ᠭᠣᠣᠯ ᠰᠡᠳᠦᠪᠲᠦ ᠮᠡᠳᠡᠭᠡᠯᠡᠯ > ᠵᠢᠯ᠎ᠦ᠋ᠨ ᠠᠵᠢᠯ ᠬᠠᠪᠤᠷ ᠲᠠᠭᠠᠨ

2021-04-30 09:18:09

ᠵᠣᠬᠢᠶᠠᠭ᠍ᠴᠢ᠄ ᠯᠢᠤ ᠱᠢ ᠫᠢᠩ ᠯᠢᠤ᠎ᠶᠢᠨ ᠬᠤᠢ ᠢᠤᠢ ᠸᠸᠠ ᠵᠢᠩ ᠣᠩᠱᠢᠭ᠍ᠰᠠᠨ ᠣᠳᠠᠭ᠎ᠠ᠄ 3

ᠰᠢᠨᠬᠤᠸᠠ ᠬᠤᠷᠢᠶᠠᠠ᠎ᠤ ᠪᠡᠭᠡᠵᠢᠩ᠎ᠤᠨ 4 ᠰᠠᠷ᠎ᠠ᠎ᠶᠢᠨ 11᠎ᠤ ᠴᠠᠬᠢᠯᠭᠠᠠ ᠮᠡᠲᠡᠭᠡ᠎ᠡᠴᠠ

ᠬᠠᠪᠤᠷ᠎ᠤᠨ ᠲᠠᠷᠢᠶᠠᠯᠠᠭ᠎ᠠ᠎ᠶᠢᠨ ᠤᠰᠤᠯᠠᠯᠲᠠ᠎ᠶᠢᠨ ᠠᠵᠢᠯ ᠶᠠᠭ ᠪᠦᠬᠦ ᠤᠯᠤᠰ᠎ᠤᠨ ᠡᠯ᠎ᠠ ᠭᠠᠵᠠᠷ᠎ᠲᠤ ᠪᠦᠬᠦ ᠲᠠᠯ᠎ᠠ᠎ᠪᠠᠷ ᠦᠷᠨᠢᠵᠥ ᠪᠤᠢ ᠃ ᠰᠤᠷᠪᠤᠯᠵᠢᠯᠠᠭᠴᠢ ᠠᠮᠤ ᠪᠤᠳᠠᠭᠠᠨ᠎ᠤ ᠭᠠᠷᠤᠯᠲᠠ ᠶᠡᠬᠡ ᠵᠠᠷᠢᠮ ᠮᠤᠵᠢ᠎ᠪᠠᠷ ᠰᠤᠷᠪᠤᠯᠵᠢᠯᠠᠬᠤ᠎ᠳ᠋ᠤ ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠲᠠᠯᠠᠪᠠᠶ ᠤᠯᠠᠮ᠎ᠢᠶᠠᠷ ᠨᠡᠮᠡᠭᠳᠡᠵᠦ ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠮᠡᠷᠭᠡᠵᠢᠯ ᠦᠷᠭᠡᠨ᠎ᠢᠶᠠᠷ ᠬᠡᠷᠡᠭᠯᠡᠭᠲᠡᠵᠤ ᠪᠠᠶᠢᠬᠤ᠎ᠶᠢ ᠣᠯᠵᠤ ᠬᠠᠷᠠᠪᠠ ᠃

ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠶᠠᠮᠤᠨ᠎ᠤ ᠪᠦᠷᠢᠳᠬᠡᠯ᠎ᠢ ᠦᠨᠳᠦᠰᠦᠯᠡᠪᠡᠯ ᠂ ᠮᠠᠨ᠎ᠤ ᠤᠯᠤᠰ᠎ᠤᠨ ᠲᠠᠷᠢᠶᠠᠨ ᠭᠠᠵᠠᠷ᠎ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠲᠠᠯᠠᠪᠠᠶ ᠣᠶᠢᠷ᠎ᠠ᠎ᠶᠢᠨ ᠵᠢᠯ᠎ᠳ᠋ᠤ ᠵᠢᠯ ᠳᠠᠷᠠᠭᠠᠯᠠᠨ ᠨᠡᠮᠡᠭᠳᠡᠪᠡ ᠃ 2020 ᠣᠨ᠎ᠳ᠋ᠤ ᠪᠥᠬᠥ ᠤᠯᠤᠰ᠎ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 8391 ᠲᠦᠮᠡᠨ ᠮᠥ ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠲᠠᠷᠢᠶᠠᠠ ᠭᠠᠵᠠᠷ᠎ᠢ 2395 ᠲᠦᠮᠡᠨ ᠮᠥ ᠪᠠᠶᠢᠭᠤᠯᠪᠠ ᠃ 2021 ᠣᠨ᠎ᠳ᠋ᠤ ᠂ ᠪᠥᠬᠥ ᠤᠯᠤᠰ᠎ᠲᠤ 1 ᠳ᠋ᠦᠩᠰᠢᠭᠤᠷ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ 1500 ᠲᠦᠮᠡᠨ ᠮᠥ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠲᠠᠷᠢᠶᠠᠠ ᠭᠠᠵᠠᠷ᠎ᠤᠨ ᠪᠥᠲᠥᠭᠡᠨ ᠪᠠᠶᠢᠭᠤᠯᠤᠯᠲᠠ᠎ᠶᠢᠨ ᠡᠭᠦᠷᠭᠡ᠎ᠶᠢ ᠪᠡᠶᠡᠯᠡᠭᠦᠯᠦᠨ᠎ᠡ ᠃

ᠲᠠᠷᠢᠶᠠᠯᠠᠩ᠎ᠤᠨ ᠲᠣᠮᠣ ᠤᠯᠤᠰ ᠪᠣᠯᠤᠭᠰᠠᠨ᠎ᠤ ᠬᠤᠪᠢ᠎ᠳ᠋ᠤ ᠂ ᠮᠠᠨ᠎ᠤ ᠤᠯᠤᠰ᠎ᠤᠨ ᠲᠠᠷᠢᠶᠠᠯᠠᠩ᠎ᠤᠨ ᠤᠰᠤᠯᠠᠯᠲᠠ᠎ᠳ᠋ᠤ ᠬᠡᠷᠡᠭᠯᠡᠬᠦ ᠤᠰᠤᠨ᠎ᠤ ᠬᠡᠮᠵᠢᠶ᠎ᠡ ᠶᠡᠬᠡ ᠪᠠᠶᠢᠬᠤ᠎ᠶᠢᠨ ᠬᠠᠮᠲᠤ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠨ᠎ᠠ ᠃ ᠤᠰᠤ ᠠᠷᠪᠢᠯᠠᠬᠤ ᠤᠰᠤᠯᠠᠯᠲᠠ᠎ᠶᠢ ᠶᠡᠬᠡ᠎ᠪᠠᠷ ᠬᠥᠭᠵᠢᠭᠦᠯᠬᠦ ᠪᠣᠯ ᠮᠠᠨ᠎ᠤ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠬᠠᠩᠭᠠᠯᠭ᠎ᠠ ᠬᠡᠷᠡᠭᠴᠡᠭᠡ᠎ᠶᠢᠨ ᠵᠥᠷᠢᠴᠡᠯ᠎ᠢ ᠨᠠᠮᠳᠠᠭᠤᠯᠬᠤ ᠵᠠᠶᠢᠯᠠᠰᠢ ᠦᠭᠡᠶ ᠰᠣᠩᠭᠣᠯᠲᠠ ᠪᠣᠯᠤᠨ᠎ᠠ ᠃ ᠤᠰᠤᠨ ᠠᠰᠢᠠᠠᠯᠠᠯᠲᠠ᠎ᠶᠢᠨ ᠶᠠᠮᠤᠨ᠎ᠤ ᠪᠥᠬᠥ ᠤᠯᠤᠰ᠎ᠤᠨ ᠤᠰᠤ ᠠᠷᠪᠢᠯᠠᠨ ᠬᠡᠷᠡᠭᠯᠡᠬᠦ ᠠᠵᠢᠯ᠎ᠤᠨ ᠠᠯᠪᠠᠨ ᠬᠡᠷ᠎ᠤᠨ ᠪᠦᠷᠢᠳᠬᠡᠯ᠎ᠢ ᠦᠨᠳᠦᠰᠦᠯᠡᠪᠡᠯ ᠂ ᠪᠥᠬᠥ ᠤᠯᠤᠰ᠎ᠤᠨ ᠤᠰᠤ ᠬᠡᠷᠡᠭᠯᠡᠬᠦ ᠦᠷ᠎ᠡ ᠪᠦᠲᠦᠮᠵᠢ ᠣᠶᠢᠷ᠎ᠠ᠎ᠶᠢᠨ ᠵᠢᠯ᠎ᠳ᠋ᠤ ᠢᠯᠡᠳᠲᠡ ᠳᠡᠭᠡᠭᠰᠢᠯᠡᠪᠡ ᠃ 2019 ᠣᠨ᠎ᠳ᠋ᠤ ᠲᠠᠷᠢᠶᠠᠨ ᠭᠠᠵᠠᠷ᠎ᠤᠨ ᠤᠰᠤᠯᠠᠯᠲᠠ᠎ᠶᠢᠨ ᠤᠰᠤᠨ᠎ᠤ ᠪᠦᠲᠦᠮᠵᠢᠲᠡᠶ ᠠᠰᠢᠠᠠᠯᠠᠯᠲᠠ᠎ᠶᠢᠨ ᠢᠯᠡᠳᠬᠡᠮᠵᠢ᠎ᠨᠢ 2015 ᠣᠨ᠎ᠳ᠋ᠤ 0.536 ᠯᠢᠲᠷ ᠪᠠᠶᠢᠭᠰᠠᠨ᠎ᠡᠴᠠ᠎ᠪᠠᠨ 0.559 ᠯᠢᠲᠷ ᠪᠣᠯᠵᠣ ᠳᠡᠭᠡᠭᠰᠢᠯᠡᠪᠡ ᠃

ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶᠢᠨ ᠮᠡᠷᠭᠡᠵᠢᠯ᠎ᠨᠢ ᠲᠠᠷᠢᠶᠠᠨ ᠭᠠᠵᠠᠷ᠎ᠤᠨ ᠤᠰᠤᠯᠠᠯᠲᠠ᠎ᠳ᠋ᠤ ᠥᠷᠭᠡᠨ᠎ᠢᠶᠠᠷ ᠬᠡᠷᠡᠭᠯᠡᠭᠳᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠠᠷ ᠬᠥᠲᠥᠯᠥᠨ ᠳᠠᠭᠠᠭᠤᠯᠬᠤ ᠪᠠ ᠲᠣᠭᠠᠴᠢᠯᠠᠭᠰᠠᠨ ᠡᠨᠧᠷᠭᠢ ᠣᠯᠭᠣᠬᠤ᠎ᠨᠢ ᠴᠦ ᠤᠯᠠᠮ᠎ᠡᠴᠠ ᠤᠯᠠᠮ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠳ᠋ᠤ ᠴᠢᠬᠤᠯᠠᠴᠢᠯᠠᠭᠳᠠᠬᠤ ᠪᠣᠯᠵᠠᠶ ᠃ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶᠢ ᠲᠣᠭᠠᠴᠢᠯᠠᠬᠤ ᠂ ᠤᠶᠤᠨᠴᠢᠯᠠᠬᠤ ᠂ ᠨᠠᠷᠢᠯᠢᠭᠵᠢᠭᠤᠯᠬᠤ᠎ᠶᠢ ᠣᠶᠢᠷ᠎ᠠ᠎ᠶᠢᠨ ᠵᠢᠯ᠎ᠤᠨ ᠲᠤᠷᠰᠢ ᠶᠡᠬᠡ᠎ᠪᠠᠷ ᠠᠬᠢᠭᠤᠯᠵᠤ ᠂ ᠤᠰᠤᠨ᠎ᠤ ᠡᠬᠢ ᠪᠠᠶᠠᠯᠢᠭ᠎ᠢ ᠡᠷᠴᠢᠮᠵᠢᠭᠦᠯᠦᠨ ᠠᠰᠢᠠᠠᠯᠠᠬᠤ᠎ᠶᠢ ᠤᠯᠠᠮ ᠨᠢᠭᠡ ᠠᠯᠬᠤᠮ ᠠᠬᠢᠭᠤᠯᠤᠭᠰᠠᠠ ᠪᠠᠢᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠣᠷᠢᠶ᠎ᠠ
兼容浏览器的HTML页面