ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-05 11:49:59

ᠵᠣᠬᠢᠶᠠᠭ᠍ᠴᠢ᠄ ᠬᠡᠰᠢᠭᠪᠥᠶᠠᠨ ᠣᠩᠱᠢᠭ᠍ᠰᠠᠨ ᠣᠳᠠᠭ᠎ᠠ᠄ 3

ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠢᠲᠡᠭᠡᠮᠵᠢ᠎ᠶᠢᠨ ᠬᠣᠯᠪᠣᠭᠠᠲᠤ ᠬᠣᠷᠰᠢᠶ᠎ᠠ ᠮᠠᠯᠵᠢᠬᠤ ᠲᠠᠷᠢᠶᠠᠯᠠᠬᠤ ᠣᠷᠣᠨ᠎ᠤ ᠮᠥᠩᠭᠥᠨ ᠭᠦᠶᠯᠭᠡᠭᠡᠨ᠎ᠤ ᠦᠢᠯᠡᠴᠢᠯᠡᠭᠡᠨ᠎ᠤ ᠭᠤᠤᠯ ᠬᠦᠴᠦᠨ᠎ᠤ ᠦᠢᠯᠡᠳᠦᠯ᠎ᠢᠶᠡᠨ ᠦᠨᠡᠨ ᠬᠦ ᠪᠠᠳᠠᠷᠠᠭᠤᠯᠵᠤ ᠂ 9 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠲᠠᠯᠪᠢᠵᠤ ᠮᠠᠯᠴᠢᠨ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶᠢᠨ ᠪᠠᠯᠠ ᠮᠥᠩᠭᠥ᠎ᠶᠢᠨ ᠬᠦᠴᠢᠷᠳᠠᠯ᠎ᠢ ᠴᠢᠷᠮᠠᠢᠨ ᠰᠢᠢᠳᠪᠦᠷᠢᠯᠡᠵᠥ ᠪᠠᠢᠨ᠎ᠠ ᠃

3 ᠰᠠᠷ᠎ᠠ᠎ᠶᠢᠨ 29᠎ᠤ ᠡᠳᠦᠷ ᠂ ᠠᠯᠲᠠᠷ ᠢᠲᠡᠭᠡᠮᠵᠢ᠎ᠶᠢᠨ ᠬᠣᠷᠰᠢᠶ᠎ᠠ᠎ᠶᠢᠨ ᠵᠢᠭᠡᠯᠡᠯᠭᠡ ᠲᠠᠯᠪᠢᠭᠴᠢ ᠯᠢᠦ ᠰᠢ ᠪᠥᠸᠧ ᠠᠯᠲᠠᠷ ᠰᠤᠮᠤ᠎ᠶᠢᠨ ᠶᠠᠩ ᠵᠢᠶᠠ ᠳᠦᠨ ᠲᠤᠰᠬᠤᠠ᠎ᠤ ᠰᠢᠤᠢ ᠱᠦ ᠵᠢᠶᠦ᠋ᠨ᠎ᠤ᠎ᠳ᠋ᠤ ᠬᠦᠷᠴᠦ ᠣᠷᠣᠯᠭ᠎ᠠ ᠵᠠᠷᠤᠯᠭ᠎ᠠ᠎ᠶᠢᠨ ᠪᠠᠶᠢᠳᠠᠯ ᠪᠠ ᠵᠢᠭᠡᠯᠡᠯᠭᠡ᠎ᠶᠢᠨ ᠬᠡᠷᠡᠭᠴᠡᠭᠡ ᠱᠠᠭᠠᠷᠳᠠᠯᠭ᠎ᠠ᠎ᠶᠢᠨ ᠬᠢᠨᠢ ᠲᠤᠬᠠᠢ ᠠᠰᠠᠭᠤᠠ ᠤᠢᠯᠠᠭᠠᠵᠥ ᠂ ᠵᠢᠭᠡᠯᠡᠯᠭᠡ᠎ᠶᠢᠨ ᠭᠤᠶᠤᠴᠢᠯᠠᠯ᠎ᠤᠨ ᠬᠦᠰᠦᠨᠦᠭ ᠲᠡᠬᠯᠠᠭᠤᠯᠪᠠ ᠃

︽ ᠮᠠᠨ᠎ᠤ ᠢᠲᠡᠭᠡᠮᠵᠢ᠎ᠶᠢᠨ ᠬᠣᠷᠰᠢᠶ᠎ᠠ ᠲᠣᠰᠬᠣᠨ᠎ᠤ ᠠᠷᠠᠳ᠎ᠤᠨ ᠵᠢᠭᠡᠯᠡᠯᠭᠡ ᠠᠪᠬᠤ ᠭᠤᠶᠤᠴᠢᠯᠠᠯ᠎ᠢ ᠣᠯᠤᠭᠰᠠᠨ᠎ᠤ ᠳᠠᠷᠠᠭ᠎ᠠ ᠳᠠᠷᠤᠶᠢᠬᠠᠨ ᠬᠡᠷ᠎ᠲᠤᠨᠢ ᠬᠦᠷᠴᠦ ᠂ ᠨᠠᠷᠢᠨ ᠨᠢᠮᠪᠠᠢ ᠠᠰᠠᠭᠤᠨ ᠰᠤᠷᠪᠤᠯᠵᠢᠯᠠᠵᠤ ᠂ ᠵᠢᠭᠡᠯᠡᠯᠭᠡ ᠠᠪᠬᠤ ᠨᠥᠬᠥᠴᠡᠯ᠎ᠳ᠋ᠤ ᠨᠡᠶᠢᠴᠡᠬᠦ ᠡᠰᠡᠬᠦ᠎ᠶᠢ᠎ᠨᠢ ᠲᠣᠭᠲᠠᠭᠠᠠ ᠵᠢᠭᠡᠯᠡᠯᠭᠡ᠎ᠶᠢᠨ ᠭᠠᠷ ᠭᠦᠶᠴᠡᠳᠬᠡᠯ ᠬᠢᠯᠭᠡᠵᠦ ᠂ ᠬᠢᠨᠠᠨ ᠬᠠᠷᠭᠤᠭᠤᠯᠤᠯᠲᠠ᠎ᠶᠢ ᠥᠩᠭᠡᠷᠡᠭᠦᠯᠦᠭᠰᠡᠨ᠎ᠤ ᠳᠠᠷᠠᠭ᠎ᠠ ᠵᠢᠭᠡᠯᠡᠯᠭᠡ ᠤᠯᠭᠤᠨ᠎ᠠ ᠃ ᠡᠨᠡ ᠬᠡᠳᠦᠨ ᠡᠳᠦᠷ ᠮᠠᠠ᠎ᠤ ᠬᠤᠷᠰᠢᠶ᠎ᠠ᠎ᠶᠢᠨ ᠠᠵᠢᠯᠲᠠᠳ ᠭᠠᠴᠠᠭ᠎ᠠ ᠲᠤᠰᠬᠤᠨ ᠂ ᠠᠢᠯ ᠡᠷᠦᠬᠡ᠎ᠪᠠᠷ ᠶᠠᠪᠤᠵᠥ ᠢᠲᠡᠭᠡᠮᠵᠢ᠎ᠶᠢᠨ ᠵᠢᠬᠡᠯᠡᠯᠬᠡ ᠣᠯᠭᠣᠬᠤ ᠭᠡᠷ᠎ᠡ ᠲᠣᠭᠲᠠᠵᠤ ᠂ ᠭᠠᠷ ᠭᠦᠶᠴᠡᠳᠬᠡᠯ᠎ᠤᠨ ᠶᠠᠪᠤᠴᠠ᠎ᠶᠢ ᠳᠥᠭᠥᠮᠴᠢᠯᠡᠭᠰᠡᠡ᠎ᠢᠶᠠᠷ ᠨᠢᠭᠡᠨᠲᠡ 1 .14 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠲᠠᠯᠪᠢᠪᠠ ︾ ᠬᠡᠵᠦ ᠯᠢᠦ ᠰᠢ ᠪᠥᠸᠧ ᠲᠡᠨᠢᠯᠴᠠᠭᠤᠯᠤᠯ᠎ᠠ ᠃

ᠣᠲᠣ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠵᠠᠩᠭᠢᠯᠠᠭ᠎ᠠ᠎ᠶᠢᠨ ᠴᠠᠭ ᠂ ᠪᠠᠰᠠ ᠴᠤ ᠲᠠᠷᠢᠶᠠᠴᠢᠨ ᠡᠷᠦᠬᠡ᠎ᠳ᠋ᠤ ᠪᠠᠯᠠ ᠮᠥᠩᠭᠥ ᠪᠠᠴᠢᠮ ᠱᠠᠭᠠᠷᠳᠠᠭᠳᠠᠵᠤ ᠪᠠᠶᠢᠭ᠎ᠠ ᠴᠠᠭ ᠪᠤᠯᠬᠤᠷ ᠨᠢᠭᠡ ᠦᠳᠡ᠎ᠶᠢᠨ ᠡᠮᠦᠨ᠎ᠡ ᠲᠡᠷᠡ 10 ᠭᠠᠷᠤᠶ ᠡᠷᠦᠬᠡ᠎ᠶᠢᠨ ᠵᠢᠭᠡᠯᠡᠯᠭᠡ᠎ᠶᠢᠨ ᠭᠠᠷ ᠬᠦᠢᠴᠡᠳᠬᠡᠯ᠎ᠢ ᠬᠦᠢᠴᠡᠳᠬᠡᠪᠠ ᠃

ᠵᠢᠭᠡᠯᠡᠯᠭᠡ᠎ᠶᠢᠨ ᠬᠠᠮᠢᠶ᠎ᠠ ᠪᠥᠬᠥᠶ ᠭᠠᠷ ᠭᠦᠶᠴᠡᠳᠬᠡᠯ᠎ᠢ ᠬᠢᠵᠦ ᠪᠠᠷᠠᠭᠰᠠᠨ᠎ᠤ ᠳᠠᠷᠠᠭ᠎ᠠ ᠂ 3 ᠡᠳᠦᠷ᠎ᠤᠨ ᠳᠣᠲᠣᠷ᠎ᠠ ᠵᠢᠭᠡᠯᠡᠯᠭᠡ᠎ᠶᠢᠨ ᠮᠦᠩᠬᠦ ᠲᠠᠩᠰᠠᠨ᠎ᠳ᠋ᠤᠨᠢ ᠣᠷᠣᠵᠤ ᠢᠷᠡᠨ᠎ᠠ ᠬᠡᠳᠡᠭ᠎ᠢ ᠦᠢᠯᠠᠭᠠᠵᠥ ᠮᠡᠳᠡᠭᠰᠡᠡ ᠰᠢᠤᠢ ᠱᠦ ᠵᠢᠶᠦ᠋ᠨ ᠄ ︽ ᠨᠢᠳᠤᠨᠤᠨ 110 ᠭᠠᠷᠤᠶ ᠮᠥ ᠡᠷᠳᠡᠨᠢ ᠰᠢᠰᠢ ᠪᠠ ᠰᠢᠷ᠎ᠠ ᠪᠤᠷᠴᠠᠭ ᠳᠠᠷᠢᠭᠠᠳ ᠨᠡᠯᠢᠶᠡᠳ ᠵᠦᠭᠡᠷ ᠬᠤᠷᠢᠶᠠᠯᠲᠠ ᠣᠯᠵᠠᠶ ᠂ ᠡᠨᠡ ᠤᠳᠠᠭ᠎ᠠ᠎ᠶᠢᠨ ᠵᠢᠬᠡᠯᠡᠭᠰᠡᠡ 5 ᠲᠦᠮᠡᠨ ᠲᠥᠭᠥᠷᠢᠭ᠎ᠢᠶᠡᠨ ᠮᠥᠨ ᠬᠦ ᠦᠢᠯᠡᠳᠪᠦᠷᠢᠯᠡᠯ᠎ᠳ᠋ᠡᠭᠡᠨ ᠵᠠᠷᠤᠴᠠᠭᠤᠯᠤᠨ᠎ᠠ ᠃ 3 ᠲᠦᠮᠡᠨ ᠲᠥᠭᠥᠷᠢᠭ᠎ᠢᠶᠠᠷ᠎ᠨᠢ ᠲᠡᠷᠢᠶᠠᠠ ᠦᠷ᠎ᠡ ᠬᠢᠮᠢ᠎ᠶᠢᠨ ᠪᠣᠷᠲᠣᠭᠣᠷ ᠬᠤᠳᠠᠯᠳᠤᠨ ᠠᠪᠴᠤ ᠂ ᠦᠯᠡᠳᠡᠭᠰᠡᠨ ᠵᠤᠭᠤᠰ᠎ᠢᠶᠠᠷ᠎ᠨᠢ ᠬᠣᠨᠢ ᠬᠤᠳᠠᠯᠳᠤᠨ ᠠᠪᠴᠤ ᠮᠠᠯᠵᠢᠨ᠎ᠠ ᠂ ᠢᠩᠭᠢᠪᠠᠯ ᠲᠠᠷᠢᠶᠠᠨ᠎ᠤ ᠡᠰᠢ ᠰᠦᠷᠡᠯ ᠴᠤ ᠬᠡᠬᠡᠭᠳᠡᠵᠥ ᠰᠦᠢᠳᠬᠦ ᠦᠬᠡᠢ ︾ ᠬᠡᠵᠥ ᠪᠠᠶᠠᠷᠳᠠᠢᠬᠠᠠ ᠶᠠᠷᠢᠨ᠎ᠠ ᠃

ᠣᠶᠢᠯᠠᠭᠠᠭᠰᠠᠨ᠎ᠢᠶᠠᠷ ᠂ ᠲᠤᠰ ᠢᠳᠠᠬᠡᠮᠵᠢ᠎ᠶᠢᠨ ᠬᠤᠷᠰᠢᠶ᠎ᠠ ᠮᠠᠯᠴᠢᠨ ᠲᠠᠷᠢᠶᠠᠴᠢᠳ᠎ᠤᠨ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠰᠠᠭᠠᠲᠠᠭᠠᠬᠤ ᠥᠬᠡᠶ᠎ᠶᠢᠨ ᠲᠥᠯᠥᠭᠡ ᠨᠢᠳᠤᠨᠤᠨ᠎ᠤ 10 ᠰᠠᠷ᠎ᠠ᠎ᠡᠴᠠ ᠠᠵᠢᠯᠲᠠᠳ᠎ᠢᠶᠡᠨ ᠵᠣᠬᠢᠶᠠᠨ ᠪᠠᠶᠢᠭᠤᠯᠤᠠ ᠲᠠᠷᠢᠶᠠᠴᠢᠨ ᠡᠷᠦᠬᠡ᠎ᠪᠠᠷ ᠬᠦᠨᠵᠡᠬᠡᠢᠷᠡᠬᠦᠯᠵᠥ ᠬᠠᠪᠤᠷ᠎ᠤᠨ ᠲᠠᠷᠢᠶᠠᠯᠠᠭ᠎ᠠ᠎ᠳ᠋ᠤ ᠬᠡᠷᠡᠭᠰᠡᠬᠦ ᠡᠳ᠋ ᠪᠣᠳᠠᠰ ᠵᠢᠴᠢ ᠪᠠᠯᠠ ᠮᠥᠩᠭᠥᠨ᠎ᠤ ᠬᠡᠷᠡᠭᠴᠡᠭᠡ ᠱᠠᠭᠠᠷᠳᠠᠯᠭ᠎ᠠ᠎ᠶᠢᠨ ᠪᠠᠶᠢᠳᠠᠯ᠎ᠢ ᠤᠢᠯᠠᠭᠠᠨ ᠡᠵᠡᠮᠰᠢᠬᠦᠯᠵᠡᠢ ᠃ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ ᠡᠬᠢᠯᠡᠮᠡᠭᠴᠡ ᠲᠡᠷᠢᠶᠠᠴᠢᠳ᠎ᠤᠨ ᠡᠯ᠎ᠠ ᠵᠤᠢᠯ᠎ᠤᠨ ᠬᠡᠷᠡᠭᠴᠡᠬᠡ ᠱᠠᠭᠠᠷᠳᠠᠯᠭ᠎ᠠ᠎ᠳ᠋ᠤ ᠵᠤᠬᠢᠴᠠᠭᠤᠯᠤᠠ ᠵᠢᠭᠡᠯᠡᠯᠭᠡ᠎ᠶᠢᠨ ᠰᠢᠨ᠎ᠡ ᠲᠥᠷᠥᠯ ᠵᠦᠶᠯ ᠭᠠᠷᠭᠠᠵᠤ ᠲᠠᠷᠢᠶᠠᠴᠢᠨ ᠡᠷᠦᠬᠡ᠎ᠳ᠋ᠤ ᠨᠢᠭᠡ ᠤᠳᠠᠭ᠎ᠠ ᠢᠲᠡᠭᠡᠮᠵᠢᠲᠦ ᠵᠢᠭᠡᠯᠡᠯᠭᠡ ᠣᠯᠭᠣᠵᠤ 3 ᠵᠢᠯ ᠡᠷᠭᠢᠯᠳᠦᠭᠦᠯᠦᠨ ᠬᠡᠷᠡᠭᠯᠡᠵᠦ ᠂ ᠬᠡᠵᠢᠶ᠎ᠡ ᠬᠡᠷᠡᠭᠯᠡᠬᠦ ᠬᠡᠪᠡᠯ ᠬᠡᠵᠢᠶ᠎ᠡ ᠵᠢᠬᠡᠯᠡᠵᠦ ᠂ ᠬᠡᠵᠢᠶ᠎ᠡ ᠪᠤᠴᠠᠭᠠᠬᠤ ᠬᠡᠪᠡᠯ ᠬᠡᠵᠢᠶ᠎ᠡ ᠪᠤᠴᠠᠭᠠᠵᠦ ᠪᠤᠯᠬᠤ ᠪᠤᠯᠭᠠᠵᠠᠢ ᠃ ᠡᠭᠦᠨ᠎ᠤ ᠬᠠᠮᠲᠤ ᠂ ᠵᠢᠭᠡᠯᠡᠯᠭᠡ᠎ᠶᠢᠨ ᠭᠠᠷᠳᠠᠮ᠎ᠢ ᠳᠥᠭᠥᠮᠴᠢᠯᠡᠬᠦ ᠂ ᠰᠠᠭᠠᠳ ᠦᠭᠡᠶ ᠨᠡᠪᠲᠡᠷᠡᠬᠦ ᠵᠠᠮ᠎ᠢ ᠨᠡᠭᠡᠭᠡᠬᠦ ᠂ ᠢᠲᠡᠭᠡᠮᠵᠢᠲᠦ ᠵᠢᠭᠡᠯᠡᠯᠭᠡ᠎ᠶᠢᠨ ᠪᠡᠯᠡ ᠮᠥᠩᠭᠥ᠎ᠶᠢᠨ ᠬᠡᠷᠡᠭᠯᠡᠯᠲᠡ᠎ᠶᠢᠨ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠵᠡᠷᠭᠡ ᠠᠷᠭ᠎ᠠ᠎ᠪᠠᠷ ᠬᠠᠪᠤᠷ᠎ᠤᠨ ᠲᠠᠷᠢᠶᠠᠯᠠᠭ᠎ᠠ᠎ᠶᠢᠨ ᠦᠢᠯᠡᠴᠢᠯᠡᠭᠡᠨ᠎ᠤ ᠦᠷ᠎ᠡ ᠪᠦᠲᠦᠮᠵᠢ᠎ᠶᠢ ᠪᠦᠬᠦ ᠲᠠᠯ᠎ᠠ᠎ᠪᠠᠷ ᠳᠡᠭᠡᠭᠰᠢᠯᠡᠭᠦᠯᠵᠠᠢ ᠃

ᠲᠤᠰ ᠬᠣᠷᠰᠢᠶ᠎ᠠ᠎ᠶᠢᠨ ᠲᠤᠬᠠᠶᠢᠯᠠᠭᠰᠠᠨ ᠠᠵᠢᠯ᠎ᠤᠨ ᠬᠥᠭᠵᠢᠯᠲᠡ᠎ᠶᠢᠨ ᠬᠡᠯᠲᠡᠰ᠎ᠤᠨ ᠳᠠᠭᠠᠭᠠᠮᠠᠯ ᠯᠢ ᠴᠦᠨ ᠪᠥᠸᠧ ᠄ ︽ ᠲᠠᠷᠠᠭ᠎ᠠ ᠠᠯᠬᠤᠮ᠎ᠳ᠋ᠤ ᠂ ᠦᠷᠭᠦᠯᠵᠢᠯᠡᠨ ᠪᠥᠬᠥ ᠬᠣᠰᠢᠭᠤᠨ᠎ᠤ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠳ᠋ᠤ ᠢᠲᠡᠭᠡᠮᠵᠢᠲᠦ ᠵᠢᠭᠡᠯᠡᠯᠭᠡ᠎ᠶᠢᠨ ᠪᠠᠯᠠ ᠮᠥᠩᠭᠥ᠎ᠶᠢᠨ ᠳᠡᠮᠵᠢᠯᠭᠡ ᠬᠠᠩᠭᠠᠵᠤ ᠂ ᠬᠦᠳᠡᠬᠡ ᠠᠵᠥ ᠠᠬᠤᠢ ᠬᠥᠳᠡᠭᠡ ᠲᠣᠰᠬᠣᠨ ᠮᠠᠯᠴᠢᠠ ᠲᠠᠷᠢᠶᠠᠴᠢᠨ᠎ᠳ᠋ᠤ ᠠᠰᠢᠭ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢ ᠢᠳᠡᠪᠬᠢᠲᠡᠶ ᠨᠠᠶᠢᠳᠠᠪᠤᠷᠢᠵᠢᠭᠤᠯᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳ᠋ᠤ ᠬᠦᠴᠦᠨ ᠨᠡᠮᠡᠷᠢᠯᠡᠬᠦ᠎ᠪᠠᠷ ᠴᠢᠷᠮᠠᠢᠨ᠎ᠡ ︾ ᠭᠡᠵᠥ ᠪᠠᠢᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面