2022-02-12 20:05:31
2021 ᠣᠨ᠎ᠳᠤ᠂ ᠡᠷᠢᠶᠡᠨ ᠬᠣᠲᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠢᠮᠠᠭ᠍ᠲᠠ ᠠᠯᠢᠪᠠ ᠠᠵᠢᠯ᠎ᠤᠨ ᠠᠵᠢᠯᠯᠠᠭᠠᠨ᠎ᠤ ᠵᠦᠭ᠌ᠯᠡᠭᠦᠷ ᠪᠠ ᠦᠨᠳᠦᠰᠦᠨ ᠵᠢᠷᠤᠮᠯᠠᠯ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠯᠵᠤ᠂ 《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂《ᠵᠢᠷᠭᠤᠭ᠎ᠠ᠎ᠶ᠋ᠢ ᠪᠠᠲᠤᠯᠠᠬᠤ》 ᠡᠭᠦᠷᠭᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠡᠷᠡᠮᠡᠬᠡᠢᠯᠡᠨ ᠤᠷᠤᠭ᠍ᠰᠢᠯᠠᠵᠤ᠂ ᠡᠷᠡᠯᠬᠡᠭᠯᠡᠨ ᠴᠢᠷᠮᠠᠢᠵᠤ᠂ ᠨᠡᠢᠭᠡᠮ ᠵᠢᠷᠤᠮᠲᠤ ᠣᠳᠣᠬᠢᠴᠢᠯᠠᠭᠰᠠᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠠᠶᠠᠨ᠎ᠢ ᠪᠥᠬᠥ᠌ ᠲᠠᠯ᠎ᠠ᠎ᠪᠠᠷ ᠡᠬᠢᠯᠡᠭᠦᠯᠬᠦ᠌᠎ᠳᠦ ᠪᠠᠲᠤ ᠪᠠᠬᠢ ᠰᠠᠭᠤᠷᠢ᠎ᠶ᠋ᠢ ᠲᠠᠯᠪᠢᠵᠤ ᠥᠭ᠌ᠴᠡᠶ᠃
2021 ᠣᠨ᠎ᠳᠤ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ᠎ᠶ᠋ᠢᠨ ᠪᠠᠢᠳᠠᠯ ᠪᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠤᠨ ᠡᠮᠦᠨ᠎ᠡ᠂ ᠡᠷᠢᠶᠡᠨ ᠬᠣᠲᠠ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠳᠡᠭᠡᠳᠦ ᠱᠠᠲᠤᠨ᠎ᠤ ᠨᠠᠮ᠎ᠤᠨ ᠬᠣᠷᠢᠶᠠᠨ᠎ᠤ ᠠᠵᠢᠯ᠎ᠤᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠪᠥᠬᠥ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠬᠦᠴᠦᠲᠡᠶ ᠪᠥᠭᠡᠳ ᠪᠦᠲᠦᠮᠵᠢᠲᠡᠶ ᠶᠠᠪᠤᠭ᠍ᠳᠠᠵᠤ᠂ ᠠᠵᠤ ᠠᠬᠤᠶ᠎ᠶ᠋ᠢᠨ ᠬᠥᠭ᠌ᠵᠢᠯᠲᠡ ᠲᠣᠭ᠍ᠲᠠᠭᠤᠨ᠎ᠤ ᠳᠤᠮᠳᠠ ᠰᠠᠢᠵᠢᠷᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠨᠠᠩ ᠱᠢᠯᠢᠳᠡᠭ᠌ᠵᠢᠵᠦ᠍᠂ ᠬᠥᠭ᠌ᠵᠢᠯᠲᠡ᠎ᠶ᠋ᠢᠨ ᠨᠥᠬᠥᠴᠡᠯ ᠦᠷᠭᠦᠯᠵᠢᠯᠡᠨ ᠰᠠᠢᠵᠢᠷᠠᠵᠤ᠂ ᠨᠡᠢᠭᠡᠮ᠎ᠦᠨ ᠶᠡᠬᠡ ᠲᠠᠯ᠎ᠠ ᠡᠶ᠎ᠡ ᠵᠣᠬᠢᠴᠠᠩᠭᠤᠶ ᠲᠣᠭ᠍ᠲᠠᠭᠤᠨ ᠪᠠᠢᠵᠤ᠂《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠦᠯᠦᠪᠵᠢᠭᠦᠯᠭᠡ ᠵᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠪᠡ᠃
2021 ᠣᠨ᠎ᠳᠤ᠂ ᠡᠷᠢᠶᠡᠨ ᠬᠣᠲᠠ ᠭᠤᠤᠯᠯᠠᠬᠤ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠣᠯᠠᠨ ᠤᠯᠤᠰ᠎ᠤᠨ ᠠᠷᠠᠯᠵᠢᠶᠠᠨ᠎ᠤ ᠪᠠᠷᠠᠭᠠᠨ᠎ᠤ ᠭᠦᠶ᠋ᠯᠭᠡᠭᠡᠨ᠎ᠦ ᠦᠶ᠋ᠯᠡᠰ᠎ᠢ ᠪᠤᠵᠠᠭᠠᠢᠷᠠᠭᠤᠯᠬᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ᠱᠢᠭᠦᠯᠬᠦ᠌ ᠦᠶ᠋ᠯᠡᠰ᠎ᠢ ᠬᠦᠴᠦᠷᠬᠡᠭᠵᠢᠭᠦᠯᠬᠦ᠂ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠦᠶ᠋ᠯᠡᠰ᠎ᠢ ᠠᠮᠢᠳᠤᠯᠢᠭᠵᠢᠭᠤᠯᠬᠤ᠂ ᠴᠡᠪᠡᠷ ᠡᠨᠧᠷᠭᠢ᠎ᠶ᠋ᠢ ᠪᠣᠳᠠᠲᠠᠢ ᠠᠰᠢᠬᠯᠠᠬᠤ ᠪᠡᠷ ᠲᠠᠮᠵᠢᠭᠤᠯᠤᠨ᠂ ᠪᠣᠭᠣᠮᠲᠠ᠎ᠶ᠋ᠢᠨ ᠲᠠᠩ ᠴᠤᠯᠭᠤᠶ 《ᠨᠡᠪᠲᠡᠷᠬᠡᠢ ᠵᠠᠮ᠎ᠤᠨ ᠠᠵᠤ ᠠᠬᠤᠶ》 ᠪᠠᠢᠬᠰᠠᠨ ᠡᠴᠡ 《ᠨᠤᠳᠤᠬᠰᠢᠬᠰᠠᠨ ᠠᠬᠤᠶ》 ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃
2021 ᠣᠨ᠎ᠳᠤ᠂ ᠡᠷᠢᠶᠡᠨ ᠬᠣᠲᠠ ᠨᠢᠭᠡ ᠴᠣᠭ᠍ᠴᠠᠵᠢᠭᠤᠯᠤᠨ ᠠᠬᠢᠭᠤᠯᠬᠤ᠂ ᠴᠢᠳᠠᠮᠵᠢ᠎ᠪᠠᠨ ᠬᠠᠷᠢᠯᠴᠠᠨ ᠨᠥᠬᠥᠪᠥᠷᠢᠯᠡᠬᠦ᠌᠂ ᠠᠵᠤ ᠦᠶ᠋ᠯᠡᠰ᠎ᠢ ᠢᠵᠢ ᠪᠦᠷᠢᠳᠦᠭᠦᠯᠬᠦ᠌᠂ ᠣᠷᠭᠠᠨᠢᠭ᠎ᠢᠶᠠᠷ ᠠᠭᠤᠰᠤᠯᠴᠠᠭᠤᠯᠬᠤ᠂ ᠰᠣᠯᠪᠢᠴᠠᠭᠤᠯᠤᠨ ᠬᠥᠭ᠌ᠵᠢᠭᠦᠯᠬᠦ᠌ ᠵᠠᠷᠴᠢᠮ ᠶᠣᠰᠣᠭᠠᠷ᠂ ᠪᠣᠭᠣᠮᠲᠠ᠎ᠶ᠋ᠢᠨ ᠠᠵᠤ ᠦᠶ᠋ᠯᠡᠰ᠎ᠦᠨ ᠬᠥᠭ᠌ᠵᠢᠯᠲᠡ ᠪᠠ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠲᠠᠪᠴᠠᠩ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠨᠠᠩ ᠣᠯᠠᠨ ᠬᠥᠭ᠌ᠵᠢᠯᠲᠡ᠎ᠶ᠋ᠢᠨ ᠬᠦᠴᠦᠨ ᠵᠦᠶ᠋ᠯ᠎ᠢ ᠲᠠᠲᠠᠵᠤ ᠪᠣᠭᠣᠮᠲᠠ᠎ᠳᠤ ᠲᠦᠪᠯᠡᠷᠡᠬᠦᠯᠪᠡ᠃ 1.1 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ ᠳᠤᠮᠳᠠᠳᠤ ᠮᠤᠩᠭᠤᠯ᠎ᠤᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ᠎ᠤ ᠶᠡᠷᠦᠩᠬᠡᠢᠯᠡᠭ᠌ᠰᠡᠨ ᠪᠠᠢᠴᠠᠭᠠᠨ ᠱᠢᠯᠭᠠᠬᠤ ᠠᠰᠠᠷ᠎ᠤᠨ ᠭᠣᠣᠯ ᠴᠣᠭ᠍ᠴᠠ ᠵᠢᠴᠢ ᠠᠰᠠᠷ᠎ᠤᠨ ᠲᠤᠲᠤᠷᠠᠬᠢ ᠵᠠᠰᠠᠯ ᠴᠢᠮᠡᠭᠯᠡᠯ ᠪᠠ ᠳᠠᠭᠠᠯᠲᠠ ᠪᠠᠷᠢᠯᠭ᠎ᠠ᠂ ᠣᠷᠣᠨ ᠪᠦᠰᠡ᠎ᠶ᠋ᠢᠨ ᠨᠣᠭᠣᠭᠠᠷᠠᠭᠤᠯᠤᠯᠲᠠ ᠵᠡᠷᠭᠡ ᠠᠭᠤᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠪᠠ; 2.65 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠬᠢᠯᠢ᠎ᠶ᠋ᠢᠨ ᠬᠠᠮᠲᠤᠷᠠᠯᠴᠠᠭᠠᠨ᠎ᠤ ᠣᠷᠣᠨ᠎ᠤ ᠰᠠᠭᠤᠷᠢ ᠲᠥᠬᠥᠭᠡᠷᠦᠮᠵᠢ ᠪᠠ ᠳᠤᠮᠳᠠ ᠪᠠᠭ᠎ᠠ ᠠᠵᠤ ᠠᠬᠤᠢᠯᠠᠯ᠎ᠤᠨ ᠦᠢᠯᠡᠰ ᠪᠣᠰᠭᠠᠬᠤ ᠬᠦᠷᠢᠶᠡᠯᠡᠩ᠎ᠦᠨ ᠲᠥᠷᠦᠯ ᠵᠦᠢᠯ᠎ᠢ ᠬᠡᠷᠡᠭ᠌ᠵᠢᠭᠦᠯᠵᠦ᠍᠂ ᠬᠦᠷᠢᠶᠡᠯᠡᠩ ᠲᠣᠭᠣᠷᠢᠭ᠎ᠲᠤ ᠰᠠᠭᠤᠭ᠎ᠠ ᠠᠵᠤ ᠠᠬᠤᠢᠯᠠᠯ 83 ᠡᠷᠦᠬᠡ ᠪᠤᠯᠵᠠᠢ; ᠬᠠᠷᠢᠯᠴᠠᠨ ᠠᠷᠠᠯᠵᠢᠶᠠᠯᠠᠬᠤ ᠭᠠᠳᠠᠭᠠᠳᠤ᠎ᠠᠴᠠ ᠣᠷᠣᠭᠤᠯᠬᠤ ᠲᠠᠸᠠᠷ᠎ᠤᠨ ᠳᠠᠷᠤᠯᠲᠠ᠎ᠶ᠋ᠢ ᠱᠢᠯᠭᠠᠨ ᠪᠠᠢᠴᠠᠭᠠᠬᠤ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ᠎ᠢ ᠪᠡᠶᠡᠯᠡᠭᠦᠯᠪᠡ᠃
2021 ᠤᠨ᠎ᠳᠤ᠂ ᠡᠷᠢᠶᠡᠨ ᠬᠣᠲᠠ ᠤᠯᠤᠰ᠎ᠤᠨ ᠳᠣᠲᠣᠭᠠᠳᠤ᠎ᠶ᠋ᠢᠨ ᠪᠣᠭᠣᠮᠲᠠ᠎ᠶ᠋ᠢᠨ ᠲᠡᠷᠢᠭᠦᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠭᠦᠶ᠋ᠴᠡᠳᠭᠡᠯ ᠲᠣᠭᠠᠨ᠎ᠤ ᠱᠢᠰᠲ᠋ᠧᠮ᠎ᠲᠡᠶ ᠬᠠᠷᠭᠤᠭᠤᠯᠵᠤ᠂ 71 ᠵᠦᠶ᠋ᠯ᠎ᠦᠨ ᠠᠵᠢᠯ᠎ᠤᠨ ᠡᠭᠦᠷᠭᠡ᠎ᠶ᠋ᠢᠨ ᠨᠠᠷᠢᠨ ᠲᠠᠩᠰᠠ ᠪᠠ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ 73 ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠡᠮᠬᠢᠯᠡᠨ ᠪᠦᠷᠢᠳᠬᠡᠪᠡ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠢ ᠥᠷᠭᠡᠳᠭᠡᠨ ᠥᠭᠡᠷᠡᠴᠢᠯᠡᠬᠦ᠌᠎ᠶ᠋ᠢ ᠪᠡᠶᠡᠯᠡᠭᠦᠯᠵᠦ᠍᠂ 《ᠨᠢᠭᠡ ᠯᠡ ᠡᠭᠦᠳᠡ᠎ᠪᠡᠷ ᠣᠷᠣᠵᠤ ᠭᠦᠶ᠋ᠴᠡᠳᠭᠡᠬᠦ᠌》᠂ 《 ᠬᠡᠲᠦᠷᠡᠬᠦ᠎ᠳᠡᠭᠡᠨ ᠨᠢᠭᠡ ᠤᠳᠠᠭ᠎ᠠ ᠭᠦᠶᠦᠯᠭᠡᠬᠦ》 ᠶ᠋ᠢ ᠠᠩᠬ᠎ᠠ ᠠᠯᠬᠤᠮ ᠪᠡᠶᠡᠯᠡᠭᠦᠯᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 83.7% ᠪᠡᠷ ᠪᠠᠭᠠᠰᠭᠠᠪᠠ᠃《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》᠂《ᠠᠯᠠᠭᠠᠨ ᠳᠡᠭᠡᠷ᠎ᠡ ᠭᠦᠶ᠋ᠴᠡᠳᠭᠡᠬᠦ᠌》 ᠶ᠋ᠢ ᠢᠳᠡᠪᠬᠢᠲᠡᠶ ᠠᠬᠢᠭᠤᠯᠵᠤ᠂《ᠮᠥᠩᠬᠡ ᠰᠤᠪᠠᠭ》APP ᠶ᠋ᠢ ᠪᠥᠬᠥ᠌ ᠬᠦᠴᠦᠨ᠎ᠢᠶᠡᠷ᠎ᠢᠶᠡᠨ ᠳᠡᠯᠭᠡᠷᠡᠭᠦᠯᠦᠨ ᠬᠡᠷᠡᠭ᠌ᠯᠡᠵᠦ᠍᠂ ᠡᠷᠢᠶᠡᠨ᠎ᠦ ᠰᠤᠪᠠᠭ᠎ᠢ ᠨᠢᠭᠡᠨᠲᠡ 77 ᠵᠦᠶ᠋ᠯ᠎ᠦᠨ ᠣᠨᠴᠠᠯᠢᠭ᠎ᠲᠠᠶ ᠪᠠᠢᠴᠠᠭᠠᠨ ᠯᠠᠪᠯᠠᠬᠤ ᠬᠡᠷᠡᠭ᠌ᠯᠡᠭᠡᠨ᠎ᠳᠦ ᠵᠠᠯᠭᠠᠨ ᠣᠷᠣᠭᠤᠯᠵᠤ᠂ ᠲᠦᠷᠢᠮ᠎ᠢ ᠵᠥᠷᠢᠴᠡᠨ ᠰᠦᠶ᠋ᠳᠭᠡᠯ ᠲᠤᠱᠢᠶᠠᠬᠤ᠂ ᠴᠠᠬᠢᠯᠭᠠᠨ᠎ᠤ ᠰᠦᠶ᠋ᠳᠭᠡᠯ ᠲᠤᠱᠢᠶᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠵᠦᠶ᠋ᠯᠡᠰ᠎ᠢ ᠭᠠᠷ ᠤᠲᠠᠰᠤᠨ ᠲᠡᠭᠡᠷ᠎ᠡ ᠪᠡᠨ ᠭᠦᠢᠴᠡᠳᠭᠡᠬᠦ ᠵᠢ ᠪᠡᠶᠡᠯᠡᠭᠦᠯᠪᠡ᠃
2021 ᠤᠨ᠎ᠳᠤ᠂ ᠡᠷᠢᠶᠡᠨ ᠬᠣᠲᠠ《ᠤᠯᠠᠨ᠎ᠢᠶᠡᠷ᠎ᠢᠶᠡᠨ ᠦᠶ᠋ᠯᠡᠰ ᠪᠤᠰᠬᠠᠵᠤ᠂ ᠨᠡᠢᠲᠡ᠎ᠪᠡᠷ᠎ᠢᠶᠠᠨ ᠱᠢᠨ᠎ᠡ᠎ᠶ᠋ᠢ ᠡᠭᠦᠳᠬᠦ᠌》᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠣᠲᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 3.33% ᠶ᠋ᠢᠨ ᠳᠣᠲᠣᠷ᠎ᠠ ᠬᠢᠵᠠᠭᠠᠷᠯᠠᠪᠠ᠃《ᠡᠷᠢᠶᠡᠨ ᠬᠣᠲᠠ᠎ᠶ᠋ᠢᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭᠠᠳᠭᠠᠯ᠎ᠤᠨ ᠬᠡᠷᠡᠭ᠌ᠵᠢᠭᠦᠯᠬᠦ᠌ ᠠᠷᠭ᠎ᠠ》᠎ᠶ᠋ᠢ ᠨᠡᠢᠲᠡᠯᠡᠵᠦ᠍᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠲᠠᠪᠤᠨ ᠪᠠᠲᠤᠯᠠᠭᠠᠲᠤ ᠡᠷᠦᠬᠡ ᠤᠷᠤᠯᠭ᠎ᠠ ᠦᠭᠡᠢ ᠬᠦᠳᠡᠯᠮᠦᠷᠢᠯᠡᠬᠦ ᠴᠢᠳᠠᠪᠦᠷᠢ ᠦᠭᠡᠢ ᠠᠰᠠᠷᠠᠨ ᠲᠡᠵᠢᠭᠡᠬᠦ᠌ ᠬᠥᠮᠦᠨ ᠥᠬᠡᠶ ᠬᠦᠮᠦᠰ᠎ᠢ ᠲᠡᠳᠭᠦᠬᠦ ᠵᠡᠷᠭᠡ ᠭᠤᠤᠯ ᠪᠣᠯᠬᠤ ᠠᠷᠠᠳ᠎ᠤᠨ ᠠᠮᠢᠳᠤᠷᠠᠯ᠎ᠤᠨ ᠭᠦᠶ᠋ᠴᠡᠳᠭᠡᠯ ᠲᠣᠭ᠎ᠠ᠎ᠶ᠋ᠢ ᠦᠷᠭᠦᠯᠵᠢᠯᠡᠨ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠪᠠᠢᠯᠭᠠᠪᠠ᠃ ᠰᠤᠷᠭᠠᠭᠤᠯᠢ ᠡᠷᠬᠢᠯᠡᠬᠦ᠌ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠤᠯᠠᠨ ᠤᠯᠤᠰ᠎ᠤᠨ ᠳᠡᠭᠡᠳᠦ ᠰᠤᠷᠭᠠᠭᠤᠯᠢ᠎ᠶ᠋ᠢᠨ ᠲᠤᠷᠱᠢᠯᠲᠠ᠎ᠶ᠋ᠢᠨ ᠪᠣᠳᠠᠲᠠᠢ ᠪᠣᠯᠪᠠᠰᠤᠷᠠᠯ᠎ᠤᠨ ᠠᠰᠠᠷ᠂ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠢᠷᠢ᠎ᠶ᠋ᠢᠨ ᠠᠰᠠᠷ᠂ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠰᠠᠷ ᠵᠡᠷᠭᠡ ᠲᠦᠷᠦᠯ ᠵᠦᠢᠯ᠎ᠢ ᠲᠦᠷᠭᠡᠪᠴᠢᠯᠡᠨ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ᠎ᠪᠡᠷ ᠬᠢᠴᠢᠶᠡᠯᠯᠡᠬᠦ᠌ ᠠᠯᠪᠠᠨ ᠡᠴᠠ ᠡᠷᠬᠢᠯᠡᠭ᠌ᠰᠡᠨ ᠬᠡᠦᠬᠡᠳ᠎ᠦᠨ ᠴᠡᠴᠡᠷᠯᠢᠭ᠎ᠢ ᠥᠷᠭᠡᠳᠭᠡᠨ ᠪᠠᠢᠭᠤᠯᠬᠤ ᠠᠵᠢᠯ᠎ᠢ ᠡᠬᠢᠯᠡᠭᠦᠯᠪᠡ᠃ ᠡᠮᠴᠢᠯᠡᠭᠡᠨ᠎ᠦ ᠰᠠᠭᠤᠷᠢ ᠲᠥᠬᠥᠭᠡᠷᠦᠮᠵᠢ᠎ᠶ᠋ᠢᠨ ᠣᠷᠣᠭᠤᠯᠤᠯᠲᠠ᠎ᠶ᠋ᠢ ᠨᠡᠮᠡᠭ᠌ᠳᠡᠭᠦᠯᠵᠦ᠍᠂ ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠲᠤ ᠡᠪᠡᠳᠴᠢᠨ᠎ᠦ ᠲᠣᠭᠣᠷᠢᠭ ᠪᠠ ᠬᠡᠭᠡᠷ᠎ᠡ᠎ᠶ᠋ᠢᠨ ᠬᠤᠯᠤᠭᠠᠨ᠎ᠠ᠎ᠶ᠋ᠢᠨ ᠬᠢᠵᠢᠭ᠎ᠢ ᠬᠢᠨᠠᠨ ᠬᠡᠮᠵᠢᠬᠦ᠌ ᠴᠡᠭ ᠤᠨ ᠲᠥᠷᠦᠯ ᠵᠦᠢᠯ᠎ᠢ ᠲᠦᠷᠭᠡᠪᠴᠢᠯᠡᠨ ᠪᠠᠢᠭᠤᠯᠵᠤ᠂ ᠵᠢᠯ᠎ᠦᠨ ᠳᠣᠲᠣᠷ᠎ᠠ ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠡᠮᠴᠢᠯᠡᠭᠡᠨ᠎ᠦ ᠲᠥᠬᠥᠭᠡᠷᠦᠮᠵᠢ᠎ᠶ᠋ᠢ ᠳᠡᠰ ᠳᠡᠪᠱᠢᠭᠦᠯᠬᠦ᠌᠂ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶᠠᠨ᠎ᠤ ᠡᠮ ᠨᠠᠢᠷᠠᠯᠭ᠎ᠠ᠎ᠶ᠋ᠢᠨ ᠲᠠᠰᠤᠭ᠎ᠤᠨ ᠲᠥᠷᠦᠯ ᠵᠦᠢᠯ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠵᠤ ᠡᠬᠢᠯᠡᠵᠡᠢ᠃
2021 ᠤᠨ᠎ᠳᠦ᠂ ᠡᠷᠢᠶᠡᠨ ᠬᠣᠲᠠ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠮᠦᠵᠢᠭᠦᠯᠦᠨ ᠵᠢᠯᠣᠭᠣᠳᠴᠤ᠌ ᠵᠥᠪ ᠤᠯᠤᠰ ᠲᠥᠷᠥ᠎ᠶ᠋ᠢᠨ ᠴᠢᠭ᠌ᠯᠡᠯ᠎ᠢ ᠪᠠᠲᠤᠳᠭᠠᠵᠤ᠂ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠢᠳᠡᠪᠬᠢᠲᠡᠶ ᠡᠭᠦᠳᠦᠨ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠭᠡᠨ᠎ᠢᠶᠡᠷ ᠥᠷᠨᠢᠭᠦᠯᠵᠦ᠍᠂《ᠭᠤᠷᠪᠠᠨ ᠰᠠᠯᠵᠤ ᠴᠢᠳᠠᠬᠤ ᠥᠬᠡᠶ》᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠬᠢᠨᠠᠮᠠᠭᠠᠶ ᠲᠤᠭᠤᠱᠢᠯᠠᠭᠤᠯᠤᠨ ᠬᠡᠷᠡᠭ᠌ᠵᠢᠭᠦᠯᠵᠦ᠍᠂ 2021 ᠣᠨ᠎ᠤ ᠬᠠᠪᠤᠷ᠎ᠤᠨ ᠤᠯᠠᠷᠢᠯ᠎ᠳᠤ ᠪᠥᠬᠥ᠌ ᠣᠷᠣᠨ᠎ᠳᠤ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠭᠤᠷᠪᠠᠨ ᠬᠢᠴᠢᠶᠡᠯ ᠲᠥᠷᠥᠯ᠎ᠦᠨ ᠵᠢᠭᠠᠬᠤ ᠮᠠᠲ᠋ᠧᠷᠢᠶᠠᠯ᠎ᠢ ᠡᠩ ᠲᠡᠷᠢᠭᠦᠨ᠎ᠳᠦ ᠳᠡᠯᠭᠡᠷᠡᠭᠦᠯᠦᠨ ᠬᠡᠷᠡᠭ᠌ᠵᠢᠭᠦᠯᠵᠡᠢ᠃
2021 ᠤᠨ᠎ᠳᠤ᠂ ᠡᠷᠢᠶᠡᠨ ᠬᠤᠳᠠ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠳᠤᠷ ᠬᠢᠬᠦ ᠵᠢ ᠢᠮᠠᠭ᠍ᠲᠠ ᠴᠢᠬᠤᠯᠠ ᠤᠯᠤᠰ ᠲᠦᠷᠦ᠍᠎ᠶ᠋ᠢᠨ ᠡᠭᠦᠷᠭᠡ᠎ᠪᠡᠨ ᠪᠣᠯᠭᠠᠵᠤ᠂ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠠᠶ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠯᠤᠨ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠠᠵᠢᠯ᠎ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠬᠠᠢ ᠵᠢᠨ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠤᠷᠱᠢᠯᠭ᠎ᠠ᠎ᠶ᠋ᠢ ᠭᠦᠨᠵᠡᠭᠡᠶ ᠳ᠋ᠦᠩᠨᠡᠵᠦ᠂《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌》ᠠᠵᠢᠯ᠎ᠤᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠬᠦᠮᠦᠨ᠂ ᠲᠡᠷᠭᠡ᠂ ᠪᠣᠳᠠᠰ᠂ ᠣᠷᠴᠢᠨ ᠲᠣᠭᠣᠷᠢᠨ᠎ᠢ ᠬᠠᠮᠲᠤ ᠳᠤᠨᠢ ᠰᠡᠷᠭᠡᠢᠯᠡᠬᠦ ᠵᠢ ᠪᠠᠷᠢᠮᠳᠠᠯᠠᠵᠤ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠥᠳᠡᠯᠦᠩᠭᠦᠶ᠎ᠪᠡᠷ ᠲᠣᠬᠢᠷᠠᠭᠤᠯᠤᠨ ᠲᠡᠭᠦᠯᠳᠡᠷᠵᠢᠭᠦᠯᠬᠦ ᠪᠡᠷ ᠲᠡᠮᠵᠢᠨ᠂ ᠪᠣᠭᠣᠮᠲᠠ᠎ᠶ᠋ᠢᠨ《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌》ᠠᠵᠢᠯ᠎ᠢ ᠴᠢᠩᠭᠠᠳᠬᠠᠵᠤ᠂ ᠭᠠᠳᠠᠭᠠᠳᠤ᠎ᠠᠴᠠ ᠣᠷᠣᠭᠤᠯᠬᠤ ᠬᠦᠢᠲᠡᠨ᠎ᠢᠶᠡᠷ ᠵᠦᠭᠡᠭᠡᠪᠦᠷᠢᠯᠡᠬᠦ᠂ ᠬᠦᠢᠲᠡᠨ᠎ᠢᠶᠡᠷ ᠦᠯᠦ ᠵᠦᠭᠡᠭᠡᠪᠦᠷᠢᠯᠡᠬᠦ ᠪᠠᠷᠠᠭᠠᠨ᠎ᠤ ᠰᠡᠷᠭᠡᠢᠯᠡᠯᠲᠡ ᠡᠵᠡᠮᠳᠡᠯ᠎ᠢ ᠴᠢᠩᠭᠠᠳᠬᠠᠵᠤ᠂ ᠬᠠᠷᠠᠯᠲᠠᠲᠤ ᠬᠥᠮᠦᠰ᠎ᠦᠨ ᠸᠠᠺᠼᠢᠨ᠎ᠤ ᠲᠠᠷᠢᠯᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠂ ᠬᠢᠯᠢ᠎ᠶ᠋ᠢᠨ ᠭᠠᠳᠠᠨ᠎ᠠ᠎ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ᠌ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ ᠴᠢᠩᠭ᠎ᠠ ᠬᠣᠷᠢᠭ᠍ᠯᠠᠵᠤ᠂ ᠵᠠᠰᠠᠮᠠᠯ ᠵᠠᠮ᠎ᠤᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ ᠰᠦᠨᠦᠭᠡᠯᠲᠡ ᠵᠢᠨ ᠳᠠᠢᠯᠠᠯᠳᠤᠭᠠᠨ᠂ ᠲᠡᠮᠦᠷ ᠵᠠᠮ᠎ᠤᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ ᠬᠤᠷᠢᠭᠯᠠᠯᠲᠠ ᠵᠢᠨ ᠳᠠᠢᠯᠠᠯᠳᠤᠭᠠᠨ᠎ᠤ ᠢᠯᠠᠯᠲᠠ ᠵᠢ ᠦᠨᠡᠨ ᠬᠦ᠌ ᠲᠡᠮᠡᠴᠡᠨ ᠤᠯᠵᠠᠢ᠃
2021 ᠤᠨ᠎ᠳᠦ᠂ ᠡᠷᠢᠶᠡᠨ ᠬᠣᠲᠠ ᠪᠥᠬᠥ᠌ ᠬᠣᠲᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠬᠣᠲᠠ᠎ᠶ᠋ᠢᠨ ᠨᠠᠮ᠎ᠤᠨ ᠬᠣᠷᠢᠶᠠᠨ᠎ᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《 ᠬᠣᠶᠠᠷ᠎ᠢ ᠬᠠᠮᠠᠭᠠᠯᠠᠬᠤ 》 ᠶ᠋ᠢ ᠦᠶ᠋ᠯᠡᠳᠦᠯᠭᠡᠵᠢᠭᠦᠯᠪᠡ᠃ 《ᠬᠤᠪᠢᠰᠭᠠᠯ᠎ᠤᠨ ᠵᠠᠭᠤᠨ ᠵᠢᠯ·ᠡᠷᠢᠶᠡᠨ ᠪᠣᠭᠣᠮᠲᠠ》 ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ᠎ᠶ᠋ᠢ ᠨᠠᠷᠢᠨ ᠬᠢᠨᠠᠮᠠᠭᠠᠶ ᠵᠣᠬᠢᠶᠠᠨ ᠪᠠᠢᠭᠤᠯᠵᠠᠢ᠃ ᠬᠣᠲᠠ᠎ᠶ᠋ᠢᠨ ᠨᠠᠮ᠎ᠤᠨ ᠬᠣᠷᠢᠶ᠎ᠠ᠂ ᠰᠤᠮᠤ ᠵᠢᠨ ᠨᠠᠮ᠎ᠤᠨ ᠬᠣᠷᠢᠶ᠎ᠠ ᠪᠠ ᠭᠠᠴᠠᠭ᠎ᠠ᠂ ᠨᠡᠢᠭᠡᠮ ᠲᠣᠭᠣᠷᠢᠭ᠎ᠤᠨ《ᠬᠣᠶᠠᠷ ᠵᠥᠪᠯᠡᠯ》 ᠤ᠋ᠨ ᠬᠤᠭᠤᠴᠠᠭ᠎ᠠ ᠰᠣᠯᠢᠬᠤ ᠠᠵᠢᠯ᠎ᠢ ᠠᠮᠵᠢᠯᠲᠠ᠎ᠲᠠᠶ ᠪᠡᠶᠡᠯᠡᠭᠦᠯᠵᠦ᠍᠂ ᠺᠠᠳ᠋ᠷ᠎ᠢ ᠰᠤᠩᠭᠤᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠪᠠ ᠡᠳᠦᠷ ᠲᠤᠲᠤᠮ᠎ᠤᠨ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠪᠠ᠃
ᠱᠢᠨ᠎ᠡ ᠨᠢᠭᠡ ᠵᠢᠯ᠎ᠳᠦ᠂ ᠡᠷᠢᠶᠡᠨ ᠬᠤᠳᠠ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠭᠲᠠᠭᠤᠨ ᠪᠠᠢᠬᠤ ᠵᠢ ᠲᠡᠷᠢᠭᠦᠨ᠎ᠳᠤ ᠲᠠᠯᠪᠢᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠦ᠍᠂《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂《ᠵᠢᠷᠭᠤᠭ᠎ᠠ᠎ᠶ᠋ᠢ ᠪᠠᠲᠤᠯᠠᠬᠤ》 ᠠᠵᠢᠯ᠎ᠢ ᠦᠷᠭᠦᠯᠵᠢᠯᠡᠨ ᠰᠠᠢᠲᠤᠷ ᠬᠢᠵᠦ᠍᠂ ᠠᠵᠤ ᠠᠬᠤᠢ᠎ᠶ᠋ᠢᠨ ᠵᠣᠬᠢᠰᠲᠠᠢ ᠡᠷᠭᠢᠯᠲᠡ᠎ᠶ᠋ᠢ ᠪᠠᠲᠤᠯᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠪᠣᠭᠣᠮᠲᠠ᠎ᠶ᠋ᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ᠃
2022 ᠣᠨ᠎ᠢ ᠪᠠᠷᠠᠯᠠᠬᠤᠶ᠎ᠠ᠂ ᠡᠷᠢᠶᠡᠨ ᠬᠤᠳᠠ᠎ᠶ᠋ᠢᠨ ᠬᠢᠯᠢ᠎ᠶ᠋ᠢᠨ ᠪᠣᠭᠣᠮᠲᠠ ᠬᠦᠨᠳᠦ ᠴᠢᠬᠤᠯᠠ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠍ ᠡᠷᠡᠮᠡᠬᠡᠢᠯᠡᠨ ᠤᠷᠤᠭᠰᠢᠯᠠᠵᠤ᠂ ᠯᠠᠪᠳᠠᠭᠤᠨ ᠪᠠᠲᠤᠲᠠᠢ ᠬᠦᠴᠦᠯᠡᠨ ᠴᠢᠷᠮᠠᠢᠵᠤ᠂ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠳᠦᠬᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭᠲᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃