠭᠠᠷ ᠤᠳᠠᠭ᠎ᠠ᠎ᠶ᠋ᠢᠨ ᠪᠦᠯᠬᠦᠮ ᠵᠣᠬᠢᠶᠠᠨ ᠪᠠᠢᠭᠤᠯᠵᠤ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠵᠤ ᠪᠠᠢᠭ᠎ᠠ ᠶᠠᠪᠤᠳᠠᠯ ᠪᠣᠯᠤᠨ᠎ᠠ᠂ ᠮᠥᠨ ᠴᠦ᠍ ᠳᠤᠮᠳᠠᠳᠤ ᠤᠯᠤᠰ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ᠎ᠡᠴᠡ ᠨᠠᠭᠠᠱᠢᠬᠢ ᠲᠥᠯᠥᠭᠡᠯᠡᠭ᠌ᠴᠢᠳ᠎ᠦᠨ ᠪᠦᠯᠬᠦᠮ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ᠂ ᠲᠠᠮᠢᠷᠴᠢᠨ᠎ᠤ ᠲᠣᠭ᠎ᠠ᠎ᠪᠠᠷ ᠬᠠᠮᠤᠭ᠎ᠤᠨ ᠤᠯᠠᠨ᠂ ᠤᠷᠤᠯᠴᠠᠬᠰᠠᠨ ᠤᠷᠤᠯᠳᠤᠭᠠᠨ᠎ᠤ ᠲᠥᠷᠥᠯ ᠵᠦᠢᠯ ᠬᠠᠮᠤᠭ᠎ᠤᠨ ᠪᠦᠷᠢᠨ ᠨᠢᠭᠡ ᠬᠤᠭᠤᠴᠠᠭ᠎ᠠ ᠪᠤᠯᠤᠨ᠎ᠠ᠃ 2002 ᠣᠨ᠎ᠳᠤ ᠠᠮᠧᠷᠢᠺᠠ᠎ᠶ᠋ᠢᠨ ᠳᠠᠪᠤᠰᠤᠨ ᠨᠠᠭᠤᠷ ᠬᠤᠲᠠ᠎ᠳᠤ ᠠᠩᠬ᠎ᠠ ᠤᠳᠠᠭ᠎ᠠ ᠡᠪᠦᠯ᠎ᠦᠨ ᠤᠯᠠᠷᠢᠯᠤᠨᠵᠡᠮᠳᠡᠭ᠌ᠴᠦᠳᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ᠎ᠡᠴᠡ 2018ᠣᠨ᠎ᠳᠤ ᠫᠢᠶ᠍ᠸᠩᠼᠠᠩᠤᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠠᠯᠳᠠᠨ ᠮᠧᠳᠠᠯ ᠤᠯᠤᠭᠰᠠᠨ ᠦᠭᠡᠢ ᠪᠠᠢᠭᠰᠠᠨ ᠪᠠᠢᠳᠠᠯ᠎ᠢ ᠬᠤᠪᠢᠷᠠᠭᠤᠯᠬᠤ ᠬᠦᠷᠲᠡᠯ᠎ᠡ᠂ ᠲᠠᠬᠢᠭᠠᠳ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠠᠯᠳᠠᠨ ᠮᠧᠳᠠᠯ ᠪᠠ ᠱᠠᠩᠨᠠᠯ᠎ᠤᠨ ᠮᠧᠳᠠᠯ᠎ᠤᠨ ᠵᠢᠭᠰᠠᠭᠠᠯᠲᠠ᠎ᠳᠤ ᠲᠡᠷᠢᠭᠦᠨ᠎ᠳᠦ ᠤᠷᠤᠭ᠍ᠰᠠᠨ ᠬᠦᠷᠲᠡᠯ᠎ᠡ᠂ ᠨᠠᠮ ᠪᠠ ᠤᠯᠤᠰ᠎ᠡᠴᠡ ᠵᠡᠮᠳᠡᠭ᠌ᠴᠦᠳ᠎ᠦᠨ ᠦᠢᠯᠡᠰ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠬᠰᠠᠨ ᠨᠢ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠪᠡᠶ᠎ᠡ᠎ᠶ᠋ᠢᠨ ᠲᠠᠮᠢᠷ ᠦᠭᠡᠢ ᠪᠠᠢᠬᠰᠠᠨ ᠡᠴᠡ᠎ᠪᠡᠨ ᠪᠠᠢᠬᠤ ᠪᠤᠯᠵᠤ᠂ ᠪᠠᠭᠤᠷᠠᠢᠡᠴᠡᠪᠠᠨ ᠬᠦᠴᠦᠷᠬᠡᠭ ᠪᠤᠯᠵᠤ᠂ ᠣᠯᠢᠮᠫᠢᠺ᠎ᠤᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠤ ᠲᠠᠯᠠᠪᠤᠷ᠎ᠲᠦ ᠬᠢᠷᠢ ᠪᠦᠲᠦᠮᠵᠢ ᠨᠢᠰᠬᠦ ᠮᠡᠲᠦ ᠲᠦᠷᠭᠡᠨ ᠳᠡᠭᠡᠭᠰᠢᠯᠡᠭᠰᠡᠨᠤ ᠰᠢᠢᠳᠪᠦᠷᠢᠯᠡᠭᠴᠢ ᠴᠢᠨᠠᠷ ᠲᠠᠢ ᠬᠦᠴᠦᠨ ᠵᠦᠢᠯ ᠪᠤᠯᠤᠭᠰᠠᠨ ᠪᠠᠢᠨ᠎ᠠ᠃ ᠳᠤᠮᠳᠠᠳᠤ ᠤᠯᠤᠰ᠎ᠤᠨ ᠣᠨᠴᠠᠯᠢᠭ ᠲᠠᠢ ᠨᠡᠢᠭᠡᠮ ᠵᠢᠷᠤᠮ᠎ᠤᠨ ᠦᠢᠯᠡᠰ᠎ᠦᠨ ᠣᠯᠤᠭ᠍ᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ ᠨᠢ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠳᠦ ᠬᠦᠴᠦᠷᠬᠡᠭ ᠶᠡᠬᠡ ᠪᠣᠳᠠᠰ᠎ᠤᠨ ᠰᠠᠭᠤᠷᠢ᠎ᠶ᠋ᠢ ᠲᠠᠯᠪᠢᠨ ᠥᠭ᠌ᠴᠦ᠂ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ᠎ᠢ ᠤᠯᠭᠤᠬᠰᠠᠨ ᠪᠠᠢᠨ᠎ᠠ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠶ᠂ ᠴᠠᠭ ᠦᠶ᠎ᠡ᠎ᠶ᠋ᠢᠨ ᠤᠷᠤᠰᠭᠠᠯ᠎ᠲᠠᠶ ᠨᠡᠢᠴᠡᠬᠦ᠌ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠪᠠ; ᠢᠷᠡᠭᠡᠳᠦᠢ᠎ᠪᠡᠨ ᠪᠠᠷᠠᠯᠠᠬᠤᠶ᠎ᠠ᠂ ᠳᠤᠮᠳᠠᠳᠤ ᠤᠯᠤᠰ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢᠶᠠᠷ ᠱᠢᠨ᠎ᠡ ᠭᠠᠷᠤᠭ᠎ᠠ ᠪᠣᠯᠭᠠᠵᠤ᠂ ᠵᠡᠮᠳᠡᠭ᠌ᠴᠦᠳ᠎ᠦᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠴᠢᠨᠠᠭ᠍ᠰᠢᠳᠠ ᠠᠬᠢᠭᠤᠯᠵᠤ᠂ ᠳᠡᠯᠡᠬᠡᠢ᠎ᠶ᠋ᠢᠨ ᠵᠡᠮᠳᠡᠭ᠌ᠴᠦᠳ᠎ᠦᠨ ᠦᠢᠯᠡᠰ᠎ᠦᠨ ᠬᠠᠮᠲᠤ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠤᠯᠤᠨ᠎ᠠ᠃
ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠨ᠎ᠡᠴᠡ ᠪᠡᠭᠡᠵᠢᠩ᠎ᠦᠨ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰ ᠠᠮᠵᠢᠯᠲᠠ᠎ᠲᠠᠶ ᠥᠨᠳᠥᠷᠯᠡᠬᠦ᠌ ᠪᠣᠯᠲᠠᠯ᠎ᠠ᠂ ᠪᠡᠭᠡᠵᠢᠩ ᠪᠣᠯᠤᠨ ᠴᠢᠭᠤᠯᠤᠯᠳᠦ ᠬᠠᠭᠠᠯᠭ᠎ᠠ《ᠬᠣᠶᠠᠷ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠠᠳᠠᠯᠢᠬᠠᠨ ᠭᠣᠢᠳᠠ ᠰᠠᠢᠬᠠᠨ》 ᠪᠤᠯᠬᠤ ᠲᠥᠪ ᠴᠢᠨᠭᠭ᠎ᠠ ᠠᠮᠠᠯᠠᠯᠲᠠ᠎ᠪᠠᠨ ᠪᠡᠶᠡᠯᠡᠭᠦᠯᠦᠭᠰᠡᠨ ᠪᠠᠢᠨ᠎ᠠ᠃ ᠣᠳᠣᠬᠠᠨ᠎ᠳᠤ᠂ ᠵᠠᠭᠤᠨ ᠵᠢᠯ᠎ᠳ᠋ᠤ ᠲᠤᠬᠢᠶᠠᠯᠳᠤᠭ᠎ᠠ ᠦᠬᠡᠢ ᠬᠤᠪᠢᠰᠤᠯᠲᠠ ᠪᠠ ᠡᠷᠢᠨ ᠵᠠᠭᠤᠨ ᠳ᠋ᠤ ᠲᠤᠬᠢᠶᠠᠯᠳᠤᠭ᠎ᠠ ᠦᠬᠡᠢ ᠬᠢᠵᠢᠭ᠎ᠦᠨ ᠪᠠᠢᠳᠠᠯ ᠰᠣᠯᠪᠢᠴᠠᠵᠤ᠂ ᠬᠥᠮᠦᠨ ᠲᠥᠷᠥᠯᠬᠢᠲᠡᠨ ᠣᠯᠠᠨ ᠳᠠᠪᠬᠤᠷ ᠥᠷᠢᠰᠥᠯᠳᠦᠭᠡᠨ᠎ᠳᠦ ᠲᠤᠯᠭᠠᠷᠠᠵᠤ ᠪᠠᠢᠨ᠎ᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠡᠪᠦᠯ᠎ᠤᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠭ᠌ᠰᠡᠡ ᠨᠢ ᠳᠡᠯᠡᠬᠡᠢ ᠳ᠋ᠠᠬᠢᠨ᠎ᠤ《ᠨᠡᠩ ᠪᠦᠯᠬᠦᠮᠳᠡᠯ᠎ᠲᠡᠶ》ᠪᠠᠢᠬᠤ ᠬᠦᠰᠡᠯ ᠡᠷᠡᠮᠡᠯᠵᠡᠯ ᠪᠠ《ᠬᠠᠮᠲᠤ᠎ᠪᠠᠷ ᠢᠷᠡᠭᠡᠳᠦᠢ ᠲᠡᠢᠰᠢ ᠤᠷᠤᠭ᠍ᠰᠢᠯᠠᠬᠤ》ᠢᠲᠡᠭᠡᠯ ᠪᠢᠱᠢᠷᠡᠯ᠎ᠢ ᠳᠠᠬᠢᠨᠲᠠ ᠢᠯᠡᠷᠡᠭᠦᠯᠵᠦ᠍᠂ ᠡᠩᠬᠡ ᠲᠠᠢᠪᠤᠩ᠂ ᠨᠥᠬᠥᠷᠰᠡᠭ᠂ ᠬᠠᠢᠷ᠎ᠠ ᠰᠡᠳᠬᠢᠯᠭᠡ ᠲᠠᠢ᠂ ᠤᠷᠤᠬᠰᠢᠯᠠᠨ ᠲᠠᠪᠱᠢᠬᠤ ᠴᠠᠭ ᠦᠶ᠎ᠡ᠎ᠶ᠋ᠢᠨ ᠠᠶᠠᠰ᠎ᠢ ᠬᠠᠩᠭᠢᠨᠠᠭᠤᠯᠤᠭ᠍ᠰᠠᠨ ᠪᠠᠢᠨ᠎ᠠ᠃ ᠣᠯᠢᠮᠫᠢᠺ᠎ᠤᠨ ᠭᠡᠷᠡᠯ ᠭᠢᠯᠪᠠᠭ᠎ᠠ᠎ᠪᠡᠷ ᠳᠡᠯᠡᠬᠡᠢ ᠳ᠋ᠠᠬᠢᠨ᠎ᠢ ᠳᠤᠯᠠᠭᠠᠯᠠᠵᠤ᠂ ᠢᠷᠡᠭᠡᠳᠦᠢ᠎ᠶ᠋ᠢ ᠭᠡᠷᠡᠯᠳᠦᠬᠦᠯᠵᠦ᠍᠂ ᠪᠢᠳᠠ ᠭᠠᠷ ᠬᠣᠯᠪᠣᠨ ᠮᠥᠷᠥ᠍ ᠵᠡᠷᠭᠡᠴᠡᠵᠦ᠍᠂ ᠬᠠᠮᠲᠤ᠎ᠪᠠᠷ ᠴᠢᠷᠮᠠᠢᠵᠤ᠂ ᠨᠡᠩ ᠰᠠᠢ᠌ᠨ ᠰᠠᠢᠬᠠᠨ ᠢᠷᠡᠭᠡᠳᠦᠢ᠎ᠪᠡᠨ ᠤᠭ᠍ᠲᠤᠵᠠᠭᠠᠶᠠ!
(ᠰᠢᠨᠬᠤᠸᠠ ᠬᠤᠷᠢᠶᠠᠨ ᠤ᠋ ᠪᠡᠭᠡᠵᠢᠩ ᠤ᠋ᠨ 3 ᠰᠠᠷ᠎ᠠ ᠵᠢᠨ 13 ᠤ᠋ ᠴᠠᠬᠢᠯᠭᠠᠨ ᠮᠡᠳᠡᠭᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠹᠦ᠋ ᠭᠸᠨ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃