ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-05-03 11:50:04

ᠵᠣᠬᠢᠶᠠᠭ᠍ᠴᠢ᠄ ᠬᠡᠰᠢᠭᠪᠥᠶᠠᠨ ᠣᠩᠱᠢᠭ᠍ᠰᠠᠨ ᠣᠳᠠᠭ᠎ᠠ᠄ 3

4 ᠰᠠᠷ᠎ᠠ᠎ᠶᠢᠨ 20᠎ᠤ ᠡᠳᠦᠷ ᠂ ᠵᠠᠯᠠᠶᠢᠳ ᠬᠣᠰᠢᠭᠤᠨ᠎ᠤ ᠡᠯ᠎ᠡ ᠭᠠᠵᠠᠷ᠎ᠤᠨ᠎ᠬᠢᠨ ᠴᠢᠭᠢᠭ᠎ᠢ ᠵᠠᠪᠳᠤᠨ ᠲᠡᠷᠢᠶ᠎ᠠ᠎ᠪᠠᠨ ᠲᠠᠷᠢᠵᠤ ᠡᠬᠢᠯᠡᠪᠡ ᠃ ᠬᠣᠯᠪᠣᠭ᠎ᠠ ᠪᠠᠯᠭᠠᠰᠤᠨ᠎ᠤ ᠱᠦᠢ ᠲᠢᠶᠠᠨ ᠲᠣᠰᠬᠣᠨ᠎ᠤ ᠬᠥᠳᠡᠭᠡ ᠲᠣᠰᠬᠣᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠤᠰᠬᠠᠢ ᠬᠤᠷᠰᠢᠶ᠎ᠠ᠎ᠶᠢᠨ ᠴᠢᠬᠢ ᠪᠣᠶᠢᠵᠢᠭᠤᠯᠬᠤ ᠬᠦᠯᠡᠮᠵᠢᠨ᠎ᠳ᠋ᠠᠬᠢ ᠴᠢᠬᠢ᠎ᠶᠢᠨ ᠤᠷᠭᠤᠯᠲᠠ᠎ᠶᠢᠨ ᠪᠠᠢᠳᠠᠯ ᠶᠡᠬᠡ ᠰᠠᠢᠨ ᠪᠠᠢᠯ᠎ᠠ ᠃ ︽ ᠡᠨᠡ ᠵᠢᠯ ᠲᠣᠰᠬᠣᠨ᠎ᠡᠴᠠ ᠪᠠᠰᠠ 20 ᠭᠠᠷᠤᠢ ᠲᠤᠮᠤ ᠬᠦᠯᠡᠮᠵᠢ ᠪᠠᠶᠢᠭᠤᠯᠵᠤ ᠦᠭᠴᠡᠢ ᠂ ᠤᠳᠤ 70 ᠭᠠᠷᠤᠢ ᠬᠦᠯᠠᠮᠵᠢᠨ᠎ᠳ᠋ᠠᠬᠢ ᠴᠢᠬᠢ᠎ᠶᠢᠨ ᠤᠷᠭᠤᠯᠲᠠ᠎ᠶᠢᠨ ᠪᠠᠢᠳᠠᠯ ᠮᠠᠰᠢ ᠰᠠᠢᠠ ᠪᠠᠢᠨ᠎ᠠ ︾ ᠬᠡᠵᠥ ᠬᠣᠷᠰᠢᠶᠠᠨ᠎ᠤ ᠬᠡᠷᠡᠭ ᠡᠷᠬᠢᠯᠡᠭᠴᠢᠳ᠎ᠤᠨ ᠳᠠᠷᠤᠭ᠎ᠠ ᠭᠤᠤ ᠢ ᠲᠡᠨᠢᠯᠴᠠᠭᠤᠯᠤᠨ᠎ᠠ ᠃

ᠡᠨᠡ ᠵᠢᠯ ᠲᠣᠰ ᠬᠣᠷᠰᠢᠶ᠎ᠠ 1 ᠲᠦᠮᠡᠨ ᠮᠥ ᠲᠤᠲᠤᠷᠭ᠎ᠠ ᠲᠠᠷᠢᠵᠤ ᠠᠦ᠋ᠲ᠋ᠣ᠋ ᠡᠪᠬᠡᠮᠡᠯ ᠪᠦᠷᠭᠦᠪᠴᠢ᠎ᠪᠠᠷ ᠰᠠᠯᠬᠢ ᠵᠢᠪᠠᠷ ᠨᠡᠪᠲᠡᠷᠡᠭᠦᠯᠦᠨ ᠂ ᠲᠤᠯᠠᠭᠠᠨ᠎ᠤ ᠬᠡᠮᠵᠢᠶ᠎ᠠ ᠬᠢᠬᠡᠳ ᠴᠢᠭᠢᠭ᠎ᠤᠨ ᠬᠡᠮᠵᠢᠶ᠎ᠡ᠎ᠶᠢ ᠰᠢᠨᠵᠢᠯᠠᠬᠦ ᠤᠬᠠᠭᠠᠠᠴᠢ᠎ᠪᠠᠷ ᠡᠵᠡᠮᠳᠡᠭᠰᠡᠡ᠎ᠡᠴᠠ ᠴᠢᠬᠢ᠎ᠶᠢᠨ ᠤᠷᠭᠤᠯᠲᠠ᠎ᠶᠢᠨ ᠪᠠᠢᠳᠠᠯ ᠶᠡᠬᠡ ᠰᠠᠢᠨ ᠪᠠᠢᠨ᠎ᠠ ᠃

ᠲᠤᠰ ᠬᠤᠰᠢᠭᠤ ᠬᠠᠪᠤᠷ᠎ᠤᠨ ᠲᠠᠷᠢᠶᠠᠯᠠᠭ᠎ᠠ᠎ᠶᠢᠨ ᠠᠵᠢᠯ᠎ᠢ ᠪᠥᠬᠥ ᠲᠠᠯ᠎ᠠ᠎ᠪᠠᠷ ᠰᠠᠶᠢᠲᠤᠷ ᠬᠢᠬᠦ᠎ᠶᠢᠨ ᠬᠠᠮᠲᠤ ᠲᠠᠷᠢᠶᠠᠯᠠᠩ᠎ᠤᠨ ᠬᠠᠩᠭᠠᠯᠭ᠎ᠠ᠎ᠶᠢᠨ ᠲᠠᠯ᠎ᠠ᠎ᠶᠢᠨ ᠪᠦᠲᠦᠴᠡ᠎ᠶᠢᠨ ᠴᠢᠨᠠᠷᠲᠠᠶ ᠥᠭᠡᠷᠡᠴᠢᠯᠡᠯᠲᠡ᠎ᠶᠢ ᠠᠬᠢᠭᠤᠯᠬᠤ ᠲᠣᠭᠣᠷᠢᠨ᠎ᠳ᠋ᠤ ᠲᠠᠷᠢᠶᠠᠯᠠᠩ᠎ᠤᠨ ᠪᠣᠬᠢᠷᠲᠤᠯ ᠥᠬᠡᠶ ᠬᠥᠭᠵᠢᠯᠲᠡ᠎ᠶᠢ ᠲᠦᠷᠭᠡᠳᠬᠡᠨ ᠠᠬᠢᠭᠤᠯᠵᠥ ᠂ 50 ᠲᠦᠮᠡᠨ ᠮᠥ ᠵᠡᠭᠦᠨ ᠬᠣᠶᠢᠲᠤ᠎ᠶᠢᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠨ ᠠᠰᠢᠬᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠂ 100 ᠲᠦᠮᠡᠨ ᠮᠥ ᠵᠡᠭᠦᠨ ᠬᠣᠶᠢᠲᠤ᠎ᠶᠢᠨ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠬᠤ ᠴᠢᠨᠠᠷᠲᠠᠶ ᠲᠠᠷᠢᠶᠠᠯᠠᠩ᠎ᠤᠨ ᠲᠦᠷᠦᠯ ᠵᠦᠢᠯ᠎ᠢ ᠬᠡᠷᠡᠭᠵᠢᠭᠦᠯᠵᠦ ᠂ 15 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ 4 ᠲᠦᠮᠡᠨ ᠮᠥ ᠴᠣᠣᠯ ᠭᠤᠤᠯ᠎ᠤᠨ ᠳᠤᠤᠷᠠᠳᠤ ᠤᠷᠤᠰᠬᠠᠯ᠎ᠤᠨ ᠤᠰᠤᠯᠠᠯᠲᠠ᠎ᠶᠢᠨ ᠣᠷᠣᠨ᠎ᠤ ᠲᠠᠷᠢᠶᠠᠨ ᠭᠠᠵᠠᠷ ᠂ 5 ᠬᠡᠰᠡᠭ ᠤᠰᠤ ᠠᠷᠪᠢᠯᠠᠬᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠪᠠᠶᠢᠭᠤᠯᠪᠠ ᠃ ᠮᠠᠯ ᠠᠵᠤ ᠠᠬᠤᠢ ᠲᠠᠷᠢᠶᠠᠯᠠᠩ᠎ᠤᠨ ᠲᠦᠷᠦᠯ ᠲᠡᠮᠳᠡᠭ᠎ᠢ ᠠᠯᠳᠠᠷᠰᠢᠭᠤᠯᠬᠤ ᠠᠵᠢᠯᠯᠠᠭ᠎ᠠ᠎ᠶᠢ ᠭᠦᠨᠵᠡᠭᠡᠶ ᠨᠠᠶᠢᠳᠠᠪᠤᠷᠢᠵᠢᠭᠤᠯᠵᠤ ᠂ ︽ ᠳᠥᠷᠪᠡᠨ ᠲᠦᠷᠦᠯ᠎ᠤᠨ ᠲᠤᠲᠤᠷᠭ᠎ᠠ ᠬᠠᠮᠲᠤ᠎ᠪᠠᠷ ᠤᠷᠤᠰᠢᠬᠤ ︾ ᠰᠠᠭᠤᠷᠢᠨ ᠎ᠢ 5 ᠲᠦᠮᠡᠨ ᠮᠥ ᠂ ︽ ᠬᠤᠤᠰ ᠲᠦᠮᠡᠨ ᠮᠦ᠎ᠶᠢᠨ ᠵᠢᠱᠢᠶ᠎ᠡ ᠦᠵᠡᠭᠦᠯᠬᠦ ᠰᠠᠭᠤᠷᠢᠨ ︾ ᠎ᠢ 6 ᠬᠡᠰᠡᠭ ᠪᠠᠶᠢᠭᠤᠯᠵᠤ ᠂ ᠪᠣᠬᠢᠷᠲᠤᠯ ᠥᠬᠡᠶ ᠣᠷᠭᠠᠨᠢᠭ ᠲᠤᠲᠤᠷᠭ᠎ᠠ᠎ᠶᠢᠨ ᠭᠡᠷᠡᠴᠢᠯᠡᠯ᠎ᠤᠨ ᠰᠠᠭᠤᠷᠢᠨ᠎ᠢ 5 ᠲᠦᠮᠡᠨ ᠮᠥ ᠨᠡᠮᠡᠭᠳᠡᠭᠦᠯᠵᠦ ᠂ ︽ ᠬᠢᠩᠭᠠᠨ ᠲᠤᠲᠤᠷᠭ᠎ᠠ · ᠵᠠᠯᠠᠶᠢᠳ᠎ᠤᠨ ᠦᠨᠦᠷ ᠠᠮᠳᠠᠳᠠᠢ ᠲᠤᠲᠤᠷᠭ᠎ᠠ ︾᠎ᠶᠢᠨ ᠲᠥᠷᠥᠯ ᠲᠡᠮᠳᠡᠭ᠎ᠤᠨ ᠨᠥᠯᠥᠭᠡ᠎ᠶᠢ ᠤᠯᠠᠨ ᠨᠢᠬᠡ ᠠᠯᠬᠤᠮ ᠦᠷᠬᠡᠳᠬᠡᠵᠡᠢ ᠃

ᠨᠢᠳᠤᠨᠤᠨ ᠡᠪᠦᠯ ᠡᠨᠡ ᠬᠠᠪᠤᠷ ᠂ ᠲᠤᠰ ᠬᠣᠰᠢᠭᠤ ᠲᠠᠷᠢᠶᠠᠯᠠᠩ᠎ᠤᠨ ᠲᠤᠰᠬᠠᠶ ᠮᠡᠷᠭᠡᠵᠢᠯᠲᠡᠨ᠎ᠢ ᠤᠷᠢᠨ ᠬᠢᠴᠢᠶᠡᠯ ᠣᠷᠣᠭᠤᠯᠵᠤ ᠂ ᠮᠠᠯ ᠠᠵᠥ ᠠᠬᠤᠢ ᠲᠠᠷᠢᠶᠠᠯᠠᠩ ᠦᠢᠯᠡᠳᠪᠦᠷᠢᠯᠡᠯ᠎ᠳ᠋ᠤ ᠬᠦᠴᠦᠲᠡᠶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠤᠯᠭᠠᠭᠤᠷᠢᠯᠠᠯ ᠬᠠᠩᠭᠠᠵᠤ ᠂ 3.5 ᠲᠦᠮᠡᠨ ᠮᠠᠯᠴᠢᠨ ᠲᠠᠷᠢᠶᠠᠴᠢᠨ᠎ᠳ᠋ᠤ ᠪᠣᠯᠪᠠᠰᠤᠷᠠᠯ ᠬᠦᠷᠳᠡᠬᠡᠪᠠ ᠃ ᠡᠭᠦᠨ᠎ᠤ ᠬᠠᠮᠲᠤ ᠂ ᠰᠢᠨ᠎ᠡ ᠬᠡᠯᠪᠡᠷᠢ᠎ᠶᠢᠨ ᠡᠵᠡᠩᠨᠡᠯᠲᠡ᠎ᠶᠢᠨ ᠭᠣᠣᠯ ᠴᠣᠭᠴᠠ᠎ᠶᠢ ᠪᠣᠶᠢᠵᠢᠭᠤᠯᠬᠤ᠎ᠪᠠᠷ ᠬᠥᠭᠵᠢᠯᠲᠡ᠎ᠶᠢᠨ ᠰᠢᠨ᠎ᠡ ᠬᠥᠳᠡᠯᠭᠡᠬᠦ ᠡᠨᠧᠷᠭᠢ ᠪᠣᠯᠭᠠᠵᠤ ᠂ 100 ᠵᠢᠷᠤᠮᠵᠢᠭᠰᠠᠨ ᠬᠤᠷᠰᠢᠶ᠎ᠠ ᠪᠠᠢᠭᠤᠯᠵᠥ ᠂ ᠰᠢᠨ᠎ᠡ᠎ᠪᠠᠷ 100 ᠭᠡᠷ ᠪᠦᠯᠢ᠎ᠶᠢᠨ ᠲᠠᠷᠢᠶᠠᠯᠠᠩ᠎ᠤᠨ ᠲᠠᠯᠠᠪᠠᠢ᠎ᠶᠢ ᠮᠠᠭᠠᠳᠯᠠᠨ ᠲᠣᠭᠲᠠᠭᠠᠵᠤ ᠂ ᠤᠯᠠᠨ ᠬᠡᠯᠪᠡᠷᠢ᠎ᠶᠢᠨ ᠬᠡᠪᠴᠢᠶᠠᠵᠢᠭᠰᠡᠡ ᠡᠵᠡᠩᠨᠡᠯᠲᠡ᠎ᠶᠢ ᠬᠡᠷᠡᠭᠵᠢᠬᠦᠯᠬᠦ᠎ᠶᠢ ᠵᠣᠷᠢᠭᠵᠢᠭᠤᠯᠪᠠ ᠃

︽ ᠡᠨᠡ ᠵᠢᠯ ᠠᠮᠤ ᠪᠤᠳᠠᠭᠠᠨ᠎ᠤ ᠤᠨᠠᠯᠲᠠ᠎ᠶᠢ ᠨᠡᠮᠡᠭᠳᠡᠭᠦᠯᠬᠦ᠎ᠳ᠋ᠤ ᠭᠠᠵᠠᠷ ᠰᠢᠷᠣᠶ᠎ᠳ᠋ᠤ ᠲᠦᠰᠢᠭᠯᠡᠬᠦ ᠂ ᠮᠡᠷᠭᠡᠵᠢᠯ᠎ᠳ᠋ᠤ ᠲᠦᠰᠢᠭᠯᠡᠬᠦ ᠪᠠᠶᠢᠯᠳᠤᠬᠤ ᠪᠣᠳᠣᠯᠭ᠎ᠠ᠎ᠶᠢ ᠭᠦᠨᠵᠡᠭᠡᠶ ᠬᠡᠷᠡᠭᠵᠢᠭᠦᠯᠵᠦ ᠂ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ ᠂ ᠲᠡᠷᠢᠶᠠᠠ ᠦᠷ᠎ᠡ᠎ᠶᠢᠨ ᠢᠨᠵᠧᠨᠧᠷᠢᠩ᠎ᠢ ᠬᠡᠷᠡᠭᠵᠢᠭᠦᠯᠦᠨ ᠂ ᠠᠮᠤ ᠪᠤᠳᠠᠭᠠᠨ᠎ᠤ ᠠᠮᠤᠷ ᠲᠦᠪᠰᠢᠨ᠎ᠤ ᠬᠠᠷᠢᠭᠤᠴᠠᠯᠭ᠎ᠠ᠎ᠶᠢ ᠨᠠᠶᠢᠳᠠᠪᠤᠷᠢᠵᠢᠭᠤᠯᠵᠤ ᠂ ᠲᠠᠷᠢᠶᠠᠨ ᠭᠠᠵᠠᠷ᠎ᠢ ︿ ᠲᠠᠷᠢᠶᠠᠯᠠᠩ᠎ᠤᠨ ᠪᠤᠰᠤ ᠪᠣᠯᠭᠠᠬᠤ ﹀᠎ᠶᠢ ᠡᠷᠡᠰ ᠬᠣᠷᠢᠬᠯᠠᠠ ᠂ ︿ ᠠᠮᠤ ᠪᠤᠳᠠᠭᠠᠨ᠎ᠤ ᠪᠤᠰᠤ ᠪᠣᠯᠭᠠᠬᠤ ﹀᠎ᠶᠢ ᠰᠡᠷᠭᠡᠶᠢᠯᠡᠵᠦ ᠂ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠶ᠎ᠶᠢ 540 ᠲᠦᠮᠡᠨ ᠮᠥ᠎ᠳ᠋ᠤ ᠲᠣᠭᠲᠠᠪᠤᠷᠢᠵᠢᠭᠤᠯᠬᠤ᠎ᠶᠢ ᠪᠠᠲᠤᠯᠠᠨ᠎ᠠ ᠃ ︿ ᠡᠷᠳᠡᠨᠢ ᠰᠢᠰᠢ ᠤᠰᠤᠨ ᠲᠤᠳᠤᠷᠭ᠎ᠠ ᠰᠠᠭᠠᠯᠢ᠎ᠶᠢᠨ ᠦᠨᠢᠶ᠎ᠠ ᠮᠢᠬᠠᠠ᠎ᠤ ᠦᠬᠡᠷ ᠂ ᠰᠢᠬᠢᠷ ᠯᠤᠤᠪᠠᠩ ᠰᠢᠬᠢᠷ ᠤᠳᠪᠠᠯᠠ ﹀᠎ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ᠎ᠤᠨ ᠲᠣᠭᠣᠷᠢᠨ᠎ᠳ᠋ᠤ ᠡᠷᠳᠡᠨᠢ ᠰᠢᠰᠢ᠎ᠶᠢ 350 ᠲᠦᠮᠡᠨ ᠮᠦ ᠂ ᠤᠰᠤᠨ ᠲᠤᠲᠤᠷᠭ᠎ᠠ᠎ᠶᠢ 90 ᠲᠦᠮᠡᠨ ᠮᠦ᠎ᠳ᠋ᠤ ᠲᠣᠭᠲᠠᠪᠤᠷᠢᠵᠢᠭᠤᠯᠤᠨ᠎ᠠ ︾ ᠭᠡᠵᠦ ᠮᠠᠯ ᠠᠵᠤ ᠠᠬᠤᠢ ᠲᠡᠷᠢᠶᠠᠯᠠᠩ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠣᠪᠴᠢᠶᠠᠨ᠎ᠤ ᠳᠠᠷᠤᠭ᠎ᠠ ᠯᠢᠦ ᠯᠢ ᠵᠢᠶᠦ᠋ᠨ ᠶᠠᠷᠢᠵᠥ ᠪᠠᠢᠯ᠎ᠠ ᠃

QQ截图20210503113540.png


ᠬᠦᠯᠡᠮᠵᠢᠨ᠎ᠳ᠋ᠠᠬᠢ ᠴᠢᠬᠢ᠎ᠶᠢᠨ ᠤᠷᠭᠤᠯᠲᠠ ᠪᠠᠬᠠᠷᠬᠠᠯ᠎ᠢ ᠲᠡᠳᠠᠨ᠎ᠠ

QQ截图20210503113531.png

ᠡᠤ ᠳ᠋ᠤᠤ ᠾᠧ ᠽᠢ ᠲᠣᠰᠬᠣᠨ ᠡᠷᠳᠡᠨᠢ ᠰᠢᠰᠢ᠎ᠪᠠᠨ ᠲᠠᠷᠢᠵᠤ ᠡᠬᠢᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面