2021-03-04 11:51:44
2 ᠰᠠᠷ᠎ᠠ᠎ᠶᠢᠨ 25᠎ᠤ ᠦᠳᠡ᠎ᠶᠢᠨ ᠡᠮᠦᠨ᠎ᠡ ᠂ ᠪᠠᠶᠠᠨᠨᠠᠭᠤᠷ ᠬᠣᠲᠠ᠎ᠶᠢᠨ ᠬᠠᠩᠭᠢᠨ ᠬᠣᠶᠢᠲᠤ ᠬᠣᠰᠢᠭᠤᠨ᠎ᠤ ᠱᠤᠸᠠᠩ ᠮᠢᠶᠣᠣ ᠪᠠᠯᠭᠠᠰᠤᠨ᠎ᠤ ᠵᠢᠶᠠᠨ ᠽᠢ ᠳ᠋ᠢ ᠲᠣᠰᠬᠣᠨ ᠪᠣᠯᠤᠨ᠎ᠲᠠᠢ ᠷᠦᠩ ᠲᠣᠰᠬᠣᠨ᠎ᠤ ᠦᠷᠬᠡᠨ ᠲᠡᠨᠢᠬᠡᠷ ᠲᠠᠷᠢᠶᠠᠨ ᠭᠠᠵᠠᠷ᠎ᠲᠤ ᠮᠠᠰᠢᠨ ᠬᠦᠷᠴᠢᠭᠢᠨᠡᠵᠦ ᠂ ᠬᠡᠳᠦᠨ ᠲᠷᠠᠺᠲ᠋ᠣᠷ ᠦᠷ᠎ᠡ ᠰᠠᠴᠤᠬᠤ ᠮᠠᠰᠢᠨ᠎ᠢᠶᠡᠨ ᠴᠢᠷᠦᠨ ᠨᠠᠭᠠᠰᠢ ᠴᠠᠭᠠᠰᠢ ᠰᠦᠯᠵᠢᠯᠳᠦᠵᠦ ᠂ ᠮᠥᠬᠥᠯᠢᠭ ᠳᠦᠭᠦᠷᠡᠩ ᠪᠤᠭᠤᠲᠠᠢ᠎ᠶᠢᠨ ᠦᠷ᠎ᠡ᠎ᠶᠢ ᠳᠠᠷᠢᠵᠤ ᠪᠣᠷᠣᠲᠣᠬᠣᠶ᠎ᠶᠢᠨ ᠬᠠᠪᠤᠷ᠎ᠤᠨ ᠲᠠᠷᠢᠶᠠᠯᠠᠭ᠎ᠠ᠎ᠶᠢᠨ ᠬᠥᠰᠢᠭᠡ᠎ᠶᠢ ᠰᠡᠬᠦᠵᠡᠶ ᠃
︽ ᠡᠨᠡ ᠵᠢᠯ᠎ᠤᠨ ᠬᠠᠪᠤᠷ ᠡᠷᠲᠡ ᠳᠤᠯᠠᠭᠠᠷᠠᠵᠤ ᠲᠤᠯᠠᠭᠠᠨ᠎ᠤ ᠬᠡᠮᠵᠢᠶ᠎ᠡ ᠨᠡᠯᠢᠶᠡᠳ ᠳᠡᠭᠡᠭᠰᠢᠯᠡᠭᠰᠡᠨ᠎ᠡᠴᠠ ᠪᠣᠯᠵᠣ ᠂ ᠬᠡᠰᠡᠭ ᠭᠠᠵᠠᠷ᠎ᠤᠨ ᠬᠦᠷᠦᠰᠦ ᠴᠢᠭᠢᠭᠲᠦᠵᠦ ᠨᠤᠷᠤᠭᠰᠠᠨ ᠪᠠᠶᠢᠳᠠᠯ᠎ᠲᠠᠢ ᠪᠤᠯᠪᠠ ᠂ ᠡᠨᠡ᠎ᠨᠢ ᠬᠠᠪᠤᠷ᠎ᠤᠨ ᠲᠠᠷᠢᠶᠠᠯᠠᠭ᠎ᠠ᠎ᠳ᠋ᠤ ᠲᠤᠩ ᠰᠠᠢᠨ ᠨᠦᠬᠦᠴᠡᠯ ᠪᠤᠯᠪᠠ ᠃ ᠣᠳᠣᠬᠠᠨ᠎ᠳ᠋ᠤ ᠬᠠᠩᠭᠢᠨ ᠬᠣᠶᠢᠲᠤ ᠬᠣᠰᠢᠭᠤ ᠬᠢᠵᠢᠭ᠎ᠤᠨ ᠪᠠᠶᠢᠳᠠᠯ᠎ᠢ ᠰᠡᠷᠭᠡᠶᠢᠯᠡᠨ ᠡᠵᠡᠮᠳᠡᠬᠦ ᠠᠵᠢᠯ᠎ᠢ ᠰᠠᠶᠢᠲᠤᠷ ᠠᠤᠡᠬᠤᠬᠤ᠎ᠶᠢᠨ ᠬᠠᠮᠲᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠶᠢᠲᠤᠷ ᠬᠢᠵᠦ ᠂ ᠡᠷᠲᠡ ᠪᠡᠯᠡᠳᠬᠡᠵᠦ ᠡᠷᠲᠡ ᠬᠥᠳᠡᠯᠦᠯᠴᠡᠨ ᠴᠠᠭ᠎ᠢ ᠠᠮᠵᠢᠨ ᠳᠠᠷᠢᠵᠤ ᠂ ᠥᠩᠭᠡᠷᠡᠭᠰᠡᠨ ᠬᠠᠪᠤᠷ᠎ᠤᠨ ᠲᠠᠷᠢᠶᠠᠯᠠᠭ᠎ᠠ᠎ᠡᠴᠠ ᠨᠢᠭᠡ ᠭᠠᠷᠠᠭ ᠣᠷᠴᠢᠮ ᠡᠷᠲᠡ ᠡᠬᠢᠯᠡᠭᠰᠡᠨ ᠪᠠᠶᠢᠨ᠎ᠠ ︾ ᠭᠡᠵᠦ ᠬᠠᠩᠭᠢᠨ ᠬᠣᠶᠢᠲᠤ ᠬᠣᠰᠢᠭᠤᠨ᠎ᠤ ᠲᠠᠷᠢᠶᠠᠯᠠᠩ ᠮᠠᠯ ᠠᠵᠤ ᠠᠬᠤᠶ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠤᠨ ᠡᠷᠬᠢᠯᠡᠭᠴᠢ ᠯᠢ ᠵᠢᠶᠧ ᠬᠡᠯᠡᠨ᠎ᠡ ᠃
ᠡᠦ ᠯᠠ ᠾᠧ ᠲᠠᠷᠢᠮᠠᠯ᠎ᠤᠨ ᠲᠤᠰᠬᠠᠢ ᠬᠤᠷᠰᠢᠶ᠎ᠠ ᠵᠢᠶᠠᠨ ᠽᠢ ᠳ᠋ᠢ ᠲᠣᠰᠬᠣᠨ᠎ᠤ ᠲᠠᠷᠢᠶᠠᠨ ᠭᠠᠵᠠᠷ᠎ᠤᠨ ᠦᠮᠴᠢᠯᠡᠬᠦ ᠡᠷᠬᠡ᠎ᠶᠢ ᠰᠢᠯᠵᠢᠭᠦᠯᠦᠨ ᠠᠪᠴᠤᠤᠷᠭᠠᠨᠢᠭ ᠪᠤᠭᠤᠳᠠᠢ ᠲᠠᠷᠢᠭᠠᠳ ᠨᠢᠭᠡᠨᠲᠡ 7 ᠵᠢᠯ ᠪᠣᠯᠵᠠᠢ ᠃ ᠬᠠᠷᠢᠭᠤᠴᠠᠯᠭᠠᠲᠠᠨ ᠵᠧᠦ ᠰᠢᠶᠠᠨ ᡁᠢ ᠦᠩ ᠰᠢᠮᠡᠯᠢᠭ ᠲᠠᠷᠢᠶᠠᠨ ᠭᠠᠵᠠᠷ᠎ᠢ ᠵᠢᠭᠠᠭᠠᠳ ᠄ ︽ ᠮᠠᠨ᠎ᠤ ᠬᠣᠷᠰᠢᠶ᠎ᠠ ᠣᠳᠣᠬᠠᠨ᠎ᠳ᠋ᠤ ᠨᠡᠶᠢᠲᠡ 1500 ᠮᠥ ᠭᠠᠵᠠᠷ ᠰᠢᠷᠣᠶ᠎ᠲᠠᠢ ᠂ ᠪᠦᠬᠦᠨ᠎ᠢ ᠣᠷᠭᠠᠨᠢᠭ ᠪᠣᠭᠣᠳᠠᠶ ᠳᠠᠷᠢᠬᠤ᠎ᠳ᠋ᠤ ᠬᠡᠷᠡᠭᠯᠡᠨ᠎ᠡ ᠃ ᠦᠷ᠎ᠡ ᠪᠠ ᠣᠷᠭᠠᠨᠢᠭ ᠪᠣᠷᠲᠣᠭᠣᠷ᠎ᠢ ᠨᠢᠭᠡᠳᠦᠯᠲᠡᠶ ᠬᠤᠳᠠᠯᠳᠤᠨ ᠠᠪᠴᠤ ᠂ ᠬᠠᠪᠤᠷ᠎ᠤᠨ ᠲᠠᠷᠢᠶᠠᠯᠠᠭ᠎ᠠ᠎ᠶᠢᠨ ᠪᠣᠳᠠᠰ᠎ᠢ ᠴᠥᠮ ᠤᠷᠢᠤᠡᠴᠢᠯᠠᠨ ᠭᠦᠶᠴᠡᠳ ᠪᠡᠯᠡᠤᠡᠬᠡᠵᠦ ᠂ ᠡᠨᠡ ᠡᠳᠦᠷ᠎ᠡᠴᠠ ᠡᠬᠢᠯᠡᠨ ᠳᠠᠷᠢᠬᠤ ᠨᠥᠬᠥᠴᠡᠯ᠎ᠳ᠋ᠤ ᠨᠡᠶᠢᠴᠡᠬᠦ ᠭᠠᠵᠠᠷ ᠰᠢᠷᠣᠶ᠎ᠶᠢ ᠨᠢᠭᠡᠳᠦᠯᠲᠡᠶ ᠳᠠᠷᠢᠨ᠎ᠠ ︾ ᠭᠡᠵᠦ ᠲᠠᠨᠢᠯᠴᠠᠭᠤᠯᠤᠨ᠎ᠠ ᠃
ᠡᠨᠡ ᠵᠢᠯ ᠬᠠᠩᠭᠢᠨ ᠬᠣᠶᠢᠲᠤ ᠬᠣᠰᠢᠭᠤ ᠪᠣᠭᠣᠳᠠᠶ᠎ᠶᠢᠨ ᠳᠠᠷᠠᠭ᠎ᠠ ᠳᠠᠬᠢᠨ ᠳᠠᠷᠢᠬᠤ ᠂ ᠪᠣᠭᠣᠳᠠᠶ ᠳᠤᠬᠤᠵᠤ ᠳᠠᠷᠢᠬᠤ ᠵᠡᠷᠭᠡ ᠣᠯᠠᠨ ᠵᠦᠶᠯ᠎ᠤᠨ ᠰᠢᠷᠢᠰ ᠠᠷᠭ᠎ᠠ ᠬᠡᠮᠵᠢᠶ᠎ᠡ ᠠᠪᠴᠤ ᠂ ᠪᠣᠭᠣᠳᠠᠶ ᠳᠠᠷᠢᠬᠤ ᠲᠠᠯᠠᠪᠠᠶ ᠪᠠ ᠶᠠᠰᠤ ᠴᠢᠨᠠᠷ᠎ᠢ ᠪᠠᠲᠤᠯᠠᠵᠤ ᠂ ᠵᠢᠱᠢᠯᠲᠡ᠎ᠪᠠᠷ ᠪᠥᠬᠥ ᠬᠣᠰᠢᠭᠤᠨ᠎ᠤ ᠪᠣᠭᠣᠳᠠᠶ ᠳᠠᠷᠢᠬᠤ ᠲᠠᠯᠠᠪᠠᠶ 40 ᠲᠦᠮᠡᠨ ᠮᠥ ᠣᠷᠴᠢᠮ ᠬᠦᠷᠬᠦ ᠪᠤᠯᠤᠨ᠎ᠠ ᠃ ᠣᠳᠣᠬᠠᠨ᠎ᠳ᠋ᠤ ᠠᠭᠠᠷ᠎ᠤᠨ ᠳᠤᠯᠠᠭᠠᠨ ᠳᠡᠭᠡᠭᠰᠢᠯᠡᠬᠦ᠎ᠶᠢ ᠳᠠᠭᠠᠯᠳᠤᠨ ᠂ ᠪᠣᠷᠣᠲᠣᠬᠣᠶ᠎ᠶᠢᠨ ᠪᠣᠭᠣᠳᠠᠶ᠎ᠶᠢᠨ ᠲᠠᠷᠢᠶᠠᠯᠠᠭ᠎ᠠ ᠪᠠᠷᠠᠭᠤᠨ᠎ᠡᠴᠠ ᠵᠡᠭᠦᠨᠰᠢ ᠪᠥᠬᠥ ᠲᠠᠯ᠎ᠠ᠎ᠪᠠᠷ ᠥᠷᠨᠢᠵᠦ ᠡᠬᠢᠯᠡᠪᠡ ᠃ ᠡᠨᠡ ᠵᠢᠯ ᠪᠠᠶᠠᠨᠨᠠᠭᠤᠷ ᠬᠣᠲᠠ ᠲᠦᠮᠡᠨ ᠡᠷᠦᠬᠡ᠎ᠶᠢᠨ ᠲᠠᠷᠢᠶᠠᠴᠢᠳ᠎ᠤᠨ ᠲᠠᠷᠢᠶᠠᠯᠠᠬᠤ ᠰᠠᠨᠠᠮᠵᠢ᠎ᠶᠢᠨ ᠪᠠᠶᠢᠴᠠᠭᠠᠯᠲᠠ᠎ᠶᠢᠨ ᠦᠷ᠎ᠡ ᠳ᠋ᠦᠩ᠎ᠢ ᠦᠨᠳᠦᠰᠦᠯᠡᠨ ᠂ 2020 ᠣᠨ᠎ᠤ ᠲᠠᠷᠢᠶᠠᠯᠠᠩ᠎ᠤᠨ ᠪᠦᠲᠦᠭᠡᠭᠳᠡᠬᠦᠨ᠎ᠤ ᠪᠣᠷᠣᠯᠠᠭᠤᠯᠭ᠎ᠠ᠎ᠶᠢᠨ ᠪᠠᠶᠢᠳᠠᠯ ᠪᠣᠯᠤᠨ ᠦᠨ᠎ᠡ ᠬᠠᠩᠰᠢ᠎ᠶᠢᠨ ᠬᠤᠪᠢᠷᠠᠯᠲᠠ᠎ᠶᠢᠨ ᠬᠠᠨᠳᠤᠰᠢ᠎ᠲᠠᠢ ᠤᠶᠠᠯᠳᠤᠭᠤᠯᠤᠨ ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠱᠠᠭᠠᠷᠳᠠᠯᠭ᠎ᠠ ᠶᠤᠰᠤᠭᠠᠷ ᠂ ᠪᠦᠬᠦ ᠬᠣᠲᠠ᠎ᠶᠢᠨ ᠲᠠᠷᠢᠮᠠᠯ᠎ᠤᠨ ᠪᠦᠲᠦᠴᠡ᠎ᠶᠢᠨ ᠲᠣᠬᠢᠷᠠᠭᠤᠯᠤᠯᠲᠠ᠎ᠶᠢᠨ ᠶᠡᠷᠦᠩᠬᠡᠶ ᠰᠡᠳᠬᠢᠴᠡ᠎ᠶᠢ ︽ ᠠᠮᠤ ᠪᠤᠳᠠᠭᠠᠨ᠎ᠤ ᠨᠡᠮᠡᠭᠳᠡᠯ᠎ᠢ ᠨᠡᠮᠡᠭᠳᠡᠭᠦᠯᠬᠦ ᠂ ᠠᠵᠤ ᠠᠬᠤᠢ᠎ᠶᠢᠨ ᠲᠠᠷᠢᠮᠠᠯ᠎ᠢ ᠰᠢᠯᠢᠳᠡᠭᠵᠢᠭᠦᠯᠬᠦ ᠂ ᠡᠪᠡᠰᠦ ᠪᠣᠷᠳᠣᠭ᠎ᠠ᠎ᠶᠢ ᠥᠷᠭᠡᠳᠬᠡᠬᠦ ︾᠎ᠪᠠᠷ ᠲᠤᠭᠲᠠᠭᠠᠪᠠ ᠃ ᠲᠠᠷᠤᠢ ᠄ ᠠᠮᠤ ᠪᠤᠳᠠᠭ᠎ᠠ ᠂ ᠲᠡᠵᠢᠭᠡᠯ ᠡᠪᠡᠰᠦ ᠂ ᠬᠢᠲᠠᠳ ᠡᠮ᠎ᠤᠨ ᠮᠠᠲ᠋ᠧᠷᠢᠶᠠᠯ ᠪᠠ ᠲᠦᠬᠦᠭᠡᠷᠦᠮᠵᠢᠲᠦ ᠲᠠᠷᠢᠶᠠᠯᠠᠩ᠎ᠤᠨ ᠲᠠᠯᠠᠪᠠᠢ᠎ᠶᠢ ᠨᠡᠮᠡᠭᠳᠡᠭᠦᠯᠵᠦ ᠂ ᠪᠣᠯᠪᠠᠰᠤᠷᠠᠭᠤᠯᠬᠤ ᠬᠡᠯᠪᠡᠷᠢ᠎ᠶᠢᠨ ᠢᠳᠡᠰᠢᠨ ᠨᠣᠭᠣᠭ᠎ᠠ ᠂ ᠬᠠᠷ᠎ᠠ ᠴᠠᠭᠠᠨ ᠬᠡᠮᠬᠡ᠎ᠶᠢᠨ ᠦᠷ᠎ᠡ ᠪᠠ ᠲᠠᠷᠪᠤᠰ ᠠᠮᠲᠠᠲᠤ ᠬᠡᠮᠬᠡ᠎ᠶᠢᠨ ᠲᠠᠯᠠᠪᠠᠢ᠎ᠶᠢ ᠬᠠᠷᠢᠴᠠᠩᠭᠤᠶ ᠲᠣᠭᠲᠠᠪᠤᠷᠢᠲᠠᠶ ᠪᠠᠢᠯᠭᠠᠵᠤ ᠂ ᠢᠳᠡᠭᠡᠨ᠎ᠤ ᠨᠡᠷᠡᠨ ᠬᠤᠸᠠᠷ᠎ᠤᠨ ᠲᠠᠯᠠᠪᠠᠢ᠎ᠶᠢ ᠪᠠᠭᠠᠰᠬᠠᠨ ᠂ ︽ ᠵᠢᠷᠭᠤᠭᠠᠨ ᠶᠡᠬᠡ ᠠᠵᠤ ᠦᠢᠯᠡᠰ ︾᠎ᠤᠨ ᠣᠨᠴᠠᠯᠢᠭᠲᠤ ᠳᠠᠩ ᠲᠥᠷᠥᠯ᠎ᠤᠨ ᠲᠠᠷᠢᠮᠠᠯ᠎ᠤᠨ ᠬᠡᠪᠴᠢᠶ᠎ᠡ᠎ᠶᠢ ᠥᠷᠭᠡᠳᠬᠡᠨ᠎ᠡ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠷᠢᠭᠤᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃