2021-05-07 09:27:02
ᠠᠭᠤᠷ ᠠᠮᠢᠰᠬᠤᠯ ᠳᠤᠯᠠᠭᠠᠷᠠᠬᠤ᠎ᠶᠢ ᠳᠠᠭᠠᠯᠳᠤᠨ ᠂ ᠡᠪᠡᠰᠦ ᠮᠣᠳᠣ ᠨᠣᠭᠣᠭᠠᠷᠠᠵᠤ ᠂ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠡᠯ᠎ᠡ ᠭᠠᠵᠠᠷ ᠬᠠᠪᠤᠷ᠎ᠤᠨ ᠲᠠᠷᠢᠶᠠᠯᠠᠭ᠎ᠠ᠎ᠶᠢᠨ ᠶᠠᠭᠠᠷᠠᠯᠲᠠᠢ ᠴᠠᠭ᠎ᠢᠶᠡᠨ ᠤᠭᠳᠤᠯ᠎ᠠ ᠃
ᠫᠢᠩ ᠳ᠋ᠢ ᠴᠢᠤᠸᠠᠨ ᠪᠠᠯᠭᠠᠰᠤᠨ᠎ᠤ ᠬᠤᠸᠠ ᠼᠦᠨ ᠲᠤᠰᠬᠤᠨ᠎ᠤ ᠵᠠᠮ᠎ᠤᠨ ᠬᠠᠵᠠᠭᠤᠳ᠋ᠠᠬᠢ ᠲᠠᠷᠢᠶᠠᠨ ᠭᠠᠵᠠᠷ᠎ᠲᠤ 20 ᠭᠠᠷᠤᠢ ᠲᠠᠷᠢᠶᠠᠴᠢᠠ 9 ᠮᠠᠰᠢᠨ᠎ᠢᠶᠠᠷ ᠲᠠᠷᠢᠶ᠎ᠠ ᠲᠠᠷᠢᠵᠤ ᠶᠠᠭᠠᠷᠠᠯᠳᠤᠨ᠎ᠠ ᠃
ᠲᠤᠰ ᠬᠡᠰᠡᠭ ᠲᠠᠷᠢᠶᠠᠨ ᠭᠠᠵᠠᠷ᠎ᠤᠨ ᠳᠠᠭᠠᠭᠠᠴᠢᠯᠠᠭᠴᠢ ᠪᠡᠭᠡᠵᠢᠩ᠎ᠤᠨ ᠠᠢ ᠶᠢᠨ ᠪᠸᠢ ᠺᠣᠮᠫᠠᠨᠢ᠎ᠶᠢᠨ ᠬᠠᠷᠢᠭᠤᠴᠠᠯᠭᠠᠲᠠᠨ ᠸᠠᠩ ᠠᠶ ᠄ ︽ ᠡᠨᠳᠡᠬᠢ ᠭᠠᠵᠠᠷ ᠰᠢᠷᠤᠢ᠎ᠶᠢᠨ ᠴᠢᠨᠠᠷ᠎ᠨᠢ ᠲᠥᠮᠥᠰᠥ ᠳᠠᠷᠢᠬᠤ᠎ᠳ᠋ᠤ ᠳᠣᠭᠢᠷᠠᠨ᠎ᠠ ᠂ ᠡᠨᠡ ᠵᠢᠯ 3800 ᠮᠥ ᠲᠠᠷᠢᠶᠠᠨ ᠭᠠᠵᠠᠷ ᠳᠠᠭᠠᠭᠠᠴᠢᠯᠠᠵᠤ ᠲᠡᠷᠢᠶᠠᠯᠠᠭᠠᠶᠢᠨ ᠠᠵᠢᠯ᠎ᠢᠶᠡᠨ ᠡᠬᠢᠯᠡᠬᠦᠯᠵᠡᠢ ᠂ ᠪᠡᠭᠡᠵᠢᠩ᠎ᠤᠨ ᠰᠠᠭᠤᠭᠠᠯᠢ ᠠᠷᠠᠳ ᠤᠯᠠᠭᠠᠨᠴᠠᠪ᠎ᠤᠨ ᠲᠥᠮᠥᠰᠥ᠎ᠶᠢ ᠢᠳᠡᠬᠦ ᠳᠤᠷᠠᠲᠠᠶ ᠪᠤᠯᠬᠤᠷ 2000 ᠮᠦᠳ᠋ᠤᠨᠢ ᠰᠦᠯᠢᠶᠤᠤ ᠪᠦᠷᠬᠦᠪᠴᠢ ᠲᠡᠷᠤᠵᠥ ᠲᠦᠮᠦᠰᠤ ᠲᠡᠷᠢᠬᠤ᠎ᠪᠠᠷ ᠪᠠᠢᠨ᠎ᠠ ᠂ ᠰᠠᠶᠢᠨ ᠬᠤᠷᠢᠶᠠᠯᠲᠠ ᠤᠯᠬᠤ᠎ᠶᠢ ᠬᠦᠰᠡᠵᠦ ᠪᠠᠶᠢᠨ᠎ᠠ ︾ ᠬᠡᠵᠤ ᠸᠠᠩ ᠠᠶ ᠶᠠᠷᠢᠨ᠎ᠠ ᠃

ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠫᠢᠩ ᠳ᠋ᠢ ᠴᠢᠤᠸᠠᠨ ᠪᠠᠯᠭᠠᠰᠤᠨ᠎ᠤ ᠬᠤᠸᠠ ᠼᠦᠨ ᠲᠣᠰᠬᠣᠨ᠎ᠤ ᠲᠠᠷᠢᠶᠠᠴᠢᠳ ᠡᠷᠳᠡᠨᠢ ᠰᠢᠰᠢ ᠲᠠᠷᠢᠵᠤ ᠪᠠᠢᠭ᠎ᠠ᠎ᠨᠢ ᠃
ᠰᠤᠷᠪᠤᠯᠵᠢᠯᠠᠭᠴᠢ ᠬᠠᠢ ᠵᠢᠶᠦᠢᠨ ᠰᠡᠬᠦᠳᠡᠷᠯᠡᠪᠡ
ᠨᠠᠨᠼᠦᠢᠨ ᠲᠣᠰᠬᠣᠨ᠎ᠤ ᠵᠠᠮ᠎ᠤᠨ ᠬᠠᠵᠠᠭᠤ᠎ᠳ᠋ᠤ ᠰᠠᠭᠤᠷᠢ ᠰᠠᠭᠤᠷᠢ ᠲᠤᠯᠠᠭᠠᠨ ᠬᠦᠯᠡᠮᠵᠢ ᠵᠢᠭᠳᠡᠷᠨᠨᠡ ᠃ ᠬᠦᠯᠡᠮᠵᠢᠨ᠎ᠳ᠋ᠤ ᠲᠠᠷᠢᠶᠠᠴᠢᠳ ᠲᠣᠭᠣᠷ᠎ᠤᠨ ᠮᠣᠳᠣᠨ᠎ᠤ᠎ᠪᠠᠨ ᠰᠠᠯᠠᠭ᠎ᠠ ᠨᠠᠮᠠᠭ᠎ᠠ᠎ᠶᠢ ᠵᠠᠰᠠᠵᠤ ᠂ ᠢᠳᠡᠰᠢᠨ ᠨᠣᠭᠣᠭ᠎ᠠ᠎ᠪᠠᠨ ᠬᠠᠳᠤᠵᠤ ᠬᠤᠷᠢᠶᠠᠠ ᠠᠷᠠᠴᠢᠯᠠᠵᠥ ᠶᠠᠭᠠᠷᠠᠯᠳᠤᠨ᠎ᠠ ᠃ ᠬᠠᠪᠤᠷ᠎ᠤᠨ ᠲᠠᠷᠢᠶᠠᠯᠠᠭ᠎ᠠ᠎ᠶᠢᠨ ᠦᠢᠯᠡᠳᠪᠦᠷᠢᠯᠡᠯ᠎ᠤᠨ ᠤᠷᠤᠭᠰᠢᠲᠠᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ ᠂ ᠨᠠᠨᠼᠦᠢᠨ ᠲᠣᠰᠬᠣᠨ᠎ᠤ ᠺᠠᠳ᠋ᠷ ᠲᠠᠷᠢᠶᠠᠯᠠᠩ᠎ᠤᠨ ᠬᠡᠷᠡᠭᠰᠡᠯ ᠬᠠᠡᠭᠭᠠᠨ ᠪᠤᠷᠤᠯᠠᠭᠤᠯᠬᠤ ᠠᠵᠤ ᠠᠬᠤᠢᠯᠠᠯ᠎ᠲᠠᠢ ᠤᠷᠢᠳᠴᠢᠯᠠᠨ ᠬᠠᠷᠢᠯᠴᠠᠵᠤ ᠂ ᠰᠦᠯᠢᠶᠣᠣ ᠪᠦᠷᠬᠦᠪᠴᠢ ᠪᠣᠯᠤᠨ ᠲᠡᠷᠢᠶᠠᠠ ᠦᠷ᠎ᠡ᠎ᠶᠢᠨ ᠬᠠᠩᠭᠠᠯᠭ᠎ᠠ᠎ᠶᠢ ᠦᠨᠡᠨ ᠬᠦ ᠪᠠᠲᠤᠯᠠᠵᠠᠢ ᠃ ᠡᠭᠦᠨ᠎ᠤ ᠬᠠᠮᠲᠤ ᠂ ᠮᠡᠷᠭᠡᠵᠢᠯᠲᠡᠨ ᠲᠣᠬᠢᠷᠠᠭᠤᠯᠵᠤ ᠲᠠᠷᠢᠶᠠᠴᠢᠳ᠎ᠲᠤ ᠠᠷᠭ᠎ᠠ ᠤᠬᠠᠭᠠᠨ ᠭᠠᠷᠭᠠᠨ ᠥᠭᠴᠦ ᠂ ᠭᠤᠸ᠎ᠠ ᠨᠣᠭᠣᠭ᠎ᠠ᠎ᠶᠢᠨ ᠦᠢᠯᠡᠳᠪᠦᠷᠢᠯᠡᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠂ ᠦᠷ᠎ᠡ ᠠᠰᠢᠭ᠎ᠢ ᠨᠡᠮᠡᠭᠳᠡᠭᠦᠯᠬᠦ᠎ᠳ᠋ᠤ ᠮᠡᠷᠭᠡᠵᠢᠯ᠎ᠤᠨ ᠪᠠᠲᠤᠯᠠᠭ᠎ᠠ ᠬᠠᠩᠭᠠᠪᠠ ᠃
ᠬᠠᠪᠤᠷ᠎ᠡᠴᠠ ᠂ ᠲᠤᠰ ᠬᠣᠰᠢᠭᠤ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠨᠠᠷᠢᠨ ᠬᠢᠨᠠᠮᠠᠭᠠᠶ ᠰᠠᠶᠢᠲᠤᠷ ᠬᠢᠵᠦ ᠂ ᠠᠵᠢᠯ᠎ᠢᠶᠡᠨ ᠡᠷᠲᠡ ᠲᠣᠬᠢᠷᠠᠭᠤᠯᠵᠤ ᠂ ᠡᠳ᠋ ᠪᠣᠳᠠᠰ᠎ᠢᠶᠡᠨ ᠡᠷᠲᠡ ᠪᠡᠯᠡᠳᠬᠡᠠ ᠂ ᠠᠷᠭ᠎ᠠ ᠬᠡᠮᠵᠢᠶ᠎ᠡ᠎ᠪᠠᠨ ᠡᠷᠲᠡ ᠨᠠᠶᠢᠳᠠᠪᠤᠷᠢᠵᠢᠭᠤᠯᠵᠦ ᠂ ᠬᠠᠪᠤᠷ᠎ᠤᠨ ᠲᠠᠷᠢᠶᠠᠯᠠᠭ᠎ᠠ᠎ᠶᠢ ᠯᠠᠪᠳᠠᠭᠤᠨ ᠪᠠᠲᠤᠲᠠᠶ ᠠᠬᠢᠭᠤᠯᠵᠥ ᠪᠠᠢᠨ᠎ᠠ ᠃ ᠲᠣᠰ ᠬᠣᠰᠢᠭᠤ ᠲᠡᠷᠢᠶᠠᠠ ᠦᠷ᠎ᠡ ᠂ ᠲᠠᠷᠢᠶᠠᠨ ᠡᠮ ᠂ ᠬᠢᠮᠢ᠎ᠶᠢᠨ ᠪᠣᠷᠲᠣᠭᠣᠷ ᠵᠡᠷᠭᠡ ᠲᠠᠷᠢᠶᠠᠯᠠᠩ᠎ᠤᠨ ᠬᠡᠷᠡᠭᠰᠡᠯ᠎ᠤᠨ ᠦᠢᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠢ ᠴᠢᠩᠭ᠎ᠠ ᠠᠳᠬᠤᠵᠤ ᠂ ᠲᠠᠷᠢᠶᠠᠯᠠᠩ᠎ᠤᠨ ᠬᠡᠷᠡᠭᠰᠡᠯ᠎ᠤᠨ ᠠᠮᠤᠷ ᠲᠦᠪᠰᠢᠨ᠎ᠤ ᠪᠠᠶᠢᠴᠠᠭᠠᠯᠲᠠ᠎ᠶᠢ ᠵᠣᠬᠢᠶᠠᠨ ᠪᠠᠶᠢᠭᠤᠯᠵᠦ ᠂ ᠬᠠᠭᠤᠷᠮᠠᠭ ᠮᠠᠭᠤ ᠲᠠᠷᠢᠶᠠᠯᠠᠩ᠎ᠤᠨ ᠬᠡᠷᠡᠭᠰᠡᠯ᠎ᠤᠨ ᠲᠠᠷᠢᠶᠠᠴᠢᠳ᠎ᠲᠤ ᠬᠤᠬᠢᠷᠠᠯ ᠤᠴᠠᠷᠠᠭᠤᠯᠬᠤ᠎ᠡᠴᠠ ᠰᠡᠷᠭᠡᠶᠢᠯᠡᠠ ᠂ ᠦᠢᠯᠡᠳᠪᠦᠷᠢᠯᠡᠯ᠎ᠤᠨ ᠦᠷ᠎ᠡ ᠠᠰᠢᠭ᠎ᠢ ᠪᠠᠲᠤᠯᠠᠵᠤ ᠂ ᠬᠠᠪᠤᠷ᠎ᠤᠨ ᠲᠠᠷᠢᠶᠠᠯᠠᠭ᠎ᠠ᠎ᠶᠢᠨ ᠪᠡᠯᠡᠳᠬᠡᠯ ᠠᠵᠢᠯ᠎ᠢ ᠪᠠᠲᠤᠯᠠᠵᠥ ᠪᠠᠢᠨ᠎ᠠ ᠃
ᠡᠨᠡ ᠵᠢᠯ ᠲᠤᠰ ᠬᠣᠰᠢᠭᠤ 8 ᠲᠦᠮᠡᠨ ᠮᠥ ᠲᠥᠮᠥᠰᠥ ᠂ 2 ᠲᠦᠮᠡᠨ ᠮᠥ ᠵᠢᠮᠢᠰ ᠢᠳᠡᠰᠢᠨ ᠨᠣᠭᠣᠭ᠎ᠠ ᠂ 42.3 ᠲᠦᠮᠡᠨ ᠮᠥ ᠠᠮᠤ ᠪᠤᠳᠠᠭ᠎ᠠ ᠳᠠᠷᠢᠬᠤ᠎ᠪᠠᠷ ᠲᠥᠯᠥᠪᠯᠡᠵᠦ ᠂ ᠡᠯ᠎ᠡ ᠵᠦᠢᠯ᠎ᠤᠨ ᠲᠠᠷᠢᠶᠠᠯᠠᠩ᠎ᠤᠨ ᠬᠡᠷᠡᠭᠰᠡᠯ᠎ᠢ ᠬᠦᠢᠴᠡᠳ ᠪᠡᠯᠡᠳᠬᠡᠠ ᠂ ᠬᠠᠪᠤᠷ᠎ᠤᠨ ᠲᠠᠷᠢᠶᠠᠯᠠᠭ᠎ᠠ᠎ᠶᠢᠨ ᠬᠡᠷᠡᠭᠴᠡᠭᠡ᠎ᠶᠢ ᠬᠠᠩᠭᠠᠵᠤ ᠪᠠᠢᠨ᠎ᠠ ᠃ ᠲᠣᠰ ᠬᠣᠰᠢᠭᠤ ᠪᠠᠰᠠ ᠲᠠᠷᠢᠶᠠᠴᠢᠳ᠎ᠤᠨ ᠲᠥᠮᠥᠰᠥ ᠳᠠᠷᠢᠬᠤ᠎ᠶᠢ ᠦᠷᠭᠦᠯᠵᠢᠯᠡᠨ ᠵᠣᠷᠢᠭᠵᠢᠭᠤᠯᠵᠤ ᠂ ᠲᠥᠮᠥᠰᠥ᠎ᠶᠢᠨ ᠠᠵᠤ ᠦᠢᠯᠡᠰ᠎ᠢ ᠬᠥᠭᠵᠢᠭᠦᠯᠦᠨ ᠪᠤᠵᠠᠭᠠᠶᠢᠷᠠᠭᠤᠯᠵᠤ ᠂ ᠲᠠᠷᠢᠶᠠᠴᠢᠳ᠎ᠤᠨ ᠣᠷᠣᠯᠭ᠎ᠠ᠎ᠶᠢ ᠨᠡᠮᠡᠭᠳᠡᠭᠦᠯᠬᠦ ᠲᠠᠯ᠎ᠠ᠎ᠪᠠᠷ ᠬᠦᠴᠦᠯᠡᠬᠦ᠎ᠪᠠᠷ ᠪᠤᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃