2022 ᠤᠨ᠎ᠤ᠋ ᠡᠪᠦᠯ᠎ᠦ᠋ᠨ ᠤᠯᠠᠷᠢᠯ᠎ᠤ᠋ᠨ ᠣᠯᠢᠮᠫᠢᠺ᠎ᠤ᠋ᠨ ᠴᠤᠭᠯᠠᠭᠠᠨ > ᠪᠡᠭᠡᠵᠢᠩ᠎ᠦ᠋ᠨ ᠡᠪᠦᠯ᠎ᠦ᠋ᠨ ᠤᠯᠠᠷᠢᠯ᠎ᠤ᠋ᠨ ᠵᠮᠲᠭᠴᠤᠳ᠎ᠤ᠋ᠨ ᠣᠯᠢᠮᠫᠢᠺ᠎ᠤ᠋ᠨ ᠲᠠᠮᠢᠷ᠎ᠤ᠋ᠨ ᠴᠤᠭᠯᠠᠭᠠᠨ

2022-03-21 10:19:57

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

2022ᠣᠨ᠎ᠤ ᠪᠡᠭᠡᠵᠢᠩ᠎ᠤᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ 3 ᠰᠠᠷ᠎ᠠ᠎ᠶᠢᠨ 4᠎ᠤ᠋ ᠡᠳᠦᠷ ᠡᠴᠡ 13 ᠎ᠤ᠋ ᠡᠳᠦᠷ ᠪᠤᠯᠲᠠᠯ᠎ᠠ ᠪᠡᠭᠡᠵᠢᠩ᠎ᠳ᠋ᠤ ᠶᠠᠪᠤᠬᠳᠠᠵᠦ᠂ ᠪᠦᠬᠦ ᠲᠡᠯᠡᠭᠡᠢ ᠵᠢᠨ 91 ᠤᠯᠤᠰ᠎ᠤᠨ 736 ᠲᠠᠮᠢᠷᠴᠢᠨ 6 ᠲᠦᠷᠦᠯ᠎ᠤᠨ 78 ᠵᠦᠢᠯ᠎ᠤᠨ ᠤᠷᠤᠯᠳᠤᠭᠠᠨ ᠳ᠋ᠤ ᠡᠷᠭᠡ ᠲᠡᠭᠰᠢ ᠪᠡᠷ ᠦᠷᠢᠰᠦᠯᠳᠦᠨ ᠤᠯᠢᠮᠫᠢᠺ᠎ᠤᠨ ᠬᠦᠰᠡᠯ ᠬᠦᠭᠡᠭᠡᠴᠡᠯᠳᠦᠯ ᠵᠢᠡᠨ ᠪᠡᠶᠡᠯᠡᠬᠦᠯᠵᠦ᠂ ᠠᠮᠢ ᠨᠠᠰᠤᠨ᠎ᠤ ᠤᠳᠬ᠎ᠠ ᠠᠭᠤᠯᠭ᠎ᠠ ᠪᠠ ᠭᠠᠢᠬᠠᠮᠰᠢᠭ᠎ᠢ ᠪᠢᠴᠢᠭᠯᠡᠵᠦ᠂ ᠬᠦᠮᠦᠨ ᠲᠦᠷᠦᠯᠬᠢᠳᠡᠨ᠎ᠤ ᠨᠤᠭᠤᠷᠠᠰᠢ ᠦᠭᠡᠢ ᠲᠡᠮᠡᠴᠡᠬᠦ ᠡᠷᠡᠰ ᠬᠠᠳᠠᠨ ᠵᠤᠷᠢᠭ ᠰᠠᠨᠠᠭ᠎ᠠ᠂ ᠡᠷᠡᠮᠡᠭᠡᠢᠯᠡᠨ ᠤᠷᠤᠭᠰᠢᠯᠠᠬᠤ ᠡᠷᠴᠢ ᠬᠦᠴᠦᠨ᠎ᠢ ᠬᠦᠢᠴᠡᠳ ᠢᠯᠡᠷᠡᠭᠦᠯᠪᠡ᠃

ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ 1960 ᠤᠨ ᠡᠴᠡ ᠡᠬᠢᠯᠡᠵᠦ ᠤᠳᠤ ᠪᠤᠯᠳᠠᠯ᠎ᠠ 13 ᠬᠤᠭᠤᠴᠠᠭ᠎ᠠ ᠶᠠᠪᠤᠭᠳᠠᠵᠤ ᠪᠠᠢᠨ᠎ᠠ᠃ ᠲᠡᠯᠡᠭᠡᠢ ᠵᠢᠨ ᠤᠯᠢᠮᠫᠢᠺ᠎ᠤᠨ ᠵᠦᠪᠯᠡᠯ ᠪᠠ ᠲᠡᠯᠡᠭᠡᠢ ᠵᠢᠨ ᠵᠡᠮᠳᠡᠭᠴᠦᠳ᠎ᠤᠨ ᠤᠯᠢᠮᠫᠢᠺ᠎ᠤᠨ ᠵᠦᠪᠯᠡᠯ ᠡᠴᠡ ᠭᠤᠤᠯᠯᠠᠨ ᠡᠷᠬᠢᠯᠡᠭᠰᠡᠨ᠂ ᠲᠤᠰᠬᠠᠢᠯᠠᠨ ᠵᠡᠮᠳᠡᠭᠴᠦᠳ ᠲᠸ᠋ ᠵᠤᠷᠢᠭᠤᠯᠤᠭᠰᠠᠨ ᠲᠡᠯᠡᠭᠡᠢ ᠵᠢᠨ ᠬᠡᠪᠴᠢᠶᠡᠨ᠎ᠤ ᠶᠡᠷᠦᠩᠭᠡᠢᠯᠡᠭᠰᠡᠨ ᠴᠢᠨᠠᠷᠳᠠᠢ ᠲᠠᠮᠢᠷ᠎ᠤᠨ ᠴᠤᠭᠯᠠᠭᠠᠨ ᠪᠤᠯᠤᠨ᠎ᠠ᠃ ᠵᠡᠮᠳᠡᠭᠴᠦᠳ᠎ᠢ ᠬᠦᠨᠳᠦᠳᠭᠡᠵᠦ᠂ ᠵᠡᠮᠳᠡᠭᠴᠦᠳ᠎ᠢ ᠬᠠᠯᠠᠮᠵᠢᠯᠠᠵᠤ᠂ ᠵᠡᠮᠳᠡᠭᠴᠦᠳ᠎ᠢ ᠬᠠᠪᠰᠤᠷᠴᠤ᠂ ᠵᠡᠮᠳᠡᠭᠴᠦᠳ᠎ᠤᠨ ᠦᠢᠯᠡᠰ᠎ᠢ ᠲᠡᠮᠵᠢᠬᠦ ᠬᠡᠪ ᠰᠤᠷᠳᠠᠯ᠎ᠢ ᠪᠤᠢ ᠪᠤᠯᠭᠠᠵᠤ᠂ ᠮᠦᠨ ᠴᠸ᠋ ᠵᠡᠮᠳᠡᠭ ᠬᠦᠮᠦᠰ ᠲᠸ᠋ ᠪᠦᠬᠦ ᠲᠡᠯᠡᠭᠡᠢ ᠵᠢᠨ ᠠᠷᠠᠳ ᠲᠦᠮᠡᠨ᠎ᠤ ᠡᠮᠦᠨ᠎ᠡ ᠦᠪᠡᠷ᠎ᠤᠨ ᠬᠦᠴᠦᠨ ᠴᠢᠳᠠᠯ ᠵᠢᠡᠨ ᠢᠯᠡᠷᠡᠬᠦᠯᠬᠦ ᠠᠵᠠ ᠲᠤᠬᠢᠶᠠᠯ ᠪᠠ ᠲᠠᠪᠴᠠᠩ ᠬᠠᠩᠭᠠᠬᠤ ᠪᠤᠯ ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠎ᠤ᠋ ᠤᠳᠬ᠎ᠠ ᠠᠭᠤᠯᠭ᠎ᠠ ᠪᠤᠶᠤ ᠵᠤᠷᠢᠭ ᠰᠠᠨᠠᠭ᠎ᠠ ᠪᠤᠯᠤᠨ᠎ᠠ᠃

ᠪᠡᠭᠡᠵᠢᠩ᠎ᠤᠨ ᠡᠪᠦᠯ᠎ᠤᠨ ᠤᠯᠠᠷᠢᠯ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠲᠠᠢ ᠬᠠᠮᠳᠤ ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠨᠢ ᠲᠡᠯᠡᠭᠡᠢ ᠵᠢᠨ ᠠᠷᠠᠳ ᠲᠦᠮᠡᠨ ᠳ᠋ᠤ ᠮᠠᠰᠢ ᠤᠯᠠᠨ ᠰᠠᠢᠨ ᠰᠠᠢᠬᠠᠨ ᠲᠤᠷᠠᠳᠬᠠᠯ᠎ᠢ ᠦᠯᠡᠳᠡᠭᠡᠨ ᠂ ᠲᠡᠯᠡᠭᠡᠢ ᠵᠢᠨ ᠠᠷᠠᠳ ᠲᠦᠮᠡᠨ᠎ᠤ ᠪᠦᠯᠬᠦᠮᠳᠡᠯ᠎ᠢ ᠠᠬᠢᠭᠤᠯᠬᠤ ᠨᠦᠬᠦᠷᠯᠡᠯ᠎ᠢ ᠵᠤᠵᠠᠭᠠᠳᠬᠠᠬᠤ ᠦᠪᠡᠳᠡᠭᠰᠢ ᠲᠠᠮᠢᠷ᠎ᠤᠨ ᠴᠤᠭᠯᠠᠭᠠᠨ ᠪᠤᠯᠤᠭᠰᠠᠨ ᠪᠠᠢᠨ᠎ᠠ᠃

ᠪᠡᠭᠡᠵᠢᠩ᠎ᠤᠨ ᠡᠪᠦᠯ᠎ᠤᠨ ᠤᠯᠠᠷᠢᠯ᠎ᠤᠨ ᠵᠡᠮᠳᠡᠭᠴᠦᠳ᠎ᠤᠨ ᠤᠯᠢᠮᠫᠢᠺ᠎ᠤᠨ ᠲᠠᠮᠢᠷ᠎ᠤᠨ ᠴᠤᠭᠯᠠᠭᠠᠨ ᠳ᠋ᠤ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ 18 ᠠᠯᠲᠠᠨ ᠮᠧᠳᠠᠯ᠂ 20 ᠮᠥᠩᠭᠥᠨ ᠮᠧᠳᠠᠯ᠂ 23 ᠬᠦᠷᠡᠯ ᠮᠧᠳᠠᠯ᠂ ᠨᠡᠢᠲᠡ 61 ᠮᠧᠳᠠᠯ᠎ᠤᠨ ᠱᠢᠯᠢᠳᠡᠭ ᠬᠢᠷᠢ ᠪᠦᠲᠦᠮᠵᠢ᠎ᠪᠡᠷ ᠠᠯᠲᠠᠨ ᠮᠧᠳᠠᠯ᠎ᠤᠨ ᠵᠢᠭ᠍ᠰᠠᠭᠠᠯᠲᠠ ᠪᠠ ᠱᠠᠩᠨᠠᠯ᠎ᠤᠨ ᠮᠧᠳᠠᠯ᠎ᠤᠨ ᠵᠢᠭ᠍ᠰᠠᠭᠠᠯᠲᠠ᠎ᠳᠤ ᠲᠡᠷᠢᠭᠦᠯᠡᠵᠦ᠍᠂ ᠲᠡᠦᠬᠡᠲᠦ ᠴᠢᠨᠠᠷᠲᠠᠶ ᠳᠠᠪᠠᠯᠲᠠ᠎ᠶ᠋ᠢ ᠪᠡᠶᠡᠯᠡᠭᠦᠯᠵᠡᠢ᠃

《ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠪᠦᠯᠬᠦᠮᠳᠡᠨ ᠨᠢᠭᠡᠳᠴᠦ᠍᠂ ᠲᠠᠮᠢᠷ᠎ᠤᠨ ᠴᠤᠬᠯᠠᠭᠠᠨ᠎ᠦ ᠬᠢᠷᠢ ᠪᠦᠲᠦᠮᠵᠢ ᠪᠠ ᠣᠶᠤᠨ᠎ᠤ ᠪᠣᠯᠪᠠᠰᠤᠨ᠎ᠤ ᠬᠤᠤᠰ ᠡᠯᠪᠡᠭ ᠬᠤᠷᠢᠶᠠᠯᠲᠠ᠎ᠶ᠋ᠢ ᠤᠯᠵᠤ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠲᠠᠮᠢᠷ᠎ᠤᠨ ᠴᠤᠬᠯᠠᠭᠠᠨ᠎ᠦ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠡᠬᠡ ᠤᠯᠤᠰ ᠪᠠ ᠠᠷᠠᠳ ᠲᠦᠮᠡᠨ᠎ᠳᠡᠭᠡᠨ ᠢᠷᠠᠭᠤ ᠠᠯᠳᠠᠷ᠎ᠢ ᠣᠯᠭᠣᠭ᠍ᠰᠠᠨ ᠪᠠᠢᠨ᠎ᠠ》 ᠭᠡᠵᠦ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠬᠡᠷᠡᠭ ᠡᠷᠬᠢᠯᠡᠭ᠌ᠴᠢ᠂ ᠪᠡᠶ᠎ᠡ᠎ᠶ᠋ᠢᠨ ᠲᠠᠮᠢᠷ᠎ᠤᠨ ᠬᠡᠯᠲᠡᠰ᠎ᠦᠨ ᠡᠷᠬᠢᠯᠡᠭ᠌ᠴᠢ᠂ ᠲᠥᠯᠥᠭᠡᠯᠡᠭ᠌ᠴᠢᠳ᠎ᠦᠨ ᠪᠦᠯᠬᠦᠮ᠎ᠦᠨ ᠨᠠᠷᠢᠨ ᠪᠢᠴᠢᠭ᠎ᠦᠨ ᠳᠠᠷᠤᠭ᠎ᠠ ᠵᠤᠤ ᠰᠦ᠍ ᠵᠢᠩ ᠢᠯᠡᠷᠭᠡᠢᠯᠡᠪᠡ᠃ ᠨᠠᠮ ᠪᠣᠯᠤᠨ ᠤᠯᠤᠰ᠎ᠤᠨ ᠴᠢᠬᠤᠯᠠᠴᠢᠯᠠᠯ ᠳᠤᠤᠷ᠎ᠠ᠂ ᠨᠡᠢᠭᠡᠮ᠎ᠦᠨ ᠡᠯ᠎ᠡ ᠡᠲᠡᠭᠡᠳ᠎ᠦᠨ ᠳᠡᠮᠵᠢᠯᠭᠡ ᠳᠤᠤᠷ᠎ᠠ᠂ ᠵᠡᠮᠳᠡᠭ ᠲᠠᠮᠢᠷᠴᠢᠳ ᠵᠣᠷᠢᠭ᠍ᠲᠠᠶ᠎ᠪᠠᠷ ᠦᠪᠡᠷ᠎ᠢ ᠪᠠᠨ ᠢᠯᠡᠨ ᠳᠠᠪᠠᠵᠤ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠪᠡᠶ᠎ᠡ᠎ᠶ᠋ᠢᠨ ᠲᠠᠮᠢᠷ᠎ᠤᠨ ᠦᠶ᠋ᠯᠡᠰ ᠬᠡᠷᠡᠯ ᠰᠠᠴᠤᠷᠠᠩᠭᠤᠶ ᠠᠮᠵᠢᠯᠲᠠ ᠵᠢ ᠡᠬᠦᠳᠪᠡ᠃ ᠳᠤᠮᠳᠠᠳᠤ ᠤᠯᠤᠰ᠎ᠤᠨ ᠵᠡᠮᠳᠡᠭ᠌ ᠲᠠᠮᠢᠷᠴᠢᠳ᠎ᠤᠨ ᠢᠯᠡᠷᠡᠭᠦᠯᠦᠭ᠌ᠰᠡᠨ ᠵᠣᠷᠢᠭ ᠰᠠᠨᠠᠭ᠎ᠠ ᠪᠣᠯᠤᠨ ᠪᠣᠳᠠᠲᠤ ᠬᠦᠴᠦᠨ ᠨᠢ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠪᠠᠢᠭᠤᠯᠤᠯ᠎ᠤᠨ ᠳᠠᠪᠠᠭᠤᠯᠢᠭ᠎ᠢ ᠬᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠬᠥᠮᠦᠨ᠎ᠦ ᠡᠷᠬᠡ᠎ᠶ᠋ᠢᠨ ᠬᠥᠭ᠌ᠵᠢᠯᠲᠡ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠬᠠᠷᠠᠭᠤᠯᠵᠤ᠂ ᠮᠠᠨ᠎ᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠤᠮᠤ ᠤᠯᠤᠰ᠎ᠠᠴᠠ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ ᠲᠡᠢᠰᠢ ᠲᠠᠰᠤᠷᠠᠯᠲᠠ ᠦᠭᠡᠢ ᠤᠷᠤᠭ᠍ᠰᠢᠯᠠᠭ᠍ᠰᠠᠨ᠎ᠤ ᠪᠠᠰᠠ ᠨᠢᠭᠡᠨ ᠴᠢᠬᠤᠯᠠ ᠪᠡᠯᠭᠡ ᠲᠡᠮᠳᠡᠭ ᠪᠣᠯᠤᠨ᠎ᠠ᠃ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳ᠋ᠡᠬᠢ ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠨᠢ ᠳᠤᠤᠷᠠᠬᠢ ᠬᠡᠳᠦᠨ ᠣᠨᠴᠠᠯᠢᠭ᠎ᠢ ᠪᠦᠷᠢᠯᠳᠦᠬᠦᠯᠪᠡ᠃

ᠤᠷᠤᠯᠳᠤᠭᠠᠨ᠎ᠳᠤ ᠪᠥᠬᠥ᠌ ᠲᠠᠯ᠎ᠠ᠎ᠪᠠᠷ ᠣᠷᠣᠯᠴᠠᠵᠤ᠂ ᠪᠥᠬᠥ᠌ ᠲᠠᠯ᠎ᠠ᠎ᠪᠠᠷ ᠳᠡᠪᠱᠢᠪᠡ᠃ ᠲᠥᠯᠥᠭᠡᠯᠡᠭ᠌ᠴᠢᠳ᠎ᠦᠨ ᠪᠦᠯᠬᠦᠮ ᠬᠦᠷᠳᠦᠲᠦ ᠰᠠᠨᠳᠠᠯᠢ ᠳᠡᠭᠡᠷᠡᠬᠢ ᠮᠥᠰᠥᠨ ᠳᠡᠪᠦᠷ᠎ᠡ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠡᠨᠡᠯᠡᠯᠲᠡ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠩ ᠬᠠᠪᠲᠠᠰᠤᠲᠦ ᠴᠡᠨᠡᠯᠡᠯᠲᠡ᠂ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠡᠭᠡᠷ᠎ᠡ᠎ᠶ᠋ᠢᠨ ᠴᠡᠨᠡᠯᠡᠯᠲᠡ ᠪᠠ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠪᠦᠯ᠎ᠦᠨ ᠤᠯᠠᠷᠢᠯ᠎ᠤᠨ ᠬᠣᠶᠠᠷ ᠵᠦᠢᠯ᠎ᠦᠨ ᠤᠷᠤᠯᠳᠤᠭᠠᠨ᠎ᠤ 6 ᠶᠡᠬᠡ ᠵᠦᠢᠯ᠂ 73 ᠪᠠᠭ᠎ᠠ ᠵᠦᠢᠯ᠎ᠦᠨ ᠤᠷᠤᠯᠳᠤᠭᠠᠨ᠎ᠳᠤ ᠣᠷᠣᠯᠴᠠᠪᠠ᠃ ᠡᠨᠡ ᠪᠣᠯ ᠳᠤᠮᠳᠠᠳᠤ ᠤᠯᠤᠰ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠣᠷᠣᠯᠴᠠᠭ᠍ᠰᠠᠨ᠎ᠠᠴᠠ ᠨᠠᠭᠠᠰᠢ᠂ ᠲᠥᠯᠥᠭᠡᠯᠡᠭ᠌ᠴᠢᠳ᠎ᠦᠨ ᠪᠦᠯᠬᠦᠮ᠎ᠦᠨ ᠬᠡᠪᠴᠢᠶ᠎ᠡ ᠬᠠᠮᠤᠭ᠎ᠤᠨ ᠶᠡᠬᠡ᠂ ᠲᠠᠮᠢᠷᠴᠢᠳ᠎ᠤᠨ ᠲᠣᠭ᠎ᠠ ᠬᠠᠮᠤᠭ᠎ᠤᠨ ᠣᠯᠠᠨ᠂ ᠤᠷᠤᠯᠳᠤᠭᠠᠨ᠎ᠳᠤ ᠣᠷᠣᠯᠴᠠᠭᠰᠠᠨ ᠲᠥᠷᠥᠯ ᠵᠦᠶ᠋ᠯ ᠬᠠᠮᠤᠭ᠎ᠤᠨ ᠪᠦᠷᠢᠨ ᠨᠢᠭᠡ ᠬᠤᠭᠤᠴᠠᠭ᠎ᠠ ᠪᠣᠯᠤᠨ᠎ᠠ᠃ ᠤᠷᠤᠯᠳᠤᠭᠠᠨ ᠳ᠋ᠤ ᠲᠡᠦᠭᠡ ᠵᠢᠨ ᠬᠠᠮᠤᠭ᠎ᠤᠨ ᠰᠠᠢᠨ ᠬᠢᠷᠢ ᠪᠦᠳᠦᠮᠵᠢ ᠵᠢ ᠣᠯᠵᠠᠶ᠃

ᠴᠠᠰᠤᠨ ᠳᠡᠭᠡᠷᠡᠬᠢ ᠲᠥᠷᠥᠯ ᠵᠦᠶ᠋ᠯ ᠲᠡᠦᠬᠡᠲᠦ ᠴᠢᠨᠠᠷᠲᠠᠶ ᠱᠢᠪᠲᠤᠯᠤᠯᠲᠠ᠎ᠲᠠᠶ ᠪᠣᠯᠪᠠ᠃ ᠲᠤᠰ ᠬᠤᠭᠤᠴᠠᠭᠠᠨ᠎ᠤ ᠤᠷᠤᠯᠳᠤᠭᠠᠨ᠎ᠠᠴᠠ ᠡᠮᠦᠨ᠎ᠡ᠂ ᠳᠤᠮᠳᠠᠳᠤ ᠤᠯᠤᠰ᠎ᠤᠨ ᠲᠠᠮᠢᠷᠴᠢᠨ ᠶᠡᠷᠦ᠍᠎ᠡᠴᠡ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠴᠠᠰᠤᠨ ᠳᠡᠭᠡᠷᠡᠬᠢ ᠲᠦᠷᠦᠯ ᠵᠦᠢᠯ ᠳ᠋ᠤ ᠱᠠᠩᠨᠠᠯ᠎ᠤᠨ ᠮᠧᠳᠠᠯ ᠭᠠᠷᠳᠠᠵᠤ ᠥᠩᠭᠡᠷᠡᠭ᠌ᠰᠡᠨ ᠦᠭᠡᠢ ᠃ ᠲᠤᠰ ᠤᠳᠠᠭᠠᠨ᠎ᠤ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠥᠨᠳᠥᠷ ᠠᠭᠤᠯᠠ᠎ᠶ᠋ᠢᠨ ᠴᠡᠨᠡᠯᠡᠯᠲᠡ᠂ ᠳᠠᠩ ᠬᠠᠪᠲᠠᠰᠤᠲᠦ ᠴᠡᠨᠡᠯᠡᠯᠲᠡ᠂ ᠬᠡᠭᠡᠷ᠎ᠡ᠎ᠶ᠋ᠢᠨ ᠴᠡᠨᠡᠯᠡᠯᠲᠡ ᠪᠠ ᠡᠪᠦᠯ᠎ᠦᠨ ᠤᠯᠠᠷᠢᠯ᠎ᠤᠨ ᠬᠣᠶᠠᠷ ᠶᠡᠬᠡ ᠲᠥᠷᠥᠯ ᠵᠦᠢᠯ ᠳ᠋ᠤ ᠴᠥᠮ ᠠᠯᠲᠠᠨ ᠮᠧᠳᠠᠯ ᠣᠯᠵᠤ᠂ ᠲᠡᠦᠬᠡᠲᠦ ᠴᠢᠨᠠᠷᠲᠠᠶ ᠱᠢᠪᠲᠤᠯᠤᠯᠲᠠ᠎ᠶ᠋ᠢ ᠪᠡᠶᠡᠯᠡᠭᠦᠯᠪᠡ᠃

ᠮᠥᠰᠥᠨ ᠳᠡᠭᠡᠷᠡᠬᠢ ᠲᠥᠷᠥᠯ ᠵᠦᠢᠯ ᠪᠦᠬᠦ᠌ ᠲᠠᠯ᠎ᠠ᠎ᠪᠠᠷ ᠳᠡᠯᠡᠬᠡᠶ᠎ᠶ᠋ᠢᠨ ᠬᠦᠴᠦᠷᠬᠡᠭ ᠠᠩᠭᠢ᠎ᠶ᠋ᠢᠨ ᠡᠩᠨᠡᠭᠡᠨ᠎ᠳᠦ ᠣᠷᠣᠵᠠᠶ᠃ ᠬᠦᠷᠳᠦᠲᠦ ᠰᠠᠨᠳᠠᠯᠢ ᠳᠡᠭᠡᠷᠡᠬᠢ ᠮᠥᠰᠥᠨ ᠳᠡᠪᠦᠷ᠎ᠡ᠎ᠶ᠋ᠢᠨ ᠠᠩᠭᠢ ᠫᠢᠶᠸᠩᠼᠠᠩ᠎ᠤᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠮᠠᠩᠯᠠᠢᠯᠠᠵᠤ ᠂ ᠡᠨᠡ ᠤᠳᠠᠭ᠎ᠠ ᠬᠦᠴᠦᠷᠬᠡᠭ ᠠᠩᠭᠢ᠎ᠶᠢ ᠦᠷᠬᠦᠯᠵᠢᠯᠡᠨ ᠢᠯᠡᠵᠦ᠎ᠳᠠᠬᠢᠨᠲᠠ ᠮᠠᠩᠯᠠᠢᠯᠠᠪᠠ᠃ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠥᠰᠥᠨ ᠪᠥᠮᠪᠥᠭᠡ᠎ᠶ᠋ᠢᠨ ᠲᠦᠷᠦᠯ ᠵᠦᠢᠯ 2016 ᠣᠨ᠎ᠳᠤ ᠮᠠᠨ᠎ᠤ ᠤᠯᠤᠰ᠎ᠲᠤ ᠪᠤᠢ ᠪᠤᠯᠵᠤ᠂ 2017 ᠣᠨ᠎ᠠᠴᠠ ᠡᠬᠢᠯᠡᠨ ᠤᠯᠤᠰ᠎ᠤᠨ ᠠᠩᠬᠢ ᠶ᠋ᠢ ᠵᠣᠬᠢᠶᠠᠨ ᠪᠠᠢᠭᠤᠯᠵᠤ᠂ 2018 ᠣᠨ᠂ 2021 ᠣᠨ᠎ᠳᠤ ᠲᠤᠰ ᠲᠤᠰ C ᠳᠤᠭᠤᠢᠯᠠᠩ᠎ᠤᠨ ᠳᠡᠯᠡᠬᠡᠢ᠎ᠶ᠋ᠢᠨ ᠮᠠᠩᠯᠠᠢ ᠱᠢᠯᠭᠠᠷᠠᠭᠤᠯᠬᠤ ᠤᠷᠤᠯᠳᠤᠭᠠᠨ᠂ B ᠳᠤᠭᠤᠢᠯᠠᠩ᠎ᠤᠨ ᠳᠡᠯᠡᠬᠡᠢ᠎ᠶ᠋ᠢᠨ ᠮᠠᠩᠯᠠᠢ ᠱᠢᠯᠭᠠᠷᠠᠭᠤᠯᠬᠤ ᠤᠷᠤᠯᠳᠤᠭᠠᠨ᠎ᠳᠤ ᠮᠠᠩᠯᠠᠢᠯᠠᠵᠤ᠂ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠲᠦᠷᠪᠡᠨ ᠬᠦᠴᠦᠷᠬᠡᠭ᠎ᠲᠦ ᠲᠠᠪᠱᠢᠵᠤ ᠬᠦᠷᠡᠯ ᠮᠧᠳᠠᠯ ᠣᠯᠵᠠᠢ᠃

ᠵᠠᠯᠠᠭᠤ ᠲᠠᠮᠢᠷᠴᠢᠳ ᠴᠤᠭ ᠪᠠᠳᠠᠷᠠᠩᠭᠤᠢ ᠲᠦᠷᠢ ᠲᠦᠷᠬᠦ ᠵᠢ ᠢᠯᠡᠷᠡᠬᠦᠯᠪᠡ᠃ ᠲᠥᠯᠥᠭᠡᠯᠡᠭ᠌ᠴᠢᠳ᠎ᠦᠨ ᠪᠦᠯᠬᠦᠮ᠎ᠦᠨ 85 ᠲᠠᠮᠢᠷᠴᠢᠨ᠎ᠪᠤᠯ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠳᠤ ᠠᠩᠬ᠎ᠠ ᠤᠳᠠᠭ᠎ᠠ ᠣᠷᠣᠯᠴᠠᠵᠤ᠂ ᠳᠤᠮᠳᠠᠴᠢ ᠨᠠᠰᠤ᠎ᠨᠢ 25 ᠪᠣᠯᠤᠨ᠎ᠠ᠃ ᠲᠥᠯᠥᠭᠡᠯᠡᠭ᠌ᠴᠢᠳ᠎ᠦᠨ ᠪᠦᠯᠬᠦᠮ᠎ᠦᠨ ᠡᠬᠢᠯᠡᠯᠲᠡ᠎ᠶ᠋ᠢᠨ ᠶᠣᠰᠣᠯᠠᠯ᠎ᠳᠤ ᠲᠤᠭ᠍ᠴᠢ ᠪᠤᠯᠤᠬᠰᠠᠨ 18 ᠨᠠᠰᠤ ᠬᠦᠷᠦᠭᠡᠳᠦᠢ ᠾᠧᠪᠧᠢ ᠮᠤᠵᠢ᠎ᠶ᠋ᠢᠨ ᠴᠢᠭᠤᠯᠤᠯᠲᠤ ᠬᠠᠭᠠᠯᠭ᠎ᠠ᠎ᠶ᠋ᠢᠨ ᠲᠠᠮᠢᠷᠴᠢᠨ ᠭᠦᠸᠧ ᠢᠦᠶ ᠵᠢᠶᠧ ᠡᠮᠡᠭ᠌ᠲᠡᠶ᠎ᠶ᠋ᠢᠨ ᠬᠣᠶᠠᠷ ᠵᠦᠢᠯ᠎ᠦᠨ ᠣᠢᠷ᠎ᠠ ᠵᠠᠶ ᠎ᠶ᠋ᠢᠨ ᠤᠷᠤᠯᠳᠤᠭᠠᠨ᠎ᠳᠤ ᠠᠯᠲᠠᠨ ᠮᠧᠳᠠᠯ ᠰᠢᠬᠦᠷᠴᠡᠢ;ᠥᠨᠳᠥᠷ ᠠᠭᠤᠯᠠᠨ᠎ᠤ ᠴᠡᠨᠡᠯᠡᠯᠲᠡ᠎ᠶᠢᠨ ᠲᠠᠮᠢᠷᠴᠢᠨ ᠵᠠᠩ ᠮᠧᠩ ᠴᠢᠦ 3 ᠰᠠᠷ᠎ᠠ᠎ᠶ᠋ᠢᠨ 9 ᠤ᠋ ᠡᠳᠦᠷ ᠰᠠᠶᠢ 20 ᠨᠠᠰᠤᠨ᠎ᠤ ᠤᠢ ᠪᠠᠨ ᠤᠭᠳᠤᠭᠰᠠᠨ ᠶᠤᠮ᠃ ᠲᠡᠷᠡ ᠪᠡᠷ ᠤᠷᠤᠯᠳᠤᠭᠠᠨ ᠳ᠋ᠤ 2 ᠠᠯᠲᠠᠨ ᠮᠧᠳᠠᠯ 3 ᠮᠥᠩᠭᠥᠨ ᠮᠧᠳᠠᠯ ᠎ᠤᠨ ᠰᠠᠢᠨ ᠬᠢᠷᠢ ᠪᠦᠲᠦᠮᠵᠢ ᠣᠯᠵᠠᠶ; ᠵᠶ᠋ᠢ ᠯᠢ ᠵᠢᠶᠠ᠂ ᠸᠠᠩ ᠫᠸᠩ ᠶᠣᠣ᠂ ᠵᠦ᠍ ᠶᠦᠩ ᠭᠠᠩ᠂ ᠵᠠᠩ ᠢ ᠴᠢ᠎ᠶ᠋ᠢᠨ ᠳᠤᠮᠳᠠᠴᠢ ᠨᠠᠰᠤ 19᠂ ᠲᠡᠳᠡ ᠲᠠᠩ ᠬᠠᠪᠲᠠᠰᠤᠲᠦ ᠴᠠᠨᠠᠯᠠᠯᠳᠠ᠎ᠶ᠋ᠢᠨ ᠡᠷᠡᠭ᠌ᠲᠡᠢ᠎ᠶ᠋ᠢᠨ ᠰᠠᠭᠠᠳ ᠳᠠᠪᠠᠬᠤ ᠤᠷᠤᠯᠳᠤᠭᠠᠨ᠎ᠤ UL ᠲᠡᠰ᠎ᠤᠨ ᠲᠡᠷᠢᠭᠦᠨ ᠳᠡᠳ᠋ ᠭᠤᠲᠠᠭᠠᠷ ᠳᠡᠰ᠎ᠲᠤ ᠲᠤᠳᠤᠷᠠᠵᠡᠢ᠃ ᠲᠥᠯᠥᠭᠡᠯᠡᠭ᠌ᠴᠢᠳ᠎ᠦᠨ ᠪᠦᠯᠬᠦᠮ᠎ᠦᠨ ᠨᠠᠰᠤ᠎ᠪᠠᠷ ᠬᠠᠮᠤᠭ᠎ᠤᠨ ᠪᠠᠭ᠎ᠠ ᠭᠧᠩ ᠶᠠᠨ ᠬᠣᠩ ᠳᠠᠩ ᠬᠠᠪᠲᠠᠰᠦᠳᠦ ᠴᠡᠨᠡᠯᠡᠯᠲᠡ᠎ᠶᠢᠨ ᠮᠥᠩᠭᠥᠨ ᠮᠧᠳᠠᠯ ᠰᠢᠬᠥᠷᠪᠡ ᠁

ᠳᠤᠮᠳᠠᠳᠤ ᠤᠯᠤᠰ᠎ᠤᠨ ᠵᠠᠯᠠᠭᠤ ᠨᠢᠭᠡ ᠦᠶ᠎ᠡ᠎ᠶ᠋ᠢᠨ ᠵᠡᠮᠳᠡᠭ ᠲᠠᠮᠢᠷᠴᠢᠳ᠎ᠤᠨ ᠪᠠᠶᠠᠰᠤᠩᠭᠤᠶ᠂ ᠤᠷᠤᠭ᠍ᠰᠢᠯᠠᠨ ᠳᠠᠪᠱᠢᠬᠤ᠂ ᠪᠡᠶ᠎ᠡ᠎ᠳᠡᠭᠡᠨ ᠢᠲᠡᠭᠡᠯ᠎ᠲᠡᠶ ᠪᠠᠢᠬᠤ ᠰᠠᠢᠨ ᠰᠠᠢᠬᠠᠨ ᠳᠦᠷᠰᠦ ᠪᠠᠢᠳᠠᠯ ᠨᠢ ᠮᠠᠨ᠎ᠤ ᠤᠯᠤᠰ᠎ᠤᠨ ᠬᠥᠭ᠌ᠵᠢᠯᠲᠡ ᠳᠠᠪᠱᠢᠯᠲᠠ᠂ ᠠᠮᠢᠵᠢᠷᠠᠯ᠎ᠤᠨ ᠬᠦᠴᠦᠨ᠎ᠤ ᠪᠠᠰᠠ ᠨᠢᠭᠡᠨ ᠲᠠᠯ᠎ᠠ ᠵᠢᠨ ᠠᠮᠢᠳᠤᠯᠢᠭ ᠵᠢᠷᠤᠭ᠍ᠯᠠᠯ ᠪᠣᠯᠬᠤ ᠶᠤᠮ᠃

ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠪᠠ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠬᠢᠯᠡᠬᠦ᠌᠎ᠪᠡᠷ ᠭᠤᠶᠤᠴᠢᠯᠠᠭ᠍ᠰᠠᠨ᠎ᠠᠴᠠ ᠨᠠᠭᠠᠰᠢ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠤᠯᠪᠤᠭ᠎ᠠ 《ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠦᠷᠦᠯ ᠵᠦᠢᠯ᠎ᠢ ᠬᠥᠭ᠌ᠵᠢᠭᠦᠯᠦᠨ ᠮᠠᠨᠳᠤᠭᠤᠯᠬᠤ ᠲᠥᠯᠥᠪᠯᠡᠭᠡ》᠂ 《ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠢᠷᠠᠭᠤ ᠠᠯᠳᠠᠷ᠎ᠢ ᠲᠡᠮᠡᠴᠡᠨ ᠤᠯᠬᠤ ᠠᠵᠢᠯᠯᠠᠭ᠎ᠠ᠎ᠶ᠋ᠢᠨ ᠲᠥᠰᠦᠯ》᠂ 《ᠵᠡᠮᠳᠡᠭ᠌ᠴᠦᠳ᠎ᠦᠨ ᠤᠯᠠᠨ ᠲᠦᠮᠡᠨᠴᠢ ᠮᠥᠰᠥ᠍ ᠴᠠᠰᠤᠨ᠎ᠤ ᠠᠵᠢᠯᠯᠠᠭ᠎ᠠ᠎ᠶ᠋ᠢᠨ ᠲᠥᠰᠦᠯ》 ᠎ᠢ᠋ ᠲᠣᠭ᠍ᠲᠠᠭᠠᠵᠤ᠂ ᠤᠯᠤᠰ᠎ᠤᠨ ᠠᠩᠬᠢ᠎ᠶ᠋ᠢ ᠵᠣᠬᠢᠶᠠᠨ ᠪᠠᠢᠭᠤᠯᠵᠤ᠂ ᠪᠦᠬᠦ᠌ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ᠎ᠶᠢᠨ ᠱᠢᠰᠲ᠋ᠧᠮ᠎ᠦᠨ ᠬᠦᠴᠦᠨ᠎ᠢ ᠳᠠᠢᠴᠢᠯᠠᠵᠤ᠂ ᠪᠣᠯᠪᠠᠰᠤᠷᠠᠯ᠎ᠤᠨ ᠬᠤᠸᠠᠷᠠᠨ ᠪᠠ ᠪᠦᠬᠦ᠌ ᠤᠯᠤᠰ᠎ᠤᠨ ᠤᠷᠤᠯᠳᠤᠭᠠᠨ᠎ᠢ ᠡᠮᠬᠢ ᠲᠠᠷᠠᠭ᠎ᠠ ᠲᠠᠢ ᠶᠠᠪᠤᠭᠳᠠᠭᠤᠯᠪᠠ᠂ ᠡᠢᠨ ᠬᠦ᠌ ᠪᠦᠬᠦ᠌ ᠤᠯᠤᠰ᠎ᠤᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠲᠠᠮᠢᠷᠴᠢᠨ 50 ᠬᠥᠮᠦᠨ ᠬᠦᠷᠬᠦ᠌ ᠦᠭᠡᠢ ᠪᠠᠢᠭ᠍ᠰᠠᠨ᠎ᠠᠴᠠ᠎ᠪᠠᠨ ᠬᠥᠭ᠌ᠵᠢᠭᠡᠳ 1000 ᠱᠢᠬᠠᠮ ᠬᠥᠮᠦᠨ ᠪᠣᠯᠪᠠ᠃ 2016 ᠣᠨ᠎ᠠᠴᠠ ᠡᠬᠢᠯᠡᠨ᠂ 6 ᠵᠢᠯ ᠳᠠᠷᠠᠭᠠᠯᠠᠨ《ᠵᠡᠮᠳᠡᠭ᠌ᠴᠦᠳ᠎ᠦᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠤᠯᠠᠷᠢᠯ》 ᠎ᠢ᠋ ᠡᠷᠬᠢᠯᠡᠵᠦ᠍᠂ ᠤᠷᠤᠯᠴᠠᠬᠤ ᠮᠤᠵᠢ ᠣᠷᠣᠨ ᠱᠢᠭᠤᠳ ᠬᠠᠷᠢᠶ᠎ᠠ ᠬᠣᠲᠠ 14 ᠪᠠᠢᠭ᠍ᠰᠠᠨ᠎ᠠᠴᠠ 31 ᠪᠣᠯᠤᠨ ᠬᠥᠭ᠌ᠵᠢᠵᠦ᠂ ᠤᠯᠤᠰ᠎ᠤᠨ ᠵᠡᠮᠳᠡᠭ᠌ᠴᠦᠳ᠎ᠦᠨ ᠮᠥᠰᠥᠨ ᠳᠡᠭᠡᠷᠡᠬᠢ ᠲᠠᠮᠢᠷ᠎ᠤᠨ ᠬᠥᠳᠡᠯᠭᠡᠭᠡᠨ᠎ᠦ ᠪᠣᠯᠪᠠᠰᠤᠷᠠᠯ᠎ᠤᠨ ᠣᠷᠳᠣᠨ᠎ᠢ ᠪᠠᠢᠭᠤᠯᠵᠤ᠂ ᠨᠢᠭᠡ ᠪᠦᠯᠦᠭ ᠡᠪᠦᠯ᠎ᠦᠨ ᠤᠯᠠᠷᠢᠯ᠎ᠤᠨ ᠲᠦᠷᠦᠯ ᠵᠦᠢᠯ᠎ᠦᠨ ᠰᠠᠭᠤᠷᠢᠨ᠎ᠢ ᠪᠠᠢᠭᠤᠯᠵᠤ᠂ ᠵᠡᠮᠳᠡᠭ᠌ᠴᠦᠳ᠎ᠦᠨ ᠡᠪᠦᠯ᠎ᠦᠨ ᠤᠯᠠᠷᠢᠯ᠎ᠤᠨ ᠲᠠᠮᠢᠷ᠎ᠤᠨ ᠬᠥᠳᠡᠯᠭᠡᠭᠡᠨ᠎ᠢ ᠲᠦᠭᠡᠮᠡᠯᠵᠢᠬᠦᠯᠬᠦ ᠪᠠ ᠳᠡᠭᠡᠭ᠌ᠰᠢᠯᠡᠬᠦᠯᠬᠦ᠎ᠳᠦ ᠰᠠᠢ᠌ᠨ ᠰᠠᠭᠤᠷᠢ ᠲᠠᠯᠪᠢᠵᠤ ᠥᠭ᠌ᠴᠡᠢ᠃

ᠬᠢᠵᠢᠭ᠎ᠦᠨ ᠪᠠᠢᠳᠠᠯ᠎ᠤᠨ ᠨᠥᠯᠥᠭᠡ᠎ᠶ᠋ᠢ ᠢᠯᠠᠨ ᠳᠠᠪᠠᠵᠤ᠂ ᠲᠠᠰᠤᠯᠳᠠᠯ ᠦᠭᠡᠢ ᠪᠣᠯᠪᠠᠰᠤᠷᠠᠯ ᠰᠤᠷᠢᠯᠳᠠ ᠬᠢᠵᠦ᠂ ᠳᠡᠯᠡᠬᠡᠶ᠎ᠶ᠋ᠢᠨ ᠲᠡᠷᠢᠭᠦᠨ᠎ᠦ ᠲᠤᠷᠱᠢᠯᠭ᠎ᠠ᠎ᠡᠴᠡ ᠢᠳᠡᠪᠬᠢᠲᠡᠶ ᠰᠤᠷᠤᠯᠴᠠᠨ᠂ ᠲᠠᠮᠢᠷᠴᠢᠳ᠎ᠤᠨ ᠤᠷᠤᠯᠳᠤᠭᠠᠨ᠎ᠤ ᠲᠦᠪᠱᠢᠨ ᠲᠠᠰᠤᠷᠠᠯᠲᠠ ᠦᠭᠡᠢ ᠳᠡᠭᠡᠭ᠌ᠰᠢᠯᠡᠪᠡ᠃ ᠢᠯᠠᠩᠭᠤᠶ᠎ᠠ ᠣᠢᠷ᠎ᠠ᠎ᠶ᠋ᠢᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠵᠡᠮᠳᠡᠭ᠌ᠴᠦᠳ᠎ᠦᠨ ᠬᠣᠯᠪᠣᠭ᠎ᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠨᠥᠯᠥᠭᠡ᠎ᠶ᠋ᠢ ᠠᠯᠢ ᠴᠢᠳᠠᠬᠤ᠎ᠪᠠᠷ ᠢᠯᠡᠨ ᠳᠠᠪᠠᠵᠤ᠂ ᠲᠠᠮᠢᠷᠴᠢᠳ᠂ ᠲᠠᠮᠢᠷ᠎ᠤᠨ ᠠᠩᠭᠢ᠎ᠶ᠋ᠢ ᠵᠣᠬᠢᠶᠠᠨ ᠪᠠᠢᠭᠤᠯᠤᠨ ᠨᠥᠬᠥᠴᠡᠯ ᠪᠦᠷᠢᠯᠳᠦᠭᠦᠯᠵᠦ᠍ ᠪᠠᠢᠭᠠᠳ ᠣᠯᠠᠨ ᠤᠯᠤᠰ᠎ᠤᠨ ᠤᠷᠤᠯᠳᠤᠭᠠᠨ᠎ᠳᠤ ᠣᠷᠣᠯᠴᠠᠭᠤᠯᠵᠤ᠂ ᠲᠠᠮᠢᠷᠴᠢᠳ᠎ᠤᠨ ᠪᠣᠳᠠᠲᠤ ᠬᠦᠴᠦᠨ᠎ᠢ ᠲᠡᠭᠡᠭᠰᠢᠯᠡᠬᠦᠯᠦᠭᠰᠡᠨ ᠪᠠᠢᠨ᠎ᠠ᠃

ᠳᠤᠮᠳᠠᠳᠤ ᠤᠯᠤᠰ᠎ᠤᠨ ᠵᠡᠮᠳᠡᠭ ᠲᠠᠮᠢᠷᠴᠢᠳ᠎ᠤᠨ ᠪᠡᠭᠡᠵᠢᠩ᠎ᠦᠨ ᠡᠪᠦᠯ᠎ᠦᠨ ᠤᠯᠠᠷᠢᠯ᠎ᠤᠨ ᠵᠡᠮᠳᠡᠭ᠌ᠴᠦᠳ᠎ᠦᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠣᠯᠤᠭ᠍ᠰᠠᠨ ᠢᠷᠠᠭᠤ ᠠᠯᠳᠠᠷ ᠪᠠ ᠣᠮᠣᠭ᠍ᠰᠢᠯ ᠨᠢ ᠨᠡᠩ ᠤᠯᠠᠨ ᠵᠡᠮᠳᠡᠭ᠌ ᠬᠦᠮᠦᠰ᠎ᠢ ᠵᠤᠷᠢᠬᠵᠢᠭᠤᠯᠤᠨ ᠲᠡᠳᠡ ᠨᠠᠷ᠎ᠤᠨ ᠬᠡᠷ ᠡᠴᠡ ᠪᠠᠨ ᠭᠠᠷᠴᠤ᠂ ᠲᠠᠮᠢᠷ᠎ᠤᠨ ᠬᠥᠳᠡᠯᠭᠡᠭᠡᠨ᠎ᠳᠦ ᠢᠳᠡᠪᠬᠢᠲᠡᠢ ᠣᠷᠣᠯᠴᠠᠵᠦ᠂ ᠲᠠᠮᠢᠷ᠎ᠤᠨ ᠬᠥᠳᠡᠯᠭᠡᠭᠡᠨ᠎ᠳᠦ ᠣᠷᠣᠯᠴᠠᠬᠤ᠎ᠪᠠᠷ ᠳᠠᠮᠵᠢᠨ ᠨᠡᠢᠭᠡᠮ ᠨᠡᠢᠳᠡ ᠲᠠᠢ ᠨᠡᠩ ᠰᠠᠢ᠌ᠨ ᠠᠭᠤᠰᠤᠯᠴᠠᠵᠤ᠂ ᠬᠥᠮᠦᠨ᠎ᠦ ᠠᠮᠢᠳᠤᠷᠠᠯ᠎ᠤᠨ ᠭᠠᠢᠬᠠᠮᠱᠢᠭ᠎ᠢ ᠡᠭᠦᠳᠬᠦ ᠤᠷᠮ᠎ᠠ ᠵᠤᠷᠢᠭ᠎ᠢ ᠨᠢ ᠬᠦᠭᠵᠢᠭᠡᠪᠡ᠃ ᠤᠯᠤᠰ ᠡᠴᠡ ᠵᠡᠮᠳᠡᠭ᠌ᠴᠦᠳ᠎ᠦᠨ ᠡᠷᠡᠭᠦᠯᠵᠢᠯ᠂ ᠰᠤᠷᠭᠠᠨ ᠬᠥᠮᠦᠵᠢᠯ᠂ ᠠᠵᠢᠯ ᠣᠯᠭᠣᠯᠲᠠ ᠵᠡᠷᠭᠡ ᠪᠦᠬᠦ᠌ ᠲᠠᠯ᠎ᠠ᠎ᠶ᠋ᠢᠨ ᠬᠥᠭ᠌ᠵᠢᠯᠲᠡ᠎ᠶ᠋ᠢ ᠤᠯᠠᠮ ᠴᠢᠨᠠᠭ᠍ᠰᠢᠳᠠ ᠠᠬᠢᠭᠤᠯᠵᠤ᠂ ᠪᠦᠬᠦ᠌ ᠨᠡᠢᠭᠡᠮ ᠵᠢᠡᠷ ᠵᠢᠡᠨ ᠵᠡᠮᠳᠡᠭᠴᠤᠳ᠎ᠢ ᠨᠡᠩ ᠢᠯᠡᠭᠦᠦ ᠣᠢᠯᠠᠭᠠᠵᠤ᠂ ᠬᠦᠨᠳᠦᠳᠭᠡᠵᠦ᠂ ᠬᠠᠯᠠᠮᠵᠢᠯᠠᠵᠤ᠂ ᠨᠡᠩ ᠤᠯᠠᠨ ᠵᠡᠮᠳᠡᠭ ᠠᠬ᠎ᠠ ᠳᠡᠭᠦᠦ ᠡᠭᠡᠴᠢ ᠥᠬᠢᠨ ᠳᠡᠭᠦᠦ᠍᠎ᠨᠡᠷ᠎ᠦᠨ ᠥᠪᠡᠷ᠎ᠢ᠎ᠪᠡᠨ ᠬᠦᠨᠳᠦᠳᠭᠡᠬᠦ᠌᠂ ᠥᠪᠡᠷ᠎ᠢ᠎ᠪᠡᠨ ᠢᠲᠡᠭᠡᠬᠦ᠌᠂ ᠥᠪᠡᠷ᠎ᠢ᠎ᠪᠡᠨ ᠬᠦᠴᠦᠷᠬᠡᠭ᠌ᠵᠢᠭᠦᠯᠬᠦ᠌᠂ ᠪᠡᠶ᠎ᠡ᠎ᠪᠡᠨ ᠳᠠᠭᠠᠭᠠᠬᠤ᠎ᠶ᠋ᠢ ᠵᠣᠷᠢᠭ᠍ᠵᠢᠭᠤᠯᠵᠤ᠂ ᠨᠡᠩ ᠤᠯᠠᠨ ᠵᠡᠮᠳᠡᠭ ᠬᠦᠮᠦᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠨ᠂ ᠳᠤᠮᠳᠠᠳᠤ᠎ᠶ᠋ᠢᠨ ᠵᠡᠭᠦᠳᠦ᠍᠎ᠶ᠋ᠢ ᠬᠠᠮᠳᠤ ᠪᠡᠷ ᠲᠡᠷᠭᠡᠯᠱᠢᠭᠦᠯᠬᠦ᠌᠎ᠳᠦ ᠨᠡᠩ ᠶᠡᠬᠡ ᠬᠤᠪᠢ ᠨᠡᠮᠡᠷᠢ ᠦᠵᠡᠭᠦᠯᠬᠦ᠌ ᠨᠢ ᠯᠠᠪᠳᠠᠢ ᠃

(ᠰᠠᠴᠤᠷᠠᠯ 《ᠳᠤᠮᠳᠠᠳᠦ ᠤᠯᠤᠰ ᠰᠦᠯᠵᠢᠶ᠎ᠡ 》 ᠡᠴᠡ ᠨᠠᠢᠷᠠᠭᠤᠯᠤᠨ ᠤᠷᠴᠢᠭᠤᠯᠪᠠ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面