2021-03-28 13:50:18
ᠤᠳᠤ ᠬᠠᠪᠤᠷ᠎ᠤᠨ ᠤᠯᠠᠷᠢᠯ᠎ᠤᠨ ᠲᠠᠷᠢᠶᠠᠯᠠᠩ ᠮᠠᠯ ᠠᠵᠤ ᠠᠬᠤᠶ᠎ᠶᠢᠨ ᠦᠢᠯᠡᠳᠪᠦᠷᠢᠯᠡᠯ ᠶᠠᠭᠠᠷᠠᠯᠲᠠᠶ ᠦᠶ᠎ᠡ᠎ᠳ᠋ᠤ ᠤᠷᠤᠵᠤ ᠂ ᠮᠠᠯᠴᠢᠨ ᠲᠠᠷᠢᠶᠠᠴᠢᠳ ᠮᠠᠨᠢ ᠲᠠᠷᠢᠶᠠᠨ ᠦᠷ᠎ᠡ ᠂ ᠪᠣᠷᠲᠣᠭᠣᠷ ᠂ ᠲᠠᠷᠢᠶᠠᠨ ᠡᠮ ᠂ ᠮᠠᠯ᠎ᠤᠨ ᠡᠮ ᠂ ᠲᠡᠵᠢᠭᠡᠯ ᠪᠣᠷᠳᠣᠭ᠎ᠠ ᠵᠡᠷᠭᠡ ᠲᠠᠷᠢᠶᠠᠯᠠᠩ ᠮᠠᠯ ᠠᠵᠤ ᠠᠬᠤᠶ᠎ᠶᠢᠨ ᠴᠢᠬᠤᠯᠠ ᠦᠢᠯᠡᠳᠪᠦᠷᠢᠯᠡᠯ᠎ᠤᠨ ᠬᠡᠷᠡᠭᠰᠡᠯ᠎ᠢ ᠵᠠᠯᠭᠠᠭ᠎ᠠ᠎ᠪᠠᠷ ᠰᠣᠩᠭᠣᠵᠤ ᠬᠤᠳᠠᠯᠳᠤᠨ ᠠᠪᠴᠤ ᠪᠠᠶᠢᠨ᠎ᠠ ᠃ ᠡᠨᠡ ᠭᠦ ᠵᠠᠩᠭᠢᠯᠠᠭ᠎ᠠ᠎ᠶᠢᠨ ᠮᠦᠴᠡ᠎ᠳ᠋ᠤ ᠦᠪᠡᠷᠳᠡᠭᠡᠨ ᠵᠠᠰᠠᠬᠤ ᠤᠷᠤᠨ᠎ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠢᠩᠭᠢᠮ ᠪᠦᠬᠦ ᠤᠷᠤᠨ᠎ᠤ ᠮᠠᠯᠴᠢᠨ ᠲᠠᠷᠢᠶᠠᠴᠢᠨ᠎ᠳ᠋ᠤ ᠨᠢᠭᠡ ᠬᠤᠪᠢ ᠵᠠᠬᠢᠳᠠᠯ ᠢᠯᠡᠭᠡᠵᠦ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠬᠤᠳᠠᠯᠳᠤᠨ ᠠᠪᠬᠤ᠎ᠳᠠᠭᠠᠨ ᠪᠤᠯᠭᠤᠮᠵᠢᠳᠠᠢ ᠪᠠᠢᠭᠠᠷᠠᠢ ᠭᠡᠵᠦ ᠰᠠᠨᠠᠭᠤᠯᠪᠠ ᠃
ᠨᠢᠭᠡ᠎ᠳ᠋ᠤ ᠂ ᠭᠡᠷᠡᠴᠢ ᠦᠨᠡᠮᠯᠡᠯ᠎ᠢ ᠦᠵᠡᠨ᠎ᠡ ᠃ ᠡᠵᠡᠩᠨᠡᠬᠦ ᠬᠢᠷᠢ ᠬᠡᠮ᠎ᠲᠠᠢ ᠂ ᠭᠡᠷᠡᠴᠢ ᠦᠨᠡᠮᠯᠡᠯ᠎ᠨᠢ ᠪᠦᠷᠢᠨ ᠭᠦᠶᠴᠡᠳ ᠂ ᠡᠵᠡᠩᠨᠡᠯᠲᠡ᠎ᠨᠢ ᠵᠢᠷᠤᠮᠵᠢᠯ᠎ᠲᠠᠢ ᠂ ᠢᠲᠡᠭᠡᠮᠵᠢ ᠰᠠᠶᠢᠲᠠᠶ ᠬᠠᠤᠯᠢ ᠶᠣᠰᠣᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠡᠵᠡᠩᠨᠡᠯᠲᠡ᠎ᠶᠢᠨ ᠡᠭᠦᠳᠡᠨ ᠳᠡᠯᠭᠡᠭᠦᠷ᠎ᠡᠴᠠ ᠬᠤᠳᠠᠯᠳᠤᠨ ᠠᠪᠬᠤ ᠬᠡᠷᠡᠭᠲᠡᠶ ᠃ ᠶᠠᠪᠤᠭᠤᠯ ᠬᠤᠳᠠᠯᠳᠤᠭᠠᠴᠢᠨ ᠪᠠ ᠦᠨᠡᠮᠯᠡᠯ ᠦᠭᠡᠢ᠎ᠪᠠᠷ ᠡᠵᠡᠩᠨᠡᠵᠦ ᠪᠦᠬᠦᠢ ᠲᠠᠷᠢᠶᠠᠯᠠᠩ᠎ᠤᠨ ᠬᠡᠷᠡᠭᠰᠡᠯ᠎ᠢ ᠬᠤᠳᠠᠯᠳᠤᠨ ᠠᠪᠴᠤ ᠪᠣᠯᠬᠤ ᠦᠭᠡᠢ ᠃
ᠬᠣᠶᠠᠷ᠎ᠲᠤ ᠂ ᠱᠣᠰᠢᠭ᠎ᠠ ᠲᠡᠮᠳᠡᠭ᠎ᠢ᠎ᠨᠢ ᠦᠵᠡᠨ᠎ᠡ ᠃ ᠦᠢᠯᠡᠳᠬᠦᠨ᠎ᠤ ᠪᠣᠭᠣᠳᠠᠯ ᠪᠠᠭᠯᠠᠭ᠎ᠠ ᠪᠣᠯᠤᠨ ᠱᠣᠰᠢᠭ᠎ᠠ ᠲᠡᠮᠳᠡᠭ ᠳᠡᠭᠡᠷᠡᠬᠢ ᠳᠠᠩᠰᠠᠯᠠᠨ ᠲᠡᠮᠳᠡᠭᠯᠡᠭᠰᠡᠨ ᠦᠨᠡᠮᠯᠡᠯ᠎ᠤᠨ ᠨᠣᠮᠧᠷ ᠂ ᠵᠥᠪᠰᠢᠶᠡᠷᠡᠭᠰᠡᠨ ᠦᠨᠡᠮᠯᠡᠯ᠎ᠤᠨ ᠨᠣᠮᠧᠷ ᠂ ᠦᠢᠯᠡᠳᠬᠦᠨ᠎ᠤ ᠨᠡᠷᠡᠶᠢᠳᠦᠯ ᠂ ᠦᠢᠯᠡᠳᠪᠦᠷᠢᠯᠡᠭᠰᠡᠨ ᠦᠢᠯᠡᠳᠪᠦᠷᠢ ᠂ ᠦᠢᠯᠡᠳᠪᠦᠷᠢ᠎ᠶᠢᠨ ᠬᠠᠢᠭ ᠂ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠂ ᠬᠦᠴᠦᠨ᠎ᠲᠠᠢ ᠬᠤᠭᠤᠴᠠᠭ᠎ᠠ ᠂ ᠦᠢᠯᠡᠳᠬᠦᠨ᠎ᠤ ᠲᠣᠳᠣᠷᠬᠠᠶᠢᠯᠠᠯᠲᠠ ᠵᠡᠷᠭᠡ ᠵᠦᠢᠯᠡᠰ᠎ᠢ ᠬᠢᠨᠠᠮᠠᠭᠠᠶ ᠪᠠᠶᠢᠴᠠᠭᠠᠨ ᠦᠵᠡᠵᠦ ᠂ ᠦᠢᠯᠡᠳᠬᠦᠨ᠎ᠤ ᠶᠠᠰᠤ ᠴᠢᠨᠠᠷ᠎ᠤᠨ ᠬᠢᠷᠢ ᠲᠡᠩᠴᠡᠭᠰᠡᠨ ᠦᠨᠡᠮᠯᠡᠯ᠎ᠢ ᠪᠠᠶᠢᠴᠠᠭᠠᠨ ᠰᠢᠯᠭᠠᠬᠤ ᠬᠡᠷᠡᠭᠲᠡᠶ ᠃ ᠵᠠᠷ ᠮᠡᠳᠡᠭᠡᠨ᠎ᠤ ᠤᠬᠠᠭᠤᠯᠭ᠎ᠠ᠎ᠶᠢ ᠰᠣᠬᠣᠷ ᠪᠠᠯᠠᠶ᠎ᠪᠠᠷ ᠢᠲᠡᠭᠡᠵᠦ ᠪᠣᠯᠬᠤ ᠦᠭᠡᠢ ᠃
ᠭᠤᠷᠪᠠ᠎ᠳ᠋ᠤ ᠂ ᠭᠡᠷᠡᠴᠢ ᠪᠠᠷᠢᠮᠲᠠ ᠦᠯᠡᠳᠡᠭᠡᠨ᠎ᠡ ᠃ ᠡᠵᠡᠩᠨᠡᠭᠴᠢ᠎ᠡᠴᠠ ᠪᠣᠷᠣᠯᠠᠭᠤᠯᠬᠤ ᠭᠡᠷᠡᠴᠢ ᠪᠠᠷᠢᠮᠲᠠ ᠠᠪᠬᠤ᠎ᠶᠢᠨ ᠬᠠᠮᠲᠤ ᠦᠢᠯᠡᠳᠬᠦᠨ᠎ᠤ ᠪᠣᠭᠣᠳᠠᠯ ᠪᠠᠭᠯᠠᠭ᠎ᠠ ᠂ ᠱᠣᠰᠢᠭ᠎ᠠ ᠲᠡᠮᠳᠡᠭ ᠵᠡᠷᠭᠡ᠎ᠲᠠᠢ ᠬᠠᠮᠲᠤᠳ᠋ᠤᠨᠢ ᠰᠠᠶᠢᠲᠤᠷ ᠬᠠᠳᠠᠭᠠᠯᠠᠵᠤ ᠂ ᠶᠠᠰᠤ ᠴᠢᠨᠠᠷ᠎ᠤᠨ ᠠᠰᠠᠭᠤᠳᠠᠯ ᠭᠠᠷᠬᠤ᠎ᠳ᠋ᠤ ᠲᠥᠯᠥᠪᠦᠷᠢ ᠨᠡᠬᠡᠬᠦ ᠦᠨᠳᠦᠰᠦᠯᠡᠯ ᠪᠣᠯᠭᠠᠬᠤ ᠬᠡᠷᠡᠭᠲᠡᠶ ᠃ ᠲᠥᠷᠥᠯ ᠵᠦᠢᠯ ᠂ ᠨᠡᠷᠡᠶᠢᠳᠦᠯ ᠂ ᠲᠣᠭ᠎ᠠ ᠬᠡᠮᠵᠢᠶ᠎ᠡ ᠂ ᠦᠨ᠎ᠡ ᠬᠠᠩᠰᠢ ᠵᠢᠴᠢ ᠪᠣᠷᠣᠯᠠᠭᠤᠯᠤᠭᠴᠢ᠎ᠶᠢᠨ ᠨᠡᠷ᠎ᠠ᠎ᠶᠢ ᠲᠤᠳᠤᠷᠬᠠᠢᠯᠠᠭᠰᠠᠨ ᠦᠭᠡᠢ ᠭᠡᠷᠡᠴᠢ ᠪᠠᠷᠢᠮᠲᠠ᠎ᠶᠢ ᠬᠦᠯᠢᠶᠡᠨ ᠠᠪᠴᠤ ᠪᠣᠯᠬᠤ ᠦᠭᠡᠶ ᠃
ᠳᠥᠷᠪᠡ᠎ᠳ᠋ᠤ ᠂ ᠦᠨᠡᠨᠴᠢ ᠢᠲᠡᠭᠡᠮᠵᠢᠲᠡᠶ᠎ᠪᠠᠷ ᠦᠢᠯᠡᠳᠪᠦᠷᠢᠯᠡᠵᠦ ᠡᠵᠡᠩᠨᠡᠬᠦ ᠬᠡᠷᠡᠭᠲᠡᠶ ᠃ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠦᠢᠯᠡᠳᠪᠦᠷᠢᠯᠡᠵᠦ ᠡᠵᠡᠩᠨᠡᠬᠦ ᠠᠵᠤ ᠠᠬᠤᠶᠢᠯᠠᠯ᠎ᠤᠳ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠲᠠᠷᠢᠶᠠᠯᠠᠩ᠎ᠤᠨ ᠬᠠᠤᠯᠢ ︾ ᠂ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠦᠷ᠎ᠠ᠎ᠶᠢᠨ ᠬᠠᠤᠯᠢ ︾ ᠂ ︽ ᠲᠠᠷᠢᠶᠠᠨ ᠡᠮ᠎ᠤᠨ ᠬᠠᠮᠢᠶᠠᠷᠤᠯᠲᠠ᠎ᠶᠢᠨ ᠳᠦᠷᠢᠮ ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠵᠢᠷᠤᠮᠯᠠᠨ ᠂ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ᠎ᠪᠠᠨ ᠤᠬᠠᠮᠰᠠᠷ᠎ᠡᠴᠠ᠎ᠪᠠᠨ ᠵᠢᠷᠤᠮᠵᠢᠭᠤᠯᠵᠤ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠦᠢᠯᠡᠳᠪᠦᠷᠢᠯᠡᠵᠦ ᠡᠵᠡᠩᠨᠡᠬᠦ ᠡᠬᠡ ᠳᠠᠩᠰᠠ᠎ᠪᠠᠨ ᠪᠠᠶᠢᠭᠤᠯᠤᠨ ᠪᠦᠷᠢᠨᠰᠢᠭᠦᠯᠵᠦ ᠂ ᠬᠠᠤᠯᠢ᠎ᠶᠢ ᠵᠢᠷᠤᠮᠯᠠᠨ ᠡᠵᠡᠩᠨᠡᠬᠦ ᠂ ᠪᠣᠯᠪᠠᠰᠤᠨ ᠡᠵᠡᠩᠨᠡᠬᠦ ᠂ ᠦᠨᠡᠨᠴᠢ ᠢᠲᠡᠭᠡᠮᠵᠢᠲᠡᠶ ᠡᠵᠡᠩᠨᠡᠵᠦ ᠂ ᠬᠠᠭᠤᠷᠮᠠᠭ ᠮᠠᠭᠤ᠎ᠶᠢ ᠬᠤᠳᠠᠯᠳᠤᠨ ᠠᠪᠬᠤ ᠦᠭᠡᠶ ᠂ ᠬᠠᠭᠤᠷᠮᠠᠭ ᠮᠠᠭᠤ᠎ᠶᠢ ᠦᠯᠦ ᠵᠤᠬᠢᠶᠠᠬᠤ ᠂ ᠬᠠᠭᠤᠷᠮᠠᠭ ᠮᠠᠭᠤ᠎ᠶᠢ ᠦᠯᠦ ᠬᠤᠳᠠᠯᠳᠤᠬᠤ ᠂ ᠲᠠᠷᠢᠶᠠᠯᠠᠩ᠎ᠢ ᠦᠯᠦ ᠬᠣᠬᠢᠷᠠᠭᠤᠯᠵᠤ ᠂ ᠲᠠᠷᠢᠶᠠᠴᠢᠳ᠎ᠲᠤ ᠬᠥᠨᠥᠭᠡᠯ ᠪᠣᠯᠬᠤ ᠦᠭᠡᠶ ᠪᠠᠶᠢᠵᠤ ᠂ ᠥᠷᠭᠡᠨ ᠣᠯᠠᠨ ᠮᠠᠯᠴᠢᠨ ᠲᠠᠷᠢᠶᠠᠴᠢᠨ᠎ᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠬᠤᠳᠠᠯᠳᠤᠨ ᠠᠪᠬᠤ᠎ᠳ᠋ᠤ ᠠᠮᠤᠷ ᠲᠦᠪᠰᠢᠨ ᠂ ᠰᠠᠨᠠᠭ᠎ᠠ ᠠᠮᠤᠷ ᠰᠠᠶᠢᠨ ᠰᠠᠶᠢᠬᠠᠨ ᠣᠷᠴᠢᠨ ᠲᠣᠭᠣᠷᠢᠨ᠎ᠢ ᠡᠭᠦᠳᠴᠦ ᠥᠭᠬᠦ ᠬᠡᠷᠡᠭᠲᠡᠶ ᠃
ᠲᠠᠪᠤ᠋᠎ᠳ᠋ᠤ ᠂ ᠬᠠᠤᠯᠢ ᠶᠣᠰᠣᠨ᠎ᠤ ᠡᠷᠬᠡ ᠠᠰᠢᠭ᠎ᠢ ᠬᠠᠮᠠᠭᠠᠯᠠᠬᠤ ᠬᠡᠷᠡᠭᠲᠡᠢ ᠃ ᠥᠷᠭᠡᠨ ᠣᠯᠠᠨ ᠮᠠᠯᠴᠢᠨ ᠲᠠᠷᠢᠶᠠᠴᠢᠨ ᠨᠠᠶᠢᠵᠠ ᠨᠠᠷ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠢ ᠰᠢᠨᠵᠢᠯᠡᠬᠦ ᠤᠬᠠᠭᠠᠨᠴᠢ᠎ᠪᠠᠷ ᠬᠡᠷᠡᠭᠯᠡᠵᠦ ᠂ ᠪᠦᠲᠦᠭᠡᠭᠳᠡᠬᠦᠨ᠎ᠤ ᠬᠡᠷᠡᠭᠯᠡᠬᠦ ᠲᠣᠳᠣᠷᠬᠠᠶᠢᠯᠠᠯᠲᠠᠶᠢᠨ ᠪᠢᠴᠢᠭ᠎ᠢ ᠬᠢᠨᠠᠮᠠᠭᠠᠶ ᠤᠩᠰᠢᠵᠤ ᠂ ᠬᠡᠷᠡᠭᠯᠡᠬᠦ ᠬᠡᠪᠴᠢᠶ᠎ᠡ ᠪᠠ ᠬᠡᠷᠡᠭᠯᠡᠬᠦ᠎ᠶᠢ ᠴᠠᠭᠠᠵᠠᠯᠠᠭᠰᠠᠨ ᠵᠦᠢᠯᠡᠰ ᠵᠢᠴᠢ ᠵᠥᠪ ᠣᠨᠣᠪᠴᠢᠲᠠᠶ ᠬᠡᠷᠡᠭᠯᠡᠬᠦ ᠠᠷᠭ᠎ᠠ ᠂ ᠬᠡᠷᠡᠭᠯᠡᠬᠦ ᠡᠮ᠎ᠤᠨ ᠬᠡᠮᠵᠢᠶ᠎ᠡ᠎ᠶᠢ ᠲᠣᠳᠣᠷᠬᠠᠶ ᠣᠶᠢᠯᠠᠭᠠᠬᠤ ᠬᠡᠷᠡᠭᠲᠡᠶ ᠃ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠶᠠᠰᠤ ᠴᠢᠨᠠᠷ᠎ᠲᠤ ᠠᠰᠠᠭᠤᠳᠠᠯ ᠭᠠᠷᠤᠭᠰᠠᠨ ᠪᠤᠶᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠢ ᠬᠡᠷᠡᠭᠯᠡᠭᠰᠡᠨ᠎ᠡᠴᠠ ᠪᠣᠯᠵᠤ ᠬᠣᠬᠢᠷᠠᠯ ᠭᠠᠷᠤᠭᠰᠠᠨ ᠦᠶ᠎ᠡ᠎ᠳ᠋ᠤ ᠂ ᠬᠠᠮᠢᠶ᠎ᠠ ᠪᠦᠬᠦᠢ ᠭᠡᠷᠡᠴᠢ ᠪᠠᠷᠢᠮᠲᠠ᠎ᠶᠢ ᠴᠠᠭ ᠲᠤᠬᠠᠶ᠎ᠳ᠋ᠤᠨᠢ ᠴᠤᠭᠯᠠᠭᠤᠯᠵᠤ ᠂ ᠬᠠᠷᠢᠶ᠎ᠠ ᠣᠷᠣᠨ᠎ᠤ᠎ᠪᠠᠨ ᠲᠠᠷᠢᠶᠠᠯᠠᠩ ᠮᠠᠯ ᠠᠵᠤ ᠠᠬᠤᠶ᠎ᠶᠢᠨ ᠰᠠᠯᠠᠭ᠎ᠠ ᠮᠥᠴᠢᠷ᠎ᠤᠨ ᠨᠡᠶᠢᠲᠡᠯᠡᠭᠰᠡᠨ ᠬᠠᠭᠤᠷᠮᠠᠭ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠳ᠋ᠤ ᠴᠣᠬᠢᠯᠲᠠ ᠥᠭᠴᠦ ᠢᠯᠡᠴᠢᠯᠡᠨ ᠵᠠᠭᠠᠯᠳᠤᠬᠤ ᠤᠳᠠᠰᠤ ᠪᠤᠶᠤ ︽ 12316 ︾ ᠬᠠᠯᠠᠮᠰᠢᠯ ᠤᠳᠠᠰᠤ᠎ᠳ᠋ᠤ ᠢᠯᠡᠴᠢᠯᠡᠨ ᠵᠠᠭᠠᠯᠳᠤᠬᠤ ᠬᠡᠷᠡᠭᠲᠡᠶ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃