2020-03-29 13:29:23
ᠵᠢᠯ᠎ᠤᠨ ᠠᠵᠢᠯ ᠬᠠᠪᠤᠷ᠎ᠲᠠᠭᠠᠨ ᠭᠡᠳᠡᠭᠴᠢᠯᠡᠨ ᠠᠮᠤ ᠪᠤᠳᠠᠭ᠎ᠠ᠎ᠶᠢᠨ ᠥᠢᠯᠡᠳᠪᠥᠷᠢᠯᠡᠯ᠎ᠤᠨ ᠲᠤᠮᠤ ᠰᠢᠶᠠᠨ ᠪᠤᠯᠬᠤ ᠺᠠᠶᠢᠯᠦ ᠰᠢᠶᠠᠨ ᠲᠠᠷᠢᠶᠠᠯᠠᠩ᠎ᠤᠨ ᠠᠵᠢᠯ᠎ᠢ ᠥᠯᠥ ᠰᠠᠭᠠᠲᠠᠭᠠᠬᠤ᠎ᠪᠠᠷ ᠳᠠᠷᠤᠶ ᠲᠦᠷᠭᠡᠨ ᠬᠥᠳᠡᠯᠥᠯᠴᠡᠵᠤ ᠂ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠥ ᠠᠵᠢᠯ᠎ᠢ ᠴᠢᠬᠤᠯᠠᠴᠢᠯᠠᠬᠤ᠎ᠶᠢᠨ ᠵᠡᠷᠬᠡ᠎ᠪᠠᠷ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠭᠡᠯ ᠠᠵᠢᠯ᠎ᠢ ᠴᠤ ᠠᠳᠬᠤᠵᠤ ᠪᠠᠢᠨ᠎ᠠ ᠃ ᠣᠳᠣᠬᠠᠨ᠎ᠳ᠋ᠤ ︽ ᠰᠦᠯᠵᠢᠶᠡᠨ ᠳᠡᠭᠡᠷᠡᠬᠢ ︾ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠲᠤᠬᠠᠶ᠎ᠶᠢᠨ ᠭᠠᠵᠠᠷ᠎ᠤᠨ ᠲᠠᠷᠢᠶᠠᠴᠢᠳ᠎ᠤᠨ ︽ ᠰᠢᠨ᠎ᠡ ᠬᠠᠯᠠᠮᠰᠢᠯ ︾ ᠪᠣᠯᠵᠥ ᠪᠠᠶᠢᠨ᠎ᠠ ᠃
︽ ᠲᠠᠨ᠎ᠤ ᠨᠡᠷᠡᠨ᠎ᠳ᠋ᠤ ᠬᠠᠳᠠᠭᠠᠬᠰᠠᠨ ᠪᠠ ᠨᠡᠷᠡᠨ᠎ᠳ᠋ᠤ ᠬᠠᠳᠠᠭᠠᠬᠰᠠᠨ ᠦᠭᠡᠢ ᠲᠠᠷᠢᠶᠠᠨ ᠦᠷ᠎ᠡ᠎ᠶᠢᠨ ᠴᠢᠨᠢ ᠰᠤᠶᠤᠭᠠᠯᠠᠵᠤ ᠭᠠᠷᠴᠤ ᠢᠷᠡᠭᠰᠡᠡ ᠴᠢᠬᠢ᠎ᠨᠢ ᠬᠣᠶᠠᠷ ᠥᠩᠭᠡ᠎ᠲᠠᠢ ᠂ ᠨᠢᠭᠡ᠎ᠨᠢ ᠭᠦᠢᠬᠡᠨ ᠨᠣᠭᠣᠭᠠᠨ ᠂ ᠨᠥᠬᠥᠭᠡ᠎ᠨᠢ ᠬᠠᠷ᠎ᠠ ᠨᠣᠭᠣᠭᠠᠨ ᠂ ᠲᠡᠷᠡ ᠮᠥᠷᠲᠡᠭᠡᠨ ᠤᠷᠭᠤᠴᠠ᠎ᠶᠢᠨ ᠲᠠᠯ᠎ᠠ᠎ᠪᠠᠷ ᠴᠤ ᠠᠳᠠᠯᠢ ᠦᠭᠡᠢ ᠁ ︾ ᠭᠡᠵᠤ ᠺᠠᠶᠢᠯᠦ ᠰᠢᠶᠠᠨ᠎ᠤ ᠵᠢᠷᠭᠠᠯᠠᠩᠲᠤ ᠪᠠᠯᠭᠠᠰᠤᠨ᠎ᠤ ᠲᠠᠷᠢᠶᠠᠯᠠᠩ᠎ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠪᠠᠯᠭᠠᠰᠤᠨ ᠳᠠᠷᠤᠭ᠎ᠠ ᠯᠢᠦ ᠯᠢ ᠭᠠᠷ ᠤᠳᠠᠰᠤᠨ ᠳᠡᠭᠡᠷ᠎ᠡ᠎ᠪᠠᠨ ᠰᠢᠭᠤᠳ ᠨᠡᠪᠳᠡᠷᠡᠭᠥᠯᠭᠡ ᠬᠢᠵᠦ ᠪᠠᠢᠯ᠎ᠠ ᠃
ᠡᠨᠡ ᠵᠢᠯ᠎ᠤᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠳᠡᠭᠥᠨᠳ᠋ᠤ ᠠᠪᠴᠤ ᠬᠡᠯᠡᠪᠡᠯ ᠣᠨᠴᠠᠭᠠᠢ ᠪᠠᠶᠢᠪᠠ ᠃ ᠲᠠᠷᠢᠶᠠᠴᠢᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠪᠣᠯᠪᠠᠰᠤᠷᠠᠯ᠎ᠤᠨ ᠬᠡᠷᠡᠭᠴᠡᠭᠡ᠎ᠶᠢ ᠬᠠᠩᠭᠠᠬᠤ᠎ᠪᠠᠷ ᠯᠢᠦ ᠯᠢ ︽ ᠪᠤᠰᠢᠭᠤ ᠭᠠᠷ ︾ ᠰᠢᠭᠤᠳ ᠨᠡᠪᠲᠡᠷᠡᠭᠦᠯᠭᠡ᠎ᠶᠢᠨ ᠲᠠᠰᠤᠭ ᠨᠡᠭᠡᠭᠡᠵᠦ ᠂ ᠰᠦᠯᠵᠢᠶ᠎ᠡ᠎ᠪᠠᠷ ᠥᠷᠭᠡᠨ ᠣᠯᠠᠨ ᠲᠠᠷᠢᠶᠠᠴᠢᠳ᠎ᠲᠤ ᠤᠯᠠᠭᠠᠨ ᠯᠠᠵᠤᠤ᠎ᠶᠢᠨ ᠴᠢᠬᠢ ᠪᠣᠶᠢᠵᠢᠭᠤᠯᠬᠤ ᠂ ᠴᠢᠬᠢ᠎ᠶᠢᠨ ᠬᠤᠭᠤᠴᠠᠭᠠᠨ᠎ᠤ ᠬᠠᠮᠢᠶᠠᠷᠤᠯᠲᠠ ᠵᠢᠴᠢ ᠡᠷᠳᠡᠨᠢ ᠰᠢᠰᠢ᠎ᠶᠢᠨ ᠪᠥᠷᠭᠥᠪᠴᠢᠶᠢᠨ ᠳᠣᠤᠭᠤᠷ ᠳᠤᠰᠤᠯᠭᠠᠨ ᠤᠰᠤᠯᠠᠬᠤ ᠵᠡᠷᠭᠡ ᠬᠡᠷᠡᠭᠯᠡᠭᠡᠨ᠎ᠤ ᠮᠡᠷᠭᠡᠵᠢᠯ᠎ᠢ ᠲᠠᠢᠯᠪᠥᠷᠢᠯᠡᠨᠠ ᠃ ᠳᠡᠭᠥᠨᠤ ᠬᠡᠯᠡᠬᠥ᠎ᠪᠠᠷ ᠂ ᠰᠦᠯᠵᠢᠶᠡᠨ᠎ᠤ ᠰᠢᠭᠤᠳ ᠨᠡᠪᠳᠡᠷᠡᠭᠥᠯᠭᠡᠪᠠᠷ ᠤᠯᠠᠨ᠎ᠲᠠᠢ ᠪᠤᠳᠤᠯ ᠰᠠᠨᠠᠯ᠎ᠢᠶᠡᠨ ᠰᠤᠯᠢᠯᠴᠠᠵᠤ ᠂ ᠨᠠᠩ ᠳᠥᠭᠥᠮ ᠳᠥᠲᠡ ᠬᠡᠷᠡᠭᠯᠡᠭᠡᠨ᠎ᠤ ᠮᠡᠷᠭᠡᠵᠢᠯ᠎ᠢ ᠲᠠᠷᠢᠶᠠᠴᠢᠳ᠎ᠲᠤ ᠤᠯᠠᠮᠵᠢᠯᠠᠵᠤ ᠂ ᠲᠠᠷᠢᠶᠠᠴᠢᠳ᠎ᠤᠨ ᠤᠨᠠᠯᠲᠠ᠎ᠪᠠᠨ ᠨᠡᠮᠡᠭᠳᠡᠭᠦᠯᠵᠦ ᠣᠷᠣᠯᠭ᠎ᠠ᠎ᠪᠠᠨ ᠳᠡᠭᠡᠭᠰᠢᠯᠡᠭᠥᠯᠬᠥ᠎ᠳ᠋ᠤ ᠮᠡᠷᠭᠡᠵᠢᠯ᠎ᠤᠨ ᠪᠠᠲᠤᠯᠠᠭ᠎ᠠ ᠬᠠᠩᠭᠠᠬᠤ᠎ᠨᠢ ᠲᠡᠳᠡᠨᠤᠰ᠎ᠤᠨ ᠭᠤᠤᠯ ᠵᠤᠷᠢᠯᠲᠠ ᠶᠤᠮ ᠃
ᠺᠠᠶᠢᠯᠦ ᠰᠢᠶᠠᠨ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠲᠣᠤᠷ᠎ᠢ ᠨᠢᠭᠲᠠ ᠪᠠᠢᠷᠢᠯᠠᠭᠤᠯᠬᠤ᠎ᠶᠢᠨ ᠬᠠᠮᠲᠤ ᠲᠠᠷᠢᠶᠠᠯᠠᠩ ᠦᠶᠯᠡᠳᠪᠦᠷᠢᠯᠡᠯ᠎ᠤᠨ ᠡᠮᠬᠢ ᠲᠢᠭᠯᠢᠮ᠎ᠲᠠᠢ ᠶᠠᠪᠤᠭᠳᠠᠬᠤ᠎ᠶᠢ ᠦᠨᠡᠨ ᠬᠦ ᠪᠠᠲᠤᠯᠠᠬᠤ᠎ᠪᠠᠷ ᠰᠢᠨ᠎ᠡ᠎ᠶᠢ ᠡᠭᠥᠳᠥᠭᠰᠡᠨ ᠣᠯᠠᠨ ᠵᠦᠶᠯ᠎ᠤᠨ ᠪᠣᠯᠪᠠᠰᠤᠷᠠᠯ᠎ᠤᠨ ᠲᠠᠪᠴᠠᠩ᠎ᠢ ᠠᠰᠢᠬᠯᠠᠠ ᠂ ︽ ᠲᠠᠷᠢᠶᠠᠨ ᠭᠠᠵᠠᠷ᠎ᠲᠠᠬᠢ ᠰᠤᠷᠭᠠᠭᠤᠯᠢ ︾᠎ᠶᠢ ᠰᠦᠯᠵᠢᠶᠡᠨ ᠳᠡᠭᠡᠷ᠎ᠡ ᠡᠷᠬᠢᠯᠡᠵᠤ ᠂ ︽ ᠪᠤᠰᠢᠭᠤ ᠭᠠᠷ ︾ ᠰᠢᠭᠤᠳ ᠨᠡᠪᠲᠡᠷᠡᠭᠦᠯᠭᠡ᠎ᠪᠠᠷ ᠲᠠᠷᠢᠶᠠᠴᠢᠳ᠎ᠲᠤ ᠤᠯᠠᠭᠠᠨ ᠯᠠᠵᠤᠤ᠎ᠶᠢᠨ ᠴᠢᠬᠢ ᠪᠣᠶᠢᠵᠢᠭᠤᠯᠬᠤ ᠂ ᠡᠷᠳᠡᠨᠢ ᠰᠢᠰᠢ᠎ᠶᠢᠨ ᠪᠥᠷᠬᠥᠪᠴᠢᠶᠢᠨ ᠳᠣᠤᠭᠤᠷ ᠳᠤᠰᠤᠯᠭᠠᠨ ᠤᠰᠤᠯᠠᠬᠤ ᠵᠡᠷᠭᠡ ᠬᠡᠷᠡᠭᠯᠡᠭᠡᠨ᠎ᠤ ᠮᠡᠷᠭᠡᠵᠢᠯ᠎ᠢ ᠬᠦᠷᠳᠡᠬᠡᠡ ᠂ ᠲᠠᠷᠢᠶᠠᠴᠢᠡ ᠭᠡᠷ᠎ᠲᠡᠭᠡᠨ ᠰᠠᠭᠤᠵᠤ ᠪᠠᠢᠭᠠᠳ ᠬᠢᠴᠢᠶᠠᠯ ᠰᠤᠨᠤᠰᠴᠥ ᠮᠡᠳᠡᠯᠭᠡ ᠡᠵᠡᠮᠰᠢᠭᠥ ᠪᠤᠯᠵᠠᠢ ᠃ ᠡᠭᠦᠨ᠎ᠤ ᠬᠠᠮᠲᠤ ᠪᠠᠰᠠ ᠲᠤᠰᠬᠠᠶ ᠮᠡᠷᠭᠡᠵᠢᠯᠲᠡᠳ᠎ᠲᠠᠢ ᠰᠦᠯᠵᠢᠶᠡᠨ ᠳᠡᠭᠡᠷ᠎ᠡ ᠬᠠᠷᠢᠯᠴᠠᠨ ᠬᠤᠯᠪᠤᠭ᠎ᠠ ᠪᠠᠷᠢᠵᠤ ᠂ ᠲᠠᠷᠢᠶᠠᠴᠢᠳ᠎ᠤᠨ ᠮᠡᠷᠭᠡᠵᠢᠯ᠎ᠤᠨ ᠬᠦᠴᠢᠷ ᠠᠰᠠᠭᠤᠳᠠᠯ᠎ᠳ᠋ᠤ ᠬᠠᠷᠢᠭᠤᠯᠲᠠ ᠥᠭᠬᠦᠨ᠎ᠠ ᠃
ᠵᠠᠯᠰᠠᠨ ᠪᠣᠯ ᠺᠠᠶᠢᠯᠦ ᠰᠢᠶᠠᠨ᠎ᠤ ᠵᠢᠷᠭᠠᠯᠠᠩᠲᠤ ᠪᠠᠯᠭᠠᠰᠤᠨ᠎ᠤ ᠵᠢᠷᠭᠠᠯᠠᠩᠲᠤ ᠲᠣᠰᠬᠣᠨ᠎ᠤ ᠠᠮᠤ ᠪᠤᠳᠠᠭ᠎ᠠ ᠲᠠᠷᠢᠬᠤ ᠲᠣᠮᠣ ᠡᠷᠦᠬᠡ ᠪᠤᠯᠤᠨ᠎ᠠ ᠃ ᠨᠢᠳᠤᠨᠤᠨ 200 ᠮᠥ ᠡᠷᠳᠡᠨᠢ ᠰᠢᠰᠢ ᠳᠠᠷᠢᠵᠤ ᠂ ᠪᠦᠷᠬᠦᠪᠴᠢ᠎ᠶᠢᠨ ᠳᠣᠤᠭᠤᠷ ᠳᠤᠰᠤᠯᠭᠠᠨ ᠤᠰᠤᠯᠠᠬᠤ ᠮᠡᠷᠭᠡᠵᠢᠯ᠎ᠢ ᠬᠡᠷᠡᠭᠯᠡᠭᠰᠡᠨ᠎ᠡᠴᠠ ᠡᠷᠳᠡᠨᠢ ᠰᠢᠰᠢ᠎ᠶᠢᠨ ᠮᠦ ᠨᠢᠬᠡᠴᠢ᠎ᠶᠢᠨ ᠤᠨᠠᠯᠳᠠ᠎ᠨᠢ ᠥᠩᠭᠡᠷᠡᠭᠰᠡᠨ ᠵᠢᠯ᠎ᠤᠨ᠎ᠬᠢ᠎ᠡᠴᠠ 200 ᠭᠠᠷᠤᠶ ᠵᠢᠩ ᠨᠡᠮᠡᠭᠳᠡᠭᠰᠡᠨ ᠪᠠᠢᠨ᠎ᠠ ᠂ ᠡᠢᠨ ᠬᠥ ᠲᠡᠷᠡ ᠰᠢᠨᠵᠢᠯᠡᠬᠦ ᠤᠬᠠᠭᠠᠨᠴᠢ᠎ᠪᠠᠷ ᠲᠠᠷᠢᠶ᠎ᠠ ᠲᠠᠷᠢᠬᠤ᠎ᠶᠢᠨ ᠴᠢᠬᠤᠯᠠ ᠴᠢᠨᠠᠷ᠎ᠢ ᠴᠤᠬᠤᠮ ᠬᠥ ᠥᠢᠯᠠᠭᠠᠵᠤ ᠤᠳᠠᠭ᠎ᠠ ᠪᠦᠷᠢ ᠬᠢᠴᠢᠶᠠᠯ᠎ᠳ᠋ᠤ ᠢᠳᠡᠪᠬᠢᠲᠠᠢ ᠤᠷᠤᠯᠴᠠᠵᠤ ᠬᠢᠨᠠᠮᠠᠭᠠᠶ ᠰᠣᠨᠣᠰᠳᠠᠭ ᠃ ︽ ᠲᠤᠰᠬᠠᠶ ᠮᠡᠷᠭᠡᠵᠢᠯᠲᠡᠨ ᠰᠦᠯᠵᠢᠶᠡᠨ ᠳᠡᠭᠡᠷ᠎ᠡ ᠬᠢᠴᠢᠶᠡᠯ ᠣᠷᠣᠵᠤ ᠂ ᠪᠢᠳᠠ ᠬᠡᠷ᠎ᠲᠡᠭᠡᠨ ᠭᠠᠷ ᠤᠲᠠᠰᠤ᠎ᠪᠠᠷ ᠬᠢᠴᠢᠶᠡᠯ ᠰᠣᠨᠣᠰᠴᠤ ᠳᠠᠷᠢᠵᠤ ᠤᠷᠭᠤᠭᠤᠯᠬᠤ ᠮᠡᠷᠭᠡᠵᠢᠯ᠎ᠢ ᠰᠣᠷᠴᠥ ᠡᠵᠡᠮᠰᠢᠬᠥ᠎ᠪᠠᠷ ᠪᠠᠷᠠᠬᠤ ᠥᠭᠡᠢ ᠂ ᠡᠯ᠎ᠡ ᠵᠦᠶᠯ᠎ᠤᠨ ᠬᠦᠴᠢᠷ ᠠᠰᠠᠭᠤᠳᠠᠯ᠎ᠢ ᠪᠦᠷ ᠰᠢᠶᠳᠪᠦᠷᠢᠯᠡᠵᠦ ᠥᠭᠴᠥ ᠪᠤᠢ ︾ ᠭᠡᠵᠤ ᠵᠠᠯᠰᠠᠨ ᠪᠠᠶᠠᠷᠯᠠᠨ ᠶᠠᠷᠢᠪᠠ ᠃
︽ ᠰᠦᠯᠵᠢᠶᠡᠨ ᠳᠡᠭᠡᠷ᠎ᠡ ︾ ᠲᠠᠷᠢᠶᠠᠯᠠᠩ᠎ᠤᠨ ᠮᠡᠷᠭᠡᠵᠢᠯ ᠰᠤᠷᠴᠤ ᠪᠠᠢᠬᠤ᠎ᠪᠠᠷ ᠪᠠᠷᠠᠬᠤ ᠦᠬᠡᠢ ᠂ ᠡᠨᠡ ᠵᠢᠯ ᠮᠠᠰᠢ ᠣᠯᠠᠨ ᠲᠠᠷᠢᠶᠠᠴᠢᠳ ︽ ᠰᠦᠯᠵᠢᠶᠡᠨ ᠳᠡᠭᠡᠷ᠎ᠡ ︾ ᠲᠠᠷᠢᠶᠠᠯᠠᠩ ᠦᠶᠯᠡᠳᠪᠦᠷᠢᠯᠡᠯ᠎ᠤᠨ ᠬᠡᠷᠡᠭᠰᠡᠯ ᠬᠤᠳᠠᠯᠳᠤᠨ ᠠᠪᠴᠤ ᠂ ᠬᠠᠪᠤᠷ᠎ᠤᠨ ᠲᠠᠷᠢᠶᠠᠯᠠᠭ᠎ᠠ᠎ᠪᠠᠨ ᠪᠡᠯᠡᠳᠬᠡᠨ᠎ᠠ ᠃ ᠺᠠᠶᠢᠯᠦ ᠰᠢᠶᠠᠨ᠎ᠤ ᠺᠠᠶᠢᠯᠦ ᠪᠠᠯᠭᠠᠰᠤᠨ᠎ᠤ ᠸᠠᠩ ᠵᠢᠶᠠ ᠳ᠋ᠢᠶᠠᠨ ᠲᠣᠰᠬᠣᠨ᠎ᠤ ᠵᠠᠩ ᠪᠦᠦ ᠶᠠᠨ ᠄ ︽ ᠰᠥᠯᠵᠢᠶᠠᠨ ᠳᠡᠭᠡᠷ᠎ᠡ ᠲᠠᠷᠢᠶᠠᠯᠠᠩ᠎ᠤᠨ ᠬᠡᠷᠡᠭᠰᠡᠯ ᠬᠤᠳᠠᠯᠳᠤᠨ ᠠᠪᠤᠪᠠᠯ ᠡᠵᠡᠩᠨᠡᠭᠴᠢ ᠡᠭᠥᠳᠡᠨᠳ᠋ᠤ ᠬᠥᠷᠭᠡᠵᠤ ᠢᠷᠡᠨ᠎ᠡ ᠂ ᠥᠨᠡᠭᠡᠷ ᠳᠥᠭᠥᠮ ᠪᠤᠯᠵᠠᠢ ︾ ᠭᠡᠵᠤ ᠪᠠᠢᠯ᠎ᠠ ᠃
ᠲᠠᠷᠢᠶᠠᠯᠠᠭ᠎ᠠ᠎ᠶᠢᠨ ᠴᠠᠭ ᠬᠥᠮᠦᠨ᠎ᠢ ᠬᠦᠯᠢᠶᠡᠬᠦ ᠦᠭᠡᠶ ᠂ ᠬᠡᠳᠦᠶᠢᠪᠡᠷ ᠥᠩᠭᠡᠷᠡᠭᠰᠡᠨ ᠵᠢᠯ᠎ᠳ᠋ᠤ 4 ᠰᠠᠷ᠎ᠠ᠎ᠳ᠋ᠤ ᠵᠢᠩᠬᠢᠨᠢ᠎ᠪᠠᠷ ᠡᠬᠢᠯᠡᠬᠦ ᠪᠣᠯᠪᠠᠴᠤ ᠲᠠᠷᠢᠶᠠᠨ ᠦᠷ᠎ᠡ ᠂ ᠬᠢᠮᠢ᠎ᠶᠢᠨ ᠪᠣᠷᠳᠣᠭᠤᠷ ᠬᠠᠩᠭᠠᠬᠤ ᠬᠣᠯᠪᠣᠭᠳᠠᠯ ᠪᠦᠬᠦᠢ ᠰᠠᠯᠠᠭ᠎ᠠ ᠮᠥᠴᠢᠷ ᠡᠷᠲᠡ ᠬᠥᠳᠡᠯᠦᠯᠴᠡᠵᠦ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠡᠳ᠋ ᠪᠠᠷᠠᠭ᠎ᠠ᠎ᠶᠢ ᠬᠠᠩᠭᠠᠵᠤ ᠡᠬᠢᠯᠡᠪᠡ ᠃ ᠺᠠᠶᠢᠯᠦ ᠰᠢᠶᠠᠨ᠎ᠤ ᠲᠠᠷᠢᠶᠠᠯᠠᠩ᠎ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠳ ᠤᠷᠢᠳᠴᠢᠯᠠᠨ ᠡᠳ᠋ ᠪᠠᠷᠠᠭ᠎ᠠ᠎ᠪᠠᠨ ᠪᠡᠯᠡᠳᠬᠡᠠ ᠲᠠᠷᠢᠶᠠᠴᠢᠳ᠎ᠤᠨ ᠰᠥᠯᠵᠢᠶᠠᠨ ᠳᠡᠭᠡᠷ᠎ᠡ ᠬᠤᠳᠠᠯᠳᠤᠨ ᠠᠪᠤᠭᠰᠠᠨ ᠲᠠᠷᠢᠶᠠᠯᠠᠩ᠎ᠤᠨ ᠬᠡᠷᠡᠭᠰᠡᠯ᠎ᠢ ᠦᠨ᠎ᠡ ᠲᠥᠯᠥᠪᠦᠷᠢ ᠦᠭᠡᠢ᠎ᠪᠠᠷ ᠭᠡᠷ᠎ᠲᠤ᠎ᠨᠢ ᠬᠦᠷᠭᠡᠵᠦ ᠥᠭᠴᠦ ᠪᠤᠢ ᠃ ᠰᠢᠨ ᠰᠢᠩ ᠶᠤᠸᠠᠨ ᠲᠠᠷᠢᠶᠠᠯᠠᠩ᠎ᠤᠨ ᠬᠡᠷᠡᠭᠰᠡᠯ᠎ᠤᠨ ᠳᠡᠯᠭᠡᠭᠦᠷ᠎ᠤᠨ ᠶᠡᠷᠦᠩᠬᠡᠶ ᠳᠠᠭᠠᠭᠠᠮᠠᠯ ᠡᠸᠤ ᠰᠢ ᠶᠠᠨ ᠄ ︽ 2 ᠰᠠᠷ᠎ᠠ᠎ᠶᠢᠨ ᠡᠬᠢᠨ᠎ᠡᠴᠠ ︿ ᠰᠦᠯᠵᠢᠶᠡᠨ ᠳᠡᠭᠡᠷᠡᠬᠢ ﹀ ᠵᠠᠬᠢᠶᠠᠯᠠᠭ᠎ᠠ᠎ᠶᠢ ᠭᠥᠯᠢᠶᠡᠨ ᠠᠪᠤᠪᠠ ᠂ ᠤᠳᠤ ᠪᠣᠯᠲᠠᠯ᠎ᠠ ᠡᠯ᠎ᠡ ᠲᠥᠷᠥᠯ᠎ᠤᠨ ᠲᠠᠷᠢᠶᠠᠯᠠᠩ᠎ᠤᠨ ᠬᠡᠷᠡᠭᠰᠡᠯ᠎ᠤᠨ ᠵᠠᠬᠢᠶᠠᠯᠠᠭ᠎ᠠ 800 ᠭᠠᠷᠤᠶ ᠲᠣᠨ᠎ᠢ ᠳᠠᠪᠠᠵᠠᠶ ᠂ ᠣᠷᠴᠢᠮ᠎ᠤᠨ ᠬᠡᠳᠦᠨ ᠡᠳᠦᠷ ᠶᠠᠭ ᠲᠠᠷᠢᠶᠠᠴᠢᠨ ᠡᠷᠦᠬᠡ᠎ᠳ᠋ᠤ ᠪᠠᠷᠠᠭ᠎ᠠ ᠬᠦᠷᠭᠡᠵᠦ ᠪᠠᠢᠨ᠎ᠠ ︾ ᠭᠡᠵᠤ ᠪᠠᠢᠯ᠎ᠠ ᠃
ᠺᠠᠶᠢᠯᠦ ᠰᠢᠶᠠᠨ᠎ᠤ ᠲᠠᠷᠢᠶᠠᠯᠠᠩ᠎ᠤᠨ ᠬᠡᠷᠡᠭᠰᠡᠯ ᠡᠵᠡᠩᠨᠡᠨ ᠪᠣᠷᠣᠯᠠᠭᠤᠯᠬᠤ ᠳᠡᠯᠭᠡᠭᠦᠷ᠎ᠤᠳ ᠴᠥᠮ ᠡᠭᠦᠳᠡ᠎ᠪᠠᠨ ᠨᠡᠭᠡᠭᠡᠵᠦ ᠡᠵᠡᠩᠨᠡᠯᠲᠠ᠎ᠪᠠᠨ ᠡᠬᠢᠯᠡᠭᠥᠯᠪᠠ ᠂ ᠲᠤᠰ ᠰᠢᠶᠠᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ᠎ᠳ᠋ᠤ ᠬᠡᠷᠡᠭᠰᠡᠬᠦ ᠲᠠᠷᠢᠶᠠᠯᠠᠩ᠎ᠤᠨ ᠬᠡᠷᠡᠭᠰᠡᠯ᠎ᠤᠨ ᠬᠠᠩᠭᠠᠯᠭ᠎ᠠ ᠭᠦᠢᠴᠡᠳ ᠪᠠᠶᠢᠵᠤ ᠂ ᠪᠦᠬᠦ ᠰᠢᠶᠠᠨ᠎ᠤ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠤᠷᠤᠭᠰᠢᠲᠠᠢ ᠶᠠᠪᠤᠭᠳᠠᠬᠤ᠎ᠳ᠋ᠤ ᠪᠠᠳᠤᠯᠠᠭ᠎ᠠ ᠬᠠᠩᠭᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃