ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-03-22 11:21:22

ᠵᠣᠬᠢᠶᠠᠭ᠍ᠴᠢ᠄ ᠪᠤᠤ ᠴᠢᠩ ᠱᠧᠩ ᠣᠩᠱᠢᠭ᠍ᠰᠠᠨ ᠣᠳᠠᠭ᠎ᠠ᠄ 3

ᠵᠢᠯ᠎ᠤᠨ ᠠᠵᠢᠯ ᠬᠠᠪᠤᠷ᠎ᠲᠤ ᠭᠡᠳᠡᠭᠴᠢᠯᠠᠨ ᠂ ᠴᠠᠭᠠᠨ ᠰᠠᠷ᠎ᠠ᠎ᠶᠢᠨ ᠬᠤᠭᠤᠴᠠᠭ᠎ᠠ ᠳᠠᠭᠤᠰᠬᠤ᠎ᠳ᠋ᠤ ᠬᠥᠷᠢᠶ᠎ᠡ ᠬᠤᠰᠢᠭᠤ ᠬᠠᠪᠤᠷ᠎ᠤᠨ ᠳᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠴᠢᠩᠭᠠᠳᠬᠠᠨ ᠂ ᠡᠯ᠎ᠡ ᠵᠥᠢᠯ᠎ᠤᠨ ᠠᠵᠢᠯ᠎ᠤᠨ ᠨᠠᠢᠳᠠᠪᠥᠷᠢᠵᠢᠭᠤᠯᠤᠯᠲᠠ᠎ᠶᠢ ᠠᠬᠢᠭᠤᠯᠵᠤ ᠪᠠᠢᠨ᠎ᠠ ᠃

ᠬᠠᠪᠤᠷ᠎ᠤᠨ ᠲᠠᠷᠢᠶᠠᠯᠠᠭ᠎ᠠ᠎ᠶᠢᠨ ᠡᠳ᠋ ᠪᠠᠷᠠᠭ᠎ᠠ᠎ᠶᠢᠨ ᠪᠠᠲᠤᠯᠠᠭ᠎ᠠ᠎ᠶᠢ ᠴᠢᠩᠭᠠᠳᠬᠠᠵᠤ ᠪᠤᠢ ᠃ ᠡᠨᠡ ᠵᠢᠯ᠎ᠤᠨ 168 ᠲᠦᠮᠡᠨ ᠮᠥ ᠲᠠᠷᠢᠮᠠᠯ᠎ᠤᠨ ᠲᠠᠯᠠᠪᠠᠶ᠎ᠶᠢ ᠠᠩᠬ᠎ᠠ ᠠᠯᠬᠤᠮ ᠨᠠᠶᠢᠳᠠᠪᠤᠷᠢᠵᠢᠭᠤᠯᠵᠥ ᠂ ᠡᠷᠳᠡᠨᠢ ᠰᠢᠰᠢ 102 ᠲᠦᠮᠡᠨ ᠮᠥ ᠂ ᠡᠯᠳᠡᠪ ᠠᠮᠤ ᠪᠤᠷᠴᠠᠭ ᠂ ᠡᠪᠡᠰᠦᠨ ᠡᠮ ᠵᠡᠷᠭᠡ 66 ᠲᠦᠮᠡᠨ ᠮᠥ᠎ᠶᠢ ᠲᠥᠯᠥᠪᠯᠡᠨ ᠲᠤᠬᠢᠷᠠᠭᠤᠯᠪᠠ ᠃ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠡᠵᠡᠩᠨᠡᠭᠰᠡᠳ᠎ᠢ ᠵᠣᠬᠢᠶᠠᠨ ᠪᠠᠶᠢᠭᠤᠯᠤᠨ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠲᠣᠬᠢᠷᠠᠭᠤᠯᠵᠤ ᠂ ᠬᠡᠷᠡᠭᠴᠡᠭᠡ ᠱᠠᠭᠠᠷᠳᠠᠯᠭ᠎ᠠ᠎ᠶᠢᠨ ᠡᠬᠡ ᠲᠠᠩᠰᠠ ᠪᠠᠶᠢᠭᠤᠯᠵᠠᠢ ᠃ ᠪᠦᠷᠢᠳᠬᠡᠯ᠎ᠢ ᠦᠨᠳᠦᠰᠦᠯᠡᠪᠡᠯ ᠂ ᠲᠤᠰ ᠬᠤᠰᠢᠭᠤ ᠡᠳᠤᠬᠡ ᠨᠢᠬᠡᠡᠳᠠ ᠲᠠᠷᠢᠶᠠᠨ ᠦᠷ᠎ᠡ᠎ᠶᠢ 595 ᠲᠣᠨ ᠂ ᠲᠠᠷᠢᠶᠠᠨ ᠡᠮ᠎ᠢ 2.4 ᠲᠣᠨ ᠂ ᠬᠢᠮᠢ᠎ᠶᠢᠨ ᠪᠣᠷᠲᠣᠭᠤᠷ᠎ᠢ 5760 ᠲᠣᠨ ᠂ ᠰᠦᠯᠢᠶᠣᠣ ᠪᠦᠷᠬᠦᠪᠴᠢ᠎ᠶᠢ 5.7 ᠲᠣᠨ ᠨᠥᠭᠡᠴᠡᠯᠡᠪᠠ ᠃ ︽ ᠰᠤᠭᠤᠴᠢᠨ ᠪᠠᠶᠢᠴᠠᠭᠠᠬᠤ + ᠭᠡᠨᠡᠳᠡᠭᠦᠯᠦᠨ ᠰᠤᠷᠪᠤᠯᠵᠢᠯᠠᠬᠤ ︾ ᠠᠷᠭ᠎ᠠ᠎ᠪᠠᠷ ᠬᠤᠰᠢᠭᠤᠨ᠎ᠤ ᠲᠠᠷᠢᠶᠠᠯᠠᠩ᠎ᠤᠨ ᠬᠡᠷᠡᠭᠰᠡᠯ ᠡᠵᠡᠩᠨᠡᠵᠥ ᠪᠠᠢᠭ᠎ᠠ 89 ᠲᠣᠤᠷ ᠴᠡᠭ᠎ᠢ ᠪᠦᠷ ᠪᠠᠶᠢᠴᠠᠭᠠᠵᠡᠢ ᠃ ᠡᠭᠦᠨ᠎ᠤ ᠬᠠᠮᠲᠤ ᠂ ᠬᠤᠰᠢᠭᠤᠨ᠎ᠤ ᠮᠥᠩᠭᠦᠨ ᠭᠦᠶᠯᠭᠡᠭᠡ᠎ᠶᠢᠨ ᠰᠠᠯᠠᠭ᠎ᠠ ᠮᠥᠴᠢᠷ ᠮᠠᠯᠴᠢᠨ ᠲᠠᠷᠢᠶᠠᠴᠢᠨ᠎ᠳ᠋ᠤ ᠢᠳᠡᠪᠬᠢᠲᠡᠶ ᠪᠠᠯᠠ ᠮᠥᠩᠭᠦ᠎ᠶᠢᠨ ᠳᠡᠮᠵᠢᠯᠭᠡ ᠬᠠᠩᠭᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠵᠢᠭᠡᠯᠡᠯᠭᠡ᠎ᠶᠢ 1.791 ᠳ᠋ᠦᠩᠰᠢᠭᠤᠷ ᠲᠥᠭᠦᠷᠢᠭ ᠲᠠᠷᠬᠠᠭᠠᠪᠠ ᠃

ᠮᠡᠷᠭᠡᠵᠢᠯ᠎ᠤᠨ ᠵᠢᠯᠣᠭᠤᠳᠣᠯᠭ᠎ᠠ᠎ᠶᠢᠨ ᠦᠢᠯᠡᠴᠢᠯᠡᠭᠡ᠎ᠶᠢ ᠴᠢᠩᠭᠠᠳᠬᠠᠵᠤ ᠪᠤᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠬᠥᠳᠡᠭᠡ ᠪᠠᠭᠤᠯᠭᠠᠬᠤ ᠂ ᠠᠩᠭᠢ ᠡᠷᠬᠢᠯᠡᠨ ᠪᠣᠯᠪᠠᠰᠤᠷᠠᠯ ᠬᠥᠷᠳᠡᠭᠡᠬᠥ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ᠎ᠤᠨ ᠬᠡᠯᠪᠡᠷᠢ ᠮᠠᠢᠭ᠎ᠢᠶᠠᠷ ᠣᠯᠠᠨ ᠳᠡᠰ ᠳᠠᠪᠬᠤᠷᠭ᠎ᠠ ᠂ ᠲᠥᠷᠥᠯ ᠬᠡᠯᠪᠡᠷᠢ ᠬᠤᠪᠢᠶᠠᠨ ᠂ ᠲᠠᠷᠢᠶᠠᠴᠢᠳ᠎ᠲᠤ ᠪᠣᠯᠪᠠᠰᠤᠷᠠᠯ ᠬᠥᠷᠳᠡᠭᠡᠵᠥ ᠂ ᠨᠢᠬᠡᠡᠳᠠ 35 ᠬᠤᠭᠤᠴᠠᠭ᠎ᠠ᠎ᠶᠢᠨ ᠪᠤᠯᠪᠠᠰᠤᠷᠠᠯ ᠡᠷᠬᠢᠯᠡᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 80 ᠲᠤᠰᠬᠠᠢ ᠮᠠᠷᠬᠡᠵᠢᠯᠳᠠᠠ ᠬᠥᠳᠡᠭᠡ ᠪᠠᠭᠤᠵᠤ ᠴᠡᠭ᠎ᠲᠤ ᠰᠠᠭᠤᠨ ᠦᠢᠯᠡᠴᠢᠯᠡᠵᠤ ᠂ 3500 ᠲᠠᠷᠢᠶᠠᠴᠢᠠ᠎ᠳ᠋ᠤ ᠪᠣᠯᠪᠠᠰᠤᠷᠠᠯ ᠬᠥᠷᠳᠡᠭᠡᠨ ᠂ ᠡᠯ᠎ᠡ ᠵᠥᠢᠯ᠎ᠤᠨ ᠬᠡᠷᠡᠭᠯᠡᠭᠡᠨ᠎ᠤ ᠮᠡᠷᠭᠡᠵᠢᠯ᠎ᠤᠨ ᠮᠠᠲ᠋ᠧᠷᠢᠶᠠᠯ᠎ᠢ 1.05 ᠲᠦᠮᠡ ᠭᠠᠷᠤᠶ ᠬᠤᠪᠢ ᠳᠠᠷᠬᠠᠭᠠᠪᠠ ᠃ ᠤᠷᠤᠰᠢᠵᠥ ᠪᠦᠬᠦᠢ ᠲᠠᠷᠢᠶᠠᠨ ᠭᠠᠵᠠᠷ ᠬᠠᠲᠠᠭᠤᠷᠠᠵᠤ ᠪᠠᠢᠬᠤ ᠂ ᠨᠠᠮᠤᠷ ᠲᠡᠭᠰᠢᠯᠡᠭᠰᠡᠨ ᠲᠠᠯᠠᠪᠠᠢ ᠪᠠᠭ᠎ᠠ ᠂ ᠪᠠᠷᠢᠮᠵᠢᠶ᠎ᠠ ᠳᠣᠣᠷ᠎ᠠ ᠵᠡᠷᠭᠡ ᠠᠰᠠᠭᠤᠳᠠᠯ᠎ᠤᠳ᠎ᠲᠤ ᠴᠢᠭᠯᠡᠭᠦᠯᠦᠨ ᠂ ᠲᠠᠷᠢᠶᠠᠨ ᠭᠠᠵᠠᠷ᠎ᠢ ᠲᠡᠭᠰᠢᠯᠡᠬᠦ ᠠᠵᠢᠯ᠎ᠤᠨ ᠡᠷᠴᠢᠮ᠎ᠢᠶᠡᠨ ᠴᠢᠩᠭᠠᠳᠬᠠᠵᠠᠢ ᠃ ᠡᠢᠨ ᠬᠥ ᠲᠠᠷᠢᠶᠠᠨ ᠭᠠᠵᠠᠷ᠎ᠢ ᠭᠦᠨ ᠰᠤᠯᠠᠷᠠᠭᠤᠯᠵᠤ ᠂ ᠭᠦᠨ ᠤᠷᠪᠠᠭᠤᠯᠬᠤ ᠠᠷᠭ᠎ᠠ᠎ᠪᠠᠷ 22 ᠲᠦᠮᠡᠨ ᠮᠥ ᠭᠠᠵᠠᠷ᠎ᠢ ᠲᠡᠭᠰᠢᠯᠡᠵᠡᠢ ᠃

ᠲᠠᠷᠢᠶᠠᠯᠠᠩ᠎ᠤᠨ ᠮᠠᠰᠢᠨ᠎ᠢ ᠰᠡᠯᠪᠢᠨ ᠵᠠᠰᠠᠬᠤ ᠠᠵᠢᠯ᠎ᠢ ᠰᠠᠶᠢᠲᠤᠷ ᠬᠢᠵᠤ ᠪᠠᠢᠨ᠎ᠠ ᠃ ︽ ᠲᠠᠷᠢᠶᠠᠯᠠᠩ᠎ᠤᠨ ᠮᠠᠰᠢᠨ ᠪᠠᠭᠠᠵᠢ᠎ᠶᠢ ᠡᠪᠦᠯ᠎ᠤᠨ ᠤᠯᠠᠷᠢᠯ᠎ᠳ᠋ᠤ ᠪᠠᠶᠢᠴᠠᠭᠠᠨ ᠵᠠᠰᠠᠬᠤ ᠠᠵᠢᠯ ᠥᠷᠨᠢᠭᠦᠯᠬᠦ ᠲᠤᠬᠠᠶ ᠮᠡᠳᠡᠭᠳᠡᠯ ︾ ᠪᠠᠭᠤᠯᠭᠠᠨ ᠂ ᠲᠠᠷᠢᠶᠠᠯᠠᠩ᠎ᠤᠨ ᠮᠠᠰᠢᠨ᠎ᠤ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠵᠤ ᠂ ᠲᠠᠷᠢᠶᠠᠯᠠᠩ᠎ᠤᠨ ᠮᠠᠰᠢᠨ᠎ᠤ 30 ᠲᠤᠰᠬᠠᠶ ᠠᠵᠢᠯ᠎ᠤᠨ ᠬᠤᠷᠰᠢᠶ᠎ᠠ ᠂ 300 ᠲᠠᠷᠢᠶᠠᠯᠠᠩ᠎ᠤᠨ ᠮᠠᠰᠢᠨ᠎ᠤ ᠦᠢᠯᠡᠴᠢᠯᠡᠭᠡᠨ᠎ᠤ ᠠᠩᠭᠢ᠎ᠳ᠋ᠤ ᠭᠦᠨᠵᠡᠭᠡᠶᠢᠷᠡᠨ ᠂ ᠮᠠᠰᠢᠨ ᠪᠠᠭᠠᠵᠢ᠎ᠶᠢ ᠪᠠᠶᠢᠴᠠᠭᠠᠨ ᠵᠠᠰᠠᠬᠤ ᠮᠡᠷᠭᠡᠵᠢᠯ᠎ᠤᠨ ᠵᠢᠯᠣᠭᠤᠳᠤᠯᠭ᠎ᠠ ᠬᠢᠵᠦ ᠂ ᠲᠠᠷᠢᠶᠠᠴᠢᠳ᠎ᠢ ᠬᠠᠪᠰᠤᠷᠤᠨ ᠮᠠᠰᠢᠨ ᠪᠠᠭᠠᠵᠢ᠎ᠶᠢ᠎ᠨᠢ ᠪᠠᠶᠢᠴᠠᠭᠠᠨ ᠵᠠᠰᠠᠵᠤ ᠥᠭᠪᠠ ᠃ ᠲᠠᠷᠢᠶᠠᠯᠠᠩ᠎ᠤᠨ ᠮᠠᠰᠢᠨ ᠰᠡᠯᠪᠢᠨ ᠵᠠᠰᠠᠬᠤ ᠭᠠᠷ ᠠᠪᠤᠯᠭ᠎ᠠ᠎ᠶᠢ 1000 ᠭᠠᠷᠤᠶ ᠬᠤᠪᠢ ᠲᠠᠷᠬᠠᠭᠠᠵᠤ ᠂ ᠲᠠᠷᠢᠶᠠᠯᠠᠩ᠎ᠤᠨ ᠮᠠᠰᠢᠨ ᠪᠠᠭᠠᠵᠢ᠎ᠲᠠᠢ 5000 ᠭᠠᠷᠤᠢ ᠬᠥᠮᠥᠨ᠎ᠳ᠋ᠤ ᠪᠣᠯᠪᠠᠰᠤᠷᠠᠯ ᠬᠥᠷᠳᠡᠭᠡᠪᠠ ᠃ ᠮᠠᠰᠢᠨ ᠵᠠᠰᠠᠬᠤ ᠪᠡᠯᠡ ᠮᠥᠩᠭᠦ᠎ᠶᠢ 108 ᠲᠦᠮᠡᠨ ᠲᠥᠭᠦᠷᠢᠭ ᠴᠤᠭᠯᠠᠭᠤᠯᠵᠤ ᠂ ᠦᠷ᠎ᠡ ᠰᠠᠴᠤᠬᠤ ᠮᠠᠰᠢᠨ ᠂ ᠲᠷᠠᠺᠲ᠋ᠣᠷ ᠂ ᠵᠢᠵᠢᠭ ᠬᠡᠯᠪᠡᠷᠢ᠎ᠶᠢᠨ ᠲᠠᠷᠢᠵᠤ ᠲᠡᠭᠰᠢᠯᠡᠬᠦ ᠮᠠᠰᠢᠨ ᠵᠡᠷᠭᠡ ᠲᠠᠷᠢᠶᠠᠯᠠᠩ᠎ᠤᠨ ᠮᠠᠰᠢᠨ ᠪᠠᠭᠠᠵᠢ᠎ᠶᠢ 2410 ᠰᠠᠭᠤᠷᠢ ᠪᠠᠶᠢᠴᠠᠭᠠᠨ ᠵᠠᠰᠠᠵᠤ ᠂ ᠲᠣᠬᠢᠷᠠᠭᠤᠯᠤᠨ ᠲᠤᠷᠰᠢᠵᠤ ᠂ ᠠᠷᠠᠴᠢᠯᠠᠨ ᠬᠠᠮᠠᠭᠠᠯᠠᠭᠠᠳ ᠬᠤᠰᠢᠭᠤᠨ᠎ᠤ ᠮᠠᠰᠢᠨ ᠪᠠᠭᠠᠵᠢ᠎ᠶᠢᠨ 40%᠎ᠶᠢ ᠪᠠᠶᠢᠴᠠᠭᠠᠨ ᠵᠠᠰᠠᠬᠰᠠᠠ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面