2021-04-23 09:41:41
ᠪᠠᠭᠠᠷᠢᠨ ᠵᠡᠭᠦᠨ ᠬᠣᠰᠢᠭᠤ ᠬᠠᠪᠤᠷ᠎ᠤᠨ ᠲᠠᠷᠢᠶᠠᠯᠠᠭ᠎ᠠ᠎ᠶᠢᠨ ᠠᠵᠢᠯ᠎ᠢ ᠰᠠᠶᠢᠲᠤᠷ ᠬᠢᠬᠦ᠎ᠶᠢᠨ ᠲᠥᠯᠥᠭᠡ ᠪᠡᠯᠡᠳᠬᠡᠯ ᠠᠵᠢᠯ᠎ᠢ ᠴᠢᠩᠭᠠᠳᠬᠠᠨ ᠂ ᠲᠠᠰ ᠳᠡᠪᠰᠢᠭᠦᠯᠦᠨ ᠦᠢᠯᠡᠴᠢᠯᠡᠭᠡ ᠬᠢᠵᠤ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠴᠠᠭ᠎ᠢ ᠰᠠᠭᠠᠲᠠᠭᠠᠬᠤ ᠥᠬᠡᠶ ᠪᠠᠢᠬᠤ ᠶᠢ ᠪᠠᠲᠤᠯᠠᠨ ᠲᠠᠷᠢᠶᠠᠴᠢᠳ᠎ᠤᠨ ᠠᠰᠢᠭ ᠲᠤᠰᠠ᠎ᠶᠢ ᠬᠠᠮᠠᠭᠠᠯᠠᠵᠤ ᠪᠠᠢᠨ᠎ᠠ ᠃
ᠲᠠᠷᠢᠶᠠᠯᠠᠩ᠎ᠤᠨ ᠬᠡᠷᠡᠭᠰᠡᠯ᠎ᠤᠨ ᠵᠠᠬ᠎ᠠ ᠳᠡᠯᠭᠡᠭᠦᠷ ᠬᠥᠭᠵᠢᠶᠡᠨ᠎ᠲᠠᠢ ᠪᠣᠯᠪᠠ ᠃ ᠰᠤᠷᠪᠤᠯᠵᠢᠯᠠᠭᠴᠢ ᠪᠠᠭᠠᠷᠢᠨ ᠵᠡᠭᠦᠨ ᠬᠣᠰᠢᠭᠤᠨ᠎ᠤ ᠳ᠋ᠠ ᠲᠢᠶᠠᠨ ᠦᠷ᠎ᠡ᠎ᠶᠢᠨ ᠦᠢᠯᠡᠰ᠎ᠤᠨ ᠬᠢᠵᠠᠭᠠᠷᠲᠤ ᠺᠣᠮᠫᠠᠨᠢ᠎ᠶᠢᠨ ᠪᠣᠷᠣᠯᠠᠭᠤᠯᠭ᠎ᠠ᠎ᠶᠢᠨ ᠶᠡᠬᠡ ᠲᠢᠩᠬᠢᠮ᠎ᠢᠶᠠᠷ ᠬᠦᠷᠬᠦ᠎ᠳ᠋ᠤ ᠲᠠᠷᠢᠶᠠᠯᠠᠩ᠎ᠤᠨ ᠬᠡᠷᠡᠭᠰᠡᠯ ᠬᠤᠳᠠᠯᠳᠤᠨ ᠠᠪᠬᠤ᠎ᠪᠠᠷ ᠢᠷᠡᠭᠰᠡᠨ ᠲᠠᠷᠢᠶᠠᠴᠢᠳ ᠴᠤᠪᠤᠷᠠᠯᠳᠤᠵᠤ ᠂ ᠪᠤᠷᠳᠤᠭᠤᠷ ᠬᠦᠷᠭᠡᠬᠦ ᠮᠠᠰᠢᠨ᠎ᠨᠤᠭᠤᠳ ᠪᠠᠷᠠᠭ᠎ᠠ ᠲᠡᠭᠡᠭᠡᠪᠦᠷᠢᠯᠠᠵᠤ ᠶᠠᠭᠠᠷᠠᠯᠳᠤᠨ᠎ᠠ ᠃ ᠪᠣᠷᠣᠯᠠᠭᠤᠯᠭ᠎ᠠ᠎ᠶᠢᠨ ᠳᠠᠭᠠᠭᠠᠮᠠᠯ ᠯᠢ ᠸᠧᠶ ᠸᠧᠶ ᠄ ︽ ᠲᠠᠷᠢᠶᠠᠨ ᠦᠷ᠎ᠡ ᠂ ᠬᠢᠮᠢ᠎ᠶᠢᠨ ᠪᠣᠷᠲᠣᠭᠣᠷ ᠂ ᠲᠠᠷᠢᠶᠠᠨ ᠡᠮ᠎ᠤᠨ ᠪᠣᠷᠣᠯᠠᠭᠤᠯᠭ᠎ᠠ ᠰᠠᠶᠢᠨ ᠪᠠᠶᠢᠵᠤ ᠂ ᠬᠠᠩᠭᠠᠯᠭ᠎ᠠ᠎ᠨᠢ ᠬᠡᠷᠡᠭᠴᠡᠭᠡᠳ᠋ᠡᠭᠡᠨ ᠬᠥᠷᠬᠥ ᠥᠬᠡᠶ ᠪᠠᠶᠢᠨ᠎ᠠ ︾ ᠬᠡᠵᠥ ᠪᠠᠢᠯ᠎ᠠ ᠃
ᠲᠤᠬᠠᠶ᠎ᠶᠢᠨ ᠭᠠᠵᠠᠷ᠎ᠤᠨ ᠲᠠᠷᠢᠶᠠᠯᠠᠩ᠎ᠤᠨ ᠬᠥᠭᠵᠢᠯᠲᠡ᠎ᠶᠢᠨ ᠬᠠᠨᠳᠤᠰᠢ ᠲᠠᠰᠤᠷᠠᠯᠲᠠ ᠤᠢᠭᠡᠢ ᠰᠠᠶᠢᠵᠢᠷᠠᠬᠤ ᠪᠠ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ ᠲᠦᠭᠡᠮᠡᠯᠵᠢᠬᠦ᠎ᠶᠢ ᠳᠠᠭᠠᠯᠳᠤᠨ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠠᠷᠠᠯᠵᠢᠶ᠎ᠠ ᠤᠯᠠᠮ᠎ᠡᠴᠠ ᠤᠯᠠᠮ ᠬᠥᠭᠵᠢᠶᠡᠨ᠎ᠲᠠᠢ ᠪᠣᠯᠤᠬᠰᠠᠨ ᠪᠠᠶᠢᠨ᠎ᠠ ᠃ ᠳ᠋ᠠ ᠲᠢᠶᠠᠨ ᠦᠷ᠎ᠡ᠎ᠶᠢᠨ ᠦᠢᠯᠡᠰ᠎ᠤᠨ ᠬᠢᠵᠠᠭᠠᠷᠲᠤ ᠺᠣᠮᠫᠠᠨᠢ ᠰᠦᠯᠵᠢᠶ᠎ᠠ᠎ᠶᠢ ᠠᠰᠢᠬᠯᠠᠨ ᠂ ᠵᠢᠷᠬᠢᠶ᠎ᠠ᠎ᠶᠢᠨ ᠬᠣᠯᠪᠣᠭ᠎ᠠ ᠪᠣᠯᠤᠨ ᠪᠤᠰᠢᠭᠤ ᠭᠠᠷᠤᠨ ᠰᠢᠭᠤᠳ ᠨᠡᠪᠲᠡᠷᠡᠭᠦᠯᠭᠡ᠎ᠪᠠᠷ ᠪᠣᠷᠣᠯᠠᠭᠤᠯᠤᠭᠠᠳ ᠪᠣᠷᠣᠯᠠᠭᠤᠯᠭ᠎ᠠ᠎ᠨᠢ ᠵᠢᠱᠢᠭᠰᠡᠨ᠎ᠡᠴᠠ ᠬᠤᠯᠠ ᠳᠠᠪᠠᠵᠠᠢ ᠃
ᠦᠢᠯᠡᠴᠢᠯᠡᠭᠡ᠎ᠪᠠᠨ ᠴᠢᠩᠭᠠᠳᠬᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠤᠷᠤᠭᠰᠢᠲᠠᠶ ᠶᠠᠪᠤᠭᠳᠠᠬᠤ᠎ᠶᠢ ᠪᠠᠳᠤᠯᠠᠪᠠ ᠃ ᠲᠤᠰ ᠬᠣᠰᠢᠭᠤᠨ᠎ᠤ ᠬᠠᠷᠢᠶ᠎ᠠ ᠣᠷᠣᠨ᠎ᠳ᠋ᠤ ᠲᠠᠷᠢᠶᠠᠨ ᠦᠷ᠎ᠡ᠎ᠶᠢᠨ ᠦᠢᠯᠡᠳᠪᠦᠷᠢᠯᠡᠯ ᠡᠵᠡᠩᠨᠡᠯᠲᠡ᠎ᠶᠢᠨ ᠠᠵᠤ ᠠᠬᠤᠶᠢᠯᠠᠯ 2 ᠂ ᠲᠠᠷᠢᠶᠠᠨ ᠦᠷ᠎ᠡ᠎ᠶᠢᠨ ᠡᠵᠡᠩᠨᠡᠯᠲᠡ᠎ᠶᠢᠨ ᠳᠡᠯᠭᠡᠭᠦᠷ 114 ᠪᠠᠶᠢᠨ᠎ᠠ ᠃ ᠣᠳᠣ ᠪᠣᠯᠲᠠᠯ᠎ᠠ ᠂ ᠳᠠᠩᠰᠠᠯᠠᠭᠤᠯᠤᠭᠰᠠᠨ ᠲᠡᠷᠢᠶᠠᠠ ᠦᠷ᠎ᠡ᠎ᠶᠢᠨ ᠲᠥᠷᠥᠯ ᠵᠦᠢᠯ ᠪᠠ ᠲᠣᠭ᠎ᠠ ᠬᠡᠮᠵᠢᠶ᠎ᠡ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠠ 80%᠎ᠪᠠᠷ ᠲᠡᠪᠠᠵᠥ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠵᠠᠬ᠎ᠠ ᠳᠡᠯᠭᠡᠭᠦᠷ᠎ᠤᠨ ᠬᠠᠩᠭᠠᠯᠭ᠎ᠠ ᠨᠡᠯᠢᠶᠡᠳ ᠲᠣᠭᠲᠠᠭᠤᠨ ᠨᠦᠬᠡᠴᠡ ᠪᠠᠷᠠᠭ᠎ᠠ ᠭᠦᠢᠴᠡᠳ ᠪᠠᠶᠢᠨ᠎ᠠ ᠃
ᠰᠦᠯᠵᠢᠶ᠎ᠠ᠎ᠪᠠᠷ ᠬᠠᠭᠤᠷᠮᠠᠭ ᠪᠠᠷᠠᠭ᠎ᠠ ᠬᠤᠳᠠᠯᠳᠤᠬᠤ ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠪᠦᠲᠦᠭᠡᠭᠳᠡᠬᠦᠨ᠎ᠢ ᠮᠠᠭᠤ᠎ᠪᠠᠷ ᠰᠠᠶᠢ᠎ᠨᠢ ᠣᠷᠣᠯᠠᠭᠤᠯᠬᠤ ᠵᠡᠷᠭᠡ ᠵᠠᠬ᠎ᠠ ᠳᠡᠯᠭᠡᠭᠦᠷ᠎ᠤᠨ ᠬᠡᠮ ᠰᠤᠭᠤᠭ᠎ᠲᠤ ᠴᠢᠭᠯᠡᠭᠦᠯᠦᠨ ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭᠠᠳᠬᠠᠵᠤ ᠂ ︽ ᠭᠤᠷᠪᠠ᠎ᠶᠢ ᠪᠠᠶᠢᠴᠠᠭᠠᠬᠤ ︾ ᠠᠵᠢᠯᠯᠠᠭ᠎ᠠ ᠥᠷᠨᠢᠭᠦᠯᠪᠡ ᠃ ᠲᠠᠷᠤᠢ ᠦᠢᠯᠡᠳᠪᠦᠷᠢᠯᠡᠯ᠎ᠤᠨ ᠠᠵᠤ ᠠᠬᠤᠶᠢᠯᠠᠯ᠎ᠢ ᠪᠠᠶᠢᠴᠠᠭᠠᠵᠤ ᠂ ᠠᠵᠤ ᠠᠬᠤᠶᠢᠯᠠᠯ᠎ᠤᠨ ᠬᠢᠷᠢ ᠲᠡᠩᠴᠡᠭᠦ ᠥᠬᠡᠶ ᠪᠦᠲᠦᠭᠡᠭᠳᠡᠬᠦᠨ ᠦᠢᠯᠡᠳᠪᠦᠷᠢᠯᠡᠬᠦ᠎ᠶᠢ ᠰᠡᠷᠭᠡᠶᠢᠯᠡᠪᠠ ᠃ ᠲᠠᠷᠢᠶᠠᠯᠠᠩ᠎ᠤᠨ ᠬᠡᠷᠡᠭᠰᠡᠯ᠎ᠤᠨ ᠵᠠᠬ᠎ᠠ ᠳᠡᠯᠭᠡᠭᠦᠷ ᠂ ᠬᠤᠳᠠᠯᠳᠤᠭ᠎ᠠ ᠳᠡᠯᠭᠡᠭᠦᠷ ᠂ ᠬᠥᠮᠥᠷᠭᠡᠯᠡᠨ ᠬᠠᠳᠠᠭᠠᠯᠠᠬᠤ ᠲᠠᠯᠠᠪᠤᠷ᠎ᠢ ᠪᠠᠶᠢᠴᠠᠭᠠᠵᠤ ᠂ ᠬᠢᠷᠢ ᠲᠡᠩᠴᠡᠬᠦ ᠦᠭᠡᠢ ᠲᠠᠷᠢᠶᠠᠯᠠᠩ᠎ᠤᠨ ᠬᠡᠷᠡᠭᠰᠡᠯ᠎ᠤᠨ ᠪᠦᠲᠦᠭᠡᠭᠳᠡᠬᠦᠨ᠎ᠤ ᠵᠠᠬ᠎ᠠ ᠳᠡᠯᠭᠡᠭᠦᠷ᠎ᠲᠤ ᠭᠠᠷᠬᠤ᠎ᠶᠢ ᠰᠡᠷᠭᠡᠶᠢᠯᠡᠪᠠ ᠃ ᠬᠤᠳᠠᠯ ᠬᠠᠭᠤᠷᠮᠠᠭ ᠴᠢᠨᠠᠷ ᠮᠠᠭᠤ ᠲᠠᠸᠠᠷ᠎ᠢ ᠪᠠᠶᠢᠴᠠᠭᠠᠵᠤ ᠂ ᠦᠨᠡᠮᠯᠡᠯ ᠦᠭᠡᠢ᠎ᠪᠠᠷ ᠦᠢᠯᠡᠳᠪᠦᠷᠢᠯᠡᠬᠦ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠤᠨ ᠬᠦᠷᠢᠶᠡᠨ᠎ᠳ᠋ᠠᠬᠢ ᠬᠠᠤᠯᠢ᠎ᠶᠢ ᠬᠦᠨᠳᠦ ᠨᠣᠴᠢᠲᠠᠢ ᠵᠥᠷᠢᠴᠡᠭᠰᠡᠨ ᠬᠡᠷᠡᠭ᠎ᠲᠤ ᠴᠢᠩᠭ᠎ᠠ ᠴᠣᠬᠢᠯᠲᠠ ᠥᠭᠪᠡ ᠃ ᠡᠭᠦᠨ᠎ᠤ ᠬᠠᠮᠲᠤ ᠂ ᠬᠠᠮᠢᠶ᠎ᠠ ᠪᠥᠬᠥᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶᠢᠭᠤᠯᠤᠨ ᠂ ᠬᠥᠳᠡᠭᠡ ᠲᠣᠰᠬᠣᠨ᠎ᠳ᠋ᠤ ᠭᠦᠨᠵᠡᠭᠡᠶᠢᠷᠡᠨ ᠂ ᠤᠬᠠᠭᠤᠯᠭ᠎ᠠ᠎ᠶᠢᠨ ᠡᠷᠴᠢᠮ᠎ᠢᠶᠡᠨ ᠴᠢᠩᠭᠠᠳᠬᠠᠵᠤ ᠂ ᠲᠤᠬᠠᠶ᠎ᠶᠢᠨ ᠲᠠᠯᠠᠪᠤᠷ᠎ᠲᠤ ᠠᠰᠠᠭᠤᠨ ᠯᠠᠪᠯᠠᠬᠤ ᠂ ᠲᠠᠶᠢᠯᠤᠮᠵᠢ ᠬᠢᠬᠦ ᠂ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ᠎ᠪᠠᠷ ᠬᠤᠳᠠᠯ ᠬᠠᠭᠤᠷᠮᠠᠭ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠢ ᠢᠯᠭᠠᠨ ᠲᠠᠨᠢᠬᠤ ᠮᠡᠳᠡᠯᠭᠡ᠎ᠶᠢ ᠶᠡᠬᠡ᠎ᠪᠠᠷ ᠤᠬᠠᠭᠤᠯᠵᠤ ᠂ ᠲᠠᠷᠢᠶᠠᠴᠢᠳ᠎ᠤᠨ ᠬᠤᠳᠠᠯ ᠬᠠᠭᠤᠷᠮᠠᠭ ᠴᠢᠨᠠᠷ ᠮᠠᠭᠤ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ᠎ᠢ ᠢᠯᠭᠠᠨ ᠲᠠᠨᠢᠬᠤ ᠴᠢᠳᠠᠪᠤᠷᠢ᠎ᠶᠢ ᠳᠡᠭᠡᠭᠰᠢᠯᠡᠭᠦᠯᠵᠡᠢ ᠃
ᠬᠠᠪᠤᠷ᠎ᠤᠨ ᠲᠠᠷᠢᠶᠠᠯᠠᠭ᠎ᠠ᠎ᠶᠢᠨ ᠴᠠᠭ ᠪᠠᠴᠢᠮ ᠂ ᠡᠭᠦᠷᠭᠡ ᠬᠦᠨᠳᠦ ᠪᠠᠶᠢᠭ᠎ᠠ ᠣᠨᠴᠠᠯᠢᠭᠲᠤ ᠴᠢᠭᠯᠡᠭᠦᠯᠦᠨ ᠂ ᠲᠤᠰ ᠬᠣᠰᠢᠭᠤᠨ᠎ᠤ ᠬᠥᠳᠡᠭᠡ ᠲᠣᠰᠬᠣᠨ᠎ᠤ ᠢᠲᠡᠭᠡᠮᠵᠢ᠎ᠶᠢᠨ ᠬᠣᠷᠰᠢᠶ᠎ᠠ᠎ᠶᠢᠨ ᠬᠣᠯᠪᠣᠭᠠᠲᠤ ᠬᠣᠷᠰᠢᠶ᠎ᠠ ᠡᠷᠲᠡ ᠲᠣᠬᠢᠷᠠᠭᠤᠯᠤᠠ ᠪᠠᠶᠢᠷᠢᠯᠠᠭᠤᠯᠵᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠤᠨ ᠲᠣᠭᠣᠷᠢᠨ᠎ᠳ᠋ᠤ ᠣᠯᠠᠨ ᠵᠦᠶᠯ᠎ᠤᠨ ᠲᠥᠷᠥ᠎ᠶᠢᠨ ᠪᠣᠳᠣᠯᠭ᠎ᠠ ᠲᠣᠭᠲᠠᠭᠠᠬᠰᠠᠨ ᠪᠠᠢᠨ᠎ᠠ ᠃ ᠬᠢᠮᠢ᠎ᠶᠢᠨ ᠪᠣᠷᠳᠣᠭᠤᠷ ᠂ ᠲᠠᠷᠢᠶᠠᠨ ᠡᠮ ᠂ ᠲᠠᠷᠢᠶᠠᠯᠠᠩ᠎ᠤᠨ ᠮᠠᠰᠢᠨ ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ᠎ᠤᠨ ᠦᠢᠯᠡᠳᠪᠦᠷᠢᠯᠡᠯ᠎ᠤᠨ ᠬᠡᠷᠡᠭᠰᠡᠯ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ᠎ᠳ᠋ᠤ ᠢᠲᠡᠭᠡᠮᠵᠢᠲᠦ ᠵᠢᠭᠡᠯᠡᠯᠭᠡ᠎ᠶᠢᠨ ᠳᠡᠮᠵᠢᠯᠭᠡ ᠦᠵᠡᠭᠦᠯᠵᠤ ᠂ ᠵᠢᠭᠡᠯᠡᠯᠭᠡ ᠲᠠᠯᠪᠢᠵᠥ ᠲᠠᠷᠢᠶᠠᠯᠠᠬᠤ ᠴᠠᠭ᠎ᠢ ᠰᠠᠭᠠᠲᠠᠭᠠᠬᠤ ᠦᠭᠡᠶ ᠪᠠᠶᠢᠬᠤ᠎ᠶᠢ ᠦᠨᠡᠨ ᠬᠦ ᠪᠠᠲᠤᠯᠠᠪᠠ ᠃ ᠣᠳᠣ ᠪᠤᠯᠳᠠᠯ᠎ᠠ ᠂ ᠲᠤᠰ ᠬᠣᠰᠢᠭᠤᠨ᠎ᠤ 11 ᠰᠤᠮᠤ ᠰᠢᠶᠠᠩ ᠪᠠᠯᠭᠠᠰᠤ ᠂ 165 ᠵᠠᠰᠠᠭ ᠵᠠᠬᠢᠷᠭᠠᠨ᠎ᠤ ᠭᠠᠴᠠᠭ᠎ᠠ ᠲᠣᠰᠬᠣᠨ᠎ᠤ 3.9 ᠲᠦᠮᠡᠨ ᠡᠷᠦᠬᠡ᠎ᠳ᠋ᠤ 77.8 ᠳ᠋ᠦᠩᠰᠢᠭᠤᠷ ᠲᠥᠭᠥᠷᠢᠭ᠎ᠤᠨ ᠵᠢᠬᠡᠯᠡᠯᠬᠡ ᠲᠠᠯᠪᠢᠵᠡᠢ ᠃ ᠵᠢᠭᠡᠯᠡᠯᠭᠡ᠎ᠶᠢᠨ ᠬᠦᠦ᠎ᠶᠢᠨ ᠨᠣᠷᠮ᠎ᠠ᠎ᠶᠢ ᠤᠯᠠᠮ ᠨᠢᠭᠡ ᠠᠯᠬᠤᠮ ᠪᠠᠭᠤᠷᠠᠭᠤᠯᠤᠬᠰᠠᠨ᠎ᠡᠴᠠ ᠮᠠᠯᠴᠢᠨ ᠲᠠᠷᠢᠶᠠᠴᠢᠨ ᠡᠷᠦᠬᠡ᠎ᠳ᠋ᠤ 3000 ᠲᠦᠮᠡᠨ ᠲᠥᠭᠥᠷᠢᠭ᠎ᠡᠴᠠ ᠳᠡᠭᠡᠭᠰᠢ ᠠᠰᠢᠭ ᠣᠯᠭᠣᠬᠤ᠎ᠶᠢᠨ ᠬᠠᠮᠲᠤ ᠨᠥᠬᠥᠴᠡᠯ᠎ᠳ᠋ᠤ ᠨᠡᠶᠢᠴᠡᠬᠦ ᠮᠠᠯᠴᠢᠨ ᠲᠠᠷᠢᠶᠠᠴᠢᠨ ᠡᠷᠦᠬᠡ᠎ᠳ᠋ᠤ 50 ᠲᠦᠮᠡᠨ ᠲᠥᠭᠥᠷᠢᠭ᠎ᠡᠴᠠ ᠳᠣᠷᠣᠭᠰᠢ ᠵᠢᠭᠡᠯᠡᠯᠭᠡ ᠲᠠᠯᠪᠢᠬᠤ᠎ᠳ᠋ᠤ ᠪᠠᠲᠤᠯᠠᠭ᠎ᠠ ᠬᠢᠬᠦ᠎ᠶᠢ ᠬᠡᠯᠲᠦᠷᠢᠭᠦᠯᠪᠠ ᠃ 2 ᠰᠠᠷ᠎ᠠ᠎ᠶᠢᠨ ᠰᠡᠭᠦᠯᠴᠢ ᠪᠣᠯᠲᠠᠯ᠎ᠠ ᠂ ᠮᠠᠯᠴᠢᠨ ᠲᠠᠷᠢᠶᠠᠴᠢᠨ᠎ᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠂ ᠲᠥᠯ ᠲᠤᠰᠴᠤ ᠪᠣᠶᠢᠵᠢᠭᠤᠯᠬᠤ ᠵᠡᠷᠭᠡ ᠲᠦᠷᠦᠯ᠎ᠳ᠋ᠤ ᠨᠡᠶᠢᠲᠡ 4.2 ᠳ᠋ᠦᠩᠰᠢᠭᠤᠷ ᠲᠥᠭᠥᠷᠢᠭ᠎ᠤᠨ ᠵᠢᠭᠡᠯᠡᠯᠭᠡ ᠂ ᠲᠠᠷᠢᠶᠠᠯᠠᠩ᠎ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ᠎ᠳ᠋ᠤ 5400 ᠲᠦᠮᠡᠨ ᠲᠥᠭᠥᠷᠢᠭ᠎ᠤᠨ ᠵᠢᠭᠡᠯᠡᠯᠭᠡ ᠬᠠᠩᠭᠠᠵᠤ ᠂ ᠲᠤᠰ ᠬᠣᠰᠢᠭᠤᠨ᠎ᠤ ᠠᠮᠤ ᠪᠤᠳᠠᠭᠠᠨ᠎ᠤ ᠠᠮᠤᠷ ᠲᠦᠪᠰᠢᠨ ᠪᠠ ᠲᠠᠷᠢᠶᠠᠯᠠᠩ᠎ᠤᠨ ᠲᠤᠰᠠᠯᠠᠬᠤ ᠠᠵᠤ ᠠᠬᠤᠶ᠎ᠶᠢᠨ ᠦᠢᠯᠠᠳᠪᠦᠷᠢᠯᠠᠯ᠎ᠳ᠋ᠤ ᠪᠦᠲᠦᠮᠵᠢᠲᠡᠶ ᠪᠠᠯᠠ ᠮᠥᠩᠭᠥ᠎ᠶᠢᠨ ᠳᠡᠮᠵᠢᠯᠭᠡ ᠬᠠᠩᠭᠠᠬᠰᠠᠨ ᠪᠠᠢᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃