2020-04-27 10:35:29
4 ᠰᠠᠷ᠎ᠠ᠎ᠶᠢᠨ 10᠎ᠤ ᠡᠳᠦᠷ᠎ᠤᠨ 9 ᠴᠠᠭ᠎ᠲᠤ ᠂ ᠬᠠᠲᠤᠨ ᠭᠣᠣᠯ᠎ᠤᠨ ᠰᠠᠨ ᠱᠧᠩ ᠬᠦᠩ ᠤᠰᠤᠨ ᠠᠰᠢᠬᠯᠠᠯᠳᠠ᠎ᠶᠢᠨ ᠢᠨᠵᠧᠨᠧᠷᠢᠩ᠎ᠤᠨ ᠬᠣᠶᠢᠲᠤ ᠶᠡᠷᠦᠩᠬᠡᠢ ᠭᠣᠣᠯ ᠰᠤᠪᠠᠭ ᠵᠢᠩᠬᠢᠨᠢ᠎ᠪᠠᠷ ᠬᠠᠭᠠᠯᠲᠠ᠎ᠪᠠᠨ ᠨᠡᠭᠡᠭᠡᠵᠦ ᠤᠰᠤ ᠲᠠᠯᠪᠢᠪᠠ ᠂ ᠡᠨᠡ᠎ᠨᠢ ᠮᠠᠨ᠎ᠤ ᠣᠷᠣᠨ᠎ᠤ ᠪᠣᠷᠣᠲᠣᠬᠣᠢ᠎ᠶᠢᠨ ᠤᠰᠤᠯᠠᠯᠲᠠ᠎ᠶᠢᠨ ᠣᠷᠣᠨ᠎ᠤ ᠵᠤᠨ᠎ᠤ ᠤᠯᠠᠷᠢᠯ᠎ᠤᠨ ᠤᠰᠤᠯᠠᠯᠲᠠ᠎ᠶᠢᠨ ᠠᠵᠢᠯ ᠪᠦᠬᠦ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠶᠢᠨ᠎ᠠ ᠃
ᠴᠠᠭ ᠲᠤᠬᠠᠢ᠎ᠳ᠋ᠤᠨᠢ ᠬᠠᠭᠠᠯᠲᠠ᠎ᠪᠠᠨ ᠨᠡᠭᠡᠭᠡᠵᠦ ᠤᠰᠤ ᠲᠠᠯᠪᠢᠬᠤ᠎ᠶᠢ ᠪᠠᠲᠤᠯᠠᠬᠤ᠎ᠶᠢᠨ ᠲᠥᠯᠥᠭᠡ ᠂ ᠥᠪᠥᠷ ᠮᠣᠩᠭᠣᠯ᠎ᠤᠨ ᠬᠠᠲᠤᠨ ᠭᠣᠣᠯ᠎ᠤᠨ ᠢᠨᠵᠧᠨᠧᠷᠢᠩ᠎ᠤᠨ ᠬᠠᠮᠢᠶᠠᠷᠤᠯᠲᠠ᠎ᠶᠢᠨ ᠲᠣᠪᠴᠢᠶ᠎ᠠ ᠲᠡᠷᠡ ᠳᠠᠷᠤᠢᠳ᠋ᠤᠨᠢ ᠮᠡᠷᠭᠡᠵᠢᠯᠳᠡᠨ᠎ᠢ ᠵᠣᠬᠢᠶᠠᠨ ᠪᠠᠶᠢᠭᠤᠯᠤᠨ ᠭᠣᠣᠯ᠎ᠤᠨ ᠬᠠᠭᠠᠯᠲᠠ ᠂ ᠬᠣᠶᠢᠲᠤ ᠶᠡᠷᠦᠩᠬᠡᠢ ᠤᠰᠤ ᠣᠷᠣᠭᠤᠯᠬᠤ ᠬᠠᠭᠠᠯᠲᠠ ᠂ ᠤᠰᠤ ᠪᠠᠭᠤᠯᠭᠠᠬᠤ ᠬᠠᠭᠠᠯᠲᠠ ᠂ ᠱᠸᠡ ᠡᠤᠶᠢᠨ ᠭᠣᠣᠯ ᠰᠤᠪᠠᠭ᠎ᠤᠨ ᠤᠰᠤ ᠣᠷᠣᠭᠤᠯᠬᠤ ᠬᠠᠭᠠᠯᠲᠠ ᠪᠠ ᠤᠷᠢᠲᠦ ᠬᠥᠪᠡᠭᠡᠨ᠎ᠤ ᠭᠣᠣᠯ ᠰᠤᠪᠠᠭ᠎ᠤᠨ ᠤᠰᠤ ᠣᠷᠣᠭᠤᠯᠬᠤ ᠬᠠᠭᠠᠯᠲᠠ ᠵᠡᠷᠭᠡ ᠲᠠᠪᠤᠨ ᠤᠰᠤᠨ ᠬᠠᠭᠠᠯᠲᠠ᠎ᠶᠢ ᠪᠦᠬᠦ ᠲᠠᠯ᠎ᠠ᠎ᠪᠠᠷ ᠪᠠᠶᠢᠴᠠᠭᠠᠵᠤ ᠂ ᠤᠰᠤᠨ ᠠᠰᠢᠬᠯᠠᠯᠳᠠ᠎ᠶᠢᠨ ᠪᠠᠷᠢᠯᠭ᠎ᠠ᠎ᠶᠢ ᠴᠠᠭ ᠲᠤᠬᠠᠢ᠎ᠳ᠋ᠤᠨᠢ ᠰᠡᠯᠪᠢᠨ ᠵᠠᠰᠠᠵᠤ ᠂ ᠤᠰᠤ ᠲᠠᠯᠪᠢᠬᠤ᠎ᠡᠴᠠ ᠡᠮᠦᠨᠡᠬᠢ ᠪᠡᠯᠡᠳᠬᠡᠯ ᠠᠵᠢᠯ᠎ᠢ ᠭᠦᠢᠴᠡᠳ ᠰᠠᠶᠢᠨ ᠬᠢᠵᠡᠢ ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠬᠯᠠᠯᠳᠠ᠎ᠶᠢᠨ ᠲᠢᠩᠬᠢᠮ᠎ᠤᠨ ᠬᠠᠲᠤᠨ ᠭᠣᠣᠯ᠎ᠤᠨ ᠤᠰᠤ ᠬᠠᠩᠭᠠᠬᠤ ᠬᠡᠮᠵᠢᠶ᠎ᠡ᠎ᠶᠢᠨ ᠬᠤᠪᠢᠶᠠᠷᠢᠯᠠᠯᠲᠠ᠎ᠶᠢᠨ ᠲᠥᠯᠥᠪᠯᠡᠭᠡ᠎ᠶᠢ ᠦᠨᠳᠦᠰᠦᠯᠡᠪᠡᠯ ᠂ 2019 ᠣᠨ᠎ᠤ 7 ᠰᠠᠷ᠎ᠠ᠎ᠡᠴᠠ 2020 ᠣᠨ᠎ᠤ 6 ᠰᠠᠷ᠎ᠠ ᠪᠣᠯᠲᠠᠯ᠎ᠠ ᠶᠡᠷᠦᠩᠬᠡᠢ ᠭᠣᠣᠯ ᠰᠤᠪᠠᠭ᠎ᠤᠨ ᠤᠰᠤᠨ᠎ᠤ ᠬᠣᠷᠣᠭᠳᠠᠯ᠎ᠤᠨ ᠭᠦᠢᠴᠡᠳᠬᠡᠯ ᠲᠣᠭ᠎ᠠ 353600 ᠲᠦᠮᠡᠨ ᠺᠦᠪ ᠮᠸᠲ᠋ᠷ ᠪᠠᠶᠢᠵᠤ ᠂ 2020 ᠣᠨ᠎ᠤ 3 ᠰᠠᠷ᠎ᠠ᠎ᠶᠢᠨ ᠳᠤᠮᠳᠠᠴᠢ ᠪᠣᠯᠲᠠᠯ᠎ᠠ ᠂ ᠬᠣᠶᠢᠲᠤ ᠶᠡᠷᠦᠩᠬᠡᠢ ᠭᠣᠣᠯ ᠰᠤᠪᠠᠭ᠎ᠤᠨ ᠤᠰᠤᠨ᠎ᠤ ᠬᠣᠷᠣᠭᠳᠠᠯ᠎ᠤᠨ ᠪᠣᠳᠠᠲᠠᠢ ᠬᠡᠮᠵᠢᠶ᠎ᠡ 190633 ᠲᠦᠮᠡᠨ ᠺᠦᠪ ᠮᠸᠲ᠋ᠷ ᠪᠣᠯᠵᠦ ᠂ 4 ᠰᠠᠷ᠎ᠠ᠎ᠡᠴᠠ 6 ᠰᠠᠷ᠎ᠠ ᠪᠣᠯᠲᠠᠯ᠎ᠠ ᠦᠯᠡᠳᠡᠭᠰᠡᠨ ᠤᠰᠤᠨ᠎ᠤ ᠬᠣᠷᠣᠭᠳᠠᠯ᠎ᠤᠨ ᠵᠢᠭᠠᠯᠲᠠ ᠲᠣᠭ᠎ᠠ᠎ᠨᠢ 162967 ᠲᠦᠮᠡᠨ ᠺᠦᠪ ᠮᠸᠲ᠋ᠷ ᠪᠣᠯᠤᠨ᠎ᠠ ᠃ ᠬᠠᠲᠤᠨ ᠭᠣᠣᠯ᠎ᠤᠨ ᠢᠨᠵᠧᠨᠧᠷᠢᠩ᠎ᠤᠨ ᠬᠠᠮᠢᠶᠠᠷᠤᠯᠲᠠ᠎ᠶᠢᠨ ᠲᠣᠪᠴᠢᠶ᠎ᠠ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠵᠠᠷᠯᠢᠭ᠎ᠢ ᠴᠢᠩᠭ᠎ᠠ ᠬᠡᠷᠡᠭᠵᠢᠭᠦᠯᠵᠦ ᠂ ᠵᠢᠯ᠎ᠤᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠡᠭᠦᠷᠭᠡ᠎ᠪᠠᠨ ᠤᠷᠤᠭᠰᠢᠲᠠᠢ ᠪᠡᠶᠡᠯᠡᠭᠦᠯᠬᠦ᠎ᠶᠢ ᠪᠠᠲᠤᠯᠠᠵᠤ ᠪᠤᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃