2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠡᠭᠡᠵᠢᠩ᠎ᠦ᠋ᠨ ᠡᠪᠦᠯ᠎ᠦ᠋ᠨ ᠤᠯᠠᠷᠢᠯ᠎ᠤ᠋ᠨ ᠵᠮᠲᠭᠴᠤᠳ᠎ᠤ᠋ᠨ ᠣᠯᠢᠮᠫᠢᠺ᠎ᠤ᠋ᠨ ᠲᠠᠮᠢᠷ᠎ᠤ᠋ᠨ ᠴᠤᠭᠯᠠᠭᠠᠨ

2022-03-14 13:50:16

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠪᠡᠭᠡᠵᠢᠩ᠎ᠦᠨ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠲᠡᠭᠦᠰᠭᠦ ᠪᠤᠯᠤᠯ᠎ᠠ᠂ ᠡᠲᠡᠭᠡᠷ ᠡᠪᠦᠯ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠣᠯᠤᠨ ᠵᠡᠮᠳᠡᠭ᠌ᠴᠦᠳ᠎ᠦᠨ ᠡᠪᠦᠯ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠤᠷ ᠤᠷᠳᠤᠨ ᠭᠡᠵᠢᠶ᠎ᠠ ᠨᠡᠭᠡᠭᠡᠯᠳᠠ ᠳᠠᠢ ᠪᠤᠯᠬᠤ ᠪᠤᠯ?

13 ᠎ᠤ ᠡᠳᠦᠷ ᠶᠠᠪᠤᠭ᠍ᠳᠠᠭ᠍ᠰᠠᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠳᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠤᠷᠤᠯᠳᠤᠭᠠᠨ᠎ᠤ ᠳ᠋ᠦᠩᠨᠡᠯᠲᠡ᠎ᠶ᠋ᠢᠨ ᠰᠤᠨᠢᠨ ᠮᠡᠳᠡᠭᠡ ᠨᠡᠢᠳᠡᠯᠡᠭᠦ ᠬᠤᠷᠠᠯ ᠳᠡᠭᠡᠷ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ᠎ᠤᠨ ᠰᠣᠨᠢᠨ ᠮᠡᠳᠡᠭᠡᠨ᠎ᠦ ᠥᠭᠦᠯᠡᠭ᠌ᠴᠢ ᠶᠠᠨ ᠵᠢᠶᠠ ᠷᠦᠡᠭ ᠣᠳᠣᠬᠠᠨ᠎ᠳᠤ ᠡᠯ᠎ᠡ ᠲᠠᠯᠠᠪᠤᠷ ᠣᠷᠳᠣᠨ᠎ᠨᠤᠭᠤᠳ ᠴᠥᠮ ᠣᠯᠠᠨ ᠨᠡᠢᠲᠡ᠎ᠳᠦ ᠠᠯᠢ ᠲᠦᠷᠭᠡᠨ᠎ᠢᠶᠡᠷ ᠨᠡᠭᠡᠭᠡᠬᠦ᠌ ᠲᠥᠰᠦᠯ᠎ᠢ ᠢᠳᠡᠪᠬᠢᠲᠡᠶ᠎ᠪᠡᠷ ᠪᠡᠯᠡᠳᠭᠡᠵᠦ᠍ ᠪᠠᠢᠨ᠎ᠠ᠂ ᠴᠥᠭᠡᠨ ᠪᠤᠰᠤ ᠲᠠᠯᠠᠪᠤᠷ ᠣᠷᠳᠣᠨ᠎ᠢ 《ᠲᠠᠪᠤᠨ ᠰᠠᠷ᠎ᠠ ᠎ᠶ᠋ᠢᠨ ᠨᠢᠭᠡᠨ》 ᠡᠴᠡ ᠡᠮᠦᠨ᠎ᠡ ᠳᠠᠷᠤᠶ ᠣᠯᠠᠨ ᠨᠡᠢᠲᠡ᠎ᠳᠦ ᠨᠡᠭᠡᠭᠡᠬᠦ᠌᠎ᠪᠡᠷ ᠲᠥᠯᠥᠪᠯᠡᠵᠦ᠍ ᠪᠠᠢᠨ᠎ᠠ᠂ ᠤᠯᠤᠰ᠎ᠤᠨ ᠳᠠᠰᠢᠯᠳᠠ ᠵᠢᠨ ᠳᠦᠪ 4 ᠰᠠᠷ᠎ᠠ᠎ᠳᠤ ᠡᠭᠦᠳᠡ᠎ᠪᠡᠨ ᠨᠡᠭᠡᠭᠡᠵᠦ᠍ ᠵᠣᠴᠢᠨ ᠤᠭ᠍ᠲᠤᠬᠤ᠎ᠪᠠᠷ ᠲᠥᠯᠥᠪᠯᠡᠵᠦ᠍ ᠪᠠᠢᠨ᠎ᠠ᠂ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠤᠷ ᠣᠷᠳᠣᠨ ᠪᠣᠯ ᠲᠠᠮᠢᠷᠴᠢᠳ᠎ᠲᠤ ᠬᠠᠷᠢᠶᠠᠯᠠᠭ᠍ᠳᠠᠬᠤ᠎ᠪᠠᠷ ᠪᠠᠷᠠᠬᠤ ᠦᠭᠡᠶ ᠨᠡᠩ ᠴᠤ᠌ ᠲᠠᠮᠢᠷ᠎ᠤᠨ ᠬᠥᠳᠡᠯᠭᠡᠭᠡᠨ᠎ᠳᠦ ᠪᠠᠬᠠᠲᠠᠶ ᠬᠥᠮᠦᠨ ᠨᠢᠭᠡᠪᠦᠷᠢ᠎ᠳᠦ ᠬᠠᠷᠢᠶᠠᠯᠠᠭ᠍ᠳᠠᠨ᠎ᠠ ᠭᠡᠯ᠎ᠠ᠃

ᠶᠠᠨ ᠵᠢᠶᠠ ᠷᠦᠩ ᠢᠯᠡᠷᠬᠡᠢᠯᠡᠬᠦ᠌᠎ᠳᠡᠭᠡᠨ᠂ ᠤᠷᠤᠯᠳᠤᠭᠠᠨ᠎ᠤ ᠳᠠᠷᠠᠭ᠎ᠠ ᠲᠠᠯᠠᠪᠤᠷ ᠣᠷᠳᠣᠨ᠎ᠤ ᠣᠯᠠᠨ ᠨᠡᠢᠲᠡ᠎ᠳᠦ ᠨᠡᠭᠡᠭᠡᠭᠦ ᠶᠠᠪᠤᠳᠠᠯ ᠪᠣᠯ ᠦᠨᠡᠨ᠎ᠳᠡᠭᠡᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠦᠷᠭᠦᠯᠵᠢᠯᠡᠬᠦᠢᠴᠠ ᠬᠥᠭ᠌ᠵᠢᠯᠲᠡ᠎ᠶ᠋ᠢ ᠦᠶ᠋ᠯᠡᠳᠦᠯᠭᠡᠵᠢᠭᠦᠯᠬᠦ᠌᠎ᠶ᠋ᠢᠨ ᠨᠢᠭᠡᠨ ᠴᠢᠬᠤᠯᠠ ᠲᠠᠯ᠎ᠠ ᠮᠥᠨ᠃ ᠲᠠᠯᠠᠪᠤᠷ ᠣᠷᠳᠣᠨ ᠎ᠢ ᠤᠷᠤᠯᠳᠤᠭᠠᠨ᠎ᠤ ᠳᠠᠷᠠᠭ᠎ᠠ ᠠᠱᠢᠭ᠍ᠯᠠᠬᠤ ᠪᠣᠯ ᠳᠡᠯᠡᠬᠡᠶ ᠎ᠶ᠋ᠢᠨ ᠴᠢᠨᠠᠷᠲᠠᠶ ᠨᠢᠭᠡᠨ ᠪᠡᠷᠬᠡ ᠰᠡᠳᠦᠪ ᠮᠥᠨ᠂ ᠡᠭᠦᠨ᠎ᠦ ᠲᠤᠯᠠᠳᠠ ᠪᠢᠳᠡ ᠲᠠᠯᠠᠪᠤᠷ ᠣᠷᠳᠣᠨ ᠎ᠢ ᠳᠠᠬᠢᠨ ᠳᠠᠪᠲᠠᠨ ᠠᠱᠢᠭ᠍ᠯᠠᠬᠤ᠂ ᠶᠡᠷᠦᠩᠬᠡᠢᠯᠡᠨ ᠠᠱᠢᠭ᠍ᠯᠠᠬᠤ᠂ ᠤᠳᠠᠭᠠᠨ ᠳᠠᠭᠠᠭᠠᠮᠠᠭᠠᠶ᠎ᠪᠠᠷ ᠠᠱᠢᠭ᠍ᠯᠠᠬᠤ ᠪᠡᠭᠡᠵᠢᠩ᠎ᠦᠨ ᠲᠥᠰᠦᠯ ᠎ᠢ ᠳᠤᠷᠠᠳᠤᠨ ᠭᠠᠷᠭᠠᠵᠠᠶ᠂ ᠡᠨᠡ ᠨᠢ 2008 ᠣᠨ᠎ᠤ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠯᠠᠪᠤᠷ ᠣᠷᠳᠣᠨ᠎ᠨᠤᠭᠤᠳ ᠎ᠢ ᠭᠦᠢᠴᠡᠳ ᠠᠱᠢᠭ᠍ᠯᠠᠭ᠍ᠰᠠᠨ᠎ᠢᠶᠠᠷ ᠪᠠᠷᠠᠬᠤ ᠦᠭᠡᠶ᠂ ᠪᠤᠶ ᠪᠦᠬᠦᠢ ᠱᠢᠨ᠎ᠡ᠎ᠪᠡᠷ ᠪᠠᠢᠭᠤᠯᠤᠭ᠍ᠰᠠᠨ ᠲᠠᠯᠠᠪᠤᠷ ᠣᠷᠳᠣᠨ᠎ᠨᠤᠭᠤᠳ ᠎ᠢ ᠴᠤ᠌ ᠵᠢᠷᠤᠭ ᠲᠥᠯᠥᠪᠯᠡᠭᠡ᠎ᠶ᠋ᠢᠨ ᠡᠬᠢᠨ᠎ᠦ ᠦᠶ᠎ᠡ᠎ᠳᠡᠭᠡᠨ ᠳᠠᠷᠤᠶ ᠤᠷᠤᠯᠳᠤᠭᠠᠨ᠎ᠤ ᠳᠠᠷᠠᠭ᠎ᠠ ᠠᠱᠢᠭ᠍ᠯᠠᠬᠤ᠎ᠶ᠋ᠢ ᠭᠦᠢᠴᠡᠳ ᠪᠣᠳᠣᠯᠬᠢᠯᠠᠭ᠍ᠰᠠᠨ ᠶᠤᠮ ᠭᠡᠯ᠎ᠠ᠃

ᠵᠡᠮᠳᠡᠭ᠌ᠴᠦᠳ᠎ᠦᠨ ᠡᠪᠦᠯ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠠᠭᠤᠰᠤᠭ᠍ᠰᠠᠨ᠎ᠤ ᠳᠠᠷᠠᠭ᠎ᠠ ᠂ ᠪᠡᠭᠡᠵᠢᠩ᠎ᠦᠨ ᠡᠪᠦᠯ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠵᠣᠬᠢᠶᠠᠨ ᠪᠠᠢᠭᠤᠯᠬᠤ ᠺᠣᠮᠢᠰ ᠮᠡᠷᠭᠡᠵᠢᠯ ᠲᠥᠬᠥᠭᠡᠷᠦᠮᠵᠢ ᠵᠡᠷᠭᠡ ᠡᠳ᠋ ᠪᠣᠳᠠᠰ ᠵᠢᠴᠢ ᠬᠣᠯᠪᠣᠭ᠍ᠳᠠᠯ ᠪᠥᠬᠥᠶ ᠬᠥᠮᠦᠰ᠎ᠢ ᠱᠢᠯᠵᠢᠭᠦᠯᠦᠨ ᠭᠠᠷᠭᠠᠬᠤ ᠠᠵᠢᠯ᠎ᠢ ᠠᠯᠢ ᠲᠦᠷᠭᠡᠨ᠎ᠢᠶᠡᠷ ᠪᠡᠶᠡᠯᠡᠭᠦᠯᠵᠦ᠍᠂ ᠲᠠᠯᠠᠪᠤᠷ ᠣᠷᠳᠣᠨ᠎ᠢ ᠲᠤᠰᠠᠭᠠᠷ ᠬᠡᠷᠡᠭ᠌ᠯᠡᠬᠦ᠌ ᠬᠤᠭᠤᠴᠠᠭ᠎ᠠ᠎ᠶ᠋ᠢ ᠳᠠᠭᠤᠰᠭᠠᠨ᠂ ᠲᠠᠯᠠᠪᠤᠷ ᠣᠷᠳᠣᠨ᠎ᠤ ᠬᠡᠷᠡᠭ᠌ᠯᠡᠯᠲᠡ ᠪᠠ ᠬᠠᠮᠢᠶᠠᠷᠤᠯᠲᠠ᠎ᠶ᠋ᠢᠨ ᠡᠷᠬᠡ᠎ᠶ᠋ᠢ ᠥᠮᠴᠢᠯᠡᠭᠴᠢ᠎ᠳᠦ ᠱᠢᠯᠵᠢᠭᠦᠯᠦᠨ ᠲᠤᠱᠢᠶᠠᠬᠤ ᠪᠣᠯᠤᠨ᠎ᠠ ᠃

ᠶᠠᠨ ᠵᠢᠶᠠ ᠷᠦᠩ ᠬᠡᠯᠡᠬᠦ᠌᠎ᠳᠡᠭᠡᠨ᠂ ᠲᠠᠯᠠᠪᠤᠷ ᠤᠷᠳᠤᠨ᠎ᠢ ᠤᠷᠤᠯᠳᠤᠭᠠᠨ᠎ᠤ ᠳᠠᠷᠠᠭ᠎ᠠ ᠪᠣᠳᠠᠲᠠᠶ ᠠᠱᠢᠭ᠍ᠯᠠᠬᠤ᠎ᠳᠤ ᠂ ᠶᠠᠭᠤᠨ᠎ᠤ ᠡᠮᠦᠨ᠎ᠡ ᠥᠨᠳᠥᠷ ᠬᠢᠷᠢ ᠲᠦᠪᠱᠢᠨ ᠪᠥᠬᠥᠶ ᠤᠷᠤᠯᠳᠤᠭᠠᠨ᠎ᠢ ᠢᠳᠡᠪᠬᠢᠲᠡᠶ ᠭᠤᠶᠤᠴᠢᠯᠠᠬᠤ ᠪᠠ ᠡᠷᠭᠢᠯᠡᠨ᠎ᠡ᠃ ᠳᠠᠷᠠᠭᠠᠯᠠᠪᠠᠯ ᠰᠣᠶᠣᠯ ᠵᠢᠭᠤᠯᠴᠢᠯᠠᠯ ᠪᠣᠯᠤᠨ ᠶᠡᠷᠦᠩᠬᠡᠢᠯᠡᠭ᠌ᠰᠡᠨ ᠨᠡᠭᠡᠭᠡᠨ ᠬᠥᠭ᠌ᠵᠢᠭᠦᠯᠦᠯᠲᠡ ᠭᠢᠨ᠎ᠠ᠂ ᠵᠢᠱ᠌ᠢᠶᠡᠯᠡᠪᠡᠯ ᠶᠠᠨᠴᠢᠩ ᠪᠣᠯᠤᠨ ᠴᠢᠭᠤᠯᠤᠯᠲᠤ ᠬᠠᠭᠠᠯᠭ᠎ᠠ᠎ᠶ᠋ᠢᠨ ᠤᠷᠤᠯᠳᠤᠭᠠᠨ᠎ᠤ ᠲᠣᠭᠣᠷᠢᠭ ᠨᠢ ᠴᠠᠰᠤᠨ ᠳᠡᠭᠡᠷᠡᠬᠢ ᠲᠠᠯᠠᠪᠠᠶ ᠣᠷᠳᠣᠨ᠎ᠳᠤ ᠲᠦᠱᠢᠭ᠌ᠯᠡᠨ᠂ ᠪᠥᠬᠦᠢᠯᠠ ᠭᠦᠷᠢᠶ᠎ᠠ ᠴᠠᠷᠠᠭᠠᠨ᠎ᠤ ᠮᠥᠰᠥ᠍ ᠴᠠᠰᠤᠨ᠎ᠤ ᠵᠤᠭ᠎ᠠ ᠴᠡᠩᠭᠡᠯ᠎ᠦᠨ ᠲᠥᠪ᠂ ᠠᠭᠤᠯᠠᠷᠬᠠᠭ ᠭᠠᠵᠠᠷ᠎ᠤᠨ ᠠᠮᠠᠷᠠᠯᠲᠠ᠎ᠶ᠋ᠢᠨ ᠣᠷᠣᠨ ᠪᠣᠯᠤᠨ ᠵᠤᠰᠠᠯᠠᠩ᠎ᠤᠨ ᠵᠢᠭᠤᠯᠴᠢᠯᠠᠯ᠎ᠤᠨ ᠦᠵᠡᠮᠵᠢᠲᠦ ᠣᠷᠣᠨ ᠪᠣᠯᠭᠠᠵᠤ ᠪᠤᠯᠤᠨ᠎ᠠ᠂《ᠨᠡᠢᠰᠯᠡᠯ᠎ᠦᠨ ᠪᠣᠯᠣᠳ ᠲᠡᠮᠦᠷ᠎ᠦᠨ ᠬᠦᠷᠢᠶᠡᠯᠡᠩ ᠤᠷᠤᠯᠳᠤᠭᠠᠨ᠎ᠤ ᠳᠠᠷᠠᠭ᠎ᠠ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠴᠡᠴᠡᠷᠯᠢᠭ᠎ᠦᠨ ᠬᠤᠪᠢ᠎ᠪᠠᠷ ᠪᠡᠭᠡᠵᠢᠩ᠎ᠦᠨ ᠬᠣᠲᠠ ᠎ᠶ᠋ᠢᠨ ᠠᠷᠠᠳ᠎ᠲᠤ ᠦᠢᠯᠡᠴᠢᠯᠡᠨ᠂ ᠬᠣᠤᠰ ᠣᠯᠢᠮᠫᠢᠺ᠎ᠤᠨ ᠬᠣᠲᠠ ᠪᠡᠭᠡᠵᠢᠩ᠎ᠳᠦ ᠬᠣᠶᠠᠷ ᠣᠯᠢᠮᠫᠢᠺ᠎ᠤᠨ ᠴᠡᠴᠡᠷᠯᠢᠭ᠎ᠲᠡᠶ ᠪᠣᠯᠭᠠᠨ᠎ᠠ》 ᠭᠡᠰᠡᠨ ᠪᠠᠢᠨ᠎ᠠ᠃

ᠮᠠᠰᠢ ᠤᠯᠠᠨ ᠲᠠᠯᠠᠪᠤᠷ ᠣᠷᠳᠣᠨ᠎ᠢ ᠪᠠᠰᠠ ᠨᠡᠢᠭᠡᠮ᠎ᠳᠦ ᠨᠡᠭᠡᠭᠡᠵᠦ᠍᠂ ᠤᠯᠠᠨ ᠲᠦᠮᠡᠨ᠎ᠦ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠬᠡᠷᠡᠭ᠌ᠴᠡᠭᠡ᠎ᠶ᠋ᠢ ᠬᠠᠩᠭᠠᠬᠤ ᠪᠣᠯᠤᠨ᠎ᠠ᠃ ᠵᠢᠱ᠌ᠢᠶᠡᠯᠡᠪᠡᠯ᠂ ᠤᠯᠤᠰ᠎ᠤᠨ ᠲᠦᠷᠭᠡᠨ ᠲᠡᠱᠢᠯᠲᠡ᠎ᠶ᠋ᠢᠨ ᠣᠷᠳᠣᠨ᠎ᠤ ᠪᠥᠬᠥ᠌ ᠮᠥᠰᠥᠨ ᠭᠠᠳᠠᠷᠭᠤ᠎ᠶ᠋ᠢᠨ ᠵᠢᠷᠤᠭ ᠲᠥᠯᠥᠪᠯᠡᠭᠡ ᠨᠢ 2000 ᠬᠥᠮᠦᠨ᠎ᠢ ᠬᠠᠮᠲᠤ᠎ᠳᠤᠨᠢ ᠭᠦᠯᠢᠶᠠᠨ ᠠᠪᠴᠦ ᠳᠡᠢᠯᠦᠨ᠎ᠡ᠂ ᠤᠯᠤᠰ᠎ᠤᠨ ᠴᠠᠰᠤᠨ ᠲᠡᠷᠭᠡ ᠴᠢᠷᠭ᠎ᠠ᠎ᠶ᠋ᠢᠨ ᠲᠥᠪ ᠨᠢ ᠭᠤᠯᠭᠤᠯᠲᠠ᠎ᠶ᠋ᠢᠨ ᠵᠠᠮ᠎ᠤᠨ ᠳᠤᠤᠷ᠎ᠠ ᠲᠠᠯ᠎ᠠ᠎ᠶ᠋ᠢᠨ ᠭᠤᠷᠪᠠᠨ᠎ᠤ ᠨᠢᠭᠡ ᠬᠤᠪᠢ᠎ᠶ᠋ᠢᠨ ᠭᠠᠵᠠᠷ᠎ᠲᠤ ᠪᠠᠢᠵᠤ᠂ ᠨᠡᠯᠢᠶᠡᠳ ᠨᠠᠯᠠᠤᠬᠠᠨ ᠭᠠᠵᠠᠷ᠎ᠲᠤ ᠣᠯᠠᠨ ᠲᠦᠮᠡᠨ᠎ᠦ ᠪᠡᠶᠡᠴᠢᠯᠡᠨ ᠤᠢᠯᠠᠭᠠᠬᠤ ᠤᠷᠤᠨ ᠪᠤᠯᠭᠠᠨ ᠦᠯᠡᠳᠡᠭᠡᠵᠦ᠍ ᠪᠣᠯᠤᠨ᠎ᠠ ᠃

ᠡᠭᠦᠨ᠎ᠡᠴᠡ ᠭᠠᠳᠠᠨ᠎ᠠ᠂ ᠶᠠᠨᠴᠢᠩ ᠪᠣᠯᠤᠨ ᠴᠢᠭᠤᠯᠤᠯᠳᠤ ᠬᠠᠭᠠᠯᠭ᠎ᠠ᠎ᠳᠤ ᠴᠠᠰᠤᠨ᠎ᠳᠤ ᠭᠤᠯᠭᠤᠬᠤ ᠤᠷᠤᠯᠳᠤᠭᠠᠨ᠎ᠤ ᠵᠠᠮ ᠮᠠᠰᠢ ᠣᠯᠠᠨ ᠪᠤᠶ᠃ ᠡᠭᠦᠨ᠎ᠳᠦ ᠳᠤᠮᠳᠠ ᠳᠡᠭᠡᠳᠦ ᠳᠦᠪᠰᠢᠨ᠎ᠤ ᠴᠠᠰᠤᠨ᠎ᠳᠤ ᠭᠤᠯᠭᠤᠬᠤ ᠳᠤᠷ᠎ᠠ ᠪᠠᠬᠠᠳᠠᠳ᠎ᠲᠦ ᠳᠣᠭᠢᠷᠬᠠᠰᠠᠨ ᠥᠨᠳᠥᠷ ᠵᠡᠷᠭᠡ᠎ᠶ᠋ᠢᠨ ᠵᠠᠮ ᠪᠠᠢᠬᠤ᠎ᠪᠠᠷ ᠪᠠᠷᠠᠬᠤ ᠦᠭᠡᠶ᠂ ᠪᠠᠰᠠ ᠠᠩᠬ᠎ᠠ ᠰᠤᠷᠴᠤ᠌ ᠪᠠᠢᠭ᠎ᠠ ᠬᠥᠮᠦᠰ᠎ᠲᠦ ᠳᠣᠭᠢᠷᠬᠠᠰᠠᠨ ᠴᠠᠰᠤᠨ᠎ᠳᠤ ᠭᠤᠯᠭᠤᠬᠤ ᠲᠠᠯᠠᠪᠠᠶ ᠴᠤ᠌ ᠪᠠᠢᠳᠠᠭ᠃

ᠢᠷᠡᠯᠳᠡ᠄ ᠪᠡᠭᠡᠵᠢᠡᠭ᠎ᠤᠨ ᠡᠳᠦᠷ᠎ᠤᠨ ᠰᠤᠨᠢᠨ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠹᠦ᠋ ᠭᠸᠨ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面